ᠰᠢᠯᠣᠭᠤᠨ ᠬᠦᠪᠡᠭᠡᠲᠦ ᠴᠠᠭᠠᠨ ᠬᠤᠰᠢᠭᠤᠨ ᠤ 2021 ᠣᠨ ᠤ ᠬᠠᠪᠣᠷ ᠤᠨ ᠣᠯᠠᠷᠢᠯ ᠤᠨ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ ᠲᠣᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/1
 ᠰᠢᠯᠣᠭᠤᠨ ᠬᠦᠪᠡᠭᠡᠲᠦ ᠴᠠᠭᠠᠨ ᠬᠤᠰᠢᠭᠤᠨ ᠤ 2021 ᠣᠨ ᠤ ᠬᠠᠪᠣᠷ ᠤᠨ ᠣᠯᠠᠷᠢᠯ ᠤᠨ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ ᠲᠣᠬᠠᠢ ᠠᠯᠪᠠᠨ ᠵᠠᠷᠯᠠᠯ           ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠠᠮᠠᠭᠠᠯᠠᠨ ᠠᠰᠢᠭᠯᠠᠬᠤ ᠶᠢᠨ ᠲᠤᠰᠠᠳᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠠᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ  ᠪᠠᠷ ᠲᠣᠭᠲᠠᠪᠠ᠃ ᠡᠳᠦᠭᠡ ᠬᠠᠮᠢᠶ᠎ᠠ ᠪᠥᠬᠦᠶ ᠵᠦᠢᠯᠡᠰ ᠢ  ᠵᠠᠷᠯᠠᠨ ᠮᠡᠳᠡᠭᠳᠡᠶ᠎ᠡ᠄         ᠨᠢᠭᠡ᠂ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ ᠬᠤᠭᠤᠴᠠᠭ᠎ᠠ᠄ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 10 ᠤ ᠡᠳᠦᠷ ᠬᠦᠷᠳᠡᠯ᠎ᠡ᠂ ᠨᠡᠶᠢᠲᠡ 30 ᠡᠳᠦᠷ᠃        ᠬᠤᠶᠠᠷ᠂ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ ᠬᠡᠪᠴᠢᠶ᠎ᠡ᠄ ᠪᠥᠬᠦ ᠬᠤᠰᠢᠭᠤᠨ ᠤ 4 ᠰᠤᠮᠤ ᠪᠠᠯᠭᠠᠰᠣᠨ ᠤ 38 ᠭᠠᠴᠠᠭ᠎ᠠ ︵ᠲᠠᠯᠠᠪᠠᠶ︶ ᠶᠢᠨ ᠮᠠᠯ ᠪᠡᠯᠴᠢᠭᠡᠷ ᠤᠨ ᠲᠡᠩᠴᠡᠭᠦᠷᠢ ᠶᠢ  ᠪᠠᠳᠣᠯᠠᠬᠤ ᠣᠷᠣᠨ᠂  ᠰᠡᠯᠭᠦᠨ ᠮᠠᠯᠵᠢᠬᠤ ᠲᠠᠯᠠᠪᠠᠶ 426.31 ᠲᠦᠮᠡᠨ ᠮᠥ ᠪᠣᠯᠤᠨ᠎ᠠ᠃ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠤᠨᠢ᠂ ᠢᠮᠠᠭ᠎ᠠ᠂ ᠦᠬᠡᠷ᠂ ᠡᠯᠵᠢᠭᠡ ᠶᠢ ᠪᠡᠯᠴᠢᠭᠡᠷᠯᠡᠭᠦᠯᠵᠦ ᠪᠣᠯᠬᠤ ᠦᠭᠡᠢ ︵ᠮᠣᠷᠢ᠂ ᠲᠡᠮᠡᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠪᠠᠭᠳᠠᠬᠤ ᠦᠭᠡᠢ︶ ᠪᠣᠯᠤᠨ᠎ᠠ᠃ ᠮᠠᠯᠵᠢᠬᠤ ᠣᠷᠣᠨ ᠤ18 ᠪᠡᠯᠴᠢᠭᠡᠷᠯᠡᠭᠦᠯᠬᠦ ᠶᠢ ᠴᠠᠭᠠᠵᠠᠯᠠᠬᠤ ᠭᠠᠴᠠᠭ᠎ᠠ ᠪᠣᠯᠣᠨ ᠲᠠᠷᠢᠶᠠᠯᠬᠤ ᠣᠷᠣᠨ ᠳᠤ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠦᠨ᠎ᠡ᠃        ᠭᠤᠷᠪᠠ᠂ ᠨᠥᠬᠦᠪᠥᠷᠢ ᠶᠢᠨ ᠪᠠᠷᠢᠮᠵᠢᠶ᠎ᠠ᠄  ᠪᠡᠯᠴᠢᠭᠡᠷ ᠰᠡᠷᠭᠦᠭᠡᠬᠦ  ᠬᠤᠭᠤᠴᠠᠭᠠᠨ ᠳᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠢᠨᠠᠨ ᠪᠠᠶᠢᠴᠠᠭᠠᠯᠳᠠ ᠪᠠᠷ ᠲᠠᠮᠵᠢᠨ᠂  ᠪᠡᠯᠴᠢᠭᠡᠷ ᠰᠡᠷᠭᠦᠭᠡᠬᠦ ᠨᠣᠳᠤᠭ ᠪᠡᠯᠴᠢᠭᠡᠷ ᠤᠨ ᠲᠠᠯᠠᠪᠠᠶ  ᠶᠢ ᠦᠨᠳᠦᠰᠦᠯᠡᠨ᠂ ᠮᠤ᠋ ᠪᠦᠷᠢ ᠳᠤ 0.75 ᠲᠥᠭᠦᠷᠢᠭ ᠤᠨ ᠪᠠᠷᠢᠮᠵᠢᠶ᠎ᠡ ᠪᠠᠷ ᠨᠦᠬᠦᠪᠦᠷᠢ ᠣᠯᠭᠤᠨ᠎ᠠ᠃       ᠲᠦᠷᠪᠡ᠂ ᠬᠠᠮᠢᠶ᠎ᠠ ᠪᠦᠬᠦᠢ ᠱᠠᠭᠠᠷᠳᠠᠯᠭ᠎ᠠ᠄ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ  ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠳᠤ ᠪᠦᠬᠦᠨ ᠢ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃ ᠡᠯ᠎ᠡ ᠰᠤᠮᠤ ᠪᠠᠯᠭᠠᠰᠤ   ᠨᠢ ᠭᠤᠤᠯ ᠴᠣᠭᠴᠠ ᠶᠢᠨ ᠬᠠᠷᠢᠭᠤᠴᠠᠯᠭ᠎ᠠ  ᠪᠠᠨ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ ᠡᠷᠦᠬᠡ ᠶᠢ ᠵᠣᠬᠢᠶᠠᠨ ᠪᠠᠶᠢᠭᠤᠯᠤᠨ ᠮᠠᠯ ᠢᠶᠠᠨ ᠪᠦᠬᠦᠨ ᠢ ᠬᠠᠰᠢᠶᠠᠯᠠᠨ ᠮᠠᠯᠵᠢᠨ᠎ᠠ᠃ ᠮᠠᠯᠴᠢᠨ ᠡᠷᠦᠬᠡ ᠨᠢ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠬᠦ ᠵᠠᠰᠠᠬᠤ᠂ ᠮᠠᠯ ᠤᠨ ᠤᠤᠭᠤᠬᠤ ᠤᠰᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠠᠢ᠃  ᠪᠡᠯᠴᠢᠭᠡᠷ ᠰᠡᠷᠭᠦᠭᠡᠬᠦ ᠣᠷᠣᠨ ᠤ ᠮᠠᠯᠵᠢᠬᠤ ᠡᠷᠦᠬᠡ ᠰᠠᠭᠤᠭ᠎ᠠ ᠭᠠᠵᠠᠷ ᠤᠨ ᠢᠶᠠᠨ ᠣᠶᠢᠷ᠎ᠠ ᠬᠠᠪᠢ ᠳᠤ ᠬᠤᠨᠢ ᠨᠢᠭᠡᠴᠢ ᠪᠦᠷᠢ ᠶᠢᠨ 20 ᠲᠡᠭᠰᠢ ᠳᠥᠷᠪᠡᠯᠵᠢᠨ ᠮᠧᠲᠷ ᠤᠨ ᠪᠠᠷᠢᠮᠵᠢᠶ᠎ᠠ ᠪᠠᠷ ᠮᠠᠯ ᠲᠡᠵᠢᠭᠡᠪᠦᠷᠢ ᠶᠢᠨ ᠬᠦᠳᠡᠯᠭᠡᠭᠡᠨ ᠤ ᠲᠠᠯᠠᠪᠤᠷ ᠭᠠᠷᠭᠠᠵᠤ᠂  ᠣᠰᠣᠯᠠᠬᠤ᠂ ᠲᠡᠵᠢᠭᠡᠬᠦ ᠰᠢᠯᠳᠠᠭᠠᠨ ᠢᠶᠠᠷ ᠪᠡᠯᠴᠢᠭᠡᠷ  ᠲᠤ ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠰᠡᠯᠭᠦᠨ ᠮᠠᠯᠵᠢᠬᠤ ᠲᠦᠷᠢᠮ ᠶᠢ ᠬᠡᠷᠡᠭᠵᠢᠭᠦᠯᠬᠦ  ᠪᠠᠶᠢᠴᠠᠭᠠᠯᠲᠠ ᠶᠢᠨ ᠡᠩᠨᠡᠭᠡ ᠨᠢ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠶᠢᠯᠠᠨ ᠪᠡᠯᠴᠢᠭᠡᠷᠯᠡᠭᠦᠯᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃         ᠨᠡᠶᠢᠭᠡᠮ ᠨᠡᠶᠢᠳᠡ ᠶᠢᠨ ᠬᠢᠨ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠬᠢᠨᠠᠯᠲᠠ ᠲᠠᠯᠪᠢᠵᠦ᠂ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ  ᠪᠣᠯᠪᠠᠦ᠃           ᠢᠯᠡᠴᠢᠯᠡᠨ ᠮᠡᠳᠡᠭᠦᠯᠬᠦ 24 ᠴᠠᠭ ᠤᠨ ᠤᠲᠠᠰᠤ᠄ 0479 — 6521045᠃           ᠡᠭᠦᠨ ᠤ ᠲᠣᠯᠨ ᠣᠨᠴᠠᠭᠠᠶᠢᠯᠠᠨ ᠵᠠᠷᠯᠠᠪᠠ᠃                                           ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ                                                  2021 ᠣᠨ ᠤ4 ᠰᠠᠷ᠎ᠠ ᠶᠢᠨ1 ᠤ ᠡᠳᠣᠷ    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号