2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ ᠤᠨ ᠪᠧᠯᠧᠲ ᠢᠶᠠᠷ ᠲᠣᠬᠳᠠᠭᠠᠬᠤ‌‍ᠲ᠋ᠥ᠋ᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2021 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ‍ᠤᠨ‌‍ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2021/3/24
ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠳᠦᠷᠪᠡ︶2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ ᠤᠨ ᠪᠧᠯᠧᠲ ᠢᠶᠠᠷ ᠲᠣᠬᠳᠠᠭᠠᠬᠤ  ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2021 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ  ᠤᠨ ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠤᠨ ᠲᠤᠬᠠᠶ ᠮᠡᠳᠡᠭᠦᠯᠦᠯᠲᠡ                                                                  — —2021 ᠣᠨ ᠤ 3 ᠰᠠᠷ᠎ᠠ ᠶᠢᠨ 23   ᠤ ᠡᠳᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠲᠠᠪᠤᠳᠤᠭᠠᠷ                                                                           ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ ᠲᠡᠭᠡᠷ᠎ᠡ                                                                                      ᠵᠠᠰᠠᠭ ᠤᠨ ᠤᠷᠳᠤᠨ ᠤ ᠪᠠᠶᠢᠩᠭᠤ ᠶᠢᠨ ᠲᠠᠳ᠋ ᠲᠠᠷᠤᠭ᠎ᠠ      ᠵᠧᠦ ᠰᠢᠶᠠᠨ ᠵᠢᠶᠦ᠋ᠨ              ᠲᠥᠯᠥᠭᠡᠯᠡᠭᠴᠢᠳ ᠡ᠄       ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ 2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2021 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ  ᠤᠨ ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃        ᠨᠢᠭᠡ᠂ 2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ       2020 ᠣᠨ ᠢ ᠡᠷᠭᠢᠴᠡᠭᠦᠯᠪᠡᠯ᠂ ᠬᠤᠰᠢᠭᠤ ᠵᠠᠰᠠᠭ ᠤᠨ ᠣᠷᠳᠣᠨ ᠨᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ ᠤᠨ ᠲᠥᠷᠥᠯ ᠵᠦᠶᠯ ᠢ ᠣᠯᠠᠨ ᠲᠦᠮᠡᠨ ᠳᠤ ᠬᠠᠷᠢᠭᠤ ᠥᠭᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠴᠢᠬᠤᠯᠠ ᠭᠠᠷᠳᠠᠴᠠ ᠪᠣᠯᠭᠠᠵᠤ᠂ ︽ᠣᠯᠠᠨ ᠲᠦᠮᠡᠨ ᠳᠤᠷᠠᠳᠬᠤ᠂ ᠲᠥᠯᠥᠭᠡᠯᠡᠭᠴᠢ ᠲᠣᠭᠲᠠᠭᠠᠬᠤ᠂ ᠵᠠᠰᠠᠭ ᠤᠨ ᠣᠷᠳᠣᠨ ᠰᠢᠶᠳᠪᠦᠷᠢᠯᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠦᠨᠡᠯᠡᠬᠦ  ︾ ᠣᠶᠢᠯᠠᠭᠠᠭᠳᠠᠬᠤᠨ ᠪᠠᠷ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠪᠠᠷ ᠰᠠᠨᠠᠯ ᠰᠠᠨᠠᠭᠤᠯᠭ᠎ᠠ ᠬᠤᠷᠢᠶᠠᠵᠤ ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢᠶᠠᠷ ᠪᠢᠯᠧᠲ ᠥᠭᠬᠦ ᠪᠠᠷ ᠳᠡᠮᠵᠢᠨ᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ︾  ᠵᠡᠷᠭᠡ ᠲᠠᠪᠤᠨ ᠪᠣᠳᠠᠲᠤ ᠶᠠᠪᠤᠳᠠᠯ ᠢ 2020 ᠣᠨ ᠤ ᠬᠤᠰᠢᠭᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢᠶᠠᠷ ᠲᠣᠭᠲᠠᠭᠠᠪᠠ᠃ ᠨᠢᠭᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠥᠷᠥᠯ ᠵᠦᠶᠯ  ᠤᠨ ᠠᠬᠢᠴᠠ ᠶᠢᠨ ᠪᠠᠶᠢᠳᠠᠯ ᠢ ᠣᠯᠠᠨ ᠤᠳᠠᠭ᠎ᠠ ᠪᠠᠶᠢᠴᠠᠭᠠᠨ ᠵᠢᠯᠣᠭᠤᠳᠴᠤ᠂ ᠬᠦᠴᠢᠷᠳᠡᠯᠲᠡᠶ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠪᠡ︔ ᠬᠤᠰᠢᠭᠤ ᠡᠯ᠎ᠡ ᠬᠤᠯᠪᠣᠭᠳᠠᠯ ᠪᠥᠬᠦᠶ ᠬᠠᠷᠢᠭᠤᠴᠠᠯᠭᠠᠲᠤ ᠨᠢᠭᠡᠴᠡ ᠪᠣᠯᠤᠨ ᠬᠠᠮᠢᠶ᠎ᠠ ᠪᠥᠬᠦᠶ ᠰᠤᠮᠤ ᠪᠠᠯᠭᠠᠰᠤ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠬᠢᠵᠢᠭ ᠤᠨ ᠨᠥᠯᠥᠭᠡ ᠶᠢ ᠢᠯᠡᠨ ᠲᠠᠪᠠᠭ᠋ᠣ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠠᠷᠢᠮᠳᠠᠯᠠᠵᠦ᠂ ᠬᠠᠳᠠᠭᠠᠰᠤ ᠶᠢᠨ ᠵᠣᠷᠢᠭ ᠰᠠᠨᠠᠭ᠎ᠠ  ᠪᠠᠷ ᠨᠠᠶᠢᠳᠠᠪᠤᠷᠢᠵᠢᠭᠤᠯᠤᠯᠲᠠ᠂ ᠦᠷ᠎ᠡ ᠪᠦᠲᠦᠮᠵᠢ ᠶᠢ ᠠᠳᠬᠤᠵᠤ᠂ 2020 ᠣᠨ ᠳᠤ ᠬᠤᠰᠢᠭᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠲᠥᠷᠥᠯ ᠵᠦᠶᠯ ᠢ ᠲᠤᠬᠠᠶ ᠶᠢᠨ ᠵᠢᠯ ᠳᠤ 4 ᠵᠦᠶᠯ ᠭᠦᠶᠴᠡᠳᠬᠡᠵᠦ᠂ 1 ᠵᠦᠶᠯ ᠳᠤ ᠱᠠᠲᠤᠴᠢ ᠴᠢᠨᠠᠷᠲᠠᠶ ᠦᠷ᠎ᠡ ᠪᠦᠲᠦᠭᠡᠯ ᠣᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃        ︵ᠨᠢᠭᠡ︶ ᠵᠠᠮ ᠱᠣᠭᠤᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ᠃ ᠲᠣᠰ ᠲᠥᠷᠥᠯ ᠵᠦᠶᠯ ᠳᠤ 300 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 318.6 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ S 222 ᠱᠤᠭᠤᠮ ᠤᠨ ᠮᠢᠩᠭᠠᠲᠤ — ᠦᠨᠡᠨᠪᠠᠲᠤ  ᠶᠢᠨ ᠬᠡᠰᠡᠭ ᠪᠠ ᠤᠯᠠᠭᠠᠨᠴᠠᠪ — ᠱᠠᠩᠳᠠ ᠶᠢᠨ ᠬᠡᠰᠡᠭ ᠤᠨ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ 3 ᠰᠤᠮᠤ ᠪᠠᠯᠭᠠᠰᠤ 5 ᠭᠠᠴᠠᠭ᠎ᠠ ᠲᠣᠰᠬᠤᠨ ᠢ ᠬᠠᠮᠤᠷᠴᠤ᠂ ᠵᠠᠮ ᠳᠠᠭᠠᠤ ᠶᠢᠨ 1400 ᠡᠷᠦᠬᠡ ᠶᠢᠨ 3623 ᠬᠥᠮᠦᠨ ᠳᠤ ᠠᠰᠢᠭ ᠬᠦᠷᠲᠡᠭᠡᠪᠡ᠃ ᠲᠥᠷᠥᠯ ᠵᠦᠶᠯ ᠢ 2020 ᠣᠨ ᠤ 6 ᠰᠠᠷ᠎ᠠ ᠶᠢᠨ 5 ᠤ ᠡᠳᠦᠷ ᠳᠠᠭᠠᠭᠠᠴᠢᠯᠠᠯᠲᠠ ᠵᠠᠷᠯᠠᠵᠦ᠂ 7 ᠰᠠᠷ᠎ᠠ ᠶᠢᠨ 6 ᠤ ᠡᠳᠦᠷ ᠳᠠᠭᠠᠭᠠᠴᠢᠯᠠᠯᠲᠠ ᠬᠦᠯᠢᠶᠡᠵᠦ᠂ 7 ᠰᠠᠷ᠎ᠠ ᠶᠢᠨ 20 ᠤ ᠡᠳᠦᠷ ᠠᠵᠢᠯ ᠢᠶᠠᠨ ᠡᠬᠢᠯᠡᠭᠦᠯᠦᠨ᠂ 12 ᠰᠠᠷ᠎ᠠ ᠶᠢᠨ 12 ᠤᠨ ᠡᠳᠦᠷ ᠰᠢᠯᠭᠠᠨ ᠬᠤᠷᠢᠶᠠᠪᠠ᠃ ᠲᠥᠷᠥᠯ ᠵᠦᠶᠯ ᠨᠢ ᠬᠤᠶᠠᠷ ᠵᠣᠷᠪᠣᠰ ᠵᠠᠰᠠᠮᠠᠯ ᠵᠠᠮ ᠤᠨ ᠨᠡᠪᠲᠡᠷᠡᠬᠦ ᠪᠠᠶᠢᠳᠠᠯ ᠢ ᠤᠯᠠᠮ ᠰᠠᠶᠢᠵᠢᠷᠠᠭᠤᠯᠵᠤ᠂ ᠵᠠᠮ ᠳᠠᠭᠠᠤ ᠶᠢᠨ ᠮᠠᠯᠴᠢᠨ ᠲᠠᠷᠢᠶᠠᠴᠢᠳ ᠤᠨ ᠠᠮᠤᠷ ᠲᠦᠪᠰᠢᠨ ᠢᠶᠠᠷ ᠶᠠᠪᠣᠵᠦ ᠰᠠᠭᠤᠬᠤ ᠢ ᠪᠠᠲᠤᠯᠠᠵᠤ᠂ ᠮᠠᠯᠴᠢᠨ ᠲᠠᠷᠢᠶᠠᠴᠢᠨ ᠣᠯᠠᠨ ᠲᠦᠮᠡᠨ  ᠤ ᠦᠶᠯᠡᠳᠪᠦᠷᠢᠯᠡᠯ ᠠᠮᠢᠳᠤᠷᠠᠯ ᠤᠨ ᠵᠠᠮ ᠬᠠᠷᠢᠯᠴᠠᠭᠠᠨ ᠳᠤ ᠨᠠᠩ ᠳᠥᠭᠦᠮ ᠨᠥᠬᠦᠴᠡᠯ ᠢ ᠬᠠᠩᠭᠠᠪᠠ᠃       ︵ᠬᠤᠶᠠᠷ︶ C 016 ᠴᠣᠬᠠᠦ᠋ᠨᠳᠥᠷ — ᠴᠧᠨ ᠭᠤᠸᠠᠩ ︵ᠣᠪᠣᠭᠠᠨ ᠵᠠᠮ︶ ᠬᠦᠷᠬᠦ ᠵᠠᠮ ᠤᠨ ᠭᠠᠳᠠᠷᠭᠤ ᠶᠢᠨ ᠴᠢᠨᠠᠷ ᠢ ᠦᠭᠡᠷᠡᠴᠢᠯᠡᠨ ᠪᠠᠷᠤᠭᠰᠢᠨ ᠭᠠᠳᠠᠷᠭᠤ ᠪᠣᠯᠭᠠᠬᠤ  ﹇1﹈ ᠲᠥᠷᠥᠯ ᠵᠦᠶᠯ᠃ ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 120 ᠲᠦᠮᠡᠨ ᠲᠥᠭᠦᠷᠢᠭ ᠪᠠᠶᠢᠵᠦ᠂ ᠮᠢᠩᠭᠠᠲᠤ ᠪᠠᠯᠭᠠᠰᠤ ᠶᠢᠨ C 016 ᠴᠤᠬᠠᠦ᠋ᠨᠲᠦᠷ ᠠᠴᠠ ᠴᠧᠨ ᠭᠤᠸᠠᠩ  ︵ᠣᠪᠣᠭᠠᠨ ᠵᠠᠮ︶ ᠬᠦᠷᠬᠦ ᠵᠠᠮ ᠤᠨ ᠭᠠᠳᠠᠷᠭᠤ ᠶᠢ ᠥᠭᠡᠷᠡᠴᠢᠯᠡᠵᠦ ᠪᠠᠷᠤᠭᠰᠢᠨ ᠭᠠᠳᠠᠷᠭᠤ ᠳᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠠᠴᠢᠯᠠᠯᠲᠠ ᠬᠢᠵᠦ᠂ ᠴᠡᠶᠢᠳᠡᠮᠯᠢᠭ ᠪᠠᠷᠤᠭᠰᠢᠨ ᠤ ᠰᠢᠩᠭᠡᠨ ᠢᠶᠠᠷ ᠭᠠᠳᠠᠷᠯᠠᠵᠦ ᠵᠠᠰᠠᠪᠠ᠃ ᠲᠥᠷᠥᠯ ᠵᠦᠶᠯ ᠢ 2020 ᠣᠨ ᠤ 7 ᠰᠠᠷ᠎ᠠ  ᠶᠢᠨ 8 ᠤ ᠡᠳᠦᠷ ᠳᠠᠭᠠᠭᠠᠴᠢᠯᠠᠯᠲᠠ ᠵᠠᠷᠯᠠᠵᠦ  ᠂ 7 ᠰᠠᠷ᠎ᠠ ᠶᠢᠨ 31 ᠤ ᠡᠳᠦᠷ ᠳᠠᠭᠠᠭᠠᠴᠢᠯᠠᠯᠲᠠ ᠬᠦᠯᠢᠶᠡᠵᠦ᠂ 8 ᠰᠠᠷ᠎ᠠ ᠶᠢᠨ 6 ᠤ ᠡᠳᠦᠷ ᠡᠬᠢᠯᠠᠨ ᠠᠵᠢᠯᠯᠠᠵᠦ᠂ 10 ᠰᠠᠷ᠎ᠠ ᠶᠢᠨ 20 ᠤ ᠡᠳᠦᠷ ᠰᠢᠯᠭᠠᠨ ᠬᠤᠷᠢᠶᠠᠪᠠ᠃ ᠲᠣᠰ ᠲᠥᠷᠥᠯ ᠵᠦᠶᠯ ᠢ ᠬᠡᠷᠡᠭᠵᠢᠭᠦᠯᠦᠭᠰᠡᠨ ᠨᠢ ᠲᠣᠰ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠢ ᠳᠡᠭᠡᠭᠰᠢᠯᠡᠭᠦᠯᠵᠦ᠂ ᠬᠤᠰᠢᠭᠤᠨ ᠲᠦᠪ ᠮᠢᠩᠭᠠᠲᠤ ᠪᠠᠯᠭᠠᠰᠤ ᠬᠢᠭᠡᠳ ᠬᠤᠰᠢᠭᠤ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠶ ᠶᠢᠨ ᠬᠤᠭᠤᠷᠣᠨᠳᠣᠬᠢ ᠪᠠ ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠬᠢᠭᠡᠳ ᠬᠤᠰᠢᠭᠤ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠶ ᠶᠢᠨ ᠬᠤᠭᠤᠷᠣᠨᠳᠣᠬᠢ ᠵᠠᠮ ᠢ ᠨᠡᠪᠲᠡᠷᠡᠭᠦᠯᠵᠦ᠂ ᠵᠠᠮ ᠳᠠᠭᠠᠤ ᠶᠢᠨ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠳᠤ ᠢᠳᠡᠪᠬᠢᠲᠡᠶ ᠳᠠᠶᠢᠴᠢᠯᠠᠬᠤ ᠦᠶᠯᠡᠳᠦᠯ ᠦᠵᠡᠭᠦᠯᠪᠡ᠃        ︵ᠭᠤᠷᠪᠠ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ᠃ ᠲᠣᠰ ᠲᠥᠷᠥᠯ ᠵᠦᠶᠯ ᠳᠤ 180 ᠲᠦᠮᠡᠨ ᠲᠥᠭᠦᠷᠢᠭ ᠤᠨ ᠪᠠᠯᠠ ᠣᠷᠣᠭᠤᠯᠵᠤ᠂ 36 ᠨᠡᠶᠢᠲᠡ ᠶᠢᠨ ᠵᠣᠷᠯᠣᠩ  ︵ᠮᠢᠩᠭᠠᠲᠤ ᠪᠠᠯᠭᠠᠰᠤ 6᠂ ᠰᠢᠩ ᠶᠣᠣ ᠪᠠᠯᠭᠠᠰᠤ 9  ᠂ ᠤᠯᠠᠭᠠᠨᠴᠠᠪ ᠰᠤᠮᠤ 7᠂ ᠶᠡᠬᠡᠨᠠᠭᠤᠷ ᠰᠤᠮᠤ 7  ᠂  ᠪᠣᠯᠭᠠᠨᠳᠣᠬᠤᠢ ᠰᠤᠮᠤ 7︶ ᠪᠠᠶᠢᠭᠤᠯᠵᠤ᠂ 5 ᠰᠤᠮᠤ ᠪᠠᠯᠭᠠᠰᠤ 34 ᠭᠠᠴᠠᠭ᠎ᠠ ᠲᠣᠰᠬᠤᠨ ᠢ ᠬᠠᠮᠤᠷᠴᠤ᠂ 3558 ᠡᠷᠦᠬᠡ ᠶᠢᠨ 7702 ᠠᠷᠠᠳ ᠲᠤ ᠠᠰᠢᠭ ᠬᠦᠷᠲᠡᠭᠡᠪᠡ᠃ ᠲᠥᠷᠥᠯ ᠵᠦᠶᠯ ᠢ 2020 ᠣᠨ ᠤ 3  ᠰᠠᠷ᠎ᠠ ᠶᠢᠨ 31 ᠤ ᠡᠳᠦᠷ ᠳᠠᠭᠠᠭᠠᠴᠢᠯᠠᠯᠲᠠ ᠵᠠᠷᠯᠠᠵᠦ᠂ 4 ᠰᠠᠷ᠎ᠠ ᠶᠢᠨ 26 ᠤ ᠡᠳᠦᠷ ᠳᠠᠭᠠᠭᠠᠴᠢᠯᠠᠯᠲᠠ ᠬᠦᠯᠢᠶᠡᠵᠦ  ᠂ 5 ᠰᠠᠷ᠎ᠠ ᠶᠢᠨ 1 ᠤ ᠡᠳᠦᠷ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ᠂ 7 ᠰᠠᠷ᠎ᠠ  ᠶᠢᠨ 15 ᠤ ᠡᠳᠦᠷ ᠰᠢᠯᠭᠠᠨ ᠬᠤᠷᠢᠶᠠᠪᠠ᠃ ᠲᠥᠷᠥᠯ ᠵᠦᠶᠯ ᠢ ᠬᠡᠷᠡᠭᠵᠢᠭᠦᠯᠦᠭᠰᠡᠨ ᠨᠢ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠰᠠᠶᠢᠵᠢᠷᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠬᠡᠷᠡᠭᠴᠡᠭᠡ ᠳᠤ ᠲᠥᠬᠦᠮ ᠦᠵᠡᠭᠦᠯᠦᠨ᠂ ᠲᠡᠳᠡᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ᠂ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠢ ᠭᠠᠴᠠᠭ᠎ᠠ ᠲᠣᠰᠬᠤᠨ ᠳᠤ ᠨᠡᠶᠢᠳᠡᠮ ᠪᠦᠷᠬᠦᠭᠦᠯᠪᠡ᠃        ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠨᠦᠬᠡ ᠶᠢ ᠵᠠᠰᠠᠬᠤ ᠲᠥᠷᠥᠯ ᠵᠦᠶᠯ᠃ ᠲᠣᠰ ᠲᠥᠷᠥᠯ ᠵᠦᠶᠯ ᠳᠤ 350 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠬᠦ ᠬᠤᠰᠢᠭᠤᠨ ᠤ 5 ᠰᠤᠮᠤ ᠪᠠᠯᠭᠠᠰᠤᠨ ᠤ 35  ᠦᠯᠡᠳᠡᠭᠳᠡᠯ ᠡᠵᠡᠨ ᠦᠭᠡᠢ ᠬᠠᠶᠢᠷ ᠴᠢᠯᠠᠭᠤ ᠮᠠᠯᠲᠠᠭᠰᠠᠨ ᠬᠠᠶᠠᠭᠳᠠᠮᠠᠯ ᠨᠦᠬᠡ ᠶᠢ ᠰᠢᠷᠣᠶ ᠪᠠᠷ ᠲᠡᠭᠰᠢᠯᠡᠬᠦ᠂  ᠨᠠᠯᠠᠣ ᠭᠠᠵᠠᠷ ᠢ ᠲᠡᠭᠰᠢᠯᠡᠬᠦ᠂ ᠰᠢᠷᠣᠶ ᠪᠠᠷ ᠪᠦᠭᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠠᠵᠢᠯ ᠢ ᠬᠢᠵᠦ᠂ 474 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠪᠡ᠃ ᠲᠥᠷᠥᠯ ᠵᠦᠶᠯ ᠢ 2020 ᠣᠨ ᠤ 7 ᠰᠠᠷ᠎ᠠ ᠶᠢᠨ 16 ᠤ ᠡᠳᠦᠷ ᠳᠠᠭᠠᠭᠠᠴᠢᠯᠠᠯᠲᠠ ᠵᠠᠷᠯᠠᠵᠦ᠂ 8 ᠰᠠᠷ᠎ᠠ ᠶᠢᠨ 5 ᠤ ᠡᠳᠦᠷ ᠳᠠᠭᠠᠭᠠᠴᠢᠯᠠᠯᠲᠠ ᠬᠦᠯᠢᠶᠡᠵᠦ  ᠂ 8 ᠰᠠᠷ᠎ᠠ ᠶᠢᠨ 13 ᠤ ᠡᠳᠦᠷ ᠡᠬᠢᠯᠠᠨ ᠠᠵᠢᠯᠯᠠᠵᠦ᠂ 9 ᠰᠠᠷ᠎ᠠ ᠶᠢᠨ 19 ᠤ ᠡᠳᠦᠷ ᠲᠥᠷᠥᠯ ᠵᠦᠶᠯ  ᠤᠨ ᠰᠢᠯᠭᠠᠨ ᠬᠦᠯᠢᠶᠡᠪᠡ᠃ ᠬᠠᠶᠠᠭᠳᠠᠮᠠᠯ ᠨᠦᠬᠡ ᠶᠢ ᠵᠠᠰᠠᠵᠦ ᠪᠦᠭᠯᠡᠬᠦ ᠣᠷᠴᠢᠨ ᠲᠣᠭᠤᠷᠢᠨ ᠢ  ᠵᠠᠰᠠᠬᠤ ᠠᠵᠢᠯ ᠢ ᠥᠷᠨᠢᠭᠦᠯᠬᠦ ᠪᠠᠷ ᠳᠠᠮᠵᠢᠨ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠡᠪᠳᠡᠭᠳᠡᠭᠰᠡᠨ ᠭᠠᠵᠠᠷ ᠤᠨ ᠪᠠᠶᠢᠴᠠ ᠶᠢᠨ ᠥᠩᠭᠡ ᠦᠵᠡᠮᠵᠢ ᠶᠢ ᠵᠠᠰᠠᠨ ᠰᠡᠷᠭᠦᠭᠡᠵᠦ᠂ ᠭᠠᠵᠠᠷ ᠰᠢᠷᠣᠢ ᠶᠢᠨ ᠰᠢᠨᠵᠢᠯᠡᠭᠡᠨ ᠤ ᠭᠠᠮᠰᠢᠭ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ᠂ ᠮᠠᠨ ᠤ ᠬᠤᠰᠢᠭᠤᠨ  ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠪᠠ᠃       ︵ᠲᠠᠪᠤ︶ ᠯᠦᠩ ᠸᠠᠩ ᠮᠢᠶᠣᠣ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠲᠥᠷᠥᠯ ᠵᠦᠢᠯ᠃ ᠲᠣᠰ ᠲᠥᠷᠥᠯ ᠵᠦᠶᠯ ᠳᠤ 560 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠢᠩ ᠶᠣᠣ ᠪᠠᠯᠭᠠᠰᠤᠨ ᠤ ᠯᠦᠩ ᠸᠠᠩ ᠮᠢᠶᠣᠣ ᠲᠣᠰᠬᠤᠨ ᠳᠤ ᠲᠠᠷᠢᠶᠠᠯᠠᠩ ᠤᠨ ᠠᠷᠠᠯᠵᠢᠶ᠎ᠠ ᠬᠤᠳᠠᠯᠳᠣᠭᠠᠨ ᠤ ᠲᠠᠯᠠᠪᠣᠷ ᠢ ᠪᠠᠶᠢᠭᠤᠯᠵᠦ᠂ ᠳᠣᠯᠠᠭᠠᠨ ᠬᠥᠮᠥᠷᠭᠡ᠂ ᠠᠷᠠᠯᠵᠢᠶᠠᠨ ᠤ ᠲᠠᠯᠠᠪᠤᠷ᠂ ᠲᠡᠷᠭᠡᠨ ᠵᠣᠭᠰᠣᠭᠠᠯ᠂ ᠬᠤᠭ ᠨᠣᠪᠰᠢ ᠰᠢᠶᠳᠪᠦᠷᠢᠯᠡᠬᠦ ᠥᠷᠲᠡᠭᠡ᠂ ᠵᠣᠷᠯᠣᠩ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠦᠮᠵᠢ ᠪᠠᠭᠳᠠᠵᠦ ᠪᠣᠢ᠃ ᠲᠣᠰ ᠲᠥᠷᠥᠯ ᠵᠦᠶᠯ ᠤᠨ ᠪᠠᠷᠢᠯᠭ᠎ᠠ ᠨᠡᠯᠢᠶᠡᠳ ᠶᠡᠭᠡ ᠪᠣᠯᠬᠤᠷ ᠭᠠᠵᠠᠷ ᠣᠷᠣᠨ ᠤ ᠴᠠᠭ ᠠᠭᠤᠷ ᠤᠨ ᠨᠦᠯᠦᠭᠡ ᠠᠴᠠ  ᠪᠣᠯᠵᠦ᠂ ᠪᠠᠷᠢᠯᠭ᠎ᠠ ᠶᠢᠨ ᠬᠤᠭᠤᠴᠠᠭ᠎ᠠ ᠨᠢ ᠣᠬᠤᠷ ᠲᠣᠯᠨ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠨᠢ ᠬᠤᠶᠠᠷ ᠵᠢᠯ ᠤᠨ ᠬᠤᠭᠤᠴᠠᠭ᠎ᠠ ᠬᠡᠷᠡᠭᠰᠡᠨ᠎ᠡ᠃ ᠲᠥᠷᠥᠯ ᠵᠦᠶᠯ ᠨᠢ 2020 ᠣᠨ ᠤ 8 ᠰᠠᠷ᠎ᠠ ᠶᠢᠨ 24 ᠤ ᠡᠳᠦᠷ ᠳᠠᠭᠠᠭᠠᠴᠢᠯᠠᠯᠲᠠ ᠵᠠᠷᠯᠠᠵᠦ᠂ 9 ᠰᠠᠷ᠎ᠠ ᠶᠢᠨ 18 ᠤ ᠡᠳᠦᠷ ᠳᠠᠭᠠᠭᠠᠴᠢᠯᠠᠯᠲᠠ ᠬᠦᠯᠢᠶᠡᠵᠦ᠂ 10 ᠰᠠᠷ᠎ᠠ ᠶᠢᠨ 9 ᠤ ᠡᠳᠦᠷ ᠪᠠᠷᠢᠯᠭ᠎ᠠ ᠡᠬᠢᠯᠡᠭᠦᠯᠵᠠᠢ᠃ ᠣᠳᠣᠬᠠᠨ ᠪᠣᠯᠳᠠᠯ᠎ᠠ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠢ ᠲᠡᠭᠰᠢᠯᠡᠨ ᠲᠠᠭᠤᠰᠬᠠᠵᠦ᠂ ᠲᠣᠯᠠᠭᠠᠨ ᠬᠦᠮᠦᠷᠭᠡ ᠵᠢᠴᠢ ᠲᠠᠭᠠᠯᠳᠣᠨ ᠬᠡᠷᠡᠭᠯᠡᠬᠦ ᠭᠡᠷ ᠤᠨ ᠰᠠᠭᠤᠷᠢ ᠶᠢ ᠨᠢᠭᠡᠨᠳᠠ ᠲᠠᠯᠪᠢᠵᠦ ᠲᠠᠭᠤᠰᠬᠠᠵᠠᠢ᠃ ᠵᠢᠱᠢᠯᠲᠡ ᠪᠠᠷ 2021 ᠣᠨ ᠤ 10 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠰᠢᠩ ᠶᠣᠣ ᠪᠠᠯᠭᠠᠰᠤᠨ ᠤ ᠰᠠᠭᠤᠭᠠᠯᠢ ᠠᠷᠠᠳ ᠲᠤ ᠲᠠᠷᠢᠶᠠᠯᠠᠩ ᠤᠨ ᠠᠷᠠᠯᠵᠢᠶ᠎ᠠ ᠬᠤᠳᠠᠯᠳᠤᠭ᠎ᠠ ᠪᠠ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ 100 ᠳᠡᠯᠭᠡᠭᠦᠷ ᠤᠨ ᠪᠠᠶᠢᠷᠢ ᠬᠠᠩᠭᠠᠵᠤ᠂ 8 ᠠᠵᠢᠯ ᠤᠨ ᠪᠠᠶᠢᠷᠢ ᠶᠢ ᠲᠣᠬᠢᠷᠠᠭᠤᠯᠵᠤ᠂ ᠲᠠᠷᠢᠶᠠᠯᠠᠩ ᠤᠨ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠪᠠᠷ ᠳᠠᠮᠵᠢᠭᠤᠯᠤᠨ ᠡᠷᠬᠢᠨ ᠲᠣᠭᠤᠷᠢᠨ ᠤ 5818 ᠣᠯᠠᠨ ᠲᠦᠮᠡᠨ ᠳᠤ ᠠᠰᠢᠭ ᠬᠦᠷᠲᠡᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠠᠵᠤ ᠦᠶᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠶᠢ ᠠᠬᠢᠭᠤᠯᠵᠤ᠂ ᠰᠢᠩ ᠶᠣᠣ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠪᠠ ᠬᠡᠷᠡᠭᠯᠡᠭᠡ ᠶᠢᠨ ᠲᠠᠰ ᠳᠡᠪᠰᠢᠬᠦ  ᠶᠢ ᠠᠬᠢᠭᠤᠯᠬᠤ ᠳᠤ ᠠᠰᠢᠭᠲᠠᠶ ᠨᠦᠬᠦᠴᠡᠯ ᠢ ᠬᠠᠩᠭᠠᠪᠠ᠃         ᠬᠤᠶᠠᠷ᠂ 2021 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠣᠩᠭᠤᠬᠳᠠᠬᠰᠠᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ        2021 ᠣᠨ ᠪᠣᠯ  ︽ᠠᠷᠪᠠᠨ ᠳᠥᠷᠪᠡᠳᠦᠭᠡᠷ ᠲᠠᠪᠤᠨ ᠵᠢᠯ︾   ᠤᠨ ᠲᠥᠯᠥᠪᠵᠢᠭᠦᠯᠭᠡ ᠶᠢᠨ ᠡᠬᠢᠯᠡᠯᠲᠡ  ᠶᠢᠨ ᠵᠢᠯ ᠪᠦᠭᠡᠳ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤ  ᠡᠬᠢᠯᠠᠯᠳᠠ ᠶᠢᠨ ᠵᠢᠯ ᠪᠣᠯᠤᠨ᠎ᠠ᠂ ᠮᠦᠨᠴᠦ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠨᠢ ᠨᠡᠩ ᠶᠡᠭᠡ ᠠᠴᠢ ᠬᠤᠯᠪᠣᠭᠳᠠᠯ ᠲᠠᠢ ᠶᠤᠮ᠃ ᠲᠥᠯᠥᠭᠡᠯᠡᠭᠴᠢᠳ ᠤᠨ ᠪᠢᠯᠧᠲ ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ  ᠤᠨ ᠱᠠᠭᠠᠷᠳᠠᠯᠭ᠎ᠠ ᠪᠠᠷ᠂ ᠬᠤᠰᠢᠭᠤ ᠵᠠᠰᠠᠭ ᠤᠨ ᠣᠷᠳᠣᠨ ᠨᠠᠷᠢᠨ ᠨᠢᠮᠪᠠᠶ ᠲᠦᠯᠦᠪᠯᠡᠵᠦ᠂ 2020 ᠣᠨ ᠤ 12 ᠰᠠᠷ᠎ᠠ ᠶᠢᠨ ᠰᠡᠭᠦᠯᠴᠢ ᠪᠠᠷ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠲᠥᠷᠥᠯ ᠵᠦᠶᠯ ᠢ ᠡᠯᠰᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠣᠯᠠᠨ ᠠᠷᠭ᠎ᠠ ᠵᠠᠮ  ᠢᠶᠠᠷ ︽2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠰᠠᠨᠠᠭᠤᠯᠭ᠎ᠠ ᠶᠢᠨ ᠲᠥᠷᠥᠯ ᠵᠦᠶᠯ ᠢ ᠴᠤᠭᠯᠠᠭᠤᠯᠬᠤ ᠲᠤᠬᠠᠶ ᠠᠯᠪᠠᠨ ᠵᠠᠷ︾ ᠢ ᠨᠡᠶᠢᠲᠡᠯᠡᠵᠦ᠂ ᠪᠥᠬᠦ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ 12718 ᠬᠤᠪᠢ ︵ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ 267 ᠬᠤᠪᠢ᠂ ᠰᠤᠮᠤ ᠪᠠᠯᠭᠠᠰᠤ 12451 ᠬᠤᠪᠢ︶ ᠬᠤᠷᠢᠶᠠᠪᠠ᠃ 2021 ᠣᠨ ᠤ 1 ᠰᠠᠷ᠎ᠠ ᠳᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠴᠤᠭᠯᠠᠭᠤᠯᠤᠭᠰᠠᠨ ᠰᠠᠨᠠᠭᠤᠯᠭ᠎ᠠ ᠶᠢ ᠲᠥᠷᠥᠯ ᠬᠤᠪᠢᠶᠠᠨ ᠨᠡᠶᠢᠯᠡᠭᠦᠯᠵᠦ᠂ ᠡᠮᠬᠢᠳᠬᠡᠨ ᠰᠣᠩᠭᠤᠬᠤ ᠵᠢᠴᠢ ᠪᠣᠯᠤᠮᠵᠢᠲᠤ ᠴᠢᠨᠠᠷᠲᠠᠶ ᠰᠤᠳᠤᠯᠭᠠᠨ ᠬᠢᠵᠦ᠂ ᠰᠠᠨᠠᠭᠤᠯᠭ᠎ᠠ ᠶᠢᠨ ᠳᠣᠲᠣᠷᠠᠬᠢ ᠲᠤᠰᠬᠠᠯ ᠬᠠᠷᠢᠴᠠᠩᠭᠤᠶ ᠲᠥᠪᠯᠡᠷᠡᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠵᠦᠶᠯᠡᠰ ᠢ ᠣᠨ ᠤ ᠬᠡᠷᠡᠭᠵᠢᠭᠦᠯᠬᠦ ᠲᠥᠷᠥᠯ ᠵᠦᠶᠯ ᠤᠨ ᠲᠥᠯᠥᠪᠯᠡᠭᠡ ᠳᠤ ᠣᠷᠣᠭᠤᠯᠤᠭᠰᠠᠨ ᠪᠥᠭᠡᠳ ᠡᠭᠦᠨ ᠤ ᠰᠠᠭᠤᠷᠢᠨ ᠳᠡᠭᠡᠷ᠎ᠡ ᠠᠩᠬ᠎ᠠ ᠰᠣᠩᠭᠤᠭᠰᠠᠨ6 ᠲᠥᠷᠥᠯ ᠵᠦᠶᠯ  ᠢ ᠪᠦᠷᠢᠯᠳᠦᠭᠦᠯᠵᠡᠶ᠃ 2 ᠰᠠᠷ᠎ᠠ ᠠᠴᠠ ᠡᠬᠢᠯᠡᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠲᠣᠰ ᠲᠣᠰ ᠰᠤᠳᠤᠯᠵᠤ᠂ 5 ᠲᠥᠷᠥᠯ ᠵᠦᠶᠯ ᠢ ᠲᠣᠭᠲᠠᠭᠠᠵᠤ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠳᠥᠷᠪᠡᠳᠦᠭᠡᠷ ᠤᠳᠠᠭᠠᠨ ᠤ ᠬᠤᠷᠠᠯ ᠳᠤ ᠪᠢᠯᠧᠲ ᠥᠭᠴᠦ ᠰᠢᠶᠳᠪᠦᠷᠢ ᠭᠠᠷᠭᠠᠬᠤ ᠪᠣᠯᠣᠨ᠎ᠠ᠃ ᠠᠷᠠᠳ ᠤᠨ ᠠᠮᠢᠳᠣᠷᠠᠯ ᠤᠨ ᠪᠣᠳᠠᠳᠣ ᠶᠠᠪᠣᠳᠠᠯ ᠤᠨ ᠲᠥᠷᠥᠯ ᠵᠦᠶᠯ ᠢ ᠰᠣᠩᠭᠤᠬᠤ ᠶᠠᠪᠤᠴᠠ ᠳᠣᠮᠳᠠ ᠪᠢᠳᠡ ᠭᠤᠷᠪᠠᠨ ᠵᠠᠷᠴᠢᠮ  ᠢ ᠵᠢᠷᠣᠮᠯᠠᠪᠠ᠄  ᠨᠢᠭᠡ ᠳᠤ᠂ ᠠᠷᠠᠳ ᠤᠨ ᠰᠡᠳᠬᠢᠯ ᠳᠤ ᠣᠶᠢᠷᠠᠳᠬᠤ᠂ ᠠᠷᠠᠳ ᠤᠨ ᠰᠠᠨᠠᠭ᠎ᠠ ᠶᠢ ᠬᠠᠷᠠᠭᠤᠯᠬᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ ᠶᠢ ᠪᠠᠷᠢᠮᠳᠠᠯᠠᠪᠠ᠃ ᠠᠷᠠᠳ ᠤᠨ ᠠᠮᠢᠳᠤᠷᠠᠯ ᠤᠨ 5 ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠨᠢ ᠴᠥᠮ ᠪᠥᠬᠦ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡᠴᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢᠨ ᠳᠣᠲᠣᠷ᠎ᠠ ᠠᠴᠠ ᠢᠷᠡᠯᠲᠡ ᠲᠠᠢ ᠪᠠᠶᠢᠵᠤ᠂ ᠲᠥᠷᠥᠯ ᠵᠦᠶᠯ ᠨᠢ ᠠᠷᠠᠳ ᠤᠨ ᠬᠡᠷᠡᠭᠴᠡᠭᠡ ᠳᠤ ᠨᠠᠩ ᠣᠶᠢᠷᠠᠳᠴᠦ᠂ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ ᠪᠣᠯᠵᠣ᠂ ᠠᠯᠢ ᠴᠢᠳᠠᠬᠤ ᠪᠠᠷ ᠨᠠᠩ ᠣᠯᠠᠨ ᠬᠥᠮᠦᠨ ᠳᠤ ᠠᠰᠢᠭ ᠬᠦᠷᠲᠡᠭᠡᠵᠦ᠂ ᠨᠡᠶᠢᠳᠡᠮ ᠬᠠᠷᠠᠭᠠᠯᠵᠠᠬᠤ ᠶᠢ ᠢᠯᠡᠷᠡᠭᠦᠯᠪᠡ᠃ ᠬᠤᠶᠠᠷ ᠲᠤ᠂ ᠴᠢᠳᠠᠯ ᠤᠨ ᠬᠢᠷᠢ ᠪᠠᠷ ᠴᠢᠷᠮᠠᠶᠢᠵᠤ᠂ ᠴᠢᠳᠠᠯ ᠤᠨ ᠬᠢᠷᠢ ᠪᠠᠷ ᠬᠢᠵᠦ᠂ ᠲᠤᠬᠠᠢ ᠶᠢᠨ ᠵᠢᠯ ᠳᠤ ᠪᠡᠶᠡᠯᠡᠭᠦᠯᠬᠦ ᠶᠢ ᠪᠠᠷᠢᠮᠳᠠᠯᠠᠪᠠ᠃ ᠠᠷᠠᠳ ᠤᠨ ᠠᠮᠢᠳᠤᠷᠠᠯ ᠤᠨ ᠪᠤᠶ ᠪᠦᠬᠦᠢ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠨ ᠤ ᠬᠠᠷᠠᠯᠲᠠ᠂ ᠪᠦᠲᠦᠭᠡᠨ ᠪᠠᠶᠢᠭᠤᠯᠬᠤ ᠴᠠᠭ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠪᠡᠯᠡ ᠮᠥᠩᠭᠦ ᠶᠢᠨ ᠢᠷᠡᠯᠲᠡ ᠪᠣᠯᠤᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠭᠲᠠᠭᠠᠨ᠂ ᠣᠯᠠᠨ ᠲᠦᠮᠡᠨ ᠤ ᠲᠤᠬᠠᠶ ᠶᠢᠨ ᠵᠢᠯ ᠳᠤ ᠠᠰᠢᠭ ᠬᠦᠷᠲᠡᠬᠦ ᠶᠢ ᠪᠠᠳᠣᠯᠠᠪᠠ᠃ ᠭᠤᠷᠪᠠ  ᠳᠤ᠂ ᠭᠤᠤᠯᠳᠠᠯᠭ᠎ᠠ ᠶᠢ ᠲᠣᠪᠣᠶᠢᠯᠭᠠᠬᠤ᠂ ᠲᠥᠪᠯᠡᠷᠡᠭᠦᠯᠦᠨ ᠰᠢᠪᠳᠣᠯᠣᠯᠳᠠ ᠬᠢᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠳᠠᠯᠠᠪᠠ᠃ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠮᠢ ᠠᠬᠤᠢ ᠶᠢᠨ ᠣᠷᠴᠢᠨ ᠨᠥᠬᠦᠴᠡᠯ ᠵᠡᠷᠭᠡ ᠲᠤᠪᠤᠶᠢᠮ᠎ᠠ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠬᠦ ᠶᠢᠨ ᠬᠠᠮᠲᠤ ᠨᠡᠶᠢᠭᠡᠮ  ᠤᠨ ᠪᠠᠲᠤᠯᠠᠭ᠎ᠠ᠂ ᠴᠠᠬᠢᠯᠭᠠᠨ ᠬᠦᠴᠦᠨ ᠤ ᠦᠢᠯᠡᠴᠢᠯᠡᠭᠡ ᠵᠡᠷᠭᠡ ᠤᠯᠠᠮᠵᠢᠯᠠᠯᠲᠤ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠬᠠᠮᠲᠤ ᠳᠤᠨᠢ ᠬᠠᠷᠠᠭᠠᠯᠵᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠡᠷᠡᠵᠦ ᠮᠡᠳᠡᠭᠦᠰᠢᠲᠠᠢ ᠣᠨᠴᠠᠯᠢᠭ ᠢ ᠲᠡᠭᠡᠭᠰᠢᠯᠡᠭᠦᠯᠪᠠ᠃         2021 ᠣᠨ ᠳᠤ ᠬᠤᠰᠢᠭᠤ ᠵᠠᠰᠠᠭ ᠤᠨ ᠣᠷᠳᠣᠨ ᠠᠴᠠ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ ᠤᠨ 5 ᠲᠥᠷᠥᠯ ᠵᠦᠶᠯ᠄         ︵ᠨᠢᠭᠡ︶ ᠬᠤᠯᠤᠰᠤᠲᠠᠢ ᠨᠠᠭᠤᠷ — ᠵᠢᠭᠠᠰᠤᠲᠠᠢ ᠨᠠᠭᠤᠷ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠲᠣᠰ ᠲᠥᠷᠥᠯ ᠵᠦᠶᠯ ᠳᠤ ᠬᠤᠯᠤᠰᠤᠲᠠᠶ ᠨᠠᠭᠤᠷ — ᠵᠢᠭᠠᠰᠤᠲᠠᠶ ᠨᠠᠭᠤᠷ ᠤᠨ ᠪᠠᠷᠤᠭᠰᠢᠨ ᠵᠠᠰᠠᠮᠠᠯ ᠵᠠᠮ ᠢ ᠰᠢᠨ᠎ᠡ ᠪᠠᠷ ᠵᠠᠰᠠᠵᠤ᠂ ᠪᠥᠬᠦ ᠣᠷᠳᠣ ᠨᠢ 49.8 ᠺᠢᠯᠣᠮᠧᠲᠷ ᠪᠠᠶᠢᠵᠤ᠂ ᠡᠭᠦᠨ ᠳᠤ ᠰᠢᠯᠣᠭᠤᠨ ᠬᠥᠬᠡ ᠬᠤᠰᠢᠭᠤᠨ ᠳᠤ 12 ᠺᠢᠯᠣᠮᠧᠲᠷ᠂ ᠰᠢᠯᠣᠭᠤᠨ ᠬᠦᠪᠡᠭᠡᠲᠦ ᠴᠠᠭᠠᠨ ᠬᠤᠰᠢᠭᠤᠨ ᠳᠤ 37.8 ᠺᠢᠯᠣᠮᠧᠲᠷ ᠪᠣᠶ᠃ ᠮᠠᠨ ᠤ ᠬᠤᠰᠢᠭᠤᠨ ᠤ ᠬᠢᠵᠠᠭᠠᠷ ᠳᠣᠲᠣᠷᠠᠬᠢ ᠵᠠᠮ ᠤᠨ ᠬᠡᠰᠡᠭ ᠤᠨ ᠶᠡᠷᠦᠩᠬᠡᠶ ᠪᠠᠯᠠ ᠣᠷᠣᠭᠤᠯᠤᠯᠲᠠ 5765 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠵᠠᠮ ᠤᠨ ᠰᠠᠭᠤᠷᠢ ᠶᠢᠨ ᠥᠷᠭᠡᠨ 7.5 ᠮᠧᠲᠷ᠂ ᠵᠠᠮ ᠤᠨ ᠥᠷᠭᠡᠨ 6.5 ᠮᠧᠲᠷ ᠪᠣᠯᠤᠨ᠎ᠠ᠃ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂  ᠶᠡᠬᠡᠨᠠᠭᠤᠷ ᠰᠤᠮᠤ᠂ ᠤᠯᠠᠭᠠᠨᠴᠠᠪ ᠰᠤᠮᠤ ᠳᠠᠭᠠᠤ ᠶᠢᠨ 6866 ᠡᠷᠦᠬᠡ ᠶᠢᠨ 13984 ᠬᠥᠮᠦᠨ ᠤ ᠠᠮᠤᠷ ᠲᠦᠪᠰᠢᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠤᠯᠠᠮ ᠪᠠᠳᠣᠯᠠᠵᠦ᠂ ᠮᠠᠨ ᠤ ᠬᠤᠰᠢᠭᠤᠨ ᠤ ᠵᠠᠰᠠᠮᠠᠯ ᠵᠠᠮ ᠤᠨ ᠲᠣᠤᠷ ᠤᠨ ᠨᠡᠪᠲᠡᠷᠡᠬᠦ ᠭᠦᠨᠴᠡ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠦᠵᠡᠰᠬᠦᠯᠡᠩᠲᠦ ᠰᠠᠶᠢᠬᠠᠨ ᠰᠠᠭᠤᠷᠢᠰᠢᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠶᠯᠡᠰ ᠢ ᠴᠣᠭᠴᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃         ︵ᠬᠤᠶᠠᠷ︶ ᠴᠠᠬᠢᠯᠭᠠᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ᠃ ᠲᠣᠰ ᠲᠥᠷᠥᠯ ᠵᠦᠶᠯ ᠳᠤ ᠨᠡᠶᠢᠲᠡ 3387 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 5 ᠰᠤᠮᠤ ᠪᠠᠯᠭᠠᠰᠤᠨ ᠤ ᠴᠠᠬᠢᠯᠭᠠᠨ ᠲᠣᠬᠢᠷᠠᠭᠤᠯᠬᠤ ᠲᠣᠤᠷ ᠵᠢᠴᠢ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠦᠷᠦᠯ ᠵᠦᠢᠯ ᠤᠨ ᠠᠭᠤᠯᠭ᠎ᠠ ᠳᠤ 10 kv ᠶᠢᠨ ᠠᠭᠠᠷ ᠣᠳᠠᠰᠣ ᠶᠢ 115.71 ᠺᠢᠯᠣᠮᠧᠲᠷ᠂10 kv ᠶᠢᠨ ᠴᠠᠬᠢᠯᠭᠠᠨ ᠣᠳᠠᠰᠣ ᠶᠢ 0.63 ᠺᠢᠯᠣᠮᠧᠲᠷ᠂ 0.4 kv ᠶᠢᠨ ᠠᠭᠠᠷ ᠣᠳᠠᠰᠣ ᠶᠢ 51.36 ᠺᠢᠯᠣᠮᠧᠲᠷ ᠰᠢᠨ᠎ᠡ ᠪᠠᠷ ᠪᠠᠶᠢᠭᠤᠯᠬᠤ ᠪᠣᠶᠣ ᠦᠭᠡᠷᠡᠴᠢᠯᠡᠵᠦ᠂ ᠪᠠᠭᠠᠨ᠎ᠠ ᠳᠡᠭᠡᠷᠡᠬᠢ ᠬᠤᠭᠤᠰᠣᠨ ᠣᠨᠳᠠᠷᠭᠠᠯᠭ᠎ᠠ ᠶᠢ 16 ᠰᠠᠭᠤᠷᠢ᠂ 45 ᠰᠠᠭᠤᠷᠢ ᠭᠦᠴᠦᠳᠠᠯ ᠦᠭᠡᠷᠡᠴᠢᠯᠡᠭᠴᠢ ᠲᠣᠬᠢᠷᠠᠭᠤᠯᠵᠤ᠂ ᠶᠡᠷᠦᠩᠬᠡᠶ ᠪᠠᠭᠲᠠᠭᠠᠮᠵᠢ ᠨᠢ 2900 kvA ᠪᠣᠢ᠃ ᠲᠣᠰ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠪᠥᠬᠦ ᠬᠤᠰᠢᠭᠤᠨ ᠤ ᠴᠠᠬᠢᠯᠭᠠᠨ ᠡᠨᠧᠷᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠴᠠᠬᠢᠯᠭᠠᠨ ᠲᠣᠤᠷ ᠤᠨ ᠪᠦᠲᠦᠴᠡ ᠶᠢ ᠰᠢᠯᠢᠳᠡᠭᠵᠢᠭᠦᠯᠬᠦ᠂ ᠣᠳᠠᠰᠣᠨ ᠵᠠᠮ ᠤᠨ ᠳᠤᠮᠳᠠᠴᠢ ᠴᠠᠬᠢᠯᠭᠠᠨ ᠬᠠᠩᠭᠠᠬᠤ ᠷᠠᠳᠢᠦ᠋ᠰ ᠢ ᠪᠠᠭᠤᠷᠠᠭᠤᠯᠬᠤ᠂ ᠠᠳᠠᠯ ᠠᠬᠤᠶ ᠥᠬᠡᠶ ᠬᠠᠭᠤᠴᠢᠨ ᠲᠣᠭᠤᠷᠢᠭ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠰᠠᠶᠢᠵᠢᠷᠠᠭᠤᠯᠬᠤ ᠳᠤ ᠠᠰᠢᠭᠲᠠᠶ ᠪᠠᠶᠢᠵᠤ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃         ︵ᠭᠤᠷᠪᠠ︶ ᠱᠤᠸᠠᠩ ᠱᠠᠨ ᠲᠣᠰᠬᠤᠨ ᠤ ᠯᠢᠶᠠᠩ ᠵᠢᠶᠠᠨ ᠹᠠᠩ ᠳᠤᠭᠤᠶᠢᠯᠠᠩ — ᠳ᠋ᠧ ᠱᠧᠩ ᠲᠣᠰᠬᠤᠨ ᠤ ᠹᠧᠩ ᠢ ᠳᠤᠭᠤᠶᠢᠯᠠᠩ ᠤᠨ ᠵᠠᠮ ᠢ ᠥᠭᠡᠷᠡᠴᠢᠯᠡᠬᠦ ᠢᠨᠵᠧᠨᠧᠷᠢᠩ᠃ ᠲᠣᠰ ᠲᠥᠷᠥᠯ ᠵᠦᠶᠯ ᠳᠤ 258 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠱᠤᠸᠠᠩ ᠱᠠᠨ ᠲᠣᠰᠬᠤᠨ ᠤ ᠯᠢᠶᠠᠩ ᠵᠢᠶᠠᠨ ᠹᠠᠩ ᠳᠤᠭᠤᠶᠢᠯᠠᠩ — ᠳ᠋ᠧ ᠱᠧᠩ ᠲᠣᠰᠬᠤᠨ ᠤ ᠹᠧᠩ ᠢ ᠳᠤᠭᠤᠶᠢᠯᠠᠩ ᠤᠨ ᠱᠦᠶᠨᠢ ᠵᠠᠮ ᠤᠨ ᠭᠠᠳᠠᠷᠭᠤ ᠳᠤ 4 cm ᠪᠠᠷᠤᠭᠰᠢᠨ ᠢᠶᠠᠷ ᠵᠠᠰᠠᠨ ᠦᠭᠡᠷᠡᠴᠢᠯᠡᠵᠦ᠂ ᠲᠣᠰ ᠵᠠᠮ ᠨᠢ ᠪᠡᠭᠡᠵᠢᠩ ᠥᠪᠥᠷ ᠮᠣᠩᠭᠤᠯ ᠤᠨ ᠣᠲᠣ ᠦᠶ᠎ᠡ  ᠶᠢᠨ ᠲᠠᠷᠢᠶᠠᠯᠠᠩ ᠰᠢᠨᠵᠢᠯᠡᠬᠦ ᠮᠡᠷᠭᠡᠵᠢᠯ ᠤᠨ ᠠᠵᠤ ᠦᠶᠯᠡᠰ ᠤᠨ ᠬᠦᠷᠢᠶᠡᠯᠡᠩ ᠢᠶᠠᠷ 13.22 ᠺᠢᠯᠣᠮᠧᠲᠷ ᠦᠩᠭᠡᠷᠡᠨ᠎ᠡ᠃ ᠲᠣᠰ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠳᠠᠭᠠᠤ ᠶᠢᠨ 560 ᠡᠷᠦᠬᠡ ᠶᠢᠨ 1048 ᠬᠥᠮᠦᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠵᠤ᠂ ᠶᠦᠩ ᠾᠧ ᠲᠣᠰᠬᠤᠨ ᠳᠤ ᠰᠠᠭᠤᠭ᠎ᠠ ᠠᠵᠤ ᠠᠬᠤᠶᠢᠯᠠᠯ ᠤᠨ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠣᠷᠣᠯᠠᠭᠤᠯᠬᠤ ᠳᠤ ᠵᠠᠮ ᠬᠠᠷᠢᠯᠴᠠᠭᠠᠨ ᠤ ᠲᠥᠬᠦᠮ ᠦᠵᠡᠭᠦᠯᠬᠦ ᠶᠢᠨ ᠬᠠᠮᠲᠤ ᠲᠣᠰ ᠵᠠᠮ ᠤᠨ ᠬᠡᠰᠡᠭ ᠤᠨ ᠲᠡᠷᠭᠡ ᠨᠡᠪᠳᠡᠷᠡᠭᠦ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠨ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠬᠤ ᠪᠣᠯᠤᠨ᠎ᠠ᠃         ︵ᠳᠥᠷᠪᠡ︶ ᠮᠢᠩᠭᠠᠲᠤ ᠪᠠᠯᠭᠠᠰᠤ ᠶᠢᠨ ᠪᠠᠷᠠᠭᠤᠨᠳᠠᠬᠢ ᠣᠷᠣᠵᠤ ᠭᠠᠷᠬᠤ ᠭᠠᠷᠣᠴᠨ ᠶᠢᠨ ᠮᠤᠵᠢ ᠶᠢᠨ 313 ᠵᠠᠮ ᠤᠨ ᠬᠤᠶᠢᠲᠤ ᠲᠠᠯ᠎ᠠ ᠶᠢ ᠨᠣᠭᠤᠭᠠᠷᠠᠭᠤᠯᠬᠤ ᠲᠥᠷᠥᠯ ᠵᠦᠶᠯ᠃ ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ 202 ᠲᠦᠮᠡᠨ ᠲᠥᠭᠦᠷᠢᠭ ᠪᠠᠶᠢᠵᠤ᠂ ᠮᠢᠩᠭᠠᠲᠤ ᠪᠠᠯᠭᠠᠰᠤᠨ ᠤ ᠪᠠᠷᠠᠭᠤᠨᠳᠠᠬᠢ ᠣᠷᠣᠵᠤ ᠭᠠᠷᠬᠤ ᠭᠠᠷᠣᠴᠠ ᠶᠢᠨ ᠮᠤᠵᠢ ᠶᠢᠨ 313 ᠵᠠᠮ ᠤᠨ ᠬᠤᠶᠢᠲᠤ ᠲᠠᠯ᠎ᠠ ᠳᠤ 4 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠨᠣᠭᠤᠭᠠᠷᠠᠭᠤᠯᠣᠨ᠎ᠠ᠃ ᠲᠣᠬᠠᠶᠢᠯᠠᠪᠠᠯ ᠤᠯᠢᠶᠠᠰᠤ᠂ ᠭᠠᠴᠤᠷ᠎ᠠ᠂ ᠭᠤᠤᠯᠲᠤ ᠪᠣᠷᠣ᠂ ᠬᠠᠶᠢᠯᠠᠰᠤᠨ ᠬᠦᠶᠯᠡᠰᠦ᠂ ᠬᠡᠭᠡᠷ᠎ᠡ ᠶᠢᠨ ᠬᠦᠶᠯᠡᠰᠦ ᠵᠡᠷᠭᠡ ᠮᠣᠳᠣᠨ ᠤ ᠲᠥᠷᠥᠯ ᠢ ᠳᠠᠷᠢᠵᠤ᠂ ᠲᠣᠤᠷᠯᠠᠬᠤ ᠪᠠᠷ ᠲᠥᠯᠥᠪᠯᠡᠵᠦ ᠪᠠᠶᠢᠨ᠎ᠠ᠃ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠪᠠᠷ ᠳᠠᠮᠵᠢᠭᠤᠯᠤᠨ᠂ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠤᠰᠤ ᠴᠢᠭᠢᠭ ᠢ ᠬᠠᠳᠠᠭᠠᠯᠠᠬᠤ᠂ ᠲᠡᠷᠭᠡᠨ ᠤ ᠱᠤᠤᠭᠢᠶᠠᠨ ᠢ ᠪᠠᠭᠠᠰᠬᠠᠬᠤ ᠦᠶᠯᠡᠳᠦᠯ ᠦᠵᠡᠭᠦᠯᠵᠦ᠂ ᠡᠷᠬᠢᠨ ᠲᠣᠭᠤᠷᠢᠨ ᠤ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠤ ᠨᠥᠬᠦᠴᠡᠯ ᠢ ᠰᠠᠶᠢᠵᠢᠷᠠᠭᠤᠯᠵᠤ᠂ ᠮᠢᠩᠭᠠᠲᠤ ᠪᠠᠯᠭᠠᠰᠤ ᠶᠢᠨ ᠪᠠᠷᠠᠭᠤᠨᠳᠠᠬᠢ ᠭᠠᠷᠣᠴᠠ ᠶᠢᠨ ᠦᠵᠡᠮᠵᠢ  ᠶᠢ ᠢᠯᠡᠳᠲᠡ ᠳᠡᠭᠡᠭᠰᠢᠯᠡᠭᠦᠯᠬᠦ ᠶᠢᠨ ᠬᠠᠮᠲᠤ ᠠᠭᠠᠷ ᠤᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠶᠢ ᠲᠣᠬᠢᠷᠠᠭᠤᠯᠵᠤ᠂ ᠮᠢᠩᠭᠠᠲᠤ ᠪᠠᠯᠭᠠᠰᠣᠨ ᠤ ᠠᠭᠤᠷ ᠠᠮᠢᠰᠬᠤᠯ ᠤᠨ ᠰᠠᠶᠢᠵᠢᠷᠠᠯᠲᠠ ᠶᠢ ᠨᠡᠮᠡᠭᠳᠡᠭᠦᠯᠬᠦ  ᠪᠣᠯᠤᠨ᠎ᠠ᠃        ︵ᠲᠠᠪᠤ  ︶ ᠴᠠᠭ ᠠᠭᠤᠷ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ᠃ ᠲᠣᠰ ᠲᠥᠷᠥᠯ ᠵᠦᠶᠯ ᠳᠤ 55 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠡᠭᠦᠨ ᠳᠤ᠄ 13.5  ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠣᠯᠭᠠᠨᠳᠣᠬᠤᠢ ᠰᠤᠮᠤ ᠪᠣᠯᠤᠨ ᠶᠡᠬᠡᠨᠠᠭᠤᠷ ᠰᠣᠮᠣᠨ ᠳᠤ ᠬᠥᠷᠥᠰᠥ ᠰᠢᠷᠣᠶ ᠶᠢᠨ ᠤᠰᠤᠨ ᠤ ᠬᠡᠮᠵᠢᠶ᠎ᠡ ᠶᠢ ᠠᠵᠢᠭᠯᠠᠨ ᠬᠡᠮᠵᠢᠬᠦ ᠥᠷᠲᠡᠭᠡ ᠶᠢ ᠲᠣᠰ ᠲᠣᠰ 1 ᠶᠢ ᠪᠠᠶᠢᠭᠤᠯᠤᠨ᠎ᠠ︔ 17.66 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠡᠬᠡᠨᠠᠭᠤᠷ ᠰᠣᠮᠣᠨ ᠤ ᠬᠦᠢᠰᠦ ᠭᠠᠴᠠᠭᠠᠨ ᠳᠤ ᠵᠢᠷᠭᠤᠭᠠᠨ ᠡᠯᠧᠮᠧᠨ᠋ᠲ ᠤᠨ ᠠᠦ᠋ᠲ᠋ᠣᠴᠢᠯᠠᠬᠰᠠᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ﹇2﹈ ᠵᠢᠴᠢ ᠠᠭᠤᠰᠬᠤ ᠲᠣᠨᠣᠳᠠᠰᠣᠨ ᠤ ᠰᠡᠷᠡᠭᠳᠡᠭᠦᠷ ᠮᠠᠰᠢᠨ ᠢ ᠣᠬᠰᠠᠷᠠᠨ᠎ᠠ︔ 18.2 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠢᠩᠭᠠᠲᠤ ᠪᠠᠯᠭᠠᠰᠤᠨ ᠳᠤ ᠵᠢᠷᠭᠤᠭᠠᠨ ᠡᠯᠧᠮᠧᠨ᠋ᠲ ᠤᠨ ᠰᠢᠯᠵᠢᠮᠡᠯ ᠠᠦ᠋ᠲ᠋ᠣᠴᠢᠯᠠᠬᠰᠠᠨ ᠠᠵᠢᠭᠯᠠᠯᠲᠠ ᠶᠢᠨ ᠥᠷᠲᠡᠭᠡ ᠪᠠᠶᠢᠭᠤᠯᠤᠨ᠎ᠠ︔ 5.64 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠯ᠎ᠡ ᠰᠤᠮᠤ ᠪᠠᠯᠭᠠᠰᠤᠨ ᠳᠤ ᠣᠷᠣᠨ ᠪᠦᠰᠡ ᠶᠢᠨ ᠠᠦ᠋ᠲ᠋ᠣᠴᠢᠯᠠᠬᠰᠠᠨ ᠥᠷᠲᠡᠭᠡ ᠶᠢᠨ ᠴᠠᠬᠢᠯᠭᠠᠨ ᠵᠠᠢ᠂ ᠬᠦᠨᠳᠦ ᠰᠡᠷᠡᠭᠳᠡᠭᠦᠷ ᠮᠠᠰᠢᠨ ᠤ ᠬᠥᠯᠳᠡᠬᠦ ᠶᠢ ᠰᠡᠷᠭᠡᠶᠢᠯᠡᠬᠦ ᠰᠢᠩᠭᠡᠨ ᠵᠢᠴᠢ ᠬᠤᠷᠢᠭᠯᠠᠬᠤ ᠲᠣᠰᠣ ᠵᠡᠷᠭᠡ ᠣᠷᠣᠨ ᠪᠦᠰᠡ ᠶᠢᠨ ᠠᠦ᠋ᠲ᠋ᠣᠴᠢᠯᠠᠬᠰᠠᠨ ᠥᠷᠲᠡᠭᠡ ᠶᠢᠨ ᠢᠵᠢ ᠪᠦᠷᠢᠳᠦᠭᠦᠯᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠦᠭᠭᠦᠨ᠎ᠡ᠃ ᠲᠣᠰ ᠲᠥᠷᠥᠯ ᠵᠦᠶᠯ ᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠨ ᠪᠠᠭᠠᠰᠬᠠᠬᠤ ᠪᠠ ᠲᠠᠷᠢᠶᠠᠯᠠᠩ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠠᠩ ᠰᠠᠶᠢᠨ ᠪᠠᠲᠤᠯᠠᠭ᠎ᠠ ᠬᠠᠩᠭᠠᠬᠤ ᠪᠣᠯᠤᠨ᠎ᠠ᠃            ᠲᠥᠯᠥᠭᠡᠯᠡᠭᠴᠢᠳ ᠡ᠂ ᠠᠷᠠᠳ ᠤᠨ ᠬᠦᠰᠡᠯ ᠡᠷᠡᠮᠡᠯᠵᠡᠯ᠂ ᠵᠠᠰᠠᠭ ᠪᠠᠷᠢᠬᠤ ᠴᠢᠭᠯᠡᠯ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ  ᠤᠨ ᠠᠵᠢᠯ ᠤᠨ ᠳᠤᠮᠳᠠ᠂ ᠪᠢᠳᠠ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠵᠢᠭᠦᠯᠬᠦ ᠲᠥᠰᠦᠯ ᠢ ᠴᠢᠩᠭ᠎ᠠ ᠨᠢᠮᠪᠠᠢ ᠲᠣᠭᠲᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠲᠤᠬᠢᠷᠠᠭᠤᠯᠤᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ᠲᠠᠶᠢᠯᠪᠤᠷᠢ         ﹇1﹈᠄ ᠲᠤᠰᠬᠠᠶ ᠬᠡᠷᠡᠭᠯᠡᠬᠦ ᠲᠥᠬᠦᠭᠡᠷᠦᠮᠵᠢ ᠶᠢ ᠬᠡᠷᠡᠭᠯᠡᠵᠦ᠂ ᠪᠥᠭᠡᠭᠡᠨᠡᠪᠦᠷᠢ ᠶᠢᠨ ᠴᠢᠨᠠᠷ ᠢ ᠨᠢ ᠬᠤᠪᠢᠷᠠᠭᠤᠯᠤᠭᠰᠠᠨ ᠴᠡᠶᠢᠳᠡᠮᠯᠢᠭ  ᠪᠠᠷᠣᠬᠰᠢᠨ᠂ ᠮᠠᠲ᠋ᠧᠷᠢᠶᠠᠯ ᠴᠤᠭᠯᠠᠭᠤᠯᠬᠤ᠂ ᠮᠠᠲ᠋ᠧᠷᠢᠶᠠᠯ ᠨᠡᠮᠡᠬᠦ᠂ ᠤᠰᠤ ᠪᠠ ᠨᠡᠮᠡᠯᠲᠡ ᠡᠳ᠋ ᠵᠡᠷᠭᠡ ᠶᠢ ᠬᠠᠷᠢᠴᠠᠯ ᠶᠣᠰᠣᠭᠠᠷ ᠰᠢᠩᠭᠡᠨ ᠡᠭᠡᠳᠡᠩ ᠬᠤᠯᠢᠬᠤ᠂ ᠤᠤᠯ ᠤᠨ ᠵᠠᠮ ᠳᠡᠭᠡᠷ᠎ᠡ ᠨᠢ ᠲᠦᠷᠭᠡᠨ ᠨᠦᠬᠦᠨ ᠲᠡᠪᠢᠰᠴᠦ᠂ ᠨᠢᠮᠭᠡᠨ ᠳᠠᠪᠬᠤᠷᠭ᠎ᠠ ᠪᠣᠯᠭᠠᠨ ᠪᠦᠲᠡᠭᠡᠬᠦ ᠶᠢᠨ ᠬᠠᠮᠲᠤ᠂ ᠣᠬᠤᠷ ᠬᠤᠭᠤᠴᠠᠭᠠᠨ ᠳᠣᠲᠣᠷ᠎ᠠ ᠵᠠᠮ ᠬᠠᠷᠢᠯᠴᠠᠭᠠᠨ ᠤ ᠵᠠᠮ ᠤᠨ ᠭᠠᠳᠠᠷᠭᠤ ᠶᠢ ᠠᠷᠠᠴᠢᠯᠠᠨ ᠬᠠᠮᠠᠭᠠᠯᠠᠬᠤ ᠪᠦᠷᠬᠦᠭᠦᠯ ᠤᠨ ᠮᠡᠷᠭᠡᠵᠢᠯ ᠢ ᠨᠡᠭᠡᠭᠡᠬᠦ ᠪᠣᠯᠣᠨ᠎ᠠ᠃      ﹇2﹈᠄ ᠨᠢᠭᠡ ᠵᠦᠶᠯ ᠤᠨ ᠲᠣᠭᠲᠠᠮᠠᠯ ᠮᠠᠶ᠋ᠢᠭ ᠤᠨ ᠭᠠᠵᠠᠷ ᠳᠡᠭᠡᠷᠡᠬᠢ ᠠᠦ᠋ᠲ᠋ᠣᠴᠢᠯᠠᠬᠰᠠᠨ ᠠᠵᠢᠭᠯᠠᠯᠲᠠ ᠶᠢᠨ ᠲᠥᠬᠦᠭᠡᠷᠦᠮᠵᠢ᠃ ᠰᠢᠰᠲ᠋ᠧᠮ ᠨᠢ ᠲᠡᠷᠢᠭᠦᠨ ᠤ ᠴᠠᠭ ᠠᠭᠤᠷ ᠤᠨ ᠰᠡᠷᠡᠭᠳᠡᠭᠦᠷ ᠮᠠᠰᠢᠨ᠂ ᠲᠤᠭ᠎ᠠ ᠪᠠᠷᠢᠮᠲᠠ  ᠴᠣᠬᠯᠠᠭᠤᠯᠬᠤ᠂ ᠡᠵᠡᠮᠳᠡᠨ ᠰᠢᠢᠳᠪᠦᠷᠢᠯᠡᠬᠦ ᠮᠠᠰᠢᠨ᠂ GPRS ᠤᠲᠠᠰᠤ ᠦᠭᠡᠢ ᠳᠠᠮᠵᠢᠭᠤᠯᠭ᠎ᠠ ᠵᠡᠷᠭᠡ ᠶᠢ ᠬᠡᠷᠡᠭᠯᠡᠨ᠂ ᠡᠩ ᠤᠨ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ᠂ ᠠᠭᠠᠷ ᠤᠨ ᠳᠠᠷᠤᠯᠲᠠ᠂ ᠣᠷᠴᠢᠨ ᠲᠣᠭᠤᠷᠢᠨ ᠤ ᠴᠢᠭᠢᠭ ᠤᠨ ᠬᠡᠮᠵᠢᠶ᠎ᠡ᠂ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ᠂ ᠪᠣᠷᠣᠭᠠᠨ ᠤ ᠬᠡᠮᠵᠢᠶ᠎ᠡ ᠵᠡᠷᠭᠡ 6 ᠲᠥᠷᠥᠯ ᠤᠨ ᠴᠠᠭ ᠠᠭᠤᠷ ᠤᠨ ᠡᠯᠧᠮᠧᠨ᠋ᠲ ᠤᠨ ᠠᠵᠢᠭᠯᠠᠯᠲᠠ ᠬᠢᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号