ᠳᠥᠷᠦᠯ ᠵᠣᠶᠢᠯ ᠳᠤ ᠭᠠᠵᠠᠷ ᠰᠢᠷᠣᠢ ᠳᠠᠲᠠᠪᠣᠷᠢᠯᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/5/11
  ᠰᠢᠯᠣᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ     ᠳᠥᠷᠦᠯ ᠵᠣᠶᠢᠯ ᠳᠤ ᠭᠠᠵᠠᠷ ᠰᠢᠷᠣᠢ ᠳᠠᠲᠠᠪᠣᠷᠢᠯᠠᠬᠤ ᠠᠯᠪᠠᠨ ᠵᠠᠷᠯᠠᠯ      G 5511ᠡᠷᠢᠶᠡᠨ ᠠᠴᠠ ᠭᠤᠸᠠᠩᠵᠸᠣ ᠬᠦᠷᠬᠦ ᠬᠤᠷᠳᠣᠨ ᠤ ᠵᠠᠮ ᠤᠨ ᠵᠢᠨᠢᠩ ᠠᠴᠠ ᠠᠷᠣᠨ ᠬᠤᠰᠢᠭᠤ ᠬᠦᠷᠬᠦ ᠱᠣᠭᠤᠮ ᠤᠨ ᠠᠠ ᠶᠧ ᠠᠴᠠ ᠭᠥᠩᠵᠣ ᠶᠢᠨ ᠬᠠᠰᠢᠯᠭ᠎ᠠ ᠬᠦᠷᠬᠦ ᠪᠠᠷᠢᠯᠭ᠎ᠠ ᠶᠢᠨ ᠪᠥᠳᠦᠭᠡᠨ ᠪᠠᠶᠢᠭᠤᠯᠣᠯᠲᠠ ︵ᠳᠣᠷᠣᠭᠰᠢ ᠪᠠᠷᠢᠯᠭ᠎ᠠ ᠭᠡᠵᠤ ᠲᠣᠪᠴᠢᠯᠠᠨ᠎ᠠ︶ ᠶᠢᠨ ᠣᠷᠣᠭᠰᠢᠲᠠᠢ ᠬᠡᠷᠡᠭᠵᠢᠭᠦᠯᠦᠭᠳᠡᠬᠦ ᠶᠢ ᠪᠠᠳᠣᠯᠠᠵᠣ᠂ ᠣᠷᠣᠨ ᠨᠣᠳᠤᠭ ᠤᠨ ᠠᠵᠣ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠳᠣᠰᠠᠳᠠ᠂ ︽ᠪᠥᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠭᠠᠵᠠᠷ ᠰᠢᠷᠣᠢ ᠶᠢᠨ ᠬᠠᠮᠢᠶᠠᠷᠣᠯᠳᠠ ᠶᠢᠨ ᠬᠠᠣᠯᠢ︾ ᠵᠡᠷᠭᠡ ᠬᠠᠮᠢᠶ᠎ᠠ ᠪᠥᠬᠦᠢ ᠲᠥᠷᠢᠮ ᠳᠣᠭᠳᠠᠭᠠᠯ ᠢ ᠦᠡᠳᠣᠰᠦᠯᠠᠨ᠂ ᠡᠳᠦᠭᠡ ᠪᠠᠷᠢᠯᠭ᠎ᠠ ᠶᠢᠨ ᠬᠡᠪᠴᠢᠶᠡᠨ ᠳᠠᠬᠢ ᠭᠠᠵᠠᠷ ᠰᠢᠷᠣᠢ᠂ ᠭᠠᠵᠠᠷ ᠳᠡᠭᠡᠷᠡᠬᠢ ᠳᠠᠭᠠᠯᠲᠠ ᠪᠣᠳᠠᠰ ᠢ ᠳᠠᠲᠠᠪᠣᠷᠢᠯᠠᠬᠤ ᠬᠠᠮᠢᠶ᠎ᠠ ᠪᠥᠬᠦᠢ ᠣᠴᠢᠷ ᠢ ᠮᠡᠳᠡᠭᠳᠡᠶ᠎ᠡ᠄       ᠨᠢᠭᠡ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠦᠨ ᠴᠦᠮ ᠲᠣᠰ ᠵᠠᠷᠯᠠᠯ ᠢ ᠵᠢᠷᠣᠮᠯᠠᠬᠤ ᠬᠡᠷᠡᠭᠲᠡᠢ᠃       ᠬᠤᠶᠠᠷ᠂ ᠪᠠᠷᠢᠯᠭ᠎ᠠ ᠶᠢᠨ ᠬᠡᠪᠴᠢᠶᠡᠨ ᠳᠤ ᠰᠢᠩ ᠶᠣᠣ ᠪᠠᠯᠭᠠᠰᠣᠨ ᠤ ᠱᠣᠸᠠᠩ ᠱᠠᠨ ᠳᠣᠰᠬᠤᠨ᠂ ᠷᠦᠡᠭ ᠶᠣᠣ ᠳᠣᠰᠬᠤᠨ᠂ ᠯᠦᠡᠭ ᠸᠠᠩ ᠮᠢᠶᠣᠣ ᠳᠣᠰᠬᠤᠨ᠂ ᠰᠢᠡ ᠾᠧ ᠳᠣᠰᠬᠤᠨ  ᠂ ᠮᠢᠩᠭᠠᠳᠣ ᠪᠠᠯᠭᠠᠰᠣᠨ ᠤ ᠬᠥᠬᠡᠲᠤᠯᠣᠭᠠᠢ ᠭᠠᠴᠠᠭ᠎ᠠ᠂ ᠨᠠᠷᠠᠳᠣ ᠭᠠᠴᠠᠭ᠎ᠠ᠂ ᠠᠭᠤᠶᠢᠲᠦ ᠭᠠᠴᠠᠭ᠎ᠠ  ᠂  ᠪᠣᠯᠭᠠᠨᠳᠣᠬᠤᠢ ᠰᠣᠮᠣᠨ ᠤ ᠬᠤᠷᠴᠢᠨ ᠣᠪᠣᠭ᠎ᠠ ᠭᠠᠴᠠᠭ᠎ᠠ᠂ ᠳᠡᠷᠡᠰᠦᠲᠠᠢ ᠶᠢᠨ ᠭᠤᠣᠯ ᠭᠠᠴᠠᠭ᠎ᠠ᠂  ᠪᠣᠯᠭᠠᠨᠳᠣᠬᠤᠢ ᠭᠠᠴᠠᠭ᠎ᠠ᠂ ᠰᠡᠬᠦᠵᠢ ᠶᠢᠨ ᠪᠤᠯᠠᠭ ᠭᠠᠴᠠᠭ᠎ᠠ᠂ ᠬᠤᠯᠪᠣᠭ᠎ᠠ ᠶᠢᠨ ᠭᠤᠣᠯ ᠭᠠᠴᠠᠭ᠎ᠠ ᠵᠡᠷᠭᠡ 3 ᠰᠣᠮᠣ ᠪᠠᠯᠭᠠᠰᠣᠨ ᠤ 12 ᠭᠠᠴᠠᠭ᠎ᠠ ᠲᠣᠰᠬᠤᠨ ᠬᠤᠯᠪᠣᠭᠳᠠᠵᠣ᠂  ᠪᠣᠳᠠᠲᠠᠢ ᠬᠡᠪᠴᠢᠶ᠎ᠡ ᠶᠢ ᠵᠠᠮ ᠵᠠᠰᠠᠬᠤ ᠵᠢᠷᠤᠭ ᠳᠥᠯᠥᠪᠯᠡᠭᠡ ᠵᠢᠴᠢ ᠭᠠᠵᠠᠷ ᠰᠢᠷᠤᠢ ᠶᠢᠨ ᠬᠠᠶᠢᠨ ᠬᠡᠮᠵᠢᠯᠲᠡ ᠶᠢᠨ ᠵᠠᠭᠠᠭ ᠳᠣᠭᠳᠠᠭᠠᠯᠳᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠢ᠃        ᠭᠤᠷᠪᠠ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠭᠠᠵᠠᠷ ᠰᠢᠷᠣᠢ᠂ ᠭᠠᠵᠠᠷ ᠳᠡᠭᠡᠷᠡᠬᠢ ᠪᠣᠳᠠᠰ ᠢ ᠳᠠᠲᠠᠪᠣᠷᠢᠯᠠᠬᠤ ᠳᠠᠭᠠᠨ ᠬᠠᠣᠯᠢ ᠶᠣᠰᠣᠭᠠᠷ ᠳᠦᠯᠦᠪᠦᠷᠢ ᠦᠭᠴᠦ ᠳᠥᠪᠬᠢᠨᠡᠭᠦᠯᠡᠨ᠎ᠡ᠃        ᠳᠦᠷᠪᠠ᠂ ᠲᠣᠰ ᠠᠯᠪᠠᠨ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ᠂ ᠪᠠᠷᠢᠯᠭ᠎ᠠ ᠶᠢᠨ ᠬᠡᠪᠴᠢᠶᠡᠨ ᠳᠣᠲᠣᠷ᠎ᠠ ᠶᠠᠮᠠᠷᠪᠠ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠦᠨ ᠡᠭᠦᠷᠢᠲᠡ ᠶᠢᠨ ᠴᠢᠨᠠᠷᠲᠠᠢ ᠪᠣᠶᠣ ᠲᠦᠷ ᠴᠠᠭ ᠤᠨ ᠴᠢᠨᠠᠷᠲᠠᠢ ᠪᠠᠷᠢᠯᠭ᠎ᠠ ᠶᠢ ᠰᠢᠨ᠎ᠡ ᠪᠠᠷ ᠪᠣᠶᠣ ᠦᠷᠭᠡᠳᠭᠡᠨ ᠪᠠᠶᠢᠭᠤᠯᠵᠤ ᠪᠣᠯᠬᠤ ᠦᠭᠡᠢ᠃ ᠲᠣᠮᠣ ᠫᠸᠡᠭ ᠰᠠᠷᠠᠪᠴᠢ ᠰᠢᠨ᠎ᠡ ᠪᠠᠷ ᠪᠠᠶᠢᠭᠤᠯᠵᠣ ᠪᠣᠯᠬᠤ ᠦᠭᠡᠢ᠃ ᠮᠣᠳᠣ ᠵᠢᠴᠢ ᠪᠣᠰᠣᠳ ᠠᠵᠣ ᠠᠬᠤᠢ ᠶᠢᠨ ᠲᠠᠷᠢᠮᠠᠯ ᠲᠠᠷᠢᠵᠣ ᠪᠣᠯᠬᠤ ᠦᠭᠡᠢ᠃ ᠳᠣᠭᠳᠠᠭᠠᠯ ᠠᠴᠠ ᠵᠥᠷᠢᠴᠡᠨ ᠳᠠᠲᠠᠪᠣᠷᠢᠯᠠᠬᠤ ᠬᠡᠪᠴᠢᠶᠡᠨ ᠳᠣᠲᠣᠷ᠎ᠠ ᠵᠠᠪᠳᠣᠨ ᠳᠠᠷᠢᠵᠤ ᠵᠠᠪᠳᠣᠨ ᠪᠠᠶᠢᠭᠤᠯᠣᠭᠰᠠᠨ ᠪᠣᠯ ᠳᠥᠯᠥᠪᠥᠷᠢ ᠥᠭᠬᠦ ᠦᠭᠡᠢ᠃        ᠳᠠᠪᠤ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠨᠣᠳᠤᠭ ᠪᠡᠯᠴᠢᠭᠡᠷ᠂ ᠭᠡᠷ ᠪᠠᠶᠢᠰᠢᠩ ᠵᠢᠴᠢ ᠪᠣᠰᠣᠳ ᠳᠥᠬᠦᠭᠡᠷᠥᠮᠵᠢ ᠶᠢ ᠳᠦᠷᠢᠶᠡᠰᠦᠯᠡᠭᠦᠯᠦᠭᠰᠡᠨ᠂ ᠰᠢᠯᠵᠢᠭᠦᠯᠦᠨ ᠦᠭᠭᠦᠭᠰᠡᠨ᠂ ᠪᠠᠷᠢᠴᠠᠭᠠᠯᠠᠭᠰᠠᠨ ᠵᠡᠷᠭᠡ ᠣᠴᠢᠷ ᠶᠠᠪᠣᠳᠠᠯ ᠲᠠᠢ ᠪᠣᠯ ᠡᠯ᠎ᠡ ᠳᠠᠯ᠎ᠡ ᠶᠢᠨ ᠬᠢᠨ ᠥᠪᠡᠷᠳᠡᠭᠡᠨ ᠰᠢᠢᠳᠪᠥᠷᠢᠯᠡᠬᠦ ᠬᠡᠷᠡᠭᠳᠡᠢ᠃       ᠵᠢᠷᠭᠤᠭ᠎ᠠ᠂ ᠲᠣᠰ ᠠᠯᠪᠠᠨ ᠵᠠᠷᠯᠠᠯ ᠤᠨ ᠳᠣᠭᠳᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠠᠵᠢᠯ ᠢᠶᠠᠨ ᠬᠠᠣᠯᠢ ᠶᠣᠰᠣᠭᠠᠷ ᠭᠥᠢᠴᠡᠳᠭᠡᠬᠦ ᠶᠢ ᠲᠡᠪᠴᠢᠬᠦ᠂ ᠬᠤᠷᠢᠬᠯᠠᠬᠤ᠂ ᠬᠠᠷᠰᠢᠯᠠᠭᠰᠠᠨ ᠪᠠᠶᠢᠪᠠᠯ᠂ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠮᠣᠷ ᠢ ᠬᠠᠮᠠᠭᠠᠯᠠᠬᠤ ᠬᠠᠮᠢᠶᠠᠷᠣᠯᠳᠠ ᠶᠢᠨ ᠰᠢᠳᠭᠡᠯ ᠤᠨ ᠬᠠᠣᠯᠢ︾ ᠵᠡᠷᠭᠡ ᠬᠤᠯᠪᠣᠭᠳᠠᠯ ᠪᠥᠬᠦᠢ ᠳᠣᠭᠳᠠᠭᠠᠯ ᠶᠣᠰᠣᠭᠠᠷ ᠰᠢᠢᠳᠪᠥᠷᠢᠯᠡᠨ᠎ᠡ᠃ ᠣᠶᠢᠯᠡ ᠶᠠᠪᠣᠳᠠᠯ ᠨᠢ ᠬᠥᠡᠳᠣ ᠨᠣᠴᠢᠲᠠᠢ ᠶᠠᠯ᠎ᠠ ᠳᠤ ᠬᠦᠷᠦᠭᠰᠡᠨ ᠪᠣᠯ ᠬᠠᠣᠯᠢ ᠴᠠᠭᠠᠵᠠ ᠶᠢᠨ ᠪᠠᠶᠢᠭᠤᠯᠭ᠎ᠠ ᠳᠤ ᠳᠣᠰᠢᠶᠠᠵᠣ᠂ ᠡᠷᠡᠭᠦᠥ ᠶᠢᠨ ᠬᠠᠷᠢᠴᠠᠭᠤᠯᠭ᠎ᠠ ᠨᠡᠬᠡᠮᠵᠢᠯᠡᠨ᠎ᠡ᠃       ᠳᠣᠯᠤᠭ᠎ᠠ᠂ ᠲᠣᠰ ᠠᠯᠪᠠᠨ ᠵᠠᠷᠯᠠᠯ ᠢ ᠬᠤᠰᠢᠭᠤ ᠵᠠᠮ ᠬᠠᠷᠢᠯᠴᠠᠭ᠎ᠠ ᠳᠡᠭᠡᠭᠡᠪᠥᠷᠢ ᠶᠢᠨ ᠳᠣᠪᠴᠢᠶ᠎ᠡ ᠠᠴᠠ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠡ᠂ ᠣᠢ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶ᠎ᠡ᠂ ᠳᠣᠳᠣᠭᠠᠳᠣ ᠶᠢᠨ ᠬᠠᠮᠠᠭᠠᠯᠠᠬᠤ ᠳᠣᠪᠴᠢᠶ᠎ᠡ ᠪᠣᠯᠣᠨ ᠬᠠᠮᠢᠶ᠎ᠠ ᠪᠥᠬᠦᠢ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠳᠣᠷᠠᠨ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃        ᠨᠠᠢᠮᠠ᠂ ᠲᠣᠰ ᠠᠯᠪᠠᠨ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                            2021ᠣᠨ ᠤ 5 ᠰᠠᠷ᠎ᠠ 11ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号