ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ 2021 ᠣᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/3/16
             ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ               2021 ᠣᠨ ᠤ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠲᠤᠬᠠᠶ ᠠᠯᠪᠠᠨ ᠵᠠᠷ             ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠥᠬᠡᠶ ᠪᠠᠶᠢᠬᠤ ᠶᠢ ᠪᠠᠲᠤᠯᠠᠬᠤ ᠶᠢᠨ ᠲᠤᠰᠠᠳᠠ᠂ ︽ᠣᠶ ᠰᠢᠭᠤᠶ ᠶᠢᠨ ᠭᠠᠯ ᠢ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠬᠤᠰᠢᠭᠤ ᠵᠠᠰᠠᠭ ᠤᠨ ᠣᠷᠳᠣᠨ ᠰᠣᠳᠣᠯᠵᠦ᠂ ᠪᠥᠬᠦ ᠬᠤᠰᠢᠭᠤᠨ ᠳᠤ ᠠᠭᠤᠯᠠ ᠶᠢ ᠪᠢᠲᠡᠭᠦᠮᠵᠢᠯᠡᠨ ᠭᠠᠯ ᠢ ᠴᠢᠩᠭ᠎ᠠ ᠰᠡᠷᠭᠡᠶᠢᠯᠡᠬᠦ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯ ᠢ ᠮᠡᠳᠡᠭᠳᠡᠶ᠎ᠡ᠄        ᠨᠢᠭᠡ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ᠄ 2021 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ︔ 2021 ᠣᠨ ᠤ 9 ᠳ᠋ᠦᠭᠡᠷ ᠰᠠᠷ᠎ᠠ ᠶᠢᠨ 15 ᠤ ᠡᠳᠦᠷ ᠠᠴᠠ 11 ᠳ᠋ᠦᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠬᠤᠭᠤᠴᠠᠭ᠎ᠠ ᠪᠣᠯᠣᠨ᠎ᠠ᠃        ᠬᠤᠶᠠᠷ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠦᠰᠡ᠄  ᠮᠢᠩᠭᠠᠲᠦ ᠪᠠᠯᠭᠠᠰᠤ ᠶᠢᠨ ᠬᠤᠲᠠ ᠲᠣᠭᠤᠷᠢᠭ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠳᠤᠭᠤᠶᠢᠯᠠᠩ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠢ ᠭᠠᠷᠭᠠᠪᠠᠯ᠂ ᠬᠤᠰᠢᠭᠤᠨ ᠤ ᠪᠥᠬᠦ ᠬᠢᠯᠢ ᠶᠢᠨ ᠪᠤᠰᠤᠳ ᠣᠷᠣᠨ ᠪᠦᠰᠡ ᠨᠢ ᠴᠥᠮ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠤᠨ᠎ᠠ᠃        ᠭᠤᠷᠪᠠ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠭᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠦᠨᠡᠨᠬᠦ ᠴᠢᠩᠭ᠎ᠠ ᠪᠥᠭᠡᠳ ᠪᠣᠳᠠᠲᠠᠶ ᠪᠠᠷ ᠠᠳᠬᠤᠬᠤ ᠬᠡᠷᠡᠭᠲᠡᠶ᠃       ᠳᠥᠷᠪᠡ᠂ ᠡᠯ᠎ᠡ ᠭᠠᠴᠠᠭ᠎ᠠ ᠲᠣᠰᠬᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠴᠢ ᠨᠢ ᠲᠣᠰ ᠬᠠᠷᠢᠭᠤᠴᠠᠯᠭ᠎ᠠ ᠶᠢᠨ ᠣᠷᠣᠨ ᠪᠦᠰᠡ ᠶᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠦ᠂ ᠭᠠᠯ ᠤᠨ ᠲᠥᠷᠥᠯ ᠢ ᠲᠣᠭᠤᠷᠢᠭ ᠲᠤ ᠣᠷᠣᠭᠤᠯᠬᠤ ᠶᠢ ᠴᠢᠩᠭ᠎ᠠ ᠰᠡᠷᠭᠡᠶᠢᠯᠡᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃        ᠲᠠᠪᠤ᠂ ᠡᠯ᠎ᠡ ᠰᠤᠮᠤ ᠪᠠᠯᠭᠠᠰᠤ᠂ ᠪᠦᠷᠢᠯᠳᠦᠬᠦᠨ ᠨᠢᠭᠡᠴᠡ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠪᠣᠯᠤᠨ ᠭᠠᠴᠠᠭ᠎ᠠ ᠲᠣᠰᠬᠤᠨ ᠳᠤ ᠭᠦᠨᠵᠡᠭᠡᠶᠢᠷᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠡᠭᠡᠷ᠎ᠡ ᠶᠢᠨ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠲᠣᠭᠲᠠᠭᠠᠯ ᠢ ᠭᠤᠤᠯᠳᠠᠯᠭ᠎ᠠ ᠲᠠᠢ ᠤᠬᠠᠭᠤᠯᠵᠤ᠂ ᠠᠷᠠᠳ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠶ᠃       ᠵᠢᠷᠭᠤᠭ᠎ᠠ᠂ ᠡᠯ᠎ᠡ ᠱᠠᠲᠤᠨ ᠤ ᠭᠠᠯ ᠢ ᠰᠡᠷᠭᠡᠶᠢᠯᠡᠬᠦ ᠨᠢᠭᠡᠴᠡ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ᠂ ᠲᠡᠷᠭᠡ ᠣᠨᠤᠭ᠎ᠠ ᠵᠠᠷᠯᠢᠭ ᠬᠦᠯᠢᠶᠡᠬᠦ ᠲᠥᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠶᠠᠮᠠᠷᠪᠠ ᠨᠢᠭᠡᠴᠡ ᠪᠤᠶᠤ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠣᠶᠢᠮᠡᠷ ᠤᠨ ᠪᠠᠶᠢᠳᠠᠯ ᠢ ᠣᠯᠵᠤ ᠮᠡᠳᠡᠪᠡᠯ᠂ ᠬᠠᠷᠢᠶ᠎ᠠ ᠰᠤᠮᠤ ᠪᠠᠯᠭᠠᠰᠣᠨ ᠳᠠᠭᠠᠨ ᠳᠠᠷᠦ᠋ᠢᠬᠠᠨ ᠮᠡᠳᠡᠭᠦᠯᠵᠦ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠭᠰᠠᠨ ᠪᠠᠶᠢᠳᠠᠯ ᠳᠣᠤᠷ᠎ᠠ ᠴᠢᠬᠤᠯᠠ ᠪᠥᠬᠦᠶ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃       ᠲᠤᠯᠤᠭ᠎ᠠ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠨᠢᠭᠡ︶ ᠢᠯᠨ ᠭᠠᠯ ᠢᠶᠠᠷ ᠳᠠᠬᠢᠬᠤ᠂ ᠬᠦᠵᠢ ᠠᠰᠠᠭᠠᠬᠤ᠂ ᠺᠦᠩᠮᠢᠩ ᠳ᠋ᠧᠩ ᠠᠰᠠᠭᠠᠬᠤ᠂ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠨ᠎ᠠ᠃ ᠬᠠᠩᠰᠢ ᠶᠢᠨ ᠬᠤᠭᠤᠴᠠᠭᠠᠨ ᠳᠤ ᠥᠷᠭᠡᠨ ᠣᠯᠠᠨ ᠲᠦᠮᠡᠨ ᠤ ᠪᠣᠯᠪᠠᠰᠤᠨ ᠳᠠᠬᠢᠯᠭ᠎ᠠ ᠶᠢᠨ ᠰᠢᠨ᠎ᠡ ᠰᠤᠷᠲᠠᠯ ᠢ ᠡᠷᠬᠢᠮᠯᠡᠵᠦ᠂ ᠮᠣᠳᠣ ᠳᠠᠷᠢᠬᠤ᠂ ᠴᠡᠴᠡᠭ ᠬᠦᠷᠭᠡᠬᠦ᠂ ᠣᠩᠭᠤᠨ ᠤ ᠬᠥᠰᠢᠶ᠎ᠡ ᠶᠢ ᠴᠡᠪᠡᠷᠯᠡᠬᠦ᠂ ᠲᠠᠬᠢᠯᠭ᠎ᠠ ᠶᠢᠨ ᠪᠢᠴᠢᠭ ᠢ ᠤᠩᠰᠢᠬᠤ ᠵᠡᠷᠭᠡ ᠪᠣᠯᠪᠠᠰᠤᠨ ᠪᠥᠭᠡᠳ ᠣᠷᠴᠢᠨ ᠠᠬᠤᠶ ᠶᠢ ᠬᠠᠮᠠᠭᠠᠯᠠᠬᠤ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠬᠦ ᠶᠢ ᠢᠳᠡᠪᠬᠢᠲᠡᠶ ᠪᠠᠷ  ᠰᠠᠨᠠᠭᠠᠴᠢᠯᠠᠬᠤ  ᠬᠡᠷᠡᠭᠲᠠᠢ᠃      ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠡᠷᠬᠡᠪᠰᠢ ᠭᠠᠯ ᠬᠡᠷᠡᠭᠯᠡᠬᠦ ᠠᠵᠢᠯ ᠡᠷᠬᠢᠯᠡᠵᠤ ᠪᠠᠶᠢᠭ᠎ᠠ ᠦᠢᠯᠡᠳᠪᠦᠷᠢ ᠠᠭᠤᠷᠬᠠᠶ᠂ ᠠᠵᠤ ᠠᠬᠤᠶᠢᠯᠠᠯ᠂ ᠨᠢᠭᠡᠴᠡ ᠪᠣᠯᠤᠨ ᠰᠠᠭᠤᠭᠠᠯᠢ ᠠᠷᠠᠳ ᠲᠤ ᠪᠣᠯ ᠲᠤᠰ ᠮᠡᠳᠡᠭᠳᠡᠯ   ᠤᠨ ᠲᠣᠭᠲᠠᠭᠠᠯ ᠶᠣᠰᠣᠭᠠᠷ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠭᠠᠯ ᠬᠡᠷᠡᠭᠯᠡᠬᠦ ᠶᠢ ᠵᠦᠪᠰᠢᠶᠡᠷᠡᠭᠦᠯᠵᠦ᠂ ᠭᠠᠯ ᠬᠡᠷᠡᠭᠯᠡᠬᠦ ᠶᠠᠪᠤᠴᠠ ᠲᠤ ᠱᠠᠭᠠᠷᠳᠠᠯᠭ᠎ᠠ ᠶᠣᠰᠣᠭᠠᠷ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠬᠤ ᠬᠡᠷᠡᠭᠲᠡᠶ᠃      ︵ᠭᠤᠷᠪᠠ︶ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠲᠠᠷᠢᠶᠠᠨ ᠳᠠᠯᠠᠩ᠂ ᠪᠤᠭᠤᠳᠠᠢ ᠶᠢᠨ ᠡᠰᠢ ᠰᠦᠷᠡᠯ᠂ ᠬᠠᠶᠠᠬᠳᠠᠮᠠᠯ ᠡᠪᠡᠰᠦ᠂ ᠮᠣᠳᠣᠨ ᠨᠠᠪᠴᠢ ᠵᠡᠷᠭᠡ ᠰᠢᠲᠠᠮᠠᠬᠠᠢ ᠪᠣᠳᠠᠰ ᠢ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠣᠴᠢ ᠲᠠᠢ ᠰᠢᠲᠠᠮᠠᠬᠠᠢ ᠪᠣᠳᠠᠰ ᠢ ᠬᠡᠭᠡᠷ᠎ᠡ ᠭᠠᠳᠠᠨ᠎ᠠ ᠰᠢᠳᠠᠭᠠᠬᠤ ᠶᠢ ᠴᠢᠩᠭ᠎ᠠ ᠴᠠᠭᠠᠵᠠᠯᠠᠨ᠎ᠠ᠃      ︵ᠳᠥᠷᠪᠡ︶ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠳᠡᠯᠪᠡᠴᠢᠬᠦ᠂ ᠬᠠᠶᠢᠨ ᠪᠠᠶᠢᠴᠠᠭᠠᠬᠤ ᠪᠠ ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠶᠢ ᠬᠢᠬᠦ ᠴᠢᠬᠤᠯᠠ ᠲᠠᠢ ᠪᠣᠯ᠂ ᠡᠷᠬᠡᠪᠰᠢ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠᠷ ᠵᠦᠪᠰᠢᠶᠡᠷᠡᠭᠦᠯᠬᠦ ᠵᠨ ᠬᠠᠮᠲᠤ᠂ ᠬᠤᠰᠢᠭᠤ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠠᠢ ᠬᠠᠮᠵᠢᠯᠴᠠᠨ ᠴᠢᠬᠤᠯᠠ ᠪᠥᠬᠦᠶ ᠭᠠᠯ ᠰᠡᠷᠭᠡᠶᠢᠯᠡᠨ ᠤᠨᠲᠠᠷᠠᠭᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ  ᠶᠠᠪᠣᠬᠳᠠᠭᠤᠯᠬᠤ ᠬᠡᠷᠡᠭᠲᠠᠢ᠃       ︵ᠲᠠᠪᠤ︶ ᠴᠢᠩᠭ᠎ᠠ ᠰᠡᠷᠭᠡᠶᠢᠯᠡᠯᠲᠡ ᠶᠢᠨ ᠣᠷᠣᠨ ᠲᠤ ᠣᠷᠣᠬᠤ᠂ ᠥᠩᠭᠡᠷᠡᠬᠦ ᠲᠡᠷᠭᠡ ᠣᠨᠤᠭ᠎ᠠ᠂ ᠮᠠᠰᠢᠨ  ᠲᠤ ᠭᠠᠯ ᠢ ᠰᠡᠷᠭᠡᠶᠢᠯᠡᠬᠦ ᠪᠦᠷᠬᠦᠭᠦᠯ ᠤᠭᠰᠠᠷᠠᠵᠤ᠂ ᠭᠠᠯ ᠢ ᠰᠡᠷᠭᠡᠶᠢᠯᠡᠬᠦ ᠠᠶᠣᠯᠬᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠥᠬᠦᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠨᠠᠰᠢ ᠴᠠᠰᠢ ᠶᠠᠪᠣᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠠᠵᠢᠯᠲᠠᠨ ᠳᠤ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢᠨ ᠶᠣᠵᠣᠣᠷ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠭᠡᠵᠦ ᠮᠡᠳᠡᠬᠦ ᠭᠠᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠵᠤ᠂ ᠵᠢᠯᠣᠭᠤᠴᠢ᠂ ᠲᠡᠷᠭᠡ ᠳᠠᠭᠠᠵᠤ ᠬᠠᠮᠢᠶᠠᠷᠬᠤ ᠠᠵᠢᠯᠲᠠᠨ ᠢᠶᠠᠷ ᠭᠠᠯ ᠰᠡᠷᠭᠡᠶᠢᠯᠡᠬᠦ ᠬᠠᠷᠢᠭᠤᠴᠠᠯᠭᠠᠲᠠᠨ ᠪᠣᠯᠭᠠᠬᠤ ᠬᠡᠷᠡᠭᠲᠡᠶ᠃        ︵ᠵᠢᠷᠭᠤᠭ᠎ᠠ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠣᠨ ᠤ ᠵᠠᠰᠠᠭ ᠤᠨ ᠣᠷᠳᠣᠨ ᠲᠤᠰ ᠬᠠᠷᠢᠶ᠎ᠠ ᠣᠷᠣᠨ ᠤ ︽ᠠᠭᠤᠯᠠ ᠶᠢ ᠴᠡᠪᠡᠷᠯᠡᠬᠦ᠂ ᠭᠤᠤ ᠶᠢ ᠴᠡᠪᠡᠷᠯᠡᠬᠦ᠂ ᠭᠤᠣᠯ ᠤᠨ ᠲᠣᠬᠤᠢ ᠴᠡᠪᠡᠷᠯᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠯᠢᠪᠠ ᠭᠠᠯ ᠤᠨ ᠠᠶᠤᠯ ᠤᠨ ᠭᠡᠮ ᠰᠣᠭᠤᠭ ᠢ ᠠᠷᠢᠯᠭᠠᠬᠤ ᠬᠡᠷᠡᠭᠲᠡᠶ᠃       ᠨᠠᠢᠮᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠥᠬᠡᠶ ᠬᠥᠮᠦᠨ ᠪᠠ ᠬᠢᠵᠠᠭᠠᠷᠲᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠲᠠᠢ ᠬᠥᠮᠦᠨ ᠤ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠂ ᠬᠢᠨᠠᠨ ᠬᠠᠮᠠᠭᠠᠯᠠᠯᠲᠠ ᠨᠢ ᠪᠠᠷᠢᠮᠵᠢᠶ᠎ᠠ ᠳᠤ ᠬᠥᠷᠬᠦ ᠥᠬᠡᠶ ᠠᠴᠠ ᠪᠣᠯᠵᠣ ᠭᠠᠯ ᠤᠨ ᠠᠶᠤᠯ ᠭᠠᠷᠭᠠᠭᠰᠠᠨ ᠪᠠᠶᠢᠪᠠᠯ᠂ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃      ᠶᠢᠰᠦ᠂ ᠳᠡᠭᠡᠷ᠎ᠡ ᠳᠤᠷᠠᠳᠤᠭᠰᠠᠨ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠵᠥᠷᠢᠴᠡᠭᠰᠡᠳ ᠲᠤ᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠵᠢᠨ‌‍ᠰᠢᠳᠭᠡᠯ ᠲᠣᠷᠭᠠᠭᠤᠯᠢ ᠶᠢᠨ ᠬᠠᠤᠯᠢ︾ ᠶᠢᠨ ᠬᠤᠯᠪᠣᠭᠳᠠᠯ ᠪᠥᠬᠦᠶ ᠲᠣᠭᠲᠠᠭᠠᠯ ᠢᠶᠠᠷ ᠪᠠᠶᠢᠳᠠᠯ ᠢ ᠨᠢ ᠦᠵᠡᠵᠦ ᠰᠡᠷᠡᠮᠵᠢ ᠥᠭᠬᠦ᠂ ᠵᠣᠭᠤᠰ ᠢᠶᠠᠷ ᠲᠣᠷᠭᠤᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠥᠭᠭᠦᠨ᠎ᠡ︔ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠣᠶ ᠰᠢᠭᠤᠶ ᠨᠤᠲᠤᠭ ᠪᠡᠯᠴᠢᠭᠡᠷ ᠤᠨ ᠬᠤᠬᠢᠷᠠᠯ ᠢ ᠬᠠᠤᠯᠢ ᠪᠠᠷ ᠳᠥᠯᠥᠵᠦ᠂ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠵᠦ᠂ ᠶᠠᠯ᠎ᠠ   ᠳᠤ ᠬᠦᠷᠦᠭᠰᠡᠨ ᠪᠣᠯ᠂ ᠬᠠᠤᠯᠢ ᠪᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠠᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠬᠤᠰᠢᠭᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠬᠢᠳᠡᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃      ᠠᠷᠪᠠᠨ ᠨᠢᠭᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ ᠳᠤᠨᠢ ᠬᠤᠰᠢᠭᠤ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠬᠡᠷᠡᠭ ᠮᠡᠳᠡᠭᠦᠯᠬᠦ ᠳᠤ ᠨᠥᠬᠦᠴᠡᠯ ᠥᠬᠡᠶ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠣᠶᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃        ᠭᠠᠯ ᠲᠦᠢᠮᠡᠷ ᠢ ᠮᠡᠳᠡᠭᠦᠯᠬᠦ ᠤᠲᠠᠰᠤ᠄ 12119᠂ 6511910᠃               ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                                                           2021 ᠣᠨ ᠤ 3 ᠰᠠᠷ᠎ᠠ ᠶᠢᠨ 15 ᠤ ᠡᠳᠣᠷ    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号