ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ | ︵ᠠᠷᠪᠡᠨ ᠬᠤᠶᠠᠳᠤᠭᠠᠷ ᠨᠤᠮᠧᠷᠲᠦ︶ | ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠳᠣᠤᠷ᠎ᠠ | ᠬᠠᠭᠠᠰ ᠵᠢᠯ ᠤᠨ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ | ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠷᠢᠯᠭ᠎ᠠ ᠶᠢ ᠲᠣᠬᠢᠷᠠᠭᠤᠯᠬᠤ | ︵ᠨᠢᠭᠡ︶ ᠪᠦᠬᠦᠯᠢ 18 ᠨᠠᠰᠤ ᠵᠢᠴᠢ ᠳᠡᠭᠡᠭᠰᠢᠬᠢ ᠬᠥᠮᠦᠰ ︵ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠨᠢ | ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠪᠦᠬᠦᠯᠢ 60 ᠨᠠᠰᠤ ᠵᠢᠴᠢ ᠳᠡᠭᠡᠭᠰᠢᠬᠢ ᠬᠥᠮᠦᠰ ᠪᠠᠭᠲᠠᠨ᠎ᠠ︶ | ᠨᠢ 8 ᠰᠠᠷᠡᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ ᠳᠠᠭᠤᠰᠬᠠᠵᠤ᠂ 9 | ᠰᠠᠷᠡᠶᠢᠨ ᠰᠡᠭᠦᠯᠴᠢ ᠠᠴᠠ ᠡᠮᠦᠨ᠎ᠡ ᠬᠤᠶᠠᠳᠤᠭᠠᠷ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ ᠳᠠᠭᠤᠰᠬᠠᠨ᠎ᠠ᠃ | ︵ᠬᠤᠶᠠᠷ︶ ᠪᠦᠬᠦᠯᠢ 18 ᠨᠠᠰᠤ ᠠᠴᠠ ᠪᠦᠬᠦᠯᠢ 59 ᠨᠠᠰᠤᠨ ᠤ ᠬᠥᠮᠦᠰ᠂ ᠸᠠᠺᠼᠢᠨ ᠤ ᠲᠠᠷᠢᠯᠭ᠎ᠠ ᠶᠢᠨ ᠭᠠᠵᠠᠷ᠄ | ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ᠂ ᠰᠢᠩ ᠶᠣᠣ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ᠂ ᠶᠡᠬᠡᠨᠠᠭᠤᠷ ᠰᠤᠮᠤᠨ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠃ ᠲᠠᠷᠢᠯᠭ᠎ᠠ ᠶᠢᠨ ᠴᠠᠭ᠄ 7 ᠰᠠᠷᠡᠶᠢᠨ 21 ᠤ | ᠡᠳᠦᠷ ᠠᠴᠠ ᠡᠬᠢᠯᠡᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠡᠳᠦᠷ | ᠪᠦᠷᠢ ᠶᠢᠨ ᠦᠳᠡ ᠶᠢᠨ ᠬᠤᠶᠢᠨᠠᠬᠢ 2᠄ 00 — 6᠄ 00᠂ ᠪᠤᠰᠤᠳ ᠲᠠᠷᠢᠯᠭ᠎ᠠ ᠶᠢᠨ ᠴᠡᠭ ᠨᠢ ᠡᠳᠦᠷ | ᠪᠦᠷᠢ ᠶᠢᠨ ᠦᠳᠡ ᠶᠢᠨ ᠡᠮᠦᠨᠡᠬᠢ 8᠄ 00 — 12᠄ 00᠂ ᠦᠳᠡ ᠶᠢᠨ ᠬᠤᠶᠢᠨᠠᠬᠢ 2᠄ 00 — 6᠄ | 00᠃ | ︵ᠭᠤᠷᠪᠠ︶ ᠪᠦᠬᠦᠯᠢ 15 ᠨᠠᠰᠤ ᠠᠴᠠ ᠪᠦᠬᠦᠯᠢ 17 ᠨᠠᠰᠤᠨ ᠤ ᠬᠥᠮᠦᠰ᠂ 7 ᠰᠠᠷᠡᠶᠢᠨ 22 ᠤᠨ ᠡᠳᠦᠷ ᠠᠴᠠ | ᠡᠬᠢᠯᠡᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ | ᠳᠠᠭᠤᠰᠬᠠᠵᠤ᠂ 8 ᠰᠠᠷᠡᠶᠢᠨ ᠰᠡᠭᠦᠯᠴᠢ ᠠᠴᠠ ᠡᠮᠦᠨ᠎ᠡ ᠬᠤᠶᠠᠳᠤᠭᠠᠷ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢ | ᠳᠠᠭᠤᠰᠬᠠᠨ᠎ᠠ᠃ ᠲᠠᠷᠢᠯᠭ᠎ᠠ ᠶᠢᠨ ᠭᠠᠵᠠᠷ᠄ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠣᠷᠳᠣᠨ᠃ | ︵ᠳᠥᠷᠪᠡ︶ ᠪᠦᠬᠦᠯᠢ 60 ᠨᠠᠰᠤ ᠵᠢᠴᠢ ᠳᠡᠭᠡᠭᠰᠢᠬᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠨᠢ ᠸᠠᠺᠼᠢᠨ ᠤ | ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠢ ᠡᠯ᠎ᠡ ᠰᠤᠮᠤ ᠪᠠᠯᠭᠠᠰᠤ ᠠᠴᠠ ᠬᠠᠷᠢᠭᠤᠴᠠᠨ ᠵᠣᠬᠢᠶᠠᠨ | ᠪᠠᠶᠢᠭᠤᠯᠬᠤ ᠶᠢᠨ ᠬᠠᠮᠲᠤ ᠸᠠᠺᠼᠢᠨ ᠤ ᠲᠠᠷᠢᠯᠭ᠎ᠠ ᠳᠠᠷᠢᠬᠤ ᠬᠥᠮᠦᠰ ᠢ ᠬᠠᠷᠢᠭᠤᠴᠠᠨ ᠬᠦᠷᠭᠡᠵᠦ ᠬᠤᠰᠢᠭᠤ | ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠲᠥᠪᠯᠡᠷᠡᠭᠦᠯᠦᠨ ᠲᠠᠷᠢᠯᠭ᠎ᠠ ᠲᠠᠷᠢᠨ᠎ᠠ᠃ | ᠲᠠᠷᠢᠯᠭ᠎ᠠ ᠶᠢᠨ ᠴᠠᠭ᠄ 7 ᠰᠠᠷᠡᠶᠢᠨ 22 ᠤᠨ ᠡᠳᠦᠷ ᠠᠴᠠ ᠡᠬᠢᠯᠡᠵᠦ᠂ ᠡᠳᠦᠷ ᠪᠦᠷᠢ ᠶᠢᠨ ᠦᠳᠡ ᠶᠢᠨ ᠡᠮᠦᠨᠡᠬᠢ 8 | ᠄ 00 — 12᠄ 00᠂ ᠦᠳᠡ ᠶᠢᠨ ᠬᠤᠶᠢᠨᠠᠬᠢ 2᠄ 00 — 6᠄ 00᠃ | ᠬᠤᠶᠠᠷ᠂ ᠠᠩᠬᠠᠷᠬᠤ ᠵᠦᠢᠯ | ︵ᠨᠢᠭᠡ︶ ᠪᠦᠬᠦᠯᠢ 60 ᠨᠠᠰᠤ ᠵᠢᠴᠢ ᠳᠡᠭᠡᠭᠰᠢᠬᠢ ᠬᠥᠮᠦᠰ ᠰᠠᠭᠤᠷᠢ ᠴᠢᠨᠠᠷᠲᠠᠶ ᠡᠪᠡᠳᠴᠢᠨ ᠨᠡᠯᠢᠶᠡᠳ ᠣᠯᠠᠨ | ᠪᠠᠶᠢᠪᠠᠯ᠂ ᠲᠠᠷᠢᠯᠭ᠎ᠠ ᠬᠢᠬᠦ ᠠᠴᠠ ᠪᠠᠨ ᠡᠮᠦᠨ᠎ᠡ ᠡᠷᠡᠭᠦᠯ ᠮᠡᠨᠳᠦ ᠶᠢᠨ ᠪᠠᠶᠢᠳᠠᠯ ᠢ ᠠᠰᠠᠭᠤᠨ ᠯᠠᠪᠯᠠᠬᠤ ᠪᠠ | ᠲᠠᠷᠢᠯᠭ᠎ᠠ ᠶᠢᠨ ᠴᠡᠭᠡᠷ ᠢ ᠬᠠᠷᠭᠤᠭᠤᠯᠤᠨ ᠪᠠᠶᠢᠴᠠᠭᠠᠬᠤ ᠶᠢ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠮᠠᠨ ᠤ | ᠬᠤᠰᠢᠭᠤᠨ ᠤ 4 ᠸᠠᠺᠼᠢᠨ ᠤ ᠲᠠᠷᠢᠯᠭ᠎ᠠ ᠶᠢᠨ ᠴᠡᠭ ᠲᠤ ᠴᠥᠮ ᠲᠠᠷᠢᠯᠭ᠎ᠠ ᠶᠢᠨ ᠯᠠᠪᠯᠠᠨ ᠠᠰᠠᠭᠤᠬᠤ ᠠᠵᠢᠯ ᠤᠨ | ᠲᠠᠪᠴᠠᠩ ᠭᠠᠷᠭᠠᠵᠤ᠂ ᠲᠠᠷᠢᠯᠭ᠎ᠠ ᠶᠢᠨ ᠠᠵᠢᠯᠲᠠᠨ ᠪᠦᠬᠦᠨ ᠲᠠᠷᠢᠯᠭ᠎ᠠ ᠬᠢᠬᠦ ᠠᠴᠠ ᠪᠠᠨ ᠡᠮᠦᠨ᠎ᠡ ᠴᠥᠮ ᠡᠷᠡᠭᠦᠯ | ᠮᠡᠨᠳᠦ ᠶᠢᠨ ᠲᠤᠬᠠᠶ ᠠᠰᠠᠭᠤᠨ ᠯᠠᠪᠯᠠᠵᠤ᠂ ᠲᠠᠷᠢᠯᠭ᠎ᠠ ᠶᠢᠨ ᠴᠡᠭᠡᠷ ᠢ ᠨᠠᠷᠢᠨ ᠨᠢᠮᠪᠠᠶ ᠠᠰᠠᠭᠤᠨ ᠬᠠᠷᠭᠤᠭᠤᠯᠵᠤ᠂ | ᠲᠠᠷᠢᠯᠭ᠎ᠠ ᠶᠢᠨ ᠨᠥᠬᠦᠴᠡᠯ ᠳᠤ ᠨᠡᠶᠢᠴᠡᠪᠡᠯ ᠰᠠᠶ᠋ᠢ ᠲᠠᠷᠢᠯᠭ᠎ᠠ ᠬᠢᠵᠦ ᠪᠣᠯᠤᠨ᠎ᠠ᠃ | ︵ᠬᠤᠶᠠᠷ︶ ᠪᠦᠬᠦᠯᠢ 15 ᠨᠠᠰᠤ ᠠᠴᠠ ᠪᠦᠬᠦᠯᠢ 17 ᠨᠠᠰᠤᠨ ᠤ ᠬᠥᠮᠦᠰ ᠲᠤ ᠲᠠᠷᠢᠯᠭ᠎ᠠ ᠬᠢᠬᠦ ᠳᠤ ᠬᠡᠷᠪᠡ | ᠲᠠᠷᠢᠯᠭ᠎ᠠ ᠶᠢᠨ ᠦᠨᠡᠮᠯᠡᠯ ᠲᠠᠢ ᠪᠣᠯ ᠲᠠᠷᠢᠯᠭ᠎ᠠ ᠶᠢᠨ ᠮᠡᠳᠡᠭᠡ ᠵᠠᠩᠭᠢ ᠪᠠᠨ ᠲᠠᠷᠢᠯᠭ᠎ᠠ ᠶᠢᠨ ᠦᠨᠡᠮᠯᠡᠯ ᠳᠡᠭᠡᠷ᠎ᠡ | ᠲᠡᠮᠳᠡᠭᠯᠡᠬᠦ ᠶᠢᠨ ᠬᠠᠮᠲᠤ᠂ ᠡᠭᠡᠯᠢᠯᠡᠭᠡ ᠶᠢᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠳᠣᠲᠣᠷᠠᠬᠢ | ᠮᠡᠳᠡᠭᠡ ᠵᠠᠩᠭᠢ ᠶᠢ ᠨᠡᠶᠢᠯᠡᠭᠦᠯᠦᠨ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠶ᠃ ᠬᠤᠰᠢᠭᠤᠨ ᠤ ᠳᠤᠲᠤᠷᠠᠬᠢ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ ᠳᠤ ᠸᠠᠺᠼᠢᠨ ᠤ ᠲᠠᠷᠢᠯᠭ᠎ᠠ ᠬᠢᠬᠦ ᠳᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠠᠴᠠ ᠨᠢᠭᠡᠳᠤᠯᠲᠠᠢ ᠵᠤᠬᠢᠶᠠᠨ ᠪᠠᠶᠢᠭᠤᠯᠵᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠣᠷᠳᠣᠨ ᠤ ᠲᠠᠷᠢᠯᠭ᠎ᠠ ᠶᠢᠨ ᠴᠡᠭ ᠲᠤ ᠬᠦᠷᠴᠦ ᠲᠥᠪᠯᠡᠷᠡᠭᠦᠯᠦᠨ ᠸᠠᠺᠼᠢᠨ ᠤ ᠲᠠᠷᠢᠯᠭ᠎ᠠ ᠬᠢᠬᠦ ᠬᠡᠷᠡᠭᠲᠡᠶ᠃ | ᠲᠠᠷᠢᠯᠭ᠎ᠠ ᠬᠢᠬᠦ ᠳᠤ ᠰᠤᠷᠭᠠᠭᠤᠯᠢ ᠶᠢᠨ ᠠᠵᠢᠯᠲᠠᠨ ᠪᠠ ᠰᠣᠷᠣᠭᠴᠢ ᠶᠢᠨ ᠬᠢᠨᠠᠨ ᠬᠠᠮᠠᠭᠠᠯᠠᠭᠴᠢ ᠠᠴᠠ ᠪᠠᠷ᠎ᠠ ᠪᠣᠯᠬᠤ | ᠬᠡᠷᠡᠭᠲᠡᠶ ᠪᠥᠭᠡᠳ ᠬᠢᠨᠠᠨ ᠬᠠᠮᠠᠭᠠᠯᠠᠭᠴᠢ ᠶᠢᠨ ᠭᠠᠷ ᠤᠨ ᠥᠰᠥᠭ ᠵᠢᠷᠤᠭᠰᠠᠨ ᠵᠥᠪᠰᠢᠶᠡᠷᠡᠯ ᠤᠨ ᠪᠢᠴᠢᠭ ᠢ ᠬᠠᠩᠭᠠᠬᠤ | ᠬᠡᠷᠡᠭᠲᠡᠶ᠃ ᠬᠤᠰᠢᠭᠤᠨ ᠠᠴᠠ ᠭᠠᠳᠠᠨᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ ᠶᠢ ᠬᠠᠷᠢᠶ᠎ᠠ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ᠂ ᠸᠠᠺᠼᠢᠨ ᠤ ᠲᠠᠷᠢᠯᠭ᠎ᠠ | ᠬᠢᠨ᠎ᠡ᠃ ᠡᠭᠦᠨ ᠳᠤ ᠬᠢᠨᠠᠨ ᠬᠠᠮᠠᠭᠠᠯᠠᠭᠴᠢ ᠠᠴᠠ ᠪᠠᠷ᠎ᠠ ᠪᠣᠯᠬᠤ ᠬᠡᠷᠡᠭᠲᠡᠶ ᠪᠥᠭᠡᠳ ᠬᠢᠨᠠᠨ ᠬᠠᠮᠠᠭᠠᠯᠠᠭᠴᠢ ᠶᠢᠨ | ᠭᠠᠷ ᠤᠨ ᠥᠰᠥᠭ ᠵᠢᠷᠤᠭᠰᠠᠨ ᠵᠥᠪᠰᠢᠶᠡᠷᠡᠯ ᠤᠨ ᠪᠢᠴᠢᠭ ᠢ ᠬᠠᠩᠭᠠᠬᠤ ᠬᠡᠷᠡᠭᠲᠡᠶ᠃ | ︵ᠭᠤᠷᠪᠠ︶ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤᠬᠠᠭᠤᠯᠬᠤ᠂ ᠬᠥᠲᠥᠯᠦᠨ | ᠵᠢᠯᠣᠭᠤᠳᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠠᠷᠢᠶᠠᠨ ᠳᠠᠬᠢ ᠰᠠᠭᠤᠭᠠᠯᠢ ᠠᠷᠠᠳ ᠢ ᠰᠠᠶᠢᠲᠤᠷ | ᠵᠣᠬᠢᠶᠠᠨ ᠪᠠᠶᠢᠭᠤᠯᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠸᠠᠺᠼᠢᠨ ᠤ | ᠲᠠᠷᠢᠯᠭ᠎ᠠ ᠬᠢᠬᠦ ᠳᠡᠭᠡᠨ ᠲᠣᠰ ᠬᠥᠮᠦᠨ ᠤ ᠪᠡᠶ᠎ᠡ ᠶᠢᠨ ᠦᠨᠡᠮᠯᠡᠯ ᠵᠢᠴᠢ ᠸᠠᠺᠼᠢᠨ ᠤ ᠲᠠᠷᠢᠯᠭ᠎ᠠ ᠶᠢᠨ ᠭᠡᠷᠡᠴᠢ | ᠪᠠᠷᠢᠮᠲᠠ ᠪᠠᠨ ᠠᠪᠴᠤ᠂ ᠠᠮᠠᠪᠴᠢ ᠵᠡᠭᠦᠬᠦ ᠬᠡᠷᠡᠭᠲᠡᠶ᠃ ᠥᠯᠥᠨ ᠢᠶᠠᠷ ᠲᠠᠷᠢᠯᠭ᠎ᠠ ᠬᠢᠵᠦ ᠪᠣᠯᠬᠤ ᠥᠬᠡᠶ᠃ ᠨᠡᠷᠡᠨ | ᠰᠢᠬᠦᠷ᠂ ᠤᠤᠭᠤᠬᠤ ᠤᠰᠤ ᠵᠡᠷᠭᠡ ᠪᠠᠨ ᠦᠪᠡᠷᠳᠡᠭᠡᠨ ᠪᠡᠯᠡᠳᠬᠡᠵᠦ᠂ ᠨᠠᠷᠠᠰᠢᠬᠤ ᠪᠤᠶᠤ ᠨᠤᠷᠬᠤ ᠠᠴᠠ ᠰᠡᠷᠭᠡᠶᠢᠯᠡᠬᠦ | ᠠᠷᠭ᠎ᠠ ᠬᠡᠮᠵᠢᠶ᠎ᠡ ᠶᠢ ᠰᠠᠶᠢᠲᠤᠷ ᠠᠪᠴᠦ᠂ ᠲᠤᠬᠠᠶ ᠶᠢᠨ ᠲᠠᠯᠠᠪᠤᠷ ᠤᠨ ᠡᠮᠬᠢ ᠵᠢᠷᠤᠮ ᠢ ᠵᠢᠷᠤᠮᠯᠠᠬᠤ ᠬᠡᠷᠡᠭᠲᠡᠶ᠃ ᠲᠣᠰ | ᠤᠳᠠᠭᠠᠨ ᠤ ᠸᠠᠺᠼᠢᠨ ᠤ ᠲᠤᠭ᠎ᠠ ᠬᠡᠮᠵᠢᠶ᠎ᠡ ᠭᠦᠶ᠋ᠴᠡᠳ᠂ ᠰᠤᠷᠠᠭ ᠴᠢᠮᠡᠭᠡ ᠶᠢ ᠬᠠᠷᠢᠯᠴᠠᠨ ᠳᠠᠮᠵᠢᠭᠤᠯᠵᠤ᠂ | ᠢᠳᠡᠪᠬᠢᠲᠡᠶ ᠪᠠᠷ ᠳᠠᠷᠢᠬᠤ ᠶᠢ ᠬᠦᠰᠡᠵᠦ ᠪᠠᠶᠢᠨ᠎ᠠ᠃ | ᠬᠤᠰᠢᠭᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ | ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ᠄ 0479 — 6521530 | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982 | ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — | 6854969 | ᠬᠤᠰᠢᠭᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0479 — 6522709 | | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ | 2021ᠤᠨ ᠤ 7 ᠰᠠᠷᠡᠶᠢᠨ 21 ᠤ ᠡᠲᠦᠷ |