ᠭᠠᠵᠠᠷ ᠰᠢᠷᠣᠢ ᠶᠢ ᠳᠤᠷ᠎ᠠ ᠪᠠᠷ ᠠᠰᠢᠭᠯᠠᠪᠠᠯ 200 ᠲᠦᠮᠡᠨ ᠲᠥᠭᠦᠷᠢᠭ ᠢᠶᠠᠷ ᠲᠣᠷᠭᠠᠵᠤ ᠮᠡᠳᠡᠨ᠎ᠡ
ᠨᠡᠶᠢᠲᠡᠯᠡᠭᠰᠡᠨ ᠴᠠᠭ᠄
2021/5/10
  ᠭᠠᠵᠠᠷ ᠰᠢᠷᠣᠢ ᠶᠢ ᠳᠤᠷ᠎ᠠ ᠪᠠᠷ ᠠᠰᠢᠭᠯᠠᠪᠠᠯ 200 ᠲᠦᠮᠡᠨ ᠲᠥᠭᠦᠷᠢᠭ ᠢᠶᠠᠷ ᠲᠣᠷᠭᠠᠵᠤ ᠮᠡᠳᠡᠨ᠎ᠡ ᠰᠢᠨ᠎ᠡ ᠵᠢᠯ ᠤᠨ ᠡᠬᠢᠨ ᠳᠤ᠂ ᠥᠪᠥᠷ ᠮᠣᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠳᠦᠷᠢᠮ ᠲᠤᠬᠳᠠᠭᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠲᠣᠭᠲᠠᠪᠤᠷᠢᠲᠠᠢ ᠠᠰᠢᠭᠯᠠᠬᠤ ᠶᠢ ᠠᠬᠢᠭᠤᠯᠬᠤ ᠪᠠᠷ ᠪᠠᠶᠢᠨ᠎ᠠ᠃ ᠲᠠᠨᠢᠯᠴᠠᠭᠤᠯᠤᠭᠰᠠᠨ ᠢᠶᠠᠷ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠳᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠦᠷ ᠬᠥᠷᠥᠰᠥ ᠰᠢᠷᠣᠶ ᠶᠢ ᠬᠠᠮᠠᠭᠠᠯᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠬᠦ ᠡᠭᠦᠷᠭᠡ ᠲᠠᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢ ᠠᠬᠤᠶ ᠶᠢᠨ ᠣᠷᠴᠢᠨ ᠨᠦᠬᠦᠴᠡᠯ ᠢ ᠬᠠᠮᠠᠭᠠᠯᠠᠬᠤ ᠬᠠᠷᠢᠭᠤᠴᠠᠯᠭ᠎ᠠ ᠶᠢᠨ ᠲᠤᠬᠠᠢ ᠲᠤᠳᠤᠷᠬᠠᠢ ᠳᠦᠷᠢᠮ ᠲᠣᠭᠲᠠᠭᠠᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠢ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠤᠷ ᠲᠦᠪᠰᠢᠨ ᠠᠰᠢᠭᠯᠠᠬᠤ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠳᠠᠬᠢ ᠰᠡᠷᠭᠦᠭᠡᠬᠦ ᠴᠢᠬᠤᠯᠠᠲᠠᠶ ᠭᠠᠵᠠᠷ ᠲᠤ᠂ ᠬᠥᠷᠥᠰᠥ ᠰᠢᠷᠣᠶ ᠶᠢᠨ ᠪᠣᠬᠢᠷᠲᠤᠯ ᠢ ᠵᠠᠰᠠᠨ ᠰᠡᠷᠭᠦᠭᠡᠬᠦ ᠲᠤᠰᠬᠠᠢ ᠬᠠᠷᠢᠭᠤᠴᠠᠯᠭᠠᠲᠠᠨ ᠤ ᠲᠥᠰᠦᠯ ᠢ ᠲᠣᠭᠲᠠᠭᠠᠵᠤ ᠬᠡᠷᠡᠭᠵᠢᠭᠦᠯᠬᠦ ᠬᠡᠷᠡᠭᠲᠡᠶ ᠭᠡᠵᠦ ᠥᠪᠥᠷ ᠮᠣᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ ᠱᠠᠭᠠᠷᠳᠠᠭᠰᠠᠨ ᠪᠠᠶᠢᠨ᠎ᠠ᠂ ᠡᠭᠦᠨ ᠳᠤ ᠭᠤᠤᠯᠳᠠᠭᠤ ᠵᠠᠰᠠᠨ ᠰᠡᠷᠭᠦᠭᠡᠬᠦ ᠬᠡᠪᠴᠢᠶ᠎ᠡ᠂ ᠭᠦᠢᠴᠡᠳᠬᠡᠬᠦ ᠨᠣᠷᠮ᠎ᠠ᠂ ᠵᠠᠰᠠᠨ ᠰᠡᠷᠭᠦᠭᠡᠬᠦ ᠠᠷᠭ᠎ᠠ ᠮᠠᠶ᠋ᠢᠭ᠂ ᠪᠠᠷᠢᠯᠭ᠎ᠠ ᠶᠢᠨ ᠲᠥᠰᠦᠯ ᠪᠠ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠪᠠᠭᠲᠠᠨ᠎ᠠ᠃ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠭᠰᠡᠨ ᠥᠬᠡᠶ ᠠᠭᠤᠷᠬᠠᠶ ᠶᠢᠨ ᠠᠵᠤ ᠠᠬᠤᠶᠢᠯᠠᠯ ᠵᠢᠴᠢ ᠲᠣᠰᠣ ᠪᠠ ᠬᠡᠶ ᠳᠠᠮᠵᠢᠭᠤᠯᠬᠤ ᠬᠤᠭᠤᠯᠠᠶ ᠱᠤᠭᠤᠮ᠂ ᠪᠣᠬᠢᠷ ᠤᠰᠤᠨ ᠤ ᠬᠤᠭᠤᠯᠠᠶ ᠶᠢᠨ ᠲᠦᠬᠦᠭᠡᠷᠤᠮᠵᠢ᠂ ᠲᠣᠰᠣ ᠬᠠᠳᠠᠭᠠᠯᠠᠬᠤ ᠰᠠᠪᠠ᠂ ᠲᠣᠰᠣ ᠨᠡᠮᠡᠬᠦ ᠥᠷᠲᠡᠭᠡ ᠶᠢᠨ ᠥᠮᠴᠢᠯᠡᠭᠴᠢ ᠪᠤᠶᠤ ᠡᠵᠡᠩᠨᠡᠭᠴᠢ ᠶᠢ ᠠᠮᠢ ᠠᠬᠤᠶ ᠶᠢᠨ ᠣᠷᠴᠢᠨ ᠨᠦᠬᠦᠴᠡᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠪᠠᠶᠢᠵᠤ ᠵᠣᠬᠢᠰ ᠦᠭᠡᠢ ᠠᠵᠢᠯᠯᠠᠭ᠎ᠠ ᠶᠢ ᠨᠢ ᠵᠠᠯᠠᠷᠠᠭᠤᠯᠬᠤ ᠬᠡᠷᠡᠭᠲᠡᠢ ᠪᠥᠭᠡᠳ ᠬᠠᠮᠢᠶᠠᠲᠠᠢ ᠬᠥᠮᠥᠰ ᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠬᠤ ᠰᠢᠢᠳᠬᠡᠯ ᠣᠯᠭᠤᠨ᠎ᠠ︔ ᠬᠦᠨᠳᠦ ᠨᠣᠴᠢᠲᠠᠶ ᠤᠷᠰᠢᠭ ᠲᠠᠳᠠᠬᠰᠠᠨ ᠪᠠᠶᠢᠪᠠᠯ᠂ 20 ᠲᠦᠮᠡᠨ ᠲᠥᠭᠦᠷᠢᠭ ᠠᠴᠠ ᠳᠡᠭᠡᠭᠰᠢ 200 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠰᠢᠢᠳᠬᠡᠯ ᠣᠯᠭᠤᠨ᠎ᠠ︔ ᠬᠡᠷᠪᠡ ᠵᠠᠯᠠᠷᠠᠭᠤᠯᠬᠤ ᠶᠢ ᠲᠠᠲᠠᠭᠠᠯᠵᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠦᠯᠦᠨ ᠵᠠᠰᠠᠭᠤᠯᠤᠨ᠎ᠠ ᠭᠡᠵᠤ ᠦᠪᠤᠷ ᠮᠤᠩᠭᠤᠯ ᠤᠨ ᠬᠠᠮᠢᠶ᠎ᠠ ᠪᠦᠬᠦᠢ ᠪᠠᠶᠢᠭᠤᠯᠭ᠎ᠠ ᠠᠴᠠ ᠲᠣᠳᠣᠷᠬᠠᠶ ᠲᠣᠭᠲᠠᠭᠠᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠢᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ ᠬᠢᠨᠠᠯᠲᠠ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠬᠦ ᠪᠣᠯᠤᠨ᠎ᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号