ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠠᠵᠤ ᠠᠬᠤᠶ  ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/2/7
      ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶ᠎ᠠ  ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠠᠵᠤ ᠠᠬᠤᠶ   ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ     ︵2021 ᠣᠨ ᠤ 1 ᠰᠠᠷ᠎ᠠ ᠶᠢᠨ 28 ᠤ ᠡᠳᠣᠷ︶     ᠰᠤ᠋  ᠫᠧᠩ         ᠳᠣᠣᠷ᠎ᠠ ᠪᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠲᠤᠬᠠᠢ ᠬᠡᠳᠦᠨ ᠰᠠᠨᠠᠯ ᠶᠠᠷᠢᠶ᠎ᠠ᠃         ᠨᠢᠭᠡ᠂ 2020 ᠣᠨ ᠤ ᠠᠵᠤ ᠠᠬᠤᠢ ᠶᠢᠨ ᠠᠵᠢᠯ ᠤᠨ ᠡᠷᠭᠢᠴᠡᠭᠦᠯᠦᠯ         2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠡᠨᠡ ᠵᠢᠯ᠂ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ᠂ ᠥᠭᠡᠷᠡᠴᠢᠯᠡᠯᠲᠡ ᠬᠦᠭᠵᠢᠯᠳᠠ ᠲᠣᠭᠲᠠᠭᠤᠨ ᠪᠠᠶᠢᠯᠭᠠᠬᠤ ᠶᠢᠨ ᠬᠠᠲᠠᠭᠤ ᠪᠡᠷᠬᠡ ᠡᠭᠦᠷᠭᠡ ᠶᠢᠨ ᠡᠮᠣᠨ᠎ᠡ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ  ᠱᠠᠭᠠᠷᠳᠠᠯᠭ᠎ᠠ ᠶᠢ ᠭᠦᠨᠵᠡᠬᠡᠢ ᠲᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠨᠠᠶᠢᠳᠠᠪᠣᠷᠢᠵᠢᠭᠤᠯᠵᠦ᠂ ᠬᠢᠵᠢᠭ ᠤᠨ ᠪᠠᠶᠢᠳᠠᠯ ᠲᠠᠢ ᠰᠠᠨᠠᠭᠠᠴᠢᠯᠠᠭ᠎ᠠ ᠠᠴᠠ  ᠪᠠᠨ ᠲᠡᠮᠡᠴᠡᠬᠦ᠂ ᠮᠥᠨᠳᠥᠷ᠂ ᠦᠶᠡᠷ ᠤᠰᠤᠲᠤᠯ᠂ ᠬᠠᠬᠢᠷ ᠬᠦᠢᠲᠡᠨ ᠠᠭᠤᠷ ᠠᠮᠢᠰᠬᠤᠯ ᠤᠨ ᠠᠰᠢᠭ ᠦᠭᠡᠢ ᠨᠥᠯᠥᠭᠡ   ᠶᠢ ᠢᠯᠡᠨ ᠲᠠᠪᠠᠵᠦ᠂ ᠠᠵᠤ ᠠᠬᠤᠶ ᠨᠡᠶᠢᠭᠡᠮ ᠤᠨ ᠪᠠᠶᠢᠳᠠᠯ ᠶᠡᠷᠦᠩᠬᠡᠶ ᠳᠡᠭᠡᠨ ᠬᠦᠴᠢᠷ ᠢ ᠰᠦᠷᠦᠨ ᠣᠷᠣᠬᠰᠢᠯᠠᠵᠦ᠂ ᠬᠥᠭᠵᠢᠯᠲᠡ ᠪᠠᠨ ᠲᠦᠷᠭᠡᠳᠬᠡᠬᠦ ᠰᠠᠶᠢᠨ ᠰᠠᠶᠢᠬᠠᠨ ᠪᠠᠶᠢᠳᠠᠯ ᠲᠠᠢ ᠪᠠᠶᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠭᠦᠷᠭᠡ ᠪᠣᠯᠤᠨ 《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ  ᠶᠢᠨ ᠬᠠᠷᠠᠯᠲᠠ ᠲᠡᠭᠦᠰ ᠠᠮᠵᠢᠯᠲᠠ ᠲᠠᠢ ᠦᠨᠳᠦᠷᠯᠡᠵᠦ  ᠂ ᠨᠡᠶᠢᠭᠡᠮ ᠵᠢᠷᠦᠮᠳᠣ  ᠣᠳᠣᠬᠢᠴᠢᠯᠠᠯᠳᠠ   ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠯᠠᠯ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃         ︵ᠨᠢᠭᠡ  ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ  ᠶᠢ ᠨᠢᠭᠡᠳᠦᠯᠲᠡᠶ ᠲᠥᠯᠥᠪᠵᠢᠭᠦᠯᠦᠭᠰᠡᠨ ᠦᠷ᠎ᠡ ᠪᠦᠲᠦᠮᠵᠢ ᠢᠯᠡᠳᠲᠡ ᠪᠣᠯᠪᠠ᠃ 2019 ᠣᠨ ᠳᠤ ᠪᠢᠳᠡ ᠬᠤᠯᠤᠭᠠᠨ᠎ᠠ ᠶᠢᠨ ᠬᠢᠵᠢᠭ   ᠢ ᠠᠮᠵᠢᠯᠲᠠ ᠲᠠᠢ ᠬᠤᠷᠢᠭᠯᠠᠵᠤ᠂ 2020 ᠣᠨ ᠤ ᠡᠬᠢ ᠪᠠᠷ ᠪᠠᠰᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ᠂ ᠬᠤᠯᠤᠭᠠᠨ᠎ᠠ ᠶᠢᠨ ᠬᠢᠵᠢᠭ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ《 ᠨᠢᠭᠡ ᠴᠦ ᠣᠨᠣᠰᠢᠯᠠᠭᠰᠠᠨ ᠥᠬᠡᠶ᠂ ᠨᠢᠭᠡ ᠴᠦ ᠣᠷᠣᠭᠤᠯᠤᠭᠰᠠᠨ ᠥᠬᠡᠶ᠂ ᠨᠢᠭᠡ ᠴᠦ ᠬᠠᠯᠳᠠᠪᠤᠷᠢᠯᠠᠭᠰᠠᠨ ᠥᠬᠡᠶ 》 ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠡᠷᠡᠭᠦᠯ ᠮᠡᠨᠳᠦ ᠶᠢᠨ ᠬᠤᠷᠢᠭ᠎ᠠ ᠱᠤᠭᠤᠮ ᠢ ᠦᠨᠡᠨ ᠬᠦ ᠰᠠᠬᠢᠪᠠ᠃ ᠪᠥᠬᠦ ᠬᠤᠰᠢᠭᠤᠨ ᠤ ᠡᠪᠡᠳᠴᠢᠨ ᠲᠠᠬᠤᠯ ᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠥᠬᠦ ᠲᠠᠯ᠎ᠠ ᠪᠠᠷ ᠴᠢᠩᠭᠠᠳᠬᠠᠵᠤ᠂  ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠥᠭᠡᠷᠡᠴᠢᠯᠡᠯᠲᠡ  ᠶᠢ ᠪᠠᠷᠢᠮᠵᠢᠶ᠎ᠠ ᠳᠤ ᠬᠦᠷᠭᠡᠵᠦ᠂ PCR ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ ᠦᠨᠡᠨᠪᠠᠲᠤ ᠤᠯᠤᠰ ᠤᠨ ᠲᠠᠰ ᠤᠨ ᠬᠤᠯᠤᠭᠠᠨ᠎ᠠ ᠶᠢᠨ ᠬᠢᠵᠢᠭ ᠪᠷᠦ᠋ᠼᠧᠯ ᠡᠪᠡᠳᠴᠢᠨ ᠢ ᠰᠡᠷᠭᠡᠶᠢᠯᠡᠬᠦ ᠰᠠᠭᠤᠷᠢᠨ ᠭᠠᠵᠠᠷ ᠤᠨ ᠲᠤᠬᠠᠶ ᠶᠢᠨ ᠲᠠᠯᠠᠪᠠᠶ ᠶᠢᠨ ᠪᠣᠯᠪᠠᠰᠤᠷᠠᠯ ᠤᠨ ᠲᠥᠪ ᠢ ᠥᠭᠡᠷᠡᠴᠢᠯᠡᠨ ᠪᠠᠶᠢᠭᠤᠯᠵᠤ᠂ ᠰᠢᠩ ᠶᠣᠣ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢᠨ ᠥᠷᠭᠡᠳᠬᠡᠨ ᠪᠠᠶᠢᠭᠤᠯᠬᠤ ᠲᠥᠷᠥᠯ ᠵᠦᠶᠯ ᠢ ᠤᠷᠤᠭᠰᠢᠲᠠᠶ ᠬᠡᠷᠡᠭᠵᠢᠭᠦᠯᠵᠦ᠂ 《 ᠬᠢᠵᠢᠭ 》 ᠲᠠᠢ ᠲᠡᠮᠡᠴᠡᠬᠦ ᠰᠡᠷᠭᠡᠶᠢᠯᠡᠯᠲᠡ ᠶᠢᠨ ᠱᠤᠭᠤᠮ ᠨᠠᠩ ᠪᠠᠬᠢᠵᠢᠪᠡ᠃ ᠭᠠᠵᠠᠷ ᠣᠷᠣᠨ ᠬᠤᠪᠢᠶᠠᠨ ᠳᠡᠰ ᠲᠦᠷᠦᠯ ᠬᠤᠪᠢᠶᠠᠵᠤ  ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠷᠴᠢᠮᠲᠠᠢ ᠠᠬᠢᠭᠤᠯᠪᠠ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ 3 ᠭᠤᠤᠯᠳᠠᠯᠭ᠎ᠠ ᠲᠠᠢ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ 15 ᠠᠵᠤ ᠦᠶᠯᠡᠳᠪᠦᠷᠢ ᠶᠢᠨ ᠠᠵᠤ ᠠᠬᠤᠶᠢᠯᠠᠯ᠂ ᠬᠢᠵᠠᠭᠠᠷᠯᠠᠯ ᠠᠴᠠ ᠳᠡᠭᠡᠭᠰᠢᠬᠢ 4 ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠨᠢᠭᠡᠳᠦᠭᠡᠷ ᠤᠯᠠᠷᠢᠯ ᠤᠨ ᠰᠡᠭᠦᠯᠴᠢ ᠪᠣᠯᠬᠤ ᠳᠤ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠪᠡ᠃ ᠪᠦᠬᠦ ᠵᠢᠯ ᠳᠤ ᠲᠤᠬᠢᠷᠠᠭᠤᠯᠤᠨ ᠬᠡᠷᠡᠭᠵᠢᠭᠦᠯᠦᠭᠰᠡᠨ 10 ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠪᠠ 35 ᠬᠤᠰᠢᠭᠤ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠨᠢᠭᠡ ᠰᠠᠷ᠎ᠠ ᠶᠢᠨ ᠳᠣᠲᠣᠷ᠎ᠠ ᠭᠠᠷᠳᠠᠮ ᠭᠦᠢᠴᠡᠳᠬᠡᠵᠦ ᠳᠠᠭᠤᠰᠬᠠᠭᠰᠠᠨ ᠨᠣᠷᠮ᠎ᠠ ᠨᠢ ᠲᠣᠰᠪᠣᠷᠢ 100 % ᠪᠠ 91 %   ᠳᠤ ᠬᠦᠷᠪᠡ᠃ ᠪᠥᠬᠦ ᠲᠠᠯ᠎ᠠ ᠪᠠᠷ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠵᠦ ᠡᠷᠭᠢᠯᠲᠡ ᠶᠢ ᠪᠠᠳᠣᠯᠠᠨ᠂ ᠡᠯ᠎ᠡ ᠲᠥᠷᠥᠯ ᠤᠨ ᠭᠠᠶᠢᠯᠢ ᠰᠦᠢᠳᠬᠡᠯ ᠢ 8036 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂ 8233 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠪᠦᠬᠦ ᠬᠤᠰᠢᠭᠤᠨ ᠤ ᠠᠵᠤ ᠠᠬᠤᠢ ᠲᠣᠭᠲᠠᠭᠤᠨ ᠢᠶᠠᠷ ᠨᠡᠮᠡᠭᠳᠡᠵᠦ᠂ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ  ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ13.5  %   ᠪᠠᠷ ᠨᠡᠮᠡᠭᠳᠡᠵᠦ᠂ ᠨᠡᠮᠡᠭᠳᠡᠯ   ᠤᠨ ᠬᠤᠷᠳᠤᠴᠠ ᠨᠢ 《 ᠠᠷᠪᠠᠨ ᠭᠤᠷᠪᠠᠳᠤᠭᠠᠷ ᠲᠠᠪᠤᠨ ᠵᠢᠯ 》 ᠠᠴᠠ ᠨᠠᠰᠢ ᠠᠩᠬ᠎ᠠ ᠤᠳᠠᠭ᠎ᠠ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠪᠦᠬᠦ ᠠᠶᠢᠮᠠᠭ ᠲᠤ ᠲᠡᠷᠢᠭᠦᠯᠡᠵᠦ᠂ ᠶᠡᠷᠦᠩᠬᠡᠢ ᠬᠡᠮᠵᠢᠶ᠎ᠡ ᠨᠢ 2019 ᠣᠨ ᠳᠤ ᠪᠦᠬᠦ ᠠᠶᠢᠮᠠᠭ ᠤᠨ 13 ᠳ᠋ᠤᠭᠠᠷ ᠪᠠᠶᠢᠷᠢ ᠠᠴᠠ 11 ᠳ᠋ᠦ᠋ᠭᠡᠷ ᠪᠠᠶᠢᠷᠢᠨ ᠳᠤ ᠰᠢᠯᠵᠢᠪᠡ  ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.8 %   ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 《 ᠠᠷᠪᠠᠨ ᠭᠤᠷᠪᠠᠳᠤᠭᠠᠷ ᠲᠠᠪᠤᠨ ᠵᠢᠯ 》 ᠠᠴᠠ ᠨᠠᠰᠢᠬᠢ ᠬᠠᠮᠤᠭ ᠥᠨᠳᠥᠷ ᠲᠦᠪᠰᠢᠨ ᠳᠤ ᠬᠦᠷᠴᠦ᠂ ᠪᠦᠬᠦ ᠠᠶᠢᠮᠠᠭ ᠲᠤ 3 ᠳᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ ᠲᠥᠰᠦᠪ  ᠤᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 6.9 %   ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ  ᠨᠢ ᠪᠥᠬᠦ ᠠᠶᠢᠮᠠᠭ ᠤᠨ 6 ᠳᠤ ᠵᠢᠭᠰᠠᠭᠠᠭᠳᠠᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ  ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰᠪᠣᠷᠢ 2.1% ᠪᠠ 10.2 %   ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ  ᠪᠥᠬᠦ ᠠᠶᠢᠮᠠᠭ ᠲᠤ ᠲᠡᠷᠢᠭᠦᠯᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠨᠢ ᠳᠡᠭᠡᠷ᠎ᠡ ᠵᠢᠯ ᠤᠨ 3.0 ᠠᠴᠠ 2.8 ᠪᠣᠯᠤᠨ ᠪᠠᠭᠤᠷᠠᠵᠤ᠂  ᠣᠷᠣᠯᠭ᠎ᠠ ᠶᠢᠨ ᠵᠥᠷᠢᠶ᠎ᠡ ᠤᠯᠠᠮ ᠢᠶᠠᠷ ᠪᠠᠭᠠᠰᠪᠠ᠃ 《 ᠠᠷᠪᠠᠨ ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢᠨ 40 ᠲᠥᠷᠥᠯ ᠤᠨ ᠭᠦᠢᠴᠡᠳᠬᠡᠯ ᠲᠤᠭ᠎ᠠ   ᠶᠢᠨ 39 ᠶᠢ  ᠨᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 97.5%   ᠳᠤ ᠬᠦᠷᠴᠦ᠂ ᠪᠦᠬᠦ ᠠᠶᠢᠮᠠᠭ ᠤᠨ 2 ᠲᠤ ᠵᠢᠭᠰᠠᠭᠠᠭᠳᠠᠪᠠ︔ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠪᠦᠷᠢᠳᠬᠡᠵᠦ ᠬᠢᠨᠠᠨ ᠬᠡᠮᠵᠢᠭᠰᠡᠨ 52 ᠵᠦᠶᠯ ᠤᠨ ᠭᠦᠶᠴᠡᠳᠬᠡᠯ ᠲᠤᠭ᠎ᠠ ᠶᠢᠨ 51 ᠶᠢ ᠨᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 99.5 %   ᠳᠤ ᠬᠦᠷᠴᠦ᠂ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ 《 ᠬᠤᠤᠰ ᠰᠡᠭᠦᠯ ᠬᠤᠷᠢᠶᠠᠬᠤ 》ᠠᠵᠢᠯ ᠰᠠᠶᠢᠨ ᠵᠢᠱᠢᠯᠲᠡ ᠶᠢ ᠪᠡᠶᠡᠯᠡᠭᠦᠯᠪᠡ᠃        ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ  ᠃ 《 ᠳᠥᠷᠪᠡ ᠶᠢ ᠲᠠᠶᠠᠭᠳᠠᠬᠤ ᠥᠬᠡᠶ 》ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠬᠢᠵᠠᠭᠠᠷᠯᠠᠬᠤ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 1.87 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠶᠠᠳᠠᠭᠤ ᠶᠢ ᠲᠡᠳᠬᠦᠬᠦ 97 ᠲᠥᠷᠥᠯ ᠵᠦᠶᠯ ᠢ ᠬᠡᠷᠡᠭᠵᠢᠭᠦᠯᠦᠨ᠂ 5679 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ 《 ᠬᠤᠶᠠᠷ ᠲᠤ ᠵᠣᠪᠠᠭ᠋ᠤ ᠥᠬᠡᠶ ᠂ ᠭᠤᠷᠪᠠ ᠶᠢ ᠪᠠᠲᠤᠯᠠᠬᠤ 》ᠬᠠᠷᠠᠯᠲᠠ ᠶᠢ ᠲᠣᠶᠢᠯ ᠢᠶᠠᠷ ᠴᠢᠬᠤᠯᠠᠴᠢᠯᠠᠵᠦ᠂ ᠣᠷᠣᠨ ᠰᠠᠭᠤᠴᠠ᠂ ᠤᠤᠭᠤᠬᠤ ᠤᠰᠤ ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠶᠯᠡᠰ᠂ ᠮᠥᠩᠭᠦᠨ ᠭᠦᠶᠯᠭᠡᠭᠡ᠂ ᠠᠵᠢᠯ ᠣᠯᠭᠤᠯᠲᠠ ᠵᠡᠷᠭᠡ ᠣᠨᠣᠪᠴᠢᠲᠠᠶ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠬᠠᠮᠵᠢᠯᠴᠠᠨ ᠬᠦᠴᠦᠯᠡᠵᠦ᠂ 《 1 + 4 》 ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠲᠣᠭᠲᠠᠴᠠ ᠪᠠᠷ 3621 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠵᠢᠭᠡᠯᠡᠯᠭᠡ ᠠᠪᠬᠤ  ᠱᠠᠭᠠᠷᠳᠠᠯᠭ᠎ᠠ ᠲᠠᠢ ᠶᠠᠳᠠᠭᠤ ᠬᠦᠴᠢᠷᠳᠡᠯᠲᠡᠶ ᠡᠷᠦᠬᠡ ᠪᠦᠬᠦᠨ  ᠳᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠡᠶᠢᠲᠡ  ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠣᠭᠢᠷᠠᠭᠤᠯᠬᠤ᠂ ᠮᠡᠷᠭᠡᠵᠢᠯ ᠴᠢᠳᠠᠪᠤᠷᠢ ᠶᠢᠨ ᠪᠣᠯᠪᠠᠰᠣᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 1827 ᠶᠠᠳᠠᠭᠤ ᠬᠦᠴᠢᠷᠳᠡᠯᠲᠡᠶ ᠬᠥᠮᠦᠨ ᠠᠮᠠ   ᠳᠤ《 ᠬᠡᠷ ᠤᠨ ᠡᠭᠦᠳᠡᠨ   ᠳᠤᠨᠢ 》ᠠᠵᠢᠯ ᠣᠯᠭᠤᠪᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠪᠥᠬᠦ ᠵᠢᠯ ᠤᠨ ᠪᠣᠷᠣᠯᠠᠭᠤᠯᠭ᠎ᠠ 5440 ᠲᠦᠮᠡᠨ ᠲᠥᠭᠦᠷᠢᠭ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 400 %   ᠳᠤ ᠬᠦᠷᠴᠦ᠂ 3000 ᠰᠢᠬᠠᠮ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠰᠢᠭ ᠬᠦᠷᠲᠡᠭᠡᠵᠦ᠂ ᠠᠵᠤ ᠦᠶᠯᠡᠰ ᠤᠨ ᠣᠷᠣᠯᠭ᠎ᠠ ᠶᠢ ᠨᠡᠮᠡᠭᠳᠡᠭᠦᠯᠬᠦ 《 ᠰᠢᠨ᠎ᠡ ᠠᠷᠭ᠎ᠠ ᠵᠠᠮ 》 ᠢ ᠨᠡᠭᠡᠭᠡᠪᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠨᠠᠩ ᠭᠦᠨᠵᠡᠭᠡᠶᠢᠷᠡᠵᠦ᠂ ᠪᠡᠭᠡᠵᠢᠩ ᠬᠤᠲᠠ  ᠶᠢᠨ ᠶᠠᠳᠠᠭᠤ ᠶᠢ ᠲᠡᠳᠬᠦᠬᠦ 9 ᠠᠵᠤ ᠠᠬᠤᠶᠢᠯᠠᠯ ᠨᠢ 5300 ᠬᠥᠮᠦᠨ ᠤᠳᠠᠭ᠎ᠠ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ 《 ᠳ᠋ᠠ ᠰᠢᠩ ᠲᠠᠷᠪᠤᠰ》 ᠶᠠᠳᠠᠭᠤ ᠶᠢ ᠲᠡᠳᠬᠦᠬᠦ ᠵᠠᠭᠪᠤᠷ ᠢ ᠪᠥᠬᠦ ᠣᠷᠣᠨ ᠤ ᠨᠡᠶᠢᠲᠡᠯᠢᠭ ᠵᠢᠱᠢᠶ᠎ᠡ ᠳᠤ ᠣᠷᠣᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ  ᠲᠦᠷᠭᠡᠨ ᠦᠢᠯᠡᠳᠦᠯ ᠦᠵᠡᠭᠦᠯᠪᠡ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠣᠭᠲᠠᠭᠰᠠᠨ ᠴᠡᠭ ᠢᠶᠠᠷ ᠬᠠᠪᠰᠤᠷᠤᠨ ᠲᠡᠳᠭᠦᠭᠦ  2300 ᠺᠢᠯᠣᠸᠠᠲ   ᠶᠢᠨ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ  ᠶᠢᠨ ᠲᠥᠷᠥᠯ ᠵᠦᠶᠯ ᠢ ᠠᠮᠵᠢᠯᠳᠠ ᠲᠠᠢ ᠪᠠᠶᠢᠭᠤᠯᠵᠦ᠂ ᠤᠰᠤᠯᠠᠯᠲᠠ ᠶᠢᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ 7 ᠬᠠᠪᠰᠤᠷᠤᠨ ᠲᠡᠳᠬᠦᠬᠦ ᠲᠥᠷᠥᠯ ᠵᠦᠶᠯ ᠢ ᠤᠷᠤᠭᠰᠢᠲᠠᠢ ᠪᠦᠲᠦᠭᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠰ ᠢ ᠳᠠᠶᠢᠴᠢᠯᠠᠬᠤ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠱᠠᠲᠤᠨ ᠤ ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠬᠠᠪᠰᠤᠷᠤᠨ ᠲᠡᠳᠬᠦᠬᠦ ᠨᠢᠭᠡᠴᠢ ᠶᠢᠨ ᠬᠢᠨ ᠪᠦᠬᠦ ᠬᠦᠴᠦᠨ ᠢᠶᠠᠷ ᠢᠶᠠᠨ ᠳᠡᠮᠵᠢᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ ᠃ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ《 ᠡᠷᠬᠢᠨ ᠬᠠᠷᠠᠬᠤ 》᠂ ᠤᠯᠤᠰ ᠤᠨ ᠦᠷ᠎ᠡ ᠪᠦᠲᠦᠮᠵᠢ  ᠶᠢᠨ ᠬᠢᠨᠠᠨ ᠰᠢᠯᠭᠠᠯᠲᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠳᠠᠲᠠᠶ ᠭᠠᠵᠠᠷ ᠲᠤᠨᠢ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ 《 ᠡᠷᠬᠢᠨ ᠬᠠᠷᠠᠬᠤ 》ᠠᠵᠢᠯ ᠳᠤ ᠢᠯᠡᠷᠡᠭᠦᠯᠦᠭᠰᠡᠨ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠶ ᠦᠩᠭᠡᠷᠡᠭᠡᠪᠡ᠃ ᠪᠦᠬᠦ ᠬᠤᠰᠢᠭᠤᠨ ᠤ ᠶᠠᠳᠠᠭᠤ ᠬᠦᠴᠢᠷᠳᠡᠯ ᠡᠭᠦᠰᠬᠦ ᠨᠤᠷᠮ᠎ᠠ ᠲᠡᠦᠬᠡᠨ ᠳᠡᠭᠡᠷ᠎ᠡ ᠠᠩᠬ᠎ᠠ ᠤᠳᠠᠭ᠎ᠠ ᠠᠷᠴᠢᠬᠳᠠᠵᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠢ ᠲᠤᠶᠢᠯᠪᠤᠷᠢᠲᠠᠢ ᠠᠷᠢᠯᠭᠠᠵᠤ᠂ ᠴᠢᠨᠡᠭᠡᠯᠢᠭᠵᠢᠯ ᠤᠨ ᠵᠠᠮ ᠳᠡᠭᠡᠷ᠎ᠡ ᠨᠢᠭᠡ ᠡᠷᠦᠬᠡ  ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠭᠡᠰᠡᠨ ᠲᠥᠪ ᠴᠢᠩᠭ᠎ᠠ ᠠᠮᠠᠯᠠᠯᠲᠠ ᠶᠢ ᠪᠡᠶᠡᠯᠡᠭᠦᠯᠪᠡ᠃         ︵ᠭᠤᠷᠪᠠ︶ ᠴᠢᠨᠠᠷ ᠰᠠᠶᠢᠲᠠᠢ ᠬᠥᠭᠵᠢᠯᠲᠡ   ᠶᠢᠨ ᠰᠢᠨ᠎ᠡ ᠪᠠᠶᠢᠳᠠᠯ ᠢ  ᠡᠭᠦᠳᠪᠡ  ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠦᠭᠵᠢᠭᠦᠯᠪᠡ᠃ 2023 ᠰᠢᠯᠢᠳᠡᠭ ᠡᠭᠦᠯᠳᠡᠷ ᠤᠨ ᠦᠬᠡᠷ ᠣᠷᠣᠭᠤᠯᠤᠨ᠂ 7 ᠲᠦᠮᠡᠨ ᠦᠬᠡᠷ ᠢ ᠡᠭᠦᠯᠳᠡᠷ ᠰᠠᠶᠢᠵᠢᠷᠠᠭᠤᠯᠵᠤ᠂ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠬᠤ ᠨᠣᠷᠮ᠎ᠠ 100 %   ᠳᠤ  ᠬᠦᠷᠪᠡ︔ ᠮᠢᠬᠠᠨ ᠤ ᠦᠬᠡᠷ ᠬᠤᠨᠢᠨ ᠤ ᠭᠤᠤᠯ ᠰᠦᠷᠦᠭ 25᠂ ᠬᠡᠷ ᠪᠦᠯᠢ ᠶᠢᠨ ᠮᠠᠯᠵᠢᠯ ᠤᠨ ᠲᠠᠯᠠᠪᠠᠶ 40 ᠶᠢ ᠲᠣᠭᠲᠠᠭᠠᠵᠤ᠂ ᠮᠢᠩᠭᠠᠨ ᠦᠬᠡᠷ ᠠᠴᠠ ᠲᠡᠭᠡᠭᠰᠢ ᠮᠠᠯᠵᠢᠨ ᠲᠠᠷᠭᠤᠯᠠᠭᠤᠯᠬᠤ ᠲᠠᠯᠠᠪᠠᠶ 1 ᠪᠠᠶᠢᠵᠤ᠂ 200 — 1000  ᠮᠢᠬᠠᠨ ᠤ ᠦᠬᠡᠷ ᠮᠠᠯᠵᠢᠨ ᠲᠠᠷᠭᠤᠯᠠᠭᠤᠯᠬᠤ ᠲᠠᠯᠠᠪᠠᠶ 5 ᠪᠠᠶᠢᠵᠦ᠂ ᠦᠢᠯᠡᠳᠪᠦᠷᠢᠯᠡᠯ ᠢᠶᠠᠨ ᠡᠮᠬᠢ ᠲᠢᠭᠯᠢᠮ ᠲᠠᠢ ᠦᠷᠨᠢᠭᠦᠯᠵᠦ ᠪᠣᠢ︔ ᠶᠤᠸᠠᠢ ᠱᠧᠩ ᠵᠠᠶ ᠦᠬᠡᠷ ᠬᠤᠨᠢ ᠠᠯᠠᠵᠤ ᠡᠳ᠋ᠰᠢᠭᠦᠯᠬᠦ ᠲᠥᠷᠥᠯ ᠵᠦᠶᠯ ᠠᠰᠢᠭᠯᠠᠯᠲᠠ ᠳᠤ ᠣᠷᠣᠵᠤ᠂ ᠡᠷᠳᠡᠨᠢ  ᠮᠢᠬᠠᠨ ᠤ ᠦᠶᠯᠡᠰ ᠤᠨ ᠠᠦ᠋ᠲ᠋ᠣᠴᠢᠯᠠᠭᠰᠠᠨ ᠠᠯᠠᠵᠤ ᠨᠢᠲᠤᠯᠬᠤ ᠦᠶᠯᠡᠳᠪᠦᠷᠢ ᠶᠢᠨ ᠲᠥᠷᠥᠯ ᠵᠦᠶᠯ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ᠪᠥᠬᠦ ᠬᠤᠰᠢᠭᠤᠨ ᠤ ᠮᠢᠬᠠᠨ ᠤ ᠦᠬᠡᠷ ᠢ《 ᠦᠷᠡᠵᠢᠭᠦᠯᠦᠨ ᠪᠣᠶᠢᠵᠢᠭᠤᠯᠬᠤ + ᠪᠣᠷᠳᠣᠨ ᠲᠠᠷᠭᠤᠯᠠᠭᠤᠯᠬᠤ + ᠡᠳ᠋ᠰᠢᠭᠦᠯᠬᠦ 》ᠠᠵᠤ ᠦᠶᠯᠡᠰ ᠤᠨ ᠬᠡᠯᠬᠢᠶ᠎ᠡ ᠦᠨᠳᠦᠰᠦᠨ ᠳᠡᠭᠡᠨ ᠪᠦᠷᠢᠯᠳᠦᠪᠡ᠃ ᠴᠠᠬᠠᠷ ᠬᠤᠨᠢᠨ ᠤ ᠡᠭᠦᠯᠳᠡᠷ ᠢ ᠲᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠴᠠᠬᠠᠷ ᠬᠤᠨᠢᠨ ᠤ ᠬᠦᠪᠦᠷᠡᠯ ᠢ 200 ᠶᠢ ᠰᠢᠯᠵᠢᠭᠦᠯᠦᠨ ᠲᠠᠷᠢᠬᠤ ᠠᠵᠢᠯ ᠢ ᠥᠷᠨᠢᠭᠦᠯᠦᠨ᠂ 18 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠵᠤ᠂ ᠶᠡᠬᠡᠨᠠᠭᠤᠷ ᠰᠤᠮᠤᠨ ᠤ ᠠᠵᠤ ᠦᠢᠯᠡᠰ ᠤᠨ ᠬᠦᠴᠦᠷᠬᠡᠭ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠦᠯᠦᠯᠲᠡ ᠪᠠᠷ ᠲᠡᠳᠬᠦᠨ ᠳᠡᠮᠵᠢᠬᠦ ᠵᠡᠷᠭᠡ ᠴᠠᠬᠠᠷ ᠬᠤᠨᠢᠨ ᠤ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠣᠷᠣᠬᠰᠢᠲᠠᠢ ᠪᠡᠶᠡᠯᠡᠭᠦᠯᠵᠦ᠂ ᠴᠠᠬᠠᠷ ᠬᠤᠨᠢᠨ ᠤ ᠠᠵᠤ ᠦᠢᠯᠡᠰᠵᠢᠯᠲᠡ ᠶᠢᠨ ᠠᠬᠢᠴᠠ ᠣᠯᠠᠮ ᠲᠦᠷᠭᠡᠳᠪᠡ᠃ ᠪᠦᠬᠦ ᠬᠤᠰᠢᠭᠤᠨ ᠤ ᠮᠠᠯᠵᠢᠯ ᠤᠨ ᠣᠨ ᠤ ᠦᠬᠡᠷ 12.4 ᠲᠦᠮᠡ ᠳᠤ ᠬᠦᠷᠴᠦ᠂《 ᠠᠷᠪᠠᠨ ᠭᠤᠷᠪᠠᠳᠤᠭᠠᠷ ᠲᠠᠪᠤᠨ ᠵᠢᠯ 》 ᠤᠨ ᠡᠬᠢᠨ ᠤ ᠬᠢ ᠠᠴᠠ 13 %   ᠪᠠᠷ ᠨᠡᠮᠡᠭᠳᠡᠪᠡ︔  ᠬᠤᠨᠢ 31.2 ᠲᠦᠮᠡ ᠪᠣᠯᠤᠨ ᠪᠠᠭᠠᠰᠴᠤ᠂《 ᠠᠷᠪᠠᠨ ᠭᠤᠷᠪᠠᠳᠤᠭᠠᠷ ᠲᠠᠪᠤᠨ ᠵᠢᠯ 》 ᠤᠨ ᠡᠬᠢᠨ ᠤ ᠬᠢ ᠠᠴᠠ 27 %   ᠪᠠᠷ ᠪᠠᠭᠠᠰᠪᠠ᠃ ᠮᠠᠯ ᠠᠵᠤ ᠠᠬᠤᠶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠬᠠᠪᠤᠷ᠂ ᠨᠠᠮᠤᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠦᠬᠡᠷ ᠤᠨ  ᠬᠦᠪᠳᠣᠷᠣᠣᠲᠦ ᠠᠷᠠᠰᠣᠨ ᠤ ᠡᠪᠡᠳᠴᠢᠨ ᠬᠢᠵᠢᠭ ᠢ ᠬᠦᠴᠦᠲᠡᠶ ᠠᠷᠭᠠᠴᠠᠭᠠᠨ ᠰᠢᠶᠳᠪᠦᠷᠢᠯᠡᠵᠦ᠂ ᠮᠠᠯ ᠠᠵᠤ ᠠᠬᠤᠶ  ᠶᠢᠨ ᠬᠡᠪ ᠤᠨ ᠦᠶᠯᠡᠳᠪᠦᠷᠢᠯᠡᠯ ᠢ  ᠪᠠᠲᠤᠯᠠᠪᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠴᠠᠬᠠᠷ ᠬᠤᠨᠢ᠂ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ 2018  —2019 ᠣᠨ ᠤ ᠲᠡᠳᠭᠦᠭᠦ ᠪᠡᠯᠡ ᠮᠦᠩᠭᠦ ᠶᠢ ᠪᠦᠬᠦᠨ ᠢ ᠣᠷᠣᠨ ᠪᠠᠶᠢᠷᠢᠨ ᠳᠤᠨᠢ ᠬᠦᠷᠭᠡᠪᠡ᠃  ᠮᠠᠯ ᠵᠢᠭᠦᠷᠲᠡᠨ ᠤ ᠢᠯᠭᠠᠳᠠᠰᠤ ᠪᠣᠬᠢᠷ ᠢ ᠶᠡᠷᠦᠩᠬᠡᠶᠢᠯᠡᠨ ᠰᠢᠢᠳᠪᠦᠷᠢᠯᠡᠬᠦ ᠪᠠ ᠠᠰᠢᠭᠯᠠᠬᠤ ᠲᠥᠪ 4 ᠶᠢ ᠡᠬᠢᠯᠡᠨ ᠪᠠᠶᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠲᠠᠷᠢᠵᠦ ᠮᠠᠯᠵᠢᠬᠤ ᠡᠷᠬᠢᠯᠳᠠ ᠬᠥᠭᠵᠢᠯᠲᠡ ᠶᠢ ᠠᠬᠢᠭᠤᠯᠪᠠ᠃ 3 ᠰᠠᠭᠤᠷᠢ ᠲᠦᠪᠯᠡᠷᠡᠭᠦᠯᠦᠨ ᠨᠥᠭᠡᠴᠡᠯᠡᠬᠦ᠂ ᠡᠳ᠋ᠰᠢᠭᠦᠯᠬᠦ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠲᠡᠵᠢᠭᠡᠯ ᠡᠪᠡᠰᠦ ᠪᠣᠷᠳᠣᠭᠠᠨ ᠤ ᠭᠠᠮᠰᠢᠭ ᠢ ᠡᠰᠡᠷᠭᠦᠴᠡᠬᠦ ᠭᠠᠮᠰᠢᠭ ᠢ ᠰᠡᠷᠭᠡᠶᠢᠯᠡᠬᠦ ᠰᠠᠭᠤᠷᠢᠨ ᠭᠠᠵᠠᠷ   ᠢ ᠠᠰᠢᠭᠯᠠᠯᠲᠠ ᠳᠤ ᠣᠷᠣᠭᠤᠯᠵᠤ᠂ ᠪᠦᠬᠦ ᠠᠶᠢᠮᠠᠭ ᠲᠤ ᠳᠦᠷᠢᠮ ᠤᠨ ᠴᠢᠨᠠᠷᠲᠠᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠤᠷᠢᠳᠠᠪᠠᠷ ᠪᠠᠶᠢᠭᠤᠯᠪᠠ᠃ ᠪᠥᠬᠦ ᠵᠢᠯ ᠤᠨ ᠡᠪᠡᠰᠦ ᠪᠣᠷᠳᠤᠭ᠎ᠠ ᠪᠣᠯᠤᠨ ᠣᠨᠴᠠᠯᠢᠭᠲᠤ ᠢᠳᠡᠰᠢᠨ ᠨᠣᠭᠤᠭ᠎ᠠ ᠭᠤᠸᠠ ᠵᠢᠮᠢᠰ ᠤᠨ ᠲᠠᠷᠢᠮᠠᠯ ᠤᠨ ᠲᠠᠯᠠᠪᠠᠶ 10 . 12 ᠲᠦᠮᠡᠨ ᠮᠥ ᠳᠤ ᠬᠦᠷᠴᠦ᠂ 《 ᠠᠷᠪᠠᠨ ᠭᠤᠷᠪᠠᠳᠤᠭᠠᠷ ᠲᠠᠪᠤᠨ ᠵᠢᠯ 》 ᠤᠨ ᠡᠬᠢᠨ ᠤ ᠬᠢ ᠠᠴᠠ  33 %   ᠪᠠᠷ ᠨᠡᠮᠡᠭᠳᠡᠪᠡ᠃ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠥᠷᠥᠯ ᠵᠦᠶᠯ ᠢ ᠭᠦᠨᠵᠡᠭᠡᠶ ᠬᠡᠷᠡᠭᠵᠢᠭᠦᠯᠵᠦ᠂ 13 ᠲᠣᠰᠬᠤᠨ ᠤ 6 . 27 ᠲᠦᠮᠡᠨ ᠮᠥ ᠲᠥᠪᠯᠡᠷᠡᠨ ᠵᠠᠯᠭᠠᠯᠳᠤᠭᠰᠠᠨ ᠭᠠᠵᠠᠷ ᠰᠢᠷᠣᠶ ᠶᠢ ᠬᠡᠪᠴᠢᠶᠡᠵᠢᠭᠦᠯᠦᠨ ᠲᠠᠷᠢᠪᠠ  ᠃ ᠪᠡᠭᠡᠵᠢᠩ ᠥᠪᠥᠷ ᠮᠣᠩᠭᠤᠯ ᠤᠨ ᠣᠳᠣᠬᠢᠴᠢᠯᠠᠬᠰᠠᠨ ᠲᠠᠷᠢᠶᠠᠯᠠᠩ ᠰᠢᠨᠵᠢᠯᠡᠬᠦ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠤᠨ ᠤᠰᠤ ᠪᠣᠷᠲᠣᠭᠤᠷ  ᠢ ᠨᠢᠭᠡ ᠴᠣᠭᠴᠠᠵᠢᠭᠤᠯᠬᠤ᠂ ᠪᠣᠰᠤᠭ᠎ᠠ ᠴᠣᠭᠴᠠ ᠪᠠᠷ ᠳᠠᠷᠢᠬᠤ᠂ ᠪᠠᠯᠲᠤ ᠵᠥᠬᠡᠶ ᠪᠠᠷ ᠲᠣᠭᠤᠰᠣ ᠬᠦᠷᠲᠡᠭᠡᠬᠦ ᠵᠡᠷᠭᠡ ᠲᠡᠷᠢᠭᠦᠨ ᠤ ᠲᠠᠷᠢᠮᠠᠯ ᠤᠨ ᠮᠡᠷᠭᠡᠵᠢᠯ ᠢ ᠲᠡᠯᠭᠡᠷᠡᠭᠦᠯᠦᠨ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠣᠷᠣᠬᠤ ᠰᠠᠭᠠᠳ ᠥᠬᠡᠶ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠪᠥᠬᠦ ᠵᠢᠯ ᠤᠨ ᠬᠡᠪᠴᠢᠶᠡᠵᠢᠭᠰᠡᠨ ᠲᠠᠷᠢᠮᠠᠯ ᠤᠨ ᠲᠠᠯᠠᠪᠠᠶ 2717 ᠮᠥ ᠳᠤ ᠬᠦᠷᠴᠦ᠂ 1109 ᠲᠦᠮᠡᠨ ᠲᠥᠭᠦᠷᠢᠭ ᠤᠨ ᠦᠶᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 46.4 %   ᠪᠠᠷ ᠨᠡᠮᠡᠭᠳᠡᠵᠦ᠂ ᠪᠥᠬᠦ ᠠᠶᠢᠮᠠᠭ ᠤᠨ ᠣᠲᠣ ᠦᠶ᠎ᠡ ᠶᠢᠨ ᠲᠠᠷᠢᠶᠠᠯᠠᠩ ᠤᠨ ᠦᠶᠯᠡᠳᠪᠦᠷᠢᠯᠡᠯ ᠬᠠᠩᠭᠠᠯᠭ᠎ᠠ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠨᠡᠶᠢᠲᠡᠯᠢᠭ ᠵᠢᠱᠢᠶ᠎ᠡ ᠶᠢ ᠪᠣᠶ ᠪᠣᠯᠭᠠᠪᠠ  ᠃  ᠠᠵᠤ ᠦᠶᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠪᠡ᠃ 100 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 4 ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠦᠬᠦ ᠠᠶᠢᠮᠠᠭ ᠲᠤ ᠤᠷᠢᠳᠠᠪᠠᠷ ᠴᠠᠬᠢᠯᠭᠠᠨᠲᠤ ᠠᠰᠢᠭᠯᠠᠯᠲᠠ ᠳᠤ ᠣᠷᠣᠭᠤᠯᠵᠤ᠂ 500 ᠺᠢᠯᠣᠸᠣᠯᠲ ᠤᠨ ᠲᠥᠪᠯᠡᠷᠡᠭᠦᠯᠬᠦ ᠥᠷᠲᠡᠭᠡ ᠶᠢ ᠪᠦᠬᠦ ᠠᠶᠢᠮᠠᠭ ᠤᠨ《 ᠲᠠᠪᠤᠨ ᠥᠷᠲᠡᠭᠡ ᠲᠠᠪᠤᠨ ᠱᠤᠭᠤᠮ》 ᠳᠠᠬᠢ ᠬᠤᠶᠠᠳᠤᠭᠠᠷ ᠤᠳᠠᠭᠠᠨ ᠤ ᠠᠰᠢᠭᠯᠠᠯᠲᠠ ᠳᠤ ᠣᠷᠣᠭᠤᠯᠬᠤ  ᠴᠣᠬᠯᠠᠷᠠᠯ ᠢᠨᠵᠧᠨᠧᠷᠢᠩ ᠪᠣᠯᠭᠠᠵᠤ᠂ ᠲᠥᠷᠥᠯ ᠵᠦᠢᠯ ᠤᠨ ᠰᠢᠯᠵᠢᠯᠲᠡ ᠶᠢᠨ ᠳᠠᠷᠠᠭᠠᠯᠠᠯ ᠢ ᠲᠣᠣᠷ ᠲᠤ ᠨᠡᠶᠢᠯᠡᠭᠦᠯᠬᠦ ᠱᠠᠲᠤᠨ ᠳᠤ ᠣᠷᠣᠭᠤᠯᠪᠠ᠃ ᠲᠣᠨᠣᠭᠯᠠᠯ ᠦᠢᠯᠡᠳᠬᠦ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠵᠠᠬᠢᠶᠠᠯᠠᠭ᠎ᠠ ᠪᠠᠨ ᠢᠳᠡᠪᠬᠢᠲᠡᠢ ᠥᠷᠭᠡᠳᠬᠡᠵᠦ᠂ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 265.4 %   ᠪᠠᠷ ᠨᠡᠮᠡᠭᠳᠡᠵᠦ᠂ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠪᠠ ᠦᠢᠯᠡᠳᠬᠦᠨ ᠤ ᠥᠷᠲᠡᠭ ᠨᠢ ᠪᠦᠬᠦ ᠠᠶᠢᠮᠠᠭ ᠲᠤ ᠲᠣᠬᠳᠠᠭᠤᠨ ᠢᠶᠠᠷ 2 ᠲᠤ ᠣᠷᠣᠪᠠ᠃ ᠬᠠᠢ ᠮᠧᠩ ᠪᠠᠯ ᠴᠢᠯᠠᠭᠤᠨ ᠠᠯᠺᠧᠨ ᠤ ᠵᠢᠯ ᠳᠤ 5 ᠲᠦᠮᠡᠨ ᠢᠵᠢ ᠪᠢᠯᠢᠭ ᠲᠤᠶᠢᠯ ᠤᠨ ᠲᠤᠰᠬᠠᠢ ᠬᠡᠷᠡᠭᠯᠡᠭᠡᠨ ᠤ ᠬᠠᠶᠢᠯᠤᠭᠤᠷ ᠤᠨ ᠲᠥᠷᠥᠯ ᠵᠦᠢᠯ ᠢ ᠲᠤᠷᠰᠢᠨ ᠠᠵᠢᠯᠯᠠᠭᠤᠯᠵᠤ᠂ ᠪᠦᠬᠦ ᠠᠶᠢᠮᠠᠭ ᠤᠨ ᠠᠩᠬᠠᠳᠠᠭᠴᠢ ᠠᠰᠢᠭᠯᠠᠯᠲᠠ ᠳᠤ ᠣᠷᠣᠭᠤᠯᠤᠭᠰᠠᠨ ᠪᠠᠯ ᠴᠢᠯᠠᠭᠤᠨ ᠮᠠᠲ᠋ᠧᠷᠢᠶᠠᠯ ᠤᠨ ᠲᠥᠷᠥᠯ ᠵᠦᠢᠯ ᠪᠣᠯᠪᠠ᠃  ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠦᠬᠦ ᠠᠶᠢᠮᠠᠭ ᠤᠨ ᠠᠩᠬᠠᠳᠠᠭᠴᠢ ᠠᠵᠤ ᠠᠬᠤᠶᠢᠯᠠᠯ ᠪᠡᠯᠡ ᠣᠷᠣᠭᠤᠯᠵᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠤ ᠠᠬᠤᠶᠢᠯᠠᠯ ᠠᠮᠵᠢᠯᠲᠠ ᠲᠠᠢ ᠨᠠᠶᠢᠳᠠᠪᠤᠷᠢᠵᠢᠪᠠ᠃ ᠪᠥᠬᠦ ᠬᠤᠰᠢᠭᠤᠨ ᠤ ᠠᠵᠤ ᠦᠶᠯᠡᠳᠪᠦᠷᠢ ᠶᠢᠨ ᠶᠡᠷᠦᠩᠬᠡᠶ ᠦᠶᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 82.2 %   ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠲᠡᠷᠢᠭᠦᠨ ᠳᠤ ᠣᠷᠣᠵᠦ᠂ ᠶᠡᠷᠦᠩᠭᠡᠢ ᠬᠡᠮᠵᠢᠶ᠎ᠡ 2019 ᠣᠨ ᠳᠤ ᠪᠥᠬᠦ ᠠᠶᠢᠮᠠᠭ ᠤᠨ 13 ᠳ᠋ᠤᠭᠠᠷ ᠪᠠᠶᠢᠷᠢ ᠠᠴᠠ 8 ᠳᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ  ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 59.1 %   ᠪᠠᠷ ᠨᠡᠮᠡᠭᠳᠡᠵᠦ᠂ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 114.3%   ᠪᠠᠷ ᠨᠡᠮᠡᠭᠳᠡᠵᠦ᠂ ᠨᠡᠮᠡᠭᠳᠡᠯ   ᠤᠨ ᠬᠤᠷᠳᠤᠴᠠ ᠨᠢ ᠪᠦᠬᠦ ᠠᠶᠢᠮᠠᠭ ᠲᠤ ᠲᠡᠷᠢᠭᠦᠯᠡᠪᠡ  ᠃ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠰᠢᠨ᠎ᠡ ᠪᠠᠷ ᠭᠦᠭᠵᠢᠭᠰᠡᠨ ᠠᠵᠤ ᠦᠢᠯᠡᠰ《 ᠭᠤᠣᠯ ᠲᠤᠯᠭᠠᠭᠤᠷᠢ 》 ᠪᠣᠯᠵᠤ᠂ ᠦᠢᠯᠡᠳᠬᠦᠨ ᠤ ᠥᠷᠲᠡᠭ   ᠨᠢ  ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠢᠯᠡᠳᠬᠦᠨ ᠤ ᠥᠷᠲᠡᠭ ᠤᠨ 76.7 %   ᠶᠢ ᠡᠵᠡᠯᠡᠵᠦ᠂ ᠠᠵᠤ ᠦᠶᠯᠡᠳᠪᠦᠷᠢ ᠶᠢᠨ ᠨᠡᠮᠡᠭᠳᠡᠯ ᠢ ᠳᠠᠶᠢᠴᠢᠯᠠᠬᠤ ᠭᠤᠣᠯ 《 ᠬᠥᠳᠡᠯᠭᠡᠬᠦ ᠬᠦᠴᠦᠨ ᠤ ᠡᠬᠢ ᠰᠤᠷᠪᠤᠯᠵᠢ 》ᠪᠣᠯᠵᠤ᠂ ᠪᠦᠬᠦ ᠬᠤᠰᠢᠭᠤᠨ ᠤ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠵᠢᠯ ᠯᠠᠪᠳᠠᠭᠤᠨ ᠠᠯᠬᠤᠮ ᠢ ᠠᠯᠬᠤᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠮᠬᠢ ᠵᠢᠷᠤᠮ  ᠲᠠᠢ ᠬᠥᠭᠵᠢᠪᠡ᠃   ᠵᠣᠭᠠᠴᠠᠯ ᠤᠨ ᠦᠢᠯᠡᠰ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠢᠳᠡᠪᠬᠢᠲᠡᠢ ᠢᠯᠠᠨ ᠳᠠᠪᠠᠵᠤ᠂ ᠲᠠᠯ᠎ᠠ ᠨᠤᠲᠤᠭ ᠤᠨ ᠤᠳᠤᠨ ᠣᠭᠲᠠᠷᠭᠤᠢ ᠶᠢᠨ ᠵᠤᠭᠠᠴᠠᠯ᠂ ᠲᠠᠯ᠎ᠠ ᠨᠤᠲᠤᠭ ᠤᠨ ᠮᠥᠰᠥ ᠴᠠᠰᠤᠨ ᠤ ᠵᠤᠭᠠᠴᠠᠯ ᠵᠡᠷᠭᠡ ᠤᠨᠴᠠᠯᠢᠬᠳᠤ ᠵᠢᠭᠤᠯᠴᠢᠯᠠᠯ ᠤᠨ ᠪᠦᠲᠦᠭᠡᠭᠳᠡᠬᠦᠨ ᠢ ᠶᠡᠭᠡ ᠪᠠᠷ ᠳᠡᠯᠭᠡᠷᠡᠭᠦᠯᠵᠦ᠂ ᠤᠳᠤᠨ ᠣᠭᠲᠠᠷᠭᠤᠢ ᠶᠢᠨ ᠰᠣᠶᠣᠯ ᠤᠨ ᠰᠤᠳᠤᠯᠭᠠᠨ ᠤ ᠬᠤᠸᠠᠷᠠᠨ ᠢ ᠥᠷᠭᠡᠳᠬᠡᠨ ᠪᠠᠶᠢᠭᠤᠯᠬᠤ ᠠᠵᠢᠯ ᠢ ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠶᠯ ᠢ ᠭᠦᠨᠵᠡᠭᠡᠶ ᠠᠬᠢᠭᠤᠯᠵᠤ᠂ ᠬᠤᠰᠢᠭᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠠᠵᠤ ᠠᠬᠤᠶᠢᠯᠠᠯ 27 ᠪᠣᠯᠵᠣ᠂ ᠪᠥᠬᠦ ᠵᠢᠯ ᠳᠤ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠨᠣᠷᠮ᠎ᠠ 4314 . 21 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52 . 8 %   ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠪᠠᠷᠠᠭᠠᠨ ᠭᠦᠢᠯᠭᠡᠭᠡ ᠶᠢᠨ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠮᠢᠩᠭᠠᠲᠤ ᠶᠢᠨ ᠬᠦᠢᠲᠡᠨ ᠬᠡᠯᠬᠢᠶᠡᠲᠦ ᠰᠠᠩ ᠬᠥᠮᠥᠷᠭᠡ ᠶᠢᠨ ᠪᠠᠷᠠᠭᠠᠨ ᠭᠦᠢᠯᠭᠡᠭᠡ ᠶᠢᠨ ᠲᠥᠪ  ᠤᠨ ᠲᠥᠷᠦᠯ ᠵᠦᠢᠯ ᠢ ᠤᠷᠤᠭᠰᠢᠲᠠᠢ ᠪᠡᠶᠡᠯᠡᠭᠦᠯᠵᠦ᠂ ᠬᠤᠰᠢᠭᠤᠨ ᠳᠣᠲᠣᠷᠠᠬᠢ ᠪᠠᠷᠠᠭᠠᠨ ᠭᠦᠢᠯᠭᠡᠭᠡ ᠶᠢᠨ ᠲᠤᠬᠢᠷᠠᠭᠤᠯᠤᠨ ᠬᠦᠷᠭᠡᠬᠦ ᠨᠣᠷᠮ᠎ᠠ ᠶᠢ 100 %   ᠳᠤ ᠬᠦᠷᠭᠡᠪᠡ︔ ᠳ᠋ᠧ ᠺᠧ ᠯᠦᠩ ᠬᠤᠳᠠᠯᠳᠤᠭᠠᠨ ᠤ ᠲᠠᠯᠠᠪᠤᠷ  ᠤᠨ ᠲᠤᠲᠤᠷ ᠭᠠᠳᠠᠨᠠᠬᠢ ᠵᠠᠰᠠᠯ ᠴᠢᠮᠡᠭᠯᠡᠯ ᠢ ᠦᠨᠳᠦᠰᠦᠨ ᠳᠤ ᠪᠠᠨ ᠳᠠᠭᠤᠰᠬᠠᠵᠤ᠂ ᠪᠦᠬᠦ ᠬᠤᠰᠢᠭᠤᠨ ᠤ ᠠᠩᠬᠠᠳᠠᠭᠴᠢ ᠶᠡᠷᠦᠩᠬᠡᠶᠢᠯᠡᠭᠰᠡᠨ ᠬᠤᠯᠪᠣᠭᠠᠲᠤ ᠬᠤᠳᠠᠯᠳᠤᠭᠠᠨ ᠤ ᠳᠡᠯᠭᠡᠭᠦᠷ ᠪᠠᠶᠢᠭᠤᠯᠤᠭᠳᠠᠪᠠ᠃ ᠮᠥᠩᠭᠦᠨ ᠭᠦᠶᠯᠭᠡᠭᠡ ᠳᠠᠭᠠᠳᠬᠠᠯ ᠤᠨ ᠠᠵᠢᠯ ᠲᠥᠷᠥᠯ ᠲᠣᠭᠲᠠᠭᠤᠨ ᠢᠶᠠᠷ ᠬᠥᠭᠵᠢᠵᠦ᠂ ᠪᠥᠬᠦ ᠬᠤᠰᠢᠭᠤᠨ ᠤ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰᠪᠦᠷᠢ ᠠᠳᠠᠯᠢ ᠬᠤᠭᠤᠴᠠᠭᠠᠨ ᠤ  ᠬᠢ ᠠᠴᠠ 8.4%  ᠪᠠ  29.2 % ᠢᠶᠠᠷ  ᠨᠡᠮᠡᠭᠳᠡᠵᠦ᠂ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠵᠠᠷᠤᠯᠭ᠎ᠠ ᠨᠢ ᠠᠳᠠᠯᠢ ᠬᠤᠭᠤᠴᠠᠭᠠᠨ ᠤ ᠬᠢ ᠠᠴᠠ  ᠲᠣᠰᠪᠣᠷᠢ 5.2% ᠪᠠ 12.7%   ᠪᠠᠷ ᠨᠡᠮᠡᠭᠳᠡᠪᠡ᠃        ︵ᠲᠦᠷᠪᠠ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠨ ᠲᠠᠢ ᠪᠣᠯᠪᠠ᠃ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ᠂ ᠠᠵᠢᠯ ᠡᠷᠬᠢᠯᠡᠬᠦ ᠳᠤ ᠲᠣᠬᠢᠷᠠᠮᠵᠢᠲᠠᠢ ᠬᠤᠲᠠ ᠪᠠᠯᠭᠠᠰᠤᠨ ᠤ ᠣᠷᠴᠢᠨ ᠲᠣᠭᠤᠷᠢᠨ ᠢ ᠴᠣᠭᠴᠠᠯᠠᠨ ᠪᠠᠶᠢᠭᠤᠯᠬᠤ ᠲᠣᠭᠤᠷᠢᠨ ᠳᠤ᠂ 6 . 8 ᠺᠢᠯᠣᠮᠧᠲᠷ ᠤᠨ ᠵᠠᠮ ᠢ ᠥᠭᠡᠷᠡᠴᠢᠯᠡᠨ ᠵᠠᠰᠠᠵᠤ᠂ 3 . 6 ᠺᠢᠯᠣᠮᠧᠲᠷ ᠤᠨ ᠬᠤᠭᠤᠯᠠᠢ ᠤᠭᠰᠠᠷᠠᠵᠤ᠂ 21 ᠺᠢᠯᠣᠮᠧᠲᠷ ᠤᠨ ᠵᠠᠮ ᠲᠤ ᠳ᠋ᠧᠩ ᠣᠬᠰᠠᠷᠠᠵᠦ᠂ ᠬᠤᠲᠠ ᠪᠠᠯᠭᠠᠰᠤᠨ ᠤ ᠦᠶᠡᠷ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠢᠯᠠᠨ ᠳᠠᠪᠠᠵᠤ᠂ ᠵᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠬᠤᠲᠠ ᠪᠠᠯᠭᠠᠰᠣ  ᠴᠣ ᠰᠢᠨ᠎ᠡ ᠳᠦᠷᠰᠦ ᠪᠠᠶᠢᠳᠠᠯ ᠲᠠᠢ ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠭ ᠨᠣᠪᠰᠢ ᠴᠤᠭᠯᠠᠭᠤᠯᠬᠤ ᠥᠷᠲᠡᠭᠡ ᠴᠡᠭ 7 ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ 36   ᠶᠢ ᠰᠢᠨ᠎ᠡ ᠪᠠᠷ ᠪᠠᠶᠢᠭᠤᠯᠵᠤ᠂  ᠬᠤᠭ ᠨᠣᠪᠰᠢ ᠴᠤᠭᠯᠠᠭᠤᠯᠬᠤ ᠲᠦᠭᠦᠭᠡᠷᠦᠮᠵᠢ ᠪᠠ ᠨᠡᠶᠢᠲᠡ ᠶᠢᠨ ᠵᠣᠷᠯᠣᠩ ᠢ ᠭᠠᠴᠠᠭ᠎ᠠ ᠲᠣᠰᠬᠤᠨ ᠳᠤ ᠪᠦᠬᠦᠨ ᠢ ᠪᠦᠷᠭᠦᠭᠦᠯᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ《 ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ 》 ᠳᠤ ᠵᠢᠭᠰᠠᠭᠠᠭᠳᠠᠭᠰᠠᠨ 9 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠴᠡᠭᠴᠡᠯᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂  ᠪᠥᠬᠦ ᠠᠶᠢᠮᠠᠭ ᠤᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠳᠤᠮᠳᠠ 3 ᠳᠤ ᠵᠢᠭᠰᠠᠭᠠᠭᠳᠠᠪᠠ᠃ 3 ᠰᠠᠭᠤᠷᠢ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠂ 287 ᠰᠠᠭᠤᠷᠢ ᠲᠠᠷᠠᠬᠠᠶ ᠪᠠᠷ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ 1235 ᠡᠷᠦᠬᠡ ᠶᠢᠨ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠠᠳᠣᠯᠠᠵᠦ᠂ ᠮᠠᠯᠵᠢᠬᠤ ᠲᠠᠷᠢᠶᠠᠯᠠᠬᠤ ᠣᠷᠣᠨ  ᠤ ᠤᠤᠭᠤᠬᠤ ᠤᠰᠤᠨ ᠤ ᠠᠮᠤᠷ ᠲᠦᠪᠰᠢᠨ ᠢ ᠦᠷᠭᠦᠯᠵᠢᠯᠡᠨ  ᠪᠠᠬᠢᠵᠢᠭᠦᠯᠪᠡ︔ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠤᠮᠳᠠ ᠬᠡᠰᠡᠭ ᠤᠨ  ᠬᠦᠨᠳᠦ ᠨᠣᠴᠢᠲᠠᠶ ᠤᠰᠤ ᠳᠤᠲᠠᠭᠳᠠᠵᠤ  ᠪᠠᠶᠢᠭ᠎ᠠ ᠭᠠᠵᠠᠷ ᠣᠷᠣᠨ ᠤ ᠬᠥᠮᠦᠨ ᠮᠠᠯ ᠤᠨ ᠤᠤᠭᠤᠬᠤ ᠤᠰᠤᠨ ᠤ ᠤᠰᠤ ᠡᠷᠢᠬᠦ ᠬᠠᠶᠢᠨ ᠪᠠᠶᠢᠴᠠᠭᠠᠯᠲᠠ ᠶᠢᠨ ᠲᠥᠷᠥᠯ ᠵᠦᠶᠯ ᠤᠯᠤᠰ ᠤᠨ ᠬᠤᠶᠠᠳᠤᠭᠠᠷ ᠪᠦᠯᠦᠭ ᠪᠣᠬᠢᠷᠲᠤᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠢᠶᠠᠷ ᠰᠣᠩᠭᠤᠭᠳᠠᠪᠠ᠃ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠱᠤᠭᠤᠮ ᠢ 74 . 2  ᠺᠢᠯᠣᠮᠧᠲᠷ ᠪᠠᠶᠢᠭᠤᠯᠵᠤ᠂ 46 ᠬᠦᠴᠦᠳᠡᠯ ᠥᠭᠡᠷᠡᠴᠢᠯᠡᠭᠴᠢ ᠤᠭᠰᠠᠷᠠᠨ᠂ ᠬᠥᠳᠡᠭᠡ ᠲᠣᠰᠬᠤᠨ ᠤ ᠴᠠᠬᠢᠯᠭᠠᠨ ᠲᠣᠣᠷ   ᠢ ᠳᠡᠰ ᠳᠡᠪᠰᠢᠭᠦᠯᠦᠨ ᠥᠭᠡᠷᠡᠴᠢᠯᠡᠵᠦ᠂ ᠬᠠᠭᠤᠴᠢᠨ ᠴᠠᠬᠢᠯᠭᠠᠨ ᠬᠡᠮᠵᠢᠯᠲᠡ ᠶᠢᠨ ᠥᠭᠡᠷᠡᠴᠢᠯᠡᠯᠲᠡ ᠪᠠ ᠴᠠᠬᠢᠯᠭᠠᠨ ᠲᠦᠭᠡᠭᠡᠬᠦ ᠠᠦ᠋ᠲ᠋ᠣᠴᠢᠯᠠᠯᠲᠠ ᠶᠢᠨ ᠣᠨ ᠤ ᠪᠠᠶᠢᠭᠤᠯᠤᠯᠲᠠ ᠶᠢᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠪᠠᠯᠭᠠᠰᠤᠨ ᠤ ᠴᠠᠬᠢᠯᠭᠠᠨ ᠬᠠᠩᠭᠠᠯᠲᠠ ᠶᠢᠨ ᠪᠠᠲᠤᠯᠠᠭ᠎ᠠ ᠲᠠᠢ ᠨᠣᠷᠮ᠎ᠠ 99.96% ᠳᠤ  ᠬᠦᠷᠪᠠ︔᠂ᠪᠦᠬᠦ ᠵᠢᠯ ᠳᠤ 2 . 68 ᠳ᠋ᠦᠩᠰᠢᠭᠤᠷ ᠺᠢᠯᠣᠸᠠᠲ ᠴᠠᠭ ᠴᠠᠬᠢᠯᠭᠠᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 30 . 41 %   ᠪᠠᠷ ᠨᠡᠮᠡᠭᠳᠡᠨ᠂ ᠨᠡᠮᠡᠭᠳᠡᠯ   ᠤᠨ ᠬᠤᠷᠳᠤᠴᠠ ᠪᠦᠬᠦ ᠠᠶᠢᠮᠠᠭ ᠲᠤ 2   ᠲᠤ ᠵᠢᠭᠰᠠᠭᠠᠭᠳᠠᠪᠠ᠃ ᠲᠣᠰᠬᠤᠨ ᠳᠤ ᠨᠡᠪᠲᠡᠷᠡᠬᠦ ᠵᠠᠰᠠᠮᠠᠯ ᠵᠠᠮ   ᠢ 285 . 8  ᠺᠢᠯᠣᠮᠧᠲᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ   ᠢ 97 . 8 ᠺᠢᠯᠣᠮᠧᠲᠷ ᠠᠷᠠᠴᠢᠯᠠᠨ ᠬᠠᠮᠠᠭᠠᠯᠠᠵᠤ᠂ ᠵᠠᠮ ᠤᠨ ᠲᠣᠣᠷ ᠤᠨ ᠨᠡᠪᠲᠡᠷᠡᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ︔ ᠮᠤᠵᠢ ᠶᠢᠨ ᠵᠠᠮ 313 ᠱᠤᠭᠤᠮ ᠤᠨ ᠮᠢᠩᠭᠠᠲᠤ ᠠᠴᠠ ᠰᠢᠨᠡᠪᠤᠯᠠᠭ ᠬᠦᠷᠬᠦ ᠵᠠᠰᠠᠮᠠᠯ ᠵᠠᠮ᠂ ᠬᠤᠯᠤᠰᠤᠲᠠᠢ ᠨᠠᠭᠤᠷ ᠠᠴᠠ ᠵᠢᠭᠠᠰᠤᠲᠠᠢ ᠨᠠᠭᠤᠷ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠡᠮᠬᠢ ᠵᠢᠷᠤᠮ ᠲᠠᠢ ᠠᠬᠢᠪᠠ︔ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ( ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ )   ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠦᠨᠳᠦᠰᠦᠨ  ᠳᠡᠭᠡᠨ ᠳᠠᠭᠤᠰᠬᠠᠵᠤ᠂ 5511 ᠤᠯᠤᠰ ᠤᠨ ᠵᠠᠮ ᠤᠨ《 ᠨᠢᠭᠡ ᠶᠢ ᠥᠨᠳᠥᠷ ᠪᠣᠯᠭᠠᠬᠤ 》ᠵᠦᠪᠰᠢᠶᠠᠷᠠᠯ ᠢ ᠣᠯᠵᠦ᠂  ᠪᠦᠬᠦ ᠬᠤᠰᠢᠭᠤᠨ ᠤ ᠠᠩᠬᠠᠳᠠᠭᠴᠢ ᠲᠦᠷᠭᠡᠨ ᠤ ᠵᠠᠰᠠᠮᠠᠯ ᠵᠠᠮ ᠤᠳᠠᠯ ᠦᠭᠡᠢ ᠠᠰᠢᠭᠯᠠᠯᠲᠠ ᠳᠤ ᠣᠷᠣᠨ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ᠂  ᠪᠥᠬᠦ ᠠᠶᠢᠮᠠᠭ ᠤᠨ ᠲᠦᠷᠦᠭᠦᠦ ᠪᠦᠯᠦᠭ ᠤᠨ 5 G ᠰᠦᠯᠵᠢᠶᠡᠨ ᠤ ᠲᠤᠷᠰᠢᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠣᠬᠢᠶ᠎ᠠ ᠪᠠᠯᠠᠶ ᠣᠷᠣᠨ   ᠤ ᠳᠣᠬᠢᠶᠠᠨ ᠤ ᠪᠦᠷᠬᠦᠴᠡ ᠶᠢ ᠨᠥᠬᠦᠪᠥᠷᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 17 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ  ᠪᠠᠶᠢᠭᠤᠯᠵᠤ᠂ 41 ᠬᠠᠳᠠᠭᠠᠯᠠᠭᠳᠠᠵᠤ ᠪᠠᠶᠢᠭ᠎ᠠ ᠰᠠᠭᠤᠷᠢ ᠥᠷᠲᠡᠭᠡ ᠶᠢ ᠬᠠᠮᠠᠭᠠᠯᠠᠨ ᠥᠭᠡᠷᠡᠴᠢᠯᠡᠵᠦ᠂ 50 ᠺᠢᠯᠣᠮᠧᠲᠷ ᠤᠨ ᠭᠡᠷᠡᠯᠯᠢᠭ ᠳᠡᠭᠡᠰᠦ ᠳᠡᠪᠢᠰᠴᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠴᠢᠩᠭᠠᠳᠬᠠᠪᠠ  ᠃          ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢᠨᠲᠠ ᠰᠢᠨ᠎ᠡ ᠳᠡᠭᠲᠡᠷ ᠲᠤ ᠭᠠᠷᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ  ᠪᠠᠶᠢᠬᠤ ᠨᠤᠷᠮ᠎ᠠ 97.8 %   ᠳᠤ ᠬᠦᠷᠪᠡ︔ ᠬᠤᠰᠢᠭᠤᠨ ᠤ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠤ ᠳᠤᠮᠳᠠ ᠰᠠᠶᠢᠵᠢᠷᠠᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠠᠰᠠᠭᠤᠳᠠᠯ ᠪᠠ ᠠᠶᠤᠯᠲᠠᠶ ᠬᠠᠶᠠᠭᠳᠠᠮᠠᠯ ᠪᠣᠳᠠᠰ ᠢ ᠲᠤᠰᠬᠠᠶ ᠴᠡᠭᠴᠡᠯᠡᠨ ᠵᠠᠰᠠᠬᠤ ᠬᠠᠷᠠᠯᠲᠠ  ᠶᠢ ᠪᠦᠬᠦᠨ ᠢ  ᠪᠡᠶᠡᠯᠡᠭᠦᠯᠪᠡ  ᠃ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ  ᠶᠢ ᠨᠡᠶᠢᠳᠡᠮ ᠪᠠᠶᠢᠴᠠᠭᠠᠬᠤ ᠠᠵᠢᠯ ᠠᠮᠵᠢᠯᠲᠠ ᠲᠠᠢ ᠥᠨᠳᠥᠷᠯᠡᠪᠡ᠃ ᠤᠯᠤᠰ ᠤᠨ ᠭᠤᠤᠯᠳᠠᠯᠭ᠎ᠠ ᠲᠠᠢ ᠠᠮᠢ ᠠᠬᠤᠶ  ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠬᠤ ᠠᠵᠢᠯ 9 ᠵᠢᠯ ᠳᠠᠷᠠᠭᠠᠯᠠᠨ ᠦᠨᠳᠦᠰᠦᠨ ᠳᠡᠭᠡᠨ ᠲᠣᠭᠲᠠᠭᠤᠨ ᠪᠠᠶᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠦᠭᠬᠦ ᠱᠠᠩᠨᠠᠯ ᠤᠨ ᠮᠦᠩᠭᠦ ᠶᠢ 6867 ᠲᠦᠮᠡᠨ ᠲᠥᠭᠦᠷᠢᠭ ᠬᠦᠷᠳᠡᠪᠡ᠃ ᠡᠷᠡᠰ ᠵᠣᠷᠢᠭ ᠢᠶᠠᠷ ᠠᠭᠤᠷᠬᠠᠢ ᠶᠢᠨ ᠣᠷᠴᠢᠨ ᠲᠣᠭᠤᠷᠢᠨ   ᠢ ᠴᠡᠭᠴᠡᠯᠡᠨ ᠵᠠᠰᠠᠵᠤ᠂ 13 ᠬᠤᠭᠤᠴᠠᠭᠠᠨ ᠳᠤ ᠪᠠᠨ ᠪᠠᠶᠢᠭ᠎ᠠ ᠵᠠᠳᠠᠭᠠᠢ ᠠᠭᠤᠷᠬᠠᠢ ᠶᠢᠨ ᠲᠤᠰᠢᠶᠠᠨ ᠬᠠᠳᠠᠭᠠᠯᠠᠵᠤ ᠵᠠᠰᠠᠬᠤ ᠰᠠᠭᠤᠷᠢ ᠮᠥᠩᠭᠦ 654 ᠲᠦᠮᠡᠨ ᠲᠥᠭᠦᠷᠢᠭ᠂ ᠲᠤᠰᠢᠶᠠᠨ ᠬᠠᠳᠠᠭᠠᠯᠠᠭᠰᠠᠨ ᠨᠣᠷᠮ᠎ᠠ 100 % ᠪᠣᠯᠪᠠ︔ 1350 ᠲᠦᠮᠡᠨ ᠲᠥᠭᠦᠷᠢᠭ ᠤᠨ ᠪᠡᠯᠡ ᠣᠷᠣᠭᠤᠯᠵᠤ᠂ 678  ᠮᠣ᠋ ᠠᠭᠤᠷᠬᠠᠢ ᠶᠢᠨ ᠵᠠᠰᠠᠨ ᠴᠡᠭᠴᠡᠯᠡᠯᠲᠡ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠪᠠ ᠵᠠᠰᠠᠨ ᠴᠡᠭᠴᠡᠯᠡᠯᠲᠡ ᠶᠢᠨ ᠲᠠᠯᠠᠪᠠᠢ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠲᠣᠰᠪᠣᠷᠢ《 ᠠᠷᠪᠠᠨ ᠭᠤᠷᠪᠠᠳᠤᠭᠠᠷ ᠲᠠᠪᠤᠨ ᠵᠢᠯ 》 ᠤᠨ ᠬᠤᠭᠤᠴᠠᠭᠠᠨ ᠤ ᠶᠡᠷᠦᠩᠬᠡᠢ ᠬᠡᠮᠵᠢᠶᠡᠨ ᠤ 55 % ᠪᠠ 65 %   ᠶᠢ ᠡᠵᠡᠯᠡᠪᠡ︔ 860 ᠲᠦᠮᠡᠨ ᠲᠥᠭᠦᠷᠢᠭ ᠤᠨ ᠪᠡᠯᠡ ᠣᠷᠣᠭᠤᠯᠵᠤ᠂  ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ  ᠶᠢ 950 ᠮᠦ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ 3 ᠪᠠᠶᠢᠭᠤᠯᠵᠤ᠂《 ᠭᠤᠷᠪᠠᠨ ᠲᠣᠭᠤᠷᠢᠭ ᠬᠤᠶᠠᠷ ᠱᠤᠭᠤᠮ 》 ᠤᠨ ᠬᠡᠪᠴᠢᠶᠡᠨ ᠳᠠᠬᠢ  ᠦᠯᠡᠳᠡᠭᠳᠡᠵᠦ ᠢᠷᠡᠭᠰᠡᠨ ᠬᠠᠶᠠᠭᠳᠠᠮᠠᠯ ᠨᠦᠬᠡ ᠮᠠᠯᠲᠠᠬᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠳᠠᠬᠢᠨ ᠠᠳᠠᠷᠰᠢᠭᠤᠯᠬᠤ ᠲᠥᠷᠥᠯ ᠵᠦᠶᠯ ᠢ ᠪᠡᠶᠡᠯᠡᠭᠦᠯᠵᠦ᠂ 260 ᠮᠥ ᠭᠠᠵᠠᠷ ᠰᠢᠷᠣᠶ ᠶᠢ ᠳᠠᠬᠢᠨ ᠠᠳᠠᠷᠰᠢᠭᠤᠯᠵᠦ᠂ ᠮᠤᠵᠢ ᠣᠷᠣᠨ ᠠᠯᠤᠰᠯᠠᠨ ᠳᠣᠭᠢᠷᠠᠭᠤᠯᠬᠤ ᠪᠠᠯᠠ ᠮᠥᠩᠭᠦ ᠶᠢ 7200 ᠲᠦᠮᠡᠨ ᠲᠥᠭᠦᠷᠢᠭ ᠤᠯᠪᠠ᠃ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 7.7ᠲᠦᠮᠡᠨ ᠮᠥ ᠪᠡᠶᠡᠯᠡᠭᠦᠯᠵᠦ᠂ ᠲᠠᠯ᠎ᠠ ᠨᠤᠲᠤᠭ ᠤᠨ ᠠᠮᠢ ᠠᠬᠤᠶ  ᠶᠢ 5 . 5 ᠲᠦᠮᠡᠨ ᠮᠥ ᠰᠡᠷᠭᠦᠭᠡᠨ ᠵᠠᠰᠠᠵᠤ᠂ ᠪᠥᠬᠦ ᠬᠤᠰᠢᠭᠤᠨ ᠤ ᠲᠠᠯ᠎ᠠ ᠨᠤᠲᠤᠭ ᠤᠨ ᠤᠷᠭᠤᠮᠠᠯ ᠤᠨ ᠳᠤᠮᠳᠠᠴᠢ ᠪᠦᠷᠬᠦᠴᠡ 57 %   ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11 %   ᠪᠠᠷ ᠨᠡᠮᠡᠭᠳᠡᠵᠦ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ 7 ᠵᠠᠭᠤᠨ ᠤ ᠴᠡᠭ ᠥᠨᠳᠥᠷ  ᠪᠣᠯᠪᠠ᠃ ᠵᠢᠵᠢᠭ ᠰᠠᠪᠠ ᠭᠠᠵᠠᠷ  ᠤᠨ ᠠᠮᠢ ᠠᠬᠤᠢ ᠶᠢ 5 ᠲᠡᠭᠰᠢ ᠳᠥᠷᠪᠡᠯᠵᠢᠨ  ᠺᠢᠯᠣᠮᠧᠲᠷ ᠵᠠᠰᠠᠵᠤ᠂ ᠭᠤᠣᠯ ᠨᠠᠭᠤᠷ   ᠤᠨ ᠳᠠᠷᠤᠭ᠎ᠠ ᠶᠢᠨ ᠳᠦᠷᠢᠮ   ᠤᠨ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠯᠲᠠ   ᠳᠤ ᠪᠦᠬᠦ ᠠᠶᠢᠮᠠᠭ ᠤᠨ ᠲᠡᠷᠢᠭᠦᠨ ᠳᠤ ᠣᠷᠣᠵᠤ᠂ ᠲᠦᠮᠡᠨ ᠲᠥᠭᠦᠷᠢᠭ ᠤᠨ GDP   ᠶᠢᠨ ᠤᠰᠤ ᠬᠡᠷᠡᠭᠯᠡᠬᠦ ᠬᠡᠮᠵᠢᠶ᠎ᠡ 22.3 %   ᠪᠠᠷ ᠪᠠᠭᠤᠷᠠᠵᠤ᠂ ᠴᠢᠨᠡᠭᠡᠯᠢᠭ   ᠤᠨ ᠪᠠᠷᠢᠮᠵᠢᠶᠠᠨ ᠤ ᠬᠢᠨᠠᠨ ᠬᠡᠮᠵᠢᠯᠲᠡ ᠶᠢᠨ ᠭᠦᠢᠴᠡᠳᠬᠡᠯ ᠲᠤᠭ᠎ᠠ ᠠᠴᠠ 7 . 3 ᠵᠠᠭᠤᠨ ᠤ ᠬᠤᠪᠢ ᠳᠠᠪᠠᠵᠠᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ 《 ᠡᠷᠬᠢᠨ ᠬᠠᠷᠠᠬᠤ 》᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠶᠡᠭᠡ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦᠨ ᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠮᠠᠨ ᠤ ᠠᠶᠢᠮᠠᠭ ᠲᠤ ᠣᠷᠣᠵᠤ ᠰᠠᠭᠤᠭᠰᠠᠨ ᠬᠤᠭᠤᠴᠠᠭᠠᠨ ᠳᠠᠬᠢ ᠢᠯᠡᠴᠢᠯᠡᠨ ᠮᠡᠳᠡᠭᠦᠯᠦᠭᠰᠡᠨ ᠬᠡᠷᠡᠭ ᠢ ᠪᠠᠶᠢᠴᠠᠭᠠᠨ ᠬᠠᠷᠭᠤᠭᠤᠯᠵᠤ ᠰᠢᠶᠳᠪᠦᠷᠢᠯᠡᠬᠦ ᠠᠵᠢᠯ ᠢ ᠪᠥᠬᠦ ᠠᠶᠢᠮᠠᠭ ᠲᠤ ᠤᠷᠢᠳᠠᠪᠠᠷ ᠪᠡᠶᠡᠯᠡᠭᠦᠯᠪᠡ᠃      ︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠰᠢᠨ᠎ᠡ ᠰᠢᠪᠲᠤᠯᠤᠯᠲᠠ  ᠲᠠᠢ ᠪᠣᠯᠪᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  68  ᠵᠦᠢᠯ ᠤᠨ ᠠᠵᠤ ᠠᠬᠤᠢ ᠠᠮᠢ ᠠᠬᠤᠢ ᠶᠢᠨ ᠬᠦᠷᠢᠶᠡᠨ ᠤ ᠣᠨ ᠤ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂  ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ  ᠪᠠᠳᠠᠷᠠᠭᠤᠯᠪᠠ᠃《 ᠪᠠᠭᠤᠯᠭᠠᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 2300 ᠲᠦᠮᠡᠨ ᠲᠥᠭᠦᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂  ᠬᠤᠰᠢᠭᠤ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠵᠦ ᠨᠡᠶᠢᠳᠡᠯᠡᠨ᠂ 26 ᠬᠦᠷᠢᠶ᠎ᠡ ᠴᠠᠷ᠎ᠠ  ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠰᠤᠮᠤ ᠪᠠᠯᠭᠠᠰᠤᠨ ᠳᠤ 72 ᠵᠦᠶᠯ ᠤᠨ ᠵᠠᠰᠠᠭ ᠵᠠᠬᠢᠷᠭᠠᠨ ᠤ ᠡᠷᠬᠡ ᠶᠢ ᠳᠠᠭᠠᠭᠠᠨ ᠠᠪᠴᠤ ᠭᠦᠶᠴᠡᠳᠬᠡᠬᠦ ᠵᠦᠶᠯᠡᠰ ᠢ ᠳᠣᠷᠣᠭᠰᠢ ᠪᠠᠭᠤᠯᠭᠠᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ 84 . 4 %   ᠳᠤ ᠬᠦᠷᠴᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ《 ᠬᠠᠮᠤᠭ ᠣᠯᠠᠨ ᠳᠤ ᠪᠠᠨ ᠨᠢᠭᠡ ᠯᠡ ᠤᠳᠠᠭ᠎ᠠ ᠭᠦᠶᠦᠯᠭᠡᠬᠦ 》ᠬᠠᠷᠢᠴᠠᠯ ᠨᠢ 70.5 %   ᠳᠤ ᠬᠦᠷᠴᠦ᠂  ᠠᠮᠠᠯᠠᠬᠰᠠᠨ ᠭᠦᠶᠴᠡᠳᠬᠡᠬᠦ ᠴᠠᠭ ᠤᠨ ᠬᠢᠵᠠᠭᠠᠷ ᠢ 52 . 3 % ᠪᠣᠭᠤᠨᠢᠰᠬᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 82 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠭᠦᠶᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠲᠠᠷᠢᠶᠠᠯᠠᠬᠤ ᠮᠠᠯᠵᠢᠬᠤ ᠣᠷᠣᠨ ᠤ《 ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ 》ᠣᠷᠣᠨ ᠰᠠᠭᠤᠴᠠ ᠶᠢᠨ ᠰᠠᠭᠤᠷᠢ ᠭᠠᠵᠠᠷ ᠪᠣᠯᠤᠨ ᠬᠠᠮᠲᠤ ᠶᠢᠨ ᠪᠦᠲᠦᠭᠡᠨ ᠪᠠᠶᠢᠭᠤᠯᠤᠯᠲᠠ  ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠤᠲᠠᠯᠠᠨ ᠵᠥᠪᠰᠢᠶᠡᠷᠡᠵᠦ ᠳᠠᠩᠰᠠᠯᠠᠨ ᠵᠠᠰᠠᠵᠤ ᠨᠥᠬᠦᠵᠦ ᠬᠡᠮᠵᠢᠬᠦ ᠠᠵᠢᠯ ᠢ ᠪᠦᠬᠦᠨ ᠢ ᠪᠡᠶᠡᠯᠡᠭᠦᠯᠪᠡ᠃ ᠭᠤᠷᠪᠠᠳᠤᠭᠠᠷ ᠤᠳᠠᠭᠠᠨ ᠤ ᠤᠯᠤᠰ ᠤᠨ  ᠭᠠᠵᠠᠷ ᠰᠢᠷᠣᠢ ᠶᠢᠨ ᠪᠠᠶᠢᠴᠠᠭᠠᠯᠲᠠ  ᠶᠢ ᠦᠨᠳᠦᠰᠦᠨ ᠳᠡᠭᠡᠨ ᠪᠡᠶᠡᠯᠡᠭᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠱᠠᠳᠣᠴᠢ ᠴᠢᠨᠠᠷᠲᠠᠢ ᠦᠷ᠎ᠡ ᠪᠦᠳᠦᠮᠵᠢ ᠣᠯᠵᠦ᠂  ᠤᠯᠤᠰ ᠤᠨ ᠭᠠᠵᠠᠷ ᠰᠢᠷᠣᠢ ᠶᠢᠨ ᠣᠷᠣᠨ ᠵᠠᠢ  ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠤᠷᠤᠭᠰᠢᠲᠠᠢ ᠥᠷᠨᠢᠭᠦᠯᠪᠡ᠃ ᠶᠤᠸᠠᠢ ᠱᠧᠩ ᠵᠠᠶ ᠮᠢᠬᠠᠨ ᠤ ᠦᠬᠡᠷ ᠡᠳ᠋ᠰᠢᠭᠦᠯᠬᠦ ᠲᠥᠷᠥᠯ ᠵᠦᠶᠯ ᠳᠤ ᠲᠦᠰᠢᠭᠯᠡᠨ᠂ ᠭᠠᠳᠠᠭᠠᠳᠤ ᠠᠵᠤ ᠠᠬᠤᠶ ᠠᠷᠠᠯᠵᠢᠶ᠎ᠠ ᠶᠢᠨ ᠬᠤᠭᠤᠰᠣᠨ ᠢ ᠨᠦᠬᠦᠪᠦᠷᠢᠯᠡᠬᠦ ᠶᠢ ᠪᠡᠶᠡᠯᠡᠭᠦᠯᠵᠦ᠂ ᠵᠢᠯ ᠤᠨ ᠠᠷᠠᠯᠵᠢᠶᠠᠨ ᠤ ᠨᠣᠷᠮ᠎ᠠ 2 ᠳ᠋ᠦᠩᠰᠢᠭᠤᠷ ᠲᠥᠭᠦᠷᠢᠭ ᠢ ᠳᠠᠪᠠᠪᠠ᠃        ︵ᠳᠣᠯᠤᠭ᠎ᠠ  ︶ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠬᠦ ᠠᠵᠢᠯ ᠰᠢᠨ᠎ᠡ  ᠠᠬᠢᠯᠳᠠ ᠲᠠᠢ ᠪᠣᠯᠪᠠ᠃  ᠬᠠᠳᠠᠭᠠᠯᠠᠯᠲᠠ ᠶᠢ ᠪᠠᠭᠠᠰᠬᠠᠬᠤ  ᠂ ᠬᠤᠷᠢᠭ᠎ᠠ ᠱᠤᠭᠤᠮ ᠢ ᠰᠠᠬᠢᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ   ᠳᠤ ᠰᠠᠭᠤᠷᠢᠯᠠᠵᠦ᠂ ᠳᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠳᠠᠪᠠᠭᠤᠯᠤᠨ ᠪᠡᠶᠡᠯᠡᠭᠦᠯᠵᠦ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 1 . 19 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 163 % ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ ᠠᠷᠢᠯᠭᠠᠭᠰᠠᠨ ᠱᠠᠩᠨᠠᠯ ᠤᠨ ᠪᠠᠯᠠ ᠮᠥᠩᠭᠦ ᠶᠢ 363 ᠲᠦᠮᠡᠨ ᠲᠥᠭᠦᠷᠢᠭ ᠭᠥᠷᠳᠡᠪᠡ︔ ᠠᠷᠠᠳ ᠤᠨ ᠡᠵᠡᠩᠨᠡᠭᠰᠡᠨ  ᠳᠤᠮᠳᠠ ᠵᠢᠵᠢᠭ ᠠᠵᠤ ᠠᠬᠤᠶᠢᠯᠠᠯ ᠤᠨ ᠠᠪᠴᠠᠭ᠎ᠠ ᠶᠢᠨ ᠵᠣᠭᠤᠰ ᠢ ᠢᠯᠭᠠᠷᠠᠭᠤᠯᠤᠨ ᠳᠥᠯᠥᠬᠦ ᠠᠵᠢᠯ ᠢ ᠳᠠᠪᠠᠭᠤᠯᠤᠨ ᠪᠡᠶᠡᠯᠡᠭᠦᠯᠵᠦ᠂  ᠠᠪᠴᠠᠭ᠎ᠠ ᠶᠢᠨ ᠵᠣᠭᠤᠰ ᠢ 3938 . 69 ᠲᠦᠮᠡᠨ ᠲᠥᠭᠦᠷᠢᠭ ᠢᠯᠭᠠᠷᠠᠭᠤᠯᠤᠨ ᠳᠥᠯᠥᠵᠦ᠂ ᠣᠨ ᠤ ᠡᠭᠦᠷᠭᠡ  ᠪᠠᠨ 142 . 5 % ᠪᠠᠷ ᠪᠡᠶᠡᠯᠡᠭᠦᠯᠪᠡ︔ ᠠᠷᠠᠳ ‍ᠤᠨ‌ᠡᠵᠡᠩᠨᠡᠭᠰᠡᠨ  ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠤ ᠵᠣᠭᠤᠰ᠂ 《 ᠵᠠᠭᠤᠨ ᠲᠦᠮᠡ ᠠᠴᠠ ᠳᠣᠷᠣᠭᠰᠢᠬᠢ 》 ᠲᠠᠩᠰᠠᠨ ᠤ ᠵᠣᠭᠤᠰ ᠢ ᠪᠦᠬᠦᠨ ᠢ ᠢᠯᠭᠠᠷᠠᠭᠤᠯᠤᠨ ᠲᠢᠭᠯᠡᠪᠡ᠃ ᠬᠠᠳᠠᠭᠠᠯᠠᠭᠳᠠᠵᠤ ᠪᠠᠶᠢᠭ᠎ᠠ ᠲᠦᠷ ᠥᠭᠬᠦ ᠵᠣᠭᠤᠰ ᠢ 2205 ᠲᠦᠮᠡᠨ ᠲᠥᠭᠦᠷᠢᠭ ᠰᠢᠩᠭᠡᠭᠡᠵᠦ᠂ ᠣᠨ ᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠯᠠ ᠮᠥᠩᠭᠦ ᠶᠢ 107 ᠲᠦᠮᠡᠨ ᠲᠥᠭᠦᠷᠢᠭ ᠭᠥᠷᠳᠡᠪᠡ᠃ ᠮᠥᠩᠭᠦᠨ ᠭᠦᠶᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ 231 %   ᠪᠠᠷ ᠪᠠᠭᠤᠷᠠᠵᠤ᠂ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 14 ᠵᠠᠭᠤᠨ ᠤ ᠬᠤᠪᠢ ᠪᠠᠭᠤᠷᠠᠵᠤ᠂  ᠬᠤᠰᠢᠭᠤ ᠢᠲᠡᠭᠡᠮᠵᠢ ᠶᠢᠨ ᠬᠤᠷᠰᠢᠶ᠎ᠠ 《 ᠲᠦᠭᠰᠢᠭᠦᠷᠢ ᠶᠡᠬᠡᠲᠡᠶ 》 ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠩᠨᠡᠭᠡ ᠠᠴᠠ ᠠᠮᠵᠢᠯᠲᠠ ᠲᠠᠢ ᠤᠬᠤᠷᠢᠨ ᠭᠠᠷᠪᠠ᠃ ᠠᠶᠣᠯᠭᠦᠢ  ᠦᠶᠯᠡᠳᠪᠦᠷᠢᠯᠡᠯ ᠤᠨ ᠲᠦᠭᠰᠢᠭᠦᠷᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ  ᠶᠢᠨ ᠲᠤᠰᠬᠠᠶ ᠪᠠᠶᠢᠴᠠᠭᠠᠯᠲᠠ ᠶᠢ 243 ᠤᠳᠠᠭ᠎ᠠ ᠥᠷᠨᠢᠭᠦᠯᠵᠦ᠂ ᠲᠤᠰᠬᠠᠶ ᠮᠡᠷᠭᠡᠵᠢᠯᠲᠡᠨ ᠢ ᠤᠷᠢᠵᠤ 《 ᠬᠠᠮᠲᠤᠷᠠᠨ ᠣᠨᠣᠰᠢᠯᠠᠬᠤ 》 ᠠᠵᠢᠯ ᠢ 58 ᠤᠳᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠨ ᠢ 620 ᠬᠥᠮᠦᠨ ᠤᠳᠠᠭ᠎ᠠ ᠪᠣᠯᠪᠠᠰᠤᠷᠠᠭᠤᠯᠵᠤ᠂ ᠠᠵᠤ ᠠᠬᠤᠶᠢᠯᠠᠯ ᠢ ᠰᠢᠪᠠᠳᠠᠵᠤ ᠪᠠᠶᠢᠭᠠᠳ 658 . 8 ᠲᠦᠮᠡᠨ ᠲᠥᠭᠦᠷᠢᠭ  ᠤᠨ ᠪᠠᠯᠠ ᠣᠷᠣᠭᠤᠯᠤᠯᠲᠠ ᠬᠢᠯᠭᠡᠵᠦ᠂ ᠨᠢᠭᠡ ᠪᠦᠯᠦᠭ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠪᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠶᠮᠠᠨ ᠠᠭᠤᠯᠠ ᠨᠡᠶᠢᠭᠡᠮ ᠲᠣᠭᠤᠷᠢᠭ ᠨᠢ《 2019 ᠣᠨ ᠤ ᠪᠥᠬᠦ ᠤᠯᠤᠰ ᠤᠨ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ 》 ᠤᠨ ᠢᠷᠠᠭᠤ ᠠᠯᠳᠠᠷ ᠤᠨ ᠴᠣᠯᠠ ᠣᠯᠪᠠ᠃ ᠠᠮᠤᠷ ᠲᠦᠪᠰᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠵᠢᠯ ᠳᠤ ᠠᠮᠢᠨ ᠬᠡᠷᠡᠭ ᠭᠠᠷᠤᠭᠰᠠᠨ ᠦᠭᠡᠢ᠂ ᠡᠷᠡᠭᠦᠦ ᠶᠢᠨ ᠬᠡᠷᠡᠭ᠂ ᠠᠮᠤᠷ ᠲᠦᠪᠰᠢᠨ ᠤ ᠬᠡᠷᠡᠭ ᠡᠭᠦᠰᠬᠦ ᠨᠣᠷᠮ᠎ᠠ ᠶᠢᠨ ᠬᠤᠣᠰ ᠪᠠᠭᠤᠷᠠᠯᠲᠠ ᠶᠢ ᠪᠡᠶᠡᠯᠡᠭᠦᠯᠪᠡ᠃ 《 ᠤᠶᠤᠨᠲᠤ ᠳᠣᠲᠣᠭᠠᠳᠤ ᠶᠢ ᠬᠠᠮᠠᠭᠠᠯᠠᠬᠤ 》 ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ《 ᠹᠧᠩ ᠴᠢᠶᠣᠤ ᠶᠢᠨ ᠲᠤᠷᠰᠢᠯᠭ᠎ᠠ 》 ᠶᠢ ᠪᠠᠷᠢᠮᠲᠠᠯᠠᠨ ᠬᠥᠭᠵᠢᠭᠦᠯᠵᠦ᠂ ᠪᠤᠯᠠᠭᠠᠨᠲᠣᠬᠤᠢ ᠶᠢᠨ ᠲᠣᠮᠢᠯᠠᠭᠰᠠᠨ ᠰᠠᠯᠪᠤᠷᠢ  ᠨᠢ ᠪᠦᠬᠦ ᠤᠯᠤᠰ ᠤᠨ ᠠᠩᠬᠠᠳᠠᠭᠴᠢ ᠪᠦᠯᠦᠭ 《 ᠹᠧᠩ ᠴᠢᠶᠣᠤ ᠮᠠᠶ᠋ᠢᠭ 》 ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠨᠡᠷ᠎ᠡ ᠳᠤᠷᠠᠳᠤᠭᠰᠠᠨ ᠨᠢᠭᠡᠴᠡ ᠳᠤ ᠣᠷᠣᠪᠠ  ᠃ ᠪᠦᠬᠦ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠪᠠ ᠬᠥᠮᠦᠨ ᠤᠳᠠᠭ᠎ᠠ ᠲᠣᠰᠪᠣᠷᠢ 36 % ᠪᠠ 46 %   ᠪᠠᠷ ᠪᠠᠭᠤᠷᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠨᠣᠷᠮ᠎ᠠ ᠲᠣᠰᠪᠣᠷᠢ 88 %᠂ 100 %᠂ 86 %   ᠳᠤ ᠬᠦᠷᠴᠦ᠂  ᠨᠢᠭᠡ ᠪᠦᠯᠦᠭ ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠳᠤᠪᠤᠶᠢᠮ᠎ᠠ ᠠᠰᠠᠭᠤᠳᠠᠯ ᠢ ᠵᠣᠬᠢᠰᠲᠠᠢ ᠰᠢᠢᠳᠪᠦᠷᠢᠯᠡᠪᠡ᠃        ︵ ᠨᠠᠶᠮᠠ  ︶ ᠨᠡᠶᠢᠭᠡᠮ ᠠᠷᠠᠳ ᠤᠨ ᠠᠮᠢᠳᠤᠷᠠᠯ ᠤᠨ ᠪᠠᠲᠤᠯᠠᠭ᠎ᠠ ᠰᠢᠨ᠎ᠡ ᠬᠢᠷᠢ ᠲᠦᠪᠰᠢᠨ ᠳᠤ ᠬᠦᠷᠪᠡ᠃  ᠪᠢᠳᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ  ᠶᠢᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠳᠡᠭᠡᠷ᠎ᠡ ᠢᠮᠠᠭᠲᠠ ᠠᠩᠬᠠᠷᠤᠯ ᠢᠶᠠᠨ ᠲᠦᠪᠯᠡᠷᠡᠭᠦᠯᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 11 . 3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ75.4 %   ᠶᠢ ᠡᠵᠡᠯᠡᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠤᠨ ᠠᠮᠢᠳᠤᠷᠠᠯ ᠢ  ᠴᠢᠩᠭᠠᠳᠬᠠᠪᠠ᠃  2807 ᠲᠦᠮᠡᠨ ᠲᠥᠭᠦᠷᠢᠭ ᠤᠨ ᠪᠡᠯᠡ ᠣᠷᠣᠭᠤᠯᠵᠤ᠂ 5 ᠰᠠᠭᠤᠷᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ 《  ᠰᠠᠭᠤᠷᠢ ᠨᠢᠮᠭᠡᠨ ᠰᠤᠷᠭᠠᠭᠤᠯᠢ  ᠶᠢ ᠥᠭᠡᠷᠡᠴᠢᠯᠡᠬᠦ 》ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 1682 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠲᠠᠢ ᠮᠢᠩᠭᠠᠲᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠤ ᠭᠤᠣᠯ ᠴᠣᠭᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 100 %   ᠳᠤ ᠬᠦᠷᠪᠡ︔ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠪᠡᠶᠡᠯᠡᠭᠦᠯᠵᠦ᠂ ᠲᠥᠪ ᠤᠨ ᠳᠠᠭᠠᠯᠲᠠ ᠲᠥᠬᠦᠭᠡᠷᠦᠮᠵᠢ ᠶᠢᠨ ᠲᠥᠷᠥᠯ ᠵᠦᠶᠯ ᠢ ᠡᠬᠢᠯᠡᠨ ᠪᠠᠶᠢᠭᠤᠯᠵᠤ᠂  ᠬᠤᠰᠢᠭᠤ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠭᠤᠸᠠᠩ ᠠᠨ ᠮᠧᠨ ᠬᠢᠲᠠᠳ ᠡᠮᠨᠡᠯᠭᠡ ᠶᠢᠨ ᠬᠤᠷᠢᠶ᠎ᠠ᠂ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ  ᠲᠠᠢ ᠬᠠᠪᠰᠤᠷᠤᠨ ᠲᠡᠳᠬᠦᠬᠦ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠣᠯᠠᠨ ᠵᠦᠢᠯ ᠤᠨ ᠰᠢᠨᠵᠢᠯᠡᠭᠡᠨ ᠤ ᠲᠤᠰᠬᠠᠶ ᠮᠡᠷᠭᠡᠵᠢᠯᠲᠡᠨ ᠬᠤᠰᠢᠭᠤᠨ ᠳᠤ ᠢᠷᠡᠵᠦ ᠠᠯᠪᠠᠨ ᠵᠢᠷᠤᠮ ᠤᠨ ᠡᠮᠴᠢᠯᠡᠭᠡ᠂ ᠨᠢᠭᠡ ᠪᠦᠯᠦᠭ ᠬᠤᠰᠢᠭᠤᠨ ᠤ ᠡᠮᠨᠡᠯᠭᠡ  ᠶᠢᠨ ᠠᠵᠢᠯᠲᠠᠨ ᠭᠠᠳᠠᠭᠰᠢ ᠭᠠᠷᠴᠤ ᠠᠵᠢᠯ ᠤᠨ ᠪᠠᠶᠢᠷᠢ ᠳᠠᠭᠠᠵᠤ ᠰᠤᠳᠤᠯᠤᠨ ᠰᠤᠷᠤᠯᠴᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢᠯᠡᠳᠲᠡ ᠰᠠᠶᠢᠵᠢᠷᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠲᠠᠮᠢᠷ ᠤᠨ ᠬᠥᠳᠡᠯᠭᠡᠭᠡᠨ ᠢ 60 ᠭᠠᠷᠤᠢ ᠲᠠᠯᠠᠪᠠᠢ ᠡᠷᠬᠢᠯᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠢ ᠲᠠᠯᠠᠪᠠᠢ ᠥᠷᠨᠢᠭᠦᠯᠪᠡ︔ 3 ᠭᠠᠴᠠᠭ᠎ᠠ ᠨᠢ ᠪᠦᠬᠦ ᠤᠯᠤᠰ ᠤᠨ ᠭᠤᠷᠪᠠᠳᠤᠭᠠᠷ ᠪᠦᠯᠦᠭ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠢᠶᠠᠷ ᠨᠡᠷᠡᠶᠢᠳᠦᠭᠳᠡᠪᠡ᠃ ᠰᠠᠭᠤᠷᠢ  ᠴᠢᠨᠠᠷᠲᠠᠢ ᠠᠷᠠᠳ ᠤᠨ ᠠᠮᠢᠳᠤᠷᠠᠯ ᠢ  ᠪᠠᠬᠢᠵᠢᠭᠦᠯᠪᠡ᠃ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠦᠨᠳᠦᠰᠦ ᠪᠣᠯᠭᠠᠬᠤ ᠶᠢ ᠪᠠᠷᠢᠮᠲᠠᠯᠠᠨ᠂ ᠪᠦᠬᠦ ᠵᠢᠯ ᠳᠤ ᠬᠤᠲᠠ ᠪᠠᠯᠭᠠᠰᠤᠨ ᠤ 923 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ ᠡᠭᠦᠷᠭᠡ ᠪᠠᠨ 185 %   ᠪᠠᠷ ᠪᠡᠶᠡᠯᠡᠭᠦᠯᠦᠨ᠂ 1900 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠣᠨ ᠤ ᠡᠭᠦᠷᠭᠡ ᠪᠠᠨ 100 %   ᠪᠠᠷ ᠪᠡᠶᠡᠯᠡᠭᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.5 %  ᠲᠣᠳᠣᠷ᠎ᠠ ᠬᠢᠵᠠᠭᠠᠷᠯᠠᠪᠠ᠃ ᠣᠷᠣᠨ ᠪᠦᠰᠡ ᠶᠢᠨ ᠴᠢᠨᠠᠷᠲᠠᠢ ᠮᠠᠯᠵᠢᠬᠤ ᠣᠷᠣᠨ ᠤ ᠨᠠᠰᠤᠲᠠᠨ  ᠢ ᠠᠰᠠᠷᠠᠬᠤ ᠨᠡᠶᠢᠲᠡ ᠶᠢᠨ ᠰᠠᠭᠤᠴᠠ ᠪᠠ ᠣᠷᠣᠨ ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠵᠣᠯ ᠵᠢᠷᠭᠠᠯᠲᠤ ᠭᠡᠷ ᠣᠷᠣᠨ ᠤ ᠶᠡᠷᠦᠩᠬᠡᠶᠢᠯᠡᠭᠰᠡᠨ ᠰᠤᠪᠢᠯᠠᠯᠲᠠ ᠶᠢᠨ ᠬᠦᠷᠢᠶᠡᠯᠡᠩ ᠳᠤ ᠣᠷᠣᠵᠤ ᠰᠠᠭᠤᠬᠤ ᠶᠢ ᠪᠡᠶᠡᠯᠡᠭᠦᠯᠵᠦ᠂ ᠮᠢᠩᠭᠠᠨ ᠨᠠᠰᠤᠲᠠᠨ ᠪᠦᠷᠢ ᠳᠤ 142 ᠣᠷᠣ ᠲᠠᠢ ᠪᠣᠯᠭᠠᠵᠤ᠂  ᠣᠷᠣᠰᠢᠭᠤᠯᠭ᠎ᠠ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠯᠠᠬᠤ ᠨᠥᠬᠦᠴᠡᠯ ᠢ  ᠪᠦᠷᠢᠯᠳᠦᠭᠦᠯᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠨ ᠶᠢᠨ ᠨᠦᠬᠦᠴᠡᠯ ᠢ ᠰᠠᠶᠢᠵᠢᠷᠠᠭᠤᠯᠵᠦ᠂᠂ 15 ᠬᠠᠭᠤᠴᠢᠨ ᠲᠣᠭᠤᠷᠢᠭ ᠪᠠ 2 ᠲᠣᠭᠤᠷᠢᠭ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ᠂ 522 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠪᠠ 500 ᠡᠷᠦᠬᠡ ᠶᠢᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠲᠠᠣᠬᠡᠨ ᠠᠴᠠ ᠦᠯᠡᠳᠡᠭᠳᠡᠵᠦ ᠢᠷᠡᠭᠰᠡᠨ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ 176 ᠢᠵᠢ ᠭᠦᠶᠴᠡᠳᠬᠡᠵᠦ᠂  ᠪᠦᠬᠦᠯᠢ ᠴᠣᠬᠴᠨ ᠪᠠᠷ ᠰᠢᠢᠳᠪᠦᠷᠢᠡᠯᠭᠰᠡᠨ ᠨᠣᠷᠮ᠎ᠠ  ᠂ ᠣᠷᠣᠨ ᠰᠠᠭᠤᠴᠠ ᠶᠢ ᠭᠦᠶᠴᠡᠳᠬᠡᠵᠦ ᠳᠠᠭᠤᠰᠬᠠᠭᠰᠠᠨ ᠨᠣᠷᠮ᠎ᠠ 91 %   ᠠᠴᠠ ᠳᠡᠭᠡᠭᠰᠢ ᠳᠤ ᠬᠦᠷᠴᠦ᠂ ᠪᠥᠬᠦ ᠠᠶᠢᠮᠠᠭ ᠤᠨ ᠲᠡᠷᠢᠭᠦᠨ ᠳᠤ ᠣᠷᠣᠪᠠ᠃ ᠠᠷᠠᠳ ᠤᠨ ᠠᠮᠢᠳᠤᠷᠠᠯ ᠢ  ᠪᠠᠳᠣᠯᠠᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠪᠦᠬᠦ ᠲᠠᠯ᠎ᠠ  ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ 950 ᠲᠦᠮᠡᠨ ᠲᠥᠭᠦᠷᠢᠭ ᠤᠨ ᠦᠷᠢ ᠰᠢᠷᠢ ᠶᠢ ᠢᠯᠭᠠᠷᠠᠭᠤᠯᠪᠠ  ︔ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠨ ᠬᠥᠮᠦᠨ  3 . 33 ᠲᠦᠮᠡ ᠳᠤ ᠬᠦᠷᠪᠡ︔ ᠴᠡᠷᠢᠭ ᠤᠨ ᠠᠯᠪᠠ ᠠᠴᠠ ᠪᠠᠭᠤᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠵᠠᠯᠭᠠᠨ ᠭᠦᠶᠴᠡᠳᠬᠡᠵᠦ ᠳᠠᠭᠤᠰᠬᠠᠭᠰᠠᠨ ᠨᠣᠷᠮ᠎ᠠ ᠨᠢ 100 %  ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96 . 42 %   ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠦᠶᠴᠡᠳᠬᠡᠯ ᠲᠤᠭ᠎ᠠ ᠶᠢᠨ ᠡᠭᠦᠷᠭᠡ ᠠᠴᠠ 1 . 42 ᠵᠠᠭᠤᠨ ᠤ ᠴᠡᠭ ᠥᠨᠳᠥᠷ ᠪᠣᠯᠪᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠬᠥᠳᠡᠭᠡ ᠳᠤ ᠨᠢᠭᠡᠳᠦᠯᠲᠡᠢ ᠲᠥᠯᠥᠪᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠨᠥᠬᠦᠪᠥᠷᠢ ᠶᠢ ᠳᠡᠭᠡᠭᠰᠢᠯᠡᠭᠦᠯᠬᠦ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠪᠡ᠃ ᠡᠯ᠎ᠡ ᠵᠦᠶᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠲᠦᠷ ᠴᠠᠭ ᠤᠨ ᠣᠯᠠᠨ ᠲᠦᠮᠡᠨ ᠢ《 ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ 》᠂ ᠣᠨᠴᠠ ᠬᠦᠴᠢᠷᠳᠡᠯᠲᠡᠶ ᠬᠥᠮᠦᠰ ᠢ《 ᠠᠰᠠᠷᠠᠪᠠᠰᠤ ᠵᠣᠬᠢᠬᠤ ᠶᠢ ᠨᠢ ᠪᠦᠬᠦᠨ ᠢ ᠠᠰᠠᠷᠠᠵᠤ 》᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ  ᠦᠨᠡᠨᠬᠦ  ᠰᠠᠬᠢᠪᠠ᠃        ᠠᠮᠵᠢᠯᠲᠠ ᠪᠦᠲᠦᠮᠵᠢ ᠶᠢᠨ ᠡᠮᠦᠨ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠮᠥᠨ ᠬᠦ ᠨᠠᠷᠢᠨ ᠪᠤᠳᠤᠯᠢᠶᠠᠨᠲᠠᠢ ᠲᠣᠳᠣᠭᠠᠲᠦ ᠭᠠᠳᠠᠭᠠᠳᠤ   ᠶᠢᠨ ᠣᠷᠴᠢᠨ ᠳᠤ  ᠨᠦᠯᠦᠭᠡᠯᠡᠭᠳᠡᠵᠦ  ᠂ ᠡᠯ᠎ᠡ ᠲᠥᠷᠥᠯ ᠤᠨ ᠲᠦᠭᠰᠢᠭᠦᠷᠢ ᠥᠷᠢᠰᠥᠯᠳᠦᠭᠡᠨ ᠳᠠᠪᠬᠤᠴᠠᠨ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠤ ᠣᠯᠠᠨ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠬᠥᠭᠵᠢᠯᠲᠡ ᠶᠢᠨ ᠣᠷᠴᠢᠨ ᠲᠣᠭᠤᠷᠢᠨ ᠠᠴᠠ ᠦᠵᠡᠪᠡᠯ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ ᠲᠣᠬᠳᠠᠭᠤᠨ ᠪᠤᠰᠤ ᠴᠢᠨᠠᠷ ᠣᠷᠣᠰᠢᠵᠤ᠂ ᠠᠵᠤ ᠠᠬᠤᠢ ᠶᠢᠨ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠵᠤ᠂ ᠬᠢᠵᠢᠭ ᠤᠨ ᠪᠠᠶᠢᠳᠠᠯ ᠤᠨ ᠳᠠᠭᠠᠷᠢᠯᠳᠠ  ᠠᠴᠠ ᠪᠣᠯᠤᠭᠰᠠᠨ ᠡᠯ᠎ᠡ ᠲᠦᠷᠦᠯ ᠤᠨ ᠡᠭᠦᠰᠦᠮᠡᠯ ᠠᠶᠤᠯ ᠲᠦᠭᠰᠢᠭᠦᠷᠢ ᠶᠢ ᠣᠮᠲᠣᠭᠠᠶᠢᠯᠠᠵᠤ  ᠪᠣᠯᠬᠤ ᠦᠭᠡᠢ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠲᠥᠷᠥᠯ ᠵᠦᠶᠯ  ᠤᠨ ᠪᠥᠲᠥᠭᠡᠨ ᠪᠠᠶᠢᠭᠤᠯᠤᠯᠲᠠ ᠠᠴᠠ ᠦᠵᠡᠪᠡᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠤᠨ ᠴᠢᠩᠭ᠎ᠠ ᠬᠢᠵᠠᠭᠠᠷᠯᠠᠯ ᠢ ᠳᠠᠭᠠᠯᠳᠤᠨ᠂ ᠡᠨᠧᠷᠭᠢ ᠶᠢᠨ ᠬᠤᠷᠣᠭᠳᠠᠯ ᠢ ᠬᠤᠤᠰ ᠢᠶᠠᠷ ᠬᠢᠵᠠᠭᠠᠷᠯᠠᠬᠤ ᠪᠠ ᠨᠡᠭᠦᠷᠡᠰᠦᠲᠥ᠋ᠷᠥᠭᠴᠢ ᠶᠢ ᠪᠠᠭᠠᠰᠬᠠᠬᠤ ᠭᠦᠶᠴᠡᠳᠬᠡᠯ ᠲᠤᠭ᠎ᠠ ᠡᠳᠦᠷ ᠢᠷᠡᠬᠦᠶ᠎ᠡ ᠪᠠᠴᠢᠮ ᠪᠣᠯᠵᠣ᠂ ᠪᠢᠳᠡ 《  ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ 》 ᠮᠥᠷᠲᠡᠭᠡᠨ ᠪᠠᠰᠠ《 ᠱᠠᠯᠠᠪᠳᠠᠨ  ᠭᠦᠭᠵᠢᠭᠦᠯᠬᠦ 》᠂ ᠡᠭᠦᠨ ᠤ ᠳᠡᠭᠡᠷ᠎ᠡ ᠪᠥᠬᠦ ᠠᠶᠢᠮᠠᠭ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠲᠥᠪᠯᠡᠷᠡᠭᠦᠯᠦᠨ ᠪᠥᠲᠥᠭᠡᠨ ᠪᠠᠶᠢᠭᠤᠯᠬᠤ ᠬᠤᠭᠤᠴᠠᠭ᠎ᠠ ᠳᠠᠭᠤᠰᠬᠤ ᠣᠶᠢᠷᠠᠲᠤᠵᠤ᠂ ᠠᠵᠤ ᠠᠬᠤᠢ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠬᠤ ᠪᠠᠷ ᠰᠢᠨ᠎ᠡ ᠲᠦᠯᠬᠢᠴᠡ ᠬᠦᠴᠦᠨ ᠢ ᠣᠷᠣᠭᠤᠯᠬᠤ ᠴᠢᠬᠤᠯᠠᠲᠠᠢ ᠶᠤᠮ᠃ ᠡᠳ᠋ ᠤᠨ ᠵᠠᠰᠠᠭ ᠤᠨ ᠪᠦᠲᠦᠴᠡ ᠠᠴᠠ ᠠᠪᠴᠤ ᠦᠵᠡᠪᠡᠯ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠵᠢᠴᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠴᠠ ᠪᠣᠯᠤᠭᠰᠠᠨ ᠲᠡᠦᠬᠡᠨ ᠥᠷᠢ ᠰᠢᠷᠢ   ᠶᠢ ᠲᠦᠯᠦᠬᠦ ᠤᠷᠬᠢᠯ ᠤᠨ ᠬᠤᠭᠤᠴᠠᠭᠠᠨ ᠳᠤ ᠣᠷᠣᠬᠤ ᠶᠢ ᠲᠠᠭᠠᠯᠳᠤᠨ᠂ 《 ᠭᠤᠷᠪᠠ ᠶᠢ ᠪᠠᠲᠤᠯᠠᠬᠤ 》ᠵᠠᠶᠢᠯᠠᠰᠢ ᠦᠭᠡᠢ ᠵᠠᠷᠤᠯᠭ᠎ᠠ ᠶᠢᠨ ᠳᠠᠷᠤᠯᠲᠠ ᠪᠠᠭᠤᠷᠠᠬᠤ ᠦᠭᠡᠢ ᠪᠠᠶᠢᠵᠤ᠂ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠮᠠᠰᠢ ᠤᠯᠠᠨ ᠳᠤᠲᠠᠭᠤᠳᠠᠯ ᠳᠤ  ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠴᠢᠬᠤᠯᠠᠲᠠᠢ ᠪᠠᠶᠢᠵᠤ᠂ ᠡᠳ᠋ ᠤᠨ ᠵᠠᠰᠠᠭ ᠲᠤ ᠨᠡᠯᠢᠶᠡᠳ ᠶᠡᠭᠡ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠳᠠᠷᠤᠯᠲᠠ ᠲᠤᠯᠭᠠᠷᠠᠵᠤ ᠪᠠᠶᠢᠨ᠎ᠠ᠃ ᠡᠳᠡᠭᠡᠷ ᠠᠰᠠᠭᠤᠳᠠᠯ ᠨᠢ ᠣᠬᠤᠷ ᠬᠤᠭᠤᠴᠠᠭᠠᠨ ᠤ ᠪᠠᠶᠢᠬᠤ ᠮᠥᠷᠲᠡᠭᠡᠨ ᠪᠠᠰᠠ ᠤᠷᠳᠤ ᠬᠤᠭᠤᠴᠠᠭᠠᠨ ᠤ ᠪᠠᠶᠢᠵᠦ᠂ ᠦᠶᠡᠯᠡᠯ ᠤᠨ ᠴᠢᠨᠠᠷᠲᠠᠢ ᠪᠠᠶᠢᠬᠤ ᠮᠥᠷᠲᠡᠭᠡᠨ ᠪᠠᠰᠠ ᠪᠦᠲᠦᠴᠡ ᠶᠢᠨ ᠴᠢᠨᠠᠷᠲᠠᠢ ᠪᠠᠶᠢᠬᠤ ᠪᠣᠯᠬᠤᠷ ᠪᠢᠳᠡ ᠡᠷᠡᠰ ᠵᠣᠷᠢᠭ ᠪᠠ ᠤᠶᠠᠨ ᠬᠠᠳᠠᠨ ᠴᠢᠨᠠᠷ  ᠢᠶᠠᠨ ᠪᠠᠲᠤᠯᠠᠵᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠴᠢᠬᠤᠯᠠᠲᠠᠢ ᠶᠤᠮ᠃         ᠬᠤᠶᠠᠷ᠂ 2021 ᠣᠨ ᠤ  ᠵᠢᠱᠢᠭᠰᠡᠨ ᠬᠠᠷᠠᠯᠲᠠ  ᠪᠠ ᠭᠤᠣᠯᠳᠠᠯᠭ᠎ᠠ ᠲᠠᠢ ᠠᠵᠢᠯ ᠤᠨ ᠡᠭᠦᠷᠭᠡ         2021 ᠣᠨ ᠪᠣᠯ《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ  ᠶᠢᠨ ᠵᠢᠯ᠂ ᠨᠡᠶᠢᠭᠡᠮ ᠵᠢᠷᠣᠮᠳᠣ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ᠂ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠠᠶᠢᠳᠠᠯ ᠢ ᠶᠡᠷᠦᠩᠬᠡᠶᠢᠯᠡᠨ ᠵᠠᠳᠠᠯᠤᠨ ᠰᠤᠳᠤᠯᠵᠤ᠂ ᠡᠨᠡ ᠵᠢᠯ   ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ ᠬᠤᠭᠤᠴᠠᠭᠠᠨ ᠤ ᠬᠢ ᠠᠴᠠ 9 . 0 % ᠣᠷᠴᠢᠮ  ᠨᠡᠮᠡᠭᠳᠡᠭᠦᠯᠦᠨ᠎ᠠ  ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 8 . 0 %   ᠠᠴᠠ ᠳᠡᠭᠡᠭᠰᠢ ᠪᠠᠶᠢᠯᠭᠠᠨ᠎ᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ   ᠶᠢ ᠠᠳᠠᠯᠢ ᠬᠤᠭᠤᠴᠠᠭᠠᠨ ᠤ  ᠬᠢ ᠠᠴᠠ 6 . 3 %   ᠪᠠᠷ ᠨᠡᠮᠡᠭᠳᠡᠭᠦᠯᠵᠦ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ  ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ  ︔ ᠨᠡᠶᠢᠭᠡᠮ  ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠦᠬᠦᠶᠢᠯᠡ ᠨᠣᠷᠮ᠎ᠠ ᠶᠢ ᠠᠳᠠᠯᠢ ᠬᠤᠭᠤᠴᠠᠭᠠᠨ ᠤ ᠬᠢ  ᠠᠴᠠ 5 . 8 % ᠪᠠᠷ  ᠨᠡᠮᠡᠭᠳᠡᠭᠦᠯᠦᠨ᠎ᠡ᠃         2021 ᠣᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠳᠣᠣᠷᠠᠬᠢ ᠬᠡᠳᠦᠨ ᠲᠠᠯ᠎ᠠ ᠶᠢ  ᠨᠢᠭᠡᠳᠦᠯᠲᠡᠢ ᠲᠥᠯᠥᠪᠵᠢᠭᠦᠯᠦᠨ ᠠᠳᠬᠤᠬᠤ  ᠬᠡᠷᠡᠭᠲᠡᠢ᠄         ︵ᠨᠢᠭᠡ︶ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠨ᠎ᠠ᠃ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠬᠦ ᠠᠴᠠ ᠪᠢᠰᠢ ᠪᠠᠭᠤᠷᠠᠭᠤᠯᠵᠤ ᠪᠣᠯᠬᠤ ᠦᠭᠡᠢ᠂ ᠣᠷᠣᠭᠤᠯᠤᠯᠲᠠ ᠶᠢᠨ ᠡᠷᠴᠢᠮ ᠢ  ᠨᠡᠮᠡᠭᠳᠡᠭᠦᠯᠬᠦ ᠠᠴᠠ ᠪᠢᠰᠢ ᠪᠠᠭᠠᠰᠬᠠᠵᠤ ᠪᠣᠯᠬᠤ ᠦᠭᠡᠢ᠃         ᠨᠢᠭᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠶᠢᠮᠠᠭ ᠤᠨ ᠵᠠᠬᠢᠷᠭ᠎ᠠ ᠠᠴᠠ 1 ᠰᠠᠷ᠎ᠠ ᠶᠢᠨ 14   ᠤ ᠡᠳᠦᠷ ᠬᠤᠷᠠᠯᠳᠤᠭᠤᠯᠤᠭᠰᠠᠨ ᠪᠥᠬᠦ ᠠᠶᠢᠮᠠᠭ ᠤᠨ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠬᠦ ᠵᠢᠴᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ《 ᠠᠷᠪᠠᠨ ᠳᠥᠷᠪᠡᠳᠦᠭᠡᠷ ᠲᠠᠪᠤᠨ ᠵᠢᠯ 》 ᠤᠨ ᠡᠬᠢᠯᠡᠯᠲᠡ ᠶᠢᠨ ᠵᠢᠯ ᠤᠨ ᠲᠡᠷᠢᠭᠦᠨ ᠴᠢᠬᠤᠯᠠ ᠠᠵᠢᠯ ᠤᠨ ᠡᠭᠦᠷᠭᠡ ᠪᠣᠯᠭᠠᠨ ᠠᠳᠬᠤᠬᠤ ᠪᠠᠷ ᠲᠣᠳᠣᠷᠬᠠᠶᠢᠯᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠣᠳᠠᠲᠠᠶ ᠱᠠᠭᠠᠷᠳᠠᠯᠭ᠎ᠠ ᠳᠤᠷᠠᠳᠪᠠ᠃ ᠮᠠᠨ ᠤ ᠬᠤᠰᠢᠭᠤ ᠨᠢ ᠬᠤᠷᠠᠯ ᠤᠨ ᠪᠠᠶᠢᠷᠢᠯᠠᠭᠤᠯᠤᠯᠲᠠ ᠪᠣᠯᠤᠨ 《 ᠰᠢᠯᠢ ᠶᠢᠨ ᠭᠤᠤᠯ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ 》 ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠱᠠᠯᠠᠪᠳᠠᠨ ᠲᠣᠭᠲᠠᠭᠠᠵᠤ᠂ ᠨᠡᠭᠦᠷᠡᠰᠦᠨ ᠤ ᠪᠤᠰᠤ ᠵᠠᠳᠠᠭᠠᠶ ᠠᠭᠤᠷᠬᠠᠶ ᠪᠠᠷ ᠭᠤᠤᠯᠳᠠᠯᠭ᠎ᠠ ᠪᠣᠯᠭᠠᠨ᠂ ᠡᠯ᠎ᠡ ᠲᠥᠷᠥᠯ ᠤᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ᠂ ᠦᠶᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠵᠠᠰᠠᠭ ᠵᠠᠬᠢᠷᠭᠠᠨ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢᠶᠠᠷ ᠳᠡᠮᠵᠢᠨ ᠦᠯᠡᠳᠡᠵᠦ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠥᠷᠢ ᠰᠢᠷᠢ ᠶᠢ ᠨᠥᠬᠦᠨ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 3   ᠶᠢ ᠳᠠᠬᠢᠨ ᠡᠭᠦᠳᠦᠨ ᠪᠠᠶᠢᠭᠤᠯᠬᠤ ᠶᠢ ᠦᠨᠡᠨ ᠬᠦ ᠪᠠᠲᠤᠯᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 1 . 36 ᠲᠡᠭᠰᠢ ᠳᠥᠷᠪᠡᠯᠵᠢᠨ ᠺᠢᠯᠣᠮᠧᠲᠷ ᠤᠨ ᠬᠠᠶᠠᠭᠳᠠᠮᠠᠯ ᠨᠦᠬᠡ ᠶᠢ ᠵᠠᠰᠠᠵᠤ᠂ ᠡᠨᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠦᠨ᠎ᠡ᠃ ᠡᠨᠡ ᠵᠢᠯ ᠠᠶᠢᠮᠠᠭ ᠠᠴᠠ《 ᠠᠭᠤᠷᠬᠠᠢ ᠶᠢᠨ ᠣᠷᠴᠢᠨ ᠲᠣᠭᠤᠷᠢᠨ   ᠢ ᠶᠡᠷᠦᠩᠬᠡᠶᠢᠯᠡᠨ ᠵᠠᠰᠠᠬᠤ ᠱᠠᠩᠨᠠᠯ ᠨᠥᠬᠦᠪᠥᠷᠢ ᠶᠢᠨ ᠲᠤᠰᠬᠠᠢ ᠲᠥᠷᠥᠯ ᠤᠨ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ 》 ᠶᠢ ᠲᠣᠭᠲᠠᠭᠠᠵᠤ᠂ ᠵᠠᠰᠠᠯᠲᠠ ᠶᠢᠨ ᠦᠷ᠎ᠡ ᠪᠦᠲᠦᠮᠵᠢ  ᠶᠢ ᠦᠨᠳᠦᠰᠦᠯᠡᠨ ᠡᠯ᠎ᠡ ᠬᠤᠰᠢᠭᠤ ᠰᠢᠶᠠᠨ ᠳᠤ ᠳᠡᠰ ᠬᠤᠪᠢᠶᠠᠨ ᠱᠠᠩᠨᠠᠯ ᠨᠥᠬᠦᠪᠥᠷᠢ  ᠣᠯᠭᠤᠵᠤ᠂ ᠮᠠᠨ ᠤ ᠬᠤᠰᠢᠭᠤ ᠨᠢ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠨᠠᠩ ᠣᠯᠠᠨ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠬᠤ ᠪᠠᠷ ᠴᠢᠷᠮᠠᠶᠢᠨ᠎ᠠ᠃         ᠬᠤᠶᠠᠷ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ  ᠭᠦᠴᠦᠯᠡᠨ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠡᠯᠡᠰᠦᠷᠬᠡᠭ ᠭᠠᠵᠠᠷ ᠤᠨ ᠭᠤᠣᠯᠳᠠᠯᠭ᠎ᠠ ᠲᠠᠢ ᠬᠥᠨᠥᠭᠡᠯᠲᠦ ᠣᠷᠣᠨ ᠢ ᠵᠠᠰᠠᠬᠤ ᠵᠡᠷᠭᠡ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ  ᠶᠢᠨ 4 ᠲᠦᠮᠡᠨ ᠮᠦ᠂ ᠨᠤᠲᠤᠭ ᠪᠡᠯᠴᠢᠭᠡᠷ ᠤᠨ ᠠᠮᠢ ᠠᠬᠤᠢ ᠶᠢ 7 . 5 ᠲᠦᠮᠡᠨ ᠮᠦ   ᠶᠢ ᠵᠠᠰᠠᠨ ᠰᠡᠷᠭᠦᠭᠡᠬᠦ ᠶᠢ  ᠪᠡᠶᠡᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠭᠠᠵᠠᠷ ᠤᠨ ᠭᠠᠳᠠᠷᠭᠤ ᠶᠢᠨ ᠬᠢᠨᠠᠨ ᠬᠡᠮᠵᠢᠯᠲᠡ ᠶᠢ ᠭᠦᠨᠵᠡᠭᠡᠶ ᠥᠷᠨᠢᠭᠦᠯᠵᠦ᠂ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠵᠢᠴᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ᠃《 ᠭᠤᠤᠯ   ᠤᠨ ᠳᠠᠷᠤᠭ᠎ᠠ ᠶᠢᠨ ᠲᠦᠷᠢᠮ 》 ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ᠂ ᠲᠠᠷᠢᠶᠠᠯᠠᠬᠤ ᠪᠠᠨ ᠵᠣᠭᠰᠣᠵᠤ ᠣᠶᠢᠵᠢᠭᠤᠯᠬᠤ ᠪᠠ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠠᠶᠢᠲᠤᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠣᠳᠣᠬᠠᠨ ᠳᠤ᠂ ᠮᠠᠨ ᠤ ᠬᠤᠰᠢᠭᠤ ᠨᠢᠭᠡᠨᠲᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠵᠦ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡ ᠬᠠᠷᠢᠭᠤᠴᠠᠯᠭ᠎ᠠ ᠶᠢᠨ ᠣᠴᠢᠷ ᠶᠠᠪᠤᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠤᠮᠤ ᠪᠠᠯᠭᠠᠰᠤ᠂ ᠬᠤᠰᠢᠭᠤ ᠬᠤᠶᠠᠷ ᠱᠠᠲᠤᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ   ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠲᠠᠯ᠎ᠠ ᠨᠤᠲᠤᠭ ᠤᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠲᠣᠭᠤᠷᠢᠨ   ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃       ᠭᠤᠷᠪᠠ  ᠂ ᠪᠣᠬᠢᠷᠲᠤᠯ ᠢ ᠰᠡᠷᠭᠡᠶᠢᠯᠡᠨ ᠵᠠᠰᠠᠬᠤ  ᠰᠢᠪᠳᠣᠯᠣᠯᠳᠠ ᠶᠢ ᠭᠦᠨᠵᠡᠭᠡᠢ ᠰᠠᠶᠢᠲᠤᠷ  ᠬᠢᠨ᠎ᠠ᠃ ᠴᠢᠭᠯᠡᠯ ᠢ ᠬᠤᠪᠢᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠢ ᠣᠨᠣᠪᠴᠢᠲᠠᠶ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠳᠣᠪᠣᠶᠢᠯᠭᠠᠵᠤ᠂ ᠡᠯ᠎ᠡ ᠵᠦᠶᠯ ᠤᠨ ᠱᠠᠲᠤ ᠦᠶ᠎ᠡ ᠶᠢᠨ ᠴᠢᠨᠠᠷᠲᠠᠶ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠪᠣᠬᠢᠷᠲᠤᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ  ᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠰᠦᠯᠵᠢᠶᠡᠨ ᠤ ᠲᠠᠪᠴᠠᠩ ᠳᠤ ᠣᠷᠣᠭᠤᠯᠣᠨ᠎ᠠ︔ ᠭᠤᠣᠯᠳᠠᠯᠭ᠎ᠠ ᠲᠠᠢ ᠠᠭᠠᠷ ᠮᠠᠨᠳᠠᠯ ᠳᠤ ᠬᠤᠯᠪᠣᠭᠳᠠᠬᠤ ᠪᠣᠬᠢᠷᠲᠤᠯ ᠤᠨ ᠡᠬᠢ  ᠰᠣᠷᠪᠣᠯᠵᠢ ᠶᠢᠨ ᠬᠢᠨᠠᠨ ᠡᠵᠡᠮᠰᠢᠯ ᠤᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠵᠦ᠂ ᠮᠠᠨ ᠤ ᠬᠤᠰᠢᠭᠤᠨ ᠤ ᠠᠭᠠᠷ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠤᠰᠤᠨ ᠤ ᠡᠬᠢ ᠰᠤᠷᠪᠤᠯᠵᠢ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ︔ ᠮᠢᠩᠭᠠᠲᠤ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠶᠯᠡᠳᠪᠦᠷᠢ ᠶᠢᠨ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠤᠵᠠᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠪᠠ ᠲᠤᠩᠭᠠᠭᠰᠠᠨ ᠤᠰᠤ ᠶᠢ ᠠᠰᠢᠭᠯᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠵᠠᠷ ᠤᠰᠤ ᠶᠢ ᠰᠢᠢᠳᠪᠦᠷᠢᠯᠡᠬᠦ ᠦᠶᠯᠡᠳᠪᠦᠷᠢ ᠶᠢ ᠪᠠᠷᠢᠮᠵᠢᠶᠠᠨ ᠳᠤ ᠬᠦᠷᠭᠡᠨ ᠭᠠᠳᠠᠭᠰᠢᠯᠠᠭᠤᠯᠬᠤ ᠶᠢ ᠪᠠᠲᠤᠯᠠᠨ᠎ᠠ᠃  ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠶᠳᠪᠦᠷᠢᠯᠡᠬᠦ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠬᠦᠷᠢᠶᠡᠯᠡᠩ ᠲᠣᠭᠤᠷᠢᠭ ᠤᠨ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠳᠤᠲᠠᠭᠤᠳᠠᠯ ᠢ ᠰᠢᠶᠳᠪᠦᠷᠢᠯᠡᠨ᠎ᠡ᠃ ᠲᠦᠭᠰᠢᠭᠦᠷᠢ ᠳᠤ ᠬᠤᠯᠪᠣᠭᠳᠠᠭᠰᠠᠨ᠂ ᠬᠦᠨᠳᠦ ᠬᠡᠴᠡᠭᠦᠦ ᠪᠠᠶᠢᠳᠠᠯ ᠳᠤ ᠬᠤᠯᠪᠣᠭᠳᠠᠭᠰᠠᠨ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠢᠨᠠᠨ ᠰᠢᠨᠵᠢᠵᠦ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠬᠡᠷᠡᠭᠲᠠᠢ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 77  ᠭᠠᠴᠠᠭ᠎ᠠ ᠲᠣᠰᠬᠤᠨ ᠤ ᠦᠶᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ ᠣᠯᠠᠨ ᠨᠡᠶᠢᠲᠡ ᠶᠢᠨ ᠦᠶᠯᠡᠴᠢᠯᠡᠭᠡ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ︔ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠲᠠᠷᠢᠮᠠᠯ  ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠡᠪᠡᠳᠴᠢᠨ ᠢᠶᠠᠷ ᠥᠭᠦᠭᠰᠡᠨ ᠮᠠᠯ ᠢ  ᠬᠤᠣᠷᠳᠣᠯ ᠦᠬᠡᠢ ᠰᠢᠶᠳᠪᠦᠷᠢᠯᠡᠬᠦ  ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠪᠣᠷᠲᠣᠭᠤᠷ ᠣᠷᠣᠭᠤᠯᠬᠤ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠶᠢ ᠳᠡᠯᠭᠡᠷᠡᠭᠦᠯᠦᠨ᠂ ᠲᠠᠷᠢᠶᠠᠯᠠᠩ ᠤᠨ ᠣᠯᠠᠨ ᠡᠬᠢ  ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠲᠥᠪ ᠤᠨ ᠣᠷᠴᠢᠨ ᠲᠣᠭᠤᠷᠢᠨ  ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠢ ᠰᠠᠶᠢᠲᠤᠷ ᠬᠢᠨ᠎ᠠ᠃       ︵ᠬᠤᠶᠠᠷ︶ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠶᠢ ᠠᠬᠢᠭᠤᠯᠣᠨ ᠳᠣᠲᠣᠭᠠᠳᠤ ᠬᠡᠷᠡᠭᠴᠡᠭᠡ ᠶᠢ ᠦᠷᠭᠡᠳᠭᠡᠨ᠎ᠡ᠃ ᠬᠤᠷᠸ᠎ᠠ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠬᠢᠵᠢᠭ ᠤᠨ ᠪᠠᠶᠢᠳᠠᠯ ᠤᠨ ᠳᠠᠭᠠᠷᠢᠯᠳᠠ ᠮᠥᠨ ᠬᠦ ᠦᠷᠭᠦᠯᠵᠢᠯᠡᠵᠦ ᠪᠠᠶᠢᠭ᠎ᠠ ᠪᠠᠶᠢᠳᠠᠯ ᠳᠣᠣᠷ᠎ᠠ᠂ ᠠᠵᠤ ᠠᠬᠤᠢ ᠶᠢᠨ ᠰᠡᠷᠭᠦᠯᠲᠡ ᠶᠢ ᠲᠦᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠪᠣᠯ ᠮᠥᠨ ᠬᠦ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠦᠷᠭᠦᠯᠵᠢᠯᠡᠨ《 ᠵᠢᠷᠭᠤᠭ᠎ᠠ ᠶᠢ ᠲᠣᠭᠲᠠᠪᠤᠷᠢᠵᠢᠭᠤᠯᠬᠤ 》《 ᠵᠢᠷᠭᠤᠭ᠎ᠠ ᠶᠢ ᠪᠠᠲᠤᠯᠠᠬᠤ 》ᠠᠵᠢᠯ ᠢ ᠴᠢᠬᠤᠯᠠ ᠠᠴᠠ ᠴᠢᠬᠤᠯᠠ ᠵᠦᠶᠯ ᠪᠣᠯᠭᠠᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠠᠬᠢᠭᠤᠯᠣᠨ᠎ᠠ᠃         ᠨᠢᠭᠡ ᠳᠤ᠂ ᠭᠤᠣᠯᠳᠠᠯᠭ᠎ᠠ ᠲᠠᠢ ᠠᠵᠢᠯ ᠲᠦᠷᠦᠯ ᠠᠵᠤ ᠠᠬᠤᠶᠢᠯᠠᠯ ᠤᠨ ᠲᠣᠭᠲᠠᠭᠤᠨ ᠡᠷᠭᠢᠯᠲᠡ ᠶᠢ ᠰᠠᠶᠢᠲᠤᠷ ᠠᠳᠬᠤᠨ᠎ᠠ᠃ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠤᠨ ᠪᠥᠬᠦ ᠪᠠᠭᠲᠠᠭᠠᠮᠵᠢ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠦᠨᠡᠨᠬᠦ ᠪᠠᠲᠤᠯᠠᠨ᠎ᠠ ︔  ᠣᠨᠴᠨ ᠦᠨᠳᠦᠷ ᠬᠦᠴᠦᠳᠡᠯᠳᠦ ᠴᠠᠬᠢᠯᠭᠠᠨ᠂ ᠶᠢᠨ ᠹᠧᠩ ᠰᠢᠨᠵᠢᠯᠡᠭᠡ ᠮᠡᠷᠭᠡᠵᠢᠯ᠂ ᠵᠢᠶᠠᠨ ᠠᠨ ᠴᠧᠩ ᠵᠡᠷᠭᠡ ᠭᠤᠷᠪᠠᠨ ᠲᠣᠨᠣᠭᠯᠠᠯ ᠦᠢᠯᠡᠳᠬᠦ ᠠᠵᠤ ᠠᠬᠤᠶᠢᠯᠠᠯ ᠢ ᠬᠠᠪᠰᠤᠷᠤᠨ ᠳᠠᠮᠵᠢᠵᠤ᠂ ᠵᠠᠬ᠎ᠠ ᠳᠡᠯᠭᠡᠭᠦᠷ ᠤᠨ ᠵᠠᠬᠢᠶᠠᠯᠠᠭ᠎ᠠ  ᠶᠢ ᠣᠯᠠᠨ ᠲᠠᠯ᠎ᠠ ᠪᠠᠷ ᠲᠡᠮᠡᠴᠡᠨ ᠣᠯᠵᠤ᠂ ᠦᠷᠭᠦᠯᠵᠢᠯᠡᠨ ᠪᠦᠬᠦ ᠬᠦᠴᠦᠨ ᠢᠶᠠᠷ ᠦᠢᠯᠡᠳᠪᠦᠷᠢᠯᠡᠨ᠂ ᠨᠥᠸᠧ ᠶᠢᠨ ᠨᠡᠭᠦᠷᠡᠰᠦ᠋ᠳᠦᠷᠦᠭᠴᠢᠲᠦ ᠪᠠᠯ ᠴᠢᠯᠠᠭᠤᠨ ᠴᠠᠬᠢᠯᠭᠠᠨ ᠲᠣᠶᠢᠯ ᠤᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠠᠢ ᠮᠧᠩ ᠪᠠᠯ ᠴᠢᠯᠠᠭᠤᠨ ᠠᠯᠺᠧᠨ ᠪᠢᠯᠢᠭ  ᠲᠣᠶᠢᠯ ᠤᠨ ᠮᠠᠲ᠋ᠧᠷᠢᠶᠠᠯ ᠤᠨ ᠲᠤᠰᠬᠠᠢ ᠬᠡᠷᠡᠭᠯᠡᠬᠦ ᠬᠠᠶᠢᠯᠤᠭᠤᠷ ᠤᠨ ᠲᠥᠷᠦᠯ ᠵᠦᠢᠯ ᠢ ᠲᠣᠭᠲᠠᠭᠤᠨ ᠢᠶᠠᠷ ᠠᠵᠢᠯᠯᠠᠭᠤᠯᠤᠨ᠎ᠠ︔  ᠳ᠋ᠦᠩ ᠹᠠᠩ ᠴᠡᠴᠡᠷᠯᠢᠭ   ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠴᠢᠶᠠᠨ ᠶᠢᠨ ᠳ᠋ᠠ ᠮᠥᠩᠭᠦ ᠲᠤᠭᠤᠯᠭ᠎ᠠ ᠴᠠᠶᠢᠷ  ᠤᠨ ᠦᠩᠭᠡᠲᠦ ᠲᠡᠮᠦᠷᠯᠢᠭ   ᠤᠨ ᠬᠦᠳᠡᠷ ᠰᠢᠯᠢᠬᠦ᠂ ᠠᠨ ᠱᠧᠩ ᠬᠠᠶᠢᠯᠤᠭᠤᠷ ᠵᠣᠩᠰᠢ ᠰᠢᠯᠢᠬᠦ ᠦᠶᠯᠡᠳᠪᠦᠷᠢ ᠶᠢᠨ ᠲᠥᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠭᠦᠸᠧ ᠠᠶ ᠨᠢᠺᠧᠯ  ᠤᠨ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ︔ ᠡᠷᠳᠡᠨᠢ  ᠠᠦ᠋ᠲ᠋ᠣᠴᠢᠯᠠᠭᠰᠠᠨ ᠨᠢᠲᠤᠯᠬᠤ ᠦᠶᠯᠡᠳᠪᠦᠷᠢ ᠵᠡᠷᠭᠡ ᠲᠥᠷᠥᠯ ᠵᠦᠶᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ︔ ᠮᠧᠩ ᠱᠧᠩ ᠮᠢᠬᠠᠨ ᠤ ᠦᠢᠯᠡᠰ᠂ ᠢ ᠱᠧᠩ ᠮᠢᠬᠠᠨ ᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠰᠦ ᠰᠠᠭᠠᠯᠢ ᠶᠢᠨ ᠦᠶᠯᠡᠰ ᠢ ᠬᠥᠭᠵᠢᠭᠦᠯᠦᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠣᠶᠢᠵᠢᠭᠤᠯᠤᠨ ᠳᠡᠮᠵᠢᠵᠦ᠂  ᠰᠠᠭᠠᠯᠢ ᠶᠢᠨ ᠦᠨᠢᠶ᠎ᠡ ᠮᠠᠯᠵᠢᠬᠤ 12 ᠳᠤᠮᠳᠠ ᠵᠢᠵᠢᠭ ᠲᠠᠯᠠᠪᠠᠶ ᠪᠣᠯᠤᠨ ᠴᠠᠭᠠᠨ ᠢᠳᠡᠭᠡᠨ ᠡᠳ᠋ᠰᠢᠭᠦᠯᠬᠦ 6 ᠠᠵᠤ ᠠᠬᠤᠶᠢᠯᠠᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠡᠳᠬᠦᠨ ᠳᠡᠮᠵᠢᠨ᠎ᠡ᠃ ᠠᠵᠤ ᠠᠬᠤᠶᠢᠯᠠᠯ ᠤᠨ ᠬᠡᠪᠴᠢᠶᠡᠵᠢᠯ  ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 8   ᠳᠤ ᠬᠦᠷᠭᠡᠬᠦ ᠪᠠᠷ ᠴᠢᠷᠮᠠᠶᠢᠵᠤ᠂ ᠨᠡᠶᠢᠲᠡ 20   ᠳᠤ ᠬᠦᠷᠭᠡᠨ᠎ᠡ᠃         ᠬᠤᠶᠠᠷ ᠲᠤ᠂ ᠭᠤᠤᠯᠳᠠᠯᠭ᠎ᠠ ᠲᠠᠢ ᠲᠥᠷᠥᠯ ᠵᠦᠶᠯ ᠢ ᠰᠠᠶᠢᠲᠤᠷ ᠠᠳᠬᠤᠵᠤ ᠪᠠᠯᠠ ᠣᠷᠣᠭᠤᠯᠤᠯᠲᠠ ᠶᠢ ᠠᠬᠢᠭᠤᠯᠣᠨ᠎ᠠ᠃ ᠵᠢᠯ ᠤᠨ ᠳᠣᠲᠣᠷ᠎ᠠ 46 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠣᠬᠢᠷᠠᠭᠤᠯᠵᠤ ᠂ ᠡᠭᠦᠨ ᠳᠤ ᠠᠶᠢᠮᠠᠭ ᠤᠨ ᠱᠠᠲᠤᠨ ᠤ 10 ᠭᠤᠣᠯᠳᠠᠯᠭ᠎ᠠ ᠲᠠᠢ ᠲᠥᠷᠥᠯ ᠵᠦᠢᠯ  ᠪᠣᠢ᠃ ᠲᠣᠭᠲᠠᠭᠰᠠᠨ ᠬᠠᠷᠠᠯᠲᠠ  ᠪᠠᠨ ᠪᠡᠶᠡᠯᠡᠭᠦᠯᠬᠦ ᠲᠣᠭᠤᠷᠢᠨ ᠳᠤ᠂ ᠭᠤᠤᠯᠳᠠᠯᠭ᠎ᠠ ᠲᠠᠢ ᠲᠥᠷᠥᠯ ᠵᠦᠶᠯ   ᠳᠤ  ᠬᠤᠰᠢᠭᠤ ᠱᠠᠲᠤᠨ ᠤ ᠤᠳᠤᠷᠢᠳᠤᠯᠭ᠎ᠠ ᠬᠠᠷᠢᠯᠴᠠᠬᠤ᠂ ᠰᠠᠯᠠᠭ᠎ᠠ ᠮᠥᠴᠢᠷ ᠮᠥᠷᠳᠡᠨ ᠦᠶᠯᠡᠴᠢᠯᠡᠬᠦ᠂ ᠭᠠᠷ ᠭᠦᠶᠴᠡᠳᠬᠡᠯ ᠢ ᠴᠠᠭ ᠬᠢᠵᠠᠭᠠᠷᠯᠠᠨ ᠭᠦᠶᠴᠡᠳᠬᠡᠵᠦ ᠳᠠᠭᠤᠰᠬᠠᠬᠤ ᠵᠡᠷᠭᠡ ᠲᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠳᠠᠷᠤᠶ ᠲᠦᠷᠭᠡᠨ ᠡᠬᠢᠯᠡᠭᠦᠯᠵᠦ᠂ ᠬᠤᠰᠢᠭᠤ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶᠡᠨ ᠳᠠᠬᠢ ᠲᠥᠷᠥᠯ ᠵᠦᠶᠯ ᠤᠨ ᠭᠠᠷ ᠭᠦᠶᠴᠡᠳᠬᠡᠯ ᠢ ᠵᠥᠪᠰᠢᠶᠡᠷᠡᠬᠦ ᠪᠦᠬᠦᠨ ᠢ ᠵᠥᠪᠰᠢᠶᠡᠷᠡᠬᠦ᠂ ᠬᠢᠨᠠᠬᠤ ᠶᠣᠰᠣᠲᠠᠶ ᠪᠦᠬᠦᠨ ᠢ ᠬᠢᠨᠠᠬᠤ ᠶᠢ  ᠪᠠᠲᠤᠯᠠᠵᠤ᠂ ᠥᠪᠡᠷᠲᠡᠭᠡᠨ ᠵᠠᠰᠠᠬᠤ ᠣᠷᠣᠨ  ᠂ ᠠᠶᠢᠮᠠᠭ ᠤᠨ ᠱᠠᠲᠤᠨ ᠤ ᠬᠢᠨᠠᠨ ᠵᠥᠪᠰᠢᠶᠡᠷᠡᠬᠦ ᠲᠥᠷᠥᠯ ᠵᠦᠶᠯ ᠤᠨ ᠭᠠᠷ ᠭᠦᠶᠴᠡᠳᠬᠡᠯ ᠢ ᠮᠡᠳᠡᠭᠦᠯᠬᠦ ᠶᠣᠰᠣᠲᠠᠶ ᠪᠦᠬᠦᠨ ᠢ ᠮᠡᠳᠡᠭᠦᠯᠵᠦ᠂  ᠲᠦᠯᠦᠪᠯᠡᠭᠡ   ᠳᠤ ᠣᠷᠣᠭᠤᠯᠤᠭᠰᠠᠨ ᠭᠤᠤᠯᠳᠠᠯᠭ᠎ᠠ ᠲᠠᠢ ᠲᠥᠷᠥᠯ ᠵᠦᠶᠯ ᠢ ᠴᠥᠮ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠬᠦ ᠶᠢ ᠪᠠᠲᠤᠯᠠᠵᠤ᠂ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠬᠡᠷᠡᠭᠲᠡᠶ᠃《 ᠴᠡᠭ ᠠᠴᠠ ᠴᠡᠭ ᠲᠤ ᠬᠦᠷᠬᠦ 》ᠠᠷᠠᠯᠵᠢᠶᠠᠴᠢᠨ ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠡᠭᠡᠵᠢᠩ ᠲᠢᠶᠠᠨᠵᠢᠨ ᠾᠧᠪᠸᠢ ᠶᠢᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠵᠣᠯᠭᠠᠭᠤᠯᠵᠤ᠂ ᠨᠠᠷᠢᠯᠢᠭ ᠡᠳ᠋ᠰᠢᠭᠦᠯᠦᠯᠲᠡ᠂ ᠤᠷᠳᠤ ᠬᠡᠯᠬᠢᠶ᠎ᠡ᠂ ᠥᠨᠳᠥᠷ ᠨᠡᠮᠡᠯᠲᠡ ᠦᠷᠳᠡᠭ ᠲᠠᠢ ᠲᠦᠷᠦᠯ ᠵᠦᠢᠯ ᠢ ᠲᠥᠪᠯᠡᠷᠡᠭᠦᠯᠦᠨ ᠣᠷᠣᠭᠤᠯᠵᠤ᠂ ᠲᠡᠮᠦᠷᠯᠢᠭ  ᠤᠨ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠣᠯᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠨᠢᠭᠡ ᠪᠦᠯᠦᠭ ᠲᠣᠬᠢᠷᠠᠮᠵᠢᠲᠠᠶ ᠲᠥᠷᠥᠯ ᠵᠦᠶᠯ ᠢ ᠦᠷᠭᠦᠯᠵᠢᠯᠡᠨ ᠲᠥᠯᠥᠪᠯᠡᠵᠦ ᠨᠠᠶᠢᠷᠠᠭᠤᠯᠤᠨ ᠮᠡᠳᠡᠭᠦᠯᠵᠦ᠂ ᠴᠢᠨᠠᠷ ᠰᠠᠶᠢᠲᠠᠶ ᠭᠤᠤᠯᠳᠠᠯᠭ᠎ᠠ ᠲᠠᠢ ᠲᠥᠷᠥᠯ ᠵᠦᠶᠯ ᠤᠨ ᠬᠥᠮᠥᠷᠭᠡ ᠶᠢ ᠪᠠᠶᠢᠭᠤᠯᠵᠤ᠂ ᠭᠠᠷᠭᠠᠵᠤ ᠳᠡᠶᠢᠯᠬᠦ᠂ ᠠᠬᠢᠭᠤᠯᠵᠤ ᠳᠡᠶᠢᠯᠬᠦ ᠶᠢ  ᠪᠠᠳᠣᠯᠠᠨ ᠱᠠᠳᠣᠯᠢᠭ ᠬᠡᠯᠪᠡᠷᠢ ᠶᠢ ᠪᠦᠷᠢᠯᠳᠦᠭᠦᠯᠦᠨ᠎ᠡ  ᠃         ᠭᠤᠷᠪᠠ   ᠳᠤ᠂ ᠦᠢᠯᠡᠴᠢᠯᠡᠭᠡᠨ ᠤ ᠦᠢᠯᠡᠰ ᠢ ᠰᠠᠶᠢᠲᠤᠷ ᠠᠳᠬᠤᠵᠤ ᠬᠡᠷᠡᠭᠯᠡᠭᠡ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠣᠳᠠᠲᠤ ᠪᠠᠶᠢᠳᠠᠯ ᠢ ᠦᠨᠳᠦᠰᠦᠯᠡᠨ᠂ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠨ᠂ ᠬᠡᠷᠡᠭᠯᠡᠭᠡ ᠶᠢᠨ ᠰᠢᠨ᠎ᠡ ᠵᠠᠭᠪᠤᠷ ᠢ ᠬᠥᠭᠵᠢᠭᠦᠯᠦᠨ᠎ᠡ᠃ ᠬᠡᠷᠡᠭᠯᠡᠭᠡ ᠶᠢ ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ  ᠲᠠᠢ ᠤᠶᠠᠯᠳᠤᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠠᠵᠢᠯ ᠲᠦᠷᠦᠯ ᠤᠨ ᠲᠡᠰ ᠳᠡᠪᠰᠢᠬᠦ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡ ᠪᠠ ᠲᠦᠷᠭᠡᠨ ᠬᠦᠷᠭᠡᠯᠳᠡ ᠶᠢᠨ ᠪᠠᠷᠠᠭᠠᠨ ᠤ ᠭᠦᠶᠯᠭᠡᠭᠡ ᠶᠢᠨ ᠳᠣᠭᠢᠷᠠᠭᠤᠯᠤᠨ ᠬᠦᠷᠭᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂  ᠬᠤᠰᠢᠭᠤ  ᠬᠡᠪᠴᠢᠶᠡᠨ ᠤ ᠬᠡᠷᠡᠭᠯᠡᠭᠡ ᠶᠢᠨ ᠴᠢᠳᠠᠪᠤᠷᠢ ᠶᠢ ᠥᠷᠭᠡᠳᠬᠡᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢᠨ ᠵᠢᠵᠢᠭᠯᠡᠨ ᠬᠤᠳᠠᠯᠳᠤᠬᠤ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 20 %   ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠶ᠃ ᠬᠤᠨᠤᠭ ᠪᠠᠭᠤᠳᠠᠯ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ  ᠢ ᠳᠡᠭᠡᠭᠰᠢᠯᠡᠭᠦᠯᠬᠦ ᠶᠢ ᠲᠦᠷᠭᠡᠳᠬᠡᠵᠦ᠂  ᠳ᠋ᠧ ᠺᠧ ᠯᠦᠩ ᠬᠤᠳᠠᠯᠳᠤᠭᠠᠨ ᠤ ᠠᠰᠠᠷ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠢ᠃ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ ᠰᠤᠳᠤᠯᠭᠠᠨ ᠤ  ᠬᠥᠮᠦᠵᠢᠯ  ᠤᠨ ᠰᠠᠭᠤᠷᠢᠨ ᠭᠠᠵᠠᠷ ᠤᠨ ᠭᠤᠷᠪᠠᠳᠤᠭᠠᠷ ᠬᠤᠭᠤᠴᠠᠭ᠎ᠠ᠂ ᠣᠭᠲᠠᠷᠭᠤᠢ ᠶᠢᠨ ᠣᠷᠴᠢᠨ ᠲᠣᠭᠤᠷᠢᠨ ᠤ ᠰᠠᠭᠤᠷᠢᠨ ᠭᠠᠵᠠᠷ ᠤᠨ ᠬᠢᠨᠠᠨ ᠬᠡᠮᠵᠢᠬᠦ ᠰᠦᠯᠵᠢᠶ᠎ᠡ ᠪᠠ  ᠣᠳᠤᠨ ᠣᠭᠲᠠᠷᠭᠤᠢ ᠶᠢᠨ ᠢᠨᠵᠧᠨᠧᠷᠢᠩ   ᠤᠨ ᠬᠤᠶᠠᠳᠤᠭᠠᠷ ᠬᠤᠭᠤᠴᠠᠭ᠎ᠠ ᠵᠡᠷᠭᠡ ᠤᠯᠤᠰ   ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠦᠭᠦᠭᠡᠷᠦᠮᠵᠢ  ᠶᠢᠨ ᠲᠥᠷᠥᠯ ᠵᠦᠢᠯ ᠲᠤ ᠲᠦᠰᠢᠭᠯᠡᠨ᠂ ᠤᠯᠤᠰ ᠤᠨ ᠣᠳᠣᠨ ᠣᠭᠲᠠᠷᠭᠤᠢ ᠶᠢᠨ ᠬᠤᠸᠠᠷᠠᠨ ᠤ ᠭᠤᠣᠯ ᠦᠵᠡᠮᠵᠢ  ᠶᠢᠨ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠭᠤᠯᠴᠢᠯᠠᠯ ᠤᠨ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ᠂ ᠵᠠᠰᠠᠮᠠᠯ ᠵᠠᠮ ᠤᠨ ᠦᠵᠡᠮᠵᠢ ᠶᠢᠨ ᠲᠠᠪᠴᠠᠩ᠂ ᠲᠡᠷᠭᠡᠨ ᠵᠣᠭᠰᠣᠭᠠᠯ᠂ ᠲᠡᠮᠳᠡᠭ ᠫᠠᠶᠢᠰᠠ ᠵᠡᠷᠭᠡ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠠᠳ  ᠤᠨ ᠵᠠᠩ ᠵᠠᠩᠰᠢᠯ ᠢ ᠪᠡᠶᠡᠴᠢᠯᠡᠨ ᠣᠶᠢᠯᠠᠭᠠᠬᠤ᠂ ᠣᠳᠣᠨ ᠣᠭᠲᠠᠷᠭᠤᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠡᠯᠡᠰᠦᠷᠬᠡᠭ ᠭᠠᠵᠠᠷ ᠤᠨ ᠬᠡᠭᠡᠷᠯᠡᠨ ᠠᠶᠠᠯᠠᠬᠤ ᠵᠡᠷᠭᠡ ᠵᠢᠭᠤᠯᠴᠢᠯᠠᠯ ᠪᠠ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠷᠡᠭᠦᠯᠬᠦ ᠪᠠ  ᠴᠢᠮᠡᠭᠯᠡᠵᠦ᠂ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠬᠤ ᠶᠢ ᠠᠬᠢᠭᠤᠯᠤᠨ᠎ᠠ        ᠳᠦᠷᠪᠡ ᠳᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ ᠬᠥᠭᠵᠢᠯᠲᠡ ᠶᠢ ᠠᠬᠢᠭᠤᠯᠬᠤ ᠶᠢ ᠰᠠᠶᠢᠲᠤᠷ ᠠᠳᠬᠤᠨ᠎ᠠ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ  ᠶᠢᠨ《 ᠵᠢᠭᠡᠯᠡᠬᠦ᠂ ᠬᠡᠷᠡᠭᠯᠡᠬᠦ᠂ ᠬᠠᠮᠢᠶᠠᠷᠬᠤ᠂ ᠪᠤᠴᠠᠭᠠᠬᠤ 》 ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠵᠢᠭᠡᠯᠡᠬᠦ᠂ ᠪᠠᠯᠠ ᠳᠣᠭᠢᠷᠠᠭᠤᠯᠵᠤ ᠳᠠᠭᠠᠭᠠᠯᠲᠠ ᠬᠢᠬᠦ᠂ ᠥᠷᠢᠲᠦᠭᠰᠡᠨ ᠵᠣᠭᠤᠰ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠳᠥᠯᠥᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠰᠠᠭ   ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠴᠢᠩᠭ᠎ᠠ ᠪᠣᠳᠠᠲᠠᠢ ᠠᠳᠬᠤᠵᠤ᠂ 5575 ᠲᠦᠮᠡᠨ ᠲᠥᠭᠦᠷᠢᠭ ᠤᠨ ᠵᠢᠯ ᠤᠨ ᠥᠷᠢ ᠥᠭᠴᠡᠭᠡ ᠶᠢ ᠰᠢᠢᠳᠪᠦᠷᠢᠯᠡᠬᠦ ᠡᠭᠦᠷᠭᠡ  ᠪᠠᠨ ᠲᠥᠯᠥᠪᠯᠡᠭᠡ ᠶᠣᠰᠣᠭᠠᠷ ᠪᠡᠶᠡᠯᠡᠭᠦᠯᠬᠦ ᠶᠢ ᠪᠠᠲᠤᠯᠠᠨ᠎ᠠ᠃ ᠲᠦᠷ ᠥᠭᠬᠦ ᠵᠣᠭᠤᠰᠣᠨ ᠤ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠵᠢᠯ ᠤᠨ ᠳᠣᠲᠣᠷ᠎ᠠ 2191 ᠲᠦᠮᠡᠨ ᠲᠥᠭᠦᠷᠢᠭ ᠤᠨ ᠲᠦᠷ ᠥᠭᠬᠦ ᠵᠣᠭᠤᠰ ᠢ ᠰᠢᠩᠭᠡᠭᠡᠨ᠎ᠡ᠃  ᠮᠥᠩᠭᠦᠨ ᠭᠦᠶᠯᠭᠡᠭᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠢᠨᠲ᠋ᠧᠷ ᠰᠦᠯᠵᠢᠶᠡᠨ ᠤ ᠮᠥᠩᠭᠦᠨ ᠭᠦᠶᠯᠭᠡᠭᠡᠨ᠂ P 2 P ᠰᠦᠯᠵᠢᠶᠡᠨ ᠵᠢᠭᠡᠯᠡᠯᠭᠡ ᠵᠡᠷᠭᠡ ᠰᠢᠨ᠎ᠡ ᠬᠦᠷᠢᠶ᠎ᠡ  ᠴᠠᠷ᠎ᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯᠯᠠᠭ᠎ᠠ  ᠶᠢ ᠴᠢᠩᠭ᠎ᠠ ᠰᠡᠷᠭᠡᠶᠢᠯᠡᠨ᠎ᠡ︔ ᠳᠣᠲᠣᠭᠠᠳᠤ ᠰᠲ᠋ᠣᠺ ᠲᠤᠰᠢᠶᠠᠬᠤ ᠫᠠᠶᠢᠰᠠ ᠡᠯᠭᠦᠬᠦ ᠡᠬᠢ ᠪᠠᠶᠠᠯᠢᠭ ᠢ ᠭᠦᠨ ᠠᠭᠤᠳᠠᠯᠯᠠᠵᠦ᠂ ᠪᠡᠯᠡᠳᠬᠡᠯ ᠠᠵᠤ ᠠᠬᠤᠶᠢᠯᠠᠯ ᠤᠨ ᠡᠬᠢ ᠪᠠᠶᠠᠯᠢᠭ ᠤᠨ ᠬᠥᠮᠥᠷᠭᠡ ᠶᠢ ᠲᠡᠭᠦᠯᠳᠡᠷᠵᠢᠭᠦᠯᠦᠨ ᠰᠢᠨᠡᠳᠬᠡᠵᠦ᠂ ᠳᠣᠲᠣᠭᠠᠳᠤ ᠰᠲ᠋ᠣᠺ  ᠲᠤᠰᠢᠶᠠᠬᠤ ᠫᠠᠶᠢᠰᠠ ᠡᠯᠭᠦᠬᠦ ᠠᠵᠤ ᠠᠬᠤᠶᠢᠯᠠᠯ 2   ᠢ ᠴᠢᠷᠮᠠᠶᠢᠨ ᠪᠡᠶᠡᠯᠡᠭᠦᠯᠦᠨ᠎ᠡ᠃ ᠪᠡᠯᠡ ᠮᠥᠩᠭᠦ ᠴᠤᠭᠯᠠᠭᠤᠯᠬᠤ ᠬᠠᠩᠭᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠳᠤ ᠬᠦᠴᠢᠷ ᠲᠠᠢ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ  ᠨᠠᠮᠳᠠᠭᠤᠯᠣᠨ᠎ᠠ᠃         ᠲᠠᠪᠤ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠠᠶᠢᠲᠤᠷ ᠠᠳᠬᠤᠵᠤ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ  ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠶ ᠴᠡᠭᠴᠡᠯᠡᠨ ᠵᠠᠰᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠬᠦ ᠬᠡᠷᠡᠭᠲᠡᠶ  ᠃《 ᠪᠠᠭᠤᠯᠭᠠᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠬᠡᠷᠡᠭᠯᠡᠯᠲᠡ  ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠨᠠᠷᠢᠯᠢᠠᠠᠵᠢᠭᠤᠯᠥᠨ ᠡᠮᠬᠢᠯᠡᠬᠦ ᠪᠠ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠣᠯᠭᠠᠭᠤᠯᠬᠤ ᠠᠵᠢᠯ ᠢ ᠥᠷᠨᠢᠭᠦᠯᠦᠨ᠂ ᠣᠯᠠᠨ ᠨᠡᠶᠢᠲᠡ  ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠦᠨᠳᠦᠰᠦᠨ ᠱᠠᠲᠤᠨ ᠤ ᠥᠷᠲᠡᠭᠡ ᠭᠠᠵᠠᠷ ᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠲᠥᠪᠯᠡᠷᠡᠭᠦᠯᠦᠨ ᠰᠠᠭᠤᠯᠭᠠᠬᠤ ᠶᠢ ᠠᠬᠢᠭᠤᠯᠤᠨ᠂ ᠠᠵᠢᠯ ᠤᠨ ᠰᠤᠷᠲᠠᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠢᠯᠠᠩᠭᠤᠶ᠎ᠠ ᠬᠢᠵᠢᠭ ᠤᠨ ᠲᠠᠭᠠᠷᠢᠯᠳᠠ ᠠᠴᠠ ᠪᠣᠯᠣᠬᠰᠠᠨ ᠭᠦᠴᠢᠷᠳᠡᠯᠳᠠᠢ ᠠᠵᠤ ᠠᠬᠤᠶᠢᠯᠠᠯ  ᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠠᠴᠠ ᠲᠣᠷ᠎ᠠ ᠪᠠᠷ ᠰᠦᠢᠳᠭᠡᠯ ᠬᠤᠷᠢᠶᠠᠬᠤ ᠠᠵᠢᠯᠯᠠᠭ᠎ᠠ   ᠶᠢ ᠶᠡᠬᠡᠪᠡᠷ ᠴᠡᠭᠴᠡᠯᠡᠨ ᠵᠠᠰᠠᠨ᠎ᠠ᠃ ᠬᠤᠯᠪᠣᠭᠳᠠᠭᠰᠠᠨ ᠡᠯ᠎ᠡ ᠲᠥᠷᠥᠯ ᠤᠨ ᠰᠦᠶᠳᠬᠡᠯ ᠬᠤᠷᠢᠶᠠᠬᠤ ᠦᠶᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠬᠤ ᠬᠡᠷᠡᠭᠲᠡᠶ᠃《 ᠳᠠᠷᠤᠶᠢᠬᠠᠨ ᠭᠦᠶᠴᠡᠳᠬᠡᠬᠦ᠂ ᠦᠨᠡᠨ ᠠᠳᠬᠤᠨ ᠪᠣᠳᠠᠲᠠᠶ ᠠᠵᠢᠯᠯᠠᠬᠤ 》ᠠᠵᠢᠯ  ᠤᠨ ᠵᠣᠷᠢᠭ ᠰᠠᠨᠠᠭ᠎ᠠ ᠶᠢ ᠪᠠᠲᠤ ᠪᠣᠶ ᠪᠣᠯᠭᠠᠨ᠂ ᠠᠷᠠᠳ ᠲᠤ ᠲᠥᠬᠦᠮ ᠦᠵᠡᠭᠦᠯᠵᠦ  ᠠᠰᠢᠭ ᠬᠦᠷᠲᠡᠭᠡᠬᠦ ᠦᠶᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠪᠥᠭᠡᠳ ᠲᠣᠳᠣᠷᠬᠠᠶ ᠬᠠᠷᠢᠴᠠᠭ᠎ᠠ ᠶᠢ ᠪᠠᠶᠢᠭᠤᠯᠤᠨ᠂ ᠲᠥᠪ ᠭᠤᠤᠯᠴᠢ᠂ ᠢᠯᠡ ᠲᠣᠳᠣ᠂ ᠨᠡᠭᠡᠭᠡᠯᠲᠡ ᠲᠠᠢ ᠬᠤᠳᠠᠯᠳᠤᠭ᠎ᠠ ᠡᠵᠡᠩᠨᠡᠬᠦ ᠣᠷᠴᠢᠨ ᠢ  ᠪᠦᠬᠦ ᠬᠦᠴᠦᠨ ᠢᠶᠠᠷ ᠪᠠᠶᠢᠭᠤᠯᠣᠨ᠎ᠠ᠃         ︵ᠭᠤᠷᠪᠠ︶《 ᠳᠥᠷᠪᠡᠨ ᠠᠮᠤᠷ ᠲᠦᠪᠰᠢᠨ 》 ᠢ ᠨᠠᠩ ᠰᠠᠶᠢᠨ ᠪᠠᠲᠤᠯᠠᠬᠤ ᠲᠣᠭᠤᠷᠢᠨ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ  ᠠᠴᠠ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠪᠠᠷ ᠭᠤᠣᠯᠳᠠᠭᠤᠯᠵᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠲᠣᠷᠠᠳᠪᠠ᠃ ᠮᠠᠨ ᠤ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂《 ᠳᠥᠷᠪᠡᠨ ᠠᠮᠤᠷ ᠲᠦᠪᠰᠢᠨ 》 ᠢ ᠨᠠᠩ ᠰᠠᠶᠢᠨ ᠪᠠᠲᠤᠯᠠᠬᠤ ᠲᠠᠢ ᠨᠢᠭᠲᠠ ᠤᠶᠠᠯᠳᠤᠭᠤᠯᠵᠤ᠂ ᠠᠵᠤ ᠦᠶᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠶ ᠲᠣᠬᠳᠠᠭᠠᠨ᠎ᠠ  ᠃           ᠨᠢᠭᠡ ᠳᠤ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠦᠯᠦᠪᠵᠢᠭᠦᠯᠭᠡ ᠶᠣᠰᠣᠭᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠮᠢ ᠠᠬᠤᠢ  ᠶᠢᠨ ᠴᠢᠳᠠᠮᠵᠢᠲᠤ ᠣᠷᠣᠨ ᠨᠢ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠳᠤ ᠬᠠᠷᠢᠶᠠᠯᠠᠭᠳᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ  ᠢ ᠵᠣᠬᠢᠰᠲᠠᠢ ᠬᠥᠭᠵᠢᠭᠦᠯᠵᠦ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠢ ᠲᠣᠬᠢᠷᠠᠮᠵᠢᠲᠠᠢ ᠬᠥᠭᠵᠢᠭᠦᠯᠵᠦ᠂ ᠠᠮᠢ ᠠᠬᠤᠢ ᠶᠢᠨ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠮᠢᠩᠭᠠᠲᠤ ᠪᠠᠯᠭᠠᠰᠤ ᠪᠣᠯᠤᠨ ᠪᠤᠯᠠᠭᠠᠨᠲᠣᠬᠤᠢ ᠰᠤᠮᠤ ᠴᠡᠭ ᠬᠡᠯᠪᠡᠷᠢ ᠶᠢᠨ ᠨᠡᠭᠡᠭᠡᠨ ᠬᠥᠭᠵᠢᠭᠦᠯᠦᠯᠲᠡ ᠶᠢᠨ ᠬᠤᠲᠠ ᠪᠠᠯᠭᠠᠰᠤ ᠪᠠᠷ ᠵᠢᠭᠰᠠᠭᠠᠭᠳᠠᠵᠤ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠦᠯᠲᠡ ᠶᠢᠨ ᠣᠷᠣᠨ ᠪᠦᠰᠡ ᠶᠢᠨ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠠᠳᠠᠯᠢ ᠲᠠᠰ ᠤᠨ ᠲᠥᠷᠥ ᠶᠢᠨ ᠪᠣᠳᠣᠯᠭ᠎ᠠ ᠶᠢ ᠬᠦᠷᠳᠡᠨ᠎ᠡ᠃ ᠡᠭᠦᠨ  ᠠᠴᠠ ᠭᠠᠳᠠᠨ᠎ᠠ᠂ ᠮᠠᠨ ᠤ ᠬᠤᠰᠢᠭᠤᠨ ᠤ ᠠᠮᠢ ᠠᠬᠤᠶ ᠶᠢᠨ ᠤᠯᠠᠭᠠᠨ ᠱᠤᠭᠤᠮ ᠢ ᠢᠯᠭᠠᠨ ᠲᠣᠭᠲᠠᠭᠠᠭᠰᠠᠨ ᠲᠠᠯᠠᠪᠠᠶ 2494 . 26 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠤᠯᠠᠭᠠᠨᠴᠠᠪ ᠰᠤᠮᠤ ᠪᠣᠯᠤᠨ ᠶᠡᠬᠡᠨᠠᠭᠤᠷ ᠰᠤᠮᠤ ᠶᠢᠨ 19   ᠭᠠᠴᠠᠭᠠᠨ ᠳᠤ ᠬᠤᠯᠪᠣᠭᠳᠠᠵᠤ᠂ ᠪᠥᠬᠦ ᠬᠤᠰᠢᠭᠤᠨ ᠤ ᠶᠡᠷᠦᠩᠬᠡᠶ ᠲᠠᠯᠠᠪᠠᠶ ᠶᠢᠨ 39 . 88 %   ᠶᠢ  ᠡᠵᠡᠯᠡᠪᠡ  ᠃ ᠮᠠᠨ ᠤ ᠬᠤᠰᠢᠭᠤ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠠᠵᠤ ᠦᠶᠯᠡᠰ ᠤᠨ ᠪᠠᠶᠢᠷᠢᠰᠢᠯ᠂ ᠬᠡᠪᠴᠢᠶ᠎ᠡ ᠪᠠ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ ᠂ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ᠰᠤᠮᠤ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ᠂ ᠮᠢᠩᠭᠠᠲᠤ ᠪᠠᠯᠭᠠᠰᠤᠨ ᠤ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠪᠠᠰᠠ ᠰᠠᠶᠢᠲᠤᠷ ᠵᠣᠯᠭᠠᠯᠳᠤᠭᠤᠯᠵᠤ᠂《 ᠨᠢᠭᠡ ᠵᠢᠷᠤᠭ ᠲᠥᠯᠥᠪᠯᠡᠭᠡ ᠶᠢ ᠲᠣᠭᠤᠷᠠᠳᠠᠯ᠎ᠠ ᠵᠢᠷᠤᠭᠯᠠᠬᠤ 》 ᠶᠢ ᠦᠨᠡᠨ ᠬᠦ ᠪᠠᠲᠤᠯᠠᠬᠤ ᠬᠡᠷᠡᠭᠲᠡᠶ  ᠃         ᠬᠤᠶᠠᠷ ᠲᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠠ᠃《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠳᠤ ᠨᠠᠩ ᠴᠢᠩᠭ᠎ᠠ ᠱᠠᠭᠠᠷᠳᠠᠯᠭ᠎ᠠ ᠳᠤᠷᠠᠳᠪᠠ᠃ ᠡᠨᠡ ᠵᠢᠯ ᠪᠦᠬᠦ ᠠᠶᠢᠮᠠᠭ ᠤᠨ ᠡᠨᠧᠷᠭᠢ ᠶᠢᠨ  ᠬᠤᠷᠣᠬᠳᠠᠯ ᠤᠨ ᠨᠡᠮᠡᠭᠳᠡᠯ ᠢ 21 ᠲᠦᠮᠡᠨ ᠲᠣᠨ ᠪᠠᠷᠢᠮᠵᠢᠶᠠᠲᠤ ᠨᠡᠭᠦᠷᠡᠰᠦᠨ ᠤ ᠳᠣᠲᠣᠷ᠎ᠠ ᠬᠢᠵᠠᠭᠠᠷᠯᠠᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ ᠬᠤᠷᠣᠬᠳᠠᠯ ᠢ 3 % ᠪᠠᠷ ᠪᠠᠭᠤᠷᠠᠭᠤᠯᠬᠤ ᠬᠤᠣᠰ ᠡᠵᠡᠮᠳᠡᠯ ᠤᠨ ᠬᠠᠷᠠᠯᠲᠠ ᠶᠢ ᠪᠠᠭᠤᠯᠭᠠᠵᠤ᠂ 1 ᠳ᠋ᠦ᠋ᠭᠡᠷ ᠰᠠᠷ᠎ᠠ ᠶᠢᠨ 15   ᠤ ᠡᠳᠦᠷ ᠬᠤᠷᠠᠯᠳᠤᠭᠰᠠᠨ ᠪᠦᠬᠦ ᠠᠶᠢᠮᠠᠭ ᠤᠨ ᠡᠨᠧᠷᠭᠢ ᠶᠢᠨ ᠬᠤᠷᠣᠬᠳᠠᠯ   ᠤᠨ ᠬᠤᠣᠰ ᠡᠵᠡᠮᠳᠡᠯ ᠤᠨ ᠠᠵᠢᠯ ᠤᠨ ᠬᠤᠷᠠᠯᠳᠤᠭᠠᠨ ᠳᠡᠭᠡᠷ᠎ᠡ ᠪᠠᠰᠠ ᠡᠯ᠎ᠡ ᠬᠤᠰᠢᠭᠤ ᠰᠢᠶᠠᠨ ᠳᠤ ᠨᠢᠭᠡᠳᠦᠭᠡᠷ ᠤᠯᠠᠷᠢᠯ ᠤᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠨᠧᠷᠭᠢ ᠶᠢᠨ  ᠬᠤᠷᠣᠬᠳᠠᠯ ᠢ  3 % ᠪᠠᠷ ᠪᠠᠭᠤᠷᠠᠭᠤᠯᠬᠤ ᠠᠵᠢᠯ ᠤᠨ ᠡᠭᠦᠷᠭᠡ ᠶᠢ ᠪᠠᠭᠤᠯᠭᠠᠪᠠ᠂ ᠡᠨᠡ ᠪᠣᠯ  ᠰᠢᠪᠳᠣᠯᠵᠦ ᠪᠣᠯᠬᠤ ᠦᠭᠡᠶ ᠤᠯᠠᠭᠠᠨ ᠱᠤᠭᠤᠮ ᠪᠣᠯᠤᠨ᠎ᠠ᠃ ᠡᠨᠡ ᠵᠢᠯ ᠠᠴᠠ ᠡᠬᠢᠯᠡᠨ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠴᠢᠩᠭ᠎ᠠ ᠬᠢᠵᠠᠭᠠᠷᠯᠠᠯ ᠪᠣᠯᠭᠠᠵᠤ᠂  ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠳᠤ ᠬᠠᠮᠵᠢᠯᠴᠠᠵᠤ᠂ ᠬᠠᠳᠠᠭᠠᠯᠠᠭᠳᠠᠵᠤ ᠪᠠᠶᠢᠭ᠎ᠠ ᠡᠨᠧᠷᠭᠢ ᠠᠷᠪᠢᠯᠠᠬᠤ ᠲᠠᠯᠳᠠ ᠬᠦᠴᠦᠨ ᠢ ᠭᠦᠨᠵᠡᠭᠡᠢ ᠠᠭᠤᠳᠠᠯᠯᠠᠵᠦ᠂ ᠡᠨᠧᠷᠭᠢ ᠬᠡᠷᠡᠭᠯᠡᠬᠦ ᠣᠷᠣᠨ ᠵᠠᠢ ᠶᠢ ᠨᠡᠭᠡᠭᠡᠬᠦ ᠬᠡᠷᠡᠭᠲᠡᠢ᠃ ᠡᠨᠡᠬᠦ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠣᠳᠠᠲᠠᠢ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠷᠣᠭᠳᠠᠯ ᠢ ᠪᠠᠭᠠᠰᠬᠠᠬᠤ ᠵᠦᠷᠢᠶᠡᠴᠢᠯᠡᠭᠰᠡᠨ ᠬᠤᠷᠣᠭᠳᠠᠯ ᠢ ᠪᠠᠭᠠᠰᠬᠠᠬᠤ ᠲᠥᠷᠦ ᠶᠢᠨ ᠪᠣᠳᠣᠯᠭ᠎ᠠ ᠶᠢᠨ ᠳᠡᠮᠵᠢᠯᠭᠡ  ᠶᠢ ᠢᠳᠡᠪᠬᠢᠲᠡᠢ ᠲᠡᠮᠡᠴᠡᠨ ᠣᠯᠵᠤ᠂ ᠠᠭᠤᠷᠬᠠᠢ ᠶᠢᠨ ᠪᠦᠲᠦᠭᠡᠭᠳᠡᠬᠦᠨ ᠢ ᠰᠣᠩᠭᠤᠨ ᠪᠣᠯᠪᠠᠰᠤᠷᠠᠭᠤᠯᠬᠤ ᠠᠵᠤ ᠦᠢᠯᠡᠰ ᠪᠠ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠳᠤ ᠵᠠᠭᠤᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ   ᠤᠨ ᠰᠢᠨ᠎ᠡ ᠮᠠᠲ᠋ᠧᠷᠢᠶᠠᠯ ᠤᠨ ᠬᠦᠷᠢᠶᠡᠯᠡᠩ ᠲᠣᠭᠤᠷᠢᠭ   ᠢ ᠴᠣᠭᠴᠠᠯᠠᠨ ᠪᠠᠶᠢᠭᠤᠯᠬᠤ ᠳᠤ ᠨᠥᠬᠦᠴᠡᠯ ᠪᠦᠷᠢᠯᠳᠦᠭᠦᠯᠦᠨ᠎ᠡ᠃         ᠭᠤᠷᠪᠠ ᠳᠤ᠂ ᠰᠢᠨ᠎ᠡ ᠡᠨᠧᠷᠭᠢ ᠪᠣᠯᠤᠨ ᠠᠮᠢ ᠠᠬᠤᠢ ᠶᠢᠨ ᠰᠡᠷᠭᠦᠭᠡᠯᠲᠡ᠂ ᠰᠢᠨ᠎ᠡ ᠮᠡᠷᠭᠡᠵᠢᠯ ᠤᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠣᠨ᠎ᠠ᠃ ᠮᠠᠨ ᠤ ᠬᠤᠰᠢᠭᠤᠨ ᠤ ᠰᠠᠯᠬᠢᠨ ᠬᠦᠴᠦ᠂ ᠭᠡᠷᠡᠯ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠨᠢᠭᠡᠨᠲᠡ ᠠᠰᠢᠭᠯᠠᠯᠲᠠ ᠳᠤ ᠣᠷᠣᠵᠤ᠂ 30 ᠲᠦᠮᠡᠨ ᠺᠢᠯᠣᠸᠠᠲ ᠲᠤ ᠬᠦᠷᠴᠦ᠂ 100 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠤ ᠲᠥᠷᠥᠯ ᠵᠦᠢᠯ  ᠨᠢ ᠴᠦ ᠪᠦᠬᠦ ᠪᠠᠭᠲᠠᠭᠠᠮᠵᠢ ᠪᠠᠷ ᠢᠶᠠᠨ ᠠᠰᠢᠭᠯᠠᠯᠲᠠ ᠳᠤ ᠣᠷᠣᠵᠤ᠂ ᠲᠥᠷᠥᠯ ᠵᠦᠢᠯ ᠨᠢ ᠪᠦᠬᠦᠨ ᠢᠶᠠᠷ ᠢᠶᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠪᠦᠷᠢ ᠪᠡᠭᠡᠵᠢᠩ᠂ ᠤᠮᠠᠷᠠᠲᠤ ᠣᠷᠣᠨ ᠪᠠ ᠳᠣᠷᠣᠨᠠᠲᠤ ᠣᠷᠣᠨ ᠳᠤ 30 ᠳ᠋ᠦᠩᠰᠢᠭᠤᠷ ᠺᠢᠯᠣᠸᠠᠲ ᠴᠠᠭ ᠤᠨ ᠴᠡᠪᠡᠷ ᠡᠨᠧᠷᠭᠢ ᠶᠢ  ᠬᠦᠷᠭᠡᠨ᠎ᠡ  ᠃ ᠡᠨᠡ ᠵᠢᠯ ᠮᠠᠨ ᠤ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠨ ᠰᠡᠷᠭᠦᠭᠡᠬᠦ ᠲᠠᠢ ᠬᠤᠯᠪᠣᠭᠳᠠᠭᠰᠠᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠶᠯ ᠪᠠ ᠣᠶᠤᠨᠴᠢ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠢ ᠢᠳᠡᠪᠬᠢᠲᠡᠶ ᠭᠤᠶᠣᠴᠢᠯᠠᠵᠦ᠂ ᠰᠢᠨ᠎ᠡ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠭᠤᠤᠯᠳᠠᠯᠭ᠎ᠠ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ  ᠠᠬᠢᠭᠤᠯᠵᠦ᠂ 2021 ᠣᠨ ᠤ ᠥᠪᠡᠷᠲᠡᠭᠡᠨ ᠵᠠᠰᠠᠬᠤ ᠣᠷᠣᠨ ᠤ ᠥᠷᠢᠰᠥᠯᠳᠦᠭᠡᠨ ᠤ ᠦᠨ᠎ᠡ ᠬᠠᠩᠰᠢ ᠶᠢᠨ ᠲᠥᠷᠥᠯ ᠵᠦᠶᠯ ᠳᠤ ᠣᠷᠣᠭᠤᠯᠬᠤ ᠪᠠᠷ ᠴᠢᠷᠮᠠᠶᠢᠨ᠎ᠠ᠂  ᠡᠭᠦᠨ ᠤ ᠬᠠᠮᠲᠤ ᠡᠷᠢᠶᠡᠨ ᠤ ᠪᠢᠴᠢᠯ ᠴᠠᠬᠢᠯᠭᠠᠨ ᠲᠣᠤᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠦᠯᠦᠭᠯᠡᠯ ᠤᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠂ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠤ ᠬᠤᠶᠠᠳᠤᠭᠠᠷ ᠬᠤᠭᠤᠴᠠᠭ᠎ᠠ ᠲᠠᠷᠬᠠᠮᠠᠯ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ᠂ ᠴᠡᠪᠡᠷ ᠢᠯᠴᠢ ᠬᠠᠩᠭᠠᠬᠤ ᠵᠡᠷᠭᠡ ᠰᠢᠨ᠎ᠡ ᠡᠨᠧᠷᠭᠢ ᠶᠢᠨ ᠲᠥᠷᠥᠯ ᠵᠦᠶᠯ ᠢ ᠣᠯᠬᠤ ᠪᠠᠷ ᠴᠢᠷᠮᠠᠶᠢᠨ᠎ᠠ᠃《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 300 ᠲᠦᠮᠡᠨ ᠺᠢᠯᠣᠸᠠᠲ ᠲᠤ ᠬᠦᠷᠭᠡᠬᠦ ᠪᠠᠷ  ᠴᠢᠷᠮᠠᠶᠢᠨ᠎ᠠ᠃         ᠳᠥᠷᠪᠡ ᠳᠤ᠂ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠰ ᠢ ᠤᠯᠠᠮ  ᠪᠣᠶᠢᠵᠢᠭᠤᠯᠤᠨ ᠪᠣᠵᠠᠭᠠᠶᠢᠷᠠᠭᠤᠯᠣᠨ᠎ᠠ᠃ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠮᠠᠨ ᠤ ᠬᠤᠰᠢᠭᠤ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠪᠦᠷᠢᠯᠡᠬᠦ ᠠᠵᠤ ᠦᠢᠯᠡᠰ ᠤᠨ ᠰᠠᠭᠤᠷᠢ ᠲᠠᠢ ᠪᠣᠯᠵᠠᠢ᠃ ᠪᠥᠬᠦ ᠠᠶᠢᠮᠠᠭ ᠤᠨ ᠤᠯᠤᠰ ᠤᠨ ᠣᠲᠣ ᠦᠶ᠎ᠡ ᠶᠢᠨ ᠡᠨᠧᠷᠭᠢ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ ᠪᠠᠶᠢᠭ᠎ᠠ ᠠᠰᠢᠭᠲᠠᠶ ᠠᠵᠠ ᠲᠣᠬᠢᠶᠠᠯ ᠢ ᠠᠰᠢᠭᠯᠠᠨ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠥᠪᠯᠡᠷᠡᠭᠦᠯᠵᠦ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠶᠯᠡᠰ ᠤᠨ ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠰᠠᠯᠬᠢᠨ ᠬᠦᠴᠦᠨ ᠤ ᠮᠠᠰᠢᠨ ᠲᠥᠬᠦᠭᠡᠷᠦᠮᠵᠢ ᠶᠢᠨ ᠦᠶᠯᠡᠳᠪᠦᠷᠢᠯᠡᠯ ᠤᠨ ᠪᠥᠬᠦ ᠠᠵᠤ ᠦᠶᠯᠡᠰ ᠤᠨ ᠬᠡᠯᠬᠢᠶ᠎ᠡ ᠶᠢ ᠴᠣᠬᠴᠠᠯᠠᠨ᠎ᠠ︔ ᠡᠭᠦᠨ ᠤ ᠬᠠᠮᠲᠤ᠂ ᠪᠥᠬᠦ ᠠᠶᠢᠮᠠᠭ ᠴᠢᠨᠠᠭᠰᠢᠯᠠᠪᠠᠯ ᠡᠷᠬᠢᠨ ᠲᠣᠭᠤᠷᠢᠨ ᠤ ᠭᠠᠵᠠᠷ ᠣᠷᠣᠨ ᠤ ᠨᠢᠭᠡᠨᠲᠡ ᠮᠠᠰᠢᠨ ᠤᠭᠰᠠᠷᠠᠭᠰᠠᠨ ᠰᠠᠯᠬᠢᠨ ᠬᠦᠴᠦᠨ ᠤ ᠮᠠᠰᠢᠨ ᠤ ᠪᠠᠭᠲᠠᠭᠠᠮᠵᠢ ᠶᠢᠨ《 ᠲᠣᠮᠣ ᠲᠠᠪᠠᠭ 》᠂《 ᠲᠣᠮᠣ ᠵᠠᠬ᠎ᠠ ᠳᠡᠯᠭᠡᠭᠦᠷ 》 ᠲᠤ ᠴᠢᠭᠯᠡᠭᠦᠯᠦᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ᠂ ᠠᠷᠠᠴᠢᠯᠠᠨ ᠬᠠᠮᠠᠭᠠᠯᠠᠬᠤ᠂ ᠪᠠᠶᠢᠴᠠᠭᠠᠨ ᠵᠠᠰᠠᠬᠤ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠵᠦ᠂ ᠣᠨᠴᠠ ᠬᠦᠴᠦᠳᠡᠯ ᠥᠭᠡᠷᠡᠴᠢᠯᠡᠬᠦ ᠲᠥᠪᠯᠡᠷᠡᠭᠦᠯᠦᠨ ᠡᠵᠡᠮᠳᠡᠬᠦ ᠲᠥᠪ  ᠤᠨ ᠲᠥᠷᠥᠯ ᠵᠦᠶᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠦᠶᠯᠡᠴᠢᠯᠡᠭᠡᠨ ᠤ ᠴᠢᠳᠠᠮᠵᠢ  ᠶᠢ ᠨᠢ ᠥᠷᠭᠡᠳᠬᠡᠨ᠎ᠡ︔ ᠡᠭᠦᠨ ᠠᠴᠠ ᠭᠠᠳᠠᠨ᠎ᠠ᠂ ᠮᠠᠨ ᠤ ᠬᠤᠰᠢᠭᠤᠨ ᠤ ᠣᠳᠣ ᠪᠠᠶᠢᠭ᠎ᠠ ᠮᠠᠰᠢᠨ ᠴᠣᠭᠴᠠᠯᠠᠪᠤᠷᠢ  ᠶᠢᠨ ᠰᠠᠯᠬᠢᠨ ᠤ ᠡᠬᠢ ᠪᠠᠶᠠᠯᠢᠭ ᠢ ᠢᠳᠡᠪᠬᠢᠲᠡᠢ ᠠᠰᠢᠭᠯᠠᠵᠤ᠂ ᠡᠨᠧᠷᠭᠢ ᠬᠠᠳᠠᠭᠠᠯᠠᠬᠤ ᠳ᠋ᠢᠶᠠᠨ ᡂᠢ᠂ ᠴᠠᠬᠢᠯᠭᠠᠨ ᠳᠤᠯᠠᠭᠠᠯᠠᠭ᠎ᠠ ᠶᠢᠨ ᠲᠥᠬᠦᠭᠡᠷᠦᠮᠵᠢ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ ᠢ ᠤᠷᠢᠨ ᠣᠷᠣᠭᠤᠯᠬᠤ ᠶᠢ ᠰᠦᠪᠡᠭᠴᠢᠯᠡᠵᠦ᠂ ᠰᠠᠯᠬᠢᠨ ᠬᠦᠴᠦᠨ ᠤ ᠮᠠᠰᠢᠨ ᠲᠣᠨᠣᠭᠯᠠᠯ ᠦᠢᠯᠡᠳᠬᠦ᠂ ᠠᠵᠢᠯᠯᠠᠭᠠᠨ ᠢ ᠬᠠᠮᠠᠭᠠᠯᠠᠬᠤ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ᠂ ᠦᠢᠯᠡᠴᠢᠯᠡᠭᠡᠨ ᠤ ᠴᠢᠳᠠᠪᠬᠢ ᠪᠠᠷ ᠤᠮᠠᠷᠠᠲᠤ ᠣᠷᠣᠨ ᠢ ᠨᠥᠯᠥᠭᠡᠯᠡᠭᠰᠡᠨ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃          ᠲᠠᠪᠤ ᠳᠤ᠂ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠬᠠᠩᠭᠠᠯᠭ᠎ᠠ  ᠶᠢ  ᠨᠡᠮᠡᠭᠳᠡᠭᠦᠯᠦᠨ᠎ᠡ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠵᠦ᠂《 ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠬᠦ 》᠂《 ᠠᠵᠤ ᠠᠬᠤᠢ  ᠶᠢ ᠰᠢᠯᠢᠳᠡᠭᠵᠢᠭᠦᠯᠬᠦ᠂ ᠲᠡᠵᠢᠭᠡᠯ ᠪᠣᠷᠳᠤᠭ᠎ᠠ ᠶᠢ ᠥᠷᠭᠡᠳᠬᠡᠬᠦ 》ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂《3333 》ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠭᠦᠨᠵᠡᠭᠡᠢ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠴᠠᠬᠠᠷ ᠬᠤᠨᠢ᠂ ᠣᠨᠴᠠᠯᠢᠭᠲᠤ ᠲᠠᠷᠢᠮᠠᠯ ᠤᠨ ᠭᠤᠷᠪᠠᠨ ᠶᠡᠭᠡ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠪᠥᠬᠦ ᠠᠶᠢᠮᠠᠭ  ᠤᠨ ᠠᠵᠤ ᠠᠬᠤᠶ ᠶᠢᠨ ᠬᠤᠷᠠᠯ ᠠᠴᠠ᠂ ᠡᠨᠡ ᠵᠢᠯ ᠠᠴᠠ ᠡᠬᠢᠯᠡᠨ᠂ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠳᠠᠭᠢᠵᠤ ᠠᠶᠢᠮᠠᠭ ᠤᠨ ᠭᠠᠳᠠᠨ᠎ᠠ ᠠᠴᠠ ᠡᠭᠦᠯᠳᠡᠷ ᠤᠨ ᠦᠬᠡᠷ ᠣᠷᠣᠭᠤᠯᠬᠤ   ᠳᠤ ᠨᠦᠬᠦᠪᠦᠷᠢ ᠥᠬᠡᠶ ᠪᠠᠶᠢᠵᠤ᠂ ᠠᠶᠢᠮᠠᠭ ᠤᠨ ᠳᠣᠲᠣᠭᠠᠳᠤ ᠶᠢᠨ ᠡᠭᠦᠯᠳᠡᠷ ᠤᠨ ᠦᠬᠡᠷ ᠤᠨ ᠳᠣᠲᠣᠭᠠᠳᠤ ᠶᠢᠨ ᠰᠠᠶᠢᠨ ᠡᠷᠭᠢᠯᠳᠠ ᠶᠢ ᠭᠤᠤᠯᠳᠠᠯᠭ᠎ᠠ  ᠲᠠᠢ ᠠᠬᠢᠭᠤᠯᠤᠨ᠎ᠠ᠃ ᠪᠢᠳᠡ ᠪᠠᠰᠠ ᠰᠡᠳᠬᠢᠴᠡ ᠪᠠᠨ ᠵᠣᠬᠢᠴᠠᠭᠤᠯᠵᠤ᠂ ᠲᠣᠰ ᠵᠢᠯ ᠳᠤ 150 ᠪᠤᠬ᠎ᠠ ᠶᠢ ᠠᠶᠢᠮᠠᠭ  ᠤᠨ ᠳᠣᠲᠣᠷ᠎ᠠ ᠪᠠᠨ ᠲᠣᠬᠢᠷᠠᠭᠤᠯᠵᠤ᠂ 1.6 ᠲᠦᠮᠡᠨ ᠦᠨᠢᠶ᠎ᠡ ᠶᠢ ᠣᠷᠣᠭᠤᠯᠤᠨ ᠠᠪᠴᠢᠷᠠᠬᠤ ᠶᠢᠨ ᠬᠠᠮᠲᠤ 7.5 ᠲᠦᠮᠡᠨ ᠦᠬᠡᠷ ᠢ ᠡᠭᠦᠯᠳᠡᠷ ᠰᠠᠶᠢᠵᠢᠷᠠᠭᠤᠯᠵᠤ᠂  ᠪᠣᠷᠳᠣᠨ ᠲᠠᠷᠭᠤᠯᠠᠭᠤᠯᠬᠤ 7 ᠲᠠᠯᠠᠪᠠᠢ ᠪᠠᠶᠢᠭᠤᠯᠤᠨ᠂ ᠰᠢᠮᠧᠨ᠋ᠲ᠋ᠧᠷ ᠦᠬᠡᠷ ᠤᠨ ᠭᠤᠣᠯᠳᠠᠯᠭᠠᠲᠤ ᠰᠦᠷᠦᠭ 5   ᠶᠢ ᠰᠢᠨ᠎ᠡ ᠪᠠᠷ ᠪᠠᠶᠢᠭᠤᠯᠵᠤ᠂ ᠮᠢᠩᠭᠠᠨ ᠲᠣᠯᠣᠭᠠᠶ ᠠᠴᠠ ᠳᠡᠭᠡᠭᠰᠢ  ᠮᠢᠬᠠᠨ ᠤ ᠦᠬᠡᠷ ᠪᠣᠷᠳᠣᠬᠤ 2 ᠲᠠᠯᠠᠪᠠᠶ᠂ 200 —1000  ᠮᠢᠬᠠᠨ ᠤ ᠦᠬᠡᠷ ᠪᠣᠷᠳᠣᠬᠤ 5 ᠲᠠᠯᠠᠪᠠᠶ ᠶᠢᠨ ᠦᠢᠯᠡᠳᠪᠦᠷᠢᠯᠡᠯ ᠤᠨ ᠦᠷ᠎ᠡ ᠠᠰᠢᠭ ᠢ  ᠳᠡᠭᠡᠭᠰᠢᠯᠡᠭᠦᠯᠵᠦ᠂ ᠮᠠᠯᠵᠢᠯ ᠤᠨ ᠣᠨ ᠤ ᠮᠢᠬᠠᠨ ᠤ ᠦᠬᠡᠷ ᠮᠠᠯᠵᠢᠬᠤ ᠬᠡᠪᠴᠢᠶ᠎ᠡ ᠶᠢ 13.5 ᠲᠦᠮᠡ ᠳᠤ ᠬᠦᠷᠭᠡᠬᠦ ᠪᠠᠷ ᠴᠢᠷᠮᠠᠶᠢᠨ᠎ᠠ᠃ ᠣᠳᠣ ᠦᠶ᠎ᠡ ᠶᠢᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠵᠣᠬᠢᠴᠠᠭᠰᠠᠨ ᠡᠭᠦᠯᠳᠡᠷ ᠪᠣᠶᠢᠵᠢᠭᠤᠯᠬᠤ᠂ ᠥᠷᠭᠡᠳᠬᠡᠨ ᠦᠷᠡᠵᠢᠭᠦᠯᠬᠦ᠂  ᠡᠭᠦᠯᠳᠡᠷ ᠰᠠᠶᠢᠵᠢᠷᠠᠭᠤᠯᠬᠤ᠂ ᠬᠢᠵᠢᠭ ᠰᠡᠷᠭᠡᠶᠢᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ  ᠰᠢᠰᠲ᠋ᠧᠮ   ᠢ ᠲᠦᠷᠭᠡᠳᠬᠡᠨ ᠪᠠᠶᠢᠭᠤᠯᠵᠤ᠂ ᠦᠷ᠎ᠡ ᠬᠠᠩᠭᠠᠬᠤ ᠴᠢᠳᠠᠪᠤᠷᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠤ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ ᠶᠢ ᠪᠠᠶᠢᠭᠤᠯᠬᠤ  ᠬᠠᠷᠠᠯᠳᠠ  ᠶᠢᠨ ᠲᠣᠭᠤᠷᠢᠨ ᠳᠤ᠂ ᠬᠤᠨᠢᠨ ᠳᠤ ᠭᠠᠷ ᠬᠡᠭᠡᠯᠲᠦᠭᠦᠯᠭᠡ  ᠬᠢᠬᠦ 30 ᠥᠷᠲᠡᠭᠡ   ᠶᠢ ᠰᠢᠨ᠎ᠡ ᠪᠠᠷ ᠪᠠᠶᠢᠭᠤᠯᠵᠤ᠂ ᠵᠢᠯ ᠳᠤ ᠰᠢᠯᠢᠳᠡᠭ ᠡᠭᠦᠯᠳᠡᠷ ᠤᠨ ᠬᠤᠴᠠ ᠶᠢ 600   ᠠᠴᠠ ᠳᠡᠭᠡᠭᠰᠢ ᠬᠠᠩᠭᠠᠵᠤ᠂ ᠪᠦᠬᠦ ᠬᠤᠰᠢᠭᠤᠨ ᠤ ᠴᠠᠬᠠᠷ ᠬᠤᠨᠢᠨ ᠤ ᠠᠷᠠᠴᠢᠯᠠᠨ ᠲᠡᠵᠢᠭᠡᠬᠦ ᠬᠠᠷᠢᠴᠠᠯ ᠢ71.4 %   ᠳᠤ ᠬᠦᠷᠭᠡᠨ᠎ᠡ᠃ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠬᠡᠪᠴᠢᠶ᠎ᠡ ᠪᠡ ᠦᠷ᠎ᠡ ᠠᠰᠢᠭ   ᠢ ᠦᠷᠭᠦᠯᠵᠢᠯᠡᠨ  ᠲᠡᠭᠡᠭᠰᠢᠯᠡᠭᠦᠯᠵᠦ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠶᠡᠬᠡᠪᠡᠷ ᠣᠷᠣᠭᠤᠯᠤᠨ ᠂ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ  ᠪᠠᠳᠠᠷᠠᠭᠤᠯᠵᠤ  ᠂᠂ᠪᠦᠬᠦ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠲᠡᠰ ᠲᠡᠪᠰᠢᠭᠦᠯᠬᠦ   ᠶᠢ ᠨᠥᠯᠥᠭᠡᠯᠡᠨ ᠲᠠᠶᠢᠴᠢᠯᠠᠨ᠎ᠠ᠃  ᠠᠵᠣ ᠠᠬᠤᠢ ᠶᠢᠨ ᠲᠠᠷᠢᠮᠠᠯ ᠤᠨ ᠪᠦᠳᠦᠴᠨ ᠶᠢ ᠣᠯᠠᠮ ᠰᠢᠯᠢᠳᠡᠭᠵᠢᠭᠦᠯᠵᠦ᠂ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠶ ᠶᠢ ᠥᠷᠭᠡᠳᠬᠡᠨ᠂ ᠠᠮᠤ ᠪᠤᠳᠠᠭ᠎ᠠ ᠲᠠᠷᠢᠬᠤ ᠲᠠᠯᠠᠪᠠᠶ ᠶᠢ 12 ᠲᠦᠮᠡᠨ ᠮᠦ᠂ ᠲᠣᠰᠣᠯᠢᠭ ᠲᠠᠷᠢᠮᠠᠯ ᠤᠨ ᠲᠠᠯᠠᠪᠠᠶ ᠶᠢ 4.5 ᠲᠦᠮᠡᠨ ᠮᠦ᠂ ᠲᠡᠵᠢᠭᠡᠯ ᠡᠪᠡᠰᠦ ᠪᠣᠷᠳᠤᠭ᠎ᠠ ᠶᠢ 9 ᠲᠦᠮᠡᠨ ᠮᠦ ᠳᠤ ᠲᠣᠭᠲᠠᠭᠤᠨ ᠪᠠᠶᠢᠯᠭᠠᠨ᠎ᠠ᠃  ᠲᠠᠷᠢᠶᠠᠨ ᠭᠠᠵᠠᠷ ᠢ ᠲᠣᠷ᠎ᠠ ᠪᠠᠷ ᠡᠵᠡᠯᠡᠬᠦ ᠪᠠ ᠬᠠᠣᠯᠢ ᠶᠢ ᠵᠦᠷᠢᠴᠡᠨ ᠭᠠᠵᠠᠷ ᠰᠢᠷᠣᠢ ᠬᠡᠷᠡᠭᠯᠡᠬᠦ ᠶᠢ ᠲᠣᠰᠬᠠᠶᠢᠯᠠᠨ ᠴᠡᠭᠴᠡᠯᠡᠨ ᠵᠠᠰᠠᠬᠤ ᠠᠵᠢᠯ ᠢ ᠬᠦᠨᠵᠡᠭᠡᠢ ᠰᠠᠶᠢᠳᠦᠷ ᠦᠷᠨᠢᠭᠦᠯᠵᠦ᠂ ᠲᠠᠷᠢᠶᠠᠨ ᠭᠠᠵᠠᠷ  ᠢ《  ᠲᠠᠷᠢᠶᠠᠯᠠᠩ ᠤᠨ ᠪᠣᠰᠣ 》 ᠪᠣᠯᠭᠠᠬᠤ᠂《  ᠠᠮᠣ ᠪᠣᠳᠠᠭᠠᠨ ᠤ ᠪᠣᠰᠣ  ᠪᠣᠯᠭᠠᠬᠤ 》 ᠦᠵᠡᠭᠳᠡᠯ ᠡᠭᠦᠰᠬᠦ  ᠶᠢ ᠴᠢᠩᠭ᠎ᠠ ᠰᠡᠷᠭᠡᠶᠢᠯᠡᠨ᠎ᠡ᠃   ᠡᠳ᠋ ᠤᠨ ᠵᠠᠰᠠᠭ   ᠤᠨ ᠲᠡᠳᠬᠦᠨ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠴᠠᠬᠠᠷ ᠬᠤᠨᠢ᠂ ᠣᠨᠴᠠᠯᠢᠭᠲᠤ ᠲᠠᠷᠢᠮᠠᠯ ᠤᠨ ᠠᠵᠤ ᠦᠢᠯᠡᠰ ᠤᠨ 2020 ᠣᠨ ᠤ ᠲᠡᠳᠬᠦᠨ ᠳᠡᠮᠵᠢᠬᠦ ᠪᠡᠯᠡ ᠮᠥᠩᠭᠦ ᠶᠢ ᠪᠦᠬᠦᠨ ᠢ ᠪᠡᠶᠡᠯᠡᠭᠦᠯᠬᠦ ᠶᠢ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 6.8 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠫᠧᠩ᠂ 0.5ᠲᠦᠮᠡᠨ ᠪᠣᠰᠤᠭ᠎ᠠ ᠳᠥᠷᠪᠡᠯᠵᠢᠨ ᠮᠧᠲᠷ  ᠤᠨ ᠬᠥᠬᠡ ᠳᠠᠷᠤᠰᠢ ᠶᠢᠨ ᠵᠣᠭᠤᠷᠢ᠂ 2.4ᠲᠦᠮᠡᠨ ᠲᠡᠭᠰᠢ ᠳᠥᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠧᠩ ᠢ ᠰᠢᠨ᠎ᠡ ᠪᠠᠷ ᠪᠠᠶᠢᠭᠤᠯᠵᠤ᠂ 4800 ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ  ᠰᠠᠶᠢᠵᠢᠷᠠᠭᠤᠯᠣᠨ᠎ᠠ᠃       ︵ᠲᠦᠷᠪᠡ︶ ᠬᠤᠲᠠ ᠬᠥᠳᠡᠭᠡ ᠪᠠ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠤᠰ  ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ  ᠭᠦᠨᠵᠡᠭᠡᠶᠢᠷᠡᠭᠦᠯᠦᠨ᠎ᠠ᠃  ᠮᠠᠨ ᠤ ᠬᠤᠰᠢᠭᠤ ᠴᠠᠭ ᠢ ᠦᠵᠡᠨ ᠪᠠᠶᠢᠳᠠᠯ ᠢ ᠰᠢᠨᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠨᠢᠭᠡ ᠡᠭᠡᠯᠵᠢ ᠶᠢᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠠᠷᠢᠴᠠᠭ᠎ᠠ ᠶᠢ ᠭᠦᠨᠵᠡᠭᠡᠶ ᠡᠵᠡᠮᠳᠡᠵᠦ᠂ ᠪᠠᠶᠢᠷᠢ ᠲᠣᠭᠲᠠᠭᠠᠯᠲᠠ ᠪᠠ ᠭᠠᠷᠳᠠᠬᠤ ᠴᠡᠭ ᠢ ᠣᠨᠣᠪᠴᠢᠲᠠᠶ ᠣᠯᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ  ᠠᠬᠢᠭᠤᠯᠣᠨ᠎ᠠ᠃         ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠠᠬᠢᠭᠤᠯᠣᠨ᠎ᠠ᠃ ᠲᠥᠪ ᠠᠴᠠ ᠨᠢᠭᠡᠨᠲᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ᠂ 5 ᠵᠢᠯ ᠤᠨ ᠰᠢᠯᠵᠢᠯᠲᠡ ᠶᠢᠨ ᠬᠤᠭᠤᠴᠠᠭ᠎ᠠ ᠲᠣᠭᠲᠠᠭᠠᠵᠤ᠂ ᠰᠢᠯᠵᠢᠯᠲᠡ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠪᠢᠳᠡ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠣᠯᠤᠨ ᠪᠣᠳᠠᠲᠠᠶ ᠠᠷᠭ᠎ᠠ ᠵᠠᠮ ᠢ ᠣᠨᠣᠪᠴᠢᠲᠠᠶ ᠡᠵᠡᠮᠳᠡᠵᠦ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠲᠣᠭᠲᠠᠴᠠ᠂ ᠡᠬᠢ ᠪᠠᠶᠠᠯᠢᠭ᠂ ᠡᠩᠨᠡᠭᠡ ᠵᠡᠷᠭᠡ ᠣᠯᠠᠨ ᠲᠠᠯ᠎ᠠ ᠠᠴᠠ ᠰᠠᠶᠢᠲᠤᠷ ᠵᠣᠯᠭᠠᠭᠤᠯᠬᠤ ᠬᠡᠷᠡᠭᠲᠡᠶ᠃  ᠨᠢᠭᠡ ᠳᠤ᠂  ᠭᠤᠣᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂   ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠲᠠᠢ ᠪᠠᠶᠢᠪᠠᠯ᠂ ᠤᠷᠢᠳᠴᠢᠯᠠᠨ ᠡᠬᠡ ᠲᠠᠩᠰᠠ ᠪᠠᠶᠢᠭᠤᠯᠵᠤ᠂ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠡᠷᠲᠡᠬᠡᠨ ᠬᠠᠪᠰᠤᠷᠤᠨ ᠲᠡᠳᠬᠦᠬᠦ ᠬᠡᠷᠡᠭᠲᠡᠶ᠃ ᠬᠤᠶᠠᠷ ᠲᠤ  ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠣᠭᠤᠷᠢᠨ ᠳᠤ᠂ ᠦᠷ᠎ᠡ ᠠᠰᠢᠭ ᠢᠯᠡᠷᠬᠡᠢ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠨᠢᠭᠡ ᠪᠦᠯᠦᠭ ᠲᠦᠷᠦᠯ ᠵᠦᠢᠯ ᠢ ᠱᠠᠯᠠᠪᠳᠠᠨ ᠲᠥᠰᠦᠪᠯᠡᠵᠦ᠂ ᠡᠮᠦᠨᠡᠬᠢ ᠬᠤᠭᠤᠴᠠᠭᠠᠨ ᠤ ᠠᠵᠢᠯ ᠢ ᠴᠠᠭ ᠲᠤᠬᠠᠢ ᠳᠤᠨᠢ ᠡᠬᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠬᠦᠴᠦᠯᠡᠨ ᠪᠠᠬᠢᠵᠢᠭᠦᠯᠬᠦ ᠬᠡᠷᠡᠭᠲᠡᠢ᠃ ᠭᠤᠷᠪᠠ ᠳᠤ  ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠡᠵᠡᠩᠨᠡᠯᠲᠡ ᠶᠢ ᠤᠯᠠᠮ  ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢᠶᠠᠷ ᠠᠵᠢᠯᠯᠠᠬᠤ᠂ ᠡᠷᠭᠢᠯᠳᠦᠭᠦᠯᠦᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠦᠶᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃ ᠳᠥᠷᠪᠡ ᠳᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠲᠣᠰᠬᠤᠨ ᠳᠤᠭᠤᠶᠢᠯᠠᠩ ᠤᠨ ᠵᠠᠰᠠᠮᠠᠯ ᠵᠠᠮ ᠢ 65 . 9 ᠺᠢᠯᠣᠮᠧᠲᠷ ᠰᠢᠨ᠎ᠡ ᠪᠠᠷ ᠪᠠᠶᠢᠭᠤᠯᠵᠤ᠂ ᠬᠤᠯᠤᠰᠤᠲᠠᠶ ᠨᠠᠭᠤᠷ ᠠᠴᠠ ᠵᠢᠭᠠᠰᠤᠲᠠᠶ ᠨᠠᠭᠤᠷ ᠬᠥᠷᠬᠦ ᠵᠢᠭᠤᠯᠴᠢᠯᠠᠯ ᠤᠨ ᠵᠠᠰᠠᠮᠠᠯ ᠵᠠᠮ  ᠤᠨ ᠪᠠᠷᠢᠯᠭ᠎ᠠ ᠳᠠᠭᠤᠰᠬᠤ ᠶᠢ ᠪᠠᠲᠤᠯᠠᠬᠤ ᠬᠡᠷᠡᠭᠲᠡᠶ︔ 155 ᠰᠠᠭᠤᠷᠢ ᠤᠰᠤ ᠬᠠᠩᠭᠠᠬᠤ ᠢᠨᠵᠧᠨᠧᠷᠢᠩ ᠢ ᠰᠢᠨ᠎ᠡ  ᠪᠠᠷ ᠪᠠᠶᠢᠭᠤᠯᠬᠤ ᠪᠤᠶᠤ ᠥᠭᠡᠷᠡᠴᠢᠯᠡᠨ᠎ᠡ︔10  ᠺᠢᠯᠣᠸᠣᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠬᠦᠷᠭᠡᠬᠦ ᠱᠤᠭᠤᠮ ᠢ 183 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ᠎ᠡ᠃ ᠲᠠᠪᠤ ᠳᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ ᠵᠢᠴᠢ ᠢᠯᠭᠠᠳᠠᠰᠤ ᠶᠢᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠵᠤ᠂ ᠠᠮᠢ ᠠᠬᠤᠶ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠡᠭᠦᠳᠦᠨ  ᠪᠠᠶᠢᠭᠤᠯᠣᠨ᠎ᠠ᠃      ᠬᠤᠶᠠᠷ ᠲᠤ᠂  ᠬᠥᠮᠦᠨ ᠢᠶᠠᠷ ᠭᠤᠣᠯᠯᠠᠭᠤᠯᠤᠭᠰᠠᠨ ᠰᠢᠨ᠎ᠡ  ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠣᠨ᠎ᠠ᠃  ᠠᠶᠢᠮᠠᠭ ᠤᠨ ᠵᠠᠬᠢᠷᠭ᠎ᠠ ᠶᠢᠨ 1 ᠳ᠋ᠦ᠋ᠭᠡᠷ ᠰᠠᠷ᠎ᠠ ᠶᠢᠨ 6   ᠤ ᠡᠳᠦᠷ ᠬᠤᠷᠠᠯᠳᠤᠭᠤᠯᠤᠭᠰᠠᠨ ᠪᠥᠬᠦ ᠠᠶᠢᠮᠠᠭ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ᠂ ᠲᠣᠰ ᠠᠵᠢᠯ ᠢ ᠨᠢᠭᠡᠨᠲᠡ ᠪᠥᠬᠦ ᠲᠠᠯ᠎ᠠ ᠪᠠᠷ ᠪᠠᠶᠢᠷᠢᠯᠠᠭᠤᠯᠪᠠ᠃ ᠡᠨᠡ ᠵᠢᠯ᠂ ᠮᠠᠨ ᠤ ᠬᠤᠰᠢᠭᠤ ᠬᠤᠲᠠ ᠪᠠᠯᠭᠠᠰᠤᠨ ᠤ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠ ᠨᠠᠷᠢᠯᠢᠭᠵᠢᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠨ᠂ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠪᠠ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠰᠢᠨᠡᠳᠬᠡᠬᠦ ᠠᠵᠢᠯᠯᠠᠭ᠎ᠠ ᠶᠢᠨ ᠲᠠᠯ᠎ᠠ ᠪᠠᠷ  ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ ᠨᠢᠭᠡ ᠳᠤ  ᠂ 4 ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ 541 ᠡᠷᠦᠬᠡ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠨᠣᠷᠮ᠎ᠠ ᠶᠢ 100 %   ᠳᠤ ᠬᠦᠷᠦᠭᠦᠯᠬᠦ ᠶᠢ ᠪᠠᠲᠤᠯᠠᠬᠤ ᠬᠡᠷᠡᠭᠲᠡᠶ︔ ᠬᠤᠶᠠᠷ ᠲᠤ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ ᠭᠤᠣᠯ ᠬᠤᠭᠤᠯᠠᠢ   ᠶᠢ  2  ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ ᠬᠤᠲᠠ ᠪᠠᠯᠭᠠᠰᠤᠨ ᠤ ᠳᠤᠯᠠᠭᠠᠯᠠᠭ᠎ᠠ ᠬᠠᠩᠭᠠᠬᠤ ᠴᠢᠳᠠᠪᠤᠷᠢ ᠪᠠ ᠳᠤᠯᠠᠭᠠᠯᠠᠭ᠎ᠠ ᠶᠢ ᠪᠠᠷᠢᠮᠵᠢᠶᠠᠨ ᠳᠤ ᠬᠦᠷᠭᠡᠬᠦ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ︔ ᠭᠤᠷᠪᠠ ᠳᠤ᠂ ᠬᠤᠭᠤᠯᠠᠢ ᠲᠣᠣᠷ   ᠤᠨ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ 4.7  ᠺᠢᠯᠣᠮᠧᠲᠷ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ ᠥᠭᠡᠷᠡᠴᠢᠯᠡᠨ ᠪᠠᠶᠢᠭᠤᠯᠵᠤ᠂ 123 ᠰᠣᠬᠤᠷ ᠬᠤᠳᠳᠤᠭ ᠢ ᠢᠵᠢ ᠪᠦᠷᠢᠳᠦᠭᠦᠯᠦᠨ ᠥᠭᠡᠷᠡᠴᠢᠯᠡᠵᠦ᠂ ᠬᠤᠲᠠ ᠪᠠᠯᠭᠠᠰᠤᠨ ᠤ ᠪᠣᠬᠢᠷ ᠤᠰᠤ ᠴᠤᠭᠯᠠᠭᠤᠯᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ︔ ᠳᠥᠷᠪᠡ ᠳᠤ᠂ ᠵᠠᠮ   ᠢ ᠬᠠᠲᠠᠭᠤᠷᠠᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠲᠠ ᠪᠠᠯᠭᠠᠰᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ 3.8  ᠺᠢᠯᠣᠮᠧᠲᠷ ᠪᠡᠶᠡᠯᠡᠭᠦᠯᠵᠦ᠂ 12 ᠲᠦᠮᠡᠨ ᠲᠡᠭᠰᠢ ᠳᠥᠷᠪᠡᠯᠵᠢᠨ  ᠮᠧᠲᠷ ᠢ ᠬᠠᠲᠠᠭᠤᠷᠠᠭᠤᠯᠤᠨ ᠳᠡᠪᠢᠰᠴᠦ᠂ ᠬᠤᠲᠠ ᠪᠠᠯᠭᠠᠰᠤᠨ ᠤ ᠵᠠᠮ ᠤᠨ ᠲᠣᠣᠷ ᠤᠨ ᠪᠦᠲᠦᠴᠡ ᠶᠢ ᠤᠯᠠᠮ  ᠰᠢᠯᠢᠳᠡᠭᠵᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠦᠨ᠎ᠡ︔ ᠲᠠᠪᠤ ᠳᠤ᠂ ᠬᠠᠭᠤᠴᠢᠨ ᠬᠡᠮᠵᠢᠯᠲᠡ ᠶᠢᠨ ᠥᠭᠡᠷᠡᠴᠢᠯᠡᠯᠲᠡ ᠶᠢᠨ ᠢᠨᠵᠧᠨᠧᠷᠢᠩ ᠢ  ᠰᠠᠶᠢᠳᠣᠷ ᠬᠡᠷᠡᠭᠵᠢᠭᠦᠯᠵᠦ᠂ ᠴᠠᠬᠢᠯᠭᠠᠨ ᠡᠨᠧᠷᠭᠢ ᠶᠢᠨ ᠬᠡᠮᠵᠢᠭᠦᠷ ᠵᠡᠷᠭᠡ ᠬᠡᠮᠵᠢᠯᠲᠡ ᠶᠢᠨ ᠲᠥᠬᠦᠭᠡᠷᠦᠮᠵᠢ ᠶᠢ 20441 ᠰᠣᠯᠢᠵᠤ᠂ ᠵᠡᠭᠦᠨ ᠲᠡᠭᠦᠷᠭᠡ ᠶᠢᠨ 110  ᠺᠢᠯᠣᠸᠣᠯᠲ ᠤᠨ ᠴᠠᠬᠢᠯᠭᠠᠨ ᠬᠤᠪᠢᠰᠬᠠᠬᠤ ᠥᠷᠲᠡᠭᠡ   ᠶᠢ ᠠᠰᠢᠭᠯᠠᠯᠲᠠ ᠳᠤ ᠣᠷᠣᠭᠤᠯᠬᠤ  ᠶᠢ ᠠᠬᠢᠭᠤᠯᠵᠤ᠂ ᠬᠤᠲᠠ ᠪᠠᠯᠭᠠᠰᠤᠨ ᠤ ᠴᠠᠬᠢᠯᠭᠠᠨ ᠬᠠᠩᠭᠠᠬᠤ ᠴᠢᠳᠠᠪᠤᠷᠢ ᠶᠢ ᠤᠯᠠᠮ  ᠰᠠᠶᠢᠵᠢᠷᠠᠭᠤᠯᠣᠨ᠎ᠠ︔ ᠵᠢᠷᠭᠤᠭ᠎ᠠ ᠳᠤ᠂ 5 G ᠰᠠᠭᠤᠷᠢ ᠥᠷᠲᠡᠭᠡ 6   ᠶᠢ ᠰᠢᠨ᠎ᠡ ᠪᠠᠷ ᠪᠠᠶᠢᠭᠤᠯᠵᠤ᠂ ᠬᠤᠲᠠ ᠪᠠᠯᠭᠠᠰᠤᠨ ᠤ ᠲᠣᠭᠤᠷᠢᠭ  ᠲᠤ 5 G ᠰᠦᠯᠵᠢᠶ᠎ᠡ ᠶᠢ ᠨᠡᠶᠢᠳᠡᠮ ᠪᠦᠷᠬᠦᠭᠦᠯᠦᠨ᠎ᠡ︔ ᠲᠤᠯᠤᠭ᠎ᠠ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠠᠯᠲᠤ ᠲᠡᠷᠭᠡᠨ ᠥᠷᠲᠡᠭᠡ   ᠶᠢ ᠥᠷᠭᠡᠳᠬᠡᠨ ᠪᠠᠶᠢᠭᠤᠯᠬᠤ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠳᠠᠷᠠᠭ᠎ᠠ ᠵᠢᠯ ᠠᠴᠠ ᠡᠬᠢᠯᠡᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ᠂ ᠠᠶᠢᠮᠠᠭ ᠤᠨ ᠵᠠᠬᠢᠷᠭ᠎ᠠ ᠶᠢᠨ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠣᠬᠠᠢ ᠲᠣᠭᠲᠠᠭᠠᠭᠰᠠᠨ 18  ᠵᠦᠢᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠥᠬᠦ ᠬᠤᠰᠢᠭᠤᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠬᠡᠷᠡᠭᠵᠢᠭᠦᠯᠬᠦ ᠲᠥᠰᠦᠯ ᠢ ᠱᠠᠯᠠᠪᠳᠠᠨ ᠲᠣᠭᠲᠠᠭᠠᠵᠤ᠂ ᠪᠥᠬᠦ  ᠬᠤᠰᠢᠭᠤ ᠪᠠᠷ ᠢᠶᠠᠨ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠲᠤ ᠪᠠᠷ ᠣᠷᠣᠯᠴᠠᠭᠰᠠᠨ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ ᠶᠢ  ᠪᠠᠶᠢᠭᠤᠯᠣᠨ᠎ᠠ᠃ ᠨᠢᠭᠡ ᠳᠤ᠂ ᠮᠢᠩᠭᠠᠲᠤ ᠪᠠᠯᠭᠠᠰᠤᠨ ᠤ 28 ᠵᠤᠷᠪᠤᠰ ᠭᠤᠤᠯ ᠳᠡᠳ᠋ ᠵᠠᠮ ᠵᠢᠴᠢ 47 ᠰᠠᠭᠤᠭᠠᠯᠢ ᠲᠣᠭᠤᠷᠢᠭ ᠢ ᠳᠠᠭᠠᠭᠠᠴᠢᠯᠠᠨ ᠬᠤᠪᠢᠶᠠᠷᠢᠯᠠᠵᠤ᠂ 《 ᠵᠠᠮ ᠤᠨ ᠳᠠᠷᠤᠭ᠎ᠠ ᠶᠢᠨ ᠲᠦᠷᠢᠮ 》 ᠪᠠ ᠰᠠᠭᠤᠭᠠᠯᠢ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ  ᠬᠡᠪᠴᠢᠶ᠎ᠡ ᠶᠢ ᠥᠷᠭᠡᠳᠬᠡᠬᠦ ᠬᠡᠷᠡᠭᠲᠡᠶ︔ ᠬᠤᠶᠠᠷ  ᠲᠤ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠠᠶᠢᠮᠠᠭ ᠤᠨ ᠲᠠᠰ ᠤᠨ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠯᠠᠨ ᠨᠡᠶᠢᠲᠡ ᠶᠢᠨ ᠦᠶᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠭᠰᠠᠨ ᠣᠶᠤᠨᠴᠢᠯᠠᠭᠰᠠᠨ ᠲᠦᠪᠰᠢᠨ  ᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ  ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠭᠠᠷᠭᠠᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠵᠡᠷᠭᠡ 《 ᠵᠢᠷᠭᠤᠭᠠᠨ ᠳᠤᠷ᠎ᠠ ᠪᠠᠷ ᠢᠶᠠᠨ 》 ᠪᠠᠶᠢᠬᠤ ᠭᠡᠮ ᠰᠣᠭᠤᠭ ᠲᠠᠢ ᠦᠵᠡᠭᠳᠡᠯ ᠢ ᠵᠢᠷᠤᠮᠵᠢᠭᠤᠯᠤᠨ ᠴᠡᠭᠴᠡᠯᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ︔ ᠳᠥᠷᠪᠡ ᠳᠤ᠂《 ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠠᠷᠭ᠎ᠠ 》 ᠶᠢ ᠲᠦᠷᠭᠡᠨ ᠲᠣᠭᠲᠠᠭᠠᠵᠤ᠂ ᠲᠡᠷᠭᠡ ᠵᠣᠭᠰᠣᠭᠠᠬᠤ ᠡᠮᠬᠢ ᠳᠢᠭᠯᠢᠮ ᠢ ᠳᠦᠷᠢᠮᠵᠢᠭᠦᠯᠦᠨ᠎ᠡ᠃ ᠡᠨᠡ ᠵᠢᠯ᠂ ᠠᠶᠢᠮᠠᠭ  ᠤᠨ ᠱᠠᠲᠤᠨ ᠠᠴᠠ ᠡᠯ᠎ᠡ ᠬᠤᠰᠢᠭᠤ ᠰᠢᠶᠠᠨ ᠤ ᠠᠵᠢᠯ ᠢ ᠰᠠᠷ᠎ᠠ ᠪᠦᠷᠢ ᠳᠠᠯᠳᠠᠭᠤᠷ ᠰᠣᠷᠪᠣᠯᠵᠢᠯᠠᠨ ᠰᠢᠯᠭᠠᠷᠠᠭᠤᠯᠬᠤ ᠨᠡᠷᠡᠰ ᠤᠨ ᠵᠢᠭᠰᠠᠭᠠᠯᠲᠠ ᠬᠢᠵᠦ᠂ ᠮᠠᠨ ᠤ ᠬᠤᠰᠢᠭᠤ ᠪᠠᠰᠠ ᠰᠠᠷ᠎ᠠ  ᠪᠦᠷᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠠᠵᠢᠯ ᠤᠨ ᠲᠣᠭᠲᠠᠴᠠ ᠶᠢ ᠵᠣᠬᠢᠬᠤ ᠬᠡᠮᠵᠢᠶ᠎ᠡ ᠪᠠᠷ ᠪᠠᠶᠢᠭᠤᠯᠵᠤ᠂  ᠬᠤᠰᠢᠭᠤᠨ ᠤ ᠪᠠᠨ ᠬᠤᠲᠠ ᠪᠠᠯᠭᠠᠰᠤᠨ  ᠤ ᠨᠠᠷᠢᠯᠢᠬᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃         ᠭᠤᠷᠪᠠ ᠳᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠨ᠎ᠠ᠃ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ᠡᠮᠦᠨᠡᠲᠦ ᠬᠡᠰᠡᠭ ᠤᠨ ᠬᠤᠰᠢᠭᠤ ᠰᠢᠶᠠᠨ ᠨᠢ ᠪᠡᠭᠡᠵᠢᠩ ᠲᠢᠶᠠᠨᠵᠢᠨ ᠾᠧᠪᠸᠢ᠂  ᠪᠦᠸᠧᠬᠠᠢ ᠲᠠᠩᠭᠢᠰ ᠳᠠᠭᠠᠤ ᠶᠢᠨ ᠠᠵᠤ ᠠᠬᠤᠢ ᠶᠢᠨ ᠲᠣᠭᠤᠷᠢᠭ ᠲᠤ ᠲᠦᠷᠭᠡᠨ ᠠᠭᠤᠰᠤᠯᠴᠠᠵᠤ᠂ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠂ ᠰᠠᠭᠤᠷᠢ ᠲᠥᠬᠦᠭᠡᠷᠦᠮᠵᠢ ᠶᠢᠨ ᠵᠣᠯᠭᠠᠯᠴᠠᠭ᠎ᠠ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠵᠡᠷᠭᠡ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠵᠢᠯᠴᠠᠭ᠎ᠠ ᠪᠠᠨ  ᠴᠢᠩᠭᠠᠳᠬᠠᠨ᠎ᠠ᠃ ᠪᠢᠳᠡ ᠭᠠᠳᠠᠭᠰᠢ ᠨᠡᠪᠲᠡᠷᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠣᠭᠤᠷᠢᠨ ᠳᠤ᠂ ᠵᠢᠨᠢᠩ ᠲᠦᠩᠯᠢᠶᠣᠤ ᠶᠢᠨ ᠲᠡᠮᠦᠷ ᠵᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ ᠤᠨ ᠴᠠᠬᠢᠯᠭᠠᠨᠵᠢᠭᠤᠯᠬᠤ ᠥᠭᠡᠷᠡᠴᠢᠯᠡᠯᠲᠡ᠂ ᠮᠤᠵᠢ ᠶᠢᠨ ᠵᠠᠮ 313 ᠱᠤᠭᠤᠮ ᠤᠨ ᠮᠢᠩᠭᠠᠲᠤ ᠠᠴᠠ ᠰᠢᠨᠡᠪᠤᠯᠠᠭ ᠬᠥᠷᠬᠦ ᠬᠡᠰᠡᠭ ᠤᠨ ᠵᠠᠰᠠᠮᠠᠯ ᠵᠠᠮ ᠤᠨ ᠲᠠᠩᠰᠠ ᠡᠪᠬᠡᠮᠡᠯ ᠳᠡᠪᠰᠢᠭᠦᠯᠬᠦ ᠥᠭᠡᠷᠡᠴᠢᠯᠡᠯᠲᠡ᠂ ᠮᠤᠵᠢ ᠶᠢᠨ ᠬᠤᠭᠤᠷᠣᠨᠳᠣᠬᠢ ᠵᠠᠮ ( ᠤᠯᠤᠰ ᠤᠨ ᠵᠠᠮ 5511   ᠶᠢᠨ ᠡᠷᠢᠶᠡᠨ ᠠᠴᠠ ᠭᠤᠸᠠᠩᠵᠧᠦ ᠬᠥᠷᠬᠦ ᠲᠦᠷᠭᠡᠨ ᠤ ᠵᠠᠰᠠᠮᠠᠯ ᠵᠠᠮ ᠤᠨ ᠵᠢᠨᠢᠩ ᠠᠴᠠ ᠠᠷᠤᠨ ᠲᠠᠢ ᠬᠤᠯᠪᠣᠬᠤ ᠱᠤᠭᠤᠮ ᠤᠨ ᠠᠨ ᠶᠧ ᠠᠴᠠ ᠭᠦᠩᠵᠦ ᠶᠢᠨ ᠬᠠᠰᠢᠯᠭ᠎ᠠ ᠬᠥᠷᠬᠦ ᠬᠡᠰᠡᠭ )   ᠤᠨ 《 ᠨᠢᠭᠡ ᠶᠢ ᠳᠡᠭᠡᠭᠰᠢᠯᠡᠭᠦᠯᠬᠦ 》ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ︔ ᠮᠤᠵᠢ ᠶᠢᠨ ᠬᠤᠭᠤᠷᠣᠨᠳᠣᠬᠢ  ᠵᠠᠮ ᠤᠨ《 ᠨᠢᠭᠡ ᠶᠢ ᠥᠨᠳᠥᠷ ᠪᠣᠯᠭᠠᠬᠤ 》 ᠶᠢ ᠮᠢᠩᠭᠠᠲᠤ ᠲᠠᠢ ᠬᠤᠯᠪᠣᠬᠤ ᠱᠤᠭᠤᠮ ᠪᠠ ᠮᠢᠩᠭᠠᠲᠤ ᠶᠢᠨ ᠪᠠᠷᠠᠭᠤᠨ ᠲᠣᠭᠤᠷᠢᠣ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠢᠯ ᠢ ᠵᠡᠷᠭᠡᠪᠡᠷ ᠡᠬᠢᠯᠡᠭᠦᠯᠬᠦ ᠪᠠᠷ ᠴᠢᠷᠮᠠᠶᠢᠨ᠎ᠠ︔ ᠵᠢᠨᠢᠩ ᠠᠴᠠ ᠰᠢᠯᠤᠭᠤᠨ ᠬᠥᠪᠡᠭᠡᠲᠦ ᠴᠠᠭᠠᠨ ᠬᠤᠰᠢᠭᠤ   ᠪᠠᠷ ᠦᠩᠭᠡᠷᠡᠨ ᠴᠠᠩᠴᠦ᠋ᠨ  ᠬᠦᠷᠬᠦ  ᠵᠣᠴᠢᠳ ᠵᠦᠭᠡᠭᠡᠪᠦᠷᠢᠯᠡᠬᠦ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ   ᠳᠤ ᠠᠩᠬᠠᠷᠣᠯ ᠢᠶᠠᠨ ᠬᠠᠨᠳᠣᠭᠤᠯᠣᠨ᠂  ᠳᠡᠭᠡᠲᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠤᠨ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠥᠷᠥᠯ ᠵᠦᠢᠯ  ᠤᠨ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃         ︵ᠲᠠᠪᠤ︶ ᠠᠷᠠᠳ ᠤᠨ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠠᠵᠤ ᠠᠬᠤᠶ ᠪᠠᠭᠤᠷᠠᠬᠤ ᠳᠠᠷᠤᠯᠲᠠ ᠪᠠ ᠬᠢᠵᠢᠭ ᠤᠨ ᠲᠠᠭᠠᠷᠢᠯᠲᠠ ᠨᠢ ᠣᠯᠠᠨ ᠲᠦᠮᠡᠨ ᠢᠯᠠᠩᠭᠤᠶ᠎ᠠ ᠬᠦᠴᠢᠷᠳᠡᠯᠲᠡᠶ ᠣᠯᠠᠨ ᠲᠦᠮᠡᠨ ᠤ ᠠᠵᠢᠯ ᠣᠯᠭᠤᠯᠲᠠ᠂ ᠣᠷᠣᠯᠭ᠎ᠠ᠂ ᠠᠮᠢᠳᠤᠷᠠᠯ ᠳᠤ ᠨᠡᠯᠢᠶᠡᠳ ᠶᠡᠭᠡ ᠨᠥᠯᠥᠭᠡ ᠣᠴᠠᠷᠠᠭᠤᠯᠣᠬᠰᠠᠨ ᠠᠴᠠ ᠠᠷᠠᠳ ᠤᠨ ᠠᠮᠢᠳᠤᠷᠠᠯ ᠤᠨ ᠬᠡᠪ ᠤᠨ ᠡᠷᠭᠢᠯᠲᠡ ᠶᠢ ᠪᠠᠲᠤᠯᠠᠬᠤ ᠨᠢ ᠨᠠᠩ ᠴᠢᠬᠤᠯᠠ ᠶᠤᠮ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ  ᠶᠣᠰᠣ ᠶᠢ ᠪᠠᠲᠤ ᠰᠠᠬᠢᠵᠤ᠂ ᠠᠷᠠᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ ᠶᠢ ᠤᠷᠢᠳ ᠢᠶᠠᠷ ᠪᠠᠲᠤᠯᠠᠵᠤ᠂  ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃         ᠨᠢᠭᠡ ᠳᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠠᠮᠢᠳᠤᠯᠢᠭ  ᠢᠶᠠᠷ ᠠᠵᠢᠯ ᠣᠯᠤᠭᠰᠠᠳ ᠲᠤ ᠠᠵᠢᠯ ᠣᠯᠭᠤᠬᠤ ᠠᠰᠠᠭᠤᠳᠠᠯ ᠢ ᠦᠷᠭᠦᠯᠵᠢᠯᠡᠨ  ᠠᠩᠬᠠᠷᠴᠦ  ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠵᠢᠴᠢ ᠠᠵᠢᠯ ᠡᠷᠬᠢᠯᠡᠭᠰᠡᠳ ᠤᠨ ᠠᠵᠢᠯ ᠣᠯᠭᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠢᠯᠠᠩᠭᠤᠶ᠎ᠠ ᠦᠢᠯᠡᠰ ᠪᠤᠰᠬᠠᠬᠤ ᠲᠠᠭᠠᠭᠠᠯᠳᠠᠳᠤ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ 1300 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠬᠤ ᠶᠢ ᠪᠠᠲᠤᠯᠠᠬᠤ ᠬᠡᠷᠡᠭᠲᠡᠢ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠠᠬᠢᠭᠤᠯᠬᠤ᠂ ᠠᠵᠢᠯ ᠤᠯᠬᠤ ᠳᠤ ᠬᠦᠴᠢᠷᠲᠡᠶ ᠬᠥᠮᠦᠰ ᠢ  ᠣᠨᠣᠪᠴᠢᠲᠠᠶ ᠪᠠᠷ ᠬᠠᠪᠰᠤᠷᠤᠨ ᠲᠡᠳᠬᠦᠬᠦ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠶᠢ ᠵᠣᠯᠭᠠᠭᠤᠯᠬᠤ ᠦᠶᠯᠡᠴᠢᠯᠡᠭᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠪᠡᠶ᠎ᠡ ᠪᠠᠨ ᠳᠠᠭᠠᠭᠠᠵᠤ ᠠᠵᠢᠯ ᠣᠯᠵᠤ ᠬᠠᠪᠰᠤᠷᠤᠨ ᠲᠡᠳᠬᠦᠬᠦ ᠵᠡᠷᠭᠡ ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠭᠤᠤᠯᠳᠠᠯᠭ᠎ᠠ ᠲᠠᠢ ᠬᠥᠮᠦᠰ ᠲᠤ ᠲᠣᠭᠲᠠᠪᠤᠷᠢᠲᠠᠶ ᠠᠵᠢᠯ ᠣᠯᠭᠤᠬᠤ ᠶᠢ ᠠᠬᠢᠭᠤᠯᠤᠨ᠂ ᠬᠤᠲᠠ  ᠪᠠᠯᠭᠠᠰᠣᠨ ᠤ 500 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠠᠲᠤᠯᠠᠵᠤ᠂ 1900 ᠬᠥᠮᠦᠨ   ᠢ ᠰᠢᠯᠵᠢᠭᠦᠯᠦᠨ ᠠᠵᠢᠯ ᠣᠯᠭᠤᠵᠤ᠂ ᠬᠤᠲᠠ  ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 . 5 %   ᠶᠢᠨ ᠳᠣᠲᠣᠷ᠎ᠠ  ᠬᠢᠵᠠᠭᠠᠷᠯᠠᠨ᠎ᠠ᠃         ᠬᠤᠶᠠᠷ ᠲᠤ᠂ ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ  ᠪᠠᠬᠢᠵᠢᠭᠦᠯᠦᠨ᠎ᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠬᠢᠯᠳᠠ ᠶᠢᠨ ᠬᠠᠮᠢᠶᠠᠷᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠣᠨ ᠤ ᠵᠣᠭᠤᠰ ᠪᠤᠴᠠᠭᠠᠬᠤ ᠲᠥᠯᠥᠪᠯᠡᠭᠡ ᠶᠣᠰᠣᠭᠠᠷ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠤᠲᠠᠭᠤ ᠲᠤᠰᠢᠶᠠᠭᠰᠠᠨ ᠦᠯᠡᠳᠡᠭᠳᠡᠯ ᠠᠰᠠᠭᠤᠳᠠᠯ  ᠢ ᠰᠢᠢᠳᠪᠦᠷᠢᠯᠡᠬᠦ ᠶᠢ ᠡᠮᠬᠢ ᠵᠢᠷᠤᠮ ᠲᠠᠢ ᠠᠬᠢᠭᠤᠯᠤᠨ᠎ᠠ᠃ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠦᠨᠳᠦᠰᠦᠨ ᠵᠦᠶᠯ ᠢ ᠪᠠᠲᠤᠯᠠᠬᠤ ᠶᠢ ᠪᠠᠷᠢᠮᠲᠠᠯᠠᠵᠤ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠰᠠᠷᠠᠮᠵᠢ᠂ ᠠᠰᠠᠷᠠᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ  ᠨᠠᠷᠢᠯᠢᠭ  ᠣᠨᠣᠪᠴᠢᠲᠠᠶ ᠪᠠᠷ ᠥᠷᠭᠡᠳᠬᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠨᠡᠶᠢᠭᠡᠮ ᠤᠨ ᠦᠨᠳᠦᠰᠦᠨ ᠳᠠᠭᠠᠳᠬᠠᠯ ᠳᠤ ᠣᠷᠣᠯᠴᠠᠬᠤ ᠶᠢ ᠪᠦᠷᠢᠨ ᠪᠦᠷᠬᠦᠭᠦᠯᠬᠦ ᠶᠢ  ᠪᠠᠲᠤᠯᠠᠨ᠎ᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠥᠨᠳᠥᠷ ᠨᠠᠰᠤᠨ ᠤ ᠨᠥᠬᠦᠪᠥᠷᠢ᠂ ᠬᠦᠨᠳᠦ ᠡᠪᠡᠳᠴᠢᠨ ᠤ ᠠᠪᠤᠷᠠᠨ ᠲᠤᠰᠠᠯᠠᠯᠲᠠ᠂ ᠶᠠᠳᠠᠭᠤ ᠬᠦᠴᠢᠷᠳᠡᠯᠲᠡᠶ ᠤᠶᠤᠲᠠᠳ ᠢ ᠠᠪᠤᠷᠠᠨ ᠲᠤᠰᠠᠯᠠᠬᠤ᠂ ᠲᠦᠷ ᠴᠠᠭ  ᠤᠨ ᠠᠪᠤᠷᠠᠨ ᠲᠤᠰᠠᠯᠠᠯᠲᠠ ᠵᠡᠷᠭᠡ ᠠᠷᠠᠳ ᠤᠨ ᠠᠮᠢᠳᠤᠷᠠᠯ ᠤᠨ ᠡᠯ᠎ᠡ ᠵᠦᠶᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ  ᠢ ᠪᠠᠲᠤ ᠰᠠᠬᠢᠨ᠎ᠠ᠃         ᠭᠤᠷᠪᠠ ᠳᠤ᠂ ᠰᠤᠷᠭᠠᠨ ᠬᠥᠮᠦᠵᠢᠯ ᠤᠨ ᠠᠵᠢᠯ ᠢ ᠲᠣᠪᠤᠶᠢᠯᠭᠠᠨ ᠰᠠᠶᠢᠲᠤᠷ ᠠᠳᠬᠤᠨ᠎ᠠ᠃  ᠪᠠᠭᠰᠢ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠬᠥᠮᠦᠵᠢᠯ ᠤᠨ ᠠᠵᠢᠯ  ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠣᠭᠲᠠᠭᠤᠨ ᠢᠶᠠᠷ ᠠᠬᠢᠭᠤᠯᠤᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂  ᠴᠡᠴᠡᠷᠯᠢᠭ ᠤᠨ ᠰᠣᠷᠭᠠᠨ ᠬᠦᠮᠦᠵᠢᠯ᠂ ᠰᠠᠭᠤᠷᠢ ᠰᠣᠷᠭᠠᠨ ᠬᠦᠮᠦᠵᠢᠯ᠂ ᠠᠵᠢᠯ  ᠮᠡᠷᠭᠡᠵᠢᠯ ᠤᠨ ᠰᠣᠷᠭᠠᠨ ᠬᠦᠮᠦᠵᠢᠯ ᠤᠨ ᠶᠠᠰᠣ ᠴᠢᠨᠠᠷ   ᠢ  ᠲᠡᠭᠡᠭᠰᠢᠯᠡᠭᠦᠯᠬᠦ ᠲᠦᠯᠦᠪᠯᠡᠭᠡ ᠶᠢ  ᠬᠡᠷᠡᠭᠵᠢᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠪᠠᠭᠰᠢ ᠶᠢᠨ ᠮᠣᠷᠠᠯ ᠰᠤᠷᠲᠠᠯ  ᠤᠨ ᠪᠠᠶᠢᠭᠤᠯᠤᠯᠲᠠ ᠶᠢ ᠤᠯᠠᠮ ᠴᠢᠩᠭᠠᠳᠬᠠᠨ᠂  ᠰᠤᠷᠭᠠᠨ ᠬᠥᠮᠦᠵᠢᠯ ᠤᠨ ᠮᠡᠷᠭᠡᠵᠢᠯ ᠴᠢᠳᠠᠪᠤᠷᠢ ᠶᠢᠨ ᠡᠭᠡᠯᠵᠢᠯᠡᠨ ᠪᠣᠯᠪᠠᠰᠤᠷᠠᠭᠤᠯᠬᠤ᠂ ᠰᠣᠯᠢᠯᠴᠠᠨ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠢ  ᠦᠷᠨᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠭᠤᠤᠯᠳᠠᠯᠭ᠎ᠠ ᠲᠠᠢ ᠪᠠᠲᠤᠯᠠᠨ᠎ᠠ᠃ ᠰᠠᠭᠤᠷᠢ ᠨᠢᠮᠭᠡᠨ ᠰᠤᠷᠭᠠᠭᠤᠯᠢ ᠶᠢ ᠥᠭᠡᠷᠡᠴᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠰᠤᠷᠭᠠᠭᠤᠯᠢ  ᠶᠢᠨ ᠲᠣᠨᠤᠭ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠦᠨ᠂ ᠪᠠᠷᠢᠮᠵᠢᠶᠠᠵᠢᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ  ᠠᠬᠢᠭᠤᠯᠤᠨ᠎ᠠ᠃         ᠲᠦᠷᠪᠡ ᠳᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ  ᠠᠷᠭᠠᠴᠠᠭᠠᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠦᠨ᠎ᠠ᠃ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠬᠤ ᠲᠣᠭᠲᠠᠴᠠ ᠳᠤ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ ᠪᠠᠶᠢᠴᠠᠭᠠᠵᠤ  ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ  ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃  ᠬᠤᠰᠢᠭᠤ ᠡᠮᠨᠡᠯᠭᠡ ᠶᠢᠨ ᠬᠤᠷᠢᠶᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠲᠥᠪ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠲᠣᠭᠤᠷᠢᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠮᠣᠩᠭᠤᠯ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠠᠰᠠᠷ ᠵᠢᠴᠢ ᠵᠡᠮᠳᠡᠭᠴᠦᠳ   ᠤᠨ ᠨᠠᠶᠢᠳᠠᠨ ᠠᠰᠠᠷᠠᠬᠤ ᠲᠥᠪ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃  ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ  ᠮᠡᠨᠳᠦ   ᠶᠢ ᠠᠬᠢᠭᠤᠯᠬᠤ ᠬᠦᠮᠦᠵᠢᠯ ᠢ ᠴᠢᠩᠭᠠᠳᠬᠠᠵᠤ᠂ ᠠᠷᠠᠳ ᠲᠦᠮᠡᠨ ᠤ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃        ︵ᠵᠢᠷᠭᠤᠭ᠎ᠠ︶ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠠᠮᠤᠷ ᠲᠦᠪᠰᠢᠨ ᠤ ᠬᠥᠭᠵᠢᠯᠲᠡ ᠶᠢᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠣᠭᠤᠯᠠᠩ ᠰᠠᠶᠢᠨ ᠰᠠᠶᠢᠬᠠᠨ ᠡᠷᠭᠢᠯᠳᠡ ᠶᠢ ᠴᠢᠷᠮᠠᠶᠢᠨ ᠪᠡᠶᠡᠯᠡᠭᠦᠯᠵᠦ᠂ ᠥᠨᠢ ᠤᠳᠠᠭᠠᠨ ᠠᠮᠤᠷ ᠲᠦᠪᠰᠢᠨ ᠪᠠᠶᠢᠬᠤ  ᠪᠠᠶᠢᠳᠠᠯ ᠢ ᠪᠥᠬᠦ ᠬᠦᠴᠦᠨ ᠢᠶᠠᠷ ᠪᠠᠬᠢᠵᠢᠭᠦᠯᠦᠨ᠎ᠡ᠃        ᠨᠢᠭᠡ ᠳᠤ  ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠣᠨ᠎ᠠ᠃ ᠶᠡᠷᠦᠩᠬᠡᠶ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠠᠷᠢᠨ ᠬᠢᠨᠠᠮᠠᠭᠠᠶ ᠣᠶᠠᠯᠳᠣᠭᠤᠯᠵᠦ᠂  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠮᠢᠶ᠎ᠠ ᠪᠥᠬᠦᠶ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ  ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠡᠷᠬᠡ ᠲᠡᠭᠰᠢ᠂ ᠪᠦᠯᠬᠦᠮᠳᠡᠯ  ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ  ᠵᠢᠷᠣᠮᠲᠦ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠰᠢᠨ᠎ᠡ ᠪᠠᠶᠢᠳᠠᠯ ᠤᠨ ᠳᠣᠣᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠳᠤ ᠬᠤᠯᠪᠣᠭᠳᠠᠬᠤ ᠠᠰᠠᠭᠤᠳᠠᠯ ᠢ ᠰᠠᠶᠢᠲᠤᠷ ᠰᠢᠶᠳᠪᠦᠷᠢᠯᠡᠨ᠂ ᠦᠨᠳᠦᠰᠦᠲᠡᠨ ᠨᠦᠭᠦᠳ  ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠢᠶᠠᠷ ᠵᠠᠰᠠᠵᠤ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠡᠭᠡ ᠰᠠᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ  ᠬᠠᠮᠠᠭᠠᠯᠠᠨ᠎ᠠ᠃        ᠬᠤᠶᠠᠷ ᠲᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠦᠨᠳᠦᠰᠦᠨ ᠱᠠᠲᠤᠨ  ᠤ ᠵᠠᠰᠠᠯᠲᠠ ᠶᠢᠨ ᠰᠢᠰᠲ᠋ᠧᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ《 ᠹᠧᠩ ᠴᠢᠶᠣᠤ ᠶᠢᠨ ᠲᠤᠷᠰᠢᠯᠭ᠎ᠠ 》 ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ  ᠰᠢᠢᠳᠪᠦᠷᠢᠯᠡᠨ᠎ᠡ᠃《 ᠤᠶᠤᠨᠲᠤ ᠬᠤᠲᠠ ᠶᠢᠨ ᠬᠠᠮᠢᠶᠠᠷᠤᠯᠲᠠ 》᠂《 ᠤᠶᠤᠨᠲᠤ ᠨᠡᠶᠢᠭᠡᠮ ᠲᠣᠭᠤᠷᠢᠭ 》᠂《 ᠤᠶᠤᠨᠲᠤ ᠳᠣᠲᠣᠭᠠᠳᠤ ᠶᠢ ᠬᠠᠮᠠᠭᠠᠯᠠᠬᠤ 》᠂《 ᠤᠶᠤᠨᠲᠤ ᠬᠠᠤᠯᠢ ᠴᠠᠭᠠᠵᠠ 》 ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠰᠠᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠪᠠ ᠦᠶᠯᠡᠴᠢᠯᠡᠭᠡᠨ ᠤ ᠭᠤᠤᠯᠳᠠᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠠᠶᠢᠩᠭᠤ ᠰᠠᠶᠢᠲᠤᠷ  ᠠᠳᠬᠤᠬᠤ ᠬᠡᠷᠡᠭᠲᠠᠢ᠃         ᠭᠤᠷᠪᠠ ᠳᠤ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠨ ᠲᠡᠭᠡᠭᠰᠢᠯᠡᠭᠦᠯᠦᠨ᠎ᠡ᠃  ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠵᠤ᠂  ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠪᠠᠨ ᠴᠢᠩᠭᠠᠳᠬᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ  ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠬᠦ ᠶᠢ  ᠠᠬᠢᠭᠤᠯᠣᠨ᠎ᠠ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠤᠰᠬᠠᠶ ᠵᠦᠢᠯ  ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ  ᠠᠬᠢᠭᠤᠯᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠠᠯ ᠤᠨᠲᠠᠷᠠᠭᠠᠬᠤ ᠥᠷᠲᠡᠭᠡ᠂ ᠪᠣᠯᠪᠠᠰᠤᠷᠠᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠢᠵᠢ ᠪᠦᠷᠢᠳᠦᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠷᠠᠳ ᠤᠯᠠᠨ ᠤ《 ᠢᠳᠡᠭᠡᠨ ᠤᠮᠳᠠᠭᠠᠨ ᠤ ᠠᠮᠤᠷ ᠲᠦᠪᠰᠢᠨ 》 ᠢ ᠪᠠᠲᠤᠯᠠᠬᠤ ᠬᠡᠷᠡᠭᠲᠡᠢ᠃         ᠲᠦᠷᠪᠡ ᠳᠤ᠂ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃  ᠭᠡᠭᠡᠨ ᠢᠨᠵᠧᠨᠧᠷᠢᠩ᠂ ᠡᠯᠧᠺᠲᠷᠦᠨ ᠴᠠᠭᠳᠠᠭᠠᠨ ᠤ ᠰᠢᠰᠲ᠋ᠧᠮ ᠵᠡᠷᠭᠡ ᠨᠡᠶᠢᠭᠡᠮ ᠤᠨ ᠠᠮᠤᠷ ᠲᠦᠪᠰᠢᠨ   ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ  ᠳᠤᠪᠣᠶᠢᠮ᠎ᠠ ᠠᠳᠬᠤᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠰᠢᠩ ᠶᠣᠣ ᠲᠣᠮᠢᠯᠠᠭᠰᠠᠨ ᠰᠠᠯᠪᠤᠷᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ᠪᠠᠶᠢᠩᠭᠤᠵᠢᠭᠰᠠᠨ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠤᠯᠤᠰ ᠲᠦᠷᠦ ᠶᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠵᠤ᠂  ᠠᠮᠤᠭᠤᠯᠠᠩ ᠰᠢᠯᠤᠭᠤᠨ ᠬᠥᠪᠡᠭᠡᠲᠦ ᠴᠠᠭᠠᠨ ᠬᠤᠰᠢᠭᠤ᠂  ᠬᠠᠣᠯᠢᠵᠢᠬᠰᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠨ᠎ᠠ᠃         ᠲᠠᠪᠤ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠣᠨᠣᠪᠴᠢᠲᠠᠢ ᠰᠠᠶᠢᠲᠤᠷ  ᠠᠳᠬᠤᠨ᠎ᠠ᠃ ᠣᠶᠢᠷ᠎ᠠ ᠶᠢᠨ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠤᠭ  ᠤᠨ ᠰᠢᠨ᠎ᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠᠷ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠠᠷᠭ᠎ᠠ ᠪᠣᠳᠣᠯᠭ᠎ᠠ ᠶᠢ ᠪᠠᠷᠢᠮᠲᠠᠯᠠᠵᠤ᠂ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ  ᠳᠠᠭᠠᠨ ᠳᠠᠷᠬᠠᠨ ᠳᠡᠯᠭᠡᠷᠡᠬᠦ ᠶᠢ ᠰᠡᠷᠭᠡᠶᠢᠯᠡᠬᠦ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 《 ᠳᠥᠷᠪᠡᠨ ᠲᠠᠯ᠎ᠠ ᠶᠢᠨ ᠬᠠᠷᠢᠭᠤᠴᠠᠯᠭ᠎ᠠ 》   ᠶᠢ ᠪᠣᠳᠠᠲᠠᠶᠢᠵᠢᠭᠤᠯᠵᠤ᠂ 《 1 + 8 + N 》 ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠭᠠᠳᠠᠭᠠᠳᠤ᠂ ᠤᠯᠤᠰ ᠤᠨ ᠳᠣᠲᠣᠭᠠᠳᠤ  ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠲᠤ ᠲᠤᠬᠠᠶ ᠶᠢᠨ ᠭᠠᠵᠠᠷ ᠲᠤᠨᠢ ᠬᠥᠮᠦᠨ ᠢ ᠪᠠᠶᠢᠴᠠᠭᠠᠵᠤ᠂ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂《 ᠳᠥᠷᠪᠡᠨ ᠡᠷᠲᠡ 》᠂《 ᠲᠠᠪᠤ ᠶᠢ ᠨᠢᠭᠡ ᠲᠣᠤᠷᠵᠢᠭᠤᠯᠬᠤ 》ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠷ᠂ ᠴᠣᠬᠯᠠᠷᠠᠬᠤ ᠴᠢᠨᠠᠷᠲᠠᠢ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠡᠪᠡᠳᠴᠢᠨ ᠬᠢᠵᠢᠭ ᠤᠨ ᠲᠠᠷᠬᠠᠨ ᠦᠷᠪᠢᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠠᠢ  ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠲᠦᠷᠦᠭᠦᠯᠡᠨ ᠬᠤᠰᠢᠭᠤᠨ ᠳᠣᠲᠣᠷ᠎ᠠ ᠴᠠᠭᠠᠨ ᠰᠠᠷ᠎ᠠ ᠪᠠᠨ ᠥᠩᠭᠡᠷᠡᠭᠦᠯᠵᠦ᠂ ᠣᠯᠠᠨ ᠲᠦᠮᠡᠨ ᠤ ᠵᠦᠶ ᠵᠣᠬᠢᠰᠲᠠᠶ ᠡᠮᠬᠢ ᠵᠢᠷᠤᠮ ᠲᠠᠢ ᠪᠠᠷ ᠭᠠᠳᠠᠭᠰᠢ ᠭᠠᠷᠬᠤ ᠶᠢ ᠬᠥᠲᠥᠯᠥᠨ ᠵᠢᠯᠣᠭᠤᠳᠴᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠭᠠᠳᠠᠭᠠᠳᠤ ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ ᠂ ᠠᠶᠤᠯ ᠲᠦᠭᠰᠢᠭᠦᠷᠢ ᠶᠡᠬᠡᠲᠡᠶ ᠠᠵᠢᠯ ᠡᠷᠭᠢᠯᠡᠭᠰᠡᠳ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠸᠠᠺᠼᠢᠨ ᠤ ᠲᠠᠷᠢᠯᠭ᠎ᠠ ᠬᠢᠬᠦ ᠠᠵᠢᠯ ᠢ ᠯᠠᠪᠳᠠᠭᠤᠨ ᠪᠥᠭᠡᠳ ᠡᠷᠴᠢᠮᠳᠠᠢ ᠬᠢᠵᠦ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ  ᠪᠠᠲᠤᠯᠠᠵᠤ᠂ ᠠᠷᠠᠳ ᠣᠯᠠᠨ ᠢ ᠠᠮᠤᠷ ᠠᠮᠤᠭᠤᠯᠠᠩ ᠢᠶᠠᠷ ᠪᠠᠶᠠᠷ ᠤᠨ ᠡᠳᠦᠷ   ᠢᠶᠠᠨ ᠥᠩᠭᠡᠷᠡᠭᠦᠯᠬᠦ   ᠶᠢ ᠪᠠᠳᠣᠯᠠᠬᠤ ᠬᠡᠷᠡᠭᠲᠡᠶ᠃      ᠨᠥᠬᠦᠳ ᠡ᠂ ᠡᠨᠡ ᠵᠢᠯ ᠤᠨ ᠠᠵᠢᠯ ᠤᠨ ᠡᠭᠦᠷᠭᠡ ᠨᠢᠭᠡᠨᠲᠡ ᠲᠣᠳᠣᠷᠬᠠᠢ ᠪᠣᠯᠣᠯ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ  ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ  ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠶ᠎ᠠ︕
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号