︽ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢ | ᠳᠡᠮᠵᠢᠬᠦ ᠠᠷᠭ᠎ᠠ ︵2021 — 2023 ᠣᠨ︶︾ ᠶᠢ ᠲᠠᠷᠣᠮᠠᠯᠯᠠᠨ ᠲᠠᠷᠬᠠᠭᠠᠬᠤ ᠲᠤᠬᠠᠶ | ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶᠂ ᠠᠶᠢᠮᠠᠭ ᠤᠨ ᠬᠤᠯᠪᠣᠭᠳᠠᠯ ᠪᠥᠬᠦᠶ ᠬᠡᠯᠲᠡᠰ᠂ ᠵᠥᠪᠯᠡᠯ᠂ ᠠᠯᠪᠠᠨ ᠬᠡᠷ᠂ ᠲᠣᠪᠴᠢᠶ᠎ᠠ᠂ ᠬᠤᠯᠪᠣᠭᠳᠠᠯ | ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠠᠷᠭ᠎ᠠ ︵2021 — 2023 ᠣᠨ︶︾ ᠶᠢ ᠨᠢᠭᠡᠨᠲᠡ ᠵᠠᠬᠢᠷᠭ᠎ᠠ ᠶᠢᠨ 2021 | ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ | ᠬᠡᠪᠯᠡᠨ ᠲᠠᠷᠬᠠᠭᠠᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠰᠢᠯᠢ ᠶᠢᠨ ᠭᠤᠣᠯ | ᠠᠶᠢᠮᠠᠭ ᠤᠨ ᠵᠠᠬᠢᠷᠭ᠎ᠠ | 2021 ᠣᠨ ᠤ 3 | ᠰᠠᠷ᠎ᠠ ᠶᠢᠨ 8 ᠤ ᠡᠳᠤᠷ | | ᠰᠢᠯᠢ ᠶᠢᠨ ᠭᠤᠤᠯ ᠠᠶᠢᠮᠠᠭ ᠤᠨ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ | ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠷᠭ᠎ᠠ ︵2021 — 2023 ᠣᠨ︶ | | ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶ ᠳᠥᠯᠭᠢᠨ ᠠᠬᠢᠭᠤᠯᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ︽ᠬᠤᠨᠢ ᠶᠢ | ᠴᠥᠭᠡᠳᠬᠡᠨ ᠦᠬᠡᠷ ᠢ ᠦᠰᠭᠡᠬᠦ︾ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠰᠢᠯᠢᠳᠡᠭ ᠠᠯᠠᠰᠢᠨ | ᠦᠬᠡᠷ ᠤᠨ ᠠᠵᠤ ᠦᠢᠯᠡᠰ ᠤᠨ ᠪᠦᠰᠡ ᠶᠢ ᠴᠢᠨᠠᠷ ᠰᠠᠶᠢᠲᠠᠶ ᠪᠠᠶᠢᠭᠤᠯᠬᠤ ᠶᠢᠨ ᠲᠤᠰᠠᠳᠠ᠂ ︽ᠰᠢᠯᠢ ᠶᠢᠨ ᠭᠤᠤᠯ | ᠠᠶᠢᠮᠠᠭ ᠤᠨ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠲᠥᠯᠥᠪᠵᠢᠭᠦᠯᠭᠡ︾ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠨᠢᠭᠡᠳᠦᠭᠡᠷ ᠪᠦᠯᠦᠭ ᠳᠡᠮᠵᠢᠬᠦ ᠡᠲᠡᠭᠡᠳ | ᠨᠢᠭᠡᠳᠦᠭᠡᠷ ᠵᠤᠷᠪᠤᠰ ᠳᠡᠮᠵᠢᠬᠦ ᠡᠲᠡᠭᠡᠳ᠃ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ᠂ ᠬᠡᠷ | ᠪᠦᠯᠢ ᠶᠢᠨ ᠮᠠᠯᠵᠢᠯ ᠤᠨ ᠲᠠᠯᠠᠪᠠᠶ᠂ ᠠᠯᠠᠰᠢᠨ ᠦᠬᠡᠷ ᠤᠨ ᠭᠤᠤᠯᠳᠠᠯᠭᠠᠲᠦ ᠰᠦᠷᠦᠭ᠂ ᠮᠠᠯᠴᠢᠨ ᠲᠠᠷᠢᠶᠠᠴᠢᠳ ᠤᠨ | ᠬᠤᠷᠰᠢᠶᠠᠵᠢᠯ᠂ ᠰᠢᠳᠤᠯᠠᠩ ᠦᠬᠡᠷ ᠪᠤᠶᠢᠵᠢᠭᠤᠯᠬᠤ ᠲᠤᠰᠬᠠᠶ ᠡᠷᠦᠬᠡ᠂ ᠦᠷ᠎ᠡ ᠶᠢᠨ ᠮᠠᠯ ᠤᠨ ᠲᠠᠯᠠᠪᠠᠶ ᠪᠠ ᠪᠤᠷᠳᠤᠨ | ᠲᠠᠷᠭᠤᠯᠠᠭᠤᠯᠬᠤ ᠲᠠᠯᠠᠪᠠᠶ ︵ᠠᠵᠤ ᠠᠬᠤᠶᠢᠯᠠᠯ︶᠃ | ᠬᠤᠶᠠᠳᠤᠭᠠᠷ ᠵᠤᠷᠪᠤᠰ ᠳᠡᠮᠵᠢᠬᠦ ᠡᠲᠡᠭᠡᠳ ᠢ ᠦᠨᠡᠯᠡᠨ ᠲᠣᠭᠲᠠᠭᠠᠬᠤ᠃ ᠡᠯ᠎ᠡ ᠬᠤᠰᠢᠭᠤ ᠰᠢᠶᠠᠨ ᠬᠤᠲᠠ ︵ | ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠬᠠᠮᠢᠶ᠎ᠠ ᠪᠥᠬᠦᠶ ᠰᠠᠯᠠᠭ᠎ᠠ | ᠮᠥᠴᠢᠷ ᠪᠣᠯᠤᠨ ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠵᠤ᠂ ᠢᠯᠡ᠂ ᠲᠥᠪ ᠭᠤᠤᠯᠴᠢ᠂ ᠡᠷᠬᠡ ᠲᠡᠭᠰᠢ | ᠪᠠᠶᠢᠬᠤ ᠵᠠᠷᠴᠢᠮ ᠢ ᠪᠠᠷᠢᠮᠲᠠᠯᠠᠨ᠂ ᠬᠠᠮᠢᠶ᠎ᠠ ᠪᠥᠬᠦᠶ ᠠᠵᠢᠯ ᠲᠥᠷᠥᠯ ᠤᠨ ᠪᠠᠷᠢᠮᠵᠢᠶ᠎ᠠ ᠵᠢᠴᠢ ᠦᠨᠡᠯᠡᠨ ᠲᠤᠭᠲᠠᠭᠠᠬᠤ | ᠠᠷᠭ᠎ᠠ ᠶᠢ ᠦᠨᠳᠦᠰᠦᠯᠡᠨ ᠬᠢᠨᠠᠨ ᠲᠤᠭᠲᠠᠭᠠᠯᠲᠠ ᠬᠢᠬᠦ ᠶᠢᠨ ᠬᠠᠮᠲᠤ ᠦᠷ᠎ᠡ ᠳ᠋ᠦᠩ ᠢ ᠢᠯᠡ ᠪᠠᠷ ᠨᠡᠶᠢᠲᠡᠯᠡᠵᠦ᠂ | ᠨᠡᠶᠢᠭᠡᠮ ᠠᠴᠠ ᠬᠢᠨᠠᠯᠲᠠ ᠲᠠᠯᠪᠢᠬᠤ ᠶᠢ ᠬᠦᠯᠢᠶᠡᠨ᠎ᠡ᠃ | ᠬᠤᠶᠠᠳᠤᠭᠠᠷ ᠪᠦᠯᠦᠭ ᠳᠡᠮᠵᠢᠬᠦ ᠠᠭᠤᠯᠭ᠎ᠠ | ᠭᠤᠷᠪᠠᠳᠤᠭᠠᠷ ᠵᠤᠷᠪᠤᠰ ᠰᠢᠯᠢᠳᠡᠭ ᠡᠭᠦᠯᠳᠡᠷ ᠤᠨ ᠠᠯᠠᠰᠢᠨ ᠦᠬᠡᠷ ᠢ ᠦᠷᠡᠵᠢᠭᠦᠯᠦᠨ ᠪᠤᠶᠢᠵᠢᠭᠤᠯᠬᠤ ᠶᠢ ᠳᠡᠮᠵᠢᠨ᠎ᠡ᠃ | | ︵ᠨᠢᠭᠡ︶ ᠪᠤᠬ᠎ᠠ ᠤᠷᠤᠭᠤᠯᠬᠤ ᠨᠥᠬᠦᠪᠥᠷᠢ᠃ ᠪᠠᠶᠢᠭᠠᠯᠢᠯᠢᠭ ᠢᠶᠠᠷ ᠬᠡᠭᠡᠯᠲᠦᠭᠰᠡᠨ ᠡᠭᠦᠯᠳᠡᠷ ᠰᠠᠶᠢᠵᠢᠷᠠᠭᠤᠯᠤᠭᠰᠠᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠠᠶᠢᠮᠠᠭ ᠤᠨ ᠳᠣᠲᠣᠷᠠᠬᠢ ᠦᠷ᠎ᠡ ᠶᠢᠨ ᠮᠠᠯ ᠤᠨ ᠲᠠᠯᠠᠪᠠᠶ᠂ | ᠭᠤᠤᠯᠳᠠᠯᠭᠠᠲᠦ ᠰᠦᠷᠦᠭ ᠠᠴᠠ ᠤᠳᠤᠮ ᠴᠠᠳᠢᠭ ᠤᠨ ᠲᠠᠩᠰᠠ ᠡᠪᠬᠡᠮᠡᠯ ᠲᠠᠢ 6 — 18 ᠰᠠᠷ᠎ᠠ ᠳᠤ ᠰᠠᠶᠢᠨ | ᠡᠭᠦᠯᠳᠡᠷ ᠤᠨ ᠪᠤᠬ᠎ᠠ ᠶᠢ ᠬᠤᠳᠠᠯᠳᠤᠨ ᠠᠪᠤᠪᠠᠯ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ | ᠲᠣᠭᠲᠠᠭᠠᠯᠭᠠᠵᠤ ᠬᠢᠷᠢ ᠲᠡᠩᠴᠡᠭᠰᠡᠨ ᠤ ᠳᠠᠷᠠᠭ᠎ᠠ᠂ ᠪᠤᠬ᠎ᠠ ᠪᠦᠷᠢ ᠳᠤ ᠨᠢᠭᠡ ᠤᠳᠠᠭ᠎ᠠ ᠳᠤ 3000 ᠲᠥᠭᠦᠷᠢᠭ ᠤᠨ | ᠨᠥᠬᠦᠪᠥᠷᠢ ᠦᠭᠬᠦ ᠶᠢᠨ ᠬᠠᠮᠲᠦ᠂ ᠡᠭᠦᠨ ᠠᠴᠠ ᠭᠠᠳᠠᠨ᠎ᠠ ᠪᠤᠬ᠎ᠠ ᠪᠤᠶᠢᠵᠢᠭᠤᠯᠤᠭᠰᠠᠨ ᠲᠠᠯ᠎ᠠ ᠳᠤ ᠬᠤᠳᠠᠯᠳᠤᠭᠰᠠᠨ | ᠪᠤᠬ᠎ᠠ ᠪᠦᠷᠢ ᠳᠤ ᠨᠢᠭᠡ ᠤᠳᠠᠭ᠎ᠠ ᠳᠤ 1000 ᠲᠥᠭᠦᠷᠢᠭ ᠤᠨ ᠨᠥᠬᠦᠪᠥᠷᠢ ᠤᠯᠭᠤᠨ᠎ᠠ᠃ | ︵ᠬᠤᠶᠠᠷ︶ ᠰᠢᠯᠢᠳᠡᠭ ᠡᠭᠦᠯᠳᠡᠷ ᠤᠨ ᠨᠡᠮᠡᠷᠢ ᠶᠢᠨ ᠭᠤᠨᠵᠢ ᠤᠷᠤᠭᠤᠯᠬᠤ ᠨᠥᠬᠦᠪᠥᠷᠢ᠃ ᠠᠯᠠᠰᠢᠨ ᠦᠬᠡᠷ ᠲᠡᠵᠢᠭᠡᠨ | ᠦᠷᠡᠵᠢᠭᠦᠯᠬᠦ ᠡᠷᠦᠬᠡ ᠠᠶᠢᠮᠠᠭ ᠤᠨ ᠳᠣᠲᠣᠷᠠᠬᠢ ᠦᠷ᠎ᠡ ᠶᠢᠨ ᠮᠠᠯ ᠤᠨ ᠲᠠᠯᠠᠪᠠᠶ᠂ ᠭᠤᠤᠯᠳᠠᠯᠭᠠᠲᠦ ᠰᠦᠷᠦᠭ ᠠᠴᠠ 6 | — 18 ᠰᠠᠷ᠎ᠠ ᠶᠢᠨ ᠬᠤᠭᠤᠴᠠᠭ᠎ᠠ ᠲᠠᠢ ᠰᠢᠯᠢᠳᠡᠭ ᠡᠭᠦᠯᠳᠡᠷ ᠤᠨ ᠨᠡᠮᠡᠷᠢ ᠶᠢᠨ ᠭᠤᠨᠵᠢ ᠬᠤᠳᠠᠯᠳᠤᠨ ᠠᠪᠤᠪᠠᠯ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠬᠢᠷᠢ ᠲᠡᠩᠴᠡᠭᠰᠡᠨ ᠤ ᠳᠠᠷᠠᠭ᠎ᠠ᠂ | ᠭᠤᠨᠵᠢ ᠪᠦᠷᠢ ᠳᠤ ᠨᠢᠭᠡ ᠤᠳᠠᠭ᠎ᠠ ᠶᠢᠨ ᠴᠢᠨᠠᠷᠲᠠᠶ 3000 ᠲᠥᠭᠦᠷᠢᠭ ᠤᠨ ᠨᠥᠬᠦᠪᠥᠷᠢ ᠥᠭᠭᠦᠨ᠎ᠡ᠃ ᠠᠯᠠᠰᠢᠨ | ᠦᠬᠡᠷ ᠲᠡᠵᠢᠭᠡᠨ ᠦᠷᠡᠵᠢᠭᠦᠯᠬᠦ ᠡᠷᠦᠬᠡ᠂ ᠰᠢᠳᠤᠯᠡᠩ ᠦᠬᠡᠷ ᠪᠤᠶᠢᠵᠢᠭᠤᠯᠬᠤ ᠲᠤᠰᠬᠠᠶ ᠡᠷᠦᠬᠡ ᠠᠴᠠ 18 — | 24 ᠰᠠᠷ᠎ᠠ ᠶᠢᠨ ᠬᠤᠭᠤᠴᠠᠭ᠎ᠠ ᠲᠠᠢ ᠰᠢᠯᠢᠳᠡᠭ ᠡᠭᠦᠯᠳᠡᠷ ᠤᠨ ᠨᠡᠮᠡᠷᠢ ᠶᠢᠨ ᠭᠤᠨᠵᠢ ᠬᠤᠳᠠᠯᠳᠤᠨ ᠠᠪᠤᠪᠠᠯ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠬᠢᠷᠢ ᠲᠡᠩᠴᠡᠭᠰᠡᠨ ᠤ ᠳᠠᠷᠠᠭ᠎ᠠ᠂ | ᠭᠤᠨᠵᠢ ᠪᠦᠷᠢ ᠳᠤ ᠨᠢᠭᠡ ᠤᠳᠠᠭ᠎ᠠ ᠳᠤ 3000 ᠲᠥᠭᠦᠷᠢᠭ ᠤᠨ ᠨᠥᠬᠦᠪᠥᠷᠢ ᠦᠭᠬᠦ ᠶᠢᠨ ᠬᠠᠮᠲᠦ᠂ ᠡᠭᠦᠨ ᠠᠴᠠ | ᠭᠠᠳᠠᠨ᠎ᠠ ᠨᠡᠮᠡᠷᠢ ᠶᠢᠨ ᠭᠤᠨᠵᠢ ᠪᠤᠶᠢᠵᠢᠭᠤᠯᠤᠭᠰᠠᠨ ᠲᠠᠯ᠎ᠠ ᠳᠤ ᠨᠢᠭᠡ ᠤᠳᠠᠭ᠎ᠠ ᠳᠤ 1000 ᠲᠥᠭᠦᠷᠢᠭ ᠤᠨ | ᠨᠥᠬᠦᠪᠥᠷᠢ ᠤᠯᠭᠤᠨ᠎ᠠ᠃ | ︵ᠭᠤᠷᠪᠠ︶ ᠭᠤᠤᠯᠳᠠᠯᠭᠠᠲᠦ ᠰᠦᠷᠦᠭ ᠤᠨ ᠱᠠᠩᠨᠠᠯ ᠨᠦᠬᠦᠪᠦᠷᠢ᠃ ᠰᠢᠨ᠎ᠡ ᠪᠠᠷ ᠬᠢᠨᠠᠨ ᠲᠤᠭᠲᠠᠭᠠᠭᠠᠳ ᠬᠢᠷᠢ | ᠲᠡᠩᠴᠡᠭᠰᠡᠨ ᠠᠯᠠᠰᠢᠨ ᠦᠬᠡᠷ ᠤᠨ ᠭᠤᠤᠯᠳᠠᠯᠭᠠᠲᠦ ᠰᠦᠷᠦᠭ ᠢ ᠨᠢᠭᠡ ᠯᠡ ᠳᠡᠭᠡᠷ᠎ᠡ 2 ᠲᠦᠮᠡᠨ ᠲᠥᠭᠦᠷᠢᠭ ᠢᠶᠠᠷ | ᠱᠠᠩᠨᠠᠵᠤ᠂ ᠳᠠᠬᠢᠵᠦ ᠰᠢᠨ᠎ᠡ ᠪᠠᠷ ᠦᠨᠡᠯᠡᠨ ᠲᠤᠭᠲᠠᠭᠠᠪᠠᠯ ᠳᠠᠭᠢᠵᠤ ᠱᠠᠩᠨᠠᠬᠤ ᠥᠬᠡᠶ᠃ ᠤᠯᠤᠰ ᠤᠨ ᠠᠯᠠᠰᠢᠨ | ᠦᠬᠡᠷ ᠤᠨ ᠡᠭᠦᠯᠳᠡᠷ ᠪᠤᠶᠢᠵᠢᠭᠤᠯᠬᠤ ᠭᠤᠤᠯ ᠲᠠᠯᠠᠪᠠᠶ ᠶᠢ ᠰᠢᠨ᠎ᠡ ᠪᠠᠷ ᠣᠯᠤᠭᠰᠠᠨ ᠪᠠᠶᠢᠪᠠᠯ ᠨᠢᠭᠡ ᠤᠳᠠᠭ᠎ᠠ ᠶᠢᠨ | ᠴᠢᠨᠠᠷᠲᠠᠶ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ᠃ | ︵ᠲᠥᠷᠪᠡ︶ ᠢᠴᠡᠭᠡᠯ ᠦᠷ᠎ᠡ ᠶᠢᠨ ᠰᠢᠩᠭᠡᠨ ᠬᠢᠭᠡᠳ ᠰᠢᠩᠭᠡᠨ ᠠᠽᠣᠲ ᠤᠨ ᠨᠥᠬᠦᠪᠥᠷᠢ᠃ ᠠᠶᠢᠮᠠᠭ ᠤᠨ | ᠳᠣᠲᠣᠭᠠᠳᠤ ᠳᠤ ᠬᠡᠷᠡᠭᠰᠡᠬᠦ ᠠᠯᠠᠰᠢᠨ ᠦᠬᠡᠷ ᠤᠨ ᠢᠴᠡᠭᠡᠯ ᠦᠷ᠎ᠡ ᠶᠢᠨ ᠰᠢᠩᠭᠡᠨ ︵ᠭᠠᠳᠠᠭᠠᠳᠤ ᠠᠴᠠ | ᠤᠷᠤᠭᠤᠯᠤᠭᠰᠠᠨ ᠪᠠ ᠤᠯᠤᠰ ᠤᠨ ᠲᠤᠳᠤᠭᠠᠳᠦ ᠳᠤ ᠦᠢᠯᠡᠳᠪᠦᠷᠢᠯᠡᠭᠰᠡᠨ︶ ᠪᠣᠯᠤᠨ ᠰᠢᠩᠭᠡᠨ ᠠᠽᠣᠲ ᠲᠤ | ᠨᠥᠬᠦᠪᠥᠷᠢ ᠤᠯᠭᠤᠵᠦ᠂ ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ ᠶᠢᠨ ᠰᠢᠩᠭᠡᠨ ᠳᠤ 25 — 35 | ᠲᠥᠭᠦᠷᠢᠭ ᠨᠥᠬᠦᠪᠥᠷᠢᠯᠡᠵᠦ᠂ ᠤᠯᠤᠰ ᠲᠠᠭᠠᠨ ᠦᠢᠯᠡᠳᠪᠦᠷᠢᠯᠡᠭᠰᠡᠨ ᠢᠴᠡᠭᠡᠯ ᠦᠷ᠎ᠡ ᠶᠢᠨ ᠰᠢᠩᠭᠡᠨ ᠳᠤ 5 | ᠲᠥᠭᠦᠷᠢᠭ ᠨᠥᠬᠦᠪᠥᠷᠢᠯᠡᠨ᠎ᠡ︔ ᠰᠢᠩᠭᠡᠨ ᠠᠽᠣᠲ ︵ᠲᠡᠭᠡᠭᠡᠪᠦᠷᠢ ᠶᠢᠨ ᠵᠠᠷᠤᠳᠠᠯ ᠪᠠᠭᠲᠠᠨ᠎ᠠ︶ ᠬᠤᠳᠠᠯᠳᠤᠨ ᠠᠪᠬᠤ | ᠵᠠᠷᠤᠳᠠᠯ ᠢ ᠠᠶᠢᠮᠠᠭ ᠤᠨ ᠱᠠᠲᠤᠨ ᠠᠴᠠ ᠡᠭᠦᠷᠭᠡᠯᠡᠨ᠎ᠡ᠃ | ᠳᠥᠷᠪᠡᠳᠦᠭᠡᠷ ᠵᠤᠷᠪᠤᠰ ᠰᠢᠯᠢᠳᠡᠭ ᠡᠭᠦᠯᠳᠡᠷ ᠤᠨ ᠰᠢᠳᠤᠯᠡᠩ ᠦᠬᠡᠷ ᠪᠤᠶᠢᠵᠢᠭᠤᠯᠬᠤ ᠶᠢ ᠳᠡᠮᠵᠢᠨ᠎ᠡ᠃ ᠲᠡᠵᠢᠭᠡᠨ | ᠦᠷᠡᠵᠢᠭᠦᠯᠬᠦ ᠲᠣᠮᠣ ᠡᠷᠦᠬᠡ᠂ ᠬᠤᠯᠪᠤᠭᠠᠯᠠᠭᠰᠠᠨ ᠡᠷᠦᠬᠡ ᠵᠢᠴᠢ ᠮᠠᠯᠴᠢᠨ ᠲᠠᠷᠢᠶᠠᠴᠢᠳ ᠤᠨ ᠬᠤᠷᠰᠢᠶᠠᠵᠢᠯ ᠢ | ᠬᠥᠲᠥᠯᠦᠨ ᠵᠢᠯᠣᠭᠤᠳᠴᠤ ᠪᠠᠶᠢᠭᠠᠳ ᠪᠡᠯᠡᠳᠬᠡᠯ ᠡᠬᠡ ᠮᠠᠯ᠂ ᠡᠭᠦᠯᠳᠡᠷ ᠤᠨ ᠪᠤᠬ᠎ᠠ ᠪᠤᠶᠢᠵᠢᠭᠤᠯᠬᠤ ᠠᠵᠢᠯ | ᠥᠷᠨᠢᠭᠦᠯᠵᠦ᠂ ᠨᠥᠬᠦᠴᠡᠯ ᠪᠥᠷᠢᠳᠦᠭᠰᠡᠨ ᠭᠠᠵᠠᠷ ᠣᠷᠣᠨ ᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ | ᠪᠠᠶᠢᠭᠤᠯᠬᠤ ᠶᠢ ᠵᠣᠷᠢᠭᠵᠢᠭᠤᠯᠤᠨ᠂ ᠰᠢᠳᠤᠯᠡᠩ ᠦᠬᠡᠷ ᠢ ᠪᠤᠶᠢᠵᠢᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠶᠢ ᠪᠤᠶᠢᠵᠢᠭᠤᠯᠤᠨ᠂ ᠰᠠᠶᠢᠨ ᠡᠭᠦᠯᠳᠡᠷ ᠤᠨ ᠲᠤᠭᠤᠯ ᠭᠠᠳᠠᠭᠰᠢ ᠭᠠᠷᠭᠠᠬᠤ ᠠᠰᠠᠭᠤᠳᠠᠯ ᠢ | ᠦᠨᠳᠦᠰᠦᠨ ᠠᠴᠠ ᠨᠢ ᠰᠶᠢᠳᠪᠦᠷᠢᠯᠡᠵᠦ᠂ ᠠᠶᠢᠮᠠᠭ ᠤᠨ ᠳᠣᠲᠣᠭᠠᠳᠤ ᠳᠤ ᠪᠤᠶᠢᠵᠢᠭᠤᠯᠤᠭᠰᠠᠨ ᠦᠬᠡᠷ ᠤᠨ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠬᠡᠪᠴᠢᠶ᠎ᠡ ᠨᠢ 30 ᠲᠣᠯᠣᠭᠠᠶ ᠠᠴᠠ | ᠳᠡᠭᠡᠭᠰᠢᠬᠢ ᠰᠢᠳᠤᠯᠡᠩ ᠦᠬᠡᠷ ᠪᠤᠶᠢᠵᠢᠭᠤᠯᠬᠤ ᠲᠤᠰᠬᠠᠶ ᠡᠷᠦᠬᠡ ᠳᠤ᠂ ᠦᠬᠡᠷ ᠬᠤᠳᠠᠯᠳᠤᠨ ᠠᠪᠬᠤ ᠪᠠᠯᠠ | ᠮᠥᠩᠭᠦ ᠶᠢᠨ ᠵᠢᠭᠡᠯᠡᠯᠭᠡ ᠶᠢ ᠵᠣᠬᠢᠴᠠᠭᠤᠯᠬᠤ ᠶᠢᠨ ᠬᠠᠮᠲᠤ᠂ ᠵᠢᠭᠡᠯᠡᠯᠭᠡ ᠶᠢᠨ ᠪᠦᠬᠦ ᠲᠤᠭᠠᠨ ᠤ 2.5% ᠶᠢᠨ ᠬᠦᠤ | ᠨᠤᠷᠮ᠎ᠠ ᠶᠢ ᠨᠢ ᠤᠷᠤᠯᠠᠨ ᠪᠤᠴᠠᠭᠠᠬᠤ ᠶᠢ ᠳᠡᠮᠵᠢᠵᠦ᠂ ᠬᠠᠮᠤᠭ ᠣᠷᠳᠣ ᠳᠠᠭᠠᠨ ᠭᠤᠷᠪᠠᠨ ᠵᠢᠯ ᠬᠦᠦ ᠨᠤᠷᠮ᠎ᠠ ᠶᠢ | ᠤᠷᠤᠯᠠᠨ ᠪᠤᠴᠠᠭᠠᠨ᠎ᠠ᠃ ᠰᠢᠳᠤᠯᠡᠩ ᠦᠬᠡᠷ ᠪᠤᠶᠢᠵᠢᠭᠤᠯᠬᠤ ᠢᠳᠡᠪᠬᠢᠵᠢᠯ ᠢᠶᠠᠷ ᠨᠡᠯᠢᠶᠡᠳ ᠥᠨᠳᠥᠷ᠂ ᠠᠶᠢᠮᠠᠭ ᠤᠨ | ᠳᠣᠲᠣᠷᠠᠬᠢ ᠰᠢᠯᠢᠳᠡᠭ ᠡᠭᠦᠯᠳᠡᠷ ᠤᠨ ᠦᠬᠡᠷ ᠤᠨ ᠬᠠᠩᠭᠠᠯᠭ᠎ᠠ ᠶᠢᠨ ᠬᠡᠮᠵᠢᠶ᠎ᠡ ᠨᠢ ᠵᠣᠬᠢᠬᠤ ᠬᠡᠪᠴᠢᠶ᠎ᠡ ᠳᠤ ᠬᠦᠷᠦᠭᠰᠡᠨ | ᠡᠵᠡᠩᠨᠡᠯᠲᠡ ᠶᠢᠨ ᠭᠤᠤᠯ ᠴᠣᠭᠴᠠ ᠳᠤ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ ᠬᠤᠷᠰᠢᠶᠠᠵᠢᠯ᠂ ᠲᠥᠪ ᠤᠨ ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ | ᠵᠡᠷᠭᠡ ᠮᠠᠯ ᠠᠵᠤ ᠠᠬᠤᠶ ᠶᠢᠨ ᠲᠥᠷᠥᠯ ᠵᠦᠢᠯ ᠢ ᠤᠷᠢᠳᠠᠪᠠᠷ ᠳᠣᠭᠢᠷᠠᠭᠤᠯᠬᠤ ᠪᠤᠶᠤ ︽ᠱᠠᠩᠨᠠᠬᠤ ᠪᠠᠷ | ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠳᠡᠮᠵᠢᠨ ᠳᠡᠮᠵᠢᠯᠭᠡ ᠦᠵᠡᠭᠦᠯᠵᠦ᠂ ᠰᠠᠭᠤᠷᠢ | ᠪᠡᠯᠡᠳᠬᠡᠮᠵᠢ ᠶᠢ ᠲᠡᠭᠦᠯᠳᠡᠷᠵᠢᠭᠦᠯᠦᠨ᠂ ᠳᠠᠬᠢᠨ ᠥᠷᠭᠡᠳᠬᠡᠨ ᠦᠢᠯᠡᠳᠪᠦᠷᠢᠯᠡᠨ᠎ᠡ᠃ | ᠲᠠᠪᠤᠳᠤᠭᠠᠷ ᠵᠤᠷᠪᠤᠰ ᠪᠣᠷᠳᠣᠵᠤ ᠪᠤᠷᠤᠯᠠᠭᠤᠯᠬᠤ ᠶᠢ ᠲᠡᠮᠵᠢᠨ᠎ᠡ᠃ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠠᠯᠠᠰᠢᠨ | ᠦᠬᠡᠷ ᠪᠣᠷᠳᠣᠵᠤ ᠲᠠᠷᠭᠤᠯᠠᠭᠤᠯᠬᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠵᠢᠯ ᠤᠨ ᠪᠣᠷᠳᠣᠵᠤ | ᠪᠤᠷᠤᠯᠠᠭᠤᠯᠬᠤ ᠬᠡᠪᠴᠢᠶ᠎ᠡ ᠨᠢ 200 ᠲᠣᠯᠣᠭᠠᠶ ᠠᠴᠠ ᠳᠡᠭᠡᠭᠰᠢᠬᠢ ᠠᠯᠠᠰᠢᠨ ᠦᠬᠡᠷ ᠪᠣᠷᠳᠣᠵᠤ ᠪᠤᠷᠤᠯᠠᠭᠤᠯᠬᠤ | ᠲᠠᠯᠠᠪᠠᠶ ︵ᠠᠵᠤ ᠠᠬᠤᠶᠢᠯᠠᠯ︶᠂ 50 ᠲᠣᠯᠣᠭᠠᠶ ᠠᠴᠠ ᠳᠡᠭᠡᠭᠰᠢᠬᠢ ᠮᠠᠯᠴᠢᠨ ᠲᠠᠷᠢᠶᠠᠴᠢᠨ ᠡᠷᠦᠬᠡ ︵ᠬᠤᠷᠰᠢᠶᠠᠵᠢᠯ | ︶ ᠳᠤ ᠪᠡᠶᠡᠷᠬᠡᠭ ᠦᠬᠡᠷ ᠬᠤᠳᠠᠯᠳᠤᠨ ᠠᠪᠬᠤ ᠪᠠᠯᠠ ᠮᠥᠩᠭᠦ ᠶᠢᠨ ᠵᠢᠭᠡᠯᠡᠯᠭᠡ ᠶᠢ ᠵᠣᠬᠢᠴᠠᠭᠤᠯᠬᠤ ᠶᠢᠨ ᠬᠠᠮᠲᠤ᠂ | ᠵᠢᠭᠡᠯᠡᠯᠭᠡ ᠶᠢᠨ ᠪᠦᠬᠦ ᠲᠤᠭᠠᠨ ᠤ 2.5% ᠶᠢᠨ ᠬᠦᠤ ᠨᠣᠷᠮ᠎ᠠ ᠶᠢ ᠤᠷᠤᠯᠠᠨ ᠪᠤᠴᠠᠭᠠᠬᠤ ᠶᠢ ᠳᠡᠮᠵᠢᠵᠦ᠂ ᠵᠢᠯ ᠤᠨ | ᠬᠤᠭᠤᠴᠠᠭ᠎ᠠ ᠲᠠᠢ ᠬᠦᠦ ᠨᠤᠷᠮ᠎ᠠ ᠶᠢ ᠤᠷᠤᠯᠠᠨ ᠪᠤᠴᠠᠭᠠᠨ᠎ᠠ᠃ | ᠵᠢᠷᠭᠤᠳᠤᠭᠠᠷ ᠵᠤᠷᠪᠤᠰ ᠮᠥᠩᠭᠦᠨ ᠭᠦᠢᠯᠭᠡᠭᠡᠨ ᠤ ᠳᠡᠮᠵᠢᠯᠭᠡ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠳᠤ | ᠰᠢᠨᠡᠴᠢᠯᠡᠯᠲᠡ ᠬᠢᠵᠦ᠂ ᠪᠠᠯᠠ ᠮᠦᠩᠭᠦᠨ ᠤ ᠬᠤᠷᠠᠮᠳᠤᠯᠭ᠎ᠠ ᠶᠢᠨ ᠥᠷᠲᠡᠭ ᠢ ᠪᠠᠭᠤᠷᠠᠭᠤᠯᠤᠨ᠂ ᠵᠢᠭᠡᠯᠡᠯᠭᠡ ᠶᠢᠨ | ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠣᠯᠠᠨ ᠵᠦᠢᠯ ᠤᠨ ᠪᠦᠲᠦᠮᠵᠢᠲᠡᠶ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ | ᠴᠢᠨᠠᠷ ᠰᠠᠶᠢᠲᠠᠶ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ | ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠣᠳᠠᠲᠠᠶ ᠠᠷᠭ᠎ᠠ ᠲᠤᠭᠲᠠᠭᠠᠨ᠎ᠠ᠃ | ᠭᠤᠷᠪᠠᠳᠤᠭᠠᠷ ᠪᠦᠯᠦᠭ ᠪᠡᠯᠡ ᠮᠦᠩᠭᠦᠨ ᠤ ᠲᠤᠬᠢᠷᠠᠭᠤᠯᠣᠯᠲᠠ | ᠳᠣᠯᠣᠳᠤᠭᠠᠷ ᠵᠤᠷᠪᠤᠰ ᠪᠡᠯᠡ ᠮᠥᠩᠭᠦᠨ ᠤ ᠢᠷᠡᠯᠲᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ | ᠲᠦᠷᠦᠯ ᠤᠨ ᠳᠡᠮᠵᠢᠬᠦ ᠲᠥᠷᠥ ᠶᠢᠨ ᠪᠣᠳᠣᠯᠭ᠎ᠠ ᠵᠢᠴᠢ ᠲᠥᠷᠥᠯ ᠵᠦᠢᠯ ᠤᠨ ᠪᠠᠯᠠ ᠮᠥᠩᠭᠦ ᠶᠢ ᠭᠠᠷᠭᠠᠪᠠᠯ᠂ ᠲᠣᠰ | ᠠᠷᠭ᠎ᠠ ᠳᠤ ᠬᠤᠯᠪᠣᠭᠳᠠᠬᠤ ᠳᠡᠮᠵᠢᠬᠦ ᠪᠠᠯᠠ ᠮᠥᠩᠭᠦ ᠶᠢ ᠠᠶᠢᠮᠠᠭ ᠤᠨ ᠱᠠᠲᠤᠨ ᠠᠴᠠ ᠬᠠᠷᠢᠭᠤᠴᠠᠨ᠎ᠠ᠃ ᠡᠯ᠎ᠡ | ᠬᠤᠰᠢᠭᠤ ᠰᠢᠶᠠᠨ ᠬᠤᠲᠠ ︵ᠤᠷᠤᠨ︶ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ | ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠢᠵᠢ ᠪᠥᠷᠢᠳᠦᠭᠦᠯᠬᠦ ᠪᠠᠯᠠ ᠮᠥᠩᠭᠦ ᠳᠣᠭᠢᠷᠠᠭᠤᠯᠤᠨ᠂ ᠴᠢᠨᠠᠷ | ᠰᠠᠶᠢᠲᠠᠶ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠵᠦ | ᠪᠣᠯᠤᠨ᠎ᠠ᠃ ᠲᠣᠰ ᠳᠡᠮᠵᠢᠬᠦ ᠲᠥᠷᠥ ᠶᠢᠨ ᠪᠣᠳᠣᠯᠭ᠎ᠠ ᠬᠢᠭᠡᠳ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ︽ | ᠥᠨᠳᠥᠷ ᠢ ᠨᠢ ᠥᠯᠥ ᠳᠠᠪᠬᠤᠷᠳᠠᠭᠤᠯᠬᠤ︾ ᠵᠠᠷᠴᠢᠮ ᠢᠶᠠᠷ ᠬᠡᠷᠡᠭᠵᠢᠭᠦᠯᠦᠨ᠎ᠡ᠃ | ᠨᠠᠢᠮᠠᠳᠤᠭᠠᠷ ᠵᠤᠷᠪᠤᠰ ᠪᠡᠯᠡ ᠮᠦᠩᠭᠦᠨ ᠤ ᠬᠠᠮᠢᠶᠠᠷᠤᠯᠲᠠ᠃ ᠬᠤᠰᠢᠭᠤ ᠰᠢᠶᠠᠨ ᠬᠤᠲᠠ ︵ᠤᠷᠤᠨ︶ ᠶᠢᠨ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠳᠡᠮᠵᠢᠬᠦ ᠪᠠᠯᠠ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ︽ᠲᠤᠰᠬᠠᠶ | ᠲᠠᠩᠰᠠ ᠪᠠᠷ ᠬᠢᠨᠠᠨ ᠪᠤᠳᠤᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ︾ ᠶᠢ ᠦᠨᠡᠨᠬᠦ ᠪᠠᠲᠤᠯᠠᠬᠤ | ᠬᠡᠷᠡᠭᠲᠡᠶ᠃ ᠠᠶᠢᠮᠠᠭ ᠬᠤᠰᠢᠭᠤ ᠬᠤᠶᠠᠷ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ | ᠮᠥᠴᠢᠷ ᠤᠳ ᠱᠠᠯᠠᠪᠳᠠᠭᠤᠯᠤᠨ ᠪᠠᠶᠢᠴᠠᠭᠠᠵᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠡᠮᠵᠢᠬᠦ ᠲᠥᠷᠥ ᠶᠢᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢ ᠳᠦᠷᠢᠮᠵᠢᠭᠦᠯᠦᠨ ᠬᠡᠷᠡᠭᠯᠡᠬᠦ ᠶᠢ ᠦᠨᠡᠨᠬᠦ | ᠪᠠᠲᠤᠯᠠᠵᠤ᠂ ᠲᠥᠷᠥᠯ ᠵᠦᠢᠯ ᠤᠨ ᠪᠠᠯᠠ ᠮᠥᠩᠭᠦ ᠶᠢ ᠮᠡᠬᠡᠯᠡᠨ ᠠᠪᠬᠤ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ | ᠳᠤᠮᠳᠠ ᠠᠴᠠ ᠨᠢ ᠦᠯᠡᠳᠡᠭᠡᠬᠦ ᠦᠵᠡᠭᠳᠡᠯ ᠭᠠᠷᠬᠤ ᠶᠢ ᠲᠠᠰᠤ ᠵᠣᠭᠰᠣᠭᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠶᠢᠰᠦᠳᠦᠭᠡᠷ ᠵᠤᠷᠪᠤᠰ ᠰᠢᠯᠢᠳᠡᠭ ᠡᠭᠦᠯᠳᠡᠷ ᠤᠨ ᠦᠬᠡᠷ ᠤᠨ ᠬᠠᠮᠢᠶᠠᠷᠤᠯᠲᠠ᠃ ᠠᠶᠢᠮᠠᠭ ᠬᠤᠰᠢᠭᠤ ᠬᠤᠶᠠᠷ ᠱᠠᠲᠤᠨ ᠤ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠦᠷ᠎ᠡ ᠶᠢᠨ ᠮᠠᠯ ᠤᠨ ᠲᠠᠯᠠᠪᠠᠶ᠂ ᠬᠡᠪᠴᠢᠶᠡᠵᠢᠭᠦᠯᠦᠭᠰᠡᠨ | ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ᠂ ᠠᠯᠠᠰᠢᠨ ᠦᠬᠡᠷ ᠤᠨ ᠭᠤᠤᠯᠳᠠᠯᠭᠠᠲᠦ ᠰᠦᠷᠦᠭ ᠢᠶᠠᠷ ᠭᠤᠤᠯ | ᠪᠣᠯᠭᠠᠵᠤ᠂ ᠵᠢᠯ ᠪᠤᠯᠭᠠᠨ ᠰᠢᠯᠢᠳᠡᠭ ᠡᠭᠦᠯᠳᠡᠷ ᠤᠨ ᠡᠬᠡ ᠮᠠᠯ ᠤᠨ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ᠂ | ᠳᠡᠩᠰᠡᠯᠡᠨ ᠺᠠᠷᠳ᠋ᠯᠠᠵᠤ᠂ ᠲᠣᠭᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠠᠷᠪᠠᠳᠤᠭᠠᠷ ᠵᠤᠷᠪᠤᠰ ᠰᠢᠳᠤᠯᠡᠩ ᠦᠬᠡᠷ ᠪᠤᠶᠢᠵᠢᠭᠤᠯᠬᠤ ᠭᠤᠣᠯ ᠴᠣᠭᠴᠠ ᠶᠢᠨ ᠬᠠᠮᠢᠶᠠᠷᠤᠯᠲᠠ᠃ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ︽ᠰᠢᠯᠢ ᠶᠢᠨ ᠭᠤᠤᠯ ᠠᠶᠢᠮᠠᠭ ᠤᠨ ᠰᠢᠳᠤᠯᠡᠩ ᠦᠬᠡᠷ | ᠪᠤᠶᠢᠵᠢᠭᠤᠯᠬᠤ ᠲᠤᠰᠬᠠᠶ ᠡᠷᠦᠬᠡ ᠶᠢᠨ ᠪᠠᠶᠢᠭᠤᠯᠤᠯᠲᠠ ᠶᠢᠨ ᠪᠠᠷᠢᠮᠵᠢᠶ᠎ᠠ︾ ᠶᠢ ᠲᠣᠭᠲᠠᠭᠠᠨ᠎ᠠ᠃ ᠰᠢᠳᠤᠯᠡᠩ ᠦᠬᠡᠷ | ᠪᠤᠶᠢᠵᠢᠭᠤᠯᠬᠤ ᠲᠤᠰᠬᠠᠶ ᠡᠷᠦᠬᠡ ᠠᠶᠢᠮᠠᠭ ᠤᠨ ᠳᠣᠲᠣᠷ᠎ᠠ ᠠᠴᠠ ᠲᠠᠩᠰᠠ ᠡᠪᠬᠡᠮᠡᠯ ᠤᠨ ᠤᠳᠤᠮ ᠴᠠᠳᠢᠭ ᠲᠠᠢ | ᠰᠢᠯᠢᠳᠡᠭ ᠡᠭᠦᠯᠳᠡᠷ ᠤᠨ ᠲᠤᠭᠤᠯ ᠬᠤᠳᠠᠯᠳᠤᠨ ᠠᠪᠴᠤ᠂ ᠪᠤᠶᠢᠵᠢᠭᠤᠯᠤᠭᠰᠠᠨ ᠤ ᠳᠠᠷᠠᠭ᠎ᠠ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠢᠶᠠᠷ ᠬᠢᠨᠠᠨ ᠲᠤᠭᠲᠠᠭᠠᠯᠭᠠᠭᠠᠳ ᠰᠠᠶ᠋ᠢ ᠠᠶᠢᠮᠠᠭ ᠤᠨ ᠳᠣᠲᠣᠷᠠᠬᠢ ᠲᠡᠵᠢᠭᠡᠨ | ᠦᠷᠡᠵᠢᠭᠦᠯᠬᠦ ᠡᠷᠦᠬᠡ ᠳᠤ ᠬᠤᠳᠠᠯᠳᠤᠨ ᠥᠭᠴᠦ ᠪᠣᠯᠤᠨ᠎ᠠ᠃ | ᠠᠷᠪᠠᠨ ᠨᠢᠭᠡᠳᠦᠭᠡᠷ ᠵᠤᠷᠪᠤᠰ ᠬᠢᠨᠠᠨ ᠲᠤᠭᠲᠠᠭᠠᠯᠲᠠ ᠬᠢᠯᠭᠡᠬᠦ᠃ ᠠᠶᠢᠮᠠᠭ᠂ ᠬᠤᠰᠢᠭᠤ ᠰᠢᠶᠠᠨ ᠬᠤᠲᠠ ︵ᠤᠷᠤᠨ︶ | ᠬᠤᠶᠠᠷ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠡᠯ᠎ᠡ ᠵᠦᠢᠯ ᠤᠨ ᠬᠢᠨᠠᠨ | ᠲᠣᠭᠲᠠᠭᠠᠵᠤ ᠰᠢᠯᠭᠠᠨ ᠦᠨᠡᠯᠡᠬᠦ ᠠᠵᠢᠯ ᠢ ᠥᠷᠨᠢᠭᠦᠯᠦᠨ᠎ᠡ᠃ | ︵ᠨᠢᠭᠡ︶ ᠤᠷᠤᠭᠤᠯᠤᠭᠰᠠᠨ ᠠᠯᠠᠰᠢᠨ ᠦᠬᠡᠷ ᠢ ᠬᠢᠨᠠᠨ ᠲᠤᠭᠲᠠᠭᠠᠬᠤ᠃ ᠬᠤᠰᠢᠭᠤ ᠰᠢᠶᠠᠨ ᠬᠤᠲᠠ ︵ᠤᠷᠤᠨ︶ | ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠬᠠᠷᠢᠶᠠᠲᠤ ᠣᠷᠣᠨ ᠤ ᠠᠯᠠᠰᠢᠨ ᠦᠬᠡᠷ | ᠣᠷᠣᠭᠤᠯᠤᠨ ᠠᠪᠴᠢᠷᠠᠬᠤ ᠳᠤ ᠥᠪᠡᠷ ᠤᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ᠂ ᠥᠪᠡᠷ ᠤᠨ ᠰᠢᠯᠭᠠᠨ | ᠪᠠᠶᠢᠴᠠᠭᠠᠭᠰᠠᠨ ᠦᠷ᠎ᠡ ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠳᠤ ᠮᠡᠳᠡᠭᠦᠯᠵᠦ ᠬᠠᠷᠭᠤᠭᠤᠯᠤᠨ | ᠰᠢᠯᠭᠠᠨ ᠪᠠᠶᠢᠴᠠᠭᠠᠯᠭᠠᠬᠤ ᠪᠠᠷ ᠡᠷᠡᠮᠡᠯᠵᠡᠯᠡᠨ᠎ᠡ︔ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ | ᠲᠤᠰᠬᠠᠶ ᠮᠡᠷᠭᠡᠵᠢᠯᠲᠡᠨ ᠲᠤᠮᠢᠯᠠᠨ᠂ ᠬᠢᠨᠠᠨ ᠲᠤᠭᠲᠠᠭᠠᠵᠦ ᠰᠢᠯᠭᠠᠨ ᠦᠨᠡᠯᠡᠵᠦ᠂ ᠡᠯ᠎ᠡ ᠭᠠᠵᠠᠷ ᠤᠨ ᠣᠷᠣᠭᠤᠯᠤᠨ | ᠠᠪᠴᠢᠷᠠᠭᠰᠠᠨ ᠲᠤᠭ᠎ᠠ ᠬᠡᠮᠵᠢᠶ᠎ᠡ ᠶᠢ ᠦᠨᠡᠯᠡᠨ ᠲᠣᠭᠲᠠᠭᠠᠨ᠎ᠠ᠃ | ︵ᠬᠤᠶᠠᠷ︶ ᠭᠤᠤᠯᠳᠠᠯᠭᠠᠲᠦ ᠰᠦᠷᠦᠭ ᠢ ᠰᠢᠯᠭᠠᠨ ᠦᠨᠡᠯᠡᠬᠦ᠃ ᠡᠯ᠎ᠡ ᠬᠤᠰᠢᠭᠤ ᠰᠢᠶᠠᠨ ᠬᠤᠲᠠ ︵ᠤᠷᠤᠨ︶ ᠨᠢ | ︽ᠰᠢᠯᠢ ᠶᠢᠨ ᠭᠤᠤᠯ ᠠᠶᠢᠮᠠᠭ ᠤᠨ ᠠᠯᠠᠰᠢᠨ ᠦᠬᠡᠷ ᠤᠨ ᠭᠤᠤᠯᠳᠠᠯᠭᠠᠲᠦ ᠰᠦᠷᠦᠭ ᠤᠨ ᠪᠠᠶᠢᠭᠤᠯᠤᠯᠲᠠ ᠶᠢᠨ | ᠪᠠᠷᠢᠮᠵᠢᠶ᠎ᠠ︾ ᠶᠣᠰᠣᠭᠠᠷ ᠭᠤᠤᠯᠳᠠᠯᠭᠠᠲᠦ ᠰᠦᠷᠦᠭ ᠢ ᠡᠷᠡᠮᠡᠯᠵᠡᠯᠡᠭᠰᠡᠨ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ︶ | ᠳᠤ ᠠᠩᠬ᠎ᠠ ᠠᠯᠬᠤᠮ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ᠂ ᠠᠩᠬᠠᠨ ᠤ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠵᠦ ᠰᠢᠯᠭᠠᠨ | ᠦᠨᠡᠯᠡᠭᠦᠯᠬᠦ ᠪᠠᠷ ᠡᠷᠡᠮᠡᠯᠵᠡᠯᠡᠨ᠎ᠡ︔ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠲᠤᠰᠬᠠᠶ | ᠮᠡᠷᠭᠡᠵᠢᠯᠲᠡᠨ ᠲᠤᠮᠢᠯᠠᠨ᠂ ᠲᠤᠬᠠᠶ ᠶᠢᠨ ᠭᠠᠵᠠᠷ ᠲᠤᠨᠢ ᠦᠨᠡᠯᠡᠨ ᠲᠣᠭᠲᠠᠭᠠᠵᠤ ᠰᠢᠯᠭᠠᠨ ᠠᠪᠬᠤ ᠶᠢ ᠶᠠᠪᠤᠭᠳᠠᠭᠤᠯᠵᠤ᠂ | ᠰᠢᠯᠭᠠᠨ ᠠᠪᠤᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠵᠦ᠂ ᠨᠥᠬᠦᠴᠡᠯ ᠳᠤ ᠨᠡᠶᠢᠴᠡᠪᠡᠯ | ᠠᠯᠠᠰᠢᠨ ᠦᠬᠡᠷ ᠤᠨ ᠭᠤᠤᠯᠳᠠᠯᠭᠠᠲᠦ ᠰᠦᠷᠦᠭ ᠢ ᠦᠨᠡᠯᠡᠨ ᠲᠣᠭᠲᠠᠭᠠᠭᠰᠠᠨ ᠦᠨᠡᠮᠯᠡᠯ ᠢ ᠨᠢᠭᠡᠳᠦᠯᠲᠡᠶ ᠣᠯᠭᠤᠨ᠎ᠠ᠃ | | ︵ᠭᠤᠷᠪᠠ︶ ᠬᠦᠦ ᠮᠦᠩᠭᠦ ᠶᠢ ᠤᠷᠤᠯᠠᠨ ᠪᠤᠴᠠᠭᠠᠬᠤ ᠶᠢ ᠬᠢᠨᠠᠨ ᠬᠠᠷᠭᠤᠭᠤᠯᠬᠤ᠃ ᠬᠤᠰᠢᠭᠤ ᠰᠢᠶᠠᠨ ᠬᠤᠲᠠ ︵ | ᠤᠷᠤᠨ︶ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ᠂ ᠮᠥᠩᠭᠦᠨ ᠭᠦᠢᠯᠭᠡᠭᠡ᠂ | ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠵᠢᠭᠡᠯᠡᠯᠭᠡ ᠠᠪᠤᠭᠰᠠᠨ ᠭᠤᠤᠯ ᠴᠣᠭᠴᠠ᠂ ᠵᠢᠭᠡᠯᠡᠭᠰᠡᠨ | ᠵᠣᠭᠤᠰ ᠤᠨ ᠲᠤᠭ᠎ᠠ ᠵᠢᠴᠢ ᠬᠤᠳᠠᠯᠳᠤᠨ ᠠᠪᠤᠭᠰᠠᠨ ᠦᠬᠡᠷ ᠲᠤ ᠠᠩᠬᠠᠨ ᠤ ᠬᠢᠨᠠᠯᠲᠠ ᠬᠢᠵᠦ᠂ ᠨᠥᠬᠦᠴᠡᠯ ᠳᠤ | ᠨᠡᠶᠢᠴᠡᠬᠦ ᠶᠢ ᠨᠢ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠵᠦ ᠳᠠᠬᠢᠨ | ᠬᠢᠨᠠᠭᠤᠯᠤᠨ᠎ᠠ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠳᠠᠬᠢᠨ ᠬᠢᠨᠠᠭᠰᠠᠨ ᠤ ᠳᠠᠷᠠᠭ᠎ᠠ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠨᠦᠬᠦᠪᠦᠷᠢᠯᠡᠨ ᠲᠤᠰᠢᠶᠠᠬᠤ ᠪᠠᠯᠠ ᠮᠥᠩᠭᠦ ᠶᠢ | ᠡᠷᠡᠮᠡᠯᠵᠡᠯᠡᠨ᠎ᠡ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠡᠳ᠋ ᠤᠨ ᠵᠠᠰᠠᠭ ᠤᠨ ᠲᠣᠪᠴᠢᠶ᠎ᠠ | ᠪᠣᠯᠤᠨ ᠮᠥᠩᠭᠦᠨ ᠭᠦᠢᠯᠭᠡᠭᠡᠨ ᠤ ᠠᠯᠪᠠᠨ ᠬᠡᠷ ᠲᠠᠢ ᠬᠠᠮᠲᠤᠷᠠᠨ ︽ᠵᠢᠭᠡᠯᠡᠯᠭᠡ ᠶᠢᠨ ᠬᠦᠦ ᠮᠦᠩᠭᠦ ᠶᠢ ᠤᠷᠤᠯᠠᠨ | ᠪᠤᠴᠠᠭᠠᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠲᠤᠭᠲᠠᠭᠠᠨ᠎ᠠ᠃ | ᠠᠷᠪᠠᠨ ᠬᠤᠶᠠᠳᠤᠭᠠᠷ ᠵᠤᠷᠪᠤᠰ ᠠᠮᠢᠲᠠᠨ ᠤ ᠬᠢᠵᠢᠭ ᠢ ᠪᠠᠶᠢᠴᠠᠭᠠᠨ᠎ᠠ᠃ ᠬᠤᠰᠢᠭᠤ ᠰᠢᠶᠠᠨ ᠤ ᠬᠤᠭᠤᠷᠣᠨᠳᠣ ᠪᠠᠨ | ᠰᠢᠯᠢᠳᠡᠭ ᠡᠭᠦᠯᠳᠡᠷ ᠤᠨ ᠠᠯᠠᠰᠢᠨ ᠦᠬᠡᠷ ᠣᠷᠣᠭᠤᠯᠬᠤ ᠳᠤ ᠡᠷᠬᠡᠪᠰᠢ ︽ᠠᠮᠢᠲᠠᠨ ᠤ ᠬᠢᠵᠢᠭ ᠤᠨ | ᠪᠠᠶᠢᠴᠠᠭᠠᠯᠲᠠ ᠲᠤ ᠬᠢᠷᠢ ᠲᠡᠩᠴᠡᠭᠰᠡᠨ ᠦᠨᠡᠮᠯᠡᠯ︾ ᠲᠠᠢ ᠪᠠᠶᠢᠬᠤ ᠬᠡᠷᠡᠭᠲᠡᠶ᠂ ᠤᠴᠢᠬᠤ ᠭᠠᠵᠠᠷ ᠲᠠᠭᠠᠨ | ᠬᠥᠷᠥᠭᠰᠡᠨ ᠤ ᠲᠠᠷᠠᠭ᠎ᠠ᠂ 24 ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠠᠮᠢᠲᠠᠨ ᠤ ᠡᠷᠡᠭᠦᠯ ᠬᠠᠮᠠᠭᠠᠯᠠᠯ ᠲᠤ | ᠬᠢᠨᠠᠯᠲᠠ ᠲᠠᠯᠪᠢᠬᠤ ᠪᠠᠶᠢᠭᠤᠯᠤᠮᠵᠢ ᠳᠤ ᠮᠡᠳᠡᠭᠦᠯᠵᠦ᠂ ᠠᠮᠢᠲᠠᠨ ᠤ ᠡᠷᠡᠭᠦᠯ ᠬᠠᠮᠠᠭᠠᠯᠠᠯ ᠲᠤ ᠬᠢᠨᠠᠯᠲᠠ ᠲᠠᠯᠪᠢᠬᠤ | ᠪᠠᠶᠢᠭᠤᠯᠤᠮᠵᠢ ᠠᠴᠠ ᠮᠠᠯ ᠡᠮᠨᠡᠯᠭᠡ ᠶᠢᠨ ᠲᠤᠰᠬᠠᠶ ᠮᠡᠷᠭᠡᠵᠢᠯᠲᠡᠨ ᠲᠣᠮᠢᠯᠠᠵᠤ ᠲᠤᠬᠠᠶ ᠶᠢᠨ ᠭᠠᠵᠠᠷ ᠲᠤᠨᠢ ᠬᠢᠨᠠᠨ | ᠪᠠᠶᠢᠴᠠᠭᠠᠵᠤ᠂ ᠮᠡᠳᠡᠭᠡ ᠵᠠᠩᠭᠢ ᠶᠢ ᠨᠢ ᠳᠠᠩᠰᠠᠯᠠᠭᠰᠠᠨ ᠤ ᠲᠠᠷᠠᠭ᠎ᠠ᠂ ᠮᠠᠯ ᠤᠨ ᠡᠵᠡᠨ ᠨᠢ ᠰᠦᠷᠦᠭ ᠬᠤᠪᠢᠶᠠᠨ | ᠲᠡᠵᠢᠭᠡᠨ ᠠᠵᠢᠭᠯᠠᠵᠤ᠂ ᠶᠡᠷᠦ ᠪᠤᠰᠤ ᠶᠢᠨ ᠪᠠᠶᠢᠳᠠᠯ ᠥᠭᠡᠢ ᠪᠣᠯ ᠰᠠᠶ᠋ᠶ ᠰᠦᠷᠦᠭ ᠨᠡᠶᠢᠯᠡᠭᠦᠯᠦᠨ ᠲᠡᠵᠢᠭᠡᠵᠦ ᠪᠣᠯᠤᠨ᠎ᠠ | ᠃ | ᠠᠷᠪᠠᠨ ᠭᠤᠷᠪᠠᠳᠤᠭᠠᠷ ᠵᠤᠷᠪᠤᠰ ᠬᠢᠨᠠᠯᠲᠠ ᠲᠠᠯᠪᠢᠵᠤ ᠰᠢᠯᠭᠠᠨ ᠪᠠᠶᠢᠴᠠᠭᠠᠨ᠎ᠠ᠃ ᠨᠥᠬᠦᠪᠥᠷᠢ ᠬᠥᠷᠳᠡᠬᠦ ᠰᠢᠯᠢᠳᠡᠭ | ᠡᠭᠦᠯᠳᠡᠷ ᠤᠨ ᠠᠯᠠᠰᠢᠨ ᠦᠬᠡᠷ ᠢ ᠰᠠᠷᠢᠭᠠᠯᠠᠨ ᠬᠤᠳᠠᠯᠳᠤᠬᠤ᠂ ᠨᠥᠬᠦᠪᠥᠷᠢ ᠶᠢ ᠬᠠᠭᠤᠷᠠᠨ ᠠᠪᠬᠤ ᠪᠤᠶᠤ | ᠵᠢᠭᠡᠯᠡᠯᠭᠡ ᠶᠢᠨ ᠵᠣᠭᠤᠰ᠂ ᠤᠷᠤᠯᠠᠨ ᠦᠭᠬᠦ ᠬᠦᠦ ᠮᠦᠩᠭᠦ ᠶᠢ ᠮᠡᠬᠡᠯᠡᠨ ᠠᠪᠬᠤ ᠶᠢ ᠴᠢᠩᠭ᠎ᠠ ᠴᠠᠭᠠᠵᠠᠯᠠᠵᠤ᠂ | ᠡᠶᠢᠮᠦᠷᠬᠦᠦ ᠪᠠᠶᠢᠳᠠᠯ ᠦᠨᠡᠨ ᠪᠤᠳᠠᠲᠠᠢ ᠪᠠᠶᠢᠪᠠᠯ ᠪᠦᠬᠦ ᠨᠥᠬᠦᠪᠥᠷᠢ ᠪᠡᠯᠡ ᠮᠥᠩᠭᠦ ᠶᠢ ᠨᠡᠬᠡᠮᠵᠢᠯᠡᠨ ᠬᠤᠷᠢᠶᠠᠵᠦ᠂ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ ᠡᠭᠦᠷᠭᠡᠯᠡᠭᠦᠯᠦᠨ᠎ᠡ᠃ ᠨᠥᠬᠦᠪᠥᠷᠢ ᠬᠥᠷᠳᠡᠬᠦ ᠰᠢᠯᠢᠳᠡᠭ ᠡᠭᠦᠯᠳᠡᠷ ᠤᠨ ᠡᠭᠡ | ᠮᠠᠯ ᠢ 4 ᠵᠢᠯ ᠤᠨ ᠳᠣᠲᠣᠷ᠎ᠠ ᠬᠤᠳᠠᠯᠳᠤᠵᠤ ᠪᠣᠯᠬᠤ ᠥᠭᠡᠢ᠂ ᠡᠭᠦᠯᠳᠡᠷ ᠤᠨ ᠪᠤᠬ᠎ᠠ ᠶᠢ 2 ᠵᠢᠯ ᠤᠨ ᠳᠣᠲᠣᠷ᠎ᠠ | ᠬᠤᠳᠠᠯᠳᠤᠵᠤ ᠪᠣᠯᠬᠤ ᠥᠭᠡᠢ᠂ ᠦᠨᠡᠨᠬᠦ ᠬᠤᠳᠠᠯᠳᠤᠬᠤ ᠪᠠ ᠰᠶᠢᠳᠪᠦᠷᠢᠯᠡᠬᠦ ᠴᠢᠬᠤᠯᠠ ᠲᠠᠢ ᠪᠣᠯ ᠡᠷᠬᠡᠪᠰᠢ ᠬᠤᠰᠢᠭᠤ | ᠰᠢᠶᠠᠨ ᠬᠤᠳᠠ ︵ᠤᠷᠤᠨ︶ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ | ᠵᠤᠬᠢᠰᠲᠠᠢ ᠨᠥᠬᠦᠪᠥᠷᠢ ᠪᠡᠯᠡ ᠮᠥᠩᠭᠦ ᠶᠢ ᠬᠤᠷᠢᠶᠠᠨ ᠠᠪᠬᠤ ᠬᠡᠷᠡᠭᠲᠡᠶ᠃ ᠬᠢᠵᠢᠭ ᠡᠪᠡᠳᠴᠢᠨ ᠪᠤᠶᠤ ᠪᠠᠶᠢᠭᠠᠯᠢ ᠶᠢᠨ | ᠭᠠᠮᠰᠢᠭ ᠠᠴᠠ ᠪᠣᠯᠵᠣ ᠣᠷᠣᠭᠤᠯᠤᠨ ᠠᠪᠴᠢᠷᠠᠭᠰᠠᠨ ᠠᠯᠠᠰᠢᠨ ᠦᠬᠡᠷ ᠥᠭᠦᠪᠡᠯ᠂ ᠡᠷᠬᠡᠪᠰᠢ ᠰᠤᠮᠤ ᠰᠢᠶᠠᠩ | ᠪᠠᠯᠭᠠᠰᠤ ᠶᠢᠨ ᠮᠠᠯ ᠠᠵᠤ ᠠᠬᠤᠶ ᠮᠠᠯ ᠡᠮᠨᠡᠯᠭᠡ ᠶᠢᠨ ᠰᠠᠯᠠᠭ᠎ᠠ ᠮᠥᠴᠢᠷ ᠢᠶᠠᠷ ᠭᠡᠷᠡᠴᠢ ᠬᠢᠯᠭᠡᠵᠦ᠂ ᠳᠡᠭᠡᠭᠰᠢ ᠬᠤᠰᠢᠭᠤ | ᠰᠢᠶᠠᠨ ᠬᠤᠲᠠ ︵ᠤᠷᠤᠨ︶ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ ᠬᠤᠰᠢᠭᠤ ᠰᠢᠶᠠᠨ ᠬᠤᠲᠠ ︵ᠤᠷᠤᠨ︶ ᠶᠢᠨ ᠵᠠᠰᠠᠭ ᠤᠨ ᠣᠷᠳᠣᠨ ᠨᠢ ᠲᠠᠷᠢᠶᠠᠯᠠᠩ | ᠮᠠᠯ ᠠᠵᠤ ᠠᠬᠤᠶ᠂ ᠡᠳ᠋ ᠤᠨ ᠵᠠᠰᠠᠭ᠂ ᠬᠢᠨᠠᠨ ᠪᠤᠳᠤᠬᠤ᠂ ᠮᠥᠩᠭᠦᠨ ᠭᠦᠢᠯᠭᠡᠭᠡ ᠵᠡᠷᠭᠡ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ᠂ ᠵᠢᠯ ᠪᠦᠷᠢ ᠬᠠᠷᠢᠶ᠎ᠠ ᠣᠷᠣᠨ ᠤ ᠳᠣᠲᠣᠷᠠᠬᠢ ᠳᠡᠮᠵᠢᠬᠦ ᠲᠥᠷᠥ ᠶᠢᠨ ᠪᠣᠳᠣᠯᠭ᠎ᠠ ᠶᠢᠨ | ᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠦ᠂ | ᠪᠠᠶᠢᠴᠠᠭᠠᠭᠰᠠᠨ ᠦᠷ᠎ᠡ ᠳ᠋ᠦᠩ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠵᠦ᠂ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠬᠤᠷᠢᠶᠠᠩᠭᠤᠶᠢᠯᠠᠭᠰᠠᠨ ᠤ ᠳᠠᠷᠠᠭ᠎ᠠ ᠠᠶᠢᠮᠠᠭ ᠤᠨ | ᠵᠠᠬᠢᠷᠭ᠎ᠠ ᠳᠤ ᠮᠡᠳᠡᠭᠦᠯᠦᠨ᠎ᠡ᠃ ᠠᠶᠢᠮᠠᠭ ᠵᠠᠬᠢᠷᠭ᠎ᠠ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠡᠯ᠎ᠡ ᠭᠠᠵᠠᠷ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠤᠭᠤᠴᠢᠨ ᠪᠠᠶᠢᠴᠠᠭᠠᠯᠲᠠ | ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ ᠰᠤᠭᠤᠴᠢᠨ ᠪᠠᠶᠢᠴᠠᠭᠠᠬᠤ ᠬᠡᠪᠴᠢᠶ᠎ᠡ ᠨᠢ | 30% ᠠᠴᠠ ᠳᠣᠤᠷ᠎ᠠ ᠪᠠᠶᠢᠵᠤ ᠪᠣᠯᠬᠤ ᠥᠬᠡ᠊ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠠᠷᠪᠠᠨ ᠳᠥᠷᠪᠡᠳᠦᠭᠡᠷ ᠵᠤᠷᠪᠤᠰ ᠲᠣᠰ ᠳᠡᠮᠵᠢᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ | ᠲᠣᠰ ᠳᠡᠮᠵᠢᠬᠦ ᠠᠷᠭ᠎ᠠ ᠶᠢᠨ ᠠᠭᠤᠯᠭ᠎ᠠ ᠶᠢ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ |