| | | | | ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ | ᠴᠡᠭᠴᠡᠯᠡᠯᠳᠡ ᠪᠣᠯᠣᠨ ᠨᠠᠮ ᠤᠨ ᠲᠡᠦᠭᠡ ᠶᠢᠨ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ ᠶᠢᠨ ︽ᠪᠢ ᠣᠯᠠᠨ | ᠲᠦᠮᠡᠨ ᠳᠤ ᠪᠣᠳᠠᠲᠠᠢ ᠠᠵᠢᠯ ᠬᠢᠬᠦ︾ ᠰᠠᠨᠠᠯ ᠬᠤᠷᠢᠶᠠᠬᠤ ᠠᠯᠪᠠᠨ ᠵᠠᠷ | ᠨᠠᠮ ᠤᠨ ᠲᠦᠪ ᠬᠤᠷᠢᠶᠠᠨ ᠤ ᠨᠢᠭᠡᠳᠣᠯᠲᠠᠢ ᠪᠠᠶᠢᠷᠢᠯᠠᠭᠤᠯᠣᠯᠳᠠ ᠶᠢ ᠦᠨᠳᠦᠰᠦᠯᠡᠵᠦ᠂ ᠪᠦᠬᠦ ᠣᠯᠣᠰ | ᠤᠨ ᠬᠠᠣᠯᠢ ᠴᠠᠭᠠᠵᠨ ᠶᠢᠨ ᠪᠠᠶᠢᠭᠤᠯᠭ᠎ᠠ ᠨᠢ ᠬᠤᠶᠠᠷ ᠪᠦᠯᠦᠭ ᠬᠤᠪᠢᠶᠠᠨ ︽ᠣᠯᠣᠰ ᠲᠦᠷᠦ ᠬᠠᠣᠯᠢ ᠴᠠᠭᠠᠵᠠ ᠶᠢᠨ | ᠡᠩᠨᠡᠭᠡᠨ ᠤ ᠬᠦᠮᠦᠵᠢᠯ ᠴᠡᠭᠴᠡᠯᠡᠯᠳᠡ︾ ᠶᠢᠨ ᠠᠵᠢᠯ ᠦᠷᠨᠢᠭᠦᠯᠵᠦ᠂ ᠮᠠᠨ ᠤ ᠬᠤᠰᠢᠭᠤ ᠨᠢ ᠨᠢᠭᠡᠳᠣᠭᠡᠷ ᠪᠦᠯᠦᠭ | ᠪᠣᠯᠣᠬᠰᠠᠨ ᠤ ᠬᠤᠪᠢ ᠳᠤ᠂ 3 ᠰᠠᠷ᠎ᠠ ᠶᠢᠨ ᠰᠡᠭᠦᠯᠴᠢ ᠠᠴᠠ ᠡᠬᠢᠯᠡᠵᠦ ᠪᠦᠬᠦ ᠬᠤᠰᠢᠭᠤᠨ ᠤ ᠣᠯᠣᠰ ᠲᠦᠷᠦ | ᠬᠠᠣᠯᠢ ᠴᠠᠭᠠᠵᠠ ᠶᠢᠨ ᠪᠠᠶᠢᠭᠤᠯᠭ᠎ᠠ ᠳᠤ ᠬᠦᠮᠦᠵᠢᠯ ᠴᠡᠭᠴᠡᠯᠡᠯᠳᠡ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠎ᠡ᠃ | ᠬᠦᠮᠦᠵᠢᠯ ᠴᠡᠭᠴᠡᠯᠡᠯᠳᠡ ᠶᠢᠨ ᠠᠵᠢᠯ ᠪᠣᠯᠣᠨ ᠣᠯᠠᠨ ᠲᠦᠮᠡᠨ ᠳᠤ ᠦᠢᠯᠡᠴᠢᠯᠡᠬᠦ ᠠᠵᠢᠯ ᠢ ᠣᠶᠠᠯᠳᠣᠭᠤᠯᠬᠤ ᠶᠢᠨ | ᠲᠦᠯᠦᠭᠡ᠂ ᠣᠯᠣᠰ ᠲᠦᠷᠦ ᠬᠠᠣᠯᠢ ᠴᠠᠭᠠᠵᠠ ᠶᠢᠨ ᠡᠯ᠎ᠡ ᠪᠠᠶᠢᠭᠤᠯᠭ᠎ᠠ ᠨᠢ ︽ᠪᠢ ᠣᠯᠠᠨ ᠲᠦᠮᠡᠨ ᠳᠤ ᠪᠣᠳᠠᠲᠠᠢ | ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠵᠦ᠂ ᠳᠣᠬᠠᠶᠢᠯᠠᠬᠰᠠᠨ ᠠᠵᠢᠯ ᠳᠠᠭᠠᠨ ᠰᠠᠭᠤᠷᠢᠯᠠᠵᠦ | ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠳᠣᠯᠭᠠᠷᠠᠵᠦ ᠪᠠᠶᠢᠬᠤ ᠪᠣᠳᠠᠲᠠᠢ ᠬᠦᠴᠢᠷᠳᠡᠯ ᠢ | ᠰᠢᠢᠳᠪᠦᠷᠢᠯᠡᠬᠦ᠂ ᠣᠯᠠᠨ ᠲᠦᠮᠡᠨ ᠤ ᠮᠡᠳᠡᠷᠡᠵᠦ ᠪᠠᠶᠢᠬᠤ ᠳᠣᠪᠣᠶᠢᠮ᠎ᠠ ᠠᠰᠠᠭᠤᠳᠠᠯ ᠢ ᠴᠢᠩᠭ᠎ᠠ ᠠᠳᠬᠤᠵᠦ᠂ | ᠦᠨᠳᠦᠰᠦᠨ ᠱᠠᠳᠣᠨ ᠤ ᠭᠦᠴᠢᠷ ᠠᠰᠠᠭᠤᠳᠠᠯ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠤ ᠰᠠᠨᠠᠭ᠎ᠠ | ᠵᠣᠪᠠᠭ᠋ᠣ ᠠᠰᠠᠭᠤᠳᠠᠯ ᠢ ᠰᠡᠳᠬᠢᠯ ᠲᠠᠯᠪᠢᠨ ᠭᠦᠴᠦᠯᠡᠨ ᠰᠢᠢᠳᠪᠦᠷᠢᠯᠡᠬᠦ᠂ ᠣᠯᠠᠨ ᠲᠦᠮᠡᠨ ᠤ ᠬᠦᠷᠳᠡᠮᠵᠢ ᠶᠢᠨ | ᠲᠦᠷᠦᠭᠳᠡᠯ᠂ ᠠᠮᠣᠷ ᠲᠠᠶᠢᠪᠣᠩ ᠲᠦᠷᠦᠭᠳᠡᠯ ᠢ ᠲᠡᠭᠡᠭᠰᠢᠯᠡᠭᠦᠯᠦᠨ᠎ᠡ᠃ | ᠡᠷᠬᠢᠮ ᠲᠠ ᠶᠠᠭᠠᠷᠠᠭᠤᠬᠠᠨ ᠠᠵᠢᠯ ᠤᠨ ᠢᠶᠠᠨ ᠴᠢᠯᠦᠭᠡ ᠪᠠᠷ ᠣᠯᠣᠰ ᠲᠦᠷᠦ ᠬᠠᠣᠯᠢ ᠴᠠᠭᠠᠵᠠ ᠶᠢᠨ | ᠪᠠᠶᠢᠭᠤᠯᠭ᠎ᠠ ᠶᠢᠨ ᠲᠠᠯ᠎ᠠ ᠪᠠᠷ ᠬᠢ ᠦᠪᠡᠷ ᠤᠨ ᠰᠠᠨᠠᠯ ᠵᠦᠪᠯᠡᠯᠭᠡ ᠢᠶᠠᠨ ᠰᠠᠨᠠᠯ ᠬᠤᠷᠢᠶᠠᠬᠤ ᠬᠦᠰᠦᠨᠦᠭᠲᠦ ᠳᠤ | ᠲᠠᠬᠯᠠᠭᠠᠷᠠᠢ᠂ ᠪᠢᠳᠡ ᠨᠠᠷᠢᠨ ᠡᠮᠬᠢᠯᠡᠨ ᠬᠤᠷᠢᠶᠠᠩᠭᠤᠶᠢᠯᠠᠵᠦ᠂ ᠣᠯᠠᠨ ᠲᠦᠮᠡᠨ ᠤ ᠳᠣᠰᠬᠠᠬᠰᠠᠨ ᠨᠡᠶᠢᠳᠡᠯᠢᠭ | ᠴᠢᠨᠠᠷᠲᠠᠢ ᠪᠣᠶᠣ ᠨᠡᠶᠢᠳᠡᠮ ᠤᠨ ᠴᠢᠨᠠᠷᠲᠠᠢ ᠠᠰᠠᠭᠤᠳᠠᠯ ᠢ ᠪᠢᠳᠡᠨ ᠤ ᠦᠢᠯᠡᠳᠦᠯᠭᠡ ᠶᠢᠨ ᠠᠵᠢᠯᠯᠠᠭᠠᠨ ᠤ ᠭᠤᠣᠯ | ᠰᠡᠳᠣᠪ ᠪᠣᠯᠭᠠᠵᠦ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠨᠡᠩ | ᠣᠨᠣᠪᠴᠢᠲᠠᠢ ᠪᠠᠷ ᠦᠷᠨᠢᠭᠦᠯᠦᠨ᠎ᠡ᠃ ᠲᠠ ᠣᠳᠠᠰᠣᠨ ᠳ᠋ᠣᠭᠠᠷ᠂ ᠵᠠᠬᠢᠳᠠᠯ᠂ ᠴᠠᠬᠢᠯᠭᠠᠨ ᠢᠮᠧᠯ᠂ ᠵᠠᠬᠢᠳᠠᠯ ᠤᠨ | ᠬᠠᠶᠢᠷᠴᠠᠭ ᠵᠡᠷᠭᠡ ᠠᠷᠭ᠎ᠠ ᠪᠠᠷᠢᠯ ᠢᠶᠠᠷ ᠰᠠᠨᠠᠯ ᠵᠦᠪᠯᠡᠯᠭᠡ ᠪᠠᠨ ᠪᠢᠳᠠᠨ ᠳᠤ ᠳᠣᠰᠬᠠᠵᠦ ᠪᠣᠯᠣᠨ᠎ᠠ᠃ | 1. ᠬᠠᠷᠢᠯᠴᠠᠬᠤ ᠣᠳᠠᠰᠣ᠄0479 —6522613 | 2. ᠴᠠᠬᠢᠯᠭᠠᠨ ᠢᠮᠧᠯ ᠤᠨ ᠬᠠᠶ᠋ᠢᠭ ᠄zfw6522613@163.com | 3. ᠰᠢᠦᠳᠡᠨ ᠬᠠᠶ᠋ᠢᠭ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠮᠢᠩᠭᠠᠲᠦ ᠪᠠᠯᠭᠠᠰᠣᠨ ᠤ ᠰᠢᠨ᠎ᠡ | ᠳᠣᠭᠤᠷᠢᠭ ᠤᠨ ᠨᠠᠮ ᠵᠠᠰᠠᠭ ᠤᠨ441 ᠠᠯᠪᠠᠨ ᠭᠡᠷ ᠰᠢᠦᠳᠡᠨ ᠳ᠋ᠣᠭᠠᠷ 013800 | 4. ᠵᠠᠬᠢᠳᠠᠯ ᠤᠨ ᠬᠠᠶᠢᠷᠴᠠᠭ ᠤᠨ ᠳᠣᠬᠢᠷᠠᠭᠤᠯᠣᠬᠰᠠᠨ ᠭᠠᠵᠠᠷ᠄ ᠬᠤᠰᠢᠭᠤ ᠨᠠᠮ ᠵᠠᠰᠠᠭ ᠤᠨ ᠠᠰᠠᠷ ᠤᠨ | ᠶᠡᠭᠡ ᠡᠭᠦᠳᠡᠨ ᠤ ᠵᠡᠭᠦᠨ ᠲᠠᠯ᠎ᠠ | ᠰᠢᠯᠣᠭᠤᠨ ᠬᠦᠪᠡᠭᠡᠲᠦ ᠴᠠᠭᠠᠨ | ᠬᠤᠰᠢᠭᠤᠨ ᠤ ᠮᠢᠩᠭᠠᠲᠦ ᠠᠭᠤᠳᠠᠮ ᠲᠠᠯᠠᠪᠠᠢ | ᠰᠢᠯᠣᠭᠤᠨ ᠬᠦᠪᠡᠭᠡᠲᠦ ᠴᠠᠭᠠᠨ | ᠬᠤᠰᠢᠭᠤᠨ ᠤ ᠭᠠᠯᠳᠣ ᠲᠡᠷᠭᠡᠨ ᠤ ᠦᠷᠳᠡᠭᠡ | ᠰᠢᠯᠣᠭᠤᠨ ᠬᠦᠪᠡᠭᠡᠲᠦ ᠴᠠᠭᠠᠨ | ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠶᠢᠨ ᠣᠳᠣᠷᠢᠳᠬᠤ | ᠳᠣᠭᠤᠶᠢᠯᠠᠩ ᠤᠨ ᠠᠯᠪᠠᠨ ᠭᠡᠷ | | 2020 ᠣᠨ ᠤ 3 ᠰᠠᠷ᠎ᠠ ᠶᠢᠨ23 ᠤ ᠡᠳᠦᠷ | | | |