ᠭᠤᠷᠪᠠᠨ ᠬᠡᠥᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠢᠷᠡᠯ᠎ᠡ
ᠨᠡᠶᠢᠲᠡᠯᠡᠭᠰᠡᠨ ᠴᠠᠭ᠄
2021/6/21
  ᠭᠤᠷᠪᠠᠨ ᠬᠡᠥᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠢᠷᠡᠯ᠎ᠡ      ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠲᠣᠭᠲᠠᠭᠠᠯ︾ ᠢ ᠬᠢᠨᠠᠨ ᠵᠥᠪᠯᠡᠪᠡ᠃ ᠬᠥᠮᠦᠨ ᠠᠮᠠ ᠶᠢᠨ ᠨᠠᠰᠤᠵᠢᠯ᠂ ᠦᠷᠡᠵᠢᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠵᠡᠷᠭᠡ ᠠᠰᠠᠭᠤᠳᠠᠯ ᠢ ᠢᠳᠡᠪᠬᠢᠲᠡᠶ ᠠᠷᠭᠠᠴᠠᠬᠤ ᠲᠤᠬᠠᠶ ᠬᠤᠷᠠᠯ ᠠᠴᠠ ᠴᠢᠬᠤᠯᠠ ᠪᠠᠶᠢᠷᠢᠯᠠᠭᠤᠯᠤᠯᠲᠠ ᠬᠢᠵᠡᠶ᠃ ᠬᠤᠷᠠᠯ ᠠᠴᠠ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠷ᠎ᠡ ᠡᠮ᠎ᠡ ᠬᠤᠶᠠᠭᠤᠯᠠ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠰᠡᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠨᠢ ᠮᠠᠨ ᠤ ᠤᠯᠤᠰ ᠤᠨ ᠬᠥᠮᠦᠨ ᠠᠮᠠ ᠶᠢᠨ ᠪᠦᠲᠦᠴᠡ ᠶᠢ ᠰᠠᠶᠢᠵᠢᠷᠠᠭᠤᠯᠬᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠮᠠᠨ ᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠲᠥᠷᠥᠯᠬᠢ ᠳᠠᠪᠠᠭᠤᠯᠢᠭ ᠢ ᠪᠠᠲᠤᠯᠠᠬᠤ ᠳᠤ ᠠᠰᠢᠭᠲᠠᠶ ᠶᠤᠮ ᠭᠡᠵᠦ ᠵᠢᠭᠠᠵᠤ ᠭᠠᠷᠭᠠᠵᠠᠢ᠃    
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号