ᠰᠢᠯᠣᠭᠤᠨ ᠬᠦᠪᠡᠭᠡᠲᠦ ᠴᠠᠭᠠᠨ  ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠪᠣᠯᠣᠨ ᠨᠠᠮ ᠤᠨ ᠲᠡᠦᠭᠡ ᠶᠢᠨ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ ᠶᠢᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠰᠠᠨᠠᠯ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2021/4/13

    ᠨᠠᠮ   ᠤᠨ  ᠲᠦᠪ  ᠬᠤᠷᠢᠶᠠᠨ ᠤ ᠨᠢᠭᠡᠳᠣᠯᠲᠠᠢ ᠪᠠᠶᠢᠷᠢᠯᠠᠭᠤᠯᠣᠯᠳᠠ ᠶᠢ ᠦᠨᠳᠦᠰᠦᠯᠡᠵᠦ᠂ ᠪᠦᠬᠦ ᠣᠯᠣᠰ ᠤᠨ

ᠬᠠᠣᠯᠢ ᠴᠠᠭᠠᠵᠨ ᠶᠢᠨ ᠪᠠᠶᠢᠭᠤᠯᠭ᠎ᠠ ᠨᠢ ᠬᠤᠶᠠᠷ ᠪᠦᠯᠦᠭ ᠬᠤᠪᠢᠶᠠᠨ ︽ᠣᠯᠣᠰ ᠲᠦᠷᠦ ᠬᠠᠣᠯᠢ ᠴᠠᠭᠠᠵᠠ ᠶᠢᠨ

ᠡᠩᠨᠡᠭᠡᠨ ᠤ ᠬᠦᠮᠦᠵᠢᠯ ᠴᠡᠭᠴᠡᠯᠡᠯᠳᠡ︾ ᠶᠢᠨ ᠠᠵᠢᠯ ᠦᠷᠨᠢᠭᠦᠯᠵᠦ᠂ ᠮᠠᠨ ᠤ ᠬᠤᠰᠢᠭᠤ   ᠨᠢ ᠨᠢᠭᠡᠳᠣᠭᠡᠷ ᠪᠦᠯᠦᠭ

ᠪᠣᠯᠣᠬᠰᠠᠨ ᠤ ᠬᠤᠪᠢ ᠳᠤ᠂ 3 ᠰᠠᠷ᠎ᠠ   ᠶᠢᠨ ᠰᠡᠭᠦᠯᠴᠢ ᠠᠴᠠ ᠡᠬᠢᠯᠡᠵᠦ ᠪᠦᠬᠦ ᠬᠤᠰᠢᠭᠤᠨ ᠤ ᠣᠯᠣᠰ ᠲᠦᠷᠦ

ᠬᠠᠣᠯᠢ ᠴᠠᠭᠠᠵᠠ ᠶᠢᠨ ᠪᠠᠶᠢᠭᠤᠯᠭ᠎ᠠ ᠳᠤ ᠬᠦᠮᠦᠵᠢᠯ ᠴᠡᠭᠴᠡᠯᠡᠯᠳᠡ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃

ᠬᠦᠮᠦᠵᠢᠯ ᠴᠡᠭᠴᠡᠯᠡᠯᠳᠡ ᠶᠢᠨ ᠠᠵᠢᠯ ᠪᠣᠯᠣᠨ ᠣᠯᠠᠨ ᠲᠦᠮᠡᠨ   ᠳᠤ ᠦᠢᠯᠡᠴᠢᠯᠡᠬᠦ ᠠᠵᠢᠯ ᠢ ᠣᠶᠠᠯᠳᠣᠭᠤᠯᠬᠤ   ᠶᠢᠨ

ᠲᠦᠯᠦᠭᠡ᠂ ᠣᠯᠣᠰ ᠲᠦᠷᠦ ᠬᠠᠣᠯᠢ ᠴᠠᠭᠠᠵᠠ ᠶᠢᠨ ᠡᠯ᠎ᠡ ᠪᠠᠶᠢᠭᠤᠯᠭ᠎ᠠ ᠨᠢ ︽ᠪᠢ ᠣᠯᠠᠨ ᠲᠦᠮᠡᠨ ᠳᠤ ᠪᠣᠳᠠᠲᠠᠢ

ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠵᠦ᠂ ᠳᠣᠬᠠᠶᠢᠯᠠᠬᠰᠠᠨ ᠠᠵᠢᠯ ᠳᠠᠭᠠᠨ ᠰᠠᠭᠤᠷᠢᠯᠠᠵᠦ

ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠳᠣᠯᠭᠠᠷᠠᠵᠦ ᠪᠠᠶᠢᠬᠤ ᠪᠣᠳᠠᠲᠠᠢ  ᠬᠦᠴᠢᠷᠳᠡᠯ   ᠢ

ᠰᠢᠢᠳᠪᠦᠷᠢᠯᠡᠬᠦ᠂ ᠣᠯᠠᠨ ᠲᠦᠮᠡᠨ ᠤ ᠮᠡᠳᠡᠷᠡᠵᠦ ᠪᠠᠶᠢᠬᠤ ᠳᠣᠪᠣᠶᠢᠮ᠎ᠠ ᠠᠰᠠᠭᠤᠳᠠᠯ ᠢ ᠴᠢᠩᠭ᠎ᠠ ᠠᠳᠬᠤᠵᠦ᠂

ᠦᠨᠳᠦᠰᠦᠨ ᠱᠠᠳᠣᠨ ᠤ ᠭᠦᠴᠢᠷ ᠠᠰᠠᠭᠤᠳᠠᠯ᠂ ᠣᠯᠠᠨ ᠲᠦᠮᠡᠨ   ᠳᠤ ᠦᠢᠯᠡᠴᠢᠯᠡᠬᠦ᠂ ᠣᠯᠠᠨ ᠲᠦᠮᠡᠨ ᠤ ᠰᠠᠨᠠᠭ᠎ᠠ

ᠵᠣᠪᠠᠭ᠋ᠣ ᠠᠰᠠᠭᠤᠳᠠᠯ ᠢ ᠰᠡᠳᠬᠢᠯ ᠲᠠᠯᠪᠢᠨ ᠭᠦᠴᠦᠯᠡᠨ  ᠰᠢᠢᠳᠪᠦᠷᠢᠯᠡᠬᠦ᠂ ᠣᠯᠠᠨ ᠲᠦᠮᠡᠨ ᠤ ᠬᠦᠷᠳᠡᠮᠵᠢ ᠶᠢᠨ

ᠲᠦᠷᠦᠭᠳᠡᠯ᠂ ᠠᠮᠣᠷ ᠲᠠᠶᠢᠪᠣᠩ ᠲᠦᠷᠦᠭᠳᠡᠯ ᠢ ᠲᠡᠭᠡᠭᠰᠢᠯᠡᠭᠦᠯᠦᠨ᠎ᠡ᠃

   ᠡᠷᠬᠢᠮ ᠲᠠ ᠶᠠᠭᠠᠷᠠᠭᠤᠬᠠᠨ ᠠᠵᠢᠯ ᠤᠨ ᠢᠶᠠᠨ ᠴᠢᠯᠦᠭᠡ ᠪᠠᠷ ᠣᠯᠣᠰ ᠲᠦᠷᠦ ᠬᠠᠣᠯᠢ ᠴᠠᠭᠠᠵᠠ ᠶᠢᠨ

ᠪᠠᠶᠢᠭᠤᠯᠭ᠎ᠠ ᠶᠢᠨ ᠲᠠᠯ᠎ᠠ ᠪᠠᠷ ᠬᠢ ᠦᠪᠡᠷ ᠤᠨ ᠰᠠᠨᠠᠯ ᠵᠦᠪᠯᠡᠯᠭᠡ ᠢᠶᠠᠨ ᠰᠠᠨᠠᠯ ᠬᠤᠷᠢᠶᠠᠬᠤ ᠬᠦᠰᠦᠨᠦᠭᠲᠦ ᠳᠤ

ᠲᠠᠬᠯᠠᠭᠠᠷᠠᠢ᠂ ᠪᠢᠳᠡ ᠨᠠᠷᠢᠨ ᠡᠮᠬᠢᠯᠡᠨ ᠬᠤᠷᠢᠶᠠᠩᠭᠤᠶᠢᠯᠠᠵᠦ᠂ ᠣᠯᠠᠨ ᠲᠦᠮᠡᠨ ᠤ ᠳᠣᠰᠬᠠᠬᠰᠠᠨ ᠨᠡᠶᠢᠳᠡᠯᠢᠭ

ᠴᠢᠨᠠᠷᠲᠠᠢ ᠪᠣᠶᠣ ᠨᠡᠶᠢᠳᠡᠮ ᠤᠨ ᠴᠢᠨᠠᠷᠲᠠᠢ ᠠᠰᠠᠭᠤᠳᠠᠯ ᠢ ᠪᠢᠳᠡᠨ ᠤ ᠦᠢᠯᠡᠳᠦᠯᠭᠡ ᠶᠢᠨ ᠠᠵᠢᠯᠯᠠᠭᠠᠨ ᠤ ᠭᠤᠣᠯ

ᠰᠡᠳᠣᠪ ᠪᠣᠯᠭᠠᠵᠦ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠨᠡᠩ

ᠣᠨᠣᠪᠴᠢᠲᠠᠢ ᠪᠠᠷ ᠦᠷᠨᠢᠭᠦᠯᠦᠨ᠎ᠡ᠃ ᠲᠠ ᠣᠳᠠᠰᠣᠨ ᠳ᠋ᠣᠭᠠᠷ᠂ ᠵᠠᠬᠢᠳᠠᠯ᠂ ᠴᠠᠬᠢᠯᠭᠠᠨ ᠢᠮᠧᠯ᠂ ᠵᠠᠬᠢᠳᠠᠯ ᠤᠨ  

ᠬᠠᠶᠢᠷᠴᠠᠭ ᠵᠡᠷᠭᠡ ᠠᠷᠭ᠎ᠠ ᠪᠠᠷᠢᠯ ᠢᠶᠠᠷ ᠰᠠᠨᠠᠯ ᠵᠦᠪᠯᠡᠯᠭᠡ ᠪᠠᠨ ᠪᠢᠳᠠᠨ ᠳᠤ ᠳᠣᠰᠬᠠᠵᠦ  ᠪᠣᠯᠣᠨ᠎ᠠ᠃

    1.  ᠬᠠᠷᠢᠯᠴᠠᠬᠤ  ᠣᠳᠠᠰᠣ᠄0479 —6522613

    2. ᠴᠠᠬᠢᠯᠭᠠᠨ ᠢᠮᠧᠯ ᠤᠨ ᠬᠠᠶ᠋ᠢᠭ  ᠄zfw6522613@163.com

    3. ᠰᠢᠦᠳᠡᠨ ᠬᠠᠶ᠋ᠢᠭ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠮᠢᠩᠭᠠᠲᠦ ᠪᠠᠯᠭᠠᠰᠣᠨ ᠤ ᠰᠢᠨ᠎ᠡ

ᠳᠣᠭᠤᠷᠢᠭ ᠤᠨ ᠨᠠᠮ ᠵᠠᠰᠠᠭ ᠤᠨ441 ᠠᠯᠪᠠᠨ ᠭᠡᠷ    ᠰᠢᠦᠳᠡᠨ ᠳ᠋ᠣᠭᠠᠷ 013800

    4. ᠵᠠᠬᠢᠳᠠᠯ ᠤᠨ ᠬᠠᠶᠢᠷᠴᠠᠭ ᠤᠨ  ᠳᠣᠬᠢᠷᠠᠭᠤᠯᠣᠬᠰᠠᠨ ᠭᠠᠵᠠᠷ᠄ ᠬᠤᠰᠢᠭᠤ ᠨᠠᠮ ᠵᠠᠰᠠᠭ ᠤᠨ ᠠᠰᠠᠷ ᠤᠨ

ᠶᠡᠭᠡ  ᠡᠭᠦᠳᠡᠨ ᠤ ᠵᠡᠭᠦᠨ ᠲᠠᠯ᠎ᠠ

                                                         ᠰᠢᠯᠣᠭᠤᠨ ᠬᠦᠪᠡᠭᠡᠲᠦ ᠴᠠᠭᠠᠨ

ᠬᠤᠰᠢᠭᠤᠨ ᠤ ᠮᠢᠩᠭᠠᠲᠦ ᠠᠭᠤᠳᠠᠮ ᠲᠠᠯᠠᠪᠠᠢ

                                                          ᠰᠢᠯᠣᠭᠤᠨ ᠬᠦᠪᠡᠭᠡᠲᠦ ᠴᠠᠭᠠᠨ

ᠬᠤᠰᠢᠭᠤᠨ ᠤ ᠭᠠᠯᠳᠣ ᠲᠡᠷᠭᠡᠨ ᠤ ᠦᠷᠳᠡᠭᠡ

                                                          ᠰᠢᠯᠣᠭᠤᠨ ᠬᠦᠪᠡᠭᠡᠲᠦ ᠴᠠᠭᠠᠨ

ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠶᠢᠨ ᠣᠳᠣᠷᠢᠳᠬᠤ

ᠳᠣᠭᠤᠶᠢᠯᠠᠩ   ᠤᠨ ᠠᠯᠪᠠᠨ ᠭᠡᠷ

                         2020 ᠣᠨ ᠤ 3 ᠰᠠᠷ᠎ᠠ ᠶᠢᠨ23 ᠤ ᠡᠳᠦᠷ

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号