ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2021/3/24
ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠬᠤᠶᠠᠷ︶                                ᠵᠠᠰᠠᠭ ᠤᠨ ᠣᠷᠳᠣᠨ ᠤ ᠠᠵᠢᠯ ᠤᠨ ᠢᠯᠡᠳᠭᠡᠯ                                                          — —2021 ᠣᠨ ᠤ 3 ᠰᠠᠷ᠎ᠠ  ᠶᠢᠨ 23 ᠤ ᠡᠳᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠲᠠᠪᠤᠳᠤᠭᠠᠷ                                                                           ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ ᠲᠡᠭᠡᠷ᠎ᠡ                                                                                          ᠵᠠᠰᠠᠭ ᠤᠨ ᠤᠷᠳᠤᠨ ᠤ  ᠲᠠᠷᠤᠭ᠎ᠠ     ᠰᠦ᠋ ᠫᠧᠩ             ᠲᠥᠯᠥᠭᠡᠯᠡᠭᠴᠢᠳ ᠡ᠄       ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠣᠯᠳᠠ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2020 ᠣᠨ ᠪᠣᠯᠣᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ      2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠪᠠᠶᠢᠳᠠᠯ ᠤᠨ ᠡᠮᠦᠨ᠎ᠡ᠂ ᠬᠤᠰᠢᠭᠤ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ ᠬᠤᠰᠢᠭᠤ ᠨᠠᠮ  ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤᠨ ᠤ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ  ︾ ﹇1﹈ ᠠᠵᠢᠯ ᠢ ᠯᠠᠪᠳᠠᠭᠤᠨ ᠪᠠᠲᠤᠲᠠᠶ ᠬᠢᠵᠦ᠂  ︽ᠵᠢᠷᠭᠤᠭ᠎ᠠ ᠶᠢ ᠪᠠᠲᠤᠯᠠᠬᠤ︾  ﹇2﹈ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠪᠥᠬᠦ ᠵᠢᠯ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 13.5 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ︽ᠠᠷᠪᠠᠨ ᠭᠤᠷᠪᠠᠳᠤᠭᠠᠷ ᠲᠠᠪᠤᠨ ᠵᠢᠯ︾ ᠠᠴᠠ ᠨᠠᠰᠢᠬᠢ ᠠᠩᠬᠠᠳᠠᠭᠴᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠦ᠂ ᠪᠥᠬᠦ ᠣᠷᠣᠨ᠂ ᠪᠥᠬᠦ ᠠᠶᠢᠮᠠᠭ ᠤᠨ 1  ᠳᠤ ᠣᠷᠣᠵᠤ᠂  ᠶᠡᠷᠦᠩᠭᠡᠢ ᠬᠡᠮᠵᠢᠶ᠎ᠡ ᠨᠢ 2019 ᠣᠨ ᠳᠤ ᠪᠦᠬᠦ ᠠᠶᠢᠮᠠᠭ ᠤᠨ 13 ᠳᠤ ᠪᠠᠶᠢᠬᠰᠠᠨ ᠠᠴᠠ 11  ᠳᠤ ᠣᠷᠣᠪᠠ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 27.8 % ᠪᠠᠷ ᠨᠡᠮᠡᠭᠳᠡᠵᠦ᠂ ᠨᠡᠮᠡᠭᠳᠡᠯ   ᠤᠨ ᠬᠤᠷᠳᠤᠴᠠ ᠨᠢ ︽ᠠᠷᠪᠠᠨ ᠭᠤᠷᠪᠠᠳᠤᠭᠠᠷ ᠲᠠᠪᠤᠨ ᠵᠢᠯ︾  ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠴᠦ᠂ ᠪᠦᠬᠦ ᠠᠶᠢᠮᠠᠭ ᠲᠤ 3 ᠳᠤ ᠵᠢᠬᠰᠠᠪᠠ︔ ᠡᠩ ᠤᠨ ᠣᠯᠠᠨ ᠨᠡᠶᠢᠲᠡ  ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠶᠢᠨ 6 ᠳᠤ ᠵᠢᠬᠰᠠᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰᠪᠦᠷᠢ 2.1 % ᠪᠠ 10.2 % ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ  ᠪᠥᠬᠦ ᠠᠶᠢᠮᠠᠭ ᠤᠨ 1 ᠳᠤ ᠣᠷᠣᠪᠠ ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ  ᠤ ᠬᠢ ᠠᠴᠠ 6.5 % ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠲᠤ 5 ᠳᠤ  ᠵᠢᠬᠰᠠᠪᠠ᠃             ᠨᠢᠭᠡ ᠵᠢᠯ ᠤᠨ ᠲᠤᠷᠰᠢ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠪᠠ᠄       ︵ᠨᠢᠭᠡ︶ ᠣᠶᠣᠨ ᠴᠢᠳᠠᠯ ᠢᠶᠠᠨ ᠲᠦᠪᠯᠡᠷᠡᠭᠦᠯᠦᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠪᠡ᠃ ᠬᠢᠵᠢᠭ ᠶᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠣᠯᠪᠠ᠃ ᠬᠤᠯᠣᠭᠠᠨ᠎ᠠ ᠶᠢᠨ ᠬᠢᠵᠢᠭ ᠢ ᠢᠳᠡᠪᠬᠢᠲᠠᠢ ᠬᠤᠷᠢᠬᠯᠠᠨ ᠡᠵᠡᠮᠳᠠᠵᠦ᠂  ᠭᠡᠨᠡᠳᠳᠠ ᠡᠭᠦᠰᠦᠭᠰᠡᠨ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠣᠬᠳᠣᠨ ᠪᠠᠶᠢᠯᠳᠣᠵᠦ᠂ ᠳᠠᠷᠤᠶ ᠲᠦᠷᠭᠡᠨ ᠨᠢᠭᠡᠳᠦᠭᠡᠷ ᠳᠡᠰ ᠤᠨ ᠴᠤᠤᠷᠢᠶᠠᠲᠤᠨ ᠳᠠᠭᠠᠬᠤ ᠲᠣᠭᠲᠠᠴᠠ ᠶᠢ ᠬᠡᠷᠡᠭᠵᠢᠭᠦᠯᠵᠦ᠂ ᠪᠥᠬᠦ ᠬᠤᠰᠢᠭᠤᠨ ᠤ 1740 ᠨᠠᠮ ᠤᠨ ᠭᠡᠰᠢᠭᠦᠨ ᠺᠠᠳ᠋ᠷ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ  ︾ ᠤᠨ ᠭᠡᠰᠢᠭᠦᠨ᠂ ᠰᠠᠶᠢᠨ ᠳᠤᠷᠠᠴᠤᠳ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠤᠰᠢᠭᠤᠨ ᠳᠤ ᠪᠤᠴᠠᠵᠤ ᠢᠷᠡᠭᠰᠡᠨ 1.2 ᠲᠦᠮᠡᠨ ᠬᠥᠮᠦᠨ ᠤᠳᠠᠭ᠎ᠠ ᠶᠢ ᠵᠢᠬᠰᠠᠭᠠᠨ ᠪᠠᠶᠢᠴᠠᠭᠠᠵᠦ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠡᠵᠡᠮᠳᠡᠬᠦ ︽ᠪᠣᠯᠣᠳ ᠴᠠᠭᠠᠨ ᠬᠡᠷᠡᠮ︾ ᠢ ᠪᠠᠶᠢᠭᠤᠯᠪᠠ᠃ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠥᠬᠦ ᠲᠠᠯ᠎ᠠ ᠪᠠᠷ ᠴᠢᠩᠭᠠᠳᠬᠠᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢ ᠥᠭᠡᠷᠡᠴᠢᠯᠡᠨ ᠪᠠᠶᠢᠭᠤᠯᠵᠤ᠂ 2 PCR ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠤᠨ᠂ ᠦᠨᠡᠨᠪᠠᠲᠤ ᠤᠯᠤᠰ ᠤᠨ ᠲᠠᠰ ᠤᠨ ᠬᠤᠯᠤᠭᠠᠨ᠎ᠠ ᠶᠢᠨ ᠬᠢᠵᠢᠭ ᠪᠷᠦ᠋ᠼᠧᠯ ᠡᠪᠡᠳᠴᠢᠨ ᠢ ᠰᠡᠷᠭᠡᠶᠢᠯᠡᠬᠦ ᠰᠠᠭᠤᠷᠢᠨ ᠭᠠᠵᠠᠷ ᠤᠨ ᠲᠤᠬᠠᠶ ᠶᠢᠨ ᠲᠠᠯᠠᠪᠠᠶ ᠶᠢᠨ ᠪᠣᠯᠪᠠᠰᠤᠷᠠᠯ ᠤᠨ ᠲᠥᠪ ᠢ ᠪᠠᠶᠢᠭᠤᠯᠣᠨ ᠠᠰᠢᠬᠯᠠᠯᠳᠠ ᠳᠤ ᠣᠷᠣᠭᠤᠯᠵᠦ᠂ ᠰᠢᠩ ᠶᠣᠣ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢᠨ ᠥᠷᠭᠡᠳᠬᠡᠨ ᠪᠠᠶᠢᠭᠤᠯᠬᠤ ᠲᠥᠷᠥᠯ ᠵᠦᠶᠯ ᠤᠨ ᠡᠮᠣᠨ᠎ᠠ ᠬᠤᠭᠤᠴᠠᠭᠠᠨ ᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠬᠢᠵᠢᠭ ᠢ ᠰᠡᠷᠭᠡᠶᠢᠯᠡᠬᠦ ᠳᠠᠶᠢᠯᠠᠯᠳᠤᠭᠠᠨ ᠤ ᠱᠤᠭᠤᠮ ᠢ ᠨᠠᠩ ᠪᠠᠬᠢᠵᠢᠭᠦᠯᠪᠡ᠃ ᠠᠵᠢᠯ  ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠪᠠ ᠃ ᠠᠵᠤ ᠠᠬᠤᠶ ᠶᠢ ᠳᠠᠬᠢᠨ ᠰᠡᠷᠭᠦᠭᠡᠬᠦ ᠳᠠᠷᠤᠯᠲᠠ ᠪᠠ ᠬᠢᠵᠢᠭ ᠤᠨ ᠳᠠᠭᠠᠷᠢᠯᠳᠠ ᠶᠢᠨ ᠡᠮᠦᠨ᠎ᠡ᠂ ᠭᠠᠵᠠᠷ ᠣᠷᠣᠨ ᠪᠠ ᠲᠠᠰ ᠲᠥᠷᠥᠯ ᠬᠤᠪᠢᠶᠠᠵᠤ ᠣᠨᠣᠪᠴᠢᠲᠠᠶ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂  ᠠᠵᠤ ᠠᠬᠤᠶᠢᠯᠠᠯ ᠳᠤ ᠰᠠᠭᠤᠭ᠎ᠠ ︽ᠬᠤᠤᠰ ᠬᠠᠷᠢᠯᠴᠠᠭᠴᠢ︾ ᠶᠢᠨ ᠲᠦᠷᠢᠮ ﹇3﹈   ᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠶᠴᠡᠳ ᠪᠡᠯᠡᠳᠬᠡᠵᠦ᠂ ᠠᠵᠢᠯ ᠢᠶᠠᠨ ᠰᠡᠷᠭᠦᠭᠡᠬᠦ ᠭᠠᠷᠳᠠᠮ ᠢ ᠭᠦᠶᠴᠡᠳᠬᠡᠵᠦ᠂ ᠠᠶᠤᠯᠭᠦᠶ ᠦᠶᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠵᠦᠶᠯ ᠤᠨ ᠭᠠᠶᠢᠯᠢ ᠰᠦᠢᠳᠭᠡᠯ ᠢ 8253 ᠲᠦᠮᠡᠨ ᠲᠥᠭᠦᠷᠢᠭ ᠬᠠᠰᠤᠵᠤ ᠬᠡᠯᠲᠦᠷᠢᠭᠦᠯᠵᠦ᠂ 8233 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠵᠢᠯ ᠳᠤ ᠠᠶᠢᠮᠠᠭ ᠤᠨ ᠲᠡᠰ ᠤᠨ10 ᠭᠤᠣᠯᠳᠠᠯᠭ᠎ᠠ ᠲᠠᠢ ᠲᠥᠷᠥᠯ ᠵᠦᠢᠯ ᠪᠠ ᠬᠤᠰᠢᠭᠤ ᠲᠡᠰ ᠤᠨ 35 ᠭᠤᠣᠯᠳᠠᠯᠭ᠎ᠠ ᠲᠠᠢ ᠲᠥᠷᠥᠯ ᠵᠦᠢᠯ ᠢ ᠲᠤᠬᠢᠷᠠᠭᠤᠯᠤᠨ ᠬᠡᠷᠡᠭᠵᠢᠭᠦᠯᠵᠦ᠂ ᠭᠠᠷ ᠭᠦᠢᠴᠡᠳᠬᠡᠯ ᠢ ᠵᠥᠪᠬᠡᠨ 1 ᠰᠠᠷ᠎ᠠ  ᠶᠢᠨ ᠬᠤᠭᠤᠴᠠᠭ᠎ᠠ ᠬᠡᠷᠡᠭᠰᠡᠨ ᠲᠣᠰ ᠲᠣᠰ 100 % ᠪᠠ 91 % ᠳᠤ ᠬᠦᠷᠭᠡᠵᠦ᠂ ᠨᠢᠭᠡ ᠪᠦᠯᠦᠭ ᠤᠰᠤᠨ ᠠᠰᠢᠭᠯᠠᠯᠲᠠ ᠶᠢᠨ ᠢᠨᠵᠧᠨᠧᠷᠢᠩ᠂ ᠴᠠᠬᠢᠯᠭᠠᠨ ᠬᠦᠴᠦᠨ ᠤ ᠲᠥᠬᠦᠭᠡᠷᠦᠮᠵᠢ᠂ ᠵᠠᠮ ᠬᠠᠷᠢᠯᠴᠠᠭ᠎ᠠ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠤ ᠲᠦᠷᠦᠯ ᠵᠦᠢᠯ ᠢ ᠴᠠᠭ ᠳᠤᠨᠢ ᠡᠬᠢᠯᠡᠭᠦᠯᠵᠦ᠂ ᠨᠡᠶᠢᠭᠡᠮ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠪᠡ᠃        ︵ᠬᠤᠶᠠᠷ︶ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠭᠤᠮᠲᠠ ᠰᠢᠪᠲᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃  ︽ᠳᠥᠷᠪᠡ ᠶᠢ ᠲᠠᠶᠠᠬᠳᠠᠬᠤ ᠦᠭᠡᠢ︾ ﹇4﹈ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 1.87 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠡᠶᠢᠯᠡᠭᠦᠯᠵᠦ᠂ ᠶᠠᠳᠠᠭᠤ ᠶᠢ ᠲᠡᠳᠬᠦᠬᠦ 97 ᠲᠥᠷᠥᠯ ᠵᠦᠶᠯ ᠢ ᠬᠡᠷᠡᠭᠵᠢᠭᠦᠯᠦᠨ᠂ 5679 ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠯᠡᠳᠡᠭᠰᠡᠨ 5 ᠡᠷᠦᠬᠡ ᠶᠢᠨ 12 ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠤᠭᠤᠴᠠᠭ᠎ᠠ ᠶᠣᠰᠣᠭᠠᠷ ᠶᠠᠳᠠᠭᠤ  ᠠᠴᠠ ᠠᠩᠭᠢᠵᠢᠷᠠᠭᠤᠯᠪᠠ᠃ ᠣᠷᠣᠨ ᠰᠠᠭᠤᠴᠠ᠂ ᠤᠤᠭᠤᠬᠤ ᠤᠰᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠶᠯᠡᠰ᠂ ᠮᠥᠩᠭᠦᠨ ᠭᠦᠶᠯᠭᠡᠭᠡ᠂ ᠠᠵᠢᠯ ᠣᠯᠭᠤᠯᠲᠠ ᠵᠡᠷᠭᠡ ᠣᠨᠣᠪᠴᠢᠲᠠᠶ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ︽1 + 4︾ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠲᠣᠭᠲᠠᠴᠠ  ﹇5﹈ ᠪᠠᠷ 3621 ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂  ᠪᠦᠬᠦᠶᠢᠯᠡ ᠶᠠᠳᠠᠭᠤ ᠬᠦᠴᠢᠷᠳᠡᠯᠲᠡᠶ ᠡᠷᠦᠬᠡ ᠳᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠣᠯᠭᠤᠵᠤ᠂ 1522 ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠬᠤ ᠶᠢ ᠪᠡᠶᠡᠯᠡᠭᠦᠯᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠪᠥᠬᠦ ᠵᠢᠯ ᠳᠤ 5440 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ  ᠤ ᠬᠢ ᠠᠴᠠ 400 % ᠪᠠᠷ ᠨᠡᠮᠡᠭᠳᠡᠵᠦ᠂ 3000 ᠶᠠᠳᠠᠭᠤ ᠬᠦᠴᠢᠷᠳᠡᠯᠲᠡᠶ ᠬᠦᠮᠦᠨ ᠠᠮᠨ ᠳᠤ ᠠᠰᠢᠭ ᠬᠦᠷᠲᠡᠭᠡᠪᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠪᠡᠭᠡᠵᠢᠩ ᠬᠤᠲᠠ ᠶᠢᠨ ᠶᠠᠳᠠᠭᠤ ᠶᠢ ᠲᠡᠳᠬᠦᠬᠦ 11 ᠠᠵᠤ ᠠᠬᠤᠶᠢᠯᠠᠯ 2371 ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ︽ᠳ᠋ᠠ ᠰᠢᠩ ᠲᠠᠷᠪᠤᠰ︾ ᠤᠨ ᠶᠠᠳᠠᠭᠤ ᠶᠢ ᠲᠡᠳᠬᠦᠬᠦ ᠵᠠᠭᠪᠤᠷ ᠢ ᠪᠥᠬᠦ ᠣᠷᠣᠨ ᠤ ᠨᠡᠶᠢᠲᠡᠯᠢᠭ ᠵᠢᠱᠢᠶ᠎ᠡ ᠳᠤ ᠣᠷᠣᠭᠤᠯᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 230 ᠺᠢᠯᠣᠸᠠᠲ ᠤᠨ ᠲᠣᠰᠬᠤᠨ ᠤ ᠲᠠᠰ ᠤᠨ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢ ᠤᠷᠤᠭᠰᠢᠲᠠᠶ ᠪᠠᠶᠢᠭᠤᠯᠵᠤ᠂ ᠤᠨᠴᠠᠯᠢᠬᠳᠤ ᠲᠡᠵᠢᠭᠡᠨ ᠦᠷᠡᠵᠢᠭᠦᠯᠬᠦ᠂ ᠤᠰᠤᠯᠠᠯᠲᠠ ᠶᠢᠨ ᠭᠠᠵᠠᠷ ᠢ ᠨᠡᠭᠡᠭᠡᠨ ᠬᠥᠭᠵᠢᠭᠦᠯᠬᠦ ᠵᠡᠷᠭᠡ 6 ᠲᠥᠷᠥᠯ ᠵᠦᠶᠯ ᠢ ᠬᠠᠪᠰᠤᠷᠤᠨ ᠲᠡᠳᠬᠦᠵᠦ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠤᠨ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠬᠠᠪᠰᠤᠷᠤᠨ ᠲᠡᠳᠬᠦᠬᠦ ᠨᠢᠭᠡᠴᠢ ᠶᠢᠨ ᠬᠢᠨ ᠪᠥᠬᠦ ᠬᠦᠴᠦᠨ ᠢᠶᠠᠷ ᠢᠶᠠᠨ ᠳᠡᠮᠵᠢᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠷᠢᠶᠡᠨ ᠤ ᠲᠣᠭᠤᠷᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠦᠩᠭᠡᠷᠡᠭᠡᠪᠡ᠃        ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠬᠥᠭᠵᠢᠯᠲᠡ ᠶᠢᠨ ᠳᠠᠯᠳᠠ ᠬᠦᠴᠦᠨ ᠥᠷᠨᠢᠭᠦᠨ ᠬᠦᠴᠦᠲᠡᠢ ᠪᠣᠯᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ  ᠭᠦᠭᠵᠢᠭᠦᠯᠪᠡ᠃ 2023 ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ᠂ 7 ᠲᠦᠮᠡᠨ ᠦᠬᠡᠷ᠂18 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠪᠠ︔ ᠴᠠᠬᠠᠷ ᠦᠷ᠎ᠡ ᠶᠢᠨ ᠮᠠᠯ ᠤᠨ ᠲᠠᠯᠠᠪᠠᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠴᠠᠬᠠᠷ ᠬᠤᠨᠢᠨ ᠤ 200 ᠬᠦᠪᠦᠷᠡᠯ ᠢ ᠰᠢᠯᠵᠢᠭᠦᠯᠦᠨ ᠲᠠᠷᠢᠪᠠ︔ ᠮᠢᠬᠠᠨ ᠤ ᠦᠬᠡᠷ ᠬᠤᠨᠢᠨ ᠤ 34 ᠭᠤᠤᠯ ᠰᠦᠷᠦᠭ᠂ ᠬᠡᠷ ᠪᠦᠯᠢ ᠶᠢᠨ 40 ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠪᠠ᠃ ᠮᠠᠯᠵᠢᠯ ᠤᠨ ᠣᠨ ᠤ ᠮᠢᠬᠠᠨ ᠤ ᠦᠬᠡᠷ ᠢ 12.4 ᠲᠦᠮᠡ ᠪᠣᠯᠭᠠᠨ ᠨᠡᠮᠡᠭᠳᠡᠭᠦᠯᠵᠦ᠂ ᠮᠢᠬᠠᠨ ᠤ ᠬᠤᠨᠢ ᠶᠢ 30.8 ᠲᠦᠮᠡ ᠪᠣᠯᠭᠠᠨ ᠪᠠᠭᠠᠰᠬᠠᠪᠠ᠃ ᠶᠤᠸᠠᠢ ᠱᠧᠩ ᠵᠠᠶ ᠮᠢᠬᠠᠨ ᠤ ᠦᠬᠡᠷ ᠬᠤᠨᠢ ᠨᠢᠳᠣᠯᠠᠵᠦ ᠡᠳ᠋ᠰᠢᠭᠦᠯᠬᠦ ᠲᠥᠷᠥᠯ ᠵᠦᠶᠯ ᠠᠰᠢᠭᠯᠠᠯᠲᠠ ᠳᠤ ᠣᠷᠣᠵᠤ᠂ ᠡᠷᠳᠡᠨᠢ ᠮᠢᠬᠠᠨ ᠤ ᠦᠶᠯᠡᠰ ᠤᠨ ᠠᠦ᠋ᠲ᠋ᠣᠴᠢᠯᠠᠭᠰᠠᠨ ᠨᠢᠲᠤᠯᠬᠤ ᠦᠶᠯᠡᠳᠪᠦᠷᠢ  ᠶᠢᠨ ᠲᠥᠷᠥᠯ ᠵᠦᠶᠯ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠪᠠ᠃ ᠮᠠᠯ ᠠᠵᠤ ᠠᠬᠤᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠭᠠᠮᠰᠢᠭ ᠢ ᠡᠰᠡᠷᠭᠦᠴᠡᠵᠦ ᠰᠡᠷᠭᠡᠶᠢᠯᠡᠬᠦ ᠡᠪᠡᠰᠦ ᠪᠣᠷᠳᠣᠭᠠᠨ ᠤ 3 ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠤᠨ᠂ ᠮᠠᠯ ᠵᠢᠭᠦᠷᠲᠡᠨ ᠤ ᠢᠯᠭᠠᠳᠠᠰᠤ ᠪᠣᠬᠢᠷ ᠢ ᠶᠡᠷᠦᠩᠬᠡᠶᠢᠯᠡᠨ ᠰᠢᠢᠳᠪᠦᠷᠢᠯᠡᠬᠦ ᠪᠠ ᠠᠰᠢᠭᠯᠠᠬᠤ ᠲᠥᠪ 4 ᠶᠢ ᠡᠬᠢᠯᠡᠨ ᠪᠠᠶᠢᠭᠤᠯᠪᠠ᠃ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠡᠪᠡᠰᠦ ᠪᠣᠷᠳᠤᠭ᠎ᠠ ᠪᠠ ᠣᠨᠴᠠᠯᠢᠭᠲᠤ ᠢᠳᠡᠰᠢᠨ ᠨᠣᠭᠤᠭ᠎ᠠ ᠭᠤᠸᠠ ᠵᠢᠮᠢᠰ ᠲᠠᠷᠢᠬᠤ ᠲᠠᠯᠠᠪᠠᠢ ᠲᠣᠰᠪᠣᠷᠢ 8.3 ᠲᠦᠮᠡᠨ ᠮᠦ ᠪᠠ 1.8 ᠲᠦᠮᠡᠨ ᠮᠦ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠰᠢᠨᠵᠢᠯᠡᠬᠦ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠠᠩᠬ᠎ᠠ ᠠᠯᠬᠤᠮ ᠬᠡᠪᠴᠢᠶᠡᠵᠢᠵᠦ᠂ ᠬᠦᠷᠢᠶᠡᠯᠡᠩ ᠲᠣᠭᠤᠷᠢᠭ ᠤᠨ ᠲᠠᠷᠢᠮᠠᠯ ᠤᠨ ᠲᠠᠯᠠᠪᠠᠶ 2717 ᠮᠥ ᠳᠤ ᠬᠦᠷᠪᠠ᠃ ᠠᠵᠤ ᠦᠶᠯᠡᠳᠪᠦᠷᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ 100 ᠲᠦᠮᠡᠨ ᠺᠢᠯᠣᠸᠠᠲ ᠶᠢᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠭᠦᠴᠦᠲᠠᠢ ᠠᠬᠢᠭᠤᠯᠵᠤ᠂ 4 ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠦᠬᠦ ᠠᠶᠢᠮᠠᠭ ᠲᠤ ᠤᠷᠢᠳᠠᠪᠠᠷ ᠴᠠᠬᠢᠯᠭᠠᠨᠵᠢᠬᠰᠠᠨ ᠠᠰᠢᠭᠯᠠᠯᠲᠠ ᠳᠤ ᠣᠷᠣᠭᠤᠯᠵᠤ᠂ 500 ᠺᠢᠯᠣᠸᠣᠯᠲ ᠤᠨ ᠴᠣᠬᠯᠠᠷᠠᠯ ᠥᠷᠲᠡᠭᠡ ᠶᠢ ᠪᠦᠬᠦ ᠠᠶᠢᠮᠠᠭ ᠤᠨ ︽ᠲᠠᠪᠤᠨ ᠥᠷᠲᠡᠭᠡ ᠲᠠᠪᠤᠨ ᠱᠤᠭᠤᠮ︾  ﹇6﹈ ᠳᠠᠬᠢ ᠬᠤᠶᠠᠳᠤᠭᠠᠷ ᠤᠳᠠᠭᠠᠨ ᠤ ᠠᠰᠢᠭᠯᠠᠯᠲᠠ ᠳᠤ ᠣᠷᠣᠭᠤᠯᠬᠤ ᠴᠣᠬᠯᠠᠷᠠᠯ ᠢᠨᠵᠧᠨᠧᠷᠢᠩ  ᠪᠣᠯᠭᠠᠪᠠ᠃ ᠣᠨᠴᠨ ᠦᠨᠳᠦᠷ ᠬᠦᠴᠦᠳᠡᠯᠳᠦ ᠴᠠᠬᠢᠯᠭᠠᠨ᠂ ᠶᠢᠨ ᠹᠧᠩ ᠰᠢᠨᠵᠢᠯᠡᠭᠡ ᠮᠡᠷᠭᠡᠵᠢᠯ᠂ ᠵᠢᠶᠠᠨ ᠠᠨ ᠴᠧᠩ ᠵᠡᠷᠭᠡ ᠲᠣᠨᠣᠭᠯᠠᠯ ᠦᠢᠯᠡᠳᠬᠦ ᠠᠵᠤ ᠠᠬᠤᠶᠢᠯᠠᠯ ᠨᠢ ᠵᠠᠬ᠎ᠠ ᠳᠡᠯᠭᠡᠭᠦᠷ  ᠤᠨ ᠵᠠᠬᠢᠶᠠᠯᠠᠭ᠎ᠠ ᠪᠠᠨ ᠢᠳᠡᠪᠬᠢᠲᠡᠢ ᠥᠷᠭᠡᠳᠬᠡᠵᠦ᠂ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ  ᠠᠴᠠ 265.4 % ᠪᠠᠷ ᠨᠡᠮᠡᠭᠳᠡᠵᠦ᠂ ᠦᠢᠯᠡᠳᠪᠦᠷᠢᠯᠡᠯ ᠤᠨ ᠴᠢᠳᠠᠪᠤᠷᠢ ᠪᠠ ᠦᠢᠯᠡᠳᠬᠦᠨ ᠤ ᠥᠷᠲᠡᠭ ᠨᠢ ᠪᠦᠬᠦ ᠠᠶᠢᠮᠠᠭ ᠲᠤ 2 ᠲᠤ ᠣᠷᠣᠵᠠᠢ᠃ ᠬᠠᠢ ᠮᠧᠩ ᠪᠠᠯ ᠴᠢᠯᠠᠭᠤᠨ ᠠᠯᠺᠧᠨ ᠤ ᠢᠵᠢ ᠪᠢᠯᠢᠭ ᠲᠤᠶᠢᠯ ᠤᠨ ᠲᠤᠰᠬᠠᠶ ᠬᠠᠶᠢᠯᠤᠭᠤᠷ ᠤᠨ ᠲᠥᠷᠥᠯ ᠵᠦᠶᠯ ᠲᠤᠷᠰᠢᠨ ᠠᠵᠢᠯᠯᠠᠵᠦ᠂ ᠪᠦᠬᠦ ᠠᠶᠢᠮᠠᠭ ᠤᠨ ᠠᠩᠬᠠᠳᠠᠬᠴᠢ ᠠᠰᠢᠬᠯᠠᠯᠳᠠ ᠳᠤ ᠣᠷᠣᠬᠰᠠᠨ ᠪᠠᠯ ᠴᠢᠯᠠᠭᠤᠨ ᠤ ᠮᠠᠲ᠋ᠧᠷᠢᠶᠠᠯ ᠤᠨ ᠲᠦᠷᠦᠯ ᠵᠦᠢᠯ ᠪᠣᠯᠪᠠ᠃ ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠦᠬᠦ ᠠᠶᠢᠮᠠᠭ ᠤᠨ ᠠᠩᠬᠠᠳᠠᠭᠴᠢ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ ᠠᠮᠵᠢᠯᠳᠠ ᠲᠠᠢ ᠨᠠᠶᠢᠳᠠᠪᠤᠷᠢᠵᠢᠭᠤᠯᠪᠠ᠃ ᠴᠢᠶᠠᠨ ᠶᠢᠨ ᠳ᠋ᠠ ᠮᠥᠩᠭᠦ ᠲᠤᠭᠤᠯᠭ᠎ᠠ ᠴᠠᠶᠢᠷ ᠦᠩᠭᠡᠲᠦ ᠲᠡᠮᠦᠷᠯᠢᠭ ᠤᠨ ᠬᠦᠳᠡᠷ ᠰᠢᠯᠢᠬᠦ ᠲᠥᠷᠥᠯ ᠵᠦᠢᠯ ᠠᠰᠢᠭᠯᠠᠯᠲᠠ ᠳᠤ ᠣᠷᠣᠪᠠ᠃ ᠪᠦᠬᠦ ᠬᠤᠰᠢᠭᠤᠨ ᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 82.2 % ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ  ᠨᠢ ᠪᠥᠬᠦ ᠠᠶᠢᠮᠠᠭ ᠤᠨ 1 ᠳᠤ ᠣᠷᠣᠵᠤ᠂ ᠶᠡᠷᠦᠩᠬᠡᠶ ᠬᠡᠮᠵᠢᠶ᠎ᠡ ᠨᠢ 2019 ᠣᠨ ᠳᠤ ᠪᠥᠬᠦ ᠠᠶᠢᠮᠠᠭ ᠤᠨ 13 ᠳᠤ ᠪᠠᠶᠢᠬᠰᠠᠨ ᠠᠴᠠ 8   ᠳᠤ ᠣᠷᠣᠵᠠᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 59.1 %   ᠪᠠᠷ ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ114.3 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ  ᠪᠥᠬᠦ ᠠᠶᠢᠮᠠᠭ ᠤᠨ 1  ᠳᠤ ᠣᠷᠣᠪᠠ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠲᠣᠭᠲᠠᠭᠤᠨ ᠠᠬᠢᠯᠲᠠ ᠲᠠᠢ ᠪᠣᠯᠪᠠ᠃ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ ᠵᠤᠭᠠᠴᠠᠯ᠂ ᠲᠠᠯ᠎ᠠ ᠨᠤᠲᠤᠭ ᠤᠨ ᠴᠠᠰᠦ ᠮᠦᠰᠦᠨ ᠤ ᠵᠤᠭᠠᠴᠠᠯ ᠵᠡᠷᠭᠡ ᠣᠨᠴᠠᠯᠢᠭᠲᠤ ᠵᠤᠭᠠᠴᠠᠯ ᠤᠨ ᠪᠦᠲᠦᠭᠡᠭᠳᠡᠬᠦᠨ ᠢ ᠶᠡᠬᠡᠪᠡᠷ ᠳᠡᠯᠭᠡᠷᠡᠭᠦᠯᠵᠦ᠂ ᠣᠳᠣᠨ ᠣᠭᠲᠠᠷᠭᠤᠢ ᠶᠢᠨ ᠰᠣᠶᠣᠯ ᠤᠨ ᠰᠤᠳᠤᠯᠤᠨ ᠰᠤᠷᠤᠯᠴᠠᠬᠤ ᠭᠠᠵᠠᠷ ᠢ ᠥᠷᠭᠡᠳᠬᠡᠨ ᠪᠠᠶᠢᠭᠤᠯᠪᠠ᠃ ᠬᠤᠰᠢᠭᠤ ᠲᠠᠰ ᠤᠨ ᠡᠯᠧᠺᠲᠷᠣᠨ ᠬᠤᠳᠠᠯᠳᠤᠭᠠᠨ  ᠤ ᠶᠠᠪᠤᠳᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠪ ᠲᠤ ᠣᠷᠣᠵᠤ ᠰᠠᠭᠤᠭᠰᠠᠨ ᠠᠵᠤ ᠠᠬᠤᠶᠢᠯᠠᠯ 27 ᠪᠣᠯᠵᠣ᠂ ᠤᠨᠴᠠᠯᠢᠭᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠪᠡᠭᠡᠵᠢᠩ ᠳᠤ ᠣᠷᠣᠵᠤ ᠰᠠᠭᠤᠨ᠂ ᠪᠥᠬᠦ ᠵᠢᠯ ᠳᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4314.21 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.8 % ᠪᠠᠷ ᠨᠡᠮᠡᠭᠳᠡᠪᠡ᠃ ᠮᠢᠩᠭᠠᠲᠤ ᠬᠦᠢᠲᠡᠨ ᠢᠶᠠᠷ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠪᠡᠶᠡᠯᠡᠭᠦᠯᠵᠦ᠂ ᠬᠤᠰᠢᠭᠤᠨ ᠳᠣᠲᠣᠷᠠᠬᠢ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠨᠣᠷᠮ᠎ᠠ ᠶᠢ 100 % ᠳᠤ ᠬᠦᠷᠭᠡᠪᠡ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠠᠳᠠᠯᠢ ᠬᠤᠭᠤᠴᠠᠭᠠᠨ ᠤ ᠬᠢ ᠠᠴᠠ ᠲᠣᠰᠪᠣᠷᠢ 8.4 % ᠪᠠ 29.2 % ᠢᠶᠠᠷ ᠨᠡᠮᠡᠭᠳᠡᠵᠦ᠂ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ᠵᠠᠷᠤᠯᠭ᠎ᠠ ᠶᠢᠨ ᠬᠡᠮᠵᠢᠶ᠎ᠡ ᠲᠣᠰᠪᠣᠷᠢ ᠠᠳᠠᠯᠢ ᠬᠤᠭᠤᠴᠠᠭᠠᠨ ᠤ ᠬᠢ ᠠᠴᠠ 5.2 % ᠪᠠ 12.7 % ᠪᠠᠷ ᠨᠡᠮᠡᠭᠳᠡᠪᠡ᠃ ᠭᠠᠳᠠᠭᠠᠳᠤ ᠠᠵᠤ ᠠᠬᠤᠶ ᠠᠷᠠᠯᠵᠢᠶᠠᠨ ᠤ ᠲᠠᠯ᠎ᠠ ᠪᠠᠷ ᠶᠤᠸᠠᠢ ᠱᠧᠩ ᠵᠠᠶ ᠮᠢᠬᠠᠨ ᠤ ᠦᠬᠡᠷ ᠡᠳ᠋ᠰᠢᠭᠦᠯᠬᠦ ᠲᠥᠷᠥᠯ ᠵᠦᠢᠯ ᠲᠤ ᠲᠦᠰᠢᠭᠯᠡᠨ ᠰᠢᠪᠲᠤᠯᠤᠯᠲᠠ ᠬᠢᠵᠦ᠂ ᠵᠢᠯ ᠤᠨ ᠠᠷᠠᠯᠵᠢᠶᠠᠨ ᠤ ᠬᠡᠮᠵᠢᠶ᠎ᠡ 2 ᠳ᠋ᠦᠩᠰᠢᠭᠤᠷ ᠲᠥᠭᠦᠷᠢᠭ ᠢ ᠳᠠᠪᠠᠪᠠ᠃       ︵ᠳᠥᠷᠪᠡ︶ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠪᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠪᠡ᠃  ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 1.19 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 163 %   ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ ᠠᠷᠢᠯᠭᠠᠬᠤ ᠱᠠᠩᠨᠠᠯ ᠤᠨ ᠪᠡᠯᠡ ᠮᠥᠩᠭᠦ ᠶᠢ 363 ᠲᠦᠮᠡᠨ ᠲᠥᠭᠦᠷᠢᠭ ᠬᠦᠷᠲᠡᠪᠡ︔ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠳᠠᠬᠢ 3938.69 ᠲᠦᠮᠡᠨ ᠲᠥᠭᠦᠷᠢᠭ ᠢ ᠲᠥᠯᠥᠵᠦ ᠳᠠᠭᠤᠰᠬᠠᠨ᠂ ᠵᠢᠯ ᠤᠨ ᠡᠭᠦᠷᠭᠡ ᠪᠠᠨ 142.5 % ᠪᠠᠷ ᠪᠡᠶᠡᠯᠡᠭᠦᠯᠪᠡ︔ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠵᠦᠷᠢᠶ᠎ᠡ ᠦᠭᠡᠶ ᠳᠠᠩᠰᠠᠨ ᠳᠠᠬᠢ ᠵᠣᠭᠤᠰ᠂ ︽ᠵᠠᠭᠤᠨ ᠲᠦᠮᠡ ᠠᠴᠠ ᠳᠣᠷᠣᠭᠰᠢᠬᠢ︾ ᠳᠠᠩᠰᠠᠨ ᠳᠠᠬᠢ ᠵᠣᠭᠤᠰ ᠢ ᠪᠦᠬᠦᠨ ᠢ ᠴᠡᠪᠡᠷᠯᠡᠪᠡ᠃ ᠦᠯᠡᠳᠡᠭᠳᠡᠯ ᠲᠦᠷ ᠥᠭᠭᠦᠭᠰᠡᠨ ᠵᠣᠭᠤᠰ ᠢ 2205 ᠲᠦᠮᠡᠨ ᠲᠥᠭᠦᠷᠢᠭ ᠰᠢᠶᠳᠪᠦᠷᠢᠯᠡᠵᠦ᠂ ᠣᠨ ᠤ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠡᠯᠡ ᠮᠥᠩᠭᠦ ᠶᠢ 107 ᠲᠦᠮᠡᠨ ᠲᠥᠭᠦᠷᠢᠭ ᠣᠯᠪᠠ ᠃ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ 231 % ᠪᠠᠷ ᠪᠠᠭᠤᠷᠠᠵᠤ᠂ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ 14 ᠵᠠᠭᠤᠨ ᠤ ᠴᠡᠭ ᠢᠶᠠᠷ ᠪᠠᠭᠤᠷᠠᠵᠤ᠂ ᠬᠤᠰᠢᠭᠤ ᠢᠲᠡᠭᠡᠮᠵᠢ ᠶᠢᠨ ᠬᠤᠷᠰᠢᠶ᠎ᠠ ︽ᠲᠦᠭᠰᠢᠭᠦᠷᠢ ᠶᠡᠬᠡᠲᠡᠶ︾ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠡᠩᠨᠡᠭᠡ ᠠᠴᠠ ᠠᠮᠵᠢᠯᠲᠠ ᠲᠠᠢ ᠤᠬᠤᠷᠢᠨ ᠭᠠᠷᠪᠠ᠃ᠨᠡᠶᠢᠭᠡᠮ ᠤᠨ ᠡᠮᠬᠢ ᠳᠢᠭᠯᠢᠮ ᠡᠶ᠎ᠡ ᠵᠣᠬᠢᠴᠠᠯ ᠲᠠᠢ ᠲᠣᠭᠲᠠᠭᠤᠨ ᠪᠣᠯᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠣᠷᠢᠵᠢᠭᠤᠯᠣᠯᠳᠠ ᠶᠢ ᠬᠦᠴᠦᠲᠡᠢ ᠠᠳᠬᠤᠵᠤ᠂ 243 ᠤᠳᠠᠭᠠᠨ ᠤ ᠲᠤᠰᠬᠠᠢ ᠲᠥᠷᠥᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠢ ᠱᠠᠭᠠᠷᠳᠠᠨ 659 ᠲᠦᠮᠡᠨ ᠲᠥᠭᠦᠷᠢᠭ ᠣᠷᠣᠭᠤᠯᠵᠤ ᠠᠮᠤᠷ ᠲᠦᠪᠰᠢᠨ ᠤ ᠣᠷᠴᠢᠨ ᠲᠣᠭᠤᠷᠢᠨ ᠢ ᠰᠠᠶᠢᠵᠢᠷᠠᠭᠤᠯᠵᠦ᠂ ᠨᠢᠭᠡ ᠪᠦᠯᠦᠭ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠪᠠ᠃ ᠨᠠᠶᠮᠨ ᠶᠢᠨ ᠠᠭᠤᠯᠠ ᠨᠡᠶᠢᠭᠡᠮ ᠲᠣᠭᠤᠷᠢᠭ ︽2019 ᠣᠨ ᠤ ᠪᠥᠬᠦ ᠤᠯᠤᠰ ᠤᠨ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠤᠨ ᠢᠷᠠᠭᠤ ᠠᠯᠳᠠᠷ ᠢ ᠭᠥᠷᠳᠡᠪᠡ᠃ ᠨᠡᠶᠢᠭᠡᠮ ᠤᠨ ᠵᠥᠷᠢᠴᠡᠯ ᠵᠢᠭᠤᠷᠠᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠳᠣᠪᠣᠶᠢᠮ᠎ᠠ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠪᠦᠬᠦ ᠵᠢᠯ ᠤᠨ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠪᠠ ᠬᠥᠮᠦᠨ ᠤᠳᠠᠭ᠎ᠠ ᠲᠣᠰᠪᠣᠷᠢ 36 % ᠪᠠ 46 % ᠪᠠᠷ ᠪᠠᠭᠤᠷᠠᠵᠤ᠂ ᠲᠥᠪ ᠤᠨ ᠨᠠᠶᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠨᠣᠷᠮ᠎ᠠ ᠲᠣᠰᠪᠣᠷᠢ 88 %᠂ 100 % ᠪᠠ 86 % ᠳᠤ ᠬᠦᠷᠪᠡ᠃ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠡᠭᠦᠰᠬᠦ ᠨᠣᠷᠮ᠎ᠠ ᠵᠡᠷᠭᠡᠪᠡᠷ ᠪᠠᠭᠤᠷᠠᠵᠤ᠂ ᠪᠦᠬᠦ ᠵᠢᠯ ᠳᠤ ᠠᠮᠢᠨ ᠬᠡᠷᠡᠭ ᠭᠠᠷᠤᠭᠰᠠᠨ ᠦᠭᠡᠢ᠃ ᠪᠤᠯᠠᠭᠠᠨᠲᠣᠬᠤᠢ ᠲᠣᠮᠢᠯᠠᠭᠰᠠᠨ ᠰᠠᠯᠪᠤᠷᠢ ᠪᠥᠬᠦ ᠤᠯᠤᠰ ᠤᠨ ᠠᠩᠬᠠᠳᠠᠭᠴᠢ ᠪᠦᠯᠦᠭ  ︽ᠹᠧᠩ ᠴᠢᠶᠣᠤ ᠮᠠᠶ᠋ᠢᠭ︾ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠨᠡᠷ᠎ᠡ ᠳᠤᠷᠠᠳᠤᠭᠰᠠᠨ ᠨᠢᠭᠡᠴᠡ  ᠳᠤ ᠣᠷᠣᠪᠠ᠃        ︵ᠲᠠᠪᠤ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠷᠤᠭᠰᠢᠲᠠᠶ ᠶᠠᠪᠤᠭᠳᠠᠵᠤ᠂ ᠮᠠᠯᠵᠢᠬᠤ ᠲᠠᠷᠢᠶᠠᠯᠠᠬᠤ ᠣᠷᠣᠨ ᠤ ︽ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠬᠤ︾ ᠣᠷᠣᠨ ᠰᠠᠭᠤᠴᠠ ᠶᠢᠨ ᠦᠨᠳᠦᠰᠦᠨ ᠭᠠᠵᠠᠷ ᠪᠣᠯᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠲᠣᠬᠳᠠᠭᠠᠨ ᠲᠠᠩᠰᠠᠯᠠᠵᠦ ᠨᠦᠬᠦᠨ ᠬᠡᠮᠵᠢᠬᠦ ᠠᠵᠢᠯ ᠢ ᠪᠡᠶᠡᠯᠡᠭᠦᠯᠪᠡ᠃ 45 ᠵᠢᠯ ᠳᠤ ᠲᠣᠬᠢᠶᠠᠯᠳᠤᠭ᠎ᠠ ᠦᠭᠡᠢ ᠬᠤᠲᠠ ᠪᠠᠯᠭᠠᠰᠤᠨ ᠤ ᠦᠶᠡᠷ ᠢ ᠢᠳᠡᠪᠬᠢᠲᠡᠶ ᠠᠷᠭᠠᠴᠠᠭᠠᠵᠦ᠂ 6.8 ᠺᠢᠯᠣᠮᠧᠲᠷ ᠵᠠᠮ ᠢ ᠥᠭᠡᠷᠡᠴᠢᠯᠡᠨ ᠵᠠᠰᠠᠵᠤ᠂ 7.9 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠢ ᠬᠠᠳᠠᠭᠤᠷᠠᠭᠤᠯᠣᠨ ᠵᠠᠰᠠᠵᠦ᠂ 3.6 ᠺᠢᠯᠣᠮᠧᠲᠷ ᠬᠤᠭᠤᠯᠠᠶ ᠲᠣᠣᠷ ᠣᠬᠰᠠᠷᠠᠵᠦ᠂ 21 ᠺᠢᠯᠣᠮᠧᠲᠷ ᠤᠨ ᠵᠠᠮ ᠲᠤ ᠳ᠋ᠧᠩ ᠣᠬᠰᠠᠷᠠᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠭ ᠨᠣᠪᠰᠢ ᠬᠤᠷᠢᠶᠠᠨ ᠴᠤᠭᠯᠠᠭᠤᠯᠬᠤ 7 ᠥᠷᠲᠡᠭᠡ᠂ 36 ᠨᠡᠶᠢᠲᠡ ᠶᠢᠨ ᠵᠣᠷᠯᠣᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 824 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠪᠠ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 3᠂ ᠲᠠᠷᠠᠬᠠᠶ ᠪᠠᠷ ᠤᠰᠤ ᠬᠠᠩᠭᠠᠬᠤ ᠢᠨᠵᠧᠨᠧᠷᠢᠩ 287 ᠶᠢ ᠪᠠᠶᠢᠭᠤᠯᠵᠤ᠂ 1235 ᠡᠷᠦᠬᠡ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠪᠠ᠃ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠬᠦᠷᠭᠡᠬᠦ ᠱᠤᠭᠤᠮ ᠢ 74.2 ᠺᠢᠯᠣᠮᠧᠲᠷ ᠪᠠᠶᠢᠭᠤᠯᠵᠤ᠂ ᠬᠦᠴᠦᠳᠡᠯ ᠥᠭᠡᠷᠡᠴᠢᠯᠡᠭᠴᠢ ᠶᠢ 46 ᠰᠠᠭᠤᠷᠢ ᠣᠬᠰᠠᠷᠠᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 285.8 ᠺᠢᠯᠣᠮᠧᠲᠷ ᠲᠠᠰ ᠳᠡᠪᠰᠢᠭᠦᠯᠦᠨ ᠦᠭᠡᠷᠡᠴᠢᠯᠡᠵᠦ᠂ ᠵᠢᠨᠢᠩ ᠲᠦᠩᠯᠢᠶᠣᠤ ᠶᠢᠨ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ︵ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ︶ ᠶᠢᠨ ᠲᠥᠷᠥᠯ ᠵᠦᠶᠯ ᠤᠨ ᠡᠮᠣᠨ᠎ᠠ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠤᠯᠤᠰ ᠤᠨ ᠵᠠᠮ ᠤᠨ 5511 ᠶᠢᠨ ︽ᠨᠢᠭᠡ ᠶᠢ ᠥᠨᠳᠥᠷ ᠪᠣᠯᠭᠠᠬᠤ︾ ᠶᠢ ᠵᠦᠪᠰᠢᠶᠡᠷᠡᠭᠦᠯᠵᠦ᠂ ᠬᠤᠰᠢᠭᠤ ᠬᠡᠪᠴᠢᠶᠡᠨ ᠤ ᠠᠩᠬᠠᠨ ᠤ ᠲᠦᠷᠭᠡᠨ ᠵᠠᠮ ᠤᠨ ᠪᠠᠶᠢᠭᠤᠯᠣᠯᠳᠠ ᠢ ᠡᠬᠢᠯᠡᠭᠦᠯᠪᠡ᠃ ᠴᠠᠬᠢᠯᠭᠠᠨ ᠬᠤᠯᠪᠣᠭᠠᠨ ᠤ ᠨᠡᠶᠢᠳᠡᠮ ᠦᠶᠯᠡᠴᠢᠯᠡᠭᠡ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ᠂ ᠪᠥᠬᠦ ᠠᠶᠢᠮᠠᠭ ᠤᠨ ᠠᠩᠬᠠᠨ ᠤ 5G ᠰᠦᠯᠵᠢᠶᠡᠨ ᠤ ᠲᠤᠷᠰᠢᠯᠲᠠ ᠶᠢᠨ ᠴᠡᠭ ᠤᠨ ᠢᠨᠵᠧᠨᠧᠷᠢᠩ ᠢ ᠬᠡᠷᠡᠭᠵᠢᠭᠦᠯᠵᠦ᠂ ᠳᠣᠬᠢᠶ᠎ᠠ ᠪᠠᠯᠠᠶ ᠣᠷᠣᠨ ᠳᠤ ᠨᠥᠬᠦᠪᠥᠷᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠠᠭᠤᠰᠬᠠᠵᠤ᠂ ᠴᠢᠮᠡᠭᠡ ᠬᠤᠯᠪᠣᠭᠠᠨ ᠤ 17 ᠰᠠᠭᠤᠷᠢ ᠥᠷᠲᠡᠭᠡ ᠶᠢ ᠪᠠᠶᠢᠭᠤᠯᠵᠤ᠂ ᠣᠣᠯ ᠤᠨ 41ᠰᠠᠭᠤᠷᠢ ᠥᠷᠲᠡᠭᠡ ᠶᠢ ᠦᠭᠡᠷᠡᠴᠢᠯᠡᠨ ᠰᠠᠶᠢᠵᠢᠷᠠᠭᠤᠯᠵᠦ᠂ 50 ᠺᠢᠯᠣᠮᠧᠲᠷ ᠭᠡᠷᠡᠯᠯᠢᠭ ᠳᠡᠭᠡᠰᠦ ᠳᠡᠪᠢᠰᠪᠡ᠃       ︵ᠵᠢᠷᠭᠤᠭ᠎ᠠ︶ ᠪᠣᠬᠢᠷᠲᠤᠯ ᠥᠬᠡᠶ ᠬᠥᠭᠵᠢᠯᠲᠡ ᠶᠢ ᠶᠡᠬᠡᠪᠡᠷ ᠠᠬᠢᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠳᠡᠭᠡᠭᠰᠢᠯᠡᠪᠡ᠃ ︽ᠳᠥᠷᠪᠡᠨ ᠲᠣᠭᠤᠷᠢᠭ  ︾ ﹇7﹈ ᠢ ᠢᠯᠭᠠᠨ ᠲᠣᠭᠲᠠᠭᠠᠬᠤ ᠵᠢᠴᠢ ᠠᠵᠤ ᠦᠶᠯᠡᠳᠪᠦᠷᠢ ᠶᠢᠨ ᠵᠤᠤᠬ᠎ᠠ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ  ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠢᠯᠴᠢ ᠶᠢᠨ ᠬᠦᠴᠦᠨ ᠤ 3 ᠠᠵᠤ ᠠᠬᠤᠶᠢᠯᠠᠯ ᠤᠨ ᠪᠣᠬᠢᠷᠲᠤᠯ ᠪᠣᠳᠠᠰ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠪᠠ︔ 2 ᠲᠥᠪᠯᠡᠷᠡᠭᠰᠡᠨ ᠤᠤᠭᠤᠬᠤ ᠤᠰᠤᠨ ᠤ ᠡᠬᠢ ᠰᠤᠷᠪᠤᠯᠵᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ᠂ ᠤᠰᠤᠨ ᠤ ᠴᠢᠨᠠᠷ ᠤᠨ ᠤᠭ ᠬᠡᠮᠵᠢᠭᠳᠡᠯ ᠪᠠᠷᠢᠮᠵᠢᠶ᠎ᠠ ᠠᠴᠠ ᠬᠡᠲᠦᠷᠡᠭᠰᠡᠨ ᠢ ᠨᠤᠲᠠᠯᠠᠬᠤ ᠪᠠ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠤᠰᠤᠨ ᠤ ᠴᠢᠨᠠᠷ ᠢ ᠬᠢᠨᠠᠨ ᠬᠡᠮᠵᠢᠵᠦ ᠦᠨᠡᠯᠡᠬᠦ ᠠᠵᠢᠯ ᠢ ᠤᠷᠤᠭᠰᠢᠲᠠᠢ ᠪᠡᠶᠡᠯᠡᠭᠦᠯᠪᠡ︔ ᠬᠦᠨᠳᠦ ᠲᠡᠮᠦᠷᠯᠢᠭ ᠭᠠᠳᠠᠭᠰᠢᠯᠠᠭᠤᠯᠬᠤ ᠳᠤ ᠬᠤᠯᠪᠣᠭᠳᠠᠭᠰᠠᠨ 2 ᠠᠵᠤ ᠠᠬᠤᠶᠢᠯᠠᠯ ᠤᠨ ᠪᠥᠬᠦ ᠰᠢᠰᠲ᠋ᠧᠮ ᠤᠨ ᠨᠠᠷᠢᠨ ᠲᠠᠩᠰᠠ ᠶᠢ ᠪᠠᠶᠢᠭᠤᠯᠪᠠ᠃ ᠬᠤᠶᠠᠳᠤᠭᠠᠷ ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠠᠮᠵᠢᠯᠲᠠ ᠲᠠᠢ ᠲᠠᠭᠤᠰᠪᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠬᠦ ᠢᠯᠡᠴᠢᠯᠡᠨ ᠮᠡᠳᠡᠭᠦᠯᠦᠭᠰᠡᠨ ᠬᠡᠷᠡᠭ ᠢ ᠪᠦᠬᠦᠨ ᠢ ᠰᠢᠶᠳᠪᠦᠷᠢᠯᠡᠵᠦ ᠬᠠᠷᠢᠭᠤ ᠥᠭᠪᠡ᠃ 1350 ᠲᠦᠮᠡᠨ ᠲᠥᠭᠦᠷᠢᠭ  ᠤᠨ ᠪᠡᠯᠡ ᠣᠷᠣᠭᠤᠯᠵᠤ᠂ 678 ᠮᠦ ᠠᠭᠤᠷᠬᠠᠢ ᠶᠢᠨ ᠵᠠᠰᠠᠨ ᠴᠡᠭᠴᠡᠯᠡᠯᠲᠡ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠪᠠ ᠵᠠᠰᠠᠨ ᠴᠡᠭᠴᠡᠯᠡᠯᠲᠡ ᠶᠢᠨ ᠲᠠᠯᠠᠪᠠᠢ ᠲᠣᠰᠪᠣᠷᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠶᠡᠷᠦᠩᠬᠡᠢ ᠬᠡᠮᠵᠢᠶᠡᠨ ᠤ 55 % ᠪᠠ 65 % ᠶᠢ ᠡᠵᠡᠯᠡᠪᠡ︔ 13 ᠵᠠᠳᠠᠭᠠᠢ ᠠᠭᠤᠷᠬᠠᠢ 654 ᠲᠦᠮᠡᠨ ᠲᠥᠭᠦᠷᠢᠭ ᠤᠨ ᠵᠠᠰᠠᠯᠳᠠ ᠶᠢᠨ ᠮᠦᠩᠭᠦ ᠲᠤᠰᠢᠶᠠᠨ ᠬᠠᠳᠠᠭᠠᠯᠠᠵᠤ᠂ ᠲᠤᠰᠢᠶᠠᠨ ᠬᠠᠳᠠᠭᠠᠯᠠᠭᠤᠯᠤᠭᠰᠠᠨ ᠨᠣᠷᠮ᠎ᠠ 100 % ᠳᠤ ᠬᠦᠷᠪᠡ︔ 860 ᠲᠦᠮᠡᠨ ᠲᠥᠭᠦᠷᠢᠭ ᠤᠨ ᠪᠠᠯᠠ ᠣᠷᠣᠭᠤᠯᠵᠤ᠂ 950 ᠮᠥ ᠬᠠᠶᠠᠭᠳᠠᠮᠠᠯ ᠨᠦᠬᠡ ᠶᠢ ᠵᠠᠰᠠᠵᠤ᠂ ︽ᠭᠤᠷᠪᠠᠨ ᠣᠷᠣᠨ ᠬᠤᠶᠠᠷ ᠱᠤᠭᠤᠮ  ︾ ﹇8﹈ ᠤᠨ ᠬᠡᠪᠴᠢᠶᠡᠨ  ᠳᠠᠬᠢ ᠣᠣᠯ ᠤᠨ ᠬᠠᠶᠠᠭᠳᠠᠮᠠᠯ ᠨᠦᠬᠡ ᠶᠢ ᠦᠨᠳᠦᠰᠦᠨ ᠳᠡᠭᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 3 ᠶᠢ ᠪᠠᠶᠢᠭᠤᠯᠪᠠ᠃ ᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠰᠠᠨ ᠭᠠᠵᠠᠷ ᠰᠢᠷᠣᠶ ᠶᠢ 260 ᠮᠥ ᠰᠡᠷᠭᠦᠭᠡᠨ ᠠᠳᠠᠷᠰᠢᠭᠤᠯᠵᠦ᠂ 7200 ᠲᠦᠮᠡᠨ ᠲᠥᠭᠦᠷᠢᠭ ᠤᠨ ᠮᠤᠵᠢ ᠣᠷᠣᠨ ᠠᠯᠤᠰᠯᠠᠨ ᠳᠣᠭᠢᠷᠠᠭᠤᠯᠬᠤ ᠪᠠᠯᠠ ᠮᠥᠩᠭᠦ ᠶᠢ ᠤᠯᠪᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠱᠠᠩᠨᠠᠯ ᠨᠥᠬᠦᠪᠥᠷᠢ ᠶᠢᠨ ᠪᠠᠯᠠ ᠮᠥᠩᠭᠦ 6303 ᠲᠦᠮᠡᠨ ᠲᠦᠭᠦᠷᠢᠭ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠦᠬᠦᠪᠦᠷᠢ ᠮᠦᠩᠭᠦ 179 ᠲᠦᠮᠡᠨ ᠲᠥᠭᠦᠷᠢᠭ  ᠪᠠᠭᠤᠯᠭᠠᠪᠠ᠃ 7.1 ᠲᠦᠮᠡᠨ ᠮᠥ ᠣᠶ ᠰᠢᠭᠤᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 5.5 ᠲᠦᠮᠡᠨ ᠮᠥ ᠨᠤᠲᠤᠭ ᠪᠡᠯᠴᠢᠭᠡᠷ ᠢ ᠰᠡᠷᠭᠦᠭᠡᠨ ᠵᠠᠰᠠᠪᠠ᠃ ᠨᠤᠲᠤᠭ ᠪᠡᠯᠴᠢᠭᠡᠷ ᠤᠨ ᠴᠠᠷᠴᠠᠬᠠᠶ  ᠶᠢᠨ ᠭᠠᠮᠰᠢᠭ ᠢ 100 ᠲᠦᠮᠡᠨ ᠮᠦ᠂ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ 82 ᠲᠦᠮᠡᠨ ᠮᠦ᠂ ᠣᠶ ᠰᠢᠭᠤᠶ ᠶᠢᠨ ᠬᠤᠯᠤᠭᠠᠨ᠎ᠠ ᠶᠢᠨ ᠬᠥᠨᠥᠭᠡᠯ ᠢ 5500 ᠮᠦ ᠰᠡᠷᠭᠡᠶᠢᠯᠡᠨ ᠵᠠᠰᠠᠪᠠ᠃ ᠭᠤᠤᠯ ᠤᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠯᠲᠠ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠵᠤ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ 22.3 % ᠪᠠᠷ ᠪᠠᠭᠤᠷᠠᠪᠠ᠃        ︵ᠲᠤᠯᠤᠭ᠎ᠠ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠵᠤ᠂ ᠠᠷᠠᠳ ᠲᠦᠮᠡᠨ ᠤ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 11.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 75.4 % ᠶᠢ ᠡᠵᠡᠯᠡᠪᠡ ᠃ ᠨᠡᠶᠢᠳᠡᠮ ᠬᠠᠷᠠᠭᠠᠯᠵᠠᠬᠤ ᠴᠢᠨᠠᠷᠲᠠᠶ ᠠᠷᠠᠳ ᠤᠨ ᠠᠮᠢᠳᠤᠷᠠᠯ ᠢ ᠴᠢᠩᠭᠠᠳᠬᠠᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ 5 ᠰᠠᠭᠤᠷᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ︽ᠪᠠᠭᠤᠷᠠᠶ ᠶᠢ ᠥᠭᠡᠷᠡᠴᠢᠯᠡᠬᠦ︾  ﹇9﹈ ᠢᠨᠵᠧᠨᠧᠷᠢᠩ ᠢ ᠬᠡᠷᠡᠭᠵᠢᠭᠦᠯᠵᠦ᠂ ᠮᠢᠩᠭᠠᠲᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠤ ᠭᠤᠣᠯ ᠴᠣᠬᠴᠨ ᠶᠢᠨ ᠪᠠᠷᠢᠯᠭ᠎ᠠ ᠶᠢ ᠪᠠᠶᠢᠭᠤᠯᠵᠦ ᠲᠠᠭᠤᠰᠬᠠᠪᠠ᠃ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠭᠦ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠪᠡᠶᠡᠯᠡᠭᠦᠯᠵᠦ᠂ ᠳᠠᠭᠠᠯᠲᠠ ᠲᠥᠬᠦᠭᠡᠷᠦᠮᠵᠢ ᠶᠢ ᠡᠬᠢᠯᠡᠨ ᠪᠠᠶᠢᠭᠤᠯᠵᠤ᠂ ᠬᠤᠰᠢᠭᠤ ᠭᠤᠣᠯ ᠴᠣᠬᠴᠠᠲᠦ ᠡᠮᠴᠢᠯᠡᠭᠡᠨ ᠤ ᠪᠠᠶᠢᠭᠤᠯᠤᠮᠵᠢ ᠨᠢ ᠪᠡᠭᠡᠵᠢᠩ ᠤᠨ ᠭᠤᠸᠠᠩ ᠠᠨ ᠮᠧᠨ ᠬᠢᠲᠠᠳ ᠡᠮᠨᠡᠯᠭᠡ ᠶᠢᠨ ᠬᠤᠷᠢᠶ᠎ᠠ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠠᠶᠢᠮᠠᠭ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠪᠰᠤᠷᠤᠨ ᠲᠡᠳᠬᠦᠬᠦ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠣᠯᠠᠨ ᠳᠡᠰ ᠳᠠᠪᠬᠤᠷᠭ᠎ᠠ ᠪᠠᠷ ᠡᠮᠨᠡᠯᠭᠡ ᠶᠢ ᠲᠡᠮᠵᠢᠵᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃ ᠡᠯ᠎ᠡ ᠲᠥᠷᠥᠯ ᠤᠨ ᠣᠯᠠᠨ ᠲᠦᠮᠡᠨᠴᠢ ᠰᠣᠶᠣᠯ ᠲᠠᠮᠢᠷ ᠤᠨ ᠬᠥᠳᠡᠯᠭᠡᠭᠡᠨ ᠢ 60 ᠭᠠᠷᠤᠢ ᠲᠠᠯᠠᠪᠤᠷ ᠡᠷᠬᠢᠯᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠢ ᠲᠠᠯᠠᠪᠤᠷ ᠥᠷᠨᠢᠭᠦᠯᠵᠦ᠂ 3 ᠭᠠᠴᠠᠭ᠎ᠠ ᠨᠢ ᠪᠦᠬᠦ ᠤᠯᠤᠰ ᠤᠨ ᠭᠤᠷᠪᠠᠳᠤᠭᠠᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠢᠶᠠᠷ ᠨᠡᠷᠡᠶᠢᠳᠦᠭᠳᠡᠪᠡ᠃ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠢ ᠪᠠᠬᠢᠵᠢᠭᠦᠯᠪᠡ᠃ ᠪᠦᠬᠦ ᠵᠢᠯ ᠳᠤ ᠬᠤᠲᠠ ᠪᠠᠯᠭᠠᠰᠤᠨ ᠤ 923 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠡᠭᠦᠷᠭᠡ ᠪᠠᠨ 185 % ᠪᠠᠷ ᠪᠡᠶᠡᠯᠡᠭᠦᠯᠦᠨ᠂ 1900 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠵᠢᠯ ᠤᠨ ᠡᠭᠦᠷᠭᠡ ᠪᠠᠨ 100 % ᠪᠠᠷ ᠪᠡᠶᠡᠯᠡᠭᠦᠯᠪᠡ᠃ ᠮᠠᠯᠵᠢᠬᠤ ᠣᠷᠣᠨ ᠤ ᠣᠷᠣᠨ ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠨᠡᠶᠢᠲᠡ ᠶᠢᠨ ᠪᠠᠶᠢᠷᠢ ᠪᠠ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠶᠢᠭᠤᠯᠤᠯᠲᠠ ᠶᠢ ᠪᠠᠶᠡᠯᠡᠭᠦᠯᠪᠡ᠃ ᠠᠮᠢ ᠠᠬᠤᠶ ᠶᠢᠨ ᠨᠡᠶᠢᠲᠡ ᠶᠢᠨ ᠣᠩᠭᠤᠨ᠂ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠠᠵᠢᠯᠯᠠᠬᠤ ᠨᠥᠬᠦᠴᠡᠯ ᠲᠠᠢ ᠪᠣᠯᠪᠠ᠃ 15 ᠬᠠᠭᠤᠴᠢᠨ ᠰᠠᠭᠤᠭᠠᠯᠢ ᠲᠣᠭᠤᠷᠢᠭ ᠪᠠ 2 ᠰᠠᠭᠤᠭᠠᠯᠢ ᠲᠣᠭᠤᠷᠢᠭ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ᠂ 522 ᠡᠷᠦᠬᠡ  ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠪᠠ 500 ᠡᠷᠦᠬᠡ ᠶᠢᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠦᠯᠡᠳᠡᠭᠳᠡᠯ ᠲᠣᠭᠲᠠᠮᠠᠯ ᠬᠥᠷᠥᠩᠭᠡ  ᠶᠢᠨ ᠦᠨᠡᠮᠯᠡᠯ ᠢ 176 ᠢᠵᠢ ᠭᠦᠶᠴᠡᠳᠬᠡᠵᠦ᠂ ᠪᠦᠬᠦᠯᠢ ᠴᠣᠬᠴᠨ ᠪᠠᠷ ᠭᠦᠢᠴᠡᠳᠭᠡᠭᠰᠡᠨ ᠨᠣᠷᠮ᠎ᠠ᠂ ᠣᠷᠣᠨ ᠰᠠᠭᠤᠴᠠ ᠶᠢᠨ ᠭᠦᠢᠴᠡᠳᠭᠡᠭᠰᠡᠨ ᠨᠣᠷᠮ᠎ᠠ ᠨᠢ ᠲᠣᠰᠪᠦᠷᠢ 91 % ᠠᠴᠠ ᠳᠡᠭᠡᠭᠰᠢ ᠳᠤ ᠬᠦᠷᠴᠦ᠂ ᠪᠥᠬᠦ ᠠᠶᠢᠮᠠᠭ  ᠤᠨ ᠲᠡᠷᠢᠭᠦᠨ ᠳᠤ ᠵᠢᠬᠰᠠᠭᠠᠬᠳᠠᠪᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ ᠦᠨᠳᠦᠰᠦᠨ ᠵᠦᠶᠯ ᠤᠨ ᠴᠢᠨᠠᠷᠲᠠᠶ ᠠᠷᠠᠳ ᠤᠨ ᠠᠮᠢᠳᠤᠷᠠᠯ ᠢ ᠪᠠᠳᠣᠯᠠᠪᠠ᠃ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ 950 ᠲᠦᠮᠡᠨ ᠲᠥᠭᠦᠷᠢᠭ ᠤᠨ ᠥᠷᠢ ᠰᠢᠷᠢ ᠶᠢ ᠠᠷᠢᠯᠭᠠᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ 3.33 ᠲᠦᠮᠡ ᠳᠤ ᠬᠥᠷᠪᠡ︔ ᠴᠡᠷᠢᠭ ᠠᠴᠠ ᠬᠠᠯᠠᠬᠳᠠᠬᠰᠠᠳ ᠤᠨ ᠨᠠᠰᠤᠵᠢᠯ ᠤᠨ ᠳᠠᠭᠠᠳᠬᠠᠯ ᠢ ᠵᠠᠯᠭᠠᠨ ᠭᠦᠢᠴᠡᠳᠭᠡᠭᠰᠡᠨ ᠨᠣᠷᠮ᠎ᠠ 100 % ᠳᠤ ᠬᠦᠷᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96.42 % ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠦᠶᠴᠡᠳᠬᠡᠯ ᠲᠤᠭ᠎ᠠ ᠶᠢᠨ ᠡᠭᠦᠷᠭᠡ ᠠᠴᠠ 1.42 ᠵᠠᠭᠤᠨ ᠤ ᠴᠡᠭ ᠳᠠᠪᠠᠭᠤᠯᠪᠠ᠃ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷ ᠴᠠᠭ ᠤᠨ ᠬᠦᠴᠢᠷᠳᠡᠯᠲᠡᠶ ᠣᠯᠠᠨ ᠲᠦᠮᠡᠨ ᠢ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ᠂ ᠣᠨᠴᠠ ᠬᠦᠴᠢᠷᠳᠡᠯᠲᠡᠶ ᠬᠥᠮᠦᠰ ᠤᠨ ᠠᠰᠠᠷᠠᠪᠠᠰᠤ ᠵᠣᠬᠢᠬᠤ ᠶᠢ ᠨᠢ ᠪᠦᠬᠦᠨ ᠢ ᠠᠰᠠᠷᠠᠨ ᠲᠡᠵᠢᠭᠡᠬᠦ ᠶᠢ ᠪᠡᠶᠡᠯᠡᠭᠦᠯᠪᠡ᠃       ᠲᠥᠯᠥᠭᠡᠯᠡᠭᠴᠢᠳ ᠡ᠂ 2020 ᠣᠨ ᠤ ᠡᠯ᠎ᠡ ᠵᠦᠶᠯ ᠤᠨ ᠡᠭᠦᠷᠭᠡ ᠶᠢ ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠤᠭᠰᠢᠲᠠᠶ ᠳᠠᠭᠤᠰᠤᠭᠰᠠᠨ ᠢ ᠬᠠᠷᠠᠭᠤᠯᠵᠤ ᠪᠠᠶᠢᠨ᠎ᠠ᠃ ᠲᠠᠪᠤᠨ ᠵᠢᠯ ᠤᠨ ᠲᠤᠷᠰᠢ᠂ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠣᠳᠬᠠᠨ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠪᠣᠳᠠᠲᠠᠢ ᠠᠵᠢᠯᠯᠠᠨ ᠰᠢᠨ᠎ᠡ ᠲᠡᠭᠳᠡᠷ ᠲᠤ ᠭᠠᠷᠴᠤ᠂ ᠬᠠᠷᠠᠯᠲᠠ ᠶᠢ ᠭᠦᠢᠴᠡᠨ ᠳᠠᠪᠠᠵᠤ᠂ ᠳᠠᠪᠠᠯᠲᠠ ᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠡᠭᠡᠷ᠎ᠡ ᠯᠠᠪᠳᠠᠭᠤᠨ ᠪᠠᠲᠤᠲᠠᠢ ᠠᠯᠬᠤᠪᠠ᠃       —— ᠥᠩᠭᠡᠷᠡᠭᠰᠡᠨ ᠲᠠᠪᠤᠨ ᠵᠢᠯ ᠳᠤ᠂  ᠶᠡᠷᠦᠩᠬᠡᠶᠢᠯᠡᠭᠰᠡᠨ ᠪᠣᠳᠠᠳᠣ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃  ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠬᠤᠭᠤᠴᠠᠭᠠᠨ ᠳᠤ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠳᠡᠭᠡᠷ᠎ᠡ ᠲᠠᠪᠤᠨ ᠵᠢᠯ ᠤᠨ 1.6 ᠳᠠᠬᠢᠨ ᠪᠣᠯᠵᠤ᠂ ᠵᠢᠯ ᠳᠤᠮᠳᠠᠴᠢ ᠪᠠᠷ 7.14 % ᠪᠠᠷ ᠨᠡᠮᠡᠭᠳᠡᠪᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ  ᠶᠢᠨ ᠪᠠᠯᠠ ᠣᠷᠣᠭᠤᠯᠤᠯᠲᠠ ᠵᠢᠯ ᠳᠤᠮᠳᠠᠴᠢ ᠪᠠᠷ 17.6 % ᠨᠡᠮᠡᠭᠳᠡᠵᠦ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠨᠢ  ︽ᠠᠷᠪᠠᠨ ᠬᠤᠶᠠᠳᠣᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 5.1 ᠵᠠᠭᠤᠨ ᠤ ᠴᠡᠭ ᠳᠡᠭᠡᠭᠰᠢᠯᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠳᠤᠮᠳᠠᠴᠢ  ᠪᠠᠷ 2.5 % ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 38361 ᠲᠥᠭᠦᠷᠢᠭ ᠪᠠ 13706 ᠲᠥᠭᠦᠷᠢᠭ ᠲᠤ ᠬᠦᠷᠴᠦ᠂ 2015 ᠣᠨ ᠤ 1.4 ᠳᠠᠬᠢᠨ ᠪᠠ 1.7 ᠳᠠᠬᠢᠨ ᠪᠣᠯᠵᠣ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠨᠢ ᠲᠣᠰᠪᠣᠷᠢ 7 % ᠪᠠ 10.7 %   ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠵᠠᠯᠭᠠᠪᠠᠷ 3 ᠵᠢᠯ ᠪᠥᠬᠦ ᠠᠶᠢᠮᠠᠭ ᠤᠨ ᠲᠡᠷᠢᠭᠦᠨ ᠳᠤ ᠣᠷᠣᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ  ᠤᠨ ᠣᠷᠣᠯᠭ᠎ᠠ ᠶᠢᠨ ᠬᠠᠷᠢᠴᠠᠯ 2015 ᠣᠨ ᠳᠤ 3.3 ᠠᠴᠠ ᠪᠠᠭᠤᠷᠠᠭᠠᠳ 2.8 ᠪᠣᠯᠵᠣ᠂ ᠣᠷᠣᠯᠭ᠎ᠠ ᠶᠢᠨ ᠵᠥᠷᠢᠶ᠎ᠡ ᠨᠢ ᠤᠯᠠᠮ ᠢᠶᠠᠷ ᠪᠠᠭᠠᠰᠪᠠ᠃ ᠭᠤᠷᠪᠠᠨ ᠠᠵᠤ ᠦᠢᠯᠡᠰ ᠤᠨ ᠪᠦᠲᠦᠴᠡ ᠶᠢ 2015 ᠣᠨ ᠤ 25᠄ 31 ᠄ 44 ᠪᠠᠶᠢᠭᠰᠠᠨ ᠢ 22᠄ 36᠄ 42   ᠪᠠᠷ ᠲᠣᠬᠢᠷᠠᠭᠤᠯᠪᠠ᠃ ᠮᠠᠯᠵᠢᠯ ᠤᠨ ᠣᠨ ᠤ ᠮᠢᠬᠠᠨ ᠤ ᠦᠬᠡᠷ ᠤᠨ ᠲᠤᠭ᠎ᠠ 2015 ᠣᠨ ᠤ ᠬᠢ ᠠᠴᠠ 13 % ᠪᠠᠷ ᠨᠡᠮᠡᠭᠳᠡᠵᠦ᠂ ᠡᠭᠦᠯᠳᠡᠷ ᠤᠨ ᠨᠣᠷᠮ᠎ᠠ100 % ᠳᠤ ᠬᠦᠷᠴᠦ᠂ ᠮᠢᠬᠠᠨ ᠤ ᠦᠭᠡᠷ ︽ᠦᠷᠡᠵᠢᠭᠦᠯᠬᠦ  + ᠪᠣᠷᠳᠣᠬᠤ + ᠡᠳ᠋ᠰᠢᠭᠦᠯᠬᠦ  ︾ ᠶᠢᠨ ᠠᠵᠦ ᠦᠢᠯᠡᠰ ᠤᠨ ᠬᠡᠯᠬᠢᠶᠡᠵᠢᠯ ᠢ ᠦᠨᠳᠦᠰᠦᠨ ᠳᠡᠭᠡᠨ ᠪᠦᠷᠢᠯᠳᠦᠭᠦᠯᠪᠠ᠃ ᠮᠢᠬᠠᠨ ᠤ ᠬᠤᠨᠢᠨ ᠤ ᠲᠤᠭ᠎ᠠ 2015 ᠣᠨ ᠤ ᠬᠢ ᠠᠴᠠ 27 % ᠪᠠᠷ ᠪᠠᠭᠠᠰᠴᠤ᠂ ᠴᠠᠬᠠᠷ ᠬᠤᠨᠢᠨ ᠤ ᠠᠷᠠᠴᠢᠯᠠᠨ ᠦᠷᠡᠵᠢᠭᠦᠯᠬᠦ ᠬᠠᠷᠢᠴᠠᠯ 70 % ᠳᠤ ᠬᠦᠷᠴᠦ᠂ ᠴᠠᠬᠠᠷ ᠮᠢᠬᠠᠨ ᠤ ᠬᠤᠨᠢ ᠨᠢ ᠣᠯᠣᠰ ᠤᠨ ᠭᠠᠵᠠᠷ ᠵᠦᠢ ᠶᠢᠨ ᠰᠢᠨᠵᠢ ᠲᠡᠮᠳᠡᠭᠲᠦ ᠬᠠᠮᠠᠭᠠᠯᠠᠯᠳᠠ ᠶᠢᠨ ᠪᠦᠳᠦᠭᠡᠭᠳᠡᠭᠦᠨ ᠪᠣᠯᠪᠠ᠃ ᠡᠪᠡᠰᠦ ᠪᠣᠷᠳᠤᠭ᠎ᠠ ᠳᠠᠷᠢᠬᠤ ᠪᠠ ᠣᠨᠴᠠᠯᠢᠭᠲᠤ ᠢᠳᠡᠰᠢᠨ ᠨᠣᠭᠤᠭ᠎ᠠ ᠭᠤᠸᠠ ᠵᠢᠮᠢᠰ ᠳᠠᠷᠢᠬᠤ ᠲᠠᠯᠠᠪᠠᠶ 2015 ᠣᠨ  ᠤ ᠬᠢ ᠠᠴᠠ ᠲᠣᠰ ᠲᠣᠰ 51 % ᠪᠠ 55 % ᠪᠠᠷ ᠨᠡᠮᠡᠭᠳᠡᠪᠡ᠃ ᠪᠡᠭᠡᠵᠢᠩ ᠦᠪᠦᠷ ᠮᠣᠩᠭᠤᠯ ᠤᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠠᠵᠦ ᠦᠢᠯᠡᠰ ᠤᠨ ᠬᠦᠷᠢᠶᠡᠯᠡᠩ ᠨᠢ ᠪᠦᠬᠦ ᠠᠶᠢᠮᠠᠭ ᠤᠨ ᠣᠳᠣ ᠦᠶ᠎ᠡ ᠶᠢᠨ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠬᠦ ᠪᠣᠷᠣᠯᠠᠭᠤᠯᠬᠤ ᠶᠢᠨ ᠨᠢᠭᠡ ᠴᠣᠬᠴᠠᠵᠢᠭᠤᠯᠣᠬᠰᠠᠨ ᠨᠡᠶᠢᠳᠡᠯᠢᠭ ᠵᠢᠱᠢᠶ᠎ᠡ ᠪᠣᠯᠵᠠᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 15 ᠡᠷᠦᠬᠡ ᠪᠣᠯᠤᠨ ᠬᠥᠭᠵᠢᠵᠦ᠂ ᠵᠢᠯ ᠤᠨ ᠠᠰᠢᠭ ᠭᠠᠶᠢᠯᠢ ᠨᠢ ᠮᠢᠩᠭᠠᠨ ᠲᠦᠮᠡᠨ ᠲᠥᠭᠦᠷᠢᠭ ᠢ ᠳᠠᠪᠠᠭᠰᠠᠨ ᠠᠵᠤ ᠠᠬᠤᠶᠢᠯᠠᠯ 2 ᠢ ᠪᠣᠶᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠵᠢᠯ ᠳᠤᠮᠳᠠᠴᠢ ᠪᠠᠷ 18.6 % ᠨᠡᠮᠡᠭᠳᠡᠪᠡ︔ ᠴᠡᠪᠡᠷ ᠡᠨᠧᠷᠭᠢ᠂ ᠲᠣᠨᠣᠭᠯᠠᠯ ᠦᠢᠯᠡᠳᠬᠦ ᠬᠡᠮᠵᠢᠶ᠎ᠠ 3.5 ᠲᠠᠬᠢᠨ ᠨᠡᠮᠡᠭᠳᠡᠵᠦ᠂ ᠪᠠᠯ ᠴᠢᠯᠠᠭᠤ ᠰᠢᠨ᠎ᠡ ᠮᠠᠲ᠋ᠧᠷᠢᠶᠠᠯ ᠤᠨ ᠠᠵᠦ ᠦᠢᠯᠡᠰ ᠪᠦᠬᠦ ᠠᠶᠢᠮᠠᠭ ᠤᠨ ᠬᠤᠭᠤᠰᠣᠨ ᠢ ᠨᠦᠬᠦᠪᠦᠷᠢᠯᠡᠵᠦ᠂ ᠲᠣᠨᠣᠬᠯᠠᠯ ᠦᠢᠯᠡᠳᠬᠦ ᠠᠵᠦ ᠦᠢᠯᠡᠰ ᠨᠡᠩ ᠦᠷᠭᠡᠵᠢᠵᠦ᠂ ᠡᠨᠧᠷᠭᠢ ᠠᠷᠪᠢᠯᠠᠬᠤ ᠣᠷᠴᠢᠨ ᠲᠣᠭᠤᠷᠢᠨ ᠤ ᠠᠵᠦ ᠦᠢᠯᠡᠰ ᠬᠦᠭᠵᠢᠯᠳᠠ ᠶᠢᠨ ᠱᠠᠳᠣᠨ ᠳᠤ ᠣᠷᠣᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ 8 ᠪᠣᠯᠲᠠᠯ᠎ᠠ ᠬᠥᠭᠵᠢᠭᠦᠯᠵᠦ᠂  ᠵᠢᠯ ᠤᠨ ᠦᠢᠯᠡᠳᠬᠦᠨ  ᠤ ᠦᠷᠲᠡᠭ ᠤᠨ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠲᠤ ᠡᠵᠡᠯᠡᠬᠦ ᠬᠠᠷᠢᠴᠠᠯ ᠢ 76.8 % ᠪᠣᠯᠲᠠᠯ᠎ᠠ ᠳᠡᠭᠡᠭᠰᠢᠯᠡᠭᠦᠯᠪᠡ᠃ ᠮᠥᠩᠭᠦᠨ ᠭᠦᠢᠯᠭᠡᠭᠡ ᠳᠠᠭᠠᠳᠬᠠᠯ᠂ ᠢᠳᠡᠭᠡᠨ ᠤᠮᠳᠠᠭᠠᠨ ᠪᠠᠭᠤᠳᠠᠯ᠂ ᠰᠣᠶᠣᠯ ᠵᠤᠭ᠎ᠠ ᠴᠡᠩᠭᠡᠯ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ  ᠢ ᠨᠡᠮᠡᠭᠳᠡᠭᠦᠯᠵᠦ᠂ ᠡᠯᠧᠺᠲᠷᠣᠨ ᠬᠤᠳᠠᠯᠳᠤᠭ᠎ᠠ᠂ ᠲᠦᠷᠭᠡᠨ ᠭᠤᠪᠢᠭᠤᠯᠭ᠎ᠠ ᠪᠣᠳᠠᠰ ᠤᠨ ᠭᠦᠢᠯᠭᠡᠭᠡ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠪᠦᠷᠢᠯᠳᠦᠵᠦ᠂  ︽ᠳᠥᠷᠪᠡᠨ ᠣᠠᠯᠷᠢᠯ ᠤᠨ ᠲᠠᠯ᠎ᠠ ᠨᠤᠲᠤᠭ — ᠴᠠᠬᠠᠷ ᠨᠤᠲᠤᠭ︾ ᠵᠢᠭᠤᠯᠴᠢᠯᠠᠯ ᠤᠨ ᠨᠡᠷ᠎ᠡ ᠲᠡᠮᠳᠡᠭᠲᠦ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ  ᠤᠨ ᠠᠵᠤ ᠠᠬᠤᠶᠢᠯᠠᠯ ᠦᠭᠡᠶ ᠠᠴᠠ ᠪᠠᠨ ᠪᠠᠶᠢᠬᠤ ᠪᠣᠯᠵᠤ ᠬᠥᠭᠵᠢᠭᠡᠳ 4 ᠪᠣᠯᠵᠦ᠂ ᠪᠥᠬᠦ ᠬᠤᠰᠢᠭᠤᠨ ᠤ ᠠᠵᠤ ᠠᠬᠤᠶ ᠴᠢᠨᠠᠷ ᠰᠠᠶᠢᠲᠠᠶ ᠬᠦᠭᠵᠢᠯᠳᠠ ᠶᠢᠨ ᠠᠬᠢᠴᠠ ᠲᠠᠢ ᠪᠣᠯᠪᠠ᠃      —— ᠥᠩᠭᠡᠷᠡᠭᠰᠡᠨ ᠲᠠᠪᠤᠨ ᠵᠢᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠪᠠ᠃  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠢᠯᠠᠯᠲᠠ ᠤᠯᠬᠤ ᠶᠢ ᠢᠮᠡᠬᠳᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠶᠠᠳᠠᠭᠤ  ᠶᠢ ᠲᠡᠳᠬᠦᠬᠦ ᠪᠠᠯᠠ ᠮᠥᠩᠭᠦ ᠶᠢ 7.15 ᠳ᠋ᠦᠩᠰᠢᠭᠤᠷ ᠲᠥᠭᠦᠷᠢᠭ ᠣᠷᠣᠭᠤᠯᠵᠤ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠰᠢᠶᠳᠪᠦᠷᠢᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ 36 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 3120 ᠡᠷᠦᠬᠡ ᠶᠢᠨ 7067 ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠨᠣᠷᠮ᠎ᠠ ᠶᠢ 13.2%  ᠠᠴᠠ ᠲᠡᠭ ᠪᠣᠯᠭᠠᠨ᠂ ᠪᠥᠬᠦ ᠬᠤᠰᠢᠭᠤ ᠪᠠᠷ ᠢᠶᠠᠨ ᠴᠢᠨᠠᠷ ᠰᠠᠶᠢᠲᠠᠶ ᠪᠠᠷ ᠶᠠᠳᠠᠭᠤ ᠶᠢᠨ ᠮᠠᠯᠠᠭᠠᠢ ᠪᠠᠨ ᠲᠠᠶᠠᠬᠳᠠᠨ᠂ ᠲᠡᠦᠬᠡᠲᠦ ᠴᠢᠨᠠᠷᠲᠠᠶ ᠲᠤᠶᠢᠯ ᠤᠨ ᠶᠠᠳᠠᠭᠤ ᠬᠦᠴᠢᠷᠳᠡᠯ ᠢ ᠪᠥᠬᠦ ᠲᠠᠯ᠎ᠠ ᠪᠠᠷ ᠠᠷᠢᠯᠭᠠᠪᠠ᠃ ᠪᠤᠯᠠᠭᠠᠨᠲᠣᠬᠤᠢ ᠰᠣᠮᠣᠨ  ᠤ ᠰᠡᠨᠵᠢᠨᠪᠣᠯᠠᠭ ᠭᠠᠴᠠᠭᠠᠨ ᠤ ᠨᠠᠮ ᠤᠨ ᠡᠭᠦᠷ ᠨᠢ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠨᠡᠶᠢᠳᠡ ᠶᠢᠨ ᠢᠷᠠᠭᠤ ᠠᠯᠳᠠᠷ ᠢ ᠬᠦᠷᠳᠡᠪᠡ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠷᠬᠡ ᠶᠢ ᠲᠣᠭᠲᠠᠭᠠᠵᠤ ᠦᠨᠡᠮᠯᠡᠯ ᠣᠯᠭᠤᠬᠤ ᠪᠠ ᠬᠠᠮᠲᠤ ᠶᠢᠨ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠤᠨᠢ ᠪᠡᠶᠡᠯᠡᠭᠦᠯᠪᠡ᠃ 1.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ᠂ 78 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ  ᠳᠤ ᠬᠦᠷᠭᠡᠵᠦ᠂ ᠡᠭᠦᠨ ᠳᠤ 20 ᠲᠦᠮᠡᠨ ᠲᠥᠭᠦᠷᠢᠭ ᠢ ᠳᠠᠪᠠᠭᠰᠠᠨ ᠨᠢ 41 % ᠳᠤ ᠬᠦᠷᠪᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 9 ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 4982 ᠡᠷᠦᠬᠡ᠂ 2167 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ  ᠶᠢ ᠬᠤᠷᠢᠶᠠᠨ ᠴᠤᠭᠯᠠᠭᠤᠯᠬᠤ ᠲᠥᠬᠦᠭᠡᠷᠦᠮᠵᠢ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 81% ᠪᠣᠯᠭᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠠᠮᠵᠢᠯᠲᠠ ᠲᠠᠢ ᠲᠠᠭᠤᠰᠴᠦ᠂ ᠪᠦᠬᠦ ᠠᠶᠢᠮᠠᠭ ᠤᠨ ᠱᠠᠭᠠᠷᠳᠠᠨ ᠪᠠᠶᠢᠴᠠᠭᠠᠬᠤ ᠬᠢᠨᠠᠨ ᠰᠢᠯᠭᠠᠯᠳᠠ ᠳᠤ 3  ᠳᠤ ᠣᠷᠣᠪᠠ᠃ ᠪᠦᠬᠦ ᠬᠤᠰᠢᠭᠤᠨ ᠤ ᠠᠷᠠᠳ ᠲᠦᠮᠡᠨ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠲᠠᠢ ᠵᠡᠷᠭᠡᠪᠡᠷ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠃       —— ᠥᠩᠭᠡᠷᠡᠭᠰᠡᠨ ᠲᠠᠪᠤᠨ ᠵᠢᠯ ᠳᠤ᠂ ᠬᠤᠲᠠ ᠬᠥᠳᠡᠭᠡ ᠶᠢᠨ ᠳᠦᠷᠰᠦ ᠪᠠᠢᠳᠠᠯ ᠴᠣ ᠰᠢᠨ᠎ᠡ ᠪᠣᠯᠪᠠ ᠃ ᠬᠤᠳᠠ ᠪᠠᠯᠭᠠᠰᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠤᠰᠤᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠪᠠ ᠤᠰᠤᠨ ᠤ ᠴᠢᠨᠠᠷ ᠨᠡᠯᠢᠶᠡᠳ ᠠᠨᠠᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠣᠬᠢᠷ ᠤᠰᠤ ᠶᠢ ᠪᠦᠲᠦᠮᠵᠢᠲᠡᠢ ᠪᠠᠷ ᠬᠤᠷᠢᠶᠠᠨ ᠴᠤᠭᠯᠠᠭᠤᠯᠬᠤ ᠪᠠ ᠵᠠᠪᠰᠠᠷ ᠤᠨ ᠤᠰᠤ ᠶᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠡᠶᠡᠯᠡᠭᠦᠯᠵᠦ᠂ ᠬᠤᠳᠠ ᠪᠠᠯᠭᠠᠰᠤᠨ ᠤ ᠵᠠᠮ ᠤᠨ ᠲᠣᠣᠷ ᠤᠨ ᠪᠦᠲᠦᠴᠡ ᠪᠠ ᠵᠠᠮ ᠨᠡᠪᠲᠡᠷᠡᠯᠭᠡ ᠶᠢᠨ ᠨᠥᠬᠦᠴᠡᠯ ᠢ ᠰᠢᠯᠢᠳᠡᠭᠵᠢᠭᠦᠯᠦᠨ᠂ 3494 ᠡᠷᠦᠬᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠪᠠ 25 ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠬᠦᠯᠬᠦ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠲᠥᠪᠯᠡᠷᠡᠩᠭᠦᠢ ᠢᠯᠴᠢ ᠬᠠᠩᠭᠠᠬᠤ ᠲᠠᠯᠠᠪᠠᠢ ᠶᠢ 2015 ᠣᠨ ᠳᠤ 95 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ 151 ᠲᠦᠮᠡᠨ ᠲᠡᠭᠰᠢ ᠳᠥᠷᠪᠡᠯᠵᠢᠨ ᠮᠧᠲᠷ ᠪᠣᠯᠭᠠᠨ ᠨᠡᠮᠡᠭᠳᠡᠭᠦᠯᠵᠦ᠂ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠲᠠᠯᠠᠪᠠᠢ ᠶᠢ 2015 ᠣᠨ ᠳᠤ 85 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ 125 ᠲᠦᠮᠡᠨ ᠲᠡᠭᠰᠢ ᠳᠥᠷᠪᠡᠯᠵᠢᠨ ᠮᠧᠲᠷ ᠪᠣᠯᠭᠠᠨ ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢᠨ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ᠲᠥᠪᠯᠡᠷᠡᠭᠰᠡᠨ ᠤᠰᠤ ᠬᠠᠩᠭᠠᠬᠤ ᠢᠨᠵᠧᠨᠧᠷᠢᠩ 82 ᠢ ᠰᠢᠨ᠎ᠡ ᠪᠠᠷ ᠪᠣᠶᠣ ᠥᠭᠡᠷᠡᠴᠢᠯᠡᠨ ᠪᠠᠶᠢᠭᠤᠯᠵᠤ᠂ ᠲᠠᠷᠠᠬᠠᠶ ᠪᠠᠷ ᠤᠰᠤ ᠬᠠᠩᠭᠠᠬᠤ ᠢᠨᠵᠧᠨᠧᠷᠢᠩ 1387 ᠶᠢ ᠪᠠᠶᠢᠭᠤᠯᠵᠤ᠂ ᠤᠰᠤ ᠴᠡᠪᠡᠷᠰᠢᠭᠦᠯᠬᠦ 4500 ᠢᠵᠢ ᠲᠥᠬᠦᠭᠡᠷᠦᠮᠵᠢ ᠣᠬᠰᠠᠷᠠᠵᠦ᠂ 2.2 ᠲᠦᠮᠡᠨ ᠠᠷᠠᠳ᠂ 21.3 ᠲᠦᠮᠡᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠶᠳᠪᠦᠷᠢᠯᠡᠪᠡ︔ ᠬᠠᠨ ᠬᠠᠢ ᠱᠤᠭᠤᠮ ᠤᠨ 500 ᠺᠢᠯᠣᠸᠣᠯᠲ ᠤᠨ ᠬᠤᠣᠰ ᠪᠤᠴᠠᠯᠲᠠ ᠶᠢᠨ ᠱᠣᠭᠤᠮ᠂ ᠮᠢᠩᠭᠠᠲᠤ ᠠᠴᠠ ᠲᠣᠱᠢ ᠬᠦᠷᠬᠦ 110 ᠺᠢᠯᠣᠸᠣᠯᠲ ᠤᠨ ᠬᠤᠣᠰ ᠪᠤᠴᠠᠯᠲᠠ ᠶᠢᠨ ᠱᠣᠭᠤᠮ ᠤᠨ ᠢᠨᠵᠧᠨᠧᠷᠢᠩ ᠢ ᠪᠠᠶᠢᠭᠤᠯᠵᠤ᠂  ᠴᠣᠬᠠᠦ᠋ᠨᠳᠦᠷ ᠤᠨ 110 ᠺᠢᠯᠣᠸᠣᠯᠲ ᠤᠨ ᠬᠦᠴᠦᠳᠡᠯ ᠬᠤᠪᠢᠰᠬᠠᠬᠤ ᠥᠷᠲᠡᠭᠡ ᠶᠢ ᠥᠷᠭᠡᠳᠬᠡᠨ ᠥᠭᠡᠷᠡᠴᠢᠯᠡᠬᠦ ᠪᠠ ᠬᠥᠳᠡᠭᠡ ᠲᠣᠰᠬᠤᠨ ᠤ ᠴᠠᠬᠢᠯᠭᠠᠨ ᠲᠣᠣᠷ  ᠢ ᠳᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠴᠠᠬᠢᠯᠭᠠᠨ ᠬᠠᠩᠭᠠᠬᠤ ᠴᠢᠳᠠᠪᠤᠷᠢ ᠢᠯᠡᠳᠲᠡ ᠳᠡᠭᠡᠭᠰᠢᠯᠡᠪᠡ︔ ᠵᠢᠨᠢᠩ — ᠲᠦᠩᠯᠢᠶᠣᠤ ᠶᠢᠨ ᠲᠡᠮᠦᠷ ᠵᠠᠮ ︵ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ︶ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠪᠥᠬᠦ ᠱᠤᠭᠤᠮ ᠢᠶᠠᠷ ᠨᠡᠪᠲᠡᠷᠡᠵᠦ᠂ ᠤᠯᠤᠰ ᠤᠨ ᠵᠠᠮ ᠤᠨ 510 ᠱᠤᠭᠤᠮ ᠢ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠤᠨ ᠪᠠᠷᠢᠯᠭ᠎ᠠ ᠲᠠᠭᠤᠰᠣᠨ ᠲᠡᠷᠭᠡ ᠨᠡᠪᠲᠡᠷᠡᠵᠦ᠂ ᠮᠤᠵᠢ ᠶᠢᠨ 313 ᠵᠠᠮ ᠤᠨ ᠠᠵᠢᠯ ᠢ ᠡᠬᠢᠯᠡᠭᠦᠯᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠢ 1152.2 ᠺᠢᠯᠣᠮᠧᠲᠷ ᠲᠠᠰ ᠳᠡᠪᠰᠢᠭᠦᠯᠦᠨ ᠥᠭᠡᠷᠡᠴᠢᠯᠡᠵᠦ᠂ ᠵᠠᠭᠦᠨ ᠠᠴᠠ ᠣᠷᠣᠭᠤᠯᠵᠦ ᠪᠠᠷᠠᠭᠤᠨᠰᠢ ᠭᠠᠷᠭᠠᠬᠤ᠂ ᠡᠮᠦᠨᠡᠰᠢ ᠨᠡᠪᠲᠡᠷᠡᠭᠦᠯᠵᠦ ᠤᠮᠠᠷᠠᠰᠢ ᠭᠦᠷᠬᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠨᠣᠷᠮ᠎ᠠ 2015 ᠣᠨ ᠳᠤ 88 % ᠪᠠᠶᠢᠬᠰᠠᠨ ᠠᠴᠠ 100 % ᠪᠣᠯᠲᠠᠯ᠎ᠠ ᠲᠡᠭᠡᠭᠰᠢᠯᠡᠭᠦᠯᠵᠦ᠂ ᠠᠶᠢᠯ ᠲᠣᠰᠬᠤᠨ ᠤ ᠵᠠᠰᠠᠮᠠᠯ ᠵᠠᠮ ᠤᠨ ᠨᠡᠪᠲᠡᠷᠡᠭᠰᠡᠨ ᠨᠣᠷᠮ᠎ᠠ 2015 ᠣᠨ ᠤ 43 % ᠠᠴᠠ 82 % ᠪᠣᠯᠲᠠᠯ᠎ᠠ ᠳᠡᠭᠡᠭᠰᠢᠯᠡᠪᠡ︔ ᠴᠢᠮᠡᠭᠡ ᠬᠤᠯᠪᠣᠭᠠᠨ ᠤ 264 ᠰᠠᠭᠤᠷᠢ ᠥᠷᠲᠡᠭᠡ ᠶᠢ ᠰᠢᠨ᠎ᠡ ᠪᠠᠷ ᠪᠣᠶᠣ ᠥᠭᠡᠷᠡᠴᠢᠯᠡᠨ ᠪᠠᠶᠢᠭᠤᠯᠵᠤ᠂ 3881 ᠺᠢᠯᠣᠮᠧᠲᠷ ᠭᠡᠷᠡᠯᠯᠢᠭ ᠤᠲᠠᠰᠤ ᠳᠡᠪᠢᠰᠴᠦ᠂ ᠬᠤᠰᠢᠭᠤ ᠬᠡᠪᠴᠢᠶᠡᠨ ᠤ ᠴᠢᠮᠡᠭᠡ ᠬᠤᠯᠪᠣᠭ᠎ᠠ ᠶᠢ ᠨᠡᠪᠲᠡᠷᠡᠭᠦᠯᠪᠡ᠃ ᠥᠷᠭᠡᠨ ᠪᠦᠰᠡᠲᠦ ᠰᠦᠯᠵᠢᠶ᠎ᠡ ᠵᠢᠴᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ 4G ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠤᠲᠠ ᠪᠠᠯᠭᠠᠰᠤᠨ ᠤ 5G ᠰᠦᠯᠵᠢᠶᠡᠨ ᠤ ᠲᠤᠷᠰᠢᠯᠲᠠ ᠶᠢᠨ ᠴᠡᠭ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠪᠡ᠃       —— ᠥᠩᠭᠡᠷᠡᠭᠰᠡᠨ ᠲᠠᠪᠤᠨ ᠵᠢᠯ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠡᠯᠪᠡᠭ ᠦᠷ᠎ᠡ ᠪᠦᠳᠦᠮᠵᠢ ᠣᠯᠪᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ᠂ ᠤᠯᠤᠰ  ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠦ᠂ 4.57 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠪᠠᠭᠤᠯᠭᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠬᠤᠯᠠᠨ ᠰᠢᠷᠭ᠎ᠠ ᠲᠠᠭ᠎ᠠ ᠶᠢᠨ ᠬᠥᠨᠥᠭᠡᠯᠲᠦ ᠣᠷᠣᠨ ᠢ ᠵᠠᠰᠠᠬᠤ ᠵᠡᠷᠭᠡ ᠭᠤᠤᠯᠳᠠᠯᠭ᠎ᠠ ᠲᠠᠢ ᠠᠮᠢ ᠠᠬᠤᠶ  ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂  26.7 ᠲᠦᠮᠡᠨ ᠮᠥ ᠣᠶ ᠰᠢᠭᠤᠶ ᠶᠢᠨ ᠪᠥᠲᠥᠭᠡᠨ ᠪᠠᠶᠢᠭᠤᠯᠤᠯᠲᠠ ᠬᠢᠵᠦ᠂ 26 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ ᠤᠯᠠᠭᠠᠨᠴᠠᠪ ᠰᠤᠮᠤ᠂  ᠶᠡᠬᠡᠨᠠᠭᠤᠷ ᠰᠤᠮᠤ ᠶᠢ ᠰᠤᠨᠳᠠᠯᠠᠭᠰᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠡᠯᠡᠰᠦ ᠶᠢ ᠰᠡᠷᠭᠡᠶᠢᠯᠡᠨ ᠵᠠᠰᠠᠬᠤ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠠ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ ᠲᠣᠰᠪᠦᠷᠢ 57 % ᠪᠠ 23.8 % ᠪᠣᠯᠭᠠᠪᠠ᠃ 3030 ᠮᠥ ᠬᠠᠶᠠᠭᠳᠠᠮᠠᠯ ᠨᠦᠬᠡ᠂ 1043 ᠮᠥ ᠠᠭᠤᠷᠬᠠᠶ  ᠶᠢᠨ ᠣᠷᠴᠢᠨ ᠲᠣᠭᠤᠷᠢᠨ ᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 6 ᠪᠠᠶᠢᠭᠤᠯᠵᠤ᠂ 2630.8 ᠮᠥ ᠭᠠᠵᠠᠷ ᠰᠢᠷᠣᠶ ᠶᠢ ᠴᠡᠭᠴᠡᠯᠡᠨ ᠵᠠᠰᠠᠵᠤ᠂ 2016 ᠣᠨ ᠳᠤ ᠤᠯᠤᠰ ᠤᠨ ︽ᠤᠯᠤᠰ ᠤᠨ ᠭᠠᠵᠠᠷ ᠰᠢᠷᠣᠶ ᠡᠬᠢ ᠪᠠᠶᠠᠯᠢᠭ ᠢ ᠠᠷᠪᠢᠯᠠᠨ ᠭᠠᠮᠨᠠᠵᠦ ᠡᠷᠴᠢᠮᠵᠢᠭᠦᠯᠦᠭᠰᠡᠨ ᠵᠢᠱᠢᠶᠡᠴᠢ ᠰᠢᠶᠠᠨ︾ ᠤ ᠨᠡᠷᠡᠶᠢᠳᠦᠯ ᠢ ᠭᠥᠷᠳᠡᠵᠦ᠂ ᠦᠷ᠎ᠡ ᠪᠦᠲᠦᠮᠵᠢ ᠪᠠᠨ ᠦᠷᠭᠦᠯᠵᠢᠯᠡᠨ ᠪᠠᠲᠤᠯᠠᠪᠠ᠃ ᠠᠵᠢᠨᠠᠶ ᠬᠦᠯᠦᠭ ﹇10﹈ ᠨᠠᠭᠤᠷ  ᠤᠨ ᠨᠤᠭᠤ ᠭᠠᠵᠠᠷ ᠤᠨ ᠴᠡᠴᠡᠷᠯᠢᠭ ᠢ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ ᠬᠤᠰᠢᠭᠤᠨ ᠤ 11 ᠨᠠᠭᠤᠷ ᠭᠤᠤᠯ᠂ 9 ᠨᠠᠭᠤᠷ ᠴᠥᠭᠦᠷᠥᠮ ᠲᠤ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠡᠭᠦᠷᠭᠡ ᠪᠠᠨ ᠠᠮᠵᠢᠯᠲᠠ  ᠲᠠᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠪᠠᠶᠢᠬᠤ ᠨᠣᠷᠮ᠎ᠠ 97 % ᠠᠴᠠ ᠳᠡᠭᠡᠭᠰᠢ ᠳᠤ ᠬᠦᠷᠴᠦ᠂ ᠬᠤᠰᠢᠭᠤ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠪᠠ ᠠᠶᠤᠯᠲᠠᠢ ᠬᠠᠶᠠᠭᠳᠠᠮᠠᠯ ᠪᠣᠳᠠᠰ ᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠬᠠᠷᠠᠯᠲᠠ ᠶᠢ ᠪᠦᠬᠦᠨ ᠢ ᠪᠡᠶᠡᠯᠡᠭᠦᠯᠪᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠬᠢᠨᠠᠬᠤ ᠠᠵᠢᠯ ᠦᠨᠳᠦᠰᠦᠨ ᠳᠡᠭᠡᠨ ᠲᠣᠭᠲᠠᠭᠤᠨ ᠪᠠᠶᠢᠵᠦ᠂ ᠰᠢᠯᠵᠢᠭᠦᠯᠦᠨ ᠥᠭᠬᠦ ᠱᠠᠩᠨᠠᠯ ᠤᠨ ᠮᠥᠩᠭᠦ ᠶᠢ 3 ᠳ᠋ᠦᠩᠰᠢᠭᠤᠷ ᠲᠥᠭᠦᠷᠢᠭ ᠤᠯᠪᠠ᠃     —— ᠥᠩᠭᠡᠷᠡᠭᠰᠡᠨ ᠲᠠᠪᠤᠨ ᠵᠢᠯ ᠳᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦ ᠲᠦᠷᠢᠮ᠂ ᠡᠳ᠋ ᠤᠨ ᠵᠠᠰᠠᠭ ᠭᠠᠶᠢᠯᠢ ᠶᠢᠨ ᠲᠦᠷᠢᠮ ᠂ ᠶᠡᠷᠦᠩᠭᠡᠶᠢᠯᠡᠭᠰᠡᠨ ᠬᠠᠣᠯᠢ ᠬᠡᠷᠡᠭᠵᠢᠭᠦᠯᠦᠯᠳᠠ ᠵᠡᠷᠭᠡ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠣᠯᠠᠮ ᠭᠦᠨᠵᠡᠭᠡᠶᠢᠷᠡᠨ ᠠᠬᠢᠵᠦ᠂ ᠠᠵᠤ ᠠᠬᠤᠢ ᠠᠮᠢ ᠠᠬᠤᠢ ᠶᠢᠨ ᠬᠦᠷᠢᠶᠡᠨ ᠳᠠᠬᠢ 582 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠷᠤᠭᠰᠢᠲᠠᠢ ᠬᠡᠷᠡᠭᠵᠢᠭᠦᠯᠪᠡ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠠᠶᠢᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠪᠠᠷ ᠠᠮᠠᠯᠳᠠᠭᠰᠠᠨ ᠴᠠᠭ ᠤᠨ ᠬᠢᠵᠠᠭᠠᠷ ᠢ 52.3 %  ᠪᠣᠯᠲᠠᠯ᠎ᠠ ᠪᠣᠭᠤᠨᠢᠰᠬᠠᠵᠤ᠂ ︽ᠨᠢᠭᠡ ᠯᠡ ᠤᠳᠠᠭ᠎ᠠ ᠳᠤ ᠭᠦᠶᠴᠡᠳᠬᠡᠬᠦ︾ ᠵᠦᠶᠯᠡᠰ ᠢ 509 ᠵᠦᠶᠯ ᠳᠤ ᠬᠦᠷᠭᠡᠪᠡ︔ 59 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠪᠠ︔72 ᠲᠥᠷᠥᠯ ᠤᠨ ᠵᠠᠰᠠᠭ ᠵᠠᠬᠢᠷᠭᠠᠨ ᠤ ᠡᠷᠬᠡ ᠶᠢ ᠰᠤᠮᠤ ᠪᠠᠯᠭᠠᠰᠤᠨ ᠳᠤ  ᠪᠠᠭᠤᠯᠭᠠᠪᠠ︔ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 100 ᠠᠵᠢᠯᠯᠠᠬᠤ ᠡᠳᠦᠷ ᠪᠠᠶᠢᠭᠰᠠᠨ ᠢ 82 ᠠᠵᠢᠯᠯᠠᠬᠤ ᠡᠳᠦᠷ ᠤᠨ ᠲᠣᠳᠣᠷ᠎ᠡ ᠪᠣᠯᠭᠠᠨ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠵᠦ ᠭᠦᠶᠴᠡᠳᠬᠡᠬᠦ ᠴᠠᠭ ᠤᠨ ᠬᠢᠵᠠᠭᠠᠷ ᠢ 15 ᠠᠵᠢᠯᠯᠠᠬᠤ ᠡᠳᠦᠷ ᠢ 5 ᠠᠵᠢᠯᠯᠠᠬᠤ ᠡᠳᠦᠷ ᠤᠨ ᠲᠣᠳᠣᠷ᠎ᠡ ᠪᠣᠯᠭᠠᠨ ᠪᠣᠭᠤᠨᠢᠰᠬᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ︵ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ︶ ᠤ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠠᠵᠣ ᠠᠬᠤᠶᠢᠯᠠᠯ ᠤᠨ ᠨᠡᠭᠡᠭᠡᠨ ᠡᠷᠭᠢᠯᠡᠬᠦ ᠪᠦᠬᠦ ᠶᠠᠪᠣᠴᠠ  ᠶᠢᠨ ᠴᠠᠭ ᠢ 3 ᠠᠵᠢᠯᠯᠠᠬᠤ ᠡᠳᠣᠷ ᠤᠨ ᠲᠣᠳᠣᠷ᠎ᠠ ᠪᠣᠯᠭᠠᠨ ᠪᠠᠭᠠᠰᠬᠠᠵᠦ᠂ ᠵᠠᠬ᠎ᠠ ᠳᠡᠯᠭᠡᠭᠦᠷ ᠤᠨ ᠭᠤᠣᠯ ᠴᠣᠭᠴᠠ  ᠶᠢᠨ ᠶᠡᠷᠦᠩᠬᠡᠢ ᠬᠡᠮᠵᠢᠶ᠎ᠡ 6003 ᠡᠷᠦᠬᠡ ᠳᠤ ᠬᠦᠷᠴᠦ᠂ 2015 ᠣᠨ ᠤ ᠬᠢ ᠠᠴᠠ 25 %   ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢ ᠣᠷᠣᠭᠤᠯᠣᠨ ᠠᠪᠴᠢᠷᠠᠬᠤ ᠶᠢ ᠵᠢᠯ ᠲᠠᠷᠠᠭᠠᠯᠠᠨ ᠥᠷᠭᠡᠳᠬᠡᠵᠦ᠂ 16 ᠭᠤᠣᠯᠳᠠᠯᠭ᠎ᠠ ᠲᠠᠢ ᠲᠥᠷᠦᠯ ᠵᠦᠢᠯ ᠢ ᠨᠠᠶᠢᠳᠠᠪᠣᠷᠢᠵᠢᠭᠤᠯᠣᠨ᠂ 71.87 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠬᠢ ᠠᠴᠠ 13.44 ᠳ᠋ᠦᠩᠰᠢᠭᠤᠷ ᠲᠥᠭᠦᠷᠢᠭ ᠨᠡᠮᠡᠭᠳᠡᠪᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ  ᠪᠡᠶᠡᠯᠡᠭᠦᠯᠪᠡ᠃      —— ᠥᠩᠭᠡᠷᠡᠭᠰᠡᠨ ᠲᠠᠪᠤᠨ ᠵᠢᠯ ᠳᠤ᠂ ᠨᠡᠶᠢᠭᠡᠮ ᠠᠷᠠᠳ ᠤᠨ ᠠᠮᠢᠳᠤᠷᠠᠯ ᠲᠠᠰᠤᠷᠠᠯᠲᠠ ᠥᠬᠡᠶ ᠰᠠᠶᠢᠵᠢᠷᠠᠪᠠ᠃ ᠬᠤᠰᠢᠭᠤ ᠱᠠᠲᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ 52.67 ᠳ᠋ᠦᠩᠰᠢᠭᠤᠷ ᠲᠥᠭᠦᠷᠢᠭ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ 1.44 ᠳᠠᠬᠢᠨ ᠪᠣᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79.37 % ᠶᠢ ᠡᠵᠡᠯᠡᠪᠡ᠃ ᠬᠤᠲᠠ ᠪᠠᠯᠭᠠᠰᠤᠨ ᠤ 4867 ᠬᠥᠮᠦᠨ ᠳᠤ ᠰᠢᠨ᠎ᠡ ᠪᠠᠷ ᠠᠵᠢᠯ ᠣᠯᠭᠤᠵᠤ᠂ 2.5 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ 9390 ᠲᠦᠮᠡᠨ ᠲᠥᠭᠦᠷᠢᠭ ᠲᠠᠷᠬᠠᠭᠠᠪᠠ᠃ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠮᠣᠩᠭᠤᠯ ᠲᠣᠮᠳᠠᠳᠣ ᠰᠣᠷᠭᠠᠭᠤᠯᠢ ᠶᠢᠨ ᠲᠠᠮᠢᠷ ᠤᠨ ᠲᠠᠯᠠᠪᠠᠢ᠂ ᠨᠢᠭᠡᠳᠣᠭᠡᠷ ᠪᠠᠭ᠎ᠠ ᠰᠣᠷᠭᠠᠭᠤᠯᠢ ᠶᠢᠨ ᠬᠦᠳᠡᠯᠪᠦᠷᠢ ᠶᠢᠨ ᠦᠷᠦᠭᠡ ᠪᠣᠯᠣᠨ ᠲᠣᠷᠰᠢᠯᠳᠠ ᠶᠢᠨ ᠠᠰᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠬᠦᠳᠡᠯᠪᠦᠷᠢ ᠶᠢᠨ ᠦᠷᠦᠭᠡ᠂ ᠮᠣᠩᠭᠤᠯ ᠦᠨᠳᠦᠰᠦᠳᠡᠨ ᠤ ᠴᠡᠴᠡᠷᠯᠢᠭ ᠤᠨ ᠰᠣᠶᠣᠯ ᠲᠠᠮᠢᠷ ᠤᠨ ᠬᠦᠳᠡᠯᠭᠡᠭᠡᠨ ᠤ ᠦᠷᠦᠭᠡ᠂ ᠪᠣᠯᠭᠠᠨᠳᠣᠬᠤᠢ ᠰᠣᠮᠣᠨ ᠤ ᠴᠡᠴᠡᠷᠯᠢᠭ ᠪᠠᠶᠢᠭᠤᠯᠣᠬᠳᠠᠨ ᠠᠰᠢᠬᠯᠠᠯᠳᠠ ᠳᠤ ᠣᠷᠣᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠠᠶᠢᠮᠠᠭ ᠤᠨ ᠲᠡᠰ ᠤᠨ ᠪᠠᠷᠢᠮᠵᠢᠶ᠎ᠠ ᠳᠤ ᠬᠦᠷᠴᠦ᠂ ᠠᠯᠪᠠᠨ ᠠᠴᠠ ᠡᠷᠬᠢᠯᠡᠭᠰᠡᠨ 2 ᠬᠡᠦᠬᠡᠳ  ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢᠶᠠᠷ ᠦᠨᠡᠯᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠭᠡᠷᠡᠴᠢᠯᠡᠯᠳᠡ᠂ ᠠᠯᠪᠠᠨ ᠠᠴᠠ ᠪᠠᠶᠢᠭᠤᠯᠣᠬᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠦ᠂ ᠡᠷᠡᠭᠦᠯ ᠴᠢᠭᠢᠷᠠᠭ  ᠢ ᠠᠬᠢᠭᠤᠯᠬᠤ ᠢᠨᠵᠧᠨᠢᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ 1 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠤ ᠲᠥᠪ᠂ 7 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 49 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠦᠭᠡᠷᠡᠴᠢᠯᠡᠨ ᠪᠠᠶᠢᠭᠤᠯᠪᠠ᠃ ᠭᠤᠷᠪᠠᠨ ᠱᠠᠳᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠢ ᠣᠯᠠᠮ ᠪᠦᠷᠢᠨᠰᠢᠭᠦᠯᠪᠠ᠃ ᠶᠡᠷᠦᠩᠬᠡᠶᠢᠯᠡᠭᠰᠡᠨ ᠲᠠᠩᠰᠠ ᠡᠪᠬᠡᠮᠡᠯ ᠤᠨ ᠣᠷᠳᠣᠨ᠂ ᠪᠥᠬᠡ ᠶᠢᠨ ᠪᠣᠯᠪᠠᠰᠤᠷᠠᠯ ᠤᠨ ᠣᠷᠳᠣᠨ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠣᠷᠳᠣᠨ᠂ ᠵᠠᠯᠠᠭᠤᠴᠤᠳ ᠤᠨ ᠺᠢᠨᠣ᠋ ᠶᠢᠨ ᠣᠷᠳᠣᠨ ᠵᠠᠯᠭᠠᠪᠠᠷ ᠠᠰᠢᠭᠯᠠᠯᠲᠠ ᠳᠤ ᠣᠷᠣᠵᠤ᠂ 5 ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠵᠢᠴᠢ 7 ᠨᠡᠶᠢᠭᠡᠮ ᠲᠣᠭᠤᠷᠢᠭ᠂ 78 ᠭᠠᠴᠠᠭ᠎ᠠ ᠲᠣᠰᠬᠤᠨ ᠤ ᠰᠣᠶᠣᠯ  ᠤᠨ ᠠᠵᠢᠯᠯᠠᠭᠠᠨ ᠤ ᠲᠥᠪ ᠢ ᠪᠦᠬᠦᠨ ᠢ ᠥᠭᠡᠷᠡᠴᠢᠯᠡᠨ ᠪᠠᠷᠢᠮᠵᠢᠶ᠎ᠠ ᠳᠤ ᠬᠦᠷᠭᠡᠵᠦ᠂ ᠬᠡᠷ ᠤᠨ ᠭᠠᠳᠠᠨᠠᠬᠢ ᠪᠡᠶ᠎ᠡ ᠲᠠᠮᠢᠷ ᠤᠨ ᠪᠡᠶ᠎ᠡ ᠴᠢᠭᠢᠷᠠᠭᠵᠢᠭᠤᠯᠬᠤ ᠲᠦᠭᠦᠭᠡᠷᠦᠮᠵᠢ ᠶᠢᠨ ᠪᠦᠷᠬᠦᠴᠡ ᠶᠢᠨ ᠨᠣᠷᠮ᠎ᠠ ᠶᠢ 100 % ᠳᠤ ᠬᠦᠷᠭᠡᠪᠡ︔ ᠠᠶᠢᠮᠠᠭ ᠤᠨ ᠲᠠᠰ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠢ 15 ᠳᠤ ᠬᠦᠷᠭᠡᠵᠦ᠂ ᠳᠠᠭᠤᠤ ᠪᠥᠵᠢᠭᠲᠦ ᠵᠦᠴᠦᠭᠡ ︽ᠠᠭᠠᠷᠴᠠᠨ ᠴᠢᠯᠠᠭᠤ︾ ᠨᠢ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠳᠤ ᠰᠣᠩᠭᠤᠭᠳᠠᠨ ᠣᠷᠣᠵᠤ᠂ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠠᠯᠲᠠᠨ ᠮᠧᠳᠠᠯ ᠢ ᠭᠥᠷᠳᠡᠪᠡ᠃ 11 ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠪᠠ 120 ᠢᠵᠢ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠰᠠᠭᠤᠴᠠ᠂  ᠡᠩᠭᠡ ᠡᠷᠳᠡᠨᠢ ᠶᠡᠷᠦᠩᠬᠡᠶᠢᠯᠡᠭᠰᠡᠨ ᠰᠣᠪᠢᠯᠠᠯᠳᠠ ᠶᠢᠨ ᠬᠦᠷᠢᠶᠡᠯᠡᠩ ᠳᠤ ᠣᠷᠣᠵᠦ ᠰᠠᠭᠤᠬᠤ ᠶᠢ ᠪᠡᠶᠡᠯᠡᠭᠦᠯᠪᠡ᠃ ᠪᠦᠬᠦ ᠬᠤᠰᠢᠭᠤᠨ ᠤ ᠮᠢᠩᠭᠠᠨ ᠨᠠᠰᠤᠲᠠᠨ ᠪᠦᠷᠢ ᠳᠤ ᠨᠣᠭᠳᠠᠬᠤ ᠣᠷᠣ ᠶᠢᠨ ᠲᠤᠭ᠎ᠠ ᠶᠢ 142 ᠳᠤ ᠬᠦᠷᠭᠡᠵᠦ᠂ ᠪᠦᠬᠦ ᠠᠶᠢᠮᠠᠭ ᠤᠨ ᠳᠤᠮᠳᠠᠴᠢ ᠲᠦᠪᠰᠢᠨ ᠠᠴᠠ ᠥᠨᠳᠥᠷ ᠪᠣᠯᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2015 ᠣᠨ ᠳᠤ 1260 ᠲᠥᠭᠦᠷᠢᠭ ᠪᠠᠶᠢᠭᠰᠠᠨ ᠢ 1836 ᠲᠥᠭᠦᠷᠢᠭ ᠪᠣᠯᠭᠠᠨ ᠳᠡᠭᠡᠭᠰᠢᠯᠡᠭᠦᠯᠪᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠪᠠᠷᠢᠮᠵᠢᠶ᠎ᠠ ᠶᠢ 2015 ᠣᠨ ᠳᠤ ᠲᠣᠰ ᠲᠣᠰ 6060 ᠲᠥᠭᠦᠷᠢᠭ ᠪᠠ 3220 ᠲᠥᠭᠦᠷᠢᠭ ᠪᠠᠶᠢᠭᠰᠠᠨ ᠢ 7740 ᠲᠥᠭᠦᠷᠢᠭ ᠪᠣᠯᠭᠠᠨ ᠳᠡᠭᠡᠭᠰᠢᠯᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭ᠎ᠠ ᠶᠢᠨ ᠲᠥᠪᠯᠡᠷᠡᠭᠦᠯᠦᠨ ᠲᠡᠵᠢᠭᠡᠬᠦ ᠪᠠ ᠲᠠᠷᠠᠬᠠᠶ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠰ ᠲᠣᠰ 7241 ᠲᠥᠭᠦᠷᠢᠭ ᠪᠠ 3831 ᠲᠥᠭᠦᠷᠢᠭ ᠪᠠᠶᠢᠭᠰᠠᠨ ᠢ 13200 ᠲᠥᠭᠦᠷᠢᠭ ᠪᠣᠯᠭᠠᠨ ᠳᠡᠭᠡᠭᠰᠢᠯᠡᠭᠦᠯᠪᠡ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠴᠠᠶᠢᠷᠠᠭᠤᠯᠬᠤ ᠬᠠᠷᠢᠴᠠᠯ ᠢ 2015 ᠣᠨ ᠤ 63.6 % ᠪᠠᠶᠢᠭᠰᠠᠨ ᠢ 67 % ᠪᠣᠯᠲᠠᠯ᠎ᠠ ᠳᠡᠭᠡᠭᠰᠢᠯᠡᠭᠦᠯᠵᠦ᠂ ᠲᠠᠩᠰᠠ ᠴᠠᠶᠢᠷᠠᠭᠤᠯᠬᠤ ᠬᠡᠪᠴᠢᠶ᠎ᠡ ᠶᠢ ᠵᠢᠯ ᠳᠠᠷᠠᠭᠠᠯᠠᠨ ᠥᠷᠭᠡᠳᠬᠡᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠷᠤᠭᠰᠢᠲᠠᠶ ᠳᠠᠭᠤᠰᠴᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠣᠷᠣᠨ ᠤ ᠳᠣᠲᠣᠭᠠᠳᠤ  ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠵᠢᠱᠢᠶ᠎ᠡ ᠪᠠᠷ ᠦᠨᠡᠯᠡᠭᠳᠡᠵᠦ᠂ ︽ᠣᠷᠭᠤᠳᠤᠯ ᠬᠡᠷᠡᠭᠲᠡᠨ ᠢ ᠨᠡᠬᠡᠮᠵᠢᠯᠡᠬᠦ ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠶ ᠠᠵᠢᠯᠯᠠᠭ᠎ᠠ ᠨᠢ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠠᠮᠲᠤ ᠨᠡᠶᠢᠲᠡ ᠶᠢᠨ ᠢᠷᠠᠭᠤ ᠠᠯᠳᠠᠷ ᠢ ᠬᠦᠷᠳᠡᠪᠡ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠲᠣᠬᠳᠠᠬᠰᠠᠨ ᠬᠤᠭᠤᠴᠠᠭᠠᠨ ᠳᠤ  ᠰᠢᠢᠳᠪᠦᠷᠢᠯᠡᠭᠰᠡᠨ ᠨᠣᠷᠮ᠎ᠠ ᠴᠦᠮ 100 % ᠳᠤ ᠬᠦᠷᠴᠦ᠂ ᠲᠡᠦᠬᠡᠨ ᠤ ᠦᠯᠡᠳᠡᠭᠳᠡᠯ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠭᠰᠡᠨ ᠨᠣᠷᠮ᠎ᠠ 83 % ᠳᠤ ᠬᠦᠷᠴᠡᠢ᠃ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃       —— ᠥᠩᠭᠡᠷᠡᠭᠰᠡᠨ ᠲᠠᠪᠤᠨ ᠵᠢᠯ ᠳᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠤᠯᠠᠮ ᠵᠢᠷᠤᠮᠵᠢᠭᠤᠯᠤᠨ ᠢᠯᠡ ᠪᠣᠯᠭᠠᠪᠠ᠃ ᠵᠠᠰᠠᠭ ᠤᠨ ᠣᠷᠳᠣᠨ ᠤ ᠮᠥᠩᠭᠦᠨ ᠭᠦᠶᠯᠭᠡᠭᠡᠨ ᠤ ᠲᠦᠭᠰᠢᠭᠦᠷᠢ ᠶᠢ ᠬᠦᠴᠦᠲᠡᠶ ᠰᠡᠷᠭᠡᠶᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ 4.45 ᠳ᠋ᠦᠩᠰᠢᠭᠤᠷ ᠲᠥᠭᠦᠷᠢᠭ ᠰᠢᠶᠳᠪᠦᠷᠢᠯᠡᠪᠡ᠂ ᠡᠭᠦᠨ ᠳᠤ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ 1.4 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠢᠯᠭᠠᠷᠠᠭᠤᠯᠵᠤ᠂ ᠶᠡᠷᠦᠩᠬᠡᠶᠢᠯᠡᠭᠰᠡᠨ ᠥᠷᠢ ᠥᠭᠴᠡᠭᠡ ᠶᠢᠨ ᠨᠣᠷᠮ᠎ᠠ ᠵᠢᠯ ᠳᠠᠷᠠᠭᠠᠯᠠᠨ ᠪᠠᠭᠤᠷᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠵᠠᠷᠭᠤ ᠬᠦᠯᠢᠶᠡᠬᠦ ᠨᠣᠷᠮ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠬᠤᠭᠤᠴᠠᠭ᠎ᠠ ᠶᠣᠰᠣᠭᠠᠷ ᠭᠦᠢᠴᠡᠳᠬᠡᠵᠦ ᠳᠠᠭᠤᠰᠬᠠᠬᠤ ᠨᠣᠷᠮ᠎ᠠ 100 % ᠶᠢ ᠦᠷᠭᠦᠯᠵᠢᠯᠡᠨ ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠰᠠᠨᠠᠭᠤᠯᠭ᠎ᠠ᠂ ᠳᠤᠷᠠᠳᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂  ᠰᠠᠨᠠᠯ ᠳᠣᠷᠠᠳᠣᠯᠭ᠎ᠠ ᠰᠠᠨᠠᠭᠤᠯᠭ᠎ᠠ   ᠶᠢ ᠰᠢᠢᠳᠪᠦᠷᠢᠯᠡᠨ ᠬᠠᠷᠢᠭᠤᠯᠣᠬᠰᠠᠨ ᠨᠣᠷᠮ᠎ᠠ 100% ᠳᠤ ᠬᠦᠷᠪᠠ᠃  ︽ᠭᠤᠷᠪᠠᠨ ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂  ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ  ᠤᠨ ᠺᠠᠳ᠋ᠷ ᠠᠵᠢᠯᠲᠠᠨ ᠤ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ ᠠᠵᠢᠯ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠢᠯᠵᠠᠷᠠᠯ ᠢ ᠵᠠᠯᠬᠠᠭᠠᠨ ᠰᠢᠳᠬᠡᠬᠦ ᠪᠠ ᠰᠡᠷᠭᠡᠶᠢᠯᠡᠬᠦ ᠰᠢᠰᠲ᠋ᠧᠮ ᠢ ᠤᠯᠠᠮ  ᠢᠶᠠᠷ ᠪᠦᠷᠢᠨᠰᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠶᠠᠷᠢᠶ᠎ᠠ ᠬᠡᠯᠡᠯᠴᠡᠭᠡᠨ ᠤ ᠪᠠᠲᠤᠯᠠᠭ᠎ᠠ ᠬᠠᠩᠭᠠᠪᠠ᠃       ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠂ ᠭᠠᠯ ᠤᠨᠲᠠᠷᠠᠭᠠᠬᠤ ᠵᠡᠪᠰᠡᠭᠲᠦ ᠴᠠᠭᠳᠠᠭ᠎ᠠ᠂ ᠲᠡᠦᠬᠡ ᠣᠶᠢᠯᠠᠯᠭ᠎ᠠ ᠳᠠᠩᠰᠠ ᠡᠪᠬᠡᠮᠡᠯ᠂ ᠴᠠᠭ ᠠᠭᠤᠷ ᠤᠰᠤᠨ ᠤ ᠶᠠᠪᠣᠳᠠᠯ᠂ ᠰᠢᠦᠳᠠᠨ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠨᠠᠪᠴᠢᠨ ᠲᠠᠮᠠᠬᠢ ᠴᠢᠯᠠᠭᠤᠨ ᠲᠣᠰᠣ᠂ ᠮᠥᠩᠭᠦᠨ ᠭᠦᠢᠯᠭᠡᠭᠡ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠠᠵᠢᠯ   ᠤᠨ ᠰᠢᠨ᠎ᠡ ᠠᠬᠢᠴᠠ ᠲᠠᠢ ᠪᠣᠯᠪᠠ︔ ᠠᠵᠢᠯᠳᠠᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠤᠯᠠᠨ ᠲᠦᠮᠡᠨᠴᠢ ᠵᠣᠬᠢᠶᠠᠨ ᠪᠠᠶᠢᠭᠤᠯᠤᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ  ᠃        ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠪᠢᠳᠡ ᠬᠥᠭᠵᠢᠯᠲᠡ ᠪᠣᠯ ᠬᠠᠲᠠᠭᠤ ᠶᠣᠰᠣ ᠪᠣᠯᠬᠤ ᠶᠢ ᠢᠮᠠᠭᠲᠠ ᠪᠠᠷᠢᠮᠲᠠᠯᠠᠵᠤ᠂ ᠠᠵᠤ ᠠᠬᠤᠢ ᠪᠠᠭᠤᠷᠠᠬᠤ ᠳᠠᠷᠤᠯᠲᠠ ᠶᠢ ᠴᠢᠩᠭ᠎ᠠ ᠲᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠪᠦᠬᠦ ᠬᠦᠴᠦᠨ ᠢᠶᠠᠷ ᠠᠬᠢᠭᠤᠯᠵᠤ᠂ ᠰᠠᠭᠤᠷᠢ ᠲᠠᠯᠪᠢᠬᠤ ᠠᠯᠤᠰ ᠢᠷᠡᠭᠡᠳᠦᠢ ᠳᠤ ᠠᠰᠢᠭᠲᠠᠢ ᠨᠢᠭᠡ ᠪᠦᠯᠦᠭ ᠴᠢᠬᠤᠯᠠ ᠶᠡᠭᠡ ᠶᠠᠪᠤᠳᠠᠯ ᠢ ᠬᠢᠪᠡ︔ ᠪᠢᠳᠡ ᠠᠷᠠᠳ ᠲᠦᠮᠡᠨ  ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠲᠣᠯᠭᠠᠮ᠎ᠠ᠂ ᠬᠦᠴᠢᠷ ᠪᠡᠷᠭᠡ ᠲᠠᠢ ᠶᠠᠪᠣᠳᠠᠯ ᠤᠳ ᠢ ᠰᠠᠶᠢᠲᠤᠷ ᠬᠢᠵᠦ᠂ ᠤᠯᠠᠨ ᠲᠦᠮᠡᠨ ᠳᠤ ᠦᠷᠭᠦᠯᠵᠢᠯᠡᠨ ᠪᠤᠶᠠᠨ ᠦᠢᠯᠡᠳᠴᠦ᠂ ᠤᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠵᠦ᠂ ᠤᠯᠠᠨ ᠲᠦᠮᠡᠨ ᠤ ᠠᠮᠣᠷ ᠲᠦᠪᠰᠢᠨ ᠤ ᠲᠦᠷᠦᠭᠳᠡᠯ᠂ ᠭᠦᠷᠳᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠪᠡ︔ ᠪᠢᠳᠡ ᠴᠢᠩᠭ᠎ᠠ ᠨᠢᠮᠪᠠᠢ ᠦᠨᠡᠨ ᠪᠣᠳᠠᠲᠠᠢ ᠠᠵᠢᠯ  ᠤᠨ ᠰᠤᠷᠲᠠᠯ ᠢ ᠢᠮᠠᠭᠲᠠ ᠪᠠᠷᠢᠮᠲᠠᠯᠠᠵᠤ  ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠤᠭ ᠰᠠᠨᠠᠭ᠎ᠠ  ᠪᠠᠨ ᠦᠢᠯᠡᠳᠦᠯᠭᠡᠵᠢᠭᠦᠯᠵᠦ᠂ ᠴᠠᠭ ᠦᠶ᠎ᠡ ᠲᠠᠢ ᠵᠡᠷᠭᠡᠪᠡᠷ ᠣᠷᠣᠬᠰᠢᠯᠠᠬᠤ ᠰᠡᠳᠬᠢᠴᠡ ᠪᠠᠨ ᠬᠤᠪᠢᠷᠠᠭᠤᠯᠵᠤ᠂ ᠬᠦᠴᠢᠷ ᠪᠡᠷᠬᠡᠰᠢᠶᠡᠯ ᠢ ᠤᠳᠠᠭ᠎ᠠ ᠳᠠᠷᠠᠭᠠᠯᠠᠨ ᠢᠯᠠᠨ ᠳᠠᠪᠠᠵᠤ᠂ ᠰᠢᠪᠲᠤᠯᠤᠯᠲᠠ ᠲᠠᠢ ᠪᠣᠯᠪᠠ᠃ ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ 40 ᠵᠦᠢᠯ ᠤᠨ ᠭᠦᠢᠴᠡᠳᠬᠡᠯ ᠲᠤᠭ᠎ᠠ ᠶᠢᠨ 39 ᠵᠦᠢᠯ ᠢ ᠲᠣᠭᠲᠠᠭᠰᠠᠨ ᠬᠤᠭᠤᠴᠠᠭᠠᠨ ᠳᠤ ᠪᠤᠶᠤ ᠤᠷᠢᠳᠴᠢᠯᠠᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 97.5 % ᠳᠤ ᠬᠦᠷᠴᠦ᠂ ᠪᠦᠬᠦ ᠠᠶᠢᠮᠠᠭ ᠤᠨ 2 ᠲᠤ ᠵᠢᠭᠰᠠᠪᠠ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ 52 ᠵᠦᠢᠯ ᠤᠨ ᠭᠦᠢᠴᠡᠳᠬᠡᠯ ᠲᠤᠭ᠎ᠠ   ᠶᠢᠨ 51 ᠵᠦᠢᠯ ᠢ ᠪᠠᠷᠢᠮᠵᠢᠶᠠᠨ ᠳᠤ ᠬᠦᠷᠭᠡᠵᠦ᠂  ᠬᠢᠨᠠᠨ ᠬᠡᠮᠵᠢᠯᠲᠡ ᠶᠢᠨ ᠠᠬᠢᠴᠠ 99.5 % ᠳᠤ ᠬᠦᠷᠴᠦ᠂ ᠪᠦᠬᠦ ᠠᠶᠢᠮᠠᠭ ᠤᠨ ᠲᠡᠷᠢᠭᠦᠨ ᠳᠤ ᠣᠷᠣᠵᠠᠢ᠃       ᠲᠥᠯᠥᠭᠡᠯᠡᠭᠴᠢᠳ ᠡ᠂ ᠲᠠᠪᠤᠨ ᠵᠢᠯ ᠤᠨ ᠠᠮᠵᠢᠯᠲᠠ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠨᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠬᠤ ᠶᠣᠮ᠂ ᠮᠦᠨᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠪᠦᠬᠦ ᠬᠤᠰᠢᠭᠤᠨ ᠤ ᠺᠠᠳ᠋ᠷ ᠠᠵᠢᠯᠳᠠᠨ ᠣᠯᠠᠨ ᠲᠦᠮᠡᠨ ᠤ ᠵᠢᠳᠬᠦᠯ ᠴᠢᠷᠮᠠᠶᠢᠯᠭ᠎ᠠ ᠠᠴᠠ ᠰᠠᠯᠵᠦ ᠪᠣᠯᠣᠰᠢ ᠦᠭᠡᠢ ᠶᠣᠮ᠃  ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭ᠎ᠠ ᠣᠨᠴᠠᠭᠠᠶᠢᠯᠠᠨ ᠶᠡᠷᠦ ᠪᠤᠰᠤ ᠶᠢᠨ 2020 ᠣᠨ ᠢ ᠡᠷᠭᠢᠴᠡᠭᠦᠯᠬᠦ ᠳᠤ᠂ ᠪᠥᠬᠦ ᠬᠤᠰᠢᠭᠤᠨ ᠤ ᠠᠷᠠᠳ ᠲᠦᠮᠡᠨ ᠰᠡᠳᠬᠢᠯ ᠨᠢᠭᠡᠳᠦᠨ᠂ ᠪᠣᠳᠠᠲᠠᠶ ᠶᠢ ᠡᠷᠬᠢᠮᠯᠡᠨ ᠰᠢᠷᠭᠠᠭᠤ ᠠᠵᠢᠯᠯᠠᠵᠤ᠂ ᠤᠳᠠᠭ᠎ᠠ ᠪᠦᠷᠢ ᠶᠢᠨ ᠭᠠᠩ ᠬᠠᠭᠰᠠᠷᠭᠠᠨ ᠦᠶᠡᠷ ᠪᠣᠯᠣᠨ ᠴᠠᠰᠤ ᠰᠢᠭᠤᠷᠭᠠᠨ ᠬᠠᠬᠢᠷ ᠬᠦᠶᠲᠡᠨ ᠢ ᠢᠯᠡᠨ ᠳᠠᠪᠠᠵᠤ᠂ ᠰᠢᠷᠭᠠᠭᠤ ᠬᠠᠲᠠᠭᠤᠵᠢᠯᠲᠠᠶ ᠬᠦᠴᠦ ᠬᠥᠯᠥᠰᠥ ᠪᠠᠷ ᠢᠶᠠᠨ ᠡᠯᠪᠡᠭ ᠬᠤᠷᠢᠶᠠᠯᠲᠠ ᠶᠢ ᠲᠡᠮᠡᠴᠡᠨ ᠣᠯᠣᠬᠰᠠᠨ ᠨᠢ ᠬᠥᠮᠦᠨ ᠨᠢᠭᠡᠪᠦᠷᠢ  ᠶᠢᠨ ᠬᠢᠯᠪᠠᠷ ᠪᠤᠰᠤ ᠣᠶᠣᠨ ᠴᠢᠳᠠᠯ ᠢ ᠬᠠᠷᠠᠭᠤᠯᠵᠦ ᠪᠠᠶᠢᠬᠤ ᠶᠣᠮ︔ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠮᠡᠬᠡᠶᠢᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠴᠠ ᠠᠪᠣᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠬᠦᠷᠲᠡᠯ᠎ᠡ᠂ ᠲᠠᠬᠢᠭᠠᠳ ᠬᠤᠯᠤᠭᠠᠨ᠎ᠠ ᠶᠢᠨ ᠬᠢᠵᠢᠭ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠳᠡᠯᠡᠬᠢ ᠣᠳᠠᠭ᠎ᠠ ᠪᠦᠷᠢ ᠶᠢᠨ ᠬᠢᠯᠪᠠᠷ ᠪᠣᠰᠣ ᠲᠠᠶᠢᠯᠠᠯᠳᠣᠭᠠᠨ ᠳᠤ ᠬᠦᠷᠲᠡᠯ᠎ᠡ ᠭᠠᠷᠮᠠᠭᠠᠶᠢᠯᠠᠨ ᠠᠵᠢᠯᠯᠠᠬᠰᠠᠨ ᠤ ᠦᠷ᠎ᠡ ᠳ᠋ᠦᠩ ᠪᠣᠯᠬᠤ ᠶᠣᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠡᠯ᠎ᠡ ᠣᠯᠠᠨ ᠲᠦᠮᠡᠨᠴᠢ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠦᠴᠦᠲᠡᠢ ᠳᠡᠮᠵᠢᠯᠭᠡ᠂ ᠬᠠᠷᠠᠮ ᠦᠬᠡᠢ ᠬᠤᠪᠢ ᠨᠡᠮᠡᠷᠢ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠬᠦᠴᠦᠨ ᠴᠢᠳᠠᠯ ᠪᠣᠯᠣᠨ ᠡᠷᠬᠢᠮ ᠨᠠᠨᠳᠢᠨ ᠬᠤᠪᠢ ᠨᠡᠮᠡᠷᠢ ᠪᠠᠨ ᠦᠵᠡᠭᠦᠯᠦᠭᠰᠡᠨ ᠶᠣᠮ᠃ ᠠᠳᠡ ᠪᠢ ᠬᠤᠰᠢᠭᠤ ᠠᠷᠠᠳ ᠤᠨ ᠵᠠᠰᠠᠭ   ᠤᠨ ᠣᠷᠳᠣᠨ ᠢ ᠲᠥᠯᠥᠭᠡᠯᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠲᠡᠮᠵᠢᠵᠦ ᠣᠷᠣᠯᠴᠠᠵᠦ ᠪᠠᠶᠢᠭ᠎ᠠ  ᠡᠯ᠎ᠡ ᠡᠲᠡᠭᠡᠳ ᠤᠨ ᠬᠥᠮᠦᠰ ᠲᠤ ᠡᠷᠬᠢᠮ ᠲᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠠᠮᠵᠢᠯᠲᠠ ᠪᠠᠨ ᠳ᠋ᠦᠩᠨᠡᠨ ᠡᠷᠭᠢᠴᠡᠭᠦᠯᠬᠦ ᠶᠢᠨ ᠬᠠᠮᠲᠤ᠂ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠣᠯᠵᠤ ᠦᠵᠡᠬᠦ ᠬᠡᠷᠡᠭᠲᠡᠢ᠄ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠠᠬᠤᠢ ᠳᠤ ᠪᠠᠰᠠ ᠮᠠᠰᠢ ᠣᠯᠠᠨ ᠲᠣᠬᠳᠠᠭᠤᠨ ᠪᠣᠰᠣ ᠪᠠᠶᠢᠳᠠᠯ ᠣᠷᠣᠰᠢᠵᠤ᠂ ᠬᠢᠵᠢᠭ ᠤᠨ ᠳᠠᠭᠠᠷᠢᠯᠲᠠ ᠠᠴᠠ ᠪᠣᠯᠤᠭᠰᠠᠨ ᠡᠯ᠎ᠡ ᠵᠦᠢᠯ ‍ᠤᠨ‌‍ᠲ᠋ᠦ᠋ᠭᠰᠢᠭᠦᠷᠢ ᠶᠢ ᠣᠮᠳᠣᠭᠠᠶᠢᠯᠠᠯ ᠦᠭᠡᠢ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠳᠤ ᠨᠡᠯᠢᠶᠡᠳ ᠶᠡᠭᠡ ᠳᠠᠷᠤᠯᠲᠠ ᠲᠠᠢ ᠪᠠᠶᠢᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠳᠠᠭᠤ ᠬᠢᠵᠠᠭᠠᠷᠯᠠᠯ ᠪᠣᠯᠣᠨ ᠡᠨᠧᠷᠭᠢ ᠶᠢᠨ ᠬᠤᠷᠣᠬᠳᠠᠯ ᠤᠨ ᠬᠤᠣᠰ ᠡᠵᠡᠮᠳᠡᠯ ᠬᠢᠭᠡᠳ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠭᠦᠢᠴᠡᠳᠬᠡᠯ ᠲᠤᠭ᠎ᠠ ᠡᠳᠦᠷ ᠢᠷᠡᠬᠦᠶ᠎ᠡ ᠪᠠᠴᠢᠮ ᠪᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠳᠤ ᠪᠠᠰᠠ ᠰᠢᠪᠲᠤᠯᠤᠯᠲᠠ ᠶᠢᠨ ᠴᠡᠭ ᠢ ᠣᠯᠬᠤ ᠴᠢᠬᠤᠯᠠᠲᠠᠢ︔ ︽ᠭᠤᠷᠪᠠ ᠶᠢ ᠪᠠᠲᠤᠯᠠᠬᠤ︾ ᠬᠠᠳᠠᠭᠤ ᠵᠠᠷᠤᠯᠭ᠎ᠠ ᠪᠣᠯᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠳᠠᠷᠤᠯᠲᠠ ᠪᠠᠭᠤᠷᠠᠬᠤ ᠦᠭᠡᠢ ᠪᠠᠶᠢᠵᠤ᠂ ᠵᠠᠰᠠᠭ ᠤᠨ ᠣᠷᠳᠣᠨ ᠤ ᠲᠡᠦᠭᠡᠨ ᠥᠷᠢ ᠰᠢᠷᠢ ᠶᠢ ᠲᠦᠯᠦᠬᠦ ᠤᠷᠬᠢᠯ ᠤᠨ ᠬᠤᠭᠤᠴᠠᠭᠠᠨ ᠳᠤ ᠣᠷᠣᠰᠢᠵᠦ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠲᠡᠩᠴᠡᠭᠦᠷᠢ ᠲᠠᠢ ᠪᠠᠶᠢᠯᠭᠠᠬᠤ ᠲᠠᠷᠣᠯᠳᠠ ᠨᠡᠯᠢᠶᠡᠳ ᠶᠡᠭᠡ ᠪᠠᠶᠢᠨ᠎ᠠ︔ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠶᠠᠰᠣ ᠴᠢᠨᠠᠷ ᠲᠣᠣᠷ᠎ᠠ᠂ ᠬᠠᠮᠢᠶᠠᠷᠤᠯᠲᠠ ᠶᠢᠨ ᠲᠦᠪᠰᠢᠨ ᠬᠠᠷᠢᠴᠠᠩᠭᠤᠶ ᠪᠠᠷ ᠬᠤᠴᠣᠷᠣᠩᠭᠤᠢ ᠪᠠᠶᠢᠵᠦ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠬᠢᠷᠢ ᠲᠦᠪᠰᠢᠨ ᠠᠷᠠᠳ ᠣᠯᠠᠨ ᠤ ᠬᠦᠰᠡᠯ ᠨᠠᠶᠢᠳᠠᠯᠭ᠎ᠠ ᠠᠴᠠ ᠵᠥᠷᠢᠶ᠎ᠡ ᠲᠠᠢ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠬᠡᠪᠴᠢᠶᠡᠨ ᠤ ᠳᠤᠲᠠᠭᠤᠳᠠᠯ ᠢ ᠲᠠᠷᠣᠶᠢᠬᠠᠨ ᠨᠥᠬᠦᠪᠥᠷᠢᠯᠡᠬᠦ ᠴᠢᠬᠤᠯᠠᠲᠠᠶ ᠪᠠᠶᠢᠨ᠎ᠠ︔ ᠬᠡᠰᠡᠭ ᠺᠠᠳ᠋ᠷ ᠤᠨ ᠬᠠᠷᠢᠭᠤᠴᠠᠯᠭᠠᠲᠦ ᠤᠬᠠᠮᠰᠠᠷ ᠲᠣᠣᠷ᠎ᠠ᠂ ᠨᠠᠶᠢᠳᠠᠪᠤᠷᠢᠵᠢᠭᠤᠯᠤᠯᠲᠠ ᠶᠢ ᠣᠷᠣᠨ ᠪᠠᠶᠢᠷᠢ ᠳᠤᠨᠢ ᠬᠦᠷᠭᠡᠬᠦ ᠦᠭᠡᠢ ᠦᠵᠡᠭᠳᠡᠯ ᠮᠥᠨ ᠯᠡ ᠣᠷᠣᠰᠢᠵᠦ᠂ ᠺᠠᠳ᠋ᠷ ᠤᠨ ᠠᠵᠢᠯ ᠤᠨ ᠰᠤᠷᠲᠠᠯ ᠢ ᠰᠠᠶᠢᠵᠢᠷᠠᠭᠤᠯᠬᠤ ᠪᠠ ᠵᠠᠰᠠᠭ ᠵᠠᠬᠢᠷᠭᠠᠨ ᠤ ᠬᠡᠷᠡᠭᠵᠢᠭᠦᠯᠦᠯᠳᠠ ᠶᠢᠨ ᠭᠦᠴᠦᠨ ᠢ ᠲᠡᠰ ᠲᠡᠪᠰᠢᠭᠦᠯᠬᠦ ᠳᠤ ᠨᠡᠩ ᠶᠡᠭᠡ ᠬᠦᠴᠦ ᠣᠷᠣᠭᠤᠯᠬᠤ ᠴᠢᠬᠤᠯᠠᠲᠠᠶ ᠵᠡᠷᠭᠡ ᠠᠰᠠᠭᠤᠳᠠᠯ ᠤᠳ ᠣᠷᠣᠰᠢᠵᠦ ᠪᠠᠶᠢᠨ᠎ᠠ᠃ ᠪᠢᠳᠡ ᠡᠳᠡᠭᠡᠷ ᠠᠰᠠᠭᠤᠳᠠᠯ ᠠᠴᠠ ᠶᠠᠭᠠᠬᠢᠭᠰᠠᠨ ᠴᠤ ᠵᠠᠶᠢᠯᠠᠬᠤ ᠥᠬᠡᠶ  ᠪᠠᠷ ᠬᠦᠴᠢᠷ ᠢ ᠰᠥᠷᠥᠨ ᠤᠷᠤᠭᠰᠢᠯᠠᠵᠤ᠂ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠶ ᠰᠢᠶᠳᠪᠦᠷᠢᠯᠡᠨ᠎ᠡ᠃       ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠪᠣᠯᠬᠤ ᠬᠠᠷᠠᠯᠲᠠ ᠡᠭᠦᠷᠭᠡ       ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠪᠢᠳᠡ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠣᠭᠠᠷ᠂ ᠲᠦᠷᠪᠡᠳᠣᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠣᠣᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠣᠨ ᠠᠬᠢᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠵᠦ᠂ ᠴᠢᠨᠠᠷ ᠰᠠᠶᠢᠲᠠᠶ ᠭᠦᠭᠵᠢᠯᠳᠠ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ  ᠬᠦᠴᠦᠨ ᠪᠣᠯᠭᠠᠵᠦ᠂ ᠠᠷᠠᠳ ᠤᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ   ᠪᠠᠷ ᠦᠨᠳᠦᠰᠦᠨ ᠵᠣᠷᠢᠯᠲᠠ ᠪᠤᠯᠭᠠᠵᠦ᠂ ︽ᠬᠤᠶᠠᠷ ᠪᠦᠷᠢᠯᠳᠦᠬᠦᠨ ᠲᠣᠭᠤᠷᠢᠭ᠂ ᠨᠢᠭᠡ ᠬᠠᠩᠭᠠᠯᠭ᠎ᠠ ᠶᠢᠨ ᠲᠣᠭᠤᠷᠢᠭ᠂ ᠨᠢᠭᠡ ᠦᠶᠯᠡᠴᠢᠯᠡᠭᠡᠨ ᠤ ᠲᠣᠭᠤᠷᠢᠭ︾  ﹇11﹈ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠵᠦ᠂ ︽ᠠᠷᠭ᠎ᠠ ᠮᠠᠶ᠋ᠢᠭ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠭᠤᠷᠪᠠᠨ ᠶᠡᠭᠡ ᠭᠤᠤᠯᠳᠠᠯᠭ᠎ᠠ ᠶᠢ ᠳᠣᠪᠣᠶᠢᠯᠭᠠᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠳᠤ ᠬᠦᠳᠡᠯᠦᠩᠭᠦᠢ ᠠᠭᠤᠰᠣᠯᠴᠠᠨ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠲᠠᠢ ᠪᠠᠶᠢᠭᠤᠯᠵᠦ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠪᠠ ᠣᠷᠣᠨ ᠪᠦᠰᠡ ᠶᠢ ᠵᠣᠬᠢᠴᠠᠩᠭᠤᠶ ᠪᠣᠬᠢᠷᠲᠤᠯ ᠥᠬᠡᠶ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠦ᠂ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ  ᠴᠢᠷᠮᠠᠶᠢᠨ ᠡᠭᠦᠳᠦᠶ᠎ᠡ᠃ ᠶᠡᠷᠦᠩᠭᠡᠶᠢᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ  ᠄       —— ᠶᠡᠷᠦᠩᠬᠡᠶᠢᠯᠡᠭᠰᠡᠨ ᠪᠣᠳᠠᠲᠤ ᠬᠦᠴᠦᠨ ᠶᠢ ᠢᠯᠡᠳᠲᠡ ᠲᠡᠭᠡᠭᠰᠢᠯᠡᠭᠦᠯᠦᠨ᠎ᠡ᠃ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢᠨ ᠬᠦᠷᠢᠶ᠎ᠡ ᠬᠡᠪᠴᠢᠶ᠎ᠡ᠂ ᠴᠢᠬᠤᠯᠠ ᠪᠠᠶᠢᠯᠳᠤᠬᠤ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠴᠢᠩᠭ᠎ᠠ ᠠᠳᠬᠤᠵᠤ᠂ ᠮᠠᠨ ᠤ ᠬᠤᠰᠢᠭᠤᠨ ᠤ ᠵᠠᠩᠭᠢᠯᠠᠭ᠎ᠠ ᠶᠢᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ ᠪᠡᠭᠡᠵᠢᠩ ᠲᠢᠶᠠᠨᠵᠢᠨ ᠾᠧᠪᠸᠢ ᠣᠷᠣᠨ ᠤ ᠠᠵᠤ ᠦᠢᠯᠡᠰ᠂ ᠲᠥᠷᠥᠯ ᠵᠦᠢᠯ᠂ ᠬᠥᠷᠥᠩᠭᠡ ᠶᠢᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠠᠷᠠᠯᠵᠢᠶᠠᠴᠢᠨ ᠤᠷᠢᠬᠤ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠳᠤ ᠴᠢᠭᠯᠡᠭᠦᠯᠦᠨ᠂ ᠬᠡᠯᠬᠢᠶᠡᠵᠢᠯ ᠢᠶᠠᠨ ᠤᠷᠲᠤᠳᠬᠠᠬᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠨᠡᠯᠢᠶᠡᠳ ᠲᠦᠷᠭᠡᠨ ᠬᠥᠭᠵᠢᠬᠦ ᠶᠢ ᠪᠡᠶᠡᠯᠡᠭᠦᠯᠦᠨ᠎ᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ  ᠪᠠᠷ 5.5 % ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠳᠤᠮᠳᠠᠴᠢ ᠪᠠᠷ 6.5 % ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠲᠣᠭᠲᠠᠭᠤᠨ ᠢᠶᠠᠷ  ᠨᠡᠮᠡᠭᠳᠡᠭᠦᠯᠦᠨ᠎ᠡ᠃       —— ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠲᠡᠪᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ  ︽ᠬᠤᠶᠠᠷ ᠰᠠᠭᠤᠷᠢᠨ ᠭᠠᠵᠠᠷ  ︾ ﹇12﹈᠂  ︽ᠬᠤᠶᠠᠷ ᠬᠠᠯᠬᠠᠪᠴᠢ︾  ﹇13﹈ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠦᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠭᠤᠷᠪᠠᠨ ᠶᠡᠭᠡ ᠣᠨᠴᠠᠯᠢᠭᠲᠤ ᠠᠵᠤ ᠦᠶᠯᠡᠰ ᠢᠶᠠᠷ ᠰᠠᠭᠤᠷᠢ ᠪᠣᠯᠭᠠᠵᠦ᠂ ᠴᠡᠪᠡᠷ ᠡᠨᠧᠷᠭᠢ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠠᠭᠤᠷᠬᠠᠢ ᠶᠢᠨ ᠭᠠᠷᠤᠯᠲᠠ  ᠶᠢᠨ ᠠᠵᠤ ᠦᠢᠯᠡᠰ ᠢᠶᠠᠷ ᠲᠤᠯᠭᠠᠭᠤᠷᠢ ᠪᠣᠯᠭᠠᠨ᠂ ᠲᠣᠨᠣᠭᠯᠠᠯ ᠦᠶᠯᠡᠳᠬᠦ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠦ᠂ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠵᠦ ᠲᠦᠪᠯᠡᠷᠡᠨ ᠭᠦᠭᠵᠢᠭᠰᠡᠨ ᠣᠳᠣ ᠦᠶ᠎ᠡ ᠶᠢᠨ ᠠᠵᠦ ᠦᠢᠯᠡᠰ ᠤᠨ ᠰᠢᠰᠲ᠋ᠧᠮ ᠢ ᠭᠦᠴᠦᠯᠡᠨ ᠪᠠᠶᠢᠭᠤᠯᠵᠦ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ ᠭᠠᠵᠠᠷ ᠣᠷᠣᠨ ᠤ ᠠᠮᠢᠳᠤ ᠮᠠᠯ  ᠤᠨ ᠠᠷᠠᠯᠵᠢᠶ᠎ᠠ ᠪᠠ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠴᠢᠬᠤᠯᠠ ᠪᠦᠷᠢᠯᠳᠦᠬᠦᠨ ᠲᠣᠭᠤᠷᠢᠭ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ ᠢ ᠬᠠᠮᠤᠷᠤᠭᠰᠠᠨ ᠰᠢᠨ᠎ᠡ ᠮᠠᠲ᠋ᠧᠷᠢᠶᠠᠯ ᠤᠨ ᠦᠢᠯᠡᠳᠬᠦᠨ ᠬᠠᠩᠭᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠡᠨᠧᠷᠭᠢ ᠲᠣᠨᠣᠬᠯᠠᠯ ᠦᠶᠯᠡᠳᠬᠦ ᠦᠶᠯᠡᠰ ᠤᠨ ᠪᠣᠯᠪᠠᠰᠤᠷᠠᠭᠤᠯᠤᠨ ᠪᠢᠲᠡᠭᠦᠮᠵᠢᠯᠡᠵᠦ ᠤᠭᠰᠠᠷᠠᠬᠤ ᠵᠢᠴᠢ ᠲᠥᠬᠦᠭᠡᠷᠦᠮᠵᠢ ᠶᠢ ᠠᠵᠢᠯᠯᠠᠭᠤᠯᠵᠤ ᠬᠠᠮᠠᠭᠠᠯᠠᠬᠤ ᠦᠶᠯᠡᠴᠢᠯᠡᠭᠡᠨ ᠤ ᠲᠣᠭᠤᠷᠢᠭ ᠶᠢ ᠪᠠᠶᠢᠭᠤᠯᠣᠨ᠎ᠠ᠃       —— ᠬᠤᠲᠠ ᠬᠥᠳᠡᠭᠡ ᠶᠢᠨ ᠬᠥᠭᠵᠢᠯᠲᠡ ᠶᠢ ᠵᠣᠬᠢᠴᠠᠩᠭᠤᠶ ᠪᠠᠷ ᠵᠡᠷᠭᠡᠪᠡᠷ ᠠᠬᠢᠭᠤᠯᠣᠨ᠎ᠠ᠃ ᠴᠢᠨᠠᠷ ᠰᠠᠶᠢᠲᠠᠶ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠪᠠᠷ ᠥᠨᠳᠥᠷ ᠬᠢᠷᠢ ᠬᠡᠮᠵᠢᠶ᠎ᠡ ᠲᠠᠢ ᠬᠤᠲᠠ ᠬᠥᠳᠡᠭᠡ ᠶᠢᠨ ᠬᠥᠭᠵᠢᠯᠲᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠬᠤᠲᠠ ᠪᠠᠯᠭᠠᠰᠣᠨ ᠤ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠣᠯᠠᠨ ᠡᠰᠢᠵᠢᠭᠰᠡᠨ ᠲᠠᠪᠴᠠᠩ ᠢ ᠪᠠᠶᠢᠭᠤᠯᠵᠤ᠂ ᠬᠤᠲᠠ ᠪᠠᠯᠭᠠᠰᠤ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠳᠡᠭᠡᠭᠰᠢᠯᠡᠭᠦᠯᠦᠨ᠎ᠡ ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ᠂ ᠵᠠᠮ ᠬᠠᠷᠢᠯᠴᠠᠭ᠎ᠠ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠣᠬᠢᠷᠳᠣᠯ ᠦᠭᠡᠢ ᠴᠡᠪᠡᠷ ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ 80 % ᠠᠴᠠ ᠳᠡᠭᠡᠭᠰᠢ  ᠬᠦᠷᠭᠡᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠵᠦ᠂ ᠬᠡᠪᠴᠢᠶᠡᠵᠢᠭᠰᠡᠨ ᠮᠠᠯᠵᠢᠯ ᠤᠨ ᠦᠷᠡᠵᠢᠭᠦᠯᠬᠦ ᠲᠠᠯᠠᠪᠠᠢ ᠶᠢᠨ ᠢᠯᠭᠠᠳᠠᠰᠣ ᠶᠢ ᠰᠢᠢᠳᠪᠦᠷᠢᠯᠡᠬᠦ ᠲᠦᠭᠦᠭᠡᠷᠦᠮᠵᠢ ᠪᠦᠷᠢᠳᠣᠭᠦᠯᠬᠦ ᠨᠣᠷᠮ᠎ᠠ ᠶᠢ 100 % ᠳᠤ ᠭᠦᠷᠭᠡᠵᠦ ᠂ ᠪᠦᠬᠦᠶᠢᠯᠡ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠪᠦᠲᠦᠮᠵᠢᠲᠡᠶ ᠬᠠᠮᠢᠶᠠᠷᠣᠨ᠎ᠠ᠃       —— ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠣᠨ᠎ᠠ᠃ ᠪᠣᠬᠢᠷᠲᠤᠯ ᠥᠬᠡᠶ ᠬᠥᠭᠵᠢᠯᠲᠡ᠂ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠦ᠂ ᠠᠶᠠᠨᠳᠠᠭᠠᠨ ᠰᠡᠷᠭᠦᠭᠡᠬᠦ ᠳᠤ ᠰᠠᠭᠤᠷᠢᠯᠠᠨ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠤᠨ ᠬᠤᠭᠤᠴᠠᠭ᠎ᠠ ᠳᠤ ᠬᠦᠷᠭᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠪᠦᠬᠦ ᠠᠶᠢᠮᠠᠭ ᠤᠨ ᠲᠣᠮᠳᠠᠴᠢ ᠲᠦᠪᠰᠢᠨ ᠳᠤ ᠬᠦᠷᠭᠡᠵᠦ᠂ ᠰᠢᠨ᠎ᠡ ᠪᠠᠷ ᠨᠡᠮᠡᠭᠳᠡᠬᠦ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠶᠢ ᠵᠣᠬᠢᠰᠲᠠᠶ ᠪᠠᠶᠢᠷᠢᠨ ᠳᠤ ᠪᠠᠶᠢᠯᠭᠠᠵᠤ᠂ ᠡᠨᠧᠷᠭᠢ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ ᠵᠢᠴᠢ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠵᠦ᠂ ᠠᠭᠠᠷ᠂ ᠣᠰᠣ᠂ ᠭᠠᠵᠠᠷ ᠰᠢᠷᠣᠢ ᠶᠢᠨ ᠶᠠᠰᠤ ᠴᠢᠨᠠᠷ ᠤᠨ ᠨᠡᠯᠢᠶᠡᠳ ᠰᠠᠶᠢᠨ ᠪᠠᠶᠢᠬᠤ ᠶᠢ ᠪᠠᠳᠣᠯᠠᠨ᠎ᠠ︔ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠨᠤᠲᠤᠭ ᠪᠡᠯᠴᠢᠭᠡᠷ᠂ ᠣᠶ ᠰᠢᠭᠤᠶ᠂ ᠡᠯᠡᠰᠦᠷᠬᠡᠭ ᠭᠠᠵᠠᠷ ᠢ ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ᠃      —— ᠠᠷᠠᠳ ᠤᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠨ᠎ᠠ᠃ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠵᠦ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠠᠵᠢᠯ ᠣᠯᠭᠤᠬᠤ ᠦᠶᠯᠡᠰ ᠪᠤᠰᠬᠠᠬᠤ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠰᠣᠶᠣᠯ ᠪᠡᠶ᠎ᠡ ᠲᠠᠮᠢᠷ᠂ ᠡᠷᠡᠭᠦᠯ ᠴᠢᠭᠢᠷᠠᠭ ᠡᠮᠴᠢᠯᠡᠭᠡ ᠵᠡᠷᠭᠡ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠲᠡᠩᠴᠡᠭᠦᠷᠢᠲᠡᠶ ᠬᠥᠭᠵᠢᠭᠦᠯᠬᠦ ᠶᠢ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯ ᠢ ᠤᠯᠠᠮ ᠨᠢᠭᠡ ᠠᠯᠬᠤᠮ ᠪᠠᠭᠠᠰᠬᠠᠵᠤ᠂ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠳᠤᠮᠳᠠᠴᠢ ᠪᠠᠷ 5 % ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠣᠨ ᠤ ᠠᠵᠢᠯ ᠠᠯᠳᠠᠯᠲᠠ ᠶᠢᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠬᠠᠷᠠᠯᠲᠠ ᠲᠠᠢ ᠲᠡᠩᠴᠡᠭᠦᠦ ᠪᠠᠶᠢᠯᠭᠠᠨ᠎ᠠ︔ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠪᠦᠬᠦ ᠠᠶᠢᠮᠠᠭ ᠤᠨ ᠳᠤᠮᠳᠠ ᠠᠴᠠ ᠳᠡᠭᠡᠭᠰᠢᠬᠢ ᠬᠢᠷᠢ ᠬᠡᠮᠵᠢᠶᠠᠨ ᠳᠤ ᠬᠦᠷᠦᠭᠦᠯᠵᠦ᠂ ᠠᠩᠬ᠎ᠠ ᠲᠣᠮᠳᠠ ᠪᠠ ᠥᠨᠳᠥᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠲᠠᠪᠰᠢᠬᠤ ᠨᠣᠷᠮ᠎ᠠ ᠶᠢ ᠪᠦᠬᠦ ᠠᠶᠢᠮᠠᠭ ᠤᠨ ᠳᠤᠮᠳᠠᠴᠢ ᠬᠢᠷᠢ ᠬᠡᠮᠵᠢᠶᠡᠨ ᠳᠤ ᠬᠦᠷᠦᠭᠦᠯᠦᠨ᠎ᠡ︔ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ᠡᠷᠡᠭᠦᠯ ᠴᠢᠭᠢᠷᠠᠭ ᠰᠢᠯᠤᠭᠤᠨ ᠬᠥᠪᠡᠭᠡᠲᠦ ᠴᠠᠭᠠᠨ ᠬᠤᠰᠢᠭᠤ ᠶᠢ ᠪᠥᠲᠥᠭᠡᠨ ᠪᠠᠶᠢᠭᠤᠯᠬᠤ ᠳᠤ ᠰᠢᠨ᠎ᠡ ᠠᠬᠢᠴᠨ ᠶᠢ ᠪᠣᠢ ᠪᠣᠯᠭᠠᠨ᠎ᠠ︔ ᠬᠤᠲᠠ ᠬᠥᠳᠡᠭᠡ ᠶᠢᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠲᠣᠰ ᠲᠣᠰ 93.5 %᠂ 95 %  ᠠᠴᠠ ᠳᠡᠭᠡᠭᠰᠢ ᠳᠤ ᠲᠣᠬᠳᠠᠪᠣᠷᠢᠵᠢᠭᠤᠯᠣᠨ᠎ᠠ᠃          ——  ᠬᠦᠭᠵᠢᠯᠳᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠣᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠳᠬᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠠᠭᠤᠵᠢᠭᠤ ᠲᠠᠯᠪᠢᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠨ ᠵᠥᠪᠰᠢᠶᠡᠷᠡᠯ ᠪᠠ ᠨᠥᠬᠦᠴᠡᠯ ᠢ ᠳᠥᠭᠦᠮᠴᠢᠯᠡᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠠᠭᠲᠠᠭᠠᠮᠵᠢᠲᠠᠢ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ ᠂ ᠪᠡᠯᠡ ᠣᠷᠣᠭᠤᠯᠤᠯᠲᠠ ᠶᠢᠨ ᠪᠠᠶᠢᠭᠤᠯᠤᠯᠲᠠ ᠶᠢᠨ ᠲᠦᠭᠦᠮᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠯᠪᠢᠬᠤ ᠬᠠᠮᠢᠶᠠᠷᠬᠤ ᠦᠶᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠦᠭᠦᠮᠴᠢᠯᠡᠬᠦ ᠶᠢ ᠠᠬᠢᠭᠤᠯᠤᠨ᠎ᠠ᠃ ᠺᠠᠳ᠋ᠷ ᠤᠨ ᠰᠣᠷᠳᠠᠯ ᠢ ᠦᠷᠭᠦᠯᠵᠢᠯᠡᠨ ᠰᠠᠶᠢᠵᠢᠷᠠᠭᠤᠯᠵᠦ᠂ ᠵᠠᠰᠠᠭ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠭᠤᠣᠯᠴᠢ ᠣᠷᠣᠯᠴᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ  ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠤᠯᠠᠮ  ᠬᠥᠭᠵᠢᠭᠡᠨ᠎ᠡ᠃         ᠭᠤᠷᠪᠠ᠂ 2021 ᠣᠨ ᠤ ᠵᠢᠱᠢᠭᠰᠡᠨ ᠬᠠᠷᠠᠯᠲᠠ ᠪᠠ ᠭᠤᠤᠯᠳᠠᠯᠭ᠎ᠠ ᠲᠠᠢ ᠠᠵᠢᠯ ᠤᠨ ᠡᠭᠦᠷᠭᠡ        ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ  ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠨ ᠤ ᠵᠢᠯ ᠪᠣᠯᠤᠨ᠎ᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠨᠠᠮ ᠤᠨ ᠲᠥᠪ ᠬᠤᠷᠢᠶᠠᠨ  ᠤ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠠᠶᠢᠳᠠᠯ ᠢ ᠶᠡᠷᠦᠩᠬᠡᠶᠢᠯᠡᠨ ᠵᠠᠳᠠᠯᠣᠨ  ᠰᠣᠳᠣᠯᠪᠠᠯ᠂ ᠡᠨᠡ ᠵᠢᠯ ᠤᠨ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ  ᠢ ᠠᠳᠠᠯᠢ ᠬᠤᠭᠤᠴᠠᠭᠠᠨ ᠤ ᠬᠢ ᠠᠴᠠ 9 % ᠣᠷᠴᠢᠮ ᠪᠠᠷ ᠨᠡᠮᠡᠭᠳᠡᠭᠦᠯᠦᠨ᠎ᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 8 % ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ  ᠠᠴᠠ 6.3 % ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ  ᠠᠴᠠ 5.8 % ᠪᠠᠷ ᠨᠡᠮᠡᠭᠳᠡᠭᠦᠯᠦᠨ᠎ᠡ︔ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠪᠣᠬᠢᠷᠲᠤᠯ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃ ᠨᠢᠭᠡᠨᠲᠡ ᠲᠣᠭᠲᠠᠭᠠᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠬᠡᠳᠦᠨ ᠵᠦᠶᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ  ᠄        ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠣᠨ᠎ᠠ        ᠨᠢᠭᠡ ᠳᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ ᠶᠢ ᠲᠦᠷᠭᠡᠳᠬᠡᠨ᠎ᠡ ᠃ ︽3333︾ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ﹇14﹈ ᠶᠢ ᠭᠦᠨᠵᠡᠭᠡᠢ ᠠᠬᠢᠭᠤᠯᠣᠨ᠎ᠠ᠃ 150 ᠪᠤᠬ᠎ᠠ ᠶᠢ ᠲᠣᠬᠢᠷᠠᠭᠤᠯᠵᠤ᠂ 1.6 ᠲᠦᠮᠡᠨ ᠦᠨᠢᠶ᠎ᠡ ᠶᠢ ᠣᠷᠣᠭᠤᠯᠤᠨ ᠪᠣᠶᠢᠵᠢᠭᠤᠯᠵᠤ᠂ 7.5 ᠲᠦᠮᠡᠨ ᠦᠬᠡᠷ ᠤᠨ ᠡᠭᠦᠯᠳᠡᠷ ᠢ ᠰᠠᠶᠢᠵᠢᠷᠠᠭᠤᠯᠵᠦ᠂ ᠰᠢᠮᠧᠨ᠋ᠲ᠋ᠧᠷ ᠦᠬᠡᠷ ᠤᠨ ᠭᠤᠤᠯᠯᠠᠭᠴᠢ ᠰᠦᠷᠦᠭ 5 ᠶᠢ ᠰᠢᠨ᠎ᠡ ᠪᠠᠷ ᠪᠠᠶᠢᠭᠤᠯᠵᠤ᠂ ᠮᠢᠩᠭ᠎ᠠ ᠠᠴᠠ ᠳᠡᠭᠡᠭᠰᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ 2 ᠲᠠᠯᠠᠪᠠᠢ᠂ 200 —1000 ᠮᠢᠬᠠᠨ ᠤ ᠦᠬᠡᠷ ᠪᠣᠷᠳᠣᠨ ᠲᠠᠷᠭᠤᠯᠠᠭᠤᠯᠬᠤ 5 ᠲᠠᠯᠠᠪᠠᠶ ᠶᠢᠨ ᠦᠶᠯᠡᠳᠪᠦᠷᠢᠯᠡᠯ ᠤᠨ ᠦᠷ᠎ᠡ ᠠᠰᠢᠭ  ᠢ ᠳᠡᠭᠡᠭᠰᠢᠯᠡᠭᠦᠯᠦᠨ᠎ᠡ︔ 100 ᠬᠤᠴᠠ ᠲᠣᠬᠢᠷᠠᠭᠤᠯᠵᠤ᠂ ᠬᠤᠨᠢᠨ ᠤ ᠭᠠᠷ ᠬᠡᠭᠡᠯᠲᠦᠭᠦᠯᠭᠡ ᠶᠢᠨ 20 ᠥᠷᠲᠡᠭᠡ ᠴᠢᠭ ᠢ ᠰᠢᠨ᠎ᠡ ᠪᠠᠷ ᠪᠠᠶᠢᠭᠤᠯᠤᠨ᠂ ᠴᠢᠨᠠᠷ ᠰᠠᠶᠢᠲᠠᠢ ᠬᠤᠴᠠ ᠬᠠᠩᠭᠠᠬᠤ ᠴᠢᠳᠠᠪᠤᠷᠢ ᠶᠢ 600 ᠠᠴᠠ ᠳᠡᠭᠡᠭᠰᠢ ᠳᠤ ᠬᠦᠷᠭᠡᠨ᠎ᠡ᠃ ᠰᠦ ᠰᠠᠭᠠᠯᠢ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 645 ᠰᠠᠭᠠᠯᠢ ᠶᠢᠨ ᠦᠨᠢᠶ᠎ᠡ ᠣᠷᠣᠭᠤᠯᠤᠨ᠂ ᠳᠤᠮᠳᠠ ᠵᠢᠵᠢᠭ ᠰᠠᠭᠠᠯᠢ ᠶᠢᠨ ᠦᠨᠢᠶ᠎ᠡ ᠮᠠᠯᠵᠢᠨ ᠦᠷᠡᠵᠢᠭᠦᠯᠬᠦ 12 ᠲᠠᠯᠠᠪᠠᠶ ᠪᠠ ᠴᠠᠭᠠᠨ ᠢᠳᠡᠭᠡ ᠪᠣᠯᠪᠠᠰᠤᠷᠠᠭᠤᠯᠬᠤ 22 ᠵᠢᠵᠢᠭ ᠦᠶᠯᠡᠳᠬᠡᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠳᠡᠮᠵᠢᠨ᠎ᠡ᠃ ᠪᠡᠭᠡᠵᠢᠩ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠰᠢᠨᠵᠢᠯᠡᠬᠦ  ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠤᠨ ᠬᠡᠪᠴᠢᠶ᠎ᠡ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠪᠡᠭᠡᠵᠢᠩ ᠤᠨ ᠲᠠᠷᠢᠮᠠᠯ ᠤᠨ 4 ᠠᠵᠤ ᠠᠬᠤᠶᠢᠯᠠᠯ ᠢ ᠣᠷᠣᠭᠤᠯᠣᠨ᠎ᠠ︔ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ 9 ᠲᠦᠮᠡᠨ ᠮᠣ᠋ ᠳᠤ ᠬᠦᠷᠭᠡᠵᠦ᠂ ᠣᠨᠴᠠᠯᠢᠭᠲᠤ ᠢᠳᠡᠰᠢᠨ ᠨᠣᠭᠤᠭ᠎ᠠ ᠭᠤᠸᠠ ᠵᠢᠮᠢᠰ ᠲᠠᠷᠢᠬᠤ ᠲᠠᠯᠠᠪᠠᠢ ᠶᠢ 2 ᠲᠦᠮᠡᠨ ᠮᠣ᠋ ᠳᠤ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠬᠴᠢ ᠠᠵᠤ ᠠᠬᠤᠶᠢᠯᠠᠯ 2 ᠢ ᠪᠣᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ 2 ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 6.8 ᠲᠦᠮᠡᠨ ᠲᠡᠭᠰᠢ ᠳᠥᠷᠪᠡᠯᠵᠢᠨ ᠮᠧᠲᠷ ᠳᠤᠯᠠᠭᠠᠨ ᠫᠧᠩ᠂ 0.5 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ᠂ 2.4 ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ ᠢ ᠰᠢᠨ᠎ᠡ ᠪᠠᠷ ᠪᠠᠶᠢᠭᠤᠯᠵᠤ᠂ 4800 ᠮᠣ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ᠎ᠡ᠃        ᠬᠤᠶᠠᠷ ᠲᠤ᠂ ᠠᠵᠤ ᠦᠶᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 100 ᠲᠦᠮᠡᠨ ᠺᠢᠯᠣᠸᠠᠲ ᠶᠢᠨ ᠣᠨᠴᠠ ᠥᠨᠳᠥᠷ ᠬᠦᠴᠦᠳᠡᠯᠲᠦ ᠰᠠᠯᠬᠢᠨ ᠴᠠᠬᠢᠯᠭᠠᠨ ᠢ ᠭᠠᠳᠠᠭᠰᠢ ᠬᠦᠷᠭᠡᠬᠦ ᠲᠥᠷᠥᠯ ᠵᠦᠶᠯ ᠤᠨ ᠪᠥᠬᠦ ᠪᠠᠭᠲᠠᠭᠠᠮᠵᠢ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠠᠲᠤᠯᠠᠨ᠎ᠠ︔ ᠡᠯᠡᠰᠦᠷᠬᠡᠭ ᠭᠠᠵᠠᠷ ᠤᠨ ᠬᠡᠷᠡᠯ ᠴᠡᠨᠡᠭ ᠤᠨ ᠠᠮᠢ ᠠᠬᠤᠶ ᠶᠢ ᠰᠡᠷᠭᠦᠭᠡᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠠᠬᠢᠭᠤᠯᠵᠤ᠂ 2021 ᠣᠨ ᠤ ᠥᠪᠡᠷᠲᠡᠭᠡᠨ ᠵᠠᠰᠠᠬᠤ ᠣᠷᠣᠨ ᠤ ᠦᠨ᠎ᠡ ᠥᠷᠢᠰᠦᠯᠳᠦᠬᠦ ᠲᠥᠷᠥᠯ ᠵᠦᠶᠯ ᠳᠤ ᠣᠷᠣᠭᠤᠯᠬᠤ ᠪᠠᠷ ᠴᠢᠷᠮᠠᠶᠢᠨ᠎ᠠ︔ ᠣᠨᠴᠨ ᠦᠨᠳᠦᠷ ᠬᠦᠴᠦᠳᠡᠯᠳᠦ ᠴᠠᠬᠢᠯᠭᠠᠨ᠂ ᠶᠢᠨ ᠹᠧᠩ ᠰᠢᠨᠵᠢᠯᠡᠭᠡ ᠮᠡᠷᠭᠡᠵᠢᠯ᠂ ᠵᠢᠶᠠᠨ ᠠᠨ ᠴᠧᠩ ᠲᠣᠨᠤᠭ ᠲᠥᠬᠦᠭᠡᠷᠦᠮᠵᠢ ᠦᠢᠯᠡᠳᠬᠦ 3 ᠠᠵᠤ ᠠᠬᠤᠶᠢᠯᠠᠯ ᠤᠨ ᠣᠯᠠᠨ ᠲᠠᠯ᠎ᠠ ᠪᠠᠷ ᠵᠠᠬ᠎ᠠ ᠳᠡᠯᠭᠡᠭᠦᠷ ᠤᠨ ᠵᠠᠬᠢᠶᠠᠯᠠᠭ᠎ᠠ ᠣᠯᠬᠤ ᠶᠢ ᠬᠠᠪᠰᠤᠷᠤᠨ ᠳᠠᠮᠵᠢᠵᠤ᠂ ᠦᠷᠭᠦᠯᠵᠢᠯᠡᠨ ᠬᠦᠴᠦᠨ ᠢᠶᠠᠨ ᠲᠦᠪᠯᠡᠷᠡᠭᠦᠯᠦᠨ ᠦᠢᠯᠡᠳᠪᠦᠷᠢᠯᠡᠨ᠎ᠡ︔ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠰᠠᠯᠬᠢᠨ ᠴᠠᠬᠢᠯᠭᠠᠨ ᠤ ᠲᠥᠬᠦᠭᠡᠷᠦᠮᠵᠢ ᠶᠢᠨ ᠣᠷᠴᠢᠯ ᠢ ᠬᠠᠮᠠᠭᠠᠯᠠᠬᠤ᠂ ᠠᠷᠠᠴᠢᠯᠠᠨ ᠬᠠᠮᠠᠭᠠᠯᠠᠬᠤ᠂ ᠪᠠᠶᠢᠴᠠᠭᠠᠨ ᠰᠡᠯᠪᠢᠨ ᠵᠠᠰᠠᠬᠤ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠵᠦ᠂ ᠣᠨᠴᠠ ᠬᠦᠴᠦᠳᠡᠯ ᠥᠭᠡᠷᠡᠴᠢᠯᠡᠬᠦ ᠠᠵᠢᠯᠴᠢᠨ ᠤ ᠲᠥᠪᠯᠡᠷᠡᠭᠦᠯᠦᠨ ᠡᠵᠡᠮᠳᠡᠬᠦ ᠲᠥᠪ ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠥᠸᠧ ᠶᠢᠨ ᠨᠡᠭᠦᠷᠡᠰᠦ᠋ᠳᠦᠷᠦᠭᠴᠢᠲᠦ ᠪᠠᠯ ᠴᠢᠯᠠᠭᠤᠨ ᠴᠠᠬᠢᠯᠭᠠᠨ ᠲᠣᠶᠢᠯ ᠤᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ ᠬᠠᠢ ᠮᠧᠩ ᠪᠠᠯ ᠴᠢᠯᠠᠭᠤᠨ ᠠᠯᠺᠧᠨ ᠰᠥᠭᠡᠷᠭᠦ ᠲᠣᠶᠢᠯ ᠤᠨ ᠲᠤᠰᠬᠠᠢ ᠬᠡᠷᠡᠭᠯᠡᠬᠦ ᠬᠠᠶᠢᠯᠤᠭᠤᠷ ᠤᠨ ᠲᠥᠷᠦᠯ ᠵᠦᠢᠯ ᠢ ᠲᠣᠭᠲᠠᠭᠤᠨ ᠢᠶᠠᠷ ᠠᠵᠢᠯᠯᠠᠭᠤᠯᠤᠨ᠎ᠠ︔ ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠴᠢᠶᠠᠨ ᠶᠢᠨ ᠳ᠋ᠠ ᠮᠥᠩᠭᠦ ᠲᠤᠭᠤᠯᠭ᠎ᠠ ᠴᠠᠶᠢᠷ ᠦᠩᠭᠡᠲᠦ ᠲᠡᠮᠦᠷᠯᠢᠭ ᠤᠨ ᠠᠭᠤᠷᠬᠠᠢ ᠨᠡᠭᠡᠭᠡᠬᠦ ᠲᠥᠷᠥᠯ ᠵᠦᠢᠯ ᠤᠨ ᠠᠰᠢᠭᠯᠠᠯᠲᠠ  ᠳᠤ ᠣᠷᠣᠬᠤ ᠪᠠ ᠭᠥᠸᠧ ᠠᠢ ᠨᠢᠺᠧᠯ ᠤᠨ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ︔ ᠡᠷᠳᠡᠨᠢ ᠠᠦ᠋ᠲ᠋ᠣᠴᠢᠯᠠᠬᠰᠠᠨ ᠨᠢᠲᠤᠯᠬᠤ ᠦᠶᠯᠡᠳᠪᠦᠷᠢ ᠶᠢᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ︔ ᠮᠧᠩ ᠱᠧᠩ᠂ ᠢ ᠱᠧᠩ ᠮᠢᠬᠠᠨ ᠤ ᠦᠶᠯᠡᠰ ᠤᠨ ᠨᠠᠷᠢᠯᠢᠭ ᠡᠳ᠋ᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠦᠶᠯᠡᠳᠬᠦᠨ ᠤ ᠲᠥᠷᠥᠯ ᠵᠦᠶᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 8 ᠪᠣᠯᠭᠠᠨ᠂ ᠨᠡᠶᠢᠲᠡ 20 ᠪᠣᠯᠭᠠᠬᠤ ᠪᠠᠷ ᠴᠢᠷᠮᠠᠶᠢᠨ᠎ᠠ᠃       ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠤᠯᠠᠨ ᠡᠰᠢᠵᠢᠨ ᠬᠥᠭᠵᠢᠬᠦ ᠶᠢ ᠠᠬᠢᠭᠤᠯᠤᠨ᠎ᠠ᠃ ᠬᠡᠷᠡᠭᠯᠡᠭᠡ  ᠶᠢ ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠠᠵᠢᠯ ᠲᠦᠷᠦᠯ ᠤᠨ ᠲᠡᠰ ᠳᠡᠪᠰᠢᠬᠦ ᠶᠢ ᠰᠠᠶᠢᠲᠤᠷ ᠠᠳᠬᠤᠵᠤ᠂ ᠤᠳᠤ ᠦᠶ᠎ᠡ  ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡ ᠪᠠ ᠲᠦᠷᠭᠡᠨ ᠬᠦᠷᠭᠡᠬᠦ ᠪᠠᠷᠠᠭᠠᠨ ᠭᠦᠶᠯᠭᠡᠭᠡ ᠶᠢᠨ ᠳᠣᠭᠢᠷᠠᠭᠤᠯᠤᠨ ᠬᠦᠷᠭᠡᠬᠦ ᠰᠢᠰᠲ᠋ᠧᠮ ᠶᠢ ᠲᠦᠷᠭᠡᠳᠬᠡᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 20 % ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠭᠤᠷᠪᠠᠳᠤᠭᠠᠷ ᠬᠤᠭᠤᠴᠠᠭ᠎ᠠ᠂ ᠣᠷᠣᠨ ᠵᠠᠢ ᠶᠢᠨ ᠣᠷᠴᠢᠨ ᠲᠣᠭᠤᠷᠢᠨ ᠤ ᠰᠠᠭᠤᠷᠢᠨ ᠭᠠᠵᠠᠷ ᠤᠨ ᠬᠢᠨᠠᠨ ᠰᠢᠨᠵᠢᠬᠦ ᠰᠦᠯᠵᠢᠶ᠎ᠡ ᠪᠠ  ᠰᠢᠨᠵᠢᠯᠳᠠ ᠶᠢᠨ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ ᠵᠡᠷᠭᠡ ᠤᠯᠤᠰ ᠤᠨ ᠴᠢᠬᠤᠯᠠ ᠶᠡᠭᠡ ᠰᠢᠨᠵᠢᠯᠡᠬᠦ ᠮᠡᠷᠭᠡᠵᠢᠯ ᠤᠨ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠲᠤ ᠰᠠᠭᠤᠷᠢᠯᠠᠨ᠂ ᠤᠯᠤᠰ ᠤᠨ ᠣᠳᠣᠨ ᠣᠭᠲᠠᠷᠭᠤᠢ ᠶᠢᠨ ᠴᠡᠴᠡᠷᠯᠢᠭ ᠤᠨ ᠭᠤᠣᠯ ᠦᠵᠡᠮᠵᠢ ᠶᠢᠨ ᠣᠷᠣᠨ ᠤ ᠲᠥᠷᠥᠯ ᠵᠦᠢᠯ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠵᠢᠭᠤᠯᠴᠢᠯᠠᠯ ᠤᠨ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ᠂ ᠵᠠᠰᠠᠮᠠᠯ ᠵᠠᠮ ᠤᠨ ᠦᠵᠡᠮᠵᠢ ᠶᠢᠨ ᠲᠠᠪᠴᠠᠩ᠂ ᠲᠡᠷᠭᠡᠨ ᠵᠣᠭᠰᠣᠭᠠᠯ᠂ ᠲᠡᠮᠳᠡᠭ ᠫᠠᠶᠢᠰᠠ ᠵᠡᠷᠭᠡ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠳᠣᠨ ᠣᠭᠲᠠᠷᠭᠤᠢ  ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ᠂ ᠡᠯᠡᠰᠦᠨ ᠭᠠᠵᠠᠷ ᠬᠡᠭᠡᠷᠡᠯᠡᠬᠦ ᠵᠡᠷᠭᠡ ᠵᠢᠭᠤᠯᠴᠢᠯᠠᠯ ᠤᠨ ᠦᠢᠯᠡᠳᠬᠦᠨ ᠢ ᠶᠡᠬᠡᠪᠡᠷ ᠴᠢᠮᠡᠭᠯᠡᠨ ᠪᠣᠭᠤᠳᠠᠯᠯᠠᠬᠤ ᠪᠠ ᠳᠡᠯᠭᠡᠷᠡᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃        ︵ᠬᠤᠶᠠᠷ︶  ᠦᠭᠡᠷᠡᠴᠢᠯᠡᠯᠳᠡ ᠬᠦᠭᠵᠢᠯᠳᠠ ᠶᠢᠨ ᠰᠠᠭᠤᠷᠢ ᠶᠢ ᠭᠦᠴᠦᠯᠡᠨ ᠪᠣᠳᠠᠳᠠᠶᠢᠵᠢᠭᠤᠯᠣᠨ᠎ᠠ        ᠨᠢᠭᠡ ᠳᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃  ᠭᠤᠣᠯᠳᠠᠯᠭ᠎ᠠ ᠲᠠᠢ ᠲᠥᠷᠥᠯ ᠵᠦᠢᠯ ᠢ ᠬᠤᠰᠢᠭᠤ ᠲᠡᠰ ᠤᠨ ᠤᠳᠤᠷᠢᠳᠤᠯᠭ᠎ᠠ ᠠᠴᠠ ᠬᠠᠷᠢᠯᠴᠠᠬᠤ᠂ ᠰᠠᠯᠠᠭ᠎ᠠ ᠮᠥᠴᠢᠷ ᠠᠴᠠ ᠮᠥᠷᠳᠡᠨ ᠦᠢᠯᠡᠴᠢᠯᠡᠬᠦ᠂ ᠲᠥᠷᠥᠯ ᠵᠦᠢᠯ ᠤᠨ ᠨᠠᠷᠢᠨ ᠪᠢᠴᠢᠭᠡᠴᠢ ᠶᠢᠨ ᠳᠦᠷᠢᠮ ᠵᠡᠷᠭᠡ ᠶᠢ ᠦᠷᠭᠦᠯᠵᠢᠯᠡᠨ ᠨᠠᠶᠢᠳᠠᠪᠣᠷᠢᠵᠢᠭᠤᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠵᠢᠯ ᠤᠨ ᠳᠣᠲᠣᠷ᠎ᠠ ᠬᠡᠷᠡᠭᠵᠢᠭᠦᠯᠬᠦ ᠪᠠᠷ ᠲᠥᠯᠥᠪᠯᠡᠭᠰᠡᠨ ᠠᠶᠢᠮᠠᠭ ᠤᠨ ᠲᠡᠰ ᠤᠨ 9 ᠭᠤᠣᠯᠳᠠᠯᠭ᠎ᠠ ᠲᠠᠢ ᠲᠥᠷᠥᠯ ᠵᠦᠢᠯ ᠪᠠ ᠬᠤᠰᠢᠭᠤ ᠲᠡᠰ ᠤᠨ 37 ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠳᠭᠡᠬᠦ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠪᠠ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ ᠬᠤᠭᠤᠴᠠᠭ᠎ᠠ ᠶᠣᠰᠣᠭᠠᠷ ᠠᠬᠢᠭᠤᠯᠬᠤ ᠶᠢ ᠪᠠᠳᠣᠯᠠᠵᠦ᠂ 36.6 ᠳ᠋ᠦᠩᠰᠢᠭᠤᠷ ᠲᠥᠭᠦᠷᠢᠭ ᠤᠨ ᠪᠡᠯᠡ  ᠣᠷᠣᠭᠤᠯᠣᠯᠳᠠ ᠶᠢ ᠪᠡᠶᠡᠯᠡᠭᠦᠯᠦᠨ᠎ᠡ᠃ ︽ᠴᠡᠭ ᠠᠴᠠ ᠴᠡᠭ︾ ᠤᠨ ᠠᠷᠠᠯᠵᠢᠶᠠᠴᠢᠨ ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠠᠵᠤ ᠦᠶᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠲᠡᠮᠦᠷᠯᠢᠭ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠪᠣᠯᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠶᠯᠡᠰ ᠤᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ  ᠪᠠᠷ ᠴᠢᠷᠮᠠᠶᠢᠨ᠎ᠠ᠃ ᠨᠢᠭᠡ ᠪᠦᠯᠦᠭ ︽ᠳᠣᠭᠢᠷᠬᠠᠰᠠᠨ︾ ᠲᠥᠷᠥᠯ ᠵᠦᠶᠯ ᠢ ᠦᠷᠭᠦᠯᠵᠢᠯᠡᠨ ᠠᠷᠭ᠎ᠠ ᠰᠦᠪᠡᠭᠴᠢᠯᠡᠵᠦ ᠨᠠᠶᠢᠷᠠᠭᠤᠯᠤᠨ ᠮᠡᠳᠡᠭᠦᠯᠵᠦ᠂ ᠴᠢᠨᠠᠷ ᠰᠠᠶᠢᠲᠠᠶ ᠭᠤᠤᠯᠳᠠᠯᠭ᠎ᠠ ᠲᠠᠢ ᠲᠥᠷᠥᠯ ᠵᠦᠶᠯ ᠤᠨ ᠬᠥᠮᠥᠷᠭᠡ ᠶᠢ ᠪᠠᠶᠢᠭᠤᠯᠤᠨ᠂ ᠭᠠᠷᠭᠠᠵᠤ ᠳᠡᠶᠢᠯᠬᠦ᠂ ᠠᠬᠢᠭᠤᠯᠵᠤ ᠳᠡᠶᠢᠯᠬᠦ ᠶᠢ ᠦᠨᠡᠨᠬᠦ ᠪᠠᠲᠤᠯᠠᠵᠤ᠂ ᠱᠠᠳᠣᠴᠢᠯᠠᠬᠰᠠᠨ ᠪᠦᠷᠢᠯᠳᠦᠯ ᠢ ᠪᠣᠶ ᠪᠣᠯᠭᠠᠨ᠎ᠠ        ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠩᠬᠠᠷᠤᠯ ᠳᠤ ᠲᠦᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ  ︵ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ︶ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠲᠥᠷᠥᠯ ᠵᠦᠶᠯ ᠢ ᠠᠰᠢᠭᠯᠠᠯᠲᠠ  ᠳᠤ ᠣᠷᠣᠭᠤᠯᠬᠤ ᠶᠢ ᠪᠠᠲᠤᠯᠠᠵᠤ᠂ ᠦᠨᠳᠦᠰᠦᠨ ᠱᠠᠲᠤᠨ ᠤ ᠥᠷᠲᠡᠭᠡ ᠭᠠᠵᠠᠷ ᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠲᠥᠪᠯᠡᠷᠡᠭᠦᠯᠦᠨ ᠣᠷᠣᠭᠤᠯᠬᠤ ᠶᠢ ᠠᠬᠢᠭᠤᠯᠤᠨ᠎ᠠ᠃ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠶᠢ ᠢᠳᠡᠪᠬᠢᠲᠡᠶ ᠠᠬᠢᠭᠤᠯᠵᠤ᠂ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ ︾ ﹇15﹈ ᠶᠢ ᠴᠢᠷᠮᠠᠶᠢᠨ ᠪᠡᠶᠡᠯᠡᠭᠦᠯᠦᠨ᠎ᠡ᠃ ᠰᠦᠢᠳᠬᠡᠯ ᠢ ᠪᠠᠭᠠᠰᠬᠠᠵᠤ ᠭᠠᠶᠢᠯᠢ ᠶᠢ ᠪᠠᠭᠤᠷᠠᠭᠤᠯᠬᠤ ᠠᠷᠭ᠎ᠠ ᠬᠡᠮᠵᠢᠶ᠎ᠡ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠣ ᠠᠬᠤᠶᠢᠯᠠᠯ ᠠᠴᠠ ᠡᠯ᠎ᠡ  ᠵᠦᠢᠯ ᠤᠨ ᠲᠦᠷᠢᠮ ᠢ ᠵᠦᠷᠢᠴᠡᠨ ᠰᠦᠢᠳᠭᠡᠯ ᠬᠤᠷᠢᠶᠠᠬᠤ ᠠᠵᠢᠯᠯᠠᠭ᠎ᠠ ᠶᠢ ᠶᠡᠬᠡᠪᠡᠷ ᠵᠠᠰᠠᠨ ᠴᠡᠭᠴᠡᠯᠡᠵᠦ᠂ ᠪᠠᠩᠬᠢ ᠠᠵᠤ ᠠᠬᠤᠶᠢᠯᠠᠯ ᠤᠨ ᠰᠣᠯᠢᠯᠴᠠᠭᠠᠨ  ᠤ ᠲᠠᠪᠴᠠᠩ ᠢ ᠢᠳᠡᠪᠬᠢᠲᠡᠶ ᠪᠠᠶᠢᠭᠤᠯᠵᠤ᠂ 2 ᠠᠵᠤ ᠠᠬᠤᠶᠢᠯᠠᠯ ᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠭᠤᠯᠬᠤ ᠪᠠᠷ ᠴᠢᠷᠮᠠᠶᠢᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ  ᠶᠢ ᠠᠬᠢᠭᠤᠯᠵᠤ᠂ ᠬᠤᠰᠢᠭᠤ ᠬᠡᠪᠴᠢᠶᠡᠨ ᠤ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠲᠡᠶ ᠲᠦᠰᠢᠭ ᠬᠠᠩᠭᠠᠨ᠎ᠠ᠃        ᠭᠤᠷᠪᠠ ᠳᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ ᠶᠢᠨ ︽ᠵᠢᠭᠡᠯᠡᠬᠦ᠂ ᠬᠡᠷᠡᠭᠯᠡᠬᠦ᠂ ᠬᠠᠮᠢᠶᠠᠷᠬᠤ᠂ ᠪᠤᠴᠠᠭᠠᠬᠤ︾ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ᠂ ᠪᠡᠯᠡ ᠬᠤᠷᠠᠮᠳᠣᠭᠤᠯᠬᠤ ᠳᠠᠭᠠᠭᠠᠯᠲᠠ ᠬᠢᠬᠦ᠂ ᠰᠢᠨ᠎ᠡ ᠪᠠᠷ ᠨᠡᠮᠡᠭᠳᠡᠬᠦ ᠥᠷᠢᠲᠦᠯ ᠢ ᠴᠢᠩᠭ᠎ᠠ ᠴᠠᠭᠠᠵᠠᠯᠠᠵᠤ᠂ ᠲᠥᠯᠥᠬᠦ ᠲᠦᠭᠰᠢᠭᠦᠷᠢ ᠪᠣᠯᠣᠨ ᠦᠷᠢ ᠰᠢᠷᠢ ᠨᠡᠮᠡᠭᠳᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠱᠠᠯᠠᠪᠳᠠᠨ ᠠᠳᠬᠤᠵᠤ᠂ 1.66 ᠳ᠋ᠦᠩᠰᠢᠭᠤᠷ ᠲᠥᠭᠦᠷᠢᠭ ᠤᠨ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠ 2191 ᠲᠦᠮᠡᠨ ᠲᠥᠭᠦᠷᠢᠭ ᠤᠨ ᠲᠦᠷ ᠥᠭᠬᠦ ᠵᠣᠭᠤᠰ ᠢ ᠠᠷᠢᠯᠭᠠᠬᠤ ᠡᠭᠦᠷᠭᠡ ᠶᠢ ᠲᠥᠯᠥᠪᠯᠡᠭᠡ ᠶᠣᠰᠣᠭᠠᠷ ᠪᠡᠶᠡᠯᠡᠭᠦᠯᠦᠨ᠎ᠡ᠃ ᠢᠨᠲ᠋ᠧᠷ ᠰᠦᠯᠵᠢᠶᠡᠨ ᠤ ᠮᠥᠩᠭᠦᠨ ᠭᠦᠶᠯᠭᠡᠭᠡ᠂ ᠰᠦᠯᠵᠢᠶᠡᠨ ᠵᠢᠭᠡᠯᠡᠯᠭᠡ ᠵᠡᠷᠭᠡ ᠰᠢᠨ᠎ᠡ ᠬᠦᠷᠢᠶᠡᠨ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ ᠦᠶᠯᠡ ᠠᠵᠢᠯᠯᠠᠭ᠎ᠠ ᠶᠢ ᠰᠡᠷᠭᠡᠶᠢᠯᠡᠵᠦ᠂ ᠮᠥᠩᠭᠦᠨ ᠭᠦᠶᠯᠭᠡᠭᠡᠨ ᠤ ᠬᠠᠤᠯᠢ ᠶᠢ ᠵᠥᠷᠢᠴᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ᠬᠠᠤᠯᠢ ᠶᠢ ᠬᠦᠨᠳᠦ ᠨᠣᠴᠢᠲᠠᠢ ᠵᠥᠷᠢᠴᠡᠨ ᠢᠲᠡᠭᠡᠯ ᠠᠯᠳᠠᠭᠰᠠᠨ ᠠᠵᠤ ᠠᠬᠤᠶᠢᠯᠠᠯ ᠵᠢᠴᠢ ᠬᠤᠪᠢ ᠬᠥᠮᠦᠨ ᠤ ᠨᠡᠷᠡᠰ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠢᠲᠡᠭᠡᠯ ᠠᠯᠳᠠᠬᠤ ᠬᠢᠨᠠᠮᠵᠢ ᠦᠭᠡᠶᠢᠳᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃        ᠳᠥᠷᠪᠡ ᠳᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ  ᠡᠷᠭᠢᠯᠳᠡᠲᠦ ᠠᠵᠤ ᠠᠬᠤᠶ ᠶᠢᠨ ᠬᠥᠭᠵᠢᠯᠲᠡ ᠶᠢ ᠦᠶᠯᠡᠳᠦᠯᠭᠡᠵᠢᠭᠦᠯᠦᠨ᠎ᠡ᠃  ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠ ᠡᠨᠧᠷᠭᠢ ᠶᠢᠨ  ᠬᠤᠷᠣᠬᠳᠠᠯ ᠤᠨ ᠬᠤᠣᠰ ᠡᠵᠡᠮᠳᠡᠯ ᠤᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠦ᠂ ᠡᠨᠧᠷᠭᠢ ᠶᠢᠨ ᠬᠤᠷᠣᠬᠳᠠᠯ ᠤᠨ ᠬᠤᠣᠰ ᠡᠵᠡᠮᠳᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠷᠪᠢᠲᠠᠢ ᠲᠣᠬᠢᠷᠠᠮᠵᠢᠲᠠᠢ᠂ ᠠᠷᠠᠳ ᠨᠡᠶᠢᠲᠡ ᠪᠠᠷ ᠢᠶᠠᠨ ᠡᠨᠧᠷᠭᠢ ᠠᠷᠪᠢᠯᠠᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ  ᠢ ᠰᠠᠨᠠᠭᠠᠴᠢᠯᠠᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠶᠢ ᠬᠠᠪᠰᠣᠷᠣᠨ᠂ ᠬᠠᠳᠠᠭᠠᠯᠠᠭᠳᠠᠵᠤ ᠪᠠᠶᠢᠭ᠎ᠠ ᠡᠨᠧᠷᠭᠢ ᠠᠷᠪᠢᠯᠠᠬᠤ ᠳᠠᠯᠳᠠ ᠬᠦᠴᠦᠨ ᠢ ᠠᠭᠤᠳᠠᠯᠯᠠᠵᠦ᠂ ᠡᠨᠧᠷᠭᠢ ᠬᠡᠷᠡᠭᠯᠡᠬᠦ ᠣᠷᠣᠨ ᠵᠠᠶ  ᠶᠢ ᠨᠡᠭᠡᠭᠡᠨ᠎ᠡ᠃ ᠰᠢᠨ᠎ᠡ ᠪᠠᠷ ᠨᠡᠮᠡᠭᠳᠡᠬᠦ ᠡᠨᠧᠷᠭᠢ ᠶᠢᠨ ᠬᠤᠷᠣᠬᠳᠠᠯ ᠤᠨ ᠶᠡᠷᠦᠩᠬᠡᠶ ᠬᠡᠮᠵᠢᠶ᠎ᠡ ᠶᠢ 0.8 ᠲᠦᠮᠡᠨ ᠲᠣᠨ ᠪᠠᠷᠢᠮᠵᠢᠶᠠᠲᠤ ᠨᠡᠭᠦᠷᠡᠰᠦᠨ ᠤ ᠲᠣᠳᠣᠷ᠎ᠡ ᠬᠢᠵᠠᠭᠠᠷᠯᠠᠵᠦ  ᠂ ᠨᠢᠭᠡᠴᠢ GDP ᠶᠢᠨ ᠡᠨᠧᠷᠭᠢ ᠶᠢᠨ ᠬᠤᠷᠣᠬᠳᠠᠯ ᠢ 3 % ᠪᠠᠷ ᠪᠠᠭᠤᠷᠠᠭᠤᠯᠬᠤ ᠶᠢ ᠭᠦᠴᠦᠯᠡᠨ ᠴᠢᠷᠮᠠᠶᠢᠨ᠎ᠠ᠃       ︵ᠭᠤᠷᠪᠠ︶ ᠬᠤᠲᠠ ᠬᠥᠳᠡᠭᠡ ᠶᠢᠨ ᠬᠡᠪᠴᠢᠶᠡᠵᠢᠯ ᠤᠨ ᠵᠣᠬᠢᠴᠠᠨ ᠬᠦᠭᠵᠢᠬᠦ ᠶᠢ ᠠᠬᠢᠭᠤᠯᠣᠨ᠎ᠠ      ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ᠣᠨᠣᠪᠴᠢᠲᠠᠶ ᠪᠠᠷ ᠶᠠᠳᠠᠭᠤ ᠶᠢ ᠲᠡᠳᠬᠦᠬᠦ ︽ᠳᠥᠷᠪᠡ ᠶᠢ ᠲᠠᠶᠠᠬᠳᠠᠬᠤ ᠦᠭᠡᠢ︾ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠲᠠᠢ ᠪᠠᠶᠢᠪᠠᠯ ᠡᠬᠡ ᠲᠠᠩᠰᠠ ᠶᠢ ᠤᠷᠢᠳᠴᠢᠯᠠᠨ ᠪᠠᠶᠢᠭᠤᠯᠵᠤ᠂ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠡᠷᠲᠡᠬᠡᠨ ᠬᠠᠪᠰᠤᠷᠤᠨ ᠲᠡᠳᠭᠦᠨ᠎ᠡ᠃ ᠦᠷ᠎ᠡ ᠠᠰᠢᠭ ᠢᠶᠠᠷ ᠢᠯᠡᠷᠬᠡᠶ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠠᠪᠤᠭᠳᠠᠭᠤᠰᠢᠲᠠᠶ ᠲᠥᠷᠥᠯ ᠵᠦᠶᠯ ᠢ ᠱᠠᠯᠠᠪᠳᠠᠨ ᠰᠦᠪᠡᠭᠴᠢᠯᠡᠵᠦ᠂ ᠡᠮᠦᠨᠡᠬᠢ ᠬᠤᠭᠤᠴᠠᠭᠠᠨ ᠤ ᠠᠵᠢᠯ ᠢ ᠴᠠᠭ ᠳᠤᠨᠢ ᠡᠬᠢᠯᠡᠭᠦᠯᠦᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠡᠷᠴᠢᠮᠲᠠᠢ ᠠᠬᠢᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠠᠮᠤᠷ ᠲᠦᠪᠰᠢᠨ ᠢᠶᠠᠷ ᠠᠵᠢᠯᠯᠠᠭᠤᠯᠬᠤ᠂ ᠡᠷᠭᠢᠯᠳᠦᠭᠦᠯᠦᠨ ᠬᠡᠷᠡᠭᠯᠡᠬᠦ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠶᠢᠴᠢᠯᠠᠬᠤ ᠦᠶᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠲᠣᠰᠬᠤᠨ ᠳᠤᠭᠤᠶᠢᠯᠠᠩ ᠤᠨ ᠵᠠᠰᠠᠮᠠᠯ ᠵᠠᠮ ᠢ 130.5 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ᠂ ᠬᠤᠯᠤᠰᠤᠲᠠᠢ ᠨᠠᠭᠤᠷ ᠠᠴᠠ ᠵᠢᠭᠠᠰᠤᠲᠠᠢ ᠨᠠᠭᠤᠷ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠪᠠᠶᠢᠭᠤᠯᠬᠤ ᠶᠢ ᠤᠷᠤᠭᠰᠢᠲᠠᠢ ᠶᠠᠪᠣᠬᠳᠠᠭᠤᠯᠣᠨ᠎ᠠ︔ ᠲᠥᠪᠯᠡᠷᠡᠭᠦᠯᠦᠨ ᠤᠰᠤ ᠬᠠᠩᠭᠠᠬᠤ 5 ᠢᠨᠵᠧᠨᠧᠷᠢᠩ᠂ ᠲᠠᠷᠠᠬᠠᠢ ᠪᠠᠷ ᠤᠰᠤ ᠬᠠᠩᠭᠠᠬᠤ 120 ᠢᠨᠵᠧᠨᠧᠷᠢᠩ ᠶᠢ ᠰᠢᠨ᠎ᠡ ᠪᠠᠷ ᠪᠠᠶᠢᠭᠤᠯᠤᠨ᠎ᠠ︔ 10 ᠺᠢᠯᠤᠸᠣᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠣᠬᠢᠷᠠᠭᠤᠯᠬᠤ ᠱᠤᠭᠤᠮ ᠢ 183 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ᠎ᠡ︔ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ  ᠶᠢ ᠦᠷᠭᠦᠯᠵᠢᠯᠡᠨ ᠴᠢᠩᠭᠠᠳᠬᠠᠵᠤ᠂ 1058 ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠵᠤ᠂ ᠢᠯᠭᠠᠳᠠᠰᠦ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 85 % ᠳᠤ ᠬᠦᠷᠭᠡᠨ᠎ᠡ᠃      ᠬᠤᠶᠠᠷ ᠲᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠯᠭᠠᠰᠤ ᠶᠢ ᠪᠦᠳᠦᠭᠡᠨ ᠪᠠᠶᠢᠭᠤᠯᠬᠤ ᠲᠣᠭᠤᠷᠢᠨ ᠳᠤ᠂ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠪᠠ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠳᠣᠤᠷᠠᠬᠢ ᠠᠵᠢᠯ ᠤᠳ ᠢ ᠬᠦᠴᠦᠯᠡᠨ ᠬᠢᠨ᠎ᠡ᠃ ᠬᠤᠲᠠ ᠪᠠᠯᠭᠠᠰᠣ ᠶᠢ ᠰᠢᠨᠡᠳᠬᠡᠬᠦ ᠠᠵᠢᠯᠯᠠᠭ᠎ᠠ ᠶᠢᠨ ᠲᠠᠯ᠎ᠠ ᠪᠠᠷ᠄ 4 ᠬᠠᠭᠤᠴᠢᠨ ᠲᠣᠭᠤᠷᠢᠭ ᠢ ᠦᠭᠡᠷᠡᠴᠢᠯᠡᠬᠦ ᠢᠨᠵᠧᠨᠧᠷᠢᠩ ᠬᠡᠷᠡᠭᠵᠢᠭᠦᠯᠵᠦ᠂ 541 ᠡᠷᠦᠬᠡ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠨᠣᠷᠮ᠎ᠠ ᠶᠢ100 % ᠳᠤ ᠭᠦᠷᠦᠭᠦᠯᠦᠨ᠎ᠡ︔ ᠢᠯᠴᠢ ᠬᠠᠩᠭᠠᠬᠤ᠂ ᠪᠣᠬᠢᠷ ᠤᠰᠤ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠬᠤᠭᠤᠯᠠᠢ ᠶᠢ 6.7 ᠺᠢᠯᠣᠮᠧᠲᠷ ᠰᠢᠨ᠎ᠡ ᠪᠠᠷ ᠪᠣᠶᠣ ᠦᠭᠡᠷᠡᠴᠢᠯᠡᠨ ᠪᠠᠶᠢᠭᠤᠯᠣᠨ᠎ᠠ︔ ᠬᠤᠲᠠ ᠪᠠᠯᠭᠠᠰᠤᠨ ᠤ ᠵᠠᠮ 3.8 ᠺᠢᠯᠣᠮᠧᠲᠷ ᠢ ᠪᠠᠶᠢᠭᠤᠯᠵᠦ᠂ 12 ᠲᠦᠮᠡᠨ ᠲᠡᠭᠰᠢ ᠳᠥᠷᠪᠡᠯᠵᠢᠨ ᠮᠧᠲᠷ ᠵᠠᠮ ᠢ ᠬᠠᠳᠠᠭᠤᠷᠠᠭᠤᠯᠣᠨ ᠳᠡᠪᠢᠰᠦᠨ᠎ᠡ︔ 20441 ᠴᠠᠬᠢᠯᠭᠠᠨ ᠬᠠᠩᠭᠠᠬᠤ ᠲᠥᠬᠦᠭᠡᠷᠦᠮᠵᠢ ᠶᠢ ᠰᠣᠯᠢᠵᠤ᠂ ᠵᠡᠭᠦᠨ ᠳᠡᠭᠦᠷᠭᠡ ᠶᠢᠨ 110 ᠺᠢᠯᠣᠸᠣᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠠᠰᠢᠭᠯᠠᠯᠲᠠ ᠳᠤ ᠣᠷᠣᠭᠤᠯᠣᠨ᠎ᠠ︔ 5G ᠶᠢᠨ ᠰᠠᠭᠤᠷᠢ ᠥᠷᠲᠡᠭᠡ 6 ᠶᠢ ᠪᠠᠶᠢᠭᠤᠯᠵᠤ᠂ ᠬᠤᠲᠠ ᠪᠠᠯᠭᠠᠰᠤᠨ ᠤ ᠲᠣᠭᠤᠷᠢᠭ ᠲᠤ 5G ᠰᠦᠯᠵᠢᠶ᠎ᠡ ᠶᠢ ᠪᠦᠷᠬᠦᠭᠦᠯᠦᠨ᠎ᠡ︔ ᠬᠤᠰᠢᠭᠤ ᠭᠠᠯᠲᠤ ᠲᠡᠷᠭᠡᠨ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ᠄ ︽ᠵᠠᠮ ᠤᠨ ᠳᠠᠷᠤᠭ᠎ᠠ ᠶᠢᠨ ᠲᠦᠷᠢᠮ︾ ᠪᠣᠯᠤᠨ ᠰᠠᠭᠤᠭᠠᠯᠢ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠬᠦᠯᠤᠨ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠯᠠᠨ ᠨᠡᠶᠢᠲᠡ ᠶᠢᠨ ᠦᠶᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠯᠲᠠ ᠤᠶᠤᠨᠴᠢᠯᠠᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ︔ ᠬᠤᠲᠠ ᠪᠠᠯᠭᠠᠰᠤᠨ ᠤ ᠲᠦᠭᠦᠭᠡᠷᠦᠮᠵᠢ  ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤᠨ ᠤ ᠭᠤᠤᠯ ᠳᠡᠳ᠋ ᠵᠠᠮ ᠤᠨ ᠳ᠋ᠧᠩ ᠤᠭᠰᠠᠷᠠᠬᠤ ᠨᠣᠷᠮ᠎ᠠ᠂ ᠬᠡᠷᠡᠯᠳᠦᠭᠦᠯᠭᠡ ᠶᠢᠨ ᠨᠣᠷᠮ᠎ᠠ ᠶᠢ ᠬᠤᠤᠰ ᠪᠠᠷᠢᠮᠵᠢᠶᠠᠨ ᠳᠤ ᠭᠦᠷᠦᠭᠦᠯᠦᠨ᠎ᠡ︔ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠲᠠᠯᠪᠢᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠳᠤᠷ᠎ᠠ ᠪᠠᠷ ᠢᠶᠠᠨ ᠬᠤᠭ ᠬᠠᠶᠠᠬᠤ ᠵᠡᠷᠭᠡ ︽ᠵᠢᠷᠭᠤᠭᠠᠨ ᠳᠤᠷ᠎ᠠ  ᠪᠠᠷ ᠢᠶᠠᠨ︾ ᠭᠡᠮ ᠢ ᠵᠢᠷᠤᠮᠵᠢᠭᠤᠯᠤᠨ ᠴᠡᠭᠴᠡᠯᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠲᠡᠷᠭᠡ ᠣᠨᠤᠭ᠎ᠠ ᠵᠣᠭᠰᠣᠭᠠᠬᠤ ᠡᠮᠬᠢ ᠳᠢᠭᠯᠢᠮ ᠢ ᠵᠢᠷᠦᠮᠵᠢᠭᠤᠯᠣᠨ᠎ᠠ᠃       ᠭᠤᠷᠪᠠ ᠳᠤ᠂  ᠭᠠᠳᠠᠭᠰᠢ ᠨᠡᠪᠲᠡᠷᠡᠬᠦ ᠴᠢᠳᠠᠪᠤᠷᠢ ᠶᠢ ᠲᠠᠰᠣᠷᠠᠯᠳᠠ ᠦᠭᠡᠢ ᠲᠡᠭᠡᠭᠰᠢᠯᠡᠭᠦᠯᠦᠨ᠎ᠡ᠃ ᠵᠢᠨᠢᠩ — ᠲᠥᠩᠯᠢᠶᠣᠣ ᠲᠡᠮᠦᠷ ᠵᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ ᠤᠨ ᠴᠠᠬᠢᠯᠭᠠᠨᠵᠢᠭᠤᠯᠬᠤ ᠥᠭᠡᠷᠡᠴᠢᠯᠡᠯᠲᠡ᠂ ᠮᠤᠵᠢ ᠶᠢᠨ 313 ᠵᠠᠮ ᠤᠨ ᠮᠢᠩᠭᠠᠲᠤ ᠠᠴᠠ ᠰᠢᠨᠡᠪᠤᠯᠠᠭ ᠬᠦᠷᠬᠦ ᠵᠠᠰᠠᠮᠠᠯ ᠵᠠᠮ ᠤᠨ ᠳᠡᠰ ᠳᠡᠪᠰᠢᠭᠦᠯᠬᠦ ᠥᠭᠡᠷᠡᠴᠢᠯᠡᠯᠲᠡ᠂ ᠤᠯᠤᠰ ᠤᠨ 5511 ᠵᠠᠮ ᠤᠨ  ︽ᠨᠢᠭᠡ ᠶᠢ ᠥᠨᠳᠥᠷ ᠪᠣᠯᠭᠠᠬᠤ︾ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠤᠯᠤᠰ ᠤᠨ 5511 ᠵᠠᠮ ᠤᠨ ︽ᠨᠢᠭᠡ ᠶᠢ ᠥᠨᠳᠥᠷ ᠪᠣᠯᠭᠠᠬᠤ︾ ᠮᠢᠩᠭᠠᠲᠤ ᠪᠠᠯᠭᠠᠰᠣᠨ ᠤ ᠬᠤᠯᠪᠣᠬᠤ ᠵᠠᠮ ᠱᠤᠭᠤᠮ ᠢ ᠥᠭᠡᠷᠡᠴᠢᠯᠡᠬᠦ ᠪᠠ ᠮᠢᠩᠭᠠᠲᠤ ᠪᠠᠯᠭᠠᠰᠦ ᠶᠢᠨ ᠪᠠᠷᠠᠭᠤᠨ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠡᠷᠭᠡᠪᠡᠷ ᠡᠬᠢᠯᠡᠭᠦᠯᠬᠦ ᠪᠠᠷ ᠴᠢᠷᠮᠠᠶᠢᠨ᠎ᠠ︔ ᠵᠢᠨᠢᠩ ᠠᠴᠠ ᠰᠢᠯᠣᠭᠤᠨ ᠬᠦᠪᠡᠭᠡᠲᠦ ᠴᠠᠭᠠᠨ ᠬᠤᠰᠢᠭᠤ ᠪᠠᠷ ᠥᠩᠭᠡᠷᠡᠨ ᠴᠠᠩᠴᠦ᠋ᠨ ᠬᠦᠷᠬᠦ ᠲᠦᠷᠭᠡᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠤ ᠴᠢᠭᠯᠡᠭᠦᠯᠦᠨ᠂ ᠲᠡᠭᠡᠳᠦ ᠱᠠᠲᠤᠨ  ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ ᠬᠠᠮᠵᠢᠯᠴᠠᠨ᠎ᠠ᠃      ︵ᠳᠥᠷᠪᠡ︶  ᠬᠤᠳᠠ ᠬᠦᠳᠡᠭᠡ ᠶᠢᠨ ᠪᠣᠬᠢᠷᠳᠣᠯ ᠦᠭᠡᠢ ᠬᠦᠭᠵᠢᠯᠳᠠ ᠶᠢᠨ ᠣᠷᠣᠨ ᠵᠠᠢ ᠶᠢ ᠦᠷᠭᠡᠳᠭᠡᠨ᠎ᠡ      ᠨᠢᠭᠡ ᠳᠤ  ᠂ ᠠᠮᠢ ᠠᠬᠤᠢ ᠶᠢ ᠬᠠᠮᠠᠭᠠᠯᠠᠬᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠡᠯᠡᠰᠦᠷᠬᠡᠭ ᠭᠠᠵᠠᠷ ᠤᠨ ᠭᠤᠣᠯᠳᠠᠯᠭ᠎ᠠ ᠲᠠᠢ ᠬᠥᠨᠥᠭᠡᠯᠲᠦ ᠣᠷᠣᠨ ᠢ ᠵᠠᠰᠠᠬᠤ ᠵᠡᠷᠭᠡ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 4 ᠲᠦᠮᠡᠨ ᠮᠦ ᠣᠶ ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ 7.5 ᠲᠦᠮᠡᠨ ᠮᠦ ᠨᠤᠲᠤᠭ ᠪᠡᠯᠴᠢᠭᠡᠷ ᠢ ᠰᠡᠷᠭᠦᠭᠡᠬᠦ᠂ 5 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠢ ᠵᠠᠰᠠᠬᠤ ᠶᠢ ᠪᠡᠶᠡᠯᠡᠭᠦᠯᠦᠨ᠎ᠡ᠃ 5 ᠵᠠᠳᠠᠭᠠᠶ ᠠᠭᠤᠷᠬᠠᠶ ᠶᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ 3 ᠠᠭᠤᠷᠬᠠᠶ ᠶᠢ ᠪᠠᠶᠢᠭᠤᠯᠣᠨ᠎ᠠ᠃ 1.36 ᠲᠡᠭᠰᠢ ᠳᠥᠷᠪᠡᠯᠵᠢᠨ ᠺᠢᠯᠣᠮᠧᠲᠷ ᠦᠯᠡᠳᠡᠭᠳᠡᠯ ᠨᠦᠬᠡ ᠶᠢ ᠵᠠᠰᠠᠵᠤ᠂ ᠵᠢᠯ ᠤᠨ ᠳᠣᠲᠣᠷ᠎ᠠ ᠪᠦᠬᠦ ᠬᠤᠰᠢᠭᠤᠨ ᠤ ᠬᠠᠶᠠᠬᠳᠠᠮᠠᠯ ᠨᠦᠬᠡ ᠶᠢ ᠴᠡᠪᠡᠷᠯᠡᠬᠦ ᠬᠠᠷᠠᠯᠲᠠ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠣᠶ ᠰᠢᠭᠤᠶ   ᠤᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠭᠠᠵᠠᠷ ᠤᠨ ᠭᠠᠳᠠᠷᠭᠤ ᠶᠢ ᠬᠢᠨᠠᠨ ᠬᠡᠮᠵᠢᠬᠦ ᠶᠢ ᠥᠷᠨᠢᠭᠦᠯᠵᠦ᠂ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ︽ᠭᠤᠤᠯ ᠤᠨ ᠲᠠᠷᠤᠭ᠎ᠠ ᠶᠢᠨ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠪᠡᠯᠴᠢᠭᠡᠷ ᠤᠨ ᠪᠠᠭᠲᠠᠭᠠᠮᠵᠢ ᠶᠢ ᠴᠢᠩᠭ᠎ᠠ ᠬᠢᠵᠠᠭᠠᠷᠯᠠᠵᠤ᠂ ᠬᠠᠪᠤᠷ ᠤᠨ ᠤᠯᠠᠷᠢᠯ ᠤᠨ ᠬᠠᠰᠢᠶᠠᠯᠠᠨ ᠮᠠᠯᠵᠢᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠪᠠ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠠᠭᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠣᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠭᠦᠴᠦᠲᠠᠢ ᠴᠣᠬᠢᠯᠲᠠ ᠥᠭᠭᠦᠨ᠎ᠡ᠃       ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢ ᠰᠠᠶᠢᠲᠤᠷ ᠬᠢᠨ᠎ᠠ᠃ ᠭᠤᠣᠯᠳᠠᠯᠭ᠎ᠠ  ᠲᠠᠢ ᠠᠭᠠᠷ ᠤᠨ ᠪᠣᠬᠢᠷᠲᠤᠯ ᠤᠨ ᠡᠬᠢ ᠰᠤᠷᠪᠤᠯᠵᠢ ᠳᠤ ᠠᠦ᠋ᠲ᠋ᠣᠴᠢᠯᠠᠬᠰᠠᠨ ᠬᠢᠨᠠᠨ ᠡᠵᠡᠮᠰᠢᠬᠦ ᠰᠢᠰᠲ᠋ᠧᠮ ᠢ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠨ ᠤ ᠬᠤᠰᠢᠭᠤᠨ ᠤ ᠠᠭᠠᠷ ᠤᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠮᠢᠩᠭᠠᠲᠤ ᠪᠠᠯᠭᠠᠰᠤᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠪᠠ ᠵᠠᠪᠰᠠᠷ ᠤᠨ ᠤᠰᠤ ᠶᠢ ᠠᠰᠢᠭᠯᠠᠬᠤ ᠨᠣᠷᠮ᠎ᠠ ᠶᠢ ᠣᠯᠠᠮ ᠳᠡᠭᠡᠭᠰᠢᠯᠡᠭᠦᠯᠵᠦ᠂ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠭᠠᠳᠠᠬᠰᠢᠯᠠᠭᠤᠯᠣᠯᠳᠠ ᠶᠢ ᠪᠠᠷᠢᠮᠵᠢᠶᠠᠨ ᠳᠤ ᠬᠦᠷᠦᠭᠦᠯᠬᠦ ᠶᠢ ᠪᠠᠲᠤᠯᠠᠨ᠎ᠠ᠃ ᠠᠶᠤᠯ ᠲᠠᠢ ᠬᠦᠨᠳᠦ ᠨᠣᠴᠢᠲᠠᠶ ᠦᠯᠡᠳᠡᠭᠳᠡᠯ ᠠᠭᠤᠷᠬᠠᠢ ᠤᠨ ᠬᠥᠮᠥᠷᠭᠡ ᠲᠠᠢ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠢᠨᠠᠨ ᠬᠡᠮᠵᠢᠵᠦ ᠬᠠᠮᠢᠶᠠᠷᠬᠤ ᠡᠷᠴᠢᠮ ᠢᠶᠠᠨ ᠨᠡᠮᠡᠭᠳᠡᠭᠦᠯᠵᠦ᠂ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢᠨ ᠭᠡᠮ ᠰᠣᠭᠤᠭ ᠢ ᠠᠷᠢᠯᠭᠠᠨ᠎ᠠ᠃ ᠡᠪᠡᠳᠴᠢᠨ ᠢᠶᠠᠷ ᠥᠭᠦᠭᠰᠡᠨ ᠮᠠᠯ ᠢ ᠬᠤᠣᠷᠳᠠᠯ ᠥᠬᠡᠶ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠪᠣᠷᠲᠣᠭᠤᠷ ᠣᠷᠣᠭᠤᠯᠬᠤ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠦᠯᠡᠳᠡᠭᠳᠡᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠶᠢ ᠳᠡᠯᠭᠡᠷᠡᠭᠦᠯᠵᠦ᠂ ᠲᠠᠷᠢᠶᠠᠯᠠᠩ ᠤᠨ ᠪᠣᠬᠢᠷᠲᠤᠯ ᠤᠨ ᠡᠬᠢ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠲᠥᠪ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠤᠭᠲᠤᠬᠤ ᠪᠡᠯᠡᠳᠬᠡᠯ ᠢ ᠰᠠᠶᠢᠲᠤᠷ ᠬᠢᠨ᠎ᠡ᠃        ︵ᠲᠠᠪᠤ︶ ᠠᠷᠠᠳ ᠤᠨ ᠠᠮᠢᠳᠣᠷᠠᠯ ᠢ ᠰᠠᠶᠢᠵᠢᠷᠠᠭᠤᠯᠵᠦ ᠠᠷᠠᠳ ᠤᠨ ᠵᠣᠯ ᠵᠢᠷᠭᠠᠯᠲᠦ ᠬᠦᠷᠳᠡᠮᠵᠢ ᠶᠢ ᠨᠡᠮᠡᠭᠳᠡᠭᠦᠯᠦᠨ᠎ᠡ        ᠨᠢᠭᠡ ᠳᠤ᠂ ᠠᠳᠠᠯ ᠦᠢᠯᠡᠰ ᠴᠣᠭᠴᠠᠯᠠᠬᠤ ᠪᠠ ᠠᠵᠢᠯ ᠣᠯᠭᠤᠬᠤ ᠶᠢ ᠶᠡᠬᠡᠪᠡᠷ ᠲᠡᠳᠬᠦᠨ᠎ᠡ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠲᠡᠭᠡᠲᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠬᠤᠲᠠ ᠪᠠᠯᠭᠠᠰᠤᠨ ᠤ ᠠᠮᠢᠳᠤᠯᠢᠭ ᠢᠶᠠᠷ ᠠᠵᠢᠯ ᠣᠯᠤᠭᠰᠠᠳ ᠢ ᠦᠷᠭᠦᠯᠵᠢᠯᠡᠨ ᠠᠩᠬᠠᠷᠴᠤ᠂ ᠶᠡᠭᠡ ᠲᠡᠭᠡᠲᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠤᠨ ᠠᠵᠢᠯ ᠣᠯᠬᠤ ᠦᠢᠯᠡᠰ ᠪᠣᠰᠬᠠᠬᠤ ᠶᠢ ᠠᠬᠢᠭᠤᠯᠬᠤ᠂ ᠠᠵᠢᠯ ᠣᠯᠬᠤ ᠳᠤ ᠬᠦᠴᠢᠷᠲᠡᠢ ᠬᠥᠮᠦᠰ ᠢ ᠣᠨᠣᠪᠴᠢᠲᠠᠢ ᠬᠠᠪᠰᠤᠷᠤᠨ ᠲᠡᠳᠬᠦᠬᠦ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠵᠣᠯᠭᠠᠭᠤᠯᠬᠤ ᠦᠢᠯᠡᠴᠢᠯᠡᠭᠡ᠂ ᠴᠡᠷᠢᠭ ᠠᠴᠠ ᠬᠠᠯᠠᠭᠳᠠᠭᠰᠠᠳ  ᠤᠨ ᠪᠡᠶ᠎ᠡ ᠪᠠᠨ ᠳᠠᠭᠠᠭᠠᠵᠤ ᠠᠵᠢᠯ ᠣᠯᠬᠤ ᠶᠢ ᠬᠠᠪᠰᠤᠷᠤᠨ ᠲᠡᠳᠬᠦᠬᠦ ᠵᠡᠷᠭᠡ ᠲᠤᠰᠬᠠᠢ ᠲᠥᠷᠥᠯ ᠤᠨ ᠠᠵᠢᠯᠯᠠᠭ᠎ᠠ  ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯᠳᠠᠯᠭ᠎ᠠ  ᠲᠠᠢ ᠬᠥᠮᠦᠰ ᠲᠤ ᠲᠣᠭᠲᠠᠭᠤᠨ ᠢᠶᠠᠷ ᠠᠵᠢᠯ ᠣᠯᠭᠤᠬᠤ ᠶᠢ ᠠᠬᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ  ᠤ 500 ᠬᠥᠮᠦᠨ ᠳᠤ ᠰᠢᠨ᠎ᠡ ᠪᠠᠷ ᠠᠵᠢᠯ ᠣᠯᠭᠤᠬᠤ᠂ 1900 ᠬᠥᠮᠦᠨ ᠶᠢ ᠰᠢᠯᠵᠢᠭᠦᠯᠦᠨ ᠠᠵᠢᠯ ᠣᠯᠭᠤᠬᠤ᠂ ᠠᠵᠢᠯ ᠮᠡᠷᠭᠡᠵᠢᠯ ᠤᠨ ᠪᠣᠯᠪᠠᠰᠤᠷᠠᠯ ᠢ 520 ᠬᠥᠮᠦᠨ ᠤᠳᠠᠭ᠎ᠠ ᠳᠤ ᠬᠦᠷᠭᠡᠵᠦ᠂ ᠠᠵᠢᠯ ᠣᠯᠭᠤᠬᠤ ᠪᠠᠲᠤᠯᠠᠭᠠᠲᠤ ᠵᠢᠭᠡᠯᠡᠯᠭᠡ ᠶᠢ 1300 ᠲᠦᠮᠡᠨ ᠲᠥᠭᠦᠷᠢᠭ ᠲᠠᠷᠬᠠᠭᠠᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5%   ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ᠃       ᠬᠤᠶᠠᠷ ᠲᠤ᠂ ᠰᠤᠷᠭᠠᠨ ᠬᠥᠮᠦᠵᠢᠯ ᠤᠨ ᠠᠵᠢᠯ ᠢ ᠳᠣᠪᠣᠶᠢᠮ᠎ᠠ ᠠᠳᠬᠤᠨ᠎ᠠ᠃ ᠰᠤᠷᠭᠠᠭᠤᠯᠢ ᠶᠢᠨ ᠪᠠᠭᠰᠢ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠬᠢᠭᠡᠳ ᠬᠢᠲᠠᠳ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ︽ᠨᠢᠭᠡ  ᠳᠤ ᠨᠢᠭᠡ︾ ᠶᠢ ᠬᠠᠪᠰᠣᠷᠣᠨ ᠲᠡᠳᠬᠦᠬᠦ ᠲᠣᠭᠲᠠᠴᠠ ᠶᠢ ᠪᠠᠶᠢᠭᠤᠯᠣᠨ᠂ ᠪᠠᠭᠰᠢ ᠨᠠᠷ ᠤᠨ︽ᠨᠢᠭᠡ ᠳᠤ ᠨᠢᠭᠡ︾ ᠶᠢ ᠬᠠᠪᠰᠤᠷᠤᠨ ᠲᠡᠳᠬᠦᠬᠦ ᠵᠡᠷᠭᠡ ᠳᠦᠷᠢᠮ ᠢ ᠪᠠᠶᠢᠭᠤᠯᠵᠤ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠤᠯᠤᠰ ᠤᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠣᠭᠲᠠᠭᠤᠨ ᠢᠶᠠᠷ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠠᠭᠰᠢ ᠶᠢᠨ ᠠᠵᠢᠯ ᠤᠨ ᠪᠠᠶᠢᠷᠢ ᠶᠢᠨ ᠡᠭᠡᠯᠵᠢᠯᠡᠨ ᠪᠣᠯᠪᠠᠰᠣᠷᠠᠭᠤᠯᠬᠤ᠂ ᠲᠣᠭᠤᠷᠢᠨ ᠦᠵᠡᠵᠦ ᠠᠳᠠᠯᠢᠳᠬᠠᠨ ᠰᠢᠯᠭᠠᠷᠠᠭᠤᠯᠬᠤ᠂ ᠰᠣᠯᠢᠯᠴᠠᠨ ᠰᠤᠷᠤᠯᠴᠠᠬᠤ ᠵᠡᠷᠭᠡ ᠠᠵᠢᠯᠯᠠᠭ᠎ᠠ ᠶᠢ ᠦᠷᠨᠢᠭᠦᠯᠵᠦ᠂ ᠪᠠᠭᠰᠢ  ᠶᠢᠨ ᠮᠡᠷᠭᠡᠵᠢᠯ ᠤᠨ ᠴᠣᠯᠠ ᠲᠣᠭᠲᠠᠭᠠᠬᠤ ᠤᠷᠢᠬᠤ᠂ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ᠂ ᠬᠢᠷᠢ ᠬᠡᠮ ᠢ ᠲᠣᠭᠲᠠᠭᠠᠬᠤ ᠠᠵᠢᠯ ᠢ ᠢᠳᠡᠪᠬᠢᠲᠡᠶ ᠬᠢᠨ᠎ᠠ᠃ ᠪᠠᠷᠢᠮᠵᠢᠶᠠᠵᠢᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠦᠬᠡᠳ ᠤᠨ ᠴᠡᠴᠡᠷᠯᠢᠭ ᠪᠠ ᠮᠢᠩᠭᠠᠲᠤ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠢ ᠠᠰᠢᠭᠯᠠᠯᠲᠠ ᠳᠤ ᠣᠷᠣᠭᠤᠯᠤᠨ᠎ᠠ᠃        ᠭᠤᠷᠪᠠ ᠳᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡᠨ  ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ  ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠤᠨ᠂ ᠣᠲᠣ ᠦᠶ᠎ᠡ ᠶᠢᠨ ᠡᠮᠨᠡᠯᠭᠡ  ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ  ᠤᠨ ᠰᠢᠰᠲ᠋ᠧᠮ ᠢᠶᠠᠷ ᠢᠶᠠᠨ ᠲᠤᠰᠠᠯᠠᠬᠤ ᠵᠡᠷᠭᠡ ᠠᠵᠢᠯ ᠢ ᠭᠦᠨᠵᠡᠭᠡᠶ ᠠᠬᠢᠭᠤᠯᠵᠤ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠲᠤᠰᠬᠠᠶ ᠮᠡᠷᠭᠡᠵᠢᠯᠲᠡᠨ ᠣᠨᠣᠰᠢᠯᠠᠬᠤ ᠪᠠ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠣᠨᠣᠰᠢᠯᠠᠨ ᠡᠮᠨᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠰᠢᠭᠤᠨ ᠤ ᠬᠡᠪᠴᠢᠶᠡᠨ ᠳᠠᠬᠢ ᠡᠪᠡᠳᠴᠢᠨ ᠦᠵᠡᠵᠦ ᠣᠨᠣᠰᠢᠯᠠᠬᠤ ᠨᠣᠷᠮ᠎ᠠ ᠪᠠ  ᠡᠳᠡᠭᠡᠷᠡᠭᠦ ᠨᠣᠷᠮ᠎ᠠ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠬᠦ ᠪᠠ ᠭᠤᠤᠯᠳᠠᠯᠭ᠎ᠠ ᠲᠠᠢ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠣᠳᠠᠭᠠᠨ ᠴᠢᠨᠠᠷᠲᠠᠢ ᠡᠪᠡᠳᠴᠢᠨ᠂ ᠨᠠᠰᠣᠵᠢᠯ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠶᠯᠡᠴᠢᠯᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠣᠯᠠᠨ ᠨᠡᠶᠢᠲᠡ  ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠲᠡᠩᠴᠡᠭᠦᠷᠢᠰᠢᠭᠦᠯᠬᠦ ᠶᠢ ᠦᠷᠭᠦᠯᠵᠢᠯᠡᠨ ᠠᠬᠢᠭᠤᠯᠵᠤ᠂ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠨᠥᠬᠦᠴᠡᠯ ᠢ ᠲᠠᠰᠤᠷᠠᠯᠲᠠ ᠤᠢᠭᠡᠢ ᠰᠠᠶᠢᠵᠢᠷᠠᠭᠤᠯᠤᠨ᠂ ᠮᠣᠩᠭᠤᠯ ᠡᠮᠨᠡᠯᠭᠡ ᠶᠢᠨ ᠬᠤᠷᠢᠶ᠎ᠠ ᠪᠠ ᠵᠡᠮᠳᠡᠭᠴᠦᠳ ᠢ ᠨᠠᠶᠢᠳᠠᠵᠤ ᠠᠰᠠᠷᠠᠭᠤᠯᠬᠤ ᠲᠥᠪ ᠲᠤ ᠰᠠᠭᠤᠯᠭᠠᠬᠤ ᠶᠢ ᠪᠠᠳᠣᠯᠠᠨ᠎ᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠠᠢ ᠥᠷᠨᠢᠭᠦᠯᠵᠦ᠂ ᠡᠷᠡᠭᠦᠯ ᠴᠢᠭᠢᠷᠠᠭ ᠢ ᠠᠬᠢᠭᠤᠯᠬᠤ ᠬᠦᠮᠦᠵᠢᠯ ᠢ ᠴᠢᠩᠭᠠᠳᠬᠠᠵᠤ᠂ ᠠᠷᠠᠳ ᠣᠯᠠᠨ ᠤ ᠡᠷᠡᠭᠦᠯ ᠴᠢᠬᠢᠷᠠᠭ ᠤᠨ ᠬᠡᠪ  ᠴᠢᠨᠠᠷ ᠢ ᠳᠡᠭᠡᠭᠰᠢᠯᠡᠭᠦᠯᠦᠨ᠎ᠡ᠃        ᠳᠥᠷᠪᠡ ᠳᠤ᠂ ᠨᠡᠶᠢᠭᠡᠮ ᠤᠨ ᠦᠨᠳᠦᠰᠦᠨ ᠵᠦᠶᠯ ᠢ ᠪᠠᠲᠤᠯᠠᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠲᠤᠰᠢᠶᠠᠭᠠᠳᠤᠶ ᠦᠯᠡᠳᠡᠭᠳᠡᠯ ᠠᠰᠠᠭᠤᠳᠠᠯ ᠢ ᠡᠮᠬᠢ ᠲᠢᠭᠯᠢᠮ ᠲᠠᠢ ᠰᠢᠶᠳᠪᠦᠷᠢᠯᠡᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠣᠨᠣᠪᠴᠢᠲᠠᠢ ᠦᠷᠭᠡᠳᠭᠡᠨ᠎ᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠥᠨᠳᠥᠷ ᠨᠠᠰᠤᠨ ᠤ ᠨᠥᠬᠦᠪᠥᠷᠢ᠂ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠶ ᠤᠶᠤᠲᠠᠳ ᠢ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠡᠯ᠎ᠡ ᠵᠦᠶᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ  ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠮᠠᠯᠵᠢᠬᠤ ᠣᠷᠣᠨ ᠤ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠨᠠᠰᠤᠵᠢᠯ ᠤᠨ ᠨᠡᠶᠢᠲᠡ ᠶᠢᠨ ᠪᠠᠶᠢᠷᠢ ᠪᠠ ᠣᠷᠣᠨ ᠪᠦᠰᠡ ᠶᠢᠨ ᠴᠢᠨᠠᠷᠲᠠᠶ ᠨᠠᠰᠤᠲᠠᠨ ᠢ ᠠᠰᠠᠷᠠᠬᠤ ᠬᠦᠷᠢᠶᠡᠯᠡᠩ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠦ᠂ ᠠᠮᠢ ᠠᠬᠤᠢ ᠶᠢᠨ ᠨᠡᠶᠢᠳᠡ ᠶᠢᠨ ᠣᠩᠭᠤᠨ᠂ ᠣᠷᠣᠰᠢᠭᠤᠯᠭ᠎ᠠ ᠶᠢᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠰᠢᠬᠯᠠᠯᠳᠠ ᠳᠤ ᠣᠷᠣᠬᠤ ᠶᠢ  ᠪᠠᠳᠣᠯᠠᠨ᠎ᠠ᠃       ᠲᠠᠪᠤ ᠳᠤ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠳᠭᠡᠨ ᠬᠥᠭᠵᠢᠭᠦᠯᠦᠨ᠎ᠡ᠃ ᠪᠦᠬᠦ ᠬᠤᠰᠢᠭᠤᠨ ᠤ 61 ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠳᠠᠩᠰᠠᠯᠠᠬᠤ ᠪᠠ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠣᠯᠠᠨ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ ᠪᠠ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂  ᠪᠡᠶ᠎ᠡ ᠲᠠᠮᠢᠷ ᠤᠨ ᠤᠷᠤᠯᠳᠤᠭᠠᠨ᠂ ᠰᠢ ᠵᠦᠴᠦᠭᠡ ᠶᠢ ᠬᠥᠳᠡᠭᠡ ᠬᠦᠷᠭᠡᠬᠦ᠂ ᠨᠣᠮ ᠣᠩᠰᠢᠬᠤ ᠶᠢ ᠰᠠᠨᠠᠭᠠᠴᠢᠯᠠᠬᠤ ᠵᠡᠷᠭᠡ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠦ᠂ ᠠᠷᠠᠳ ᠣᠯᠠᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠪᠡᠶ᠎ᠡ ᠲᠠᠮᠢᠷ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠣᠶᠣᠯ ᠪᠡᠶ᠎ᠡ ᠲᠠᠮᠢᠷ ᠤᠨ ᠲᠠᠯᠠᠪᠠᠶ ᠶᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠣᠯᠠᠭᠠᠨᠮᠦ᠋ᠴᠢᠷ ᠤᠨ ︽ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠲᠦ ᠴᠡᠷᠢᠭ︾ ᠤᠨ ᠢᠷᠠᠭᠤ ᠠᠯᠳᠠᠷᠲᠦ ᠣᠯᠠᠮᠵᠢᠯᠠᠯ ᠢ ᠦᠷᠭᠦᠯᠵᠢᠯᠠᠨ ᠪᠠᠳᠠᠷᠠᠭᠤᠯᠵᠦ᠂ ᠨᠡᠩ ᠠᠷᠪᠢᠨ ᠰᠣᠳᠣᠨ ᠣᠷᠠᠯᠢᠭ ᠤᠨ ᠪᠦᠳᠦᠭᠡᠯ ᠡᠭᠦᠳᠬᠦ  ᠪᠠᠷ ᠴᠢᠷᠮᠠᠶᠢᠨ᠎ᠠ᠃       ︵ᠵᠢᠷᠭᠤᠭ᠎ᠠ︶  ᠣᠮᠠᠷᠠᠲᠦ ᠬᠢᠯᠢ ᠶᠢᠨ ᠠᠮᠣᠷ ᠲᠣᠬᠳᠠᠭᠤᠨ ᠬᠠᠯᠠᠬᠪᠴᠢ ᠶᠢ ᠪᠠᠶᠢᠭᠤᠯᠣᠨ᠎ᠠ       ᠨᠢᠭᠡ ᠳᠤ᠂ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ  ᠴᠢᠩᠭᠠᠳᠬᠠᠨ᠎ᠠ᠃ ᠶᠡᠷᠦᠩᠬᠡᠢ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠠᠷᠢᠨ ᠬᠢᠨᠠᠮᠠᠭᠠᠢ ᠬᠠᠷᠢᠴᠠᠭᠤᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠮᠢᠶ᠎ᠠ ᠪᠦᠬᠦᠢ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠪᠠ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠢ ᠨᠡᠶᠢᠭᠡᠮ ᠵᠢᠷᠣᠮᠳᠣ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠵᠤ᠂ ᠡᠶ᠎ᠡ ᠵᠣᠬᠢᠴᠠᠯ ᠲᠣᠭᠲᠠᠭᠤᠨ ᠤ ᠶᠡᠭᠡ ᠰᠠᠶᠢᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠨ᠎ᠠ᠃       ᠬᠤᠶᠠᠷ ᠲᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠢ ᠰᠠᠶᠢᠲᠤᠷ ᠠᠳᠬᠤᠨ᠎ᠠ᠃  ᠪᠠᠶᠢᠩᠭᠤᠵᠢᠬᠰᠠᠨ ᠣᠨᠣᠪᠴᠢᠲᠠᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ  ︾  ﹇16﹈ ᠶᠢ  ᠪᠣᠳᠠᠲᠠᠶᠢᠵᠢᠭᠤᠯᠤᠨ᠂ ︽1 + 8 + N  ︾ ﹇17﹈᠂ ︽ᠲᠠᠪᠤᠨ ᠪᠠᠶᠢᠬᠤ ᠨᠢᠭᠡ ᠲᠣᠣᠷᠵᠢᠯᠳᠠ  ︾ ﹇18﹈ ᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠬᠦ ᠠᠵᠢᠯ ᠢ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠬᠦᠮᠦᠨ ᠪᠣᠳᠠᠰ  ᠢ ᠵᠡᠷᠭᠡᠪᠡᠷ ᠰᠡᠷᠭᠡᠶᠢᠯᠡᠬᠦ᠂ ᠬᠠᠷᠢᠭᠤ ᠲᠣᠰᠬᠠᠬᠤ ᠬᠠᠮᠢᠶᠠᠷᠣᠯᠳᠠ ᠶᠢ ᠪᠠᠷᠢᠮᠳᠠᠯᠠᠵᠦ᠂ ︽ᠳᠥᠷᠪᠡᠨ ᠡᠷᠳᠡ︾ ﹇19﹈  ᠶᠢᠨ ᠱᠠᠭᠠᠷᠳᠠᠯᠭ᠎ᠠ ᠶᠢ ᠴᠢᠩᠭ᠎ᠠ ᠵᠢᠷᠣᠮᠯᠠᠨ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠬᠠᠮᠢᠶ᠎ᠠ ᠪᠥᠬᠦᠶ ᠡᠳ᠋ ᠪᠣᠳᠠᠰ ᠢ ᠵᠢᠭᠰᠠᠭᠠᠨ ᠪᠠᠶᠢᠴᠠᠭᠠᠵᠦ᠂ ᠬᠢᠵᠢᠭ ᠲᠡᠯᠭᠡᠷᠠᠨ ᠦᠷᠪᠢᠰᠬᠦ ᠶᠢ ᠴᠢᠩᠭ᠎ᠠ ᠰᠡᠷᠭᠡᠶᠢᠯᠡᠨ᠎ᠡ᠃ ᠡᠮᠨᠡᠬᠦ ᠰᠡᠷᠭᠡᠶᠢᠯᠡᠬᠦ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠸᠠᠺᠼᠢᠨ ᠤ ᠲᠠᠷᠢᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠢᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠯᠭᠠᠨ ᠪᠠᠶᠢᠴᠠᠭᠠᠵᠤ ᠬᠡᠮᠵᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠪᠡ ᠡᠵᠡᠮᠳᠡᠬᠦ ᠶᠢ  ᠪᠠᠳᠣᠯᠠᠨ᠎ᠠ᠃       ᠭᠤᠷᠪᠠ ᠳᠤ᠂ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠣᠯᠠᠮ ᠪᠠᠬᠢᠵᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠬᠠᠤᠯᠢ ᠪᠠᠷ ᠴᠢᠩᠭ᠎ᠠ ᠴᠣᠬᠢᠯᠲᠠ ᠥᠭᠭᠦᠨ᠎ᠡ᠃ ᠰᠢᠤᠸᠠᠢ ᠯᠢᠶᠠᠩ ᠢᠨᠵᠧᠨᠧᠷᠢᠩ᠂ ᠡᠯᠧᠺᠲᠷᠦᠨ ᠴᠠᠭᠳᠠᠭᠠᠨ ᠤ ᠰᠢᠰᠲ᠋ᠧᠮ ᠵᠡᠷᠭᠡ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠰᠢᠩ ᠶᠣᠣ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠤᠯᠠᠭᠠᠨᠴᠠᠪ ᠤᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠪᠠᠳᠣᠯᠠᠵᠦ᠂ ︽ᠹᠧᠩ ᠴᠢᠶᠣᠤ ᠮᠠᠶ᠋ᠢᠭ ᠤᠨ ᠲᠣᠮᠢᠯᠠᠭᠰᠠᠨ ᠰᠠᠯᠪᠤᠷᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠭᠤᠷᠪᠠᠨ ᠵᠢᠯ ᠤᠨ ᠰᠢᠪᠳᠣᠯᠣᠯᠳᠠ ᠶᠢᠨ ᠲᠣᠰᠬᠠᠢ ᠲᠦᠷᠦᠯ ᠤᠨ ᠠᠵᠢᠯᠯᠠᠭ᠎ᠠ ᠶᠢ ᠢᠳᠡᠪᠬᠢᠲᠠᠢ ᠥᠷᠨᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠪᠠᠷ ᠰᠢᠢᠳᠪᠦᠷᠢᠯᠡᠨ᠎ᠡ᠃ ︽ᠣᠶᠤᠨᠴᠢ ᠨᠡᠶᠢᠭᠡᠮ ᠲᠣᠭᠤᠷᠢᠭ︾᠂ ︽ᠣᠶᠤᠨᠴᠢ ᠳᠣᠲᠣᠭᠠᠳᠤ ᠶᠢ ᠬᠠᠮᠠᠭᠠᠯᠠᠬᠤ  ︾᠂  ︽ᠣᠶᠤᠨᠴᠢ ᠬᠠᠤᠯᠢ ᠴᠠᠭᠠᠵᠠ︾ ᠶᠢᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ︽ᠬᠤᠶᠠᠷ ᠭᠠᠵᠠᠷ ᠨᠢᠭᠡ ᠲᠢᠩᠬᠢᠮ︾ ﹇20﹈ ᠤᠨ ᠬᠤᠯᠪᠣᠭᠠᠯᠠᠨ ᠰᠡᠷᠭᠡᠶᠢᠯᠡᠵᠦ ᠲᠣᠬᠢᠷᠠᠭᠤᠯᠬᠤ ᠠᠵᠢᠯ ᠤᠨ ᠲᠣᠭᠲᠠᠴᠠ ᠶᠢ ᠢᠳᠡᠪᠬᠢᠲᠡᠶ ᠳᠡᠯᠭᠡᠷᠡᠭᠦᠯᠵᠦ᠂ ᠨᠡᠶᠢᠭᠡᠮ ᠲᠣᠭᠤᠷᠢᠭ ᠤᠨ ᠲᠣᠤᠷᠵᠢᠭᠰᠠᠨ ᠬᠠᠮᠢᠶᠠᠷᠤᠯᠲᠠ ᠶᠢ ᠶᠡᠭᠡ ᠪᠠᠷ ᠠᠬᠢᠭᠤᠯᠵᠤ᠂ ᠣᠯᠠᠨ ᠢᠶᠠᠷ ᠢᠶᠠᠨ ᠰᠡᠷᠭᠡᠶᠢᠯᠡᠨ ᠵᠠᠰᠠᠬᠤ ᠂ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠬᠤ ᠲᠤᠰᠬᠠᠶ ᠵᠦᠢᠯ ᠤᠨ ᠪᠠᠶᠢᠴᠠᠭᠠᠯᠲᠠ᠂ ᠠᠵᠤ ᠠᠬᠤᠶᠢᠯᠠᠯ  ᠤᠨ ᠬᠥᠳᠡᠯᠮᠦᠷᠢ ᠬᠦᠴᠦᠨ ᠬᠡᠷᠡᠭᠯᠡᠬᠦ ᠲᠤᠰᠬᠠᠶ ᠵᠦᠢᠯ ᠤᠨ ᠪᠠᠶᠢᠴᠠᠭᠠᠯᠲᠠ ᠵᠡᠷᠭᠡ ᠡᠷᠬᠡ ᠠᠰᠢᠭ ᠢ ᠬᠠᠮᠠᠭᠠᠯᠠᠬᠤ ᠲᠤᠰᠬᠠᠶ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠬᠥᠳᠡᠯᠮᠦᠷᠢ ᠬᠦᠴᠦᠨ ᠬᠡᠷᠡᠭᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠤᠨ᠎ᠠ᠃       ᠳᠥᠷᠪᠡ ᠳᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠨ᠎ᠠ᠃  ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠣᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠤᠨ᠂ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠠᠳᠬᠤᠵᠤ᠂ ᠠᠶᠣᠯᠭᠦᠢ ᠦᠢᠯᠡᠳᠪᠦᠷᠢᠯᠡᠯ  ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠣᠭᠤᠷᠢᠨ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠲᠥᠷᠥᠯ ᠵᠦᠶᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠶᠢ ᠠᠬᠢᠭᠤᠯᠵᠤ ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠠᠯ ᠤᠨᠲᠠᠷᠠᠭᠠᠬᠤ ᠥᠷᠲᠡᠭᠡ᠂ ᠪᠣᠯᠪᠠᠰᠤᠷᠠᠯ ᠤᠨ ᠲᠠᠯᠠᠪᠠᠶ ᠶᠢᠨ ᠪᠠᠶᠢᠭᠤᠯᠤᠯᠲᠠ ᠶᠢᠨ ᠲᠥᠷᠥᠯ ᠵᠦᠶᠯ ᠵᠢᠴᠢ ᠢᠵᠢ ᠪᠥᠷᠢᠳᠦᠭᠰᠡᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ  ᠪᠠᠷ ᠴᠢᠷᠮᠠᠶᠢᠨ᠎ᠠ᠃ ᠠᠮᠤ ᠪᠤᠳᠠᠭᠠᠨ ᠤ ᠠᠶᠣᠯᠭᠦᠢ ᠶᠢ ᠴᠢᠩᠭᠠᠷᠠᠭᠤᠯᠤᠨ᠂ ᠢᠳᠡᠭᠡᠨ ᠪᠠ ᠡᠮ ᠤᠨ ᠵᠦᠢᠯ ᠤᠨ ᠠᠮᠣᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠠᠷᠠᠳ ᠣᠯᠠᠨ ᠤ  ᠢᠳᠡᠭᠡᠨ ᠤᠮᠳᠠᠭᠠᠨ ᠤ ᠠᠶᠣᠯᠭᠦᠢ   ᠶᠢ ᠪᠠᠲᠤᠯᠠᠨ᠎ᠠ᠃       ︵ᠳᠣᠯᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ       ᠨᠢᠭᠡ ᠳᠤ᠂ ᠪᠣᠳᠠᠲᠠᠢ ᠠᠵᠢᠯᠯᠠᠵᠤ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠠᠵᠢᠯᠯᠠᠨ ᠦᠷ᠎ᠡ ᠪᠦᠲᠦᠮᠵᠢ ᠭᠠᠷᠭᠠᠬᠤ ᠰᠢᠯᠢᠳᠡᠭ ᠰᠤᠷᠲᠠᠯ ᠢ ᠰᠠᠨᠠᠭᠠᠴᠢᠯᠠᠵᠤ᠂ ᠺᠠᠳ᠋ᠷᠴᠤᠳ ᠤᠨ ᠬᠦᠴᠢᠷ ᠪᠡᠷᠬᠡᠰᠢᠶᠡᠯ ᠳᠤ ᠬᠠᠨᠳᠤᠨ ᠵᠣᠷᠢᠭᠲᠠᠢ ᠲᠡᠮᠡᠴᠡᠬᠦ ᠶᠢ ᠵᠣᠷᠢᠬᠵᠢᠭᠤᠯᠵᠦ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠬᠠᠷᠠᠯᠲᠠᠲᠤ ᠬᠠᠮᠢᠶᠠᠷᠤᠯᠲᠠ᠂ ᠬᠠᠷᠢᠭᠤ ᠲᠣᠰᠬᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠠᠵᠢᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠷᠮᠠᠰᠢᠭᠤᠯᠤᠨ ᠵᠢᠯᠣᠭᠤᠳᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ᠂ ᠵᠠᠯᠠᠷᠠᠭᠤᠯᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠵᠣᠷᠢᠭᠲᠠᠢ ᠪᠦᠭᠡᠳ ᠴᠢᠳᠠᠮᠠᠭᠠᠢ ᠬᠢᠵᠦ᠂ ᠠᠵᠢᠯ ᠶᠠᠪᠣᠳᠠᠯ ᠬᠢᠭᠰᠡᠳ ᠲᠤ  ᠲᠦᠰᠢᠭ ᠪᠣᠯᠣᠨ᠎ᠠ᠃       ᠬᠤᠶᠠᠷ ᠲᠤ᠂ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠎ᠠ᠃  ᠨᠡᠮ ᠤᠨ ᠲᠡᠦᠭᠡ ᠶᠢᠨ ᠰᠣᠷᠣᠯᠴᠠᠯᠭ᠎ᠠ ᠬᠦᠮᠦᠵᠢᠯ ᠢ ᠯᠠᠪᠳᠠᠭᠤᠨ ᠪᠠᠳᠣᠲᠠᠢ ᠦᠷᠨᠢᠭᠦᠯᠵᠦ᠂ ᠵᠣᠷᠢᠯᠳᠠ ᠶᠢᠨ ᠣᠬᠠᠮᠰᠠᠷ ᠢ ᠪᠠᠳᠣ ᠪᠣᠢ ᠪᠣᠯᠭᠠᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ᠃ ᠵᠠᠰᠠᠭ ᠤᠨ ᠶᠠᠪᠤᠳᠠᠯ ᠢ ᠠᠷᠠᠳ  ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ  ᠶᠢ ᠪᠠᠷᠢᠮᠲᠠᠯᠠᠨ᠂  ᠦᠨᠳᠦᠰᠦᠨ ᠱᠠᠳᠣ ᠪᠠ ᠣᠯᠠᠨ ᠲᠦᠮᠡᠨ ᠤ ᠳᠤᠮᠳᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠤ ᠪᠠᠶᠢᠳᠠᠯ ᠢ ᠣᠶᠢᠯᠠᠭᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠬᠦᠰᠡᠯ ᠡᠷᠡᠮᠡᠯᠵᠡᠯ ᠢ ᠰᠢᠢᠳᠪᠦᠷᠢᠯᠡᠨ᠂ ᠨᠡᠩ ᠤᠯᠠᠨ ᠤᠶᠤᠨ ᠴᠢᠳᠠᠯ ᠪᠠ ᠡᠳ᠋ ᠶᠢᠨ ᠭᠦᠴᠦ ᠪᠠᠨ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠣᠷᠣᠭᠤᠯᠵᠤ᠂ ᠵᠠᠰᠠᠭ ᠤᠨ ᠣᠷᠳᠣᠨ ᠤ ᠠᠵᠢᠯ ᠢ ᠨᠡᠩ ᠪᠣᠳᠠᠲᠠᠶ ᠪᠠᠷ ᠠᠷᠠᠳ ᠤᠨ ᠰᠠᠨᠠᠭᠠᠨ ᠳᠤ  ᠨᠡᠶᠢᠴᠡᠭᠦᠯᠦᠨ᠎ᠡ᠃        ᠭᠤᠷᠪᠠ ᠳᠤ᠂ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ  ᠃  ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ  ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠶ ᠰᠢᠢᠳᠪᠦᠷᠢᠯᠡᠵᠦ᠂ ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠦᠷᠦᠯ ᠵᠦᠢᠯ ᠢ ᠯᠠᠪᠳᠠᠭᠤᠨ ᠠᠬᠢᠭᠤᠯᠣᠨ᠎ᠠ᠃ ᠬᠠᠤᠯᠢ ᠪᠠᠷ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂  ᠵᠠᠰᠠᠭ ᠤᠨ ᠣᠷᠳᠣᠨ  ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠠᠰᠠᠭ ᠤᠨ ᠮᠡᠳᠡᠭᠡ  ᠵᠠᠩᠭᠢ  ᠶᠢ ᠢᠯᠨ ᠪᠣᠯᠭᠠᠬᠤ ᠶᠢ ᠠᠬᠢᠭᠤᠯᠵᠦ᠂ ᠵᠠᠰᠠᠭ ᠤᠨ ᠣᠷᠳᠣᠨ ᠤ ᠡᠷᠭᠡ ᠶᠢᠨ ᠢᠯᠡ ᠶᠠᠪᠣᠬᠳᠠᠬᠤ ᠶᠢ ᠪᠠᠳᠣᠯᠠᠨ᠎ᠠ᠃       ᠳᠥᠷᠪᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾  ﹇21﹈ ᠶᠢ ᠪᠣᠳᠠᠲᠠᠶᠢᠵᠢᠭᠤᠯᠵᠤ᠂ ︽ᠳᠥᠷᠪᠡᠨ ᠵᠦᠶᠯ ᠤᠨ ᠬᠡᠯᠪᠡᠷᠢ ᠪᠠᠶᠢᠳᠠᠯ︾  ﹇22﹈ ᠢ ᠰᠠᠶᠢᠲᠤᠷ ᠬᠡᠷᠡᠭᠯᠡᠨ᠎ᠡ᠃ ᠠᠷᠪᠢᠴᠢ ᠭᠠᠮᠲᠠᠶ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠂ ︽ᠭᠤᠷᠪᠠᠨ ᠵᠦᠶᠯ ᠤᠨ ᠠᠯᠪᠠᠨ ᠵᠠᠷᠤᠳᠠᠯ︾ ᠢ ᠦᠷᠭᠦᠯᠵᠢᠯᠡᠨ ᠪᠠᠭᠠᠰᠬᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠣᠯᠣᠰ ᠲᠦᠷᠦ ᠶᠢᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠬᠤ ᠬᠢᠨᠠᠯᠳᠠ ᠲᠠᠯᠪᠢᠬᠤ ᠶᠢ ᠴᠢᠩᠭᠠᠳᠬᠠᠨ᠂ ︽ᠬᠤᠶᠠᠷ ᠰᠢᠨ᠎ᠡ ᠨᠢᠭᠡ ᠴᠢᠬᠤᠯᠠ︾  ﹇23﹈᠂ ᠠᠭᠤᠷᠬᠠᠢ ᠶᠢᠨ ᠡᠬᠢ ᠪᠠᠶᠠᠯᠢᠭ ᠪᠠ ᠣᠯᠣᠰ ᠲᠦᠷᠦ ᠬᠠᠣᠯᠢ ᠴᠠᠭᠠᠵᠠ᠂ ᠮᠦᠩᠭᠦᠨ ᠭᠦᠢᠯᠭᠡᠭᠡ᠂ ᠬᠠᠩᠭᠠᠨ ᠪᠣᠷᠣᠯᠠᠭᠤᠯᠭ᠎ᠠ᠂ ᠣᠯᠣᠰ ᠤᠨ ᠦᠮᠴᠢᠯᠡᠯ ᠤᠨ ᠠᠵᠦ ᠠᠬᠤᠶᠢᠯᠠᠯ ᠵᠡᠷᠭᠡ ᠬᠦᠷᠢᠶ᠎ᠡ ᠬᠡᠪᠴᠢᠶᠡᠨ ᠳᠠᠬᠢ ᠢᠯᠵᠢᠷᠠᠯ ᠢ ᠡᠰᠡᠷᠭᠦᠴᠡᠬᠦ ᠠᠵᠢᠯ ᠢ ᠭᠤᠣᠯᠳᠠᠯᠭ᠎ᠠ ᠲᠠᠢ ᠠᠳᠬᠤᠵᠦ᠂ ᠠᠷᠢᠭᠤᠨ ᠴᠢᠭᠡᠴᠢ ᠳᠦᠷᠢ ᠲᠦᠷᠭᠦ ᠪᠠᠷ ᠠᠷᠠᠳ ᠤᠨ ᠢᠳᠡᠭᠡᠯ ᠢ ᠣᠯᠣᠨ᠎ᠠ᠃        ᠲᠥᠯᠥᠭᠡᠯᠡᠭᠴᠢᠳ ᠡ᠂ ᠥᠩᠭᠡᠷᠡᠭᠰᠡᠨ ᠢᠶᠠᠨ ᠡᠷᠭᠢᠴᠡᠭᠦᠯᠦᠭᠦᠶ᠎ᠡ᠂ ᠪᠢᠳᠡ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠪᠠᠶᠢᠨ᠎ᠠ︔ ᠢᠷᠡᠭᠡᠳᠦᠢ ᠪᠠᠨ ᠪᠠᠷᠠᠯᠠᠬᠤᠶ᠎ᠠ  ᠂ ᠢᠲᠡᠭᠡᠯ ᠵᠣᠷᠢᠭ ᠲᠡᠭᠦᠯᠳᠡᠷ ᠪᠠᠶᠢᠨ᠎ᠠ︕ ᠪᠢᠳᠠ ︽ᠬᠤᠶᠠᠷ ᠨᠢᠭᠡ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠦᠭᠡᠨ ᠠᠭᠤᠯᠵᠠᠷ ᠤᠨ ᠵᠠᠩᠭᠢᠯᠠᠭ᠎ᠠ ᠶᠢᠨ ᠴᠡᠭ ᠲᠡᠭᠡᠷ᠎ᠡ ᠵᠣᠬᠰᠣᠵᠦ᠂ ᠬᠦᠨᠳᠦ ᠡᠭᠦᠷᠭᠡ ᠬᠠᠷᠢᠭᠤᠴᠠᠯᠭ᠎ᠠ ᠪᠢᠳᠡᠨ ᠤ ᠮᠦᠷᠦᠨ ᠲᠡᠭᠡᠷ᠎ᠡ ᠲᠣᠯᠭᠠᠷᠠᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠣᠳᠣᠬᠢᠴᠢᠯᠠᠭᠰᠠᠨ ᠰᠠᠶᠢᠨ ᠰᠠᠶᠢᠬᠠᠨ ᠰᠢᠯᠤᠭᠤᠨ ᠬᠥᠪᠡᠭᠡᠲᠦ ᠴᠠᠭᠠᠨ ᠬᠤᠰᠢᠭᠤ ᠶᠢ ᠪᠦᠲᠦᠭᠡᠨ ᠪᠠᠶᠢᠭᠤᠯᠬᠤ ᠠᠶᠠᠨ ᠳᠤ ᠨᠠᠩ ᠶᠡᠭᠡ ᠰᠢᠨ᠎ᠡ ᠠᠬᠢᠯᠲᠠ ᠭᠠᠷᠭᠠᠬᠤ ᠪᠠᠷ ᠴᠢᠷᠮᠠᠶᠢᠨ ᠲᠡᠮᠡᠴᠡᠵᠡᠭᠡᠶ᠎ᠡ︕ᠲᠠᠶᠢᠯᠪᠤᠷᠢ﹇1﹈᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂  ᠬᠠᠷᠠᠯᠳᠠ ᠶᠢ ᠲᠣᠭᠲᠠᠪᠤᠷᠢᠵᠢᠭᠤᠯᠬᠤ᠃ ﹇2﹈᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭᠠᠨ ᠤ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠲᠦ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ᠃ ﹇3﹈᠄ ᠬᠡᠪᠴᠢᠶᠡᠵᠢᠯ ᠠᠴᠠ ᠲᠡᠭᠡᠭᠰᠢᠭᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠤ ᠠᠵᠤ ᠠᠬᠤᠶᠢᠯᠠᠯ ᠢ ᠳᠡᠮᠵᠢᠨ ᠠᠵᠢᠯ ᠰᠡᠷᠭᠦᠭᠡᠬᠦ‍ ᠨᠢᠭᠡ ᠬᠤᠯᠪᠣᠭᠠᠴᠢᠨ ᠪᠠ ᠬᠢᠵᠢᠭ ᠢ ᠰᠡᠷᠭᠡᠶᠢᠯᠡᠨ ᠡᠵᠡᠮᠳᠡᠬᠦ‍ ᠨᠢᠭᠡ ᠬᠤᠯᠪᠣᠭᠠᠴᠢᠨ ᠲᠣᠮᠢᠯᠠᠨ ᠰᠠᠭᠤᠯᠭᠠᠵᠤ᠂ ᠠᠵᠤ ᠠᠬᠤᠶᠢᠯᠠᠯ ᠢ ᠬᠠᠪᠰᠤᠷᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠰᠠᠶᠢᠲᠤᠷ ᠠᠳᠬᠤᠨ᠎ᠠ᠃ ﹇4﹈᠄  ᠶᠠᠳᠠᠭᠤ ᠶᠢᠨ ᠮᠠᠯᠠᠭᠠᠶ ᠶᠢ ᠨᠢ ᠠᠪᠴᠤ ᠬᠠᠶᠠᠭᠠᠳ ᠬᠠᠷᠢᠭᠤᠴᠠᠯᠭ᠎ᠠ ᠶᠢ ᠪᠠᠶᠢᠯᠭᠠᠬᠤ᠂  ᠲᠦᠷᠦ ᠶᠢᠨ ᠪᠤᠳᠤᠯᠭ᠎ᠠ ᠶᠢ ᠪᠠᠶᠢᠯᠭᠠᠬᠤ᠂ ᠬᠠᠪᠰᠤᠷᠴᠤ ᠲᠡᠳᠬᠦᠬᠦ ᠶᠢ ᠪᠠᠶᠢᠯᠭᠠᠬᠤ᠂  ᠬᠢᠨᠠᠵᠤ ᠬᠠᠮᠢᠶᠠᠷᠬᠤ ᠶᠢ ᠪᠠᠶᠢᠯᠭᠠᠬᠤ᠃ ﹇5﹈᠄ 1 ᠲᠣᠯᠣᠭᠠᠶᠢᠯᠠᠬᠴᠢ ᠠᠵᠤ ᠠᠬᠤᠶᠢᠯᠠᠯ ᠨᠢ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠪᠠᠯᠠ ᠮᠥᠩᠭᠦ ᠶᠢᠨ ᠠᠰᠢᠭ ᠣᠷᠣᠯᠭ᠎ᠠ ᠬᠤᠪᠢᠶᠠᠬᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠠᠵᠢᠯ ᠬᠢᠵᠦ ᠠᠵᠢᠯ ᠣᠯᠭᠤᠬᠤ᠂ ᠦᠢᠯᠡᠳᠪᠦᠷᠢᠯᠡᠯ ᠢ ᠬᠥᠭᠵᠢᠭᠦᠯᠬᠦ ᠵᠡᠷᠭᠡ 4 ᠵᠦᠢᠯ ᠤᠨ ᠠᠷᠭ᠎ᠠ ᠵᠠᠮ ᠢᠶᠠᠷ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃ ﹇6﹈᠄ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠲᠤ ᠪᠠᠶᠢᠭ᠎ᠠ ᠰᠢᠨ᠎ᠡ ᠡᠨᠧᠷᠭᠢ ᠶᠢ ᠴᠤᠭᠯᠠᠭᠤᠯᠬᠤ ᠢᠨᠵᠧᠨᠧᠷᠢᠩ᠂ ᠡᠭᠦᠨ ᠳᠤ 500 ᠺᠢᠯᠣᠸᠣᠯᠲ ᠤᠨ ᠬᠦᠴᠦᠳᠡᠯ ᠥᠭᠡᠷᠡᠴᠢᠯᠡᠬᠦ 5 ᠥᠷᠲᠡᠭᠡ  ᠂ 500  ᠺᠢᠯᠣᠸᠤᠯᠲ ᠤᠨ ᠴᠠᠬᠢᠯᠭᠠᠨ ᠬᠦᠷᠭᠡᠬᠦ ᠱᠤᠭᠤᠮ ᠢ 5 ᠶᠢ ᠰᠢᠨ᠎ᠡ ᠪᠠᠷ ᠪᠠᠶᠢᠭᠤᠯᠬᠤ ᠪᠠᠭᠲᠠᠨ᠎ᠠ᠃﹇7﹈᠄ ᠪᠣᠬᠢᠷᠲᠤᠯ ᠶᠡᠬᠡᠲᠡᠶ ᠰᠢᠳᠠᠭᠠᠯᠭ᠎ᠠ ᠶᠢ ᠴᠠᠭᠠᠵᠠᠯᠠᠬᠤ ᠣᠷᠣᠨ᠂ ᠪᠣᠬᠢᠷᠲᠤᠯ ᠶᠡᠬᠡᠲᠡᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠣᠷᠣᠨ᠂ ᠤᠯᠤᠰ ᠤᠨ III ᠪᠠᠷᠢᠮᠵᠢᠶ᠎ᠠ ᠠᠴᠠ ᠲᠣᠷᠣᠬᠰᠢᠬᠢ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠶᠠᠪᠤᠬᠤ ᠶᠢ ᠴᠠᠭᠠᠵᠠᠯᠠᠬᠤ ᠪᠠ ᠬᠢᠵᠠᠭᠠᠷᠯᠠᠬᠤ ᠣᠷᠣᠨ᠂ ᠰᠢᠶᠠᠨ ᠤ ᠬᠡᠪᠴᠢᠶᠡᠨ ᠤ ᠲᠠᠭᠤᠨ ᠤ ᠣᠷᠴᠢᠨ ᠲᠣᠭᠤᠷᠢᠨ ᠤ ᠴᠢᠳᠠᠮᠵᠢᠳᠤ ᠣᠷᠣᠨ ᠳᠤ ᠬᠡᠷᠡᠭᠯᠡᠬᠦ ᠶᠢ ᠴᠠᠭᠠᠵᠠᠯᠠᠨ᠎ᠠ᠃ ﹇8﹈᠄  ᠨᠡᠷ᠎ᠡ ᠠᠯᠳᠠᠷᠲᠠᠢ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠳᠠ ᠶᠢᠨ ᠲᠥᠯᠥᠪᠵᠢᠭᠦᠯᠭᠡ ᠶᠢᠨ ᠣᠷᠣᠨ︔ ᠲᠡᠮᠦᠷ ᠵᠠᠮ ᠪᠠ ᠴᠢᠬᠤᠯᠠ ᠵᠠᠰᠠᠮᠠᠯ ᠵᠠᠮ ᠳᠠᠭᠠᠤ᠃ ﹇9  ﹈᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠴᠡᠯ ᠪᠠᠷᠤᠭᠲᠠᠶ ᠰᠤᠷᠭᠠᠭᠤᠯᠢ ᠶᠢ ᠥᠭᠡᠷᠡᠴᠢᠯᠡᠬᠦ ᠲᠥᠯᠥᠪᠯᠡᠭᠡ᠃ ﹇10﹈᠄ ᠣᠯᠠᠭᠠᠨᠴᠠᠪ ᠰᠣᠮᠣᠨ ᠤ ᠰᠢᠷᠭ᠎ᠠ ᠶᠢᠨ ᠨᠠᠭᠤᠷ᠃﹇11﹈᠄ ᠲᠤᠬᠠᠶᠢᠯᠠᠪᠠᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠷᠢᠯᠳᠦᠬᠦᠨ ᠣᠷᠣᠨ ᠢ ᠪᠥᠲᠥᠭᠡᠨ ᠪᠠᠶᠢᠭᠤᠯᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ ᠭᠠᠵᠠᠷ ᠣᠷᠣᠨ ᠤ ᠠᠮᠢᠳᠤ ᠮᠠᠯ ᠤᠨ ᠠᠷᠠᠯᠵᠢᠶ᠎ᠠ ᠪᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠴᠢᠬᠤᠯᠠ ᠣᠷᠣᠨ ᠢ ᠪᠥᠲᠥᠭᠡᠨ ᠪᠠᠶᠢᠭᠤᠯᠤᠨ᠎ᠠ︔ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ ᠢ ᠬᠠᠮᠤᠷᠤᠭᠰᠠᠨ ᠰᠢᠨ᠎ᠡ ᠮᠠᠲ᠋ᠧᠷᠢᠶᠠᠯ ᠤᠨ ᠤᠢᠢᠯᠡᠳᠭᠡᠭᠦᠨ ᠬᠠᠩᠭᠠᠬᠤ ᠣᠷᠣᠨ ᠢ ᠪᠦᠳᠦᠭᠡᠨ ᠪᠠᠶᠢᠭᠤᠯᠬᠤ︔ ᠰᠢᠯᠢ ᠶᠢᠨ ᠭᠤᠤᠯ ᠠᠶᠢᠮᠠᠭ ᠤᠨ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ  ᠦᠢᠯᠡᠰ  ᠤᠨ ᠡᠳ᠋ᠰᠢᠭᠦᠯᠵᠦ ᠪᠢᠲᠡᠭᠦᠮᠵᠢᠯᠡᠨ ᠤᠭᠰᠠᠷᠠᠬᠤ ᠵᠢᠴᠢ ᠲᠥᠬᠦᠭᠡᠷᠦᠮᠵᠢ ᠶᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠲᠣᠭᠤᠷᠢᠭ ᠢ ᠪᠥᠲᠥᠭᠡᠨ ᠪᠠᠶᠢᠭᠤᠯᠤᠨ᠎ᠠ᠃ ﹇12﹈᠄ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ  ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ᠃ ﹇13  ﹈᠄ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠃ ﹇14﹈᠄ ᠰᠠᠶᠢᠨ ᠡᠭᠦᠯᠳᠡᠷ ᠤᠨ ᠮᠢᠬᠠᠨ ᠤ ᠦᠬᠡᠷ᠂ ᠴᠠᠬᠠᠷ ᠬᠤᠨᠢ᠂ ᠤᠨᠴᠠᠯᠢᠬᠳᠤ ᠲᠠᠷᠢᠮᠠᠯ ᠵᠡᠷᠭᠡ 3 ᠶᠡᠭᠡ ᠠᠵᠤ ᠦᠢᠯᠡᠰ ᠢ ᠬᠦᠴᠦᠯᠡᠨ ᠬᠥᠭᠵᠢᠭᠦᠯᠦᠨ᠎ᠡ︔ 3 ᠲᠣᠭᠤᠷᠢᠭ ᠤᠨ ᠠᠵᠤ ᠦᠢᠯᠡᠰ ᠤᠨ ᠪᠦᠰᠡ ᠶᠢ ᠦᠷᠭᠦᠯᠵᠢᠯᠡᠨ ᠴᠣᠭᠴᠠᠯᠠᠨ᠎ᠠ︔ ᠮᠠᠯ ᠠᠵᠤ ᠠᠬᠤᠶ ᠶᠢᠨ ᠰᠠᠶᠢᠨ ᠡᠭᠦᠯᠳᠡᠷ᠂ ᠨᠠᠷᠢᠯᠢᠭ ᠠᠷᠠᠴᠢᠯᠠᠬᠤ᠂ ᠲᠡᠵᠢᠭᠡᠯ ᠪᠣᠷᠳᠤᠭ᠎ᠠ ᠬᠠᠩᠭᠠᠬᠤ 3 ᠵᠦᠢᠯ ᠤᠨ ᠢᠨᠵᠧᠨᠧᠷᠢᠩ ᠢ ᠬᠡᠷᠡᠭᠵᠢᠭᠦᠯᠦᠨ᠎ᠡ︔ ᠲᠠᠷᠢᠶᠠᠯᠠᠩ ᠢ ᠡᠮᠬᠢᠯᠡᠨ ᠨᠡᠶᠢᠯᠡᠭᠦᠯᠵᠦ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠴᠢᠨᠠᠷ ᠰᠠᠶᠢᠲᠠᠶ ᠲᠡᠵᠢᠭᠡᠯ ᠡᠪᠡᠰᠦ ᠶᠢ ᠥᠷᠭᠡᠳᠬᠡᠨ ᠳᠠᠷᠢᠬᠤ᠂ ᠠᠵᠤ ᠠᠬᠤᠶ ᠶᠢᠨ ᠲᠠᠷᠢᠮᠠᠯ ᠢ ᠰᠠᠶᠢᠨ ᠳᠠᠷᠢᠬᠤ 3 ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠥᠲᠥᠯᠦᠨ ᠳᠠᠭᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠣᠨ᠎ᠠ᠃﹇15﹈᠄ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠰᠶᠢᠳᠪᠦᠷᠢᠯᠡᠬᠦ︾᠂ ᠰᠦᠯᠵᠢᠶᠡᠨ ᠠᠴᠠ ᠭᠠᠳᠠᠨ᠎ᠠ ︽ᠨᠢᠭᠡ ᠯᠡ ᠡᠭᠦᠳᠡ ᠪᠠᠷ ᠣᠷᠣᠬᠤ︾᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠳᠤ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠠᠬᠢᠭᠤᠯᠤᠨ᠎ᠠ᠃ ﹇16﹈᠄ ᠬᠠᠷᠢᠶ᠎ᠠ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠠᠷᠢᠶ᠎ᠠ ᠣᠷᠣᠨ ᠳᠠᠬᠢ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ᠂ ᠡᠯ᠎ᠡ ᠨᠢᠭᠡᠴᠢ ᠶᠢᠨ  ᠭᠤᠣᠯ ᠴᠣᠭᠴᠠ ᠶᠢᠨ ᠬᠠᠷᠢᠭᠤᠴᠠᠯᠭ᠎ᠠ᠂ ᠬᠤᠪᠢ ᠬᠥᠮᠦᠨ ᠪᠠ ᠭᠡᠷ ᠪᠦᠯᠢ ᠶᠢᠨ ᠥᠪᠡᠷ ᠢ ᠪᠠᠨ ᠬᠠᠮᠢᠶᠠᠷᠬᠤ ᠬᠠᠷᠢᠭᠤᠴᠠᠯᠭ᠎ᠠ᠃ ﹇17﹈᠄ ︽1︾ ᠲᠤᠬᠠᠶᠢᠯᠠᠪᠠᠯ ᠪᠥᠬᠦ ᠣᠷᠣᠨ ᠤ ᠨᠠᠮᠤᠷ ᠡᠪᠦᠯ ᠤᠨ ᠤᠯᠠᠷᠢᠯ ᠤᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠲᠥᠰᠦᠯ ︔  ︽8︾ ᠲᠤᠬᠠᠶᠢᠯᠠᠪᠠᠯ ᠪᠦᠬᠦ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠣᠯᠤᠨ᠎ᠠ᠃ 2020 ᠣᠨ ᠤ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠢ ᠡᠮᠨᠡᠨ ᠠᠪᠤᠷᠠᠬᠤ ᠠᠵᠢᠯ ᠤᠨ ᠲᠥᠰᠦᠯ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠪᠠᠶᠢᠩᠭᠤᠵᠢᠭᠤᠯᠬᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠢ ᠪᠥᠲᠥᠭᠡᠨ ᠪᠠᠶᠢᠭᠤᠯᠬᠤ ᠲᠥᠰᠦᠯ᠂ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ ᠶᠢ ᠪᠠᠴᠢᠮ ᠪᠠᠶᠢᠳᠠᠯ ᠢ ᠠᠷᠭᠠᠴᠠᠭᠠᠨ ᠲᠤᠰᠠᠯᠠᠬᠤ ᠠᠵᠢᠯ ᠤᠨ ᠲᠥᠰᠦᠯ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠣᠷᠣᠨ ᠪᠦᠰᠡ ᠪᠠᠷ ᠳᠣᠭᠢᠷᠠᠭᠤᠯᠬᠤ ᠠᠵᠢᠯ ᠤᠨ ᠲᠥᠰᠦᠯ᠂ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠤᠨ ᠲᠥᠰᠦᠯ︔ ︽N︾ ᠭᠡᠳᠡᠭ ᠨᠢ ᠳᠠᠷᠤᠶ ᠪᠤᠰᠤᠳ ᠢᠵᠢ ᠪᠥᠷᠢᠳᠦᠭᠰᠡᠨ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ᠂ ᠵᠦᠭᠯᠡᠭᠦᠷ ᠵᠡᠷᠭᠡ ᠪᠣᠯᠤᠨ᠎ᠠ᠃ ﹇18﹈᠄ ︽ᠲᠠᠪᠤ ᠶᠢ ᠪᠦᠷᠢᠳᠦᠭᠦᠯᠬᠦ︾ ᠭᠡᠳᠡᠭ ᠨᠢ ᠬᠢᠵᠢᠭ ᠢ ᠰᠡᠷᠭᠡᠶᠢᠯᠡᠨ ᠡᠵᠡᠮᠳᠡᠬᠦ ᠵᠦᠭᠯᠡᠭᠦᠷ ᠲᠠᠢ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠦᠷᠢᠮ ᠪᠠ ᠬᠠᠷᠢᠭᠤᠴᠠᠯᠭᠠᠲᠠᠨ ᠲᠠᠢ᠂ ᠵᠣᠬᠢᠬᠤ ᠬᠡᠮᠵᠢᠶᠡᠨ ᠤ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠲᠠᠢ᠂ ᠬᠠᠷᠢᠶ᠎ᠠ ᠭᠠᠵᠠᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠴᠦᠨ ᠤ ᠵᠢᠯᠤᠭᠤᠳᠤᠯᠭ᠎ᠠ ᠳᠡᠮᠵᠢᠯᠭᠡ ᠲᠠᠢ᠂ ᠲᠤᠰᠠᠭᠠᠷᠯᠠᠬᠤ ᠲᠠᠯᠠᠪᠤᠷ  ᠪᠠ ᠳᠠᠮᠵᠢᠭᠤᠯᠤᠨ ᠵᠥᠭᠡᠭᠡᠪᠦᠷᠢᠯᠡᠬᠦ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠲᠠᠢ ᠪᠠᠶᠢᠬᠤ ᠶᠢ ᠬᠡᠯᠡᠵᠦ ᠪᠠᠶᠢᠨ᠎ᠠ᠃ ︽ᠨᠢᠭᠡ ᠲᠣᠤᠷᠵᠢᠯ︾ ᠭᠡᠳᠡᠭ ᠨᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠠᠴᠠ ᠠᠵᠢᠯᠲᠠᠨ ᠢ ᠡᠷᠦᠬᠡ ᠬᠥᠮᠦᠨ ᠳᠤ ᠬᠦᠷᠲᠡᠯ᠎ᠡ ᠵᠣᠬᠢᠶᠠᠨ ᠪᠠᠶᠢᠭᠤᠯᠵᠤ᠂ ︽ᠭᠤᠤᠯᠳᠠᠯᠭ᠎ᠠ ᠲᠠᠢ ᠠᠵᠢᠯᠲᠠᠨ︾ ︽ᠭᠤᠤᠯᠳᠠᠯᠭ᠎ᠠ ᠲᠠᠢ ᠠᠵᠤ ᠠᠬᠤᠶᠢᠯᠠᠯ︾ ᠤᠨ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠬᠤ ᠶᠠᠪᠤᠳᠠᠯ ᠪᠣᠯᠤᠨ᠎ᠠ᠃ ﹇19﹈᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ᠃ ﹇20﹈᠄ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠠᠷᠠᠳ ᠤᠨ ᠰᠢᠭᠦᠬᠦ ᠲᠢᠩᠬᠢᠮ᠃ ﹇21﹈᠄ ᠡᠯ᠎ᠡ ᠱᠠᠲᠤᠨ ᠤ ᠺᠠᠳ᠋ᠷᠴᠤᠳ ᠲᠤᠬᠠᠶᠢᠯᠠᠭᠰᠠᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠪᠠᠰᠠ ᠪᠠᠶᠢᠭ᠎ᠠ ᠨᠢᠭᠡᠴᠢ ᠪᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠳᠤ ᠬᠠᠷᠢᠭᠤᠴᠠᠬᠤ ᠬᠡᠷᠡᠭᠲᠡᠶ᠃ ﹇22﹈᠄  ᠨᠢᠭᠡᠳᠣᠭᠡᠷ ᠵᠦᠢᠯ᠄ ᠨᠠᠮ ᠤᠨ ᠳᠣᠲᠣᠭᠠᠳᠤ ᠶᠢᠨ ᠬᠠᠷᠢᠴᠠᠭ᠎ᠠ ᠶᠢ ᠬᠡᠪ ᠤᠨ ᠪᠠᠶᠢᠳᠠᠯ ᠳᠤ ᠣᠷᠣᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠦᠷᠭᠦᠯᠵᠢ ᠥᠷᠨᠢᠭᠦᠯᠵᠦ᠂ ᠢᠯᠳᠡᠷ ᠬᠠᠶᠠᠬᠤ ᠦᠭᠡᠢ ᠪᠠᠶᠢᠬᠤ ᠶᠢ ᠬᠡᠪ ᠤᠨ ᠪᠠᠶᠢᠳᠠᠯ ᠪᠣᠯᠭᠠᠬᠤ︔ ᠬᠤᠶᠠᠳᠣᠭᠠᠷ ᠵᠦᠢᠯ᠄ ᠨᠠᠮ ᠤᠨ ᠰᠠᠬᠢᠯᠭ᠎ᠠ ᠪᠠᠲᠤ ᠶᠢᠨ ᠬᠦᠡᠭᠬᠡᠨ ᠰᠢᠳᠬᠡᠯ ᠥᠭᠬᠦ ᠪᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠶᠢ ᠣᠯᠠᠩᠬᠢ ᠲᠤᠭ᠎ᠠ ᠪᠣᠯᠭᠠᠬᠤ︔ ᠭᠤᠷᠪᠠᠳᠣᠭᠠᠷ ᠵᠦᠢᠯ᠄ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠬᠦᠨᠳᠦ ᠰᠢᠳᠬᠡᠯ ᠳᠤ ᠴᠢᠬᠤᠯᠠ ᠶᠡᠭᠡ ᠲᠤᠰᠢᠶᠠᠯ ᠤᠨ ᠲᠣᠭᠢᠷᠠᠭᠤᠯᠣᠯᠳᠠ ᠬᠢᠬᠦ ᠳᠤ ᠴᠥᠭᠡᠨ ᠲᠤᠭ᠎ᠠ ᠶᠢ ᠡᠵᠡᠯᠡᠬᠦ ᠪᠣᠯᠭᠠᠬᠤ︔ ᠲᠦᠷᠪᠡᠳᠦᠭᠡᠷ ᠵᠦᠢᠯ᠄ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠵᠦ ᠬᠠᠤᠯᠢ ᠶᠢ ᠵᠥᠷᠢᠴᠡᠭᠰᠡᠨ ᠰᠡᠵᠢᠭᠯᠡᠯᠲᠡᠶ ᠪᠠᠷ ᠬᠡᠷᠡᠭ ᠪᠣᠯᠭᠠᠨ ᠲᠠᠩᠰᠠᠯᠠᠵᠤ ᠬᠢᠨᠠᠨ ᠪᠠᠶᠢᠴᠠᠭᠠᠬᠤ  ᠶᠢ ᠵᠥᠪᠬᠡᠨ ᠲᠦᠢᠯ ᠤᠨ ᠴᠥᠭᠡᠨ ᠲᠤᠭ᠎ᠠ ᠪᠣᠯᠭᠠᠬᠤ᠃ ﹇23﹈᠄ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号