ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠠᠵᠢᠯ ᠢ ᠬᠡᠷᠬᠢᠨ ᠬᠢᠬᠦ ᠪᠤᠶ ︵ᠲᠥᠷᠥ ᠶᠢᠨ | ᠪᠣᠳᠣᠯᠭ᠎ᠠ ᠶᠢᠨ ᠲᠠᠶᠢᠯᠤᠮᠵᠢ︶ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ ᠳᠤ᠂ ᠪᠠᠭ᠎ᠠ ᠠᠯᠬᠤᠮ ᠢᠶᠠᠷ ᠲᠣᠬᠢᠷᠠᠭᠤᠯᠬᠤ᠂ ᠬᠠᠷᠢᠮᠠᠬᠠᠶ ᠪᠠᠷ ᠬᠡᠷᠡᠭᠵᠢᠭᠦᠯᠬᠦ᠂ | ᠲᠥᠷᠥᠯ ᠬᠤᠪᠢᠶᠠᠨ ᠠᠬᠢᠭᠤᠯᠬᠤ᠂ ᠨᠢᠭᠡᠳᠦᠯᠲᠡᠶ ᠲᠦᠯᠦᠪᠯᠡᠨ ᠨᠡᠶᠢᠲᠡ ᠳᠤᠨᠢ ᠬᠠᠷᠠᠭᠠᠯᠵᠠᠬᠤ ᠵᠡᠷᠭᠡ ᠵᠠᠷᠴᠢᠮ | ᠶᠣᠰᠣᠭᠠᠷ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠵᠢᠯ ᠢ ᠠᠯᠬᠤᠮ ᠠᠯᠬᠤᠮ ᠢᠶᠠᠷ | ᠬᠤᠶᠢᠰᠢᠯᠠᠭᠤᠯᠤᠨ᠎ᠠ ᠭᠡᠵᠦ ᠲᠣᠳᠣᠷᠬᠠᠶ ᠲᠤᠷᠠᠳᠪᠠ᠃ ᠶᠠᠭᠤᠨ ᠳᠤ ᠬᠠᠤᠯᠢ ᠪᠠᠷ ᠲᠣᠭᠲᠠᠭᠠᠭᠰᠠᠨ ᠠᠵᠢᠯ | ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠪᠣᠶ︖ ᠡᠳᠡᠭᠡᠷ ᠵᠠᠷᠴᠢᠮ ᠢ ᠬᠡᠷᠬᠢᠨ ᠣᠶᠢᠯᠠᠭᠠᠬᠤ ᠪᠤᠢ︖ | ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠶᠢᠨ ᠸᠧᠶ ᠭᠠᠩ ᠢ ᠰᠤᠷᠪᠤᠯᠵᠢᠯᠠᠪᠠ᠃ ᠠᠵᠢᠯ ᠠᠴᠠ ᠪᠠᠨ ᠠᠮᠠᠷᠠᠬᠤ ᠨᠠᠰᠤ ᠵᠢᠯ | ᠢ ᠬᠤᠶᠢᠰᠢᠯᠠᠭᠤᠯᠬᠤ ᠨᠢ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ ᠳᠤ ᠠᠰᠢᠭᠲᠠᠶ | ᠶᠢᠨ ᠸᠧᠶ ᠭᠠᠩ ᠢᠯᠡᠷᠬᠡᠶᠢᠯᠡᠬᠦ ᠳᠡᠭᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠳᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠨᠢ ᠭᠤᠤᠯᠳᠠᠭᠤ 4 ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠭᠰᠠᠨ ᠶᠤᠮ᠂ | ᠲᠤᠬᠠᠶᠢᠯᠠᠪᠠᠯ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠳᠡᠭᠡᠭᠰᠢᠯᠡᠵᠦ᠂ ᠬᠥᠮᠦᠨ ᠠᠮᠠ ᠶᠢᠨ ᠨᠠᠰᠤᠵᠢᠬᠤ | ᠬᠠᠨᠳᠤᠰᠢ ᠲᠦᠷᠭᠡᠰᠴᠦ᠂ ᠰᠤᠷᠭᠠᠨ ᠬᠥᠮᠦᠵᠢᠯ ᠭᠥᠷᠳᠡᠬᠦ ᠤᠨ ᠵᠢᠯ ᠨᠡᠮᠡᠭᠳᠡᠵᠦ᠂ ᠬᠥᠳᠡᠯᠮᠦᠷᠢ ᠬᠦᠴᠦᠨ ᠤ | ᠪᠦᠲᠦᠴᠡ ᠳᠤ ᠬᠤᠪᠢᠷᠠᠯᠲᠠ ᠭᠠᠷᠤᠬᠰᠠᠨ ᠶᠠᠪᠤᠳᠠᠯ ᠪᠤᠯᠤᠨ᠎ᠠ ᠭᠡᠪᠡ᠃ ᠮᠠᠨ ᠤ ᠤᠯᠤᠰ ᠤᠨ ᠬᠥᠮᠦᠨ | ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢᠭᠡᠨᠲᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | ᠡᠬᠢᠨ ᠤ ᠦᠶ᠎ᠡ ᠶᠢᠨ 40 ᠨᠠᠰᠤ ᠣᠷᠴᠢᠮ ᠠᠴᠠ 2019 ᠣᠨ ᠤ 77 . 3 ᠨᠠᠰᠤ ᠪᠤᠯᠵᠤ | ᠲᠡᠭᠡᠭᠰᠢᠯᠡᠨ᠂ ᠡᠭᠦᠨ ᠳᠤ ᠠᠵᠢᠯ ᠠᠴᠠ ᠪᠠᠨ ᠠᠮᠠᠷᠠᠬᠤ ᠨᠠᠰᠤ ᠯᠤᠭ᠎ᠠ ᠰᠢᠭᠤᠳ ᠬᠤᠯᠪᠣᠭ᠎ᠠ ᠲᠠᠢ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢᠭᠡᠨᠲᠡ 80 | ᠨᠠᠰᠤ ᠶᠢ ᠳᠠᠪᠠᠵᠠᠶ᠃ ᠡᠭᠦᠨ ᠲᠠᠢ ᠬᠠᠷᠢᠴᠠᠭᠤᠯᠪᠠᠯ᠂ ᠮᠠᠨ ᠤ ᠤᠯᠤᠰ ᠤᠨ ᠠᠵᠢᠯᠲᠠᠨ ᠠᠵᠢᠯᠴᠢᠨ ᠤ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ 1951 ᠣᠨ ᠳᠤ ᠲᠣᠭᠲᠠᠭᠠᠭᠰᠠᠨ ᠤ ᠳᠠᠷᠠᠭ᠎ᠠ 70 | ᠵᠢᠯ ᠲᠣᠬᠢᠷᠠᠭᠤᠯᠤᠯᠲᠠ ᠬᠢᠭᠰᠡᠨ ᠥᠬᠡᠶ᠃ ᠡᠶᠢᠮᠦ ᠠᠴᠠ ᠬᠥᠮᠦᠨ ᠳᠤᠮᠳᠠᠴᠢ ᠶᠢᠨ ᠵᠢᠱᠢᠭᠰᠡᠨ ᠨᠠᠰᠤᠨ | ᠬᠤᠲᠤᠭ ᠤᠨ ᠳᠡᠭᠡᠭᠰᠢᠯᠡᠯᠲᠡ ᠶᠢ ᠦᠨᠳᠦᠰᠦᠯᠡᠨ ᠠᠵᠢᠯ ᠠᠴᠠ ᠪᠠᠨ ᠠᠮᠠᠷᠠᠬᠤ ᠨᠠᠰᠤᠨ ᠤ ᠳᠦᠷᠢᠮ ᠳᠤ | ᠵᠤᠬᠢᠰᠳᠠᠢ ᠲᠤᠬᠢᠷᠠᠭᠤᠯᠤᠯᠳᠠ ᠬᠢᠵᠤ᠂ ᠬᠤᠶᠠᠭᠤᠯᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠯᠴᠠᠭᠤᠯᠬᠤ ᠴᠢᠬᠤᠯᠠᠲᠠᠶ | ᠪᠠᠶᠢᠨ᠎ᠠ᠃ 2019 ᠣᠨ ᠤ ᠰᠡᠭᠦᠯᠴᠢ ᠪᠣᠯᠲᠠᠯ᠎ᠠ ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ | ᠬᠥᠮᠦᠨ ᠠᠮᠠ ᠶᠢᠨ ᠶᠡᠷᠦᠩᠬᠡᠢ ᠬᠥᠮᠦᠨ ᠠᠮᠠ ᠲᠤᠳᠤᠷ᠎ᠠ ᠡᠵᠡᠯᠡᠬᠦ ᠬᠠᠷᠢᠴᠠᠯ 18.1% ᠳᠤ ᠬᠦᠷᠪᠡ᠂ | ᠵᠢᠱᠢᠯᠲᠡ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠨᠠᠰᠤ | ᠠᠬᠢᠬᠰᠠᠨ ᠬᠥᠮᠦᠨ ᠠᠮᠠ 3 ᠳ᠋ᠦᠩᠰᠢᠭᠤᠷ ᠢ ᠳᠠᠪᠠᠭ᠋ᠤ ᠪᠣᠯᠤᠨ᠎ᠠ᠃ ᠬᠥᠮᠦᠨ ᠠᠮᠠ ᠶᠢᠨ ᠨᠠᠰᠤᠵᠢᠯ ᠤᠨ | ᠬᠠᠨᠳᠤᠰᠢ ᠲᠦᠷᠭᠡᠳᠴᠦ ᠪᠠᠶᠢᠬᠤ ᠠᠬᠤᠢ ᠪᠠᠶᠢᠳᠠᠯ ᠳᠣᠣᠷ᠎ᠠ᠂ ᠬᠡᠷᠪᠡ ᠠᠵᠢᠯ ᠠᠴᠠ ᠠᠮᠠᠷᠠᠬᠤ ᠨᠠᠰᠤ ᠵᠢᠯ ᠢ | ᠲᠣᠬᠢᠷᠠᠭᠤᠯᠬᠤ ᠦᠭᠡᠢ ᠪᠣᠯ ᠠᠵᠢᠯᠯᠠᠬᠤ ᠬᠥᠮᠦᠨ ᠤᠯᠠᠮ ᠢᠶᠠᠷ ᠴᠦᠭᠡᠷᠡᠵᠦ᠂ ᠠᠵᠢᠯ ᠠᠴᠠ ᠪᠠᠨ ᠠᠮᠠᠷᠠᠬᠤ ᠬᠥᠮᠦᠨ | ᠤᠯᠠᠮ ᠢᠶᠠᠷ ᠤᠯᠠᠰᠢᠷᠠᠬᠤ ᠪᠤᠯᠤᠨ᠎ᠠ᠂ ᠡᠬᠦᠨ ᠤ ᠠᠵᠤ ᠠᠬᠤᠢ ᠨᠡᠶᠢᠭᠡᠮ ᠳᠤ ᠦᠵᠡᠭᠦᠯᠬᠦ ᠨᠥᠯᠥᠭᠡ ᠢᠯᠡᠳᠲᠡ | ᠪᠣᠯᠵᠦ ᠪᠠᠶᠢᠨ᠎ᠠ᠃ ᠰᠤᠷᠭᠠᠨ ᠬᠦᠮᠦᠵᠢᠯ ᠬᠦᠷᠲᠡᠬᠦ ᠵᠢᠯ ᠬᠤᠭᠤᠴᠠᠭ᠎ᠠ ᠶᠢᠨ ᠲᠦᠭᠡᠮᠡᠯ ᠨᠡᠮᠡᠭᠳᠡᠯ ᠠᠴᠠ | ᠠᠪᠴᠤ ᠦᠵᠡᠪᠡᠯ᠂ ᠰᠢᠨ᠎ᠡ ᠪᠠᠷ ᠨᠡᠮᠡᠭᠳᠡᠭᠰᠡᠨ ᠬᠦᠳᠡᠯᠮᠦᠷᠢ ᠶᠢᠨ ᠬᠦᠴᠦᠨ ᠤ ᠳᠣᠲᠣᠷ᠎ᠠ ᠲᠡᠭᠡᠳᠦ ᠵᠡᠷᠭᠡ ᠶᠢᠨ | ᠰᠤᠷᠭᠠᠨ ᠬᠦᠮᠦᠵᠢᠯ ᠬᠦᠷᠲᠡᠭᠰᠡᠳ ᠤᠨ ᠬᠠᠷᠢᠴᠠᠯ ᠬᠠᠭᠠᠰ ᠢᠯᠡᠭᠦᠦ ᠶᠢ ᠡᠵᠡᠯᠡᠵᠦ᠂ ᠬᠥᠳᠡᠯᠮᠦᠷᠢᠯᠡᠭᠴᠢ ᠶᠢᠨ | ᠰᠤᠷᠭᠠᠨ ᠬᠦᠮᠦᠵᠢᠯ ᠬᠦᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 13.7 ᠵᠢᠯ ᠪᠠᠶᠢᠵᠤ᠂ ᠡᠬᠢᠯᠡᠵᠦ ᠠᠵᠢᠯ ᠳᠤ | ᠤᠷᠤᠬᠤ ᠨᠠᠰᠤ ᠨᠢ ᠲᠠᠰᠤᠷᠠᠯᠲᠠ ᠦᠭᠡᠢ ᠬᠤᠶᠢᠰᠢᠯᠠᠵᠤ ᠪᠠᠶᠢᠨ᠎ᠠ᠃ ᠠᠵᠢᠯ ᠠᠴᠠ ᠪᠠᠨ ᠠᠮᠠᠷᠠᠬᠤ ᠨᠠᠰᠤ ᠵᠢᠯ ᠢ | ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠠᠵᠢᠯᠯᠠᠬᠤ ᠳᠤᠮᠳᠠᠴᠢ ᠵᠢᠯ ᠬᠤᠭᠤᠴᠠᠭ᠎ᠠ ᠪᠣᠭᠤᠨᠢᠰᠤᠭᠰᠠᠨ ᠠᠴᠠ | ᠪᠣᠯᠵᠤ ᠬᠦᠮᠦᠨ ᠤ ᠬᠦᠴᠦᠨ ᠤ ᠡᠬᠢ ᠪᠠᠶᠠᠯᠢᠭ ᠢ ᠪᠦᠷᠢᠯᠭᠡᠨ ᠰᠦᠢᠳᠭᠡᠵᠦ᠂ ᠬᠦᠮᠦᠨ ᠤ ᠬᠦᠴᠦᠨ ᠤ ᠡᠬᠢ ᠪᠠᠶᠠᠯᠢᠭ ᠢ | ᠠᠰᠢᠭᠯᠠᠬᠤ ᠬᠡᠮᠵᠢᠶ᠎ᠡ ᠪᠠᠭᠤᠷᠠᠵᠤ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ | ᠵᠡᠷᠭᠡ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠳᠠᠷ ᠲᠠᠢ ᠬᠦᠮᠦᠰ ᠴᠤᠬᠯᠠᠷᠠᠬᠰᠠᠨ ᠪᠠᠶᠢᠭᠤᠯᠤᠯᠭ᠎ᠠ ᠨᠢᠭᠡᠴᠡ | ᠪᠠ ᠠᠵᠢᠯ ᠲᠦᠷᠦᠯ ᠤᠨ ᠬᠢᠨ ᠳᠤ ᠨᠡᠩ ᠲᠤᠪᠤᠶᠢᠮ᠎ᠠ ᠪᠤᠯᠵᠤ ᠪᠠᠶᠢᠨ᠎ᠠ᠃ ᠮᠠᠨ ᠤ ᠤᠯᠤᠰ ᠤᠨ | ᠬᠥᠳᠡᠯᠮᠦᠷᠢᠯᠡᠬᠦ ᠨᠠᠰᠤᠨ ᠤ ᠬᠥᠮᠦᠨ ᠠᠮᠠ ᠶᠢᠨ ᠲᠤᠭ᠎ᠠ 2012 ᠣᠨ ᠠᠴᠠ ᠡᠬᠢᠯᠡᠨ ᠵᠢᠯ ᠪᠦᠷᠢ | ᠳᠤᠮᠳᠠᠴᠢ ᠪᠠᠷ 300 ᠲᠦᠮᠡᠨ ᠬᠥᠮᠦᠨ ᠠᠴᠠ ᠳᠡᠭᠡᠭᠰᠢ ᠪᠠᠷ ᠬᠠᠰᠤᠭᠳᠠᠵᠤ᠂ ᠲᠡᠷᠡᠴᠢᠯᠡᠨ ᠬᠠᠰᠤᠭᠳᠠᠭᠰᠠᠨ | ᠬᠡᠮᠵᠢᠶ᠎ᠡ ᠨᠢ ᠨᠡᠮᠡᠭᠳᠡᠵᠦ ᠪᠤᠢ᠃ ᠬᠡᠷᠪᠡ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠶᠢ ᠴᠠᠬ ᠲᠤᠨᠢ ᠲᠤᠬᠢᠷᠠᠭᠤᠯᠤᠨ ᠵᠣᠬᠢᠬᠤ ᠬᠡᠮᠵᠢᠶ᠎ᠡ ᠪᠠᠷ ᠬᠡᠷᠡᠭᠵᠢᠬᠦᠯᠵᠦ᠂ ᠬᠦᠷᠢᠶ᠎ᠡ ᠬᠡᠪᠴᠢᠶ᠎ᠡ ᠨᠢ ᠡᠳᠦᠷ | ᠢᠷᠡᠬᠦᠶ᠎ᠡ ᠦᠷᠭᠡᠳᠴᠦ ᠪᠠᠶᠢᠭ᠎ᠠ ᠨᠠᠰᠤ ᠠᠬᠢᠬᠰᠠᠨ ᠬᠦᠮᠦᠨ ᠤ ᠬᠦᠴᠦᠨ ᠤ ᠡᠬᠢ ᠪᠠᠶᠠᠯᠢᠭ ᠢ ᠰᠠᠶᠢᠳᠤᠷ | ᠠᠰᠢᠬᠯᠠᠬᠤ ᠳᠤ ᠬᠦᠷᠪᠡᠯ ᠬᠥᠳᠡᠯᠮᠦᠷᠢ ᠶᠢᠨ ᠤᠷᠤᠯᠴᠠᠯᠭ᠎ᠠ ᠶᠢᠨ ᠨᠤᠷᠮ᠎ᠠ ᠶᠢ ᠵᠤᠬᠢᠬᠤ ᠬᠡᠮᠵᠢᠶ᠎ᠡ ᠪᠠᠷ | ᠲᠡᠭᠡᠭᠰᠢᠯᠡᠬᠦᠯᠵᠦ᠂ ᠬᠦᠷᠦᠩᠭᠡ ᠪᠤᠯᠤᠨ ᠬᠦᠳᠡᠯᠮᠦᠷᠢ ᠶᠢᠨ ᠬᠦᠴᠦᠨ ᠢ ᠲᠤᠬᠢᠷᠠᠭᠤᠯᠬᠤ ᠪᠠᠶᠢᠳᠠᠯ ᠢ | ᠰᠠᠶᠢᠵᠢᠷᠠᠭᠤᠯᠬᠤ ᠪᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠬᠦᠯᠭᠡ ᠶᠢᠨ | ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯ ᠤᠨ ᠶᠠᠪᠤᠴᠠ ᠨᠢ ᠬᠦᠡᠭᠭᠡᠪᠳᠦᠷ | ᠬᠡᠮᠵᠢᠶ᠎ᠡ ᠠᠴᠠ ᠪᠠᠨ ᠲᠤᠮᠳᠠ ᠶᠢᠨ ᠬᠡᠮᠵᠢᠶᠡᠨ ᠤ ᠨᠠᠰᠤᠵᠢᠯ ᠤᠨ ᠱᠠᠲᠤᠨ ᠳᠤ ᠣᠷᠣᠬᠤ ᠪᠣᠯᠤᠨ᠎ᠠ᠃ ᠡᠨᠡᠬᠦ ᠲᠡᠦᠭᠡᠨ | ᠴᠢᠨᠠᠷᠳᠠᠢ ᠬᠤᠪᠢᠷᠠᠯᠳᠠ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠤᠯᠠᠨ ᠲᠠᠯ᠎ᠠ ᠳᠤ ᠴᠢᠬᠤᠯᠠ | ᠶᠡᠭᠡ ᠮᠦᠷᠳᠡᠭᠡᠨ ᠠᠯᠤᠰ ᠬᠡᠳᠦ ᠶᠢᠨ ᠨᠦᠯᠦᠭᠡ ᠦᠵᠡᠬᠦᠯᠬᠦ ᠶᠤᠮ᠃ ᠡᠶᠢᠮᠦ ᠠᠴᠠ ᠰᠢᠰᠲ᠋ᠧᠮ ᠤᠨ | ᠦᠵᠡᠯᠳᠡ ᠶᠢ ᠪᠠᠷᠢᠮᠳᠠᠯᠠᠵᠤ᠂ ᠨᠡᠩ ᠥᠨᠳᠥᠷ ᠲᠦᠪᠰᠢᠨ ᠠᠴᠠ ᠪᠠᠷᠠᠭᠠᠯᠠᠯᠳᠤ ᠪᠤᠳᠤᠯᠬᠢᠯᠠᠯ᠂ ᠪᠦᠬᠦ ᠲᠠᠯ᠎ᠠ ᠶᠢᠨ | ᠴᠢᠨᠠᠷᠲᠠᠢ ᠲᠥᠯᠥᠪᠯᠡᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠳᠠ ᠬᠢᠬᠦ ᠶᠢ ᠪᠠᠷᠢᠮᠲᠠᠯᠠᠵᠤ᠂ | ᠡᠷᠳᠡᠭᠡᠨ ᠠᠷᠭᠠᠴᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠶᠡᠷᠦᠩᠭᠡᠢᠯᠡᠨ ᠠᠷᠭᠠᠴᠠᠵᠤ᠂ ᠠᠵᠤ ᠠᠬᠤᠢ | ᠨᠡᠶᠢᠭᠡᠮ ᠢ ᠵᠣᠬᠢᠴᠠᠩᠭᠤᠢ ᠪᠠᠷ ᠬᠥᠭᠵᠢᠬᠦᠯᠬᠦ ᠬᠡᠷᠡᠭᠳᠡᠢ᠃ ᠥᠭᠡᠷᠡᠴᠢᠯᠡᠯᠲᠡ ᠶᠢᠨ ᠠᠶᠢᠵᠢᠮ ᠢ ᠶᠡᠷᠦᠩᠬᠡᠢ | ᠳᠤᠨᠢ ᠲᠡᠭᠰᠢᠬᠡᠨ ᠪᠠᠶᠢᠯᠭᠠᠵᠤ᠂ ᠬᠤᠪᠢ ᠬᠥᠮᠦᠨ ᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ ᠪᠡᠶ᠎ᠡ ᠪᠠᠨ | ᠳᠠᠭᠠᠭᠠᠵᠤ ᠤᠷᠢᠳᠴᠢᠯᠠᠨ ᠰᠣᠩᠭᠤᠬᠤ ᠤᠷᠤᠨ ᠵᠠᠢ ᠲᠠᠢ ᠪᠠᠶᠢᠯᠭᠠᠨ᠎ᠠ ᠬᠥᠲᠥᠯᠪᠦᠷᠢ ᠳᠤ ᠪᠠᠭ᠎ᠠ | ᠠᠯᠬᠤᠮ ᠢᠶᠠᠷ ᠲᠣᠬᠢᠷᠠᠭᠤᠯᠵᠤ᠂ ᠵᠠᠷᠴᠢᠮ ᠢ ᠬᠠᠷᠢᠮᠠᠬᠠᠶ ᠪᠠᠷ ᠬᠡᠷᠡᠭᠵᠢᠭᠦᠯᠦᠨ᠎ᠡ ᠬᠡᠵᠦ ᠲᠤᠷᠠᠳᠤᠬᠰᠠᠨ ᠢ ᠬᠡᠷᠬᠢᠨ | ᠤᠶᠢᠯᠠᠭᠠᠬᠤ ᠪᠤᠢ︖ ᠶᠢᠨ ᠸᠧᠢ ᠭᠠᠩ ᠤᠨ ᠵᠠᠳᠠᠯᠤᠯᠲᠠ ᠬᠢᠬᠦ ᠳᠡᠭᠡᠨ᠄ ᠪᠠᠭ᠎ᠠ ᠠᠯᠬᠤᠮ ᠢᠶᠠᠷ | ᠲᠣᠬᠢᠷᠠᠭᠤᠯᠤᠨ᠎ᠠ ᠬᠡᠳᠡᠭ ᠢ ᠠᠵᠢᠯ ᠠᠴᠠ ᠪᠠᠨ ᠠᠮᠠᠷᠠᠬᠤ ᠬᠤᠭᠤᠴᠠᠭ᠎ᠠ ᠶᠢ ᠬᠤᠶᠢᠰᠢᠯᠠᠭᠤᠯᠬᠤ ᠥᠭᠡᠷᠡᠴᠢᠯᠡᠯᠲᠡ ᠶᠢ | ︽ᠨᠢᠭᠡ ᠯᠡ ᠲᠡᠭᠡᠷ᠎ᠡ ᠬᠢᠴᠢᠬᠦ︾ ᠪᠢᠰᠢ᠂ ᠬᠠᠷᠢᠨ ᠠᠯᠭᠤᠷ ᠠᠭᠠᠵᠢᠮ ᠢᠶᠠᠷ ᠠᠬᠢᠭᠤᠯᠬᠤ ᠠᠷᠭ᠎ᠠ ᠪᠠᠷ | ᠥᠭᠡᠷᠡᠴᠢᠯᠡᠯᠲᠡ ᠬᠢᠵᠦ᠂ ᠪᠠᠭ᠎ᠠ ᠪᠠᠭ᠎ᠠ ᠠᠯᠬᠤᠮ ᠢᠶᠠᠷ ᠬᠡᠷᠡᠭᠵᠢᠭᠦᠯᠵᠦ᠂ ᠵᠢᠯ ᠪᠦᠷᠢ ᠬᠡᠳᠦᠨ ᠰᠠᠷ᠎ᠠ | ᠬᠤᠶᠢᠰᠢᠯᠠᠭᠤᠯᠬᠤ ᠪᠤᠶᠤ ᠬᠡᠳᠦᠨ ᠰᠠᠷ᠎ᠠ ᠪᠤᠯᠪᠠᠯ ᠨᠢᠭᠡ ᠰᠠᠷ᠎ᠠ ᠬᠤᠶᠢᠰᠢᠯᠠᠭᠤᠯᠵᠤ᠂ ᠠᠶᠢᠵᠢᠮ ᠢ ᠶᠡᠷᠦᠩᠬᠡᠢ ᠳᠤᠨᠢ | ᠲᠡᠭᠰᠢᠬᠡᠨ ᠪᠠᠶᠢᠯᠭᠠᠬᠤ ᠶᠠᠪᠤᠳᠠᠯ ᠪᠤᠯᠤᠨ᠎ᠡ ᠭᠡᠵᠦ ᠲᠦᠬᠦᠮ ᠢᠶᠠᠷ ᠤᠢᠯᠠᠭᠠᠵᠤ ᠪᠤᠯᠤᠨ᠎ᠠ ᠬᠡᠵᠦ ᠬᠡᠯᠡᠪᠡ᠃ | ᠦᠭᠡᠷᠡᠴᠢᠯᠡᠯᠳᠡ ᠶᠢᠨ ᠡᠬᠢᠨ ᠤ ᠬᠤᠭᠤᠴᠠᠭᠠᠨ ᠳᠤ ᠠᠵᠢᠯ ᠠᠴᠠ ᠠᠮᠠᠷᠠᠬᠤ ᠤᠶᠢᠷᠠᠳᠴᠤ ᠪᠠᠶᠢᠭ᠎ᠠ ᠬᠥᠮᠦᠰ ᠤᠨ | ᠵᠢᠯ ᠬᠤᠭᠤᠴᠠᠭ᠎ᠠ ᠶᠢ ᠨᠢ 1 ᠰᠠᠷ᠎ᠠ ᠪᠤᠶᠤ ᠬᠡᠳᠦᠨ ᠰᠠᠷ᠎ᠠ ᠯᠠ ᠬᠤᠶᠢᠰᠢᠯᠠᠭᠤᠯᠤᠨ᠎ᠠ᠂ ᠡᠨᠡ ᠨᠢ ᠬᠤᠪᠢ | ᠬᠥᠮᠦᠨ ᠤ ᠠᠵᠢᠯ ᠠᠮᠢᠳᠤᠷᠠᠯ ᠢ ᠲᠡᠮᠡᠢ ᠶᠡᠭᠡ ᠨᠥᠯᠥᠭᠡᠯᠡᠬᠦ ᠦᠭᠡᠢ᠃ ᠵᠠᠯᠠᠭᠤᠬᠠᠨ ᠬᠥᠳᠡᠯᠮᠦᠷᠢᠴᠢᠨ ᠳᠤ ᠠᠪᠴᠤ | ᠬᠡᠯᠡᠪᠡᠯ᠂ ᠠᠵᠢᠯ ᠠᠴᠠ ᠪᠠᠨ ᠠᠮᠠᠷᠠᠬᠤ ᠵᠢᠯ ᠬᠤᠭᠤᠴᠠᠭ᠎ᠠ ᠶᠢ ᠬᠤᠶᠢᠰᠢᠯᠠᠭᠤᠯᠬᠤ ᠬᠡᠮᠵᠢᠶ᠎ᠡ ᠨᠢ ᠬᠡᠳᠦᠶᠢᠪᠡᠷ ᠶᠡᠭᠡ | ᠰᠢᠭ᠂ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠨᠢ ᠨᠡᠯᠢᠶᠡᠳ ᠤᠷᠲᠤ ᠪᠤᠯᠪᠠᠴᠤ᠂ ᠲᠡᠷᠡ ᠨᠢ 10 ᠵᠢᠯ᠂ | 20 ᠵᠢᠯ ᠤᠨ ᠳᠠᠷᠠᠭᠠᠬᠢ ᠤᠴᠢᠷ ᠶᠠᠪᠤᠳᠠᠯ ᠪᠤᠯᠤᠨ᠎ᠠ᠂ ᠲᠡᠷᠡ ᠦᠶ᠎ᠡ ᠶᠢᠨ ᠨᠡᠶᠢᠭᠡᠮ ᠤᠨ ᠣᠷᠴᠢᠨ ᠨᠥᠬᠦᠴᠡᠯ᠂ | ᠠᠮᠢᠳᠤᠷᠠᠯ ᠤᠨ ᠲᠦᠪᠰᠢᠨ ᠪᠠ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ᠂ ᠰᠡᠳᠬᠢᠴᠡ ᠶᠢᠨ ᠪᠠᠶᠢᠳᠠᠯ | ᠵᠡᠷᠭᠡ ᠳᠤ ᠪᠦᠷ ᠮᠠᠰᠢ ᠣᠯᠠᠨ ᠬᠤᠪᠢᠷᠠᠯᠲᠠ ᠭᠠᠷᠴᠤ᠂ ᠬᠤᠪᠢ ᠬᠥᠮᠦᠨ ᠨᠢ ᠴᠦ ᠲᠣᠬᠢᠷᠠᠭᠤᠯᠤᠨ | ᠵᠣᠬᠢᠴᠠᠬᠤ ᠨᠡᠯᠢᠶᠡᠳ ᠴᠠᠭ ᠲᠠᠢ ᠪᠤᠯᠤᠨ᠎ᠠ᠃ ᠬᠠᠷᠢᠮᠠᠬᠠᠶ ᠪᠠᠷ ᠬᠡᠷᠡᠭᠵᠢᠭᠦᠯᠦᠨ᠎ᠡ ᠬᠡᠳᠡᠭ ᠨᠢ ᠳᠠᠷᠤᠢ | ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠳᠤ ︽ᠡᠭᠡᠭᠡ ᠠᠳᠠᠯᠢ ᠬᠢᠬᠦ ᠪᠠᠷ ᠱᠠᠭᠠᠷᠳᠠᠬᠤ︾ ᠪᠢᠰᠢ᠂ | ᠬᠥᠮᠦᠨ ᠨᠢᠭᠡᠪᠦᠷᠢ ᠶᠢ ᠵᠠᠪᠠᠯ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠬᠤᠶᠢᠰᠢᠯᠠᠭᠤᠯᠤᠬᠰᠠᠨ | ᠨᠠᠰᠤᠨ ᠳᠤ ᠬᠦᠷᠪᠡᠯ ᠰᠠᠶ᠋ᠢ ᠠᠵᠢᠯ ᠠᠴᠠ ᠪᠠᠨ ᠠᠮᠠᠷᠠᠬᠤ ᠪᠣᠯᠤᠨ᠎ᠠ ᠭᠡᠰᠡᠨ ᠶᠠᠪᠤᠳᠠᠯ ᠪᠢᠰᠢ᠂ ᠬᠠᠷᠢᠨ ᠬᠤᠪᠢ | ᠬᠥᠮᠦᠨ ᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ ᠪᠡᠶ᠎ᠡ ᠪᠠᠨ ᠳᠠᠭᠠᠭᠠᠵᠤ ᠤᠷᠢᠳᠴᠢᠯᠠᠨ ᠰᠣᠩᠭᠤᠬᠤ | ᠤᠷᠤᠨ ᠵᠠᠢ ᠲᠠᠢ ᠪᠠᠶᠢᠯᠭᠠᠨ᠎ᠠ ᠭᠡᠰᠡᠨ ᠶᠠᠪᠤᠳᠠᠯ ᠪᠣᠯᠤᠨ᠎ᠠ᠃ ᠡᠨᠡ ᠨᠢ ᠮᠥᠨ ᠴᠦ ᠠᠵᠢᠯ ᠠᠴᠠ ᠪᠠᠨ ᠠᠮᠠᠷᠠᠬᠤ | ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠶᠢᠨ ᠬᠠᠮᠤᠭ ᠤᠨ ᠶᠡᠭᠡ᠂ ᠬᠠᠮᠤᠭ ᠤᠨ ᠴᠢᠬᠤᠯᠠ ᠨᠢᠭᠡᠨ | ᠣᠨᠴᠠᠯᠢᠭ ᠪᠣᠯᠤᠨ᠎ᠠ᠃ ᠪᠤᠰᠤᠳᠴᠢ ᠲᠠᠯ᠎ᠠ ᠠᠴᠠ ᠬᠡᠯᠡᠪᠡᠯ᠂ ᠠᠳᠠᠯᠢ ᠪᠤᠰᠤ ᠠᠵᠢᠯ ᠮᠡᠷᠭᠡᠵᠢᠯ ᠲᠠᠢ | ᠬᠦᠮᠦᠰ᠂ ᠠᠳᠠᠯᠢ ᠪᠤᠰᠤ ᠠᠵᠢᠯ ᠤᠨ ᠪᠠᠶᠢᠷᠢ ᠶᠢᠨ ᠠᠵᠢᠯ ᠣᠯᠬᠤ ᠲᠣᠭᠲᠠᠪᠤᠷᠢᠲᠤ ᠴᠢᠨᠠᠷ ᠪᠠ ᠠᠵᠢᠯ ᠤᠨ | ᠡᠷᠴᠢᠮ ᠠᠴᠠ ᠠᠪᠴᠤ ᠦᠵᠡᠭᠰᠡᠨ ᠴᠦ ᠲᠡᠷᠡ᠂ ᠡᠰᠡᠬᠦᠯ᠎ᠡ ᠬᠤᠪᠢ ᠬᠥᠮᠦᠨ ᠤ ᠪᠡᠶ᠎ᠡ ᠮᠠᠬᠠᠪᠣᠳ ᠤᠨ ᠪᠠᠶᠢᠳᠠᠯ᠂ ᠭᠡᠷ | ᠪᠦᠯᠢ ᠶᠢᠨ ᠬᠡᠷᠡᠭᠴᠡᠭᠡ ᠪᠣᠯᠤᠨ ᠥᠷᠲᠡᠭ ᠤᠨ ᠬᠥᠭᠡᠭᠡᠴᠡᠯᠳᠦᠯ ᠠᠴᠠ ᠦᠵᠡᠭᠰᠡᠨ ᠴᠦ ᠲᠡᠷᠡ᠂ ᠴᠥᠮ ᠨᠡᠯᠢᠶᠡᠳ | ᠶᠡᠭᠡ ᠵᠥᠷᠢᠶ᠎ᠡ ᠤᠷᠤᠰᠢᠵᠤ᠂ ᠡᠭᠦᠨ ᠠᠴᠠ ᠪᠤᠯᠤᠬᠰᠠᠨ ᠭᠤᠮᠣᠳᠠᠯ ᠱᠠᠭᠠᠷᠳᠠᠯᠭ᠎ᠠ ᠨᠢ ᠴᠦ ᠠᠳᠠᠯᠢ ᠦᠭᠡᠢ ᠪᠠᠶᠢᠳᠠᠭ᠃ | ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠨᠢ ᠡᠶᠢᠮᠦᠷᠬᠦ ᠣᠯᠠᠨ | ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠰᠠᠨ ᠶᠤᠮ᠃ ᠨᠢᠭᠡᠳᠦᠯᠲᠡᠢ | ᠬᠡᠷᠡᠭᠵᠢᠭᠦᠯᠬᠦ ᠶᠢᠨ ᠰᠠᠭᠤᠷᠢᠨ ᠳᠡᠭᠡᠷ᠎ᠡ᠂ ᠮᠠᠨ ᠤ ᠤᠯᠤᠰ ᠤᠨ ᠪᠣᠳᠠᠲᠤ ᠪᠠᠶᠢᠳᠠᠯ᠂ ᠰᠣᠶᠣᠯ ᠤᠨ ᠤᠯᠠᠮᠵᠢᠯᠠᠯ | ᠪᠣᠯᠤᠨ ᠲᠡᠦᠬᠡ ᠶᠢᠨ ᠤᠯᠠᠷᠢᠯ ᠬᠤᠪᠢᠰᠤᠯ ᠵᠡᠷᠭᠡ ᠪᠠᠶᠢᠳᠠᠯ ᠲᠠᠢ ᠤᠶᠠᠯᠳᠤᠭᠤᠯᠤᠨ᠂ ᠬᠠᠷᠢᠮᠠᠬᠠᠶ ᠴᠢᠨᠠᠷ ᠪᠦᠬᠦᠢ | ᠡᠯᠧᠮᠧᠨ᠋ᠲ ᠢ ᠨᠡᠮᠡᠭᠳᠡᠬᠦᠯᠵᠦ᠂ ᠬᠤᠪᠢ ᠬᠥᠮᠦᠨ ᠥᠪᠡᠷ ᠤᠨ ᠪᠡᠶ᠎ᠡ ᠶᠢᠨ ᠪᠠᠶᠢᠳᠠᠯ ᠪᠣᠯᠤᠨ ᠨᠥᠬᠦᠴᠡᠯ | ᠪᠣᠯᠤᠯᠴᠠᠭ᠎ᠠ ᠪᠠᠨ ᠦᠨᠳᠦᠰᠦᠯᠡᠨ᠂ ᠤᠷᠢᠳᠴᠢᠯᠠᠨ ᠠᠵᠢᠯ ᠠᠴᠠ ᠪᠠᠨ ᠠᠮᠠᠷᠠᠬᠤ ᠪᠤᠳᠠᠳᠠᠢ ᠴᠠᠭ ᠬᠤᠭᠤᠴᠠᠭ᠎ᠠ ᠪᠠᠨ | ᠰᠣᠩᠭᠤᠬᠤ ᠶᠢ ᠵᠦᠪᠰᠢᠶᠡᠷᠡᠵᠦ᠂ ᠥᠭᠡᠷᠡᠴᠢᠯᠡᠯᠲᠡ ᠶᠢᠨ ᠠᠮᠢᠳᠤᠯᠢᠭ ᠴᠢᠨᠠᠷ ᠪᠣᠯᠤᠨ ᠪᠠᠭᠲᠠᠭᠠᠮᠵᠢᠲᠤ ᠴᠢᠨᠠᠷ ᠢ | ᠭᠦᠢᠴᠡᠳ ᠢᠯᠡᠷᠡᠬᠦᠯᠦᠨ᠎ᠡ᠃ ᠠᠳᠠᠯᠢ ᠪᠤᠰᠤ ᠬᠦᠮᠦᠰ ᠤᠨ ᠠᠵᠢᠯ ᠠᠴᠠ ᠪᠠᠨ ᠠᠮᠠᠷᠠᠬᠤ ᠨᠠᠰᠤᠨ ᠤ | ᠵᠥᠷᠢᠶ᠎ᠡ ᠶᠢ ᠦᠷᠭᠦᠯᠵᠢᠯᠡᠨ ᠪᠠᠲᠤᠯᠠᠵᠤ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠬᠠᠮᠵᠢᠯᠴᠠᠨ ᠠᠬᠢᠭᠤᠯᠬᠤ ᠴᠢᠬᠤᠯᠠᠲᠠᠢ ᠪᠠᠶᠢᠨ᠎ᠠ ᠬᠥᠲᠥᠯᠪᠦᠷᠢ ᠳᠤ ᠲᠥᠷᠥᠯ | ᠬᠤᠪᠢᠶᠠᠨ ᠠᠬᠢᠭᠤᠯᠬᠤ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠡ | ᠬᠡᠵᠦ ᠲᠤᠷᠠᠳᠤᠬᠰᠠᠨ ᠢ ᠬᠡᠷᠬᠢᠨ ᠤᠶᠢᠯᠠᠭᠠᠬᠤ ᠪᠤᠢ︖ ᠶᠢᠨ ᠸᠧᠢ ᠭᠠᠩ ᠤᠨ ᠦᠵᠡᠬᠦ ᠪᠠᠷ᠂ ᠠᠵᠢᠯ | ᠲᠥᠷᠥᠯ ᠬᠤᠪᠢᠶᠠᠨ ᠠᠬᠢᠭᠤᠯᠬᠤ ᠬᠡᠳᠡᠭ ᠨᠢ ᠠᠵᠢᠯ ᠠᠴᠠ ᠪᠠᠨ ᠠᠮᠠᠷᠠᠬᠤ ᠴᠠᠭ ᠬᠤᠭᠤᠴᠠᠭ᠎ᠠ ᠶᠢ | ᠬᠤᠶᠢᠰᠢᠯᠠᠭᠤᠯᠬᠤ ᠨᠢ ︽ᠵᠢᠭᠳᠡ ᠠᠯᠬᠤᠮ ᠢᠶᠠᠷ ᠶᠠᠪᠤᠬᠤ︾ ᠶᠠᠪᠤᠳᠠᠯ ᠪᠢᠰᠢ᠂ ᠬᠠᠷᠢᠨ ᠣᠳᠣ ᠶᠢᠨ | ᠬᠡᠷᠡᠭᠵᠢᠭᠦᠯᠵᠦ ᠪᠠᠶᠢᠭ᠎ᠠ ᠠᠵᠢᠯ ᠠᠴᠠ ᠪᠠᠨ ᠠᠮᠠᠷᠠᠬᠤ ᠲᠥᠷᠥ ᠶᠢᠨ ᠪᠣᠳᠣᠯᠭ᠎ᠠ ᠲᠠᠢ ᠲᠣᠭᠲᠠᠭᠤᠨ ᠢᠶᠠᠷ | ᠵᠣᠯᠭᠠᠭᠤᠯᠬᠤ ᠶᠠᠪᠤᠳᠠᠯ ᠪᠤᠯᠤᠨ᠎ᠠ᠃ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ ᠡᠷᠡᠭᠲᠡᠢ ᠠᠵᠢᠯᠲᠠᠨ 60 ᠪᠦᠬᠦᠯᠢ ᠨᠠᠰᠤ᠂ ᠡᠮᠡᠭᠲᠡᠢ ᠺᠠᠳ᠋ᠷ | 55 ᠨᠠᠰᠤ᠂ ᠡᠮᠡᠭᠲᠡᠢ ᠠᠵᠢᠯᠴᠢᠨ 50 ᠪᠦᠬᠦᠯᠢ ᠨᠠᠰᠤ ᠪᠤᠯᠤᠨ᠎ᠠ᠂ ᠬᠡᠬᠦ ᠳᠡᠭᠡᠨ ᠲᠥᠷᠥ ᠶᠢᠨ ᠪᠣᠳᠣᠯᠭ᠎ᠠ ᠨᠢ ᠠᠳᠠᠯᠢ | ᠦᠭᠡᠢ ᠪᠠᠶᠢᠳᠠᠭ᠃ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠨᠢ ᠠᠳᠠᠯᠢ | ᠪᠤᠰᠤ ᠬᠦᠮᠦᠰ ᠢ ᠢᠯᠭᠠᠵᠤ᠂ ᠵᠣᠬᠢᠰᠲᠠᠢ ᠠᠶᠢᠵᠢᠮ ᠲᠠᠢ ᠪᠠᠶᠢᠯᠭᠠᠬᠤ ᠠᠷᠭ᠎ᠠ ᠶᠢ ᠠᠪᠴᠤ᠂ ᠯᠠᠪᠳᠠᠭᠤᠨ ᠢᠶᠠᠷ | ᠬᠡᠷᠡᠭᠵᠢᠬᠦᠯᠵᠦ᠂ ᠠᠯᠬᠤᠮ ᠠᠯᠬᠤᠮ ᠢᠶᠠᠷ ᠪᠤᠳᠠᠳᠠᠶᠢᠵᠢᠭᠤᠯᠬᠤ ᠪᠣᠯᠤᠨ᠎ᠠ᠃ ᠣᠳᠣ ᠶᠢᠨ ᠠᠳᠠᠯᠢ ᠪᠤᠰᠤ ᠠᠵᠢᠯ ᠮᠡᠷᠭᠡᠵᠢᠯ᠂ | ᠭᠠᠵᠠᠷ ᠣᠷᠣᠨ᠂ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠵᠠᠷᠢᠮ | ᠵᠥᠷᠢᠶ᠎ᠡ ᠨᠢ ᠥᠭᠡᠷᠡᠴᠢᠯᠡᠯᠲᠡ ᠬᠢᠭᠰᠡᠨ ᠤ ᠳᠠᠷᠠᠭ᠎ᠠ ᠪᠠᠰᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ | ᠪᠠᠲᠤᠯᠠᠵᠤ᠂ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠴᠠ ᠡᠮᠦᠨᠡᠬᠢ ᠪᠠ ᠬᠤᠶᠢᠨᠠᠬᠢ ᠶᠢ ᠡᠮᠬᠢ | ᠳᠠᠷᠠᠭ᠎ᠠ ᠲᠠᠢ ᠵᠤᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠪᠠᠲᠤᠯᠠᠬᠤ ᠪᠤᠯᠤᠨ᠎ᠠ᠃ ᠨᠢᠭᠡᠳᠦᠯᠲᠡᠢ | ᠲᠥᠯᠥᠪᠯᠡᠨ ᠨᠡᠶᠢᠳᠡ ᠳᠤᠨᠢ ᠬᠠᠷᠠᠭᠠᠯᠵᠠᠬᠤ ᠬᠡᠳᠡᠭ ᠨᠢ ᠲᠠᠷᠤᠢ ᠠᠵᠢᠯ ᠠᠴᠠ ᠪᠠᠨ ᠠᠮᠠᠷᠠᠬᠤ ᠨᠠᠰᠤ ᠵᠢᠯ ᠢ | ᠬᠤᠶᠢᠰᠢᠯᠠᠭᠤᠯᠬᠤ ᠳᠤ᠂ ︽ᠭᠠᠭᠴᠠ ᠴᠡᠷᠢᠭ ᠭᠠᠪᠰᠢᠭᠠᠶᠢᠯᠠᠨ ᠤᠷᠤᠭᠰᠢᠯᠠᠬᠤ︾ ᠶᠠᠪᠤᠳᠠᠯ ᠪᠢᠰᠢ ᠶᠤᠮ᠃ | ᠠᠵᠢᠯ ᠠᠴᠠ ᠪᠠᠨ ᠠᠮᠠᠷᠠᠬᠤ ᠨᠠᠰᠤ ᠵᠢᠯ ᠤᠨ ᠠᠰᠠᠭᠤᠳᠠᠯ ᠨᠢ ᠠᠵᠤ ᠠᠬᠤᠢ ᠨᠡᠶᠢᠭᠡᠮ ᠤᠨ ᠡᠯ᠎ᠡ ᠲᠠᠯ᠎ᠠ ᠳᠤ | ᠬᠤᠯᠪᠣᠭᠳᠠᠵᠤ ᠪᠠᠶᠢᠳᠠᠭ ᠪᠣᠯᠬᠤᠷ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ | ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠡᠬᠦᠨ ᠲᠠᠢ ᠬᠤᠯᠪᠣᠭᠳᠠᠬᠤ ᠢᠵᠢ ᠪᠦᠷᠢᠳᠦᠬᠦ ᠪᠠ | ᠪᠠᠲᠤᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠮᠠᠰᠢ ᠣᠯᠠᠨ ᠪᠠᠶᠢᠬᠤ ᠪᠦᠭᠡᠳ ᠨᠢᠭᠡᠳᠦᠯᠲᠡᠢ | ᠲᠥᠯᠥᠪᠯᠡᠵᠦ᠂ ᠬᠠᠮᠲᠤ ᠪᠠᠷ ᠠᠬᠢᠭᠤᠯᠬᠤ ᠴᠢᠬᠤᠯᠠᠲᠠᠢ ᠪᠠᠶᠢᠨ᠎ᠠ᠃ ᠨᠢᠭᠡ ᠲᠠᠯ᠎ᠠ ᠪᠠᠷ ᠠᠵᠢᠯ ᠠᠴᠠ ᠪᠠᠨ | ᠠᠮᠠᠷᠠᠬᠤ ᠨᠠᠰᠤ ᠵᠢᠯ ᠲᠠᠢ ᠬᠤᠯᠪᠣᠭᠳᠠᠬᠤ ᠥᠩᠭᠡᠷᠡᠭᠰᠡᠨ ᠤ ᠵᠠᠷᠢᠮ ᠲᠥᠷᠥ ᠶᠢᠨ ᠪᠣᠳᠣᠯᠭ᠎ᠠ ᠶᠢ | ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠶᠢ ᠳᠠᠭᠠᠯᠳᠤᠭᠤᠯᠤᠨ ᠵᠣᠬᠢᠴᠠᠩᠭᠤᠢ ᠪᠠᠷ ᠲᠣᠬᠢᠷᠠᠭᠤᠯᠬᠤ | ᠬᠡᠷᠡᠭᠲᠡᠢ︔ ᠨᠥᠭᠦᠭᠡ ᠲᠠᠯ᠎ᠠ ᠪᠠᠷ ᠠᠵᠢᠯ ᠠᠴᠠ ᠪᠠᠨ ᠠᠮᠠᠷᠠᠬᠤ ᠨᠠᠰᠤ ᠵᠢᠯ ᠢ ᠬᠤᠶᠢᠰᠢᠯᠠᠭᠤᠯᠬᠤ ᠥᠭᠡᠷᠡᠴᠢᠯᠡᠯᠲᠡ ᠨᠢ | ᠪᠠᠰᠠ ᠵᠠᠷᠢᠮ ᠰᠢᠨ᠎ᠡ ᠠᠵᠠ ᠲᠣᠬᠢᠶᠠᠯ᠂ ᠠᠰᠠᠭᠤᠳᠠᠯ ᠪᠣᠯᠤᠨ ᠥᠷᠢᠰᠦᠯᠳᠦᠭᠡᠨ ᠢ ᠠᠪᠴᠢᠷᠠᠬᠤ ᠲᠤᠯᠠ | ᠵᠣᠬᠢᠬᠤ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠮᠵᠢᠭᠤᠯᠤᠨ ᠠᠪᠬᠤ ᠴᠢᠬᠤᠯᠠᠳᠠᠢ | ᠪᠠᠶᠢᠨ᠎ᠠ᠃ ᠵᠢᠱᠢᠶᠡᠯᠡᠪᠡᠯ ᠬᠡᠷᠬᠢᠨ ᠨᠡᠩ ᠴᠢᠭᠯᠡᠭᠦᠯᠦᠯᠳᠦ ᠴᠢᠨᠠᠷᠲᠠᠢ ᠪᠠᠷ ᠤᠷ᠎ᠠ ᠴᠢᠳᠠᠪᠤᠷᠢ ᠶᠢᠨ | ᠪᠣᠯᠪᠠᠰᠤᠷᠠᠯ ᠬᠢᠬᠦ᠂ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠶᠡᠭᠡ ᠨᠠᠰᠤᠨ ᠤ ᠬᠥᠳᠡᠯᠮᠦᠷᠢᠴᠢᠳ ᠤᠨ ᠠᠵᠢᠯ ᠣᠯᠬᠤ ᠪᠠ ᠠᠵᠢᠯ ᠤᠯᠵᠤ ᠦᠢᠯᠡᠰ ᠪᠤᠰᠬᠠᠬᠤ ᠶᠢ | ᠠᠬᠢᠭᠤᠯᠬᠤ︔ ᠨᠥᠬᠦᠴᠡᠯ ᠳᠤ ᠨᠡᠶᠢᠴᠡᠬᠦ ᠠᠵᠢᠯ ᠣᠯᠬᠤ ᠳᠤ ᠬᠦᠴᠢᠷᠲᠡᠢ ᠬᠥᠮᠦᠰ ᠢᠯᠠᠩᠭᠤᠶ᠎ᠠ | ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠡᠷᠬᠢᠨ | ᠨᠡᠩ ᠶᠡᠭᠡ ᠪᠠᠷ ᠣᠯᠭᠤᠵᠦ᠂ ᠲᠡᠳᠡᠨ ᠤ ᠲᠠᠬᠢᠨ ᠠᠵᠢᠯ ᠤᠯᠬᠤ ᠶᠢ ᠬᠠᠪᠰᠤᠷᠬᠤ ᠵᠡᠷᠭᠡ ᠪᠤᠯᠤᠨ᠎ᠠ᠃ | |