ᠨᠢᠭᠡ᠂ ᠲᠣᠭᠲᠠᠭᠠᠭᠰᠠᠨ ᠠᠬᠤᠶ ᠪᠠᠶᠢᠳᠠᠯ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠳᠦᠷᠢᠮ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠷᠢ | ᠮᠥᠩᠭᠦᠨ ᠤ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠦᠨᠡᠨ ᠬᠦ ᠬᠠᠮᠠᠭᠠᠯᠠᠵᠤ᠂ ᠥᠷᠭᠡᠨ ᠣᠯᠠᠨ ᠲᠦᠮᠡᠨ ᠤ | ᠲᠣᠰ ᠪᠡᠶ᠎ᠡ ᠶᠢᠨ ᠠᠰᠢᠭ ᠲᠤᠰᠠ ᠶᠢ ᠨᠠᠩ ᠰᠠᠶᠢᠲᠤᠷ ᠪᠠᠲᠤᠯᠠᠬᠤ ᠶᠢᠨ ᠲᠤᠯᠠᠳᠠ᠂ ︽ᠡᠮᠴᠢᠯᠡᠭᠡ ᠶᠢᠨ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ | ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 20 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ | ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠬᠤ ᠶᠢᠨ ᠴᠢᠬᠤᠯᠠ ᠴᠢᠨᠠᠷ | ︵ᠨᠢᠭᠡ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠨᠡᠯᠢᠶᠡᠳ ᠬᠦᠨᠳᠦ ᠬᠡᠴᠡᠭᠦᠤ ᠪᠠᠶᠢᠨ᠎ᠠ | ᠃ ᠣᠳᠣᠬᠠᠨ ᠳᠤ᠂ ᠪᠥᠬᠦ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠭ᠎ᠠ ᠪᠣᠯᠪᠠᠴᠤ ᠡᠯ᠎ᠡ ᠭᠠᠵᠠᠷ ᠤᠨ ᠰᠠᠭᠤᠷᠢ ᠮᠥᠩᠭᠦ ᠶᠢᠨ | ᠣᠷᠣᠯᠭ᠎ᠠ ᠵᠠᠷᠤᠯᠭ᠎ᠠ ᠲᠡᠩᠴᠡᠭᠦᠷᠢ ᠥᠬᠡᠶ᠂ ᠰᠠᠭᠤᠷᠢ ᠮᠥᠩᠭᠦ ᠶᠢᠨ ᠦᠷᠭᠦᠯᠵᠢᠯᠡᠬᠦ᠋ᠢᠴᠡ ᠴᠢᠳᠠᠪᠤᠷᠢ ᠴᠢᠩᠭ᠎ᠠ ᠪᠤᠰᠤ | ᠪᠠᠶᠢᠨ᠎ᠠ᠃ ᠡᠭᠦᠨ ᠠᠴᠠ ᠭᠠᠳᠠᠨ᠎ᠠ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠭᠤᠣᠯ ᠴᠣᠭᠴᠠ ᠣᠯᠠᠨ᠂ ᠲᠤᠬᠠᠶᠢᠯᠠᠭᠰᠠᠨ ᠠᠵᠢᠯ ᠤᠨ | ᠬᠡᠯᠬᠢᠶ᠎ᠡ ᠣᠷᠳᠣ᠂ ᠲᠦᠭᠰᠢᠭᠦᠷᠢ ᠶᠢᠨ ᠴᠡᠭ ᠣᠯᠠᠨ ᠪᠠᠶᠢᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ | ᠲᠣᠬᠤᠨ ᠠᠪᠬᠤ ᠪᠤᠶᠤ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ | ᠠᠵᠢᠯᠯᠠᠭ᠎ᠠ ᠪᠠᠶᠢᠨ ᠳᠠᠬᠢᠨ ᠡᠭᠦᠰᠴᠦ᠂ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠬᠠᠮᠢᠶᠠᠷᠤᠯᠲᠠ ᠶᠢ | ᠴᠢᠩᠭᠠᠳᠬᠠᠬᠤ ᠶᠢ ᠪᠠᠴᠢᠮ ᠱᠠᠭᠠᠷᠳᠠᠵᠤ ᠪᠠᠶᠢᠨ᠎ᠠ᠃ | ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠢ ᠶᠢᠨ ᠫᠢᠩ ᠶᠡᠷᠦᠩᠬᠡᠶ ᠱᠦᠵᠢ | ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠷᠢᠳ | ᠬᠤᠵᠢᠳ ᠭᠤᠷᠪᠠ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠴᠢᠩᠭᠠᠳᠬᠠᠬᠤ ᠬᠡᠷᠡᠭᠲᠡᠶ | ᠭᠡᠵᠦ ᠱᠠᠭᠠᠷᠳᠠᠪᠠ᠃ 2020 ᠣᠨ ᠤ 6 ᠳ᠋ᠤᠭᠠᠷ ᠰᠠᠷ᠎ᠠ ᠶᠢᠨ 30 ᠤ ᠡᠳᠦᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ | ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 20 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠥᠬᠦ ᠬᠦᠷᠢᠶ᠎ᠡ ᠴᠠᠷᠠᠭ᠎ᠠ᠂ ᠪᠥᠬᠦ | ᠴᠤᠪᠤᠷᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠬᠤ | ᠬᠡᠷᠡᠭᠲᠡᠶ ᠭᠡᠵᠦ ᠳᠤᠷᠠᠳᠤᠨ ᠭᠠᠷᠭᠠᠪᠠ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠳᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠲᠣᠭᠲᠠᠯᠴᠠᠭ᠎ᠠ ᠶᠢᠨ ᠲᠤᠬᠠᠶ ᠰᠢᠰᠲ᠋ᠧᠮ ᠲᠠᠢ ᠪᠦᠷᠢᠨ ᠪᠦᠲᠦᠨ ᠰᠠᠨᠠᠯ ᠪᠤᠶᠤ ᠠᠷᠭ᠎ᠠ ᠬᠡᠮᠵᠢᠶ᠎ᠡ ᠳᠤᠲᠠᠭᠳᠠᠵᠤ᠂ | ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠰᠠᠨ ᠢ ᠬᠠᠤᠯᠢ ᠶᠣᠰᠣᠭᠠᠷ | ᠪᠠᠲᠤᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠠᠷᠭ᠎ᠠ ᠬᠡᠮᠵᠢᠶ᠎ᠡ ᠨᠦᠭᠦᠳ︾ | ᠢ ᠲᠣᠭᠲᠠᠭᠠᠬᠤ ᠨᠢ ᠲᠦᠢᠯ ᠤᠨ ᠴᠢᠬᠤᠯᠠᠲᠠᠶ ᠶᠤᠮ᠃ | ᠭᠤᠷᠪᠠ᠂ ᠭᠤᠣᠯ ᠠᠭᠤᠯᠭ᠎ᠠ ︽ᠠᠷᠭ᠎ᠠ ᠬᠡᠮᠵᠢᠶ᠎ᠡ ᠨᠦᠭᠦᠳ︾ ᠨᠢ ᠥᠪᠡᠷᠲᠡᠭᠡᠨ ᠵᠠᠰᠠᠬᠤ ᠣᠷᠣᠨ ᠤ | ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢ | ᠭᠦᠢᠴᠡᠳᠪᠣᠳᠣᠯᠬᠢᠯᠠᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢᠨ ᠳᠥᠷᠪᠡᠨ ᠶᠡᠭᠡ ᠲᠣᠭᠲᠠᠯᠴᠠᠭ᠎ᠠ᠂ 15 ᠵᠦᠢᠯ ᠤᠨ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ︵ᠨᠢᠭᠡ︶ ᠰᠠᠭᠤᠷᠢ ᠮᠥᠩᠭᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ | ᠪᠦᠷᠢᠨᠰᠢᠬᠦᠯᠦᠨ᠎ᠠ 1. ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠶᠢᠭᠤᠯᠤᠯ | ᠪᠠ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ 2. ᠵᠠᠰᠠᠭ ᠤᠨ ᠣᠷᠳᠣᠨ ᠤ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠳᠠᠬᠢ ᠭᠤᠣᠯᠴᠢᠯᠠᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡ ᠶᠢᠨ | ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡ ᠶᠢᠨ ᠵᠠᠷᠤᠳᠠᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ | ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ 3. ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮᠴᠢᠯᠡᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ᠂ ᠡᠳ᠋ ᠤᠨ ᠵᠠᠰᠠᠭ᠂ ᠬᠢᠨᠠᠨ ᠪᠤᠳᠤᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠡ᠃ 4. ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ | ᠨᠡᠶᠢᠭᠡᠮᠯᠢᠭ ᠤᠨ ᠠᠵᠢᠯ ᠲᠥᠷᠥᠯ ᠤᠨ ᠵᠢᠷᠤᠮᠵᠢᠯ᠂ ᠠᠵᠢᠯ ᠡᠷᠬᠢᠯᠡᠬᠦ ᠥᠢᠯᠡ ᠠᠵᠢᠯᠯᠠᠭ᠎ᠠ ᠵᠡᠷᠭᠡ ᠲᠠᠯ᠎ᠠ ᠪᠠᠷ ᠢᠳᠡᠪᠬᠢ | ᠦᠢᠯᠡᠳᠦᠯ ᠢᠶᠠᠨ ᠪᠠᠳᠠᠷᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠠᠵᠢᠯ ᠲᠥᠷᠥᠯ ᠤᠨ ᠵᠢᠷᠤᠮᠵᠢᠯ ᠪᠣᠯᠤᠨ | ᠥᠪᠡᠷ ᠢ ᠪᠠᠨ ᠬᠢᠵᠠᠭᠠᠷᠯᠠᠬᠤ ᠶᠢ ᠠᠬᠢᠭᠤᠯᠤᠨ᠎ᠠ᠃ | ︵ᠬᠤᠶᠠᠷ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ 5. ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠦᠷᠢᠨᠰᠢᠬᠦᠯᠦᠨ᠎ᠠ᠃ ︽ᠬᠤᠶᠠᠷ ᠢ | ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠬᠡᠷᠡᠭᠵᠢᠭᠦᠯᠵᠦ᠂ ᠲᠥᠷᠭᠡᠨ ᠪᠠᠶᠢᠴᠠᠭᠠᠯᠲᠠ ᠬᠢᠬᠦ᠂ ᠠᠶᠢᠮᠠᠭ ᠬᠤᠲᠠ ᠬᠠᠷᠢᠯᠴᠠᠨ ᠪᠠᠶᠢᠴᠠᠭᠠᠬᠤ᠂ ᠤᠯᠤᠰ ᠠᠴᠠ | ᠲᠤᠰᠬᠠᠶ ᠵᠦᠢᠯ ᠤᠨ ᠪᠠᠶᠢᠴᠠᠭᠠᠯᠲᠠ ᠬᠢᠬᠦ᠂ ᠭᠤᠤᠯᠳᠠᠯᠭ᠎ᠠ ᠲᠠᠢ ᠪᠠᠶᠢᠴᠠᠭᠠᠯᠲᠠ ᠬᠢᠬᠦ᠂ ᠲᠤᠰᠬᠠᠶ ᠮᠡᠷᠭᠡᠵᠢᠯᠲᠡᠨ ᠬᠢᠨᠠᠨ | ᠪᠠᠶᠢᠴᠠᠭᠠᠬᠤ ᠵᠡᠷᠭᠡ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠬᠡᠯᠪᠡᠷᠢ ᠶᠢᠨ ᠪᠠᠶᠢᠴᠠᠭᠠᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ︔ ᠣᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ᠂ ᠵᠠᠭᠤᠴᠢᠯᠠᠭᠤᠷ ᠤᠨ | ᠢᠯᠡᠴᠢᠯᠡᠭᠰᠡᠨ ᠪᠠ ᠪᠤᠰᠤᠳ ᠰᠠᠯᠠᠭ᠎ᠠ ᠮᠥᠴᠢᠷ ᠤᠨ ᠰᠢᠯᠵᠢᠭᠦᠯᠦᠨ ᠲᠤᠰᠢᠶᠠᠭᠰᠠᠨ ᠰᠦᠪᠡᠭᠴᠢ ᠳᠤ | ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠡ᠃ 6. ᠣᠶᠤᠨᠴᠢ ᠬᠢᠨᠠᠨ ᠡᠵᠡᠮᠳᠡᠬᠦ ᠲᠦᠷᠢᠮ ᠢ ᠲᠡᠭᠦᠯᠳᠡᠷᠵᠢᠭᠦᠯᠦᠨ᠎ᠡ᠃ | ᠪᠥᠬᠦ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠵᠢᠬᠥ᠋ᠮᠦᠨ ᠤ ᠬᠦᠴᠦ ᠪᠠᠷ ᠬᠠᠭᠤᠳᠠᠰᠤ ᠰᠤᠭᠤᠴᠢᠨ ᠬᠢᠨᠠᠨ ᠬᠠᠷᠭᠤᠭᠤᠯᠵᠤ | ᠪᠠᠶᠢᠭᠰᠠᠨ ᠠᠴᠠ ᠲᠣᠮᠣ ᠳ᠋ᠠᠶᠢᠲ᠋ᠠ ᠪᠠᠷ ᠪᠥᠬᠦ ᠲᠠᠯ᠎ᠠ ᠶᠢᠨ᠂ ᠪᠥᠬᠦ ᠴᠣᠪᠣᠷᠠᠯ ᠤᠨ᠂ ᠪᠥᠬᠦ ᠭᠤᠭᠴᠤᠭ᠎ᠠ ᠳᠤ | ᠣᠶᠤᠨᠴᠢ ᠪᠠᠷ ᠬᠢᠨᠠᠨ ᠡᠵᠡᠮᠳᠡᠬᠦ ᠲᠡᠶᠢᠰᠢ ᠬᠤᠪᠢᠷᠠᠭᠤᠯᠤᠨ᠎ᠠ᠃ 7. ᠢᠯᠡᠴᠢᠯᠡᠨ ᠮᠡᠳᠡᠭᠦᠯᠦᠭᠰᠡᠨ ᠢ ᠱᠠᠩᠨᠠᠨ | ᠬᠥᠬᠢᠭᠦᠯᠬᠦ ᠲᠦᠷᠢᠮ ᠢ ᠲᠡᠭᠦᠯᠳᠡᠷᠵᠢᠭᠦᠯᠦᠨ᠎ᠡ᠃ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠬᠦ ᠠᠵᠢᠯᠯᠠᠭ᠎ᠠ ᠶᠢ | ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠦᠷᠢᠮ ᠢ ᠲᠡᠭᠦᠯᠳᠡᠷᠵᠢᠭᠦᠯᠵᠦ᠂ ᠵᠠᠭᠠᠯᠳᠤᠵᠤ ᠢᠯᠡᠴᠢᠯᠡᠨ | ᠮᠡᠳᠡᠭᠦᠯᠬᠦ ᠠᠷᠭ᠎ᠠ ᠵᠠᠮ ᠢ ᠰᠢᠯᠤᠭᠤᠳᠬᠠᠨ᠎ᠠ᠃ 8. ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠎ᠠ᠃ | ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠶᠡᠭᠡ ᠡᠮᠴᠢ ︵ᠡᠮ | ᠨᠠᠶᠢᠷᠠᠭᠴᠢ︶ ᠪᠠ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡ ᠶᠢᠨ ᠳᠠᠭᠠᠳᠬᠠᠯ ᠤᠨ ᠢᠲᠡᠭᠡᠮᠵᠢ ᠶᠢᠨ | ᠲᠡᠮᠳᠡᠭᠯᠡᠯ ᠢ ᠪᠠᠶᠢᠭᠤᠯᠵᠤ᠂ ᠢᠲᠡᠭᠡᠮᠵᠢ ᠶᠢᠨ ᠦᠨᠡᠯᠡᠬᠦ ᠲᠦᠷᠢᠮ ᠪᠠ ᠬᠤᠷᠠᠮᠳᠤᠯ ᠬᠤᠪᠢ ᠶᠢᠨ ᠬᠠᠮᠢᠶᠠᠷᠤᠯᠲᠠ ᠶᠢᠨ | ᠲᠦᠷᠢᠮ ᠢ ᠲᠡᠭᠦᠯᠳᠡᠷᠵᠢᠭᠦᠯᠦᠨ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠦᠨ᠎ᠡ᠃ 9. | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠎ᠠ᠃ ᠰᠠᠯᠠᠭ᠎ᠠ ᠮᠥᠴᠢᠷ ᠤᠳ ᠤᠨ | ᠬᠤᠭᠤᠷᠣᠨᠳᠣ ᠪᠠᠨ ᠬᠠᠷᠢᠯᠴᠠᠨ ᠬᠠᠮᠵᠢᠯᠴᠠᠬᠤ᠂ ᠵᠣᠬᠢᠴᠠᠭᠤᠯᠤᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ | ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ 10. ᠨᠡᠶᠢᠭᠡᠮ ᠤᠨ ᠬᠢᠨᠠᠯᠲᠠ | ᠲᠠᠯᠪᠢᠬᠤ ᠲᠦᠷᠢᠮ ᠢ ᠲᠡᠭᠦᠯᠳᠡᠷᠵᠢᠭᠦᠯᠦᠨ᠎ᠡ᠃ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ | ᠬᠢᠨᠠᠯᠲᠠ ᠲᠠᠯᠪᠢᠭᠴᠢ ᠶᠢᠨ ᠲᠦᠷᠢᠮ ᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠪᠠᠶᠢᠭᠤᠯᠵᠤ᠂ | ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠠᠰᠢᠭᠯᠠᠨ ᠥᠷᠭᠡᠨ ᠳᠡᠯᠭᠡᠷ | ᠤᠬᠠᠭᠤᠯᠭ᠎ᠠ ᠶᠢ ᠥᠷᠨᠢᠭᠦᠯᠦᠨ᠎ᠡ᠃ | ︵ᠭᠤᠷᠪᠠ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ | ᠪᠠᠶᠢᠭᠤᠯᠤᠨ᠎ᠠ 11. ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠲᠦᠷᠢᠮ ᠤᠨ | ᠪᠠᠲᠤᠯᠠᠭ᠎ᠠ ᠶᠢ ᠴᠢᠩᠭᠠᠷᠠᠭᠤᠯᠤᠨ᠎ᠠ᠃ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ | ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠵᠢᠴᠢ ᠲᠦᠬᠦᠷ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠮᠴᠢᠯᠡᠭᠡ ᠶᠢᠨ | ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠢᠶᠠᠷ ᠬᠠᠮᠢᠶᠠᠷᠬᠤ ᠶᠢ | ᠲᠡᠭᠦᠯᠳᠡᠷᠵᠢᠭᠦᠯᠦᠨ᠎ᠡ᠃ 12. ᠰᠠᠭᠤᠷᠢ ᠮᠥᠩᠭᠦ ᠶᠢᠨ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡ ᠶᠢᠨ | ᠳᠠᠭᠠᠳᠬᠠᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ | ᠬᠡᠯᠡᠯᠴᠡᠭᠡᠷ ᠢᠶᠠᠷ ᠬᠠᠮᠢᠶᠠᠷᠬᠤ ᠶᠢᠨ ᠬᠠᠷᠢᠴᠠᠭ᠎ᠠ ᠶᠢ ᠰᠢᠯᠤᠭᠤᠳᠬᠠᠨ᠎ᠠ᠃ 13. ᠮᠡᠬᠡᠯᠡᠨ ᠬᠢᠬᠠᠵᠤ ᠳᠠᠭᠠᠳᠬᠠᠯ ᠢ | ᠮᠡᠬᠡᠯᠡᠬᠦ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠤᠳ | ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ | ᠮᠡᠬᠡᠯᠡᠨ ᠬᠢᠬᠠᠵᠤ ᠳᠠᠭᠠᠳᠬᠠᠯ ᠢ ᠮᠡᠬᠡᠯᠡᠨ ᠠᠪᠤᠭᠰᠠᠨ ᠨᠢᠭᠡᠴᠢ ᠪᠠ ᠬᠤᠪᠢ ᠬᠥᠮᠦᠨ ᠢ ᠴᠢᠩᠭ᠎ᠠ ᠰᠢᠢᠳᠬᠡᠨ᠎ᠡ᠃ ︵ | ᠲᠥᠷᠪᠡ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ 14. ᠡᠮᠴᠢᠯᠡᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠲᠦᠷᠢᠮ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠷᠣᠨ ᠪᠦᠰᠡ ᠶᠢᠨ ᠴᠡᠭ ᠲᠤᠭ᠎ᠠ ᠶᠢᠨ ᠠᠷᠭ᠎ᠠ ᠪᠠᠷ ᠶᠡᠷᠦᠩᠬᠡᠶ | ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢᠳᠠᠯ ᠥᠷᠲᠡᠭ ᠢᠶᠠᠷ ᠵᠠᠷᠤᠳᠠᠯ ᠲᠤᠰᠢᠶᠠᠬᠤ ︵DIP︶ | ᠂ ᠶᠡᠷᠦᠩᠬᠡᠶ ᠲᠤᠭ᠎ᠠ ᠶᠢᠨ ᠬᠢᠵᠠᠭᠠᠷ ᠳᠣᠲᠣᠷ᠎ᠠ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠥᠬᠦᠶ | ᠳᠤᠭᠤᠶᠢᠯᠠᠩ ᠬᠤᠪᠢᠶᠠᠷᠢᠯᠠᠯᠲᠠ ᠶᠣᠰᠣᠭᠠᠷ ᠵᠠᠷᠤᠳᠠᠯ ᠲᠤᠰᠢᠶᠠᠬᠤ ︵DRG︶ ᠪᠠᠷ ᠭᠤᠤᠯ ᠪᠣᠯᠭᠠᠭᠰᠠᠨ ᠣᠯᠠᠨ | ᠡᠰᠢᠲᠦ ᠨᠡᠶᠢᠯᠡᠮᠡᠯ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠭᠠᠵᠠᠷ | ᠣᠷᠣᠨ ᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ | ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠰᠢᠯᠢᠳᠡᠭᠵᠢᠭᠦᠯᠦᠨ᠎ᠡ᠃ 15. ᠡᠮ | ᠡᠮᠨᠡᠯᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠡᠮ | ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ | ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ | ᠦᠷᠭᠦᠯᠵᠢᠯᠡᠨ ᠠᠬᠢᠭᠤᠯᠤᠨ᠎ᠠ᠃ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠ ᠳᠠᠭᠠᠭᠠᠴᠢᠯᠠᠯᠲᠠ ᠵᠠᠷᠯᠠᠵᠤ | ᠬᠤᠳᠠᠯᠳᠤᠨ ᠠᠪᠬᠤ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ | ᠠᠷᠭ᠎ᠠ ᠬᠡᠮᠵᠢᠶ᠎ᠡ ᠨᠦᠭᠦᠳ︾ ᠲᠤ ᠪᠠᠰᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠡᠮᠴᠢᠯᠡᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ | ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ | ᠂ ᠨᠢᠭᠡᠳᠦᠯᠲᠡᠶ ᠪᠠᠶᠢᠷᠢᠯᠠᠭᠤᠯᠵᠤ᠂ ᠵᠣᠬᠢᠴᠠᠭᠤᠯᠤᠨ ᠠᠬᠢᠭᠤᠯᠬᠤ ᠬᠡᠷᠡᠭᠲᠡᠶ᠃ ᠤᠷᠮᠠᠰᠢᠭᠤᠯᠬᠤ ᠪᠠ ᠬᠠᠷᠢᠭᠤᠴᠠᠯᠭ᠎ᠠ | ᠠᠰᠠᠭᠤᠬᠤ ᠲᠣᠭᠲᠠᠴᠠ ᠶᠢ ᠪᠠᠶᠢᠭᠤᠯᠵᠤ᠂ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠦᠢᠯᠡ | ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠬᠠᠮᠢᠶ᠎ᠠ ᠪᠥᠬᠦᠶ ᠠᠵᠢᠯ ᠤᠨ ᠰᠢᠯᠭᠠᠨ ᠬᠢᠨᠠᠯᠲᠠ ᠳᠤ ᠣᠷᠣᠭᠤᠯᠬᠤ | ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠬᠢᠷᠠᠯᠴᠠᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠭᠦᠢᠴᠡᠳᠬᠡᠵᠦ᠂ ᠮᠡᠳᠡᠭᠡ ᠵᠠᠩᠭᠢ ᠪᠠ ᠲᠤᠭ᠎ᠠ ᠪᠠᠷᠢᠮᠲᠠ ᠶᠢ ᠬᠠᠮᠲᠤ ᠳᠤ ᠪᠠᠨ ᠭᠥᠷᠳᠡᠬᠦ ᠶᠢ ᠴᠢᠩᠭᠠᠳᠬᠠᠨ᠂ | ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤ ᠲᠤᠰᠬᠠᠵᠤ᠂ ᠬᠤᠯᠪᠣᠭᠠᠯᠠᠨ | ᠬᠥᠳᠡᠯᠦᠯᠴᠡᠵᠦ ᠴᠤᠤᠷᠢᠶᠠᠲᠤᠨ ᠳᠠᠭᠠᠬᠤ ᠶᠢ ᠪᠡᠶᠡᠯᠡᠭᠦᠯᠦᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠪᠠ ᠪᠣᠳᠠᠲᠠᠶᠢᠵᠢᠭᠤᠯᠤᠨ | ᠴᠢᠩᠭᠠᠳᠬᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ |