ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ | ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠳᠤ ᠪᠡᠶᠠᠷ ᠤᠨ ᠵᠠᠬᠢᠳᠠᠯ ᠢᠯᠡᠭᠡᠪᠠ | | ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 6 ᠤ ᠴᠠᠬᠢᠯᠭᠠᠨ ᠮᠡᠳᠡᠭᠡ 5 ᠰᠠᠷ᠎ᠠ ᠶᠢᠨ 6 ᠤ ᠡᠳᠦᠷ᠂ | ᠤᠯᠤᠰ ᠤᠨ ᠲᠡᠷᠢᠬᠦᠯᠡᠭᠴᠢ ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ | ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠳᠤ ᠪᠡᠶᠠᠷ ᠤᠨ ᠵᠠᠬᠢᠳᠠᠯ ᠢᠯᠡᠭᠡᠪᠡ᠃ ᠰᠢ ᠶᠢᠨ ᠫᠢᠩ᠂ | ᠳᠤᠮᠳᠠᠳᠤ ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠢ ᠡᠷᠬᠢᠯᠡᠵᠦ᠂ | ᠲᠠᠯᠠᠬᠡᠢ ᠳ᠋ᠠᠬᠢᠨ ᠳᠤ ᠭᠡᠷᠡᠭᠯᠡᠭᠡᠨ ᠤ ᠰᠤᠳᠤᠨ ᠪᠦᠳᠦᠭᠡᠭᠳᠡᠬᠦᠨ ᠤ ᠦᠵᠡᠬᠦᠯᠭᠡ ᠶᠢᠨ ᠲᠠᠪᠴᠠᠩ ᠬᠠᠩᠭᠠᠵᠦ ᠪᠠᠶᠢᠭ᠎ᠠ ᠨᠢ | ᠳᠡᠯᠡᠭᠡᠢ ᠶᠢᠨ ᠡᠯ᠎ᠠ ᠤᠯᠤᠰ ᠤᠨ ᠬᠢᠨ ᠤ ᠳᠤᠮᠳᠠᠳᠤ ᠤᠯᠤᠰ ᠤᠨ ᠵᠠᠬ᠎ᠠ ᠳᠡᠯᠭᠡᠬᠦᠷ ᠤᠨ ᠠᠵᠠ ᠲᠤᠬᠢᠶᠠᠯ ᠢ ᠬᠠᠮᠳᠤ ᠪᠠᠷ | ᠬᠤᠪᠢᠶᠠᠯᠴᠠᠬᠤ ᠳᠤ ᠠᠰᠢᠬᠳᠠᠢ᠂ ᠳᠡᠯᠡᠭᠡᠢ ᠶᠢᠨ ᠠᠵᠤ ᠠᠬᠤᠢ ᠶᠢᠨ ᠰᠡᠷᠬᠦᠯᠳᠠ ᠪᠠ ᠨᠡᠮᠡᠭᠳᠡᠯ ᠳᠤ ᠠᠰᠢᠬᠳᠠᠢ ᠪᠦᠭᠡᠳ ᠪᠠᠰᠠ | ᠳᠤᠮᠳᠠᠳᠤ ᠤᠯᠤᠰ ᠤᠨ ᠳᠡᠯᠡᠭᠡᠢ ᠳ᠋ᠠᠬᠢᠨ ᠳᠤ ᠨᠡᠩ ᠤᠯᠠᠨ ᠰᠢᠯᠢᠳᠡᠭ ᠭᠡᠷᠡᠭᠯᠡᠭᠡᠨ ᠤ ᠪᠦᠳᠦᠭᠡᠭᠳᠡᠬᠦᠨ ᠬᠠᠩᠭᠠᠬᠤ ᠳᠤ ᠴᠦ | ᠠᠰᠢᠬᠳᠠᠢ ᠶᠤᠮ᠃ ᠡᠯ᠎ᠠ ᠤᠯᠤᠰ ᠤᠨ ᠡᠷᠬᠢᠮ ᠵᠤᠴᠢᠳ ᠪᠤᠯᠤᠨ ᠡᠯ᠎ᠠ ᠡᠳᠡᠭᠡᠳ ᠤᠨ ᠬᠦᠮᠦᠰ ᠬᠦᠨᠵᠡᠭᠡᠢ ᠰᠤᠯᠢᠯᠴᠠᠭ᠎ᠠ | ᠬᠢᠵᠤ᠂ ᠬᠠᠮᠳᠤᠷᠠᠯᠴᠠᠭ᠎ᠠ ᠶᠢ ᠬᠠᠮᠳᠤ ᠪᠠᠷ ᠵᠦᠪᠳᠡᠯᠴᠡᠨ᠂ ᠡᠯ᠎ᠠ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ | ᠦᠢᠯᠡᠳᠴᠦ ᠦᠭᠬᠦ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠳᠤᠷᠠᠳᠠᠶ᠎ᠠ | ᠬᠠᠶᠢᠨᠠᠨ ᠤ ᠴᠢᠯᠦᠭᠡᠳᠦ ᠠᠷᠠᠯᠵᠢᠶᠠᠨ ᠤ ᠭᠠᠷᠠᠮ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠪᠤᠯᠤᠨ | ᠬᠠᠮᠤᠭ ᠤᠨ ᠦᠨᠳᠦᠷ ᠲᠦᠪᠰᠢᠨ ᠲᠠᠢ ᠨᠡᠭᠡᠭᠡᠯᠳᠠ ᠬᠢᠬᠦ ᠳᠤᠷᠰᠢᠯᠳᠠ ᠶᠢᠨ ᠲᠦᠷᠦ ᠶᠢᠨ ᠪᠤᠳᠤᠯᠭ᠎ᠠ ᠶᠢᠨ ᠲᠠᠪᠠᠭᠤᠯᠢᠭ ᠢ | ᠪᠠᠳᠠᠷᠠᠭᠤᠯᠵᠦ᠂ ᠬᠤᠶᠠᠷ ᠲᠠᠯ᠎ᠠ ᠶᠢᠨ᠂ ᠤᠯᠠᠨ ᠲᠠᠯ᠎ᠠ ᠶᠢᠨ ᠪᠠ ᠤᠷᠤᠨ ᠪᠦᠰᠡ ᠶᠢᠨ ᠬᠠᠮᠳᠤᠷᠠᠯᠴᠠᠭ᠎ᠠ ᠶᠢ | ᠬᠦᠨᠵᠡᠭᠡᠶᠢᠷᠡᠬᠦᠯᠦᠨ᠂ ᠡᠯ᠎ᠠ ᠲᠠᠯ᠎ᠠ ᠶᠢᠨ ᠬᠢᠨ ᠲᠠᠢ ᠬᠠᠮᠳᠤ ᠪᠠᠷ ᠬᠦᠮᠦᠨ ᠲᠦᠷᠦᠯᠬᠢᠳᠡᠨ ᠤ ᠨᠡᠩ ᠰᠠᠶᠢᠨ ᠰᠠᠶᠢᠬᠠᠨ | ᠢᠷᠡᠭᠡᠳᠦᠢ ᠶᠢ ᠭᠠᠷ ᠬᠤᠯᠪᠤᠨ ᠴᠤᠬᠴᠠᠯᠠᠨ᠎ᠠ ᠭᠡᠵᠦ ᠴᠢᠬᠤᠯᠠᠴᠢᠯᠠᠪᠠ᠃ ᠠᠩᠬᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠤᠯᠠᠨ ᠤᠯᠤᠰ ᠤᠨ ᠭᠡᠷᠡᠭᠯᠡᠭᠡᠨ ᠤ ᠪᠦᠳᠦᠭᠡᠭᠳᠡᠬᠦᠨ ᠤ ᠦᠵᠡᠰᠬᠦᠯᠡᠩ ᠤᠨ ᠴᠤᠬᠯᠠᠭᠠᠨ ᠲᠤᠰ ᠡᠳᠦᠷ ᠬᠠᠶᠢᠨᠠᠨ | ᠮᠤᠵᠢ ᠶᠢᠨ ᠬᠠᠶᠢᠺᠸᠦ ᠬᠤᠳᠠ ᠳᠤ ᠡᠬᠢᠯᠡᠪᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠤᠯᠤᠨ ᠬᠠᠶᠢᠨᠠᠨ ᠮᠤᠵᠢ ᠶᠢᠨ | ᠠᠷᠠᠳ ᠤᠨ ᠵᠠᠰᠠᠭ ᠤᠨ ᠤᠷᠳᠤᠨ ᠠᠴᠠ ᠬᠠᠮᠳᠤ ᠪᠠᠷ ᠡᠷᠬᠢᠯᠡᠵᠦ᠂ ᠦᠵᠡᠬᠦᠯᠭᠡ ᠶᠢᠨ ᠶᠡᠷᠦᠩᠭᠡᠢ ᠲᠠᠯᠠᠪᠠᠢ ᠨᠢ 8 ᠲᠦᠮᠡᠨ | ᠲᠡᠭᠰᠢ ᠲᠦᠷᠪᠡᠯᠵᠢᠨ ᠮᠧᠳ᠋ᠷ ᠲᠤ ᠬᠦᠷᠴᠦ᠂ 70 ᠰᠢᠬᠠᠮ ᠤᠯᠤᠰ ᠪᠠ ᠭᠠᠵᠠᠷ ᠤᠷᠤᠨ ᠠᠴᠠ ᠢᠷᠡᠭᠰᠡᠨ ᠤᠯᠤᠰ ᠤᠨ | ᠳᠤᠳᠤᠭᠠᠳᠦ ᠭᠠᠳᠠᠭᠠᠳᠦ ᠶᠢᠨ 1500 ᠰᠢᠬᠠᠮ ᠠᠵᠤ ᠠᠬᠤᠢᠢᠯᠠᠯ ᠤᠨ ᠬᠢᠨ ᠦᠵᠡᠬᠦᠯᠭᠡ ᠳᠤ ᠤᠷᠤᠯᠴᠠᠵᠠᠢ᠃ | |