0 - 6 ᠨᠠᠰᠤᠨ ᠤ ᠬᠡᠦᠬᠡᠳ ᠦᠨ᠎ᠡ ᠲᠥᠯᠥᠪᠦᠷᠢ ᠦᠭᠡᠢ ᠪᠠᠷ 13 ᠤᠳᠠᠭ᠎ᠠ ᠪᠡᠶ᠎ᠡ ᠶᠢᠨ ᠡᠷᠡᠬᠦᠯ ᠮᠡᠨᠳᠣ ᠶᠢᠨ ᠪᠠᠶᠢᠴᠠᠭᠠᠯᠲᠠ ᠬᠢᠵᠦ ᠪᠣᠯᠤᠨ᠎ᠠ᠂ 80 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠲᠤ ᠨᠥᠬᠦᠪᠥᠷᠢ ᠲᠠᠢ︕ ᠲᠠ ᠮᠡᠳᠡᠨ᠎ᠡ ᠦᠦ︖
ᠨᠡᠶᠢᠲᠡᠯᠡᠭᠰᠡᠨ ᠴᠠᠭ᠄
2021/5/10
   ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠬᠦ ᠪᠣᠯ ᠠᠷᠠᠳ ᠢᠷᠭᠡᠨ ᠨᠢᠭᠡᠪᠦᠷᠢ ᠶᠢᠨ ᠦᠨᠳᠦᠰᠦᠨ ᠡᠷᠬᠡ ᠮᠥᠨ᠂ ᠬᠥᠮᠦᠨ ᠪᠦᠬᠦᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠬᠦ ᠶᠢ ᠪᠠᠲᠤᠯᠠᠬᠤ ᠪᠣᠯ ᠵᠠᠰᠠᠭ ᠤᠨ ᠣᠷᠳᠣᠨ ᠤ ᠴᠢᠬᠤᠯᠠ ᠲᠤᠰᠢᠶᠠᠯ ᠬᠠᠷᠢᠭᠤᠴᠠᠯᠭ᠎ᠠ ᠮᠥᠨ᠃ ᠲᠦᠷᠦᠭᠦᠬᠡᠨ᠂ ︽ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ︵2021 ᠣᠨ ᠤ ᠬᠡᠪᠯᠡᠯ︶︾ ︵ᠳᠣᠷᠣᠭᠰᠢ ︽ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠣᠳᠣᠬᠢ ᠱᠠᠲᠤᠨ ᠤ ᠤᠯᠤᠰ ᠠᠴᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠥᠷᠥᠯ ᠵᠦᠢᠯ ᠤᠨ ᠰᠠᠭᠤᠷᠢ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ᠃ ︽ᠨᠠᠰᠤᠲᠠᠨ ᠪᠠ ᠨᠢᠯᠬᠠᠰ︾ ᠤᠨ ᠠᠰᠠᠭᠤᠳᠠᠯ ᠨᠢ ᠨᠡᠶᠢᠭᠡᠮ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ︽ᠪᠠᠷᠢᠮᠵᠢᠶᠠᠨ︾ ᠳᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠴᠥᠮ ᠵᠣᠬᠢᠴᠠᠩᠭᠤᠶ ᠲᠣᠭᠲᠠᠭᠠᠯ ᠭᠠᠷᠭᠠᠬᠰᠠᠨ ᠪᠠᠶᠢᠨ᠎ᠠ᠃ ᠨᠠᠰᠤᠵᠢᠪᠠᠯ ᠠᠰᠠᠷᠠᠮᠵᠢ ᠲᠠᠢ ᠪᠠᠶᠢᠯᠭᠠᠬᠤ ᠲᠠᠯ᠎ᠠ ᠪᠠᠷ᠂ ᠵᠠᠰᠠᠭ ᠤᠨ ᠣᠷᠳᠣᠨ ᠠᠴᠠ ᠬᠠᠷᠢᠶ᠎ᠠ ᠣᠷᠣᠨ ᠤ ᠪᠠᠨ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠪᠠᠶᠢᠩᠭᠤ ᠰᠠᠭᠤᠭ᠎ᠠ ᠰᠠᠭᠤᠭᠠᠯᠢᠴᠤᠳ ᠲᠤ ᠠᠮᠢᠳᠤᠷᠠᠯ ᠤᠨ ᠠᠷᠭ᠎ᠠ ᠮᠠᠶ᠋ᠢᠭ ᠪᠠ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ ᠵᠢᠱᠢᠬᠦ᠂ ᠪᠡᠶ᠎ᠡ ᠶᠢᠨ ᠡᠷᠡᠬᠦᠯ ᠮᠡᠨᠳᠣ ᠶᠢᠨ ᠪᠠᠶᠢᠴᠠᠭᠠᠯᠲᠠ ᠬᠢᠬᠦ᠂ ᠬᠠᠪᠰᠤᠷᠤᠮᠵᠢ ᠪᠠᠶᠢᠴᠠᠭᠠᠯᠲᠠ ᠬᠢᠬᠦ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠬᠦ ᠵᠡᠷᠭᠡ ᠦᠢᠯᠡᠴᠢᠯᠡᠭᠡ ᠶᠢ ᠵᠢᠯ ᠪᠤᠯᠭᠠᠨ 1 ᠤᠳᠠᠭ᠎ᠠ ᠬᠠᠩᠭᠠᠨ᠎ᠠ︔ ᠬᠢᠲᠠᠳ ᠡᠮᠨᠡᠯᠭᠡ ᠶᠢᠨ ᠪᠡᠶ᠎ᠡ ᠮᠠᠬᠠᠪᠣᠳ ᠢ ᠢᠯᠭᠠᠨ ᠲᠠᠨᠢᠬᠤ ᠪᠠ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢ ᠬᠠᠮᠠᠭᠠᠯᠠᠬᠤ ᠵᠢᠯᠣᠭᠤᠳᠤᠯᠭ᠎ᠠ ᠶᠢ ᠬᠥᠮᠦᠨ ᠪᠦᠷᠢ ᠳᠤ ᠵᠢᠯ ᠪᠤᠯᠭᠠᠨ 1 ᠤᠳᠠᠭ᠎ᠠ ᠬᠠᠩᠭᠠᠨ᠎ᠠ᠃ ᠨᠢᠯᠬ᠎ᠠ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ ᠪᠠᠶᠢᠯᠭᠠᠬᠤ ᠲᠠᠯ᠎ᠠ ᠪᠠᠷ᠂ ᠵᠠᠰᠠᠭ ᠤᠨ ᠣᠷᠳᠣᠨ ᠠᠴᠠ ᠬᠠᠷᠢᠶ᠎ᠠ ᠣᠷᠣᠨ ᠤ ᠪᠠᠨ 0 - 6 ᠨᠠᠰᠤᠨ ᠤ ᠬᠡᠦᠬᠡᠳ ᠲᠤ ᠦᠨ᠎ᠡ ᠲᠥᠯᠥᠪᠦᠷᠢ ᠦᠭᠡᠢ ᠪᠠᠷ 13 ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠦᠭᠭᠦᠨ᠂ 0 - 3 ᠨᠠᠰᠤᠨ ᠤ ᠬᠡᠦᠬᠡᠳ ᠲᠤ ᠬᠢᠲᠠᠳ ᠡᠮᠨᠡᠯᠭᠡ ᠶᠢᠨ ᠠᠰᠠᠷᠠᠨ ᠰᠤᠪᠢᠯᠠᠬᠤ ᠦᠢᠯᠡᠴᠢᠯᠡᠭᠡ ᠵᠡᠷᠭᠡ ᠶᠢ ᠵᠢᠯ ᠪᠤᠯᠭᠠᠨ 2 ᠤᠳᠠᠭ᠎ᠠ ᠬᠠᠩᠭᠠᠨ᠎ᠠ ᠬᠡᠪᠡ᠃ ︽ᠪᠠᠷᠢᠮᠵᠢᠶᠠᠨ︾ ᠳᠤ ᠪᠠᠰᠠ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠳᠤ ᠣᠨᠴᠠᠭᠠᠶ ᠬᠡᠦᠬᠡᠳ ᠤᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠪᠠ ᠬᠥᠳᠡᠭᠡ ᠲᠣᠰᠬᠤᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠪᠠᠭᠲᠠᠨ᠎ᠠ᠃ ᠡᠭᠦᠨ ᠳᠤ᠂ ᠣᠨᠴᠠᠭᠠᠶ ᠬᠡᠦᠬᠡᠳ ᠤᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠬᠠᠨᠭ᠍ᠭᠠᠬᠤ ᠡᠲᠡᠭᠡᠳ ᠪᠣᠯ ᠥᠨᠥᠴᠢᠨ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠪᠠᠭᠳᠠᠵᠤ ᠪᠤᠢ ᠬᠡᠵᠦ ᠲᠤᠳᠤᠷᠬᠠᠶᠢᠯᠠᠪᠠ᠃ ᠣᠳᠣᠬᠠᠨ ᠳᠤ ᠪᠥᠬᠦ ᠤᠯᠤᠰ ᠲᠤ 6 ᠲᠦᠮᠡᠨ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠨ᠎ᠠ᠂ ᠡᠳᠡᠭᠡᠷ ᠬᠡᠦᠬᠡᠳ ᠤᠨ ᠬᠦᠮᠦᠨ ᠪᠦᠷᠢ ᠶᠢᠨ ᠰᠠᠷ᠎ᠠ ᠶᠢᠨ ᠳᠤᠮᠳᠠᠴᠢ ᠪᠠᠲᠤᠯᠠᠭ᠎ᠠ ᠶᠢᠨ ᠪᠠᠷᠢᠮᠵᠢᠶ᠎ᠠ ᠨᠢ 1611.3 ᠲᠥᠭᠦᠷᠢᠭ ᠪᠣᠯᠤᠨ᠎ᠠ︔ ᠨᠡᠶᠢᠭᠡᠮ ᠳᠡᠭᠡᠷ᠎ᠡ ᠲᠠᠷᠬᠠᠨ ᠰᠠᠭᠤᠵᠤ ᠪᠠᠶᠢᠭ᠎ᠠ 13.4 ᠲᠦᠮᠡᠨ ᠥᠨᠥᠴᠢᠨ ᠬᠡᠦᠬᠡᠳ ᠤᠨ ᠬᠦᠮᠦᠨ ᠪᠦᠷᠢ ᠶᠢᠨ ᠰᠠᠷ᠎ᠠ ᠶᠢᠨ ᠳᠤᠮᠳᠠᠴᠢ ᠪᠠᠲᠤᠯᠠᠭ᠎ᠠ ᠶᠢᠨ ᠪᠠᠷᠢᠮᠵᠢᠶ᠎ᠠ ᠨᠢ 1184.3 ᠲᠥᠭᠦᠷᠢᠭ ᠪᠣᠯᠤᠨ᠎ᠠ︔ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ 25.3 ᠲᠦᠮᠡᠨ ᠬᠡᠦᠬᠡᠳ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠪᠠᠲᠤᠯᠠᠭ᠎ᠠ ᠶᠢᠨ ᠪᠠᠷᠢᠮᠵᠢᠶ᠎ᠠ ᠶᠢ ᠡᠯ᠎ᠡ ᠭᠠᠵᠠᠷ ᠤᠨ ᠬᠢᠨ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠲᠠᠢ ᠬᠠᠷᠢᠯᠴᠠᠨ ᠵᠣᠯᠭᠠᠯᠴᠠᠭᠤᠯᠬᠤ ᠵᠠᠷᠴᠢᠮ ᠢᠶᠠᠷ ᠲᠣᠭᠲᠠᠭᠠᠨ᠎ᠠ ᠭᠡᠵᠦ ᠠᠷᠠᠳ ᠤᠨ ᠶᠠᠪᠤᠳᠠᠯ ᠤᠨ ᠶᠠᠮᠤᠨ ᠤ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠹᠧᠩ ᠶᠠ ᠫᠢᠩ ᠬᠡᠯᠡᠪᠡ᠃ ︽ᠪᠠᠷᠢᠮᠵᠢᠶ᠎ᠠ︾ ᠶᠢ ᠦᠨᠳᠦᠰᠦᠯᠡᠪᠡᠯ᠂ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠪᠠᠰᠠ ᠠᠰᠠᠷᠠᠮᠵᠢ ᠶᠢᠨ ᠨᠥᠬᠦᠪᠥᠷᠢ ᠬᠦᠷᠳᠡᠭᠡᠬᠦ ᠪᠣᠯᠤᠨ᠎ᠠ᠃ ᠵᠠᠰᠠᠭ ᠤᠨ ᠣᠷᠳᠣᠨ ᠠᠴᠠ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠲᠤ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠮᠦᠡᠭᠭᠦ ᠦᠭᠭᠦᠨ᠎ᠡ︔ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠴᠢᠳᠠᠬᠤ ᠦᠭᠡᠢ ᠭᠡᠵᠦ ᠮᠠᠭᠠᠳᠯᠠᠨ ᠲᠣᠭᠲᠠᠭᠠᠭᠰᠠᠨ ᠠᠮᠢᠳᠤᠷᠠᠯ ᠨᠢ ᠬᠦᠴᠢᠷᠳᠡᠯᠲᠡᠶ ᠨᠠᠰᠤᠲᠠᠶᠢᠴᠤᠳ ᠲᠤ ᠰᠤᠪᠢᠯᠠᠯᠲᠠ ᠶᠢᠨ ᠨᠥᠬᠦᠪᠥᠷᠢ ᠮᠦᠡᠭᠭᠦ ᠦᠭᠭᠦᠨ᠎ᠡ︔ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ ᠨᠦᠬᠦᠪᠦᠷᠢ ᠮᠦᠡᠭᠭᠦ ᠦᠭᠭᠦᠨ᠎ᠡ᠃ ︽ᠦᠨᠡᠯᠡᠨ ᠵᠢᠱᠢᠬᠦ ᠠᠷᠭ᠎ᠠ ᠪᠠ ᠨᠥᠬᠦᠪᠥᠷᠢ ᠶᠢᠨ ᠪᠣᠳᠠᠲᠠᠢ ᠪᠠᠷᠢᠮᠵᠢᠶ᠎ᠠ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾᠃ ᠹᠧᠩ ᠶᠠ ᠫᠢᠩ ᠲᠠᠨᠢᠯᠴᠠᠭᠤᠯᠬᠤ ᠳᠠᠭᠠᠨ᠄ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠪᠥᠬᠦ ᠤᠯᠤᠰ ᠲᠤ ᠨᠡᠶᠢᠲᠡ 3000 ᠭᠠᠷᠤᠶ ᠲᠦᠮᠡᠨ ᠨᠠᠰᠤᠲᠠᠶᠢᠴᠤᠳ ᠠᠰᠠᠷᠠᠮᠵᠢ ᠶᠢᠨ ᠨᠥᠬᠦᠪᠥᠷᠢ ᠮᠥᠩᠭᠦ ᠭᠥᠷᠳᠡᠵᠦ᠂ ᠬᠡᠰᠡᠭ ᠨᠠᠰᠤᠲᠠᠶᠢᠴᠤᠳ ᠤᠨ ᠪᠣᠳᠠᠲᠠᠶ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠪᠠᠷ ᠨᠠᠮᠳᠠᠭᠤᠯᠪᠠ᠃ ᠲᠠᠷᠠᠭᠠᠴᠢ ᠶᠢᠨ ᠠᠯᠬᠤᠮ ᠳᠤ ᠠᠷᠠᠳ ᠤᠨ ᠶᠠᠪᠤᠳᠠᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠠᠵᠢᠯ ᠢ ᠨᠢᠭᠡᠳᠦᠯᠲᠡᠶ ᠥᠷᠨᠢᠭᠦᠯᠵᠦ᠂ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠂ ᠨᠥᠬᠦᠴᠡᠯ ᠲᠠᠢ ᠭᠠᠵᠠᠷ ᠣᠷᠣᠨ ᠤ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠬᠦ ᠶᠢ ᠵᠣᠷᠢᠭᠵᠢᠭᠤᠯᠬᠤ ᠶᠢᠨ ᠬᠠᠮᠲᠤ ᠡᠨᠡ ᠵᠢᠯ ᠤᠨ ᠡᠴᠦᠰ ᠠᠴᠠ ᠡᠮᠦᠨ᠎ᠡ ᠪᠣᠶ ᠪᠥᠬᠦᠶ ᠭᠠᠵᠠᠷ ᠣᠷᠣᠨ ᠳᠤ ᠴᠥᠮ ᠲᠥᠷᠥᠯ ᠰᠠᠳᠤᠨ ᠨᠠᠶᠢᠵᠠ ᠨᠥᠬᠦᠳ ᠨᠢ ᠣᠷᠣᠯᠠᠨ ᠬᠦᠢᠴᠡᠳᠭᠡᠬᠦ ᠪᠠ ᠰᠦᠯᠵᠢᠶᠡᠨ ᠭᠠᠳᠠᠨ᠎ᠠ ᠬᠦᠢᠴᠡᠳᠭᠡᠬᠦ ᠶᠢ ᠨᠡᠪᠲᠡᠷᠡᠭᠦᠯᠬᠦ ᠪᠠᠷ ᠴᠢᠷᠮᠠᠶᠢᠵᠤ᠂ ᠣᠶᠤᠨᠴᠢᠯᠠᠭᠰᠠᠨ ᠮᠡᠷᠭᠡᠵᠢᠯ ᠤᠨ ᠬᠡᠷᠡᠭᠯᠡᠯᠲᠡ ᠠᠴᠠ ᠪᠣᠯᠵᠣ ᠨᠠᠰᠤᠲᠠᠶᠢᠴᠤᠳ ᠲᠤ ᠨᠥᠬᠦᠪᠥᠷᠢ ᠭᠤᠶᠤᠴᠢᠯᠠᠨ ᠠᠪᠬᠤ ᠳᠤ ᠲᠤᠯᠭᠠᠷᠠᠭᠰᠠᠨ ᠬᠦᠴᠢᠷᠳᠡᠯ ᠢ ᠰᠢᠢᠳᠪᠦᠷᠢᠯᠡᠨ᠎ᠡ ᠬᠡᠵᠦ ᠬᠡᠯᠡᠪᠡ᠃
       
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号