ᠬᠤᠰᠢᠭᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠣᠭᠡᠯᠡᠭᠴᠢᠳ ᠤᠨ | ᠶᠡᠭᠡ ᠬᠤᠷᠠᠯ ᠤᠨ ᠲᠥᠷᠪᠡᠲᠥᠬᠡᠷ ᠬᠤᠷᠠᠯᠳᠣᠭᠠᠨ ᠤ ᠪᠢᠴᠢᠭ ᠮᠠᠲ᠋ᠧᠷᠢᠶᠠᠯ ( ᠠᠷᠪᠠᠨ ᠲᠤᠯᠤᠭ᠎ᠠ ) | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠵᠢᠯ ᠤᠨ ᠮᠡᠲᠡᠭᠦᠯᠥᠯᠲᠡ | ︵ 2021 ᠣᠨ ᠤ 3 ᠰᠠᠷ᠎ᠠ ᠶᠢᠨ 24 ᠤ ᠡᠳᠣᠷ ᠰᠢᠯᠣᠭᠤᠨ ᠬᠦᠪᠡᠭᠡᠲᠦ ᠴᠠᠭᠠᠨ | ᠬᠤᠰᠢᠭᠤᠨ ᠤ ᠠᠷᠪᠠᠨ ᠲᠠᠪᠣᠳᠣᠭᠠᠷ | ᠬᠤᠭᠤᠴᠠᠭᠠᠨ ᠤ ᠠᠷᠠᠳ | ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠲᠥᠷᠪᠡᠲᠥᠬᠡᠷ ᠬᠤᠷᠠᠯᠳᠣᠭᠠᠨ | ᠬᠤᠰᠢᠭᠤ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠷᠲᠡᠨᠢᠸ᠋ᠴᠢᠷ | ᠲᠥᠯᠥᠭᠡᠯᠡᠭᠴᠢᠳ ᠡ᠄ | ᠪᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠨᠠᠢᠳᠠᠯᠭ᠎ᠠ ᠪᠠᠷ | ᠶᠡᠭᠡ ᠬᠤᠷᠠᠯ ᠳᠤ ᠠᠵᠢᠯ ᠤᠨ ᠮᠡᠲᠡᠬᠦᠯᠥᠯᠲᠡ ᠬᠢᠶ᠎ᠠ᠂ ᠬᠢᠨᠠᠨ ᠵᠥᠪᠯᠡᠬᠦ ᠪᠣᠯᠪᠠᠤ᠃ | 2020 ᠣᠨ ᠤ ᠠᠵᠢᠯ ᠤᠨ ᠡᠷᠭᠢᠴᠡᠭᠦᠯᠦᠯ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ᠃ ᠨᠢᠭᠡ ᠵᠢᠯ ᠤᠨ ᠲᠤᠷᠰᠢ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠲᠤᠯᠭ᠎ᠠ ᠪᠤᠯᠭᠠᠵᠥ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ | ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠲᠤᠭᠠᠨ ᠤ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ | ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠰᠢᠭᠤ ᠨᠠᠮ ᠤᠨ | ᠬᠤᠷᠢᠶᠠᠨ ᠤ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠳᠤ ᠵᠤᠬᠢᠴᠠᠭᠤᠯᠵᠥ᠂ ᠰᠢᠨ᠎ᠡ ᠬᠥᠭᠵᠢᠯᠲᠡ ᠶᠢᠨ ᠤᠨᠤᠯᠵᠢᠬᠤᠨ ᠢ | ᠪᠠᠷᠢᠮᠲᠠᠯᠠᠵᠤ᠂ ᠴᠢᠨᠠᠷ ᠰᠠᠶᠢᠲᠠᠢ ᠪᠣᠬᠢᠷᠲᠤᠯ ᠦᠭᠡᠢ ᠬᠥᠭᠵᠢᠯᠲᠡ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ | ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠤᠭᠤᠷᠢᠨ ᠳᠤ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠬᠦᠷᠬᠡᠯᠡᠨ ᠢᠳᠡᠪᠬᠢᠲᠡᠢ ᠠᠵᠢᠯᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠬᠦᠯᠥᠨ᠂ ᠴᠠᠭ ᠦᠶ᠎ᠡ ᠲᠠᠢ | ᠵᠡᠷᠬᠡᠴᠡᠨ ᠤᠷᠤᠭᠰᠢᠯᠠᠵᠥ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠳᠠᠬᠢ ᠲᠦᠷᠦ ᠶᠢᠨ ᠡᠷᠬᠡᠲᠦ ᠪᠠᠶᠢᠭᠤᠯᠤᠯᠭ᠎ᠠ ᠶᠢᠨ ᠡᠭᠦᠷᠭᠡ | ᠴᠢᠳᠠᠪᠬᠢ ᠶᠢᠨ ᠦᠢᠯᠡᠳᠦᠯ ᠢ ᠬᠥᠢᠴᠡᠳ ᠪᠠᠲᠠᠷᠠᠭᠤᠯᠤᠭᠰᠠᠨ ᠪᠠᠶᠢᠨ᠎ᠠ᠃ ᠡᠨᠡ ᠵᠢᠯ ᠤᠨ ᠲᠤᠷᠰᠢ᠂ 6 ᠤᠲᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ᠂12 ᠤᠲᠠᠭᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ 16 ᠤᠲᠠᠭᠠᠨ ᠤ ᠡᠷᠬᠢᠯᠡᠭᠴᠢ ᠶᠢᠨ ᠬᠤᠷᠠᠯ ᠢ | ᠬᠤᠷᠠᠯᠲᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠲᠠᠢ ᠬᠠᠮᠵᠢᠯᠴᠠᠨ 2 | ᠤᠲᠠᠭᠠᠨ ᠤ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠪᠠ 4 ᠤᠲᠠᠭᠠᠨ ᠤ ᠱᠠᠭᠠᠷᠲᠠᠬᠤ ᠪᠠᠶᠢᠴᠠᠭᠠᠯᠲᠠ ᠶᠢ | ᠥᠷᠨᠢᠬᠦᠯᠵᠥ᠂ 6 ᠤᠲᠠᠭᠠᠨ ᠤ ᠲᠤᠭᠤᠷᠢᠨ ᠪᠠᠶᠢᠴᠠᠭᠠᠵᠥ ᠰᠤᠷᠤᠯᠴᠠᠬᠤ ᠪᠥᠯᠬᠦᠮ ᠢ ᠬᠦᠯᠢᠶᠡᠨ ᠠᠪᠴᠤ᠂ 1 | ᠤᠲᠠᠭᠠᠨ ᠤ ᠲᠤᠰᠬᠠᠢ ᠰᠡᠲᠤᠪᠲᠤ ᠯᠠᠪᠯᠠᠨ ᠠᠰᠠᠭᠤᠯᠲᠠ᠂2 ᠤᠲᠠᠭᠠᠨ ᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ᠂11 ᠤᠲᠠᠭᠠᠨ ᠤ ᠲᠤᠰᠬᠠᠢ ᠰᠡᠲᠤᠪᠲᠤ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ | ᠨᠢᠭᠡ᠂ ᠤᠯᠤᠰ ᠲᠦᠷᠦ ᠶᠢᠨ ᠲᠤᠭ ᠲᠡᠮᠳᠡᠭ ᠢᠶᠠᠨ ᠲᠣᠳᠣᠷᠬᠠᠶ ᠪᠠᠶᠢᠯᠭᠠᠵᠥ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠥᠪ ᠤᠨᠤᠪᠴᠢᠲᠠᠢ ᠴᠢᠭᠯᠡᠯ ᠢ ᠪᠠᠷᠢᠮᠲᠠᠯᠠᠪᠠ | ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ | ᠬᠥᠢᠴᠡᠳᠬᠡᠬᠦ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠢ ᠬᠤᠰᠢᠭᠤ ᠨᠠᠮ ᠤᠨ ᠬᠤᠷᠢᠶᠠᠨ ᠤ ᠰᠢᠢᠳᠪᠥᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ | ᠨᠢᠭᠲᠠ ᠤᠶᠠᠯᠳᠤᠭᠤᠯᠤᠨ ᠠᠬᠢᠭᠤᠯᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠪᠠ᠃ ᠨᠢᠭᠡ | ᠳᠤ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠲᠤᠭᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ 26 ᠤᠲᠠᠭᠠᠨ ᠤ ᠲᠤᠰᠬᠠᠢ | ᠰᠡᠳᠦᠪᠲᠦ ᠰᠤᠷᠤᠯᠴᠠᠯᠭ᠎ᠠ᠂ 2 ᠤᠲᠠᠭᠠᠨ ᠤ ᠲᠤᠰᠬᠠᠢ ᠰᠡᠳᠦᠪᠲᠦ ᠶᠡᠷᠢᠶ᠎ᠠ ᠢᠯᠡᠳᠬᠡᠯ ᠢ ᠵᠣᠬᠢᠶᠠᠨ ᠪᠠᠶᠢᠭᠤᠯᠤᠭᠰᠠᠨ | ᠪᠠᠶᠢᠨ᠎ᠠ᠃ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠠᠴᠠ ᠲᠦᠷᠦᠭᠦᠯᠡᠨ ᠨᠠᠮ ᠤᠨ ᠬᠢᠴᠢᠶᠡᠯ ᠣᠷᠣᠵᠤ᠂ | ᠢᠳᠡᠪᠬᠢᠲᠡᠢ ᠪᠠᠷ ᠣᠯᠤᠯᠲᠠ ᠲᠦᠷᠦᠭᠳᠡᠯ ᠢᠶᠠᠨ ᠪᠢᠴᠢᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ︽ | ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠪᠡ᠃ ᠬᠤᠶᠠᠷ ᠲᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠪᠠ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢᠬᠡ ᠵᠢᠯ ᠤᠨ ᠠᠵᠢᠯ ᠤᠨ | ᠲᠣᠬᠢᠷᠠᠭᠤᠯᠤᠯᠲᠠ᠂ ᠬᠢᠨᠠᠯᠲᠠ ᠲᠠᠯᠪᠢᠬᠤ ᠭᠤᠤᠯᠳᠠᠯᠭ᠎ᠠ᠂ ᠲᠥᠯᠥᠭᠡᠯᠡᠭᠴᠢ ᠶᠢᠨ ᠪᠤᠯᠪᠠᠰᠤᠷᠠᠯ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠥᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠯᠧᠲ ᠪᠠᠷ ᠰᠢᠢᠳᠬᠦ ᠲᠦᠷᠢᠮ ᠵᠡᠷᠭᠡ ᠴᠢᠬᠤᠯᠠ ᠠᠵᠢᠯ᠂ ᠴᠢᠬᠤᠯᠠ ᠶᠡᠭᠡ ᠬᠡᠷᠡᠭ ᠶᠠᠪᠤᠳᠠᠯ ᠢ ᠴᠠᠭ | ᠲᠤᠬᠠᠶ ᠳᠤᠨᠢ ᠬᠤᠰᠢᠭᠤ ᠨᠠᠮ ᠤᠨ ᠬᠤᠷᠢᠶ᠎ᠠ ᠳᠤ ᠲᠡᠪᠰᠢᠬᠦᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠵᠢᠯ ᠢ ᠤᠬᠠᠮᠰᠠᠷ ᠠᠴᠠ ᠪᠠᠨ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠠᠭᠤᠰᠤᠯᠴᠠᠭᠤᠯᠬᠤ ᠬᠠᠮᠲᠤ | ᠂ ᠬᠤᠰᠢᠭᠤ ᠨᠠᠮ ᠤᠨ ᠬᠤᠷᠢᠶᠠᠨ ᠤ ᠠᠳᠠᠯᠢ ᠪᠤᠰᠤ ᠱᠠᠲᠤᠨ ᠳᠠᠬᠢ ᠠᠵᠢᠯ ᠤᠨ ᠭᠤᠣᠯᠳᠠᠯᠭ᠎ᠠ ᠶᠢ ᠦᠨᠳᠦᠰᠦᠯᠡᠵᠦ᠂ | ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠪᠠ ᠬᠥᠮᠤᠨ ᠤ ᠬᠥᠴᠥᠯᠡᠴᠡ ᠶᠢ ᠲᠣᠬᠢᠷᠠᠭᠤᠯᠤᠯᠲᠠ ᠶᠢ | ᠴᠠᠭ ᠲᠤᠬᠠᠢ ᠳᠤᠨᠢ ᠵᠤᠬᠢᠴᠠᠭᠤᠯᠵᠥ᠂ ᠬᠤᠰᠢᠭᠤᠨ ᠤ ᠨᠠᠮ ᠤᠨ ᠬᠤᠷᠢᠶᠠᠨ ᠤ ᠤᠷᠢᠶᠠᠯᠠᠭ᠎ᠠ ᠲᠤᠤᠷ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠥᠷᠨᠢᠬᠦᠯᠵᠥ᠂ ᠪᠠᠶᠢᠩᠭᠤ ᠶᠢᠨ ᠬᠤᠷᠢᠶ᠎ᠠ ᠨᠢ ︽ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠥᠨ ᠬᠡᠷᠡᠭᠯᠡᠬᠦ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠳᠤᠮᠳᠠ᠂ ᠪᠠᠶᠢᠭᠤᠯᠭ᠎ᠠ ᠶᠢᠨ ᠺᠠᠳ᠋ᠷ ᠪᠣᠯᠤᠨ ᠥᠷᠭᠡᠨ ᠣᠯᠠᠨ | ᠲᠥᠯᠥᠬᠡᠯᠡᠭᠴᠢ ᠢᠶᠠᠨ ᠳᠠᠭᠠᠭᠤᠯᠤᠨ ᠠᠵᠢᠯ ᠤᠨ ᠲᠡᠷᠢᠬᠦᠨ ᠡᠭᠨᠡᠭᠡᠨ ᠳᠤ ᠭᠠᠪᠰᠢᠭᠠᠶᠢᠯᠠᠨ᠂ ᠬᠤᠰᠢᠭᠤ ᠨᠠᠮ ᠤᠨ | ᠬᠤᠷᠢᠶᠠᠨ ᠤ ᠲᠤᠰᠢᠶᠠᠭᠰᠠᠨ ᠡᠯ᠎ᠡ ᠲᠠᠯ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠠᠶᠡᠯᠡᠭᠦᠯᠥᠭᠰᠡᠨ ᠪᠠᠶᠢᠨ᠎ᠠ᠃ | ᠭᠤᠷᠪᠠ ᠳᠤ᠂ ᠠᠵᠢᠯᠲᠠᠨ ᠢ ᠲᠤᠰᠢᠶᠠᠯ ᠳᠤ ᠲᠣᠮᠢᠯᠠᠵᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠬᠦᠯᠪᠡ᠃ | ᠨᠠᠮ ᠠᠴᠠ ᠺᠠᠳ᠋ᠷ ᠢ ᠬᠠᠮᠢᠶᠠᠷᠬᠤ ᠪᠠ ᠬᠠᠤᠯᠢ ᠶᠣᠰᠣᠭᠠᠷ ᠲᠤᠰᠢᠶᠠᠯ ᠳᠤ ᠲᠤᠮᠢᠯᠠᠵᠥ ᠪᠠᠭᠤᠯᠭᠠᠬᠤ ᠶᠢ ᠬᠠᠷᠢᠯᠴᠠᠨ | ᠨᠢᠬᠡᠲᠤᠬᠦᠯᠬᠦ ᠵᠠᠷᠴᠢᠮ ᠢ ᠢᠮᠠᠭᠲᠠ ᠪᠠᠷᠢᠮᠲᠠᠯᠠᠵᠤ᠂ ᠠᠵᠢᠯ ᠤᠨ ᠶᠤᠪᠤᠴᠠ ᠶᠢ ᠲᠠᠰᠤᠷᠠᠯᠳᠠ ᠦᠭᠡᠢ ᠲᠥᠷᠢᠮᠵᠢᠬᠦᠯᠥᠨ᠂ | ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠷᠠᠳᠴᠢᠯᠠᠭᠰᠠᠨ ᠰᠢᠢᠳᠪᠥᠷᠢᠲᠤ ᠪᠤᠳᠤᠯᠭ᠎ᠠ ᠶᠢ | ᠪᠠᠳᠠᠷᠠᠭᠤᠯᠤᠨ᠂ ᠠᠵᠢᠯᠳᠠᠨ ᠢ ᠲᠤᠮᠢᠯᠠᠵᠥ ᠪᠠᠭᠤᠯᠭᠠᠬᠤ ᠡᠯ᠎ᠡ ᠵᠦᠢᠯ ᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠶ | ᠬᠢᠨᠠᠨ ᠵᠥᠪᠯᠡᠵᠥ᠂ ︽ᠲᠤᠰᠢᠶᠠᠯ ᠳᠤ ᠲᠣᠮᠢᠯᠠᠬᠤ ᠠᠴᠠ ᠡᠮᠦᠨ᠎ᠡ ᠪᠠᠶᠢᠳᠠᠯ ᠢ ᠮᠠᠲᠠᠵᠥ᠂ ᠲᠤᠰᠢᠶᠠᠯ ᠳᠤ ᠲᠣᠮᠢᠯᠠᠬᠤ | ᠳᠤ ᠬᠥᠮᠦᠨ ᠢ ᠮᠠᠲᠠᠵᠥ᠂ ᠲᠤᠰᠢᠶᠠᠯ ᠳᠤ ᠲᠣᠮᠢᠯᠠᠭᠰᠠᠨ ᠤ ᠲᠠᠷᠠᠭ᠎ᠠ ᠴᠢᠲᠠᠪᠤᠷᠢ ᠶᠢ ᠮᠠᠲᠠᠵᠥ︾ ᠪᠠᠶᠢᠲᠠᠯ ᠢ ᠥᠨᠡᠨᠬᠦ | ᠰᠠᠶᠢᠲᠤᠷ ᠬᠥᠢᠴᠡᠳᠬᠡᠵᠥ᠂ ᠨᠠᠮ ᠤᠨ ᠬᠤᠷᠢᠶᠠᠨ ᠤ ᠵᠣᠷᠢᠯᠲᠠ ᠪᠠ ᠠᠷᠠᠳ ᠲᠦᠮᠡᠨ ᠤ ᠬᠦᠰᠡᠯ ᠰᠠᠨᠠᠭ᠎ᠠ ᠶᠢ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠰᠬᠠᠭᠰᠨ ᠪᠠᠶᠢᠨ᠎ᠠ᠃ | ᠪᠥᠬᠦ ᠵᠢᠯ ᠲᠤᠷᠰᠢ ᠲᠥᠷᠥ ᠶᠢᠨ ᠪᠠᠶᠢᠭᠤᠯᠤᠯᠭ᠎ᠠ ᠶᠢᠨ 25 ᠨᠡᠷ᠎ᠡ ᠠᠵᠢᠯᠲᠠᠨ ᠢ ᠲᠣᠮᠢᠯᠠᠵᠤ ᠪᠠᠭᠤᠯᠭᠠᠭᠰᠠᠨ ᠪᠠᠶᠢᠨ᠎ᠠ᠂ | ᠡᠭᠦᠨ ᠳᠤ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ 4 ᠨᠡᠷ᠎ᠡ ᠬᠤᠰᠢᠭᠤ ᠠᠷᠠᠳ ᠤᠨ | ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ 6 ᠨᠡᠷ᠎ᠡ᠂ ᠬᠤᠰᠢᠭᠤ | ᠰᠢᠭᠦᠬᠦ ᠬᠤᠷᠢᠶ᠎ᠠ ᠬᠢᠬᠡᠳ ᠪᠠᠶᠢᠴᠠᠭᠠᠬᠤ ᠬᠤᠷᠢᠶᠠᠨ ᠤ ᠠᠵᠢᠯᠲᠠᠨ 7 ᠨᠡᠷ᠎ᠡ᠂ ᠬᠤᠰᠢᠭᠤ ᠬᠢᠨᠠᠨ ᠪᠠᠶᠢᠴᠠᠭᠠᠬᠤ | ᠵᠥᠪᠯᠡᠯ ᠤᠨ ᠠᠵᠢᠯᠲᠠᠨ 3 ᠨᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠠᠵᠢᠯᠲᠠᠨ 3 ᠨᠡᠷ᠎ᠡ ᠶᠢ ᠲᠤᠮᠢᠯᠠᠨ ᠪᠠᠭᠤᠯᠭᠠᠵᠥ᠂ 2 ᠨᠡᠷ᠎ᠡ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠠᠴᠠ | ᠤᠭᠴᠠᠷᠠᠬᠤ ᠶᠢ ᠭᠥᠯᠢᠶᠡᠨ ᠠᠪᠤᠭᠰᠠᠨ ᠪᠠᠶᠢᠨ᠎ᠠ᠃ | ᠬᠤᠶᠠᠷ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ | ᠪᠦᠲᠦᠮᠵᠢ ᠶᠢ ᠬᠦᠴᠦᠯᠡᠨ ᠴᠢᠩᠭᠠᠳᠬᠠᠪᠠ | ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠥᠬᠦ ᠲᠠᠯ᠎ᠠ ᠶᠢᠨ ᠲᠣᠭᠤᠷᠢᠨ ᠳᠤ᠂ ᠭᠤᠷᠪᠠᠨ | ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠠᠷᠯᠢᠭ ᠬᠥᠭᠵᠢᠯᠲᠡ᠂ ᠬᠥᠳᠡᠭᠡ ᠲᠣᠰᠬᠤᠨ ᠢ ᠭᠥᠭᠵᠢᠬᠦᠯᠥᠨ | ᠮᠠᠨᠲᠤᠭᠤᠯᠬᠤ ᠵᠡᠷᠭᠡ ᠠᠵᠢᠯ ᠤᠨ ᠭᠤᠤᠯᠳᠠᠯᠭ᠎ᠠ ᠶᠢ ᠲᠥᠪᠯᠡᠷᠡᠬᠦᠯᠥᠨ ᠠᠬᠢᠭᠤᠯᠵᠥ᠂ ᠬᠢᠨᠠᠯᠲᠠ ᠲᠠᠯᠪᠢᠬᠤ ᠠᠷᠭ᠎ᠠ | ᠬᠡᠯᠪᠡᠷᠢ ᠪᠠᠨ ᠥᠬᠡᠷᠡᠴᠢᠯᠠᠨ ᠰᠠᠶᠢᠵᠢᠷᠠᠭᠤᠯᠵᠥ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠪᠠᠨ ᠴᠢᠩᠭᠠᠳᠬᠠᠨ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠤᠯᠤᠨ ᠡᠯ᠎ᠡ ᠲᠥᠷᠤᠯ ᠤᠨ ᠭᠤᠤᠯᠳᠠᠯᠭ᠎ᠠ ᠲᠠᠢ ᠠᠵᠢᠯ ᠢ | ᠪᠦᠲᠦᠮᠵᠢᠲᠡᠶ ᠶᠠᠪᠤᠭᠲᠠᠬᠤ ᠶᠢ ᠳᠥᠯᠭᠢᠨ ᠠᠬᠢᠭᠤᠯᠪᠠ᠃ | ︵ᠨᠢᠭᠡ︶ ᠠᠵᠤ ᠠᠬᠤᠶ ᠶᠢᠨ ᠡᠷᠬᠢᠯᠲᠡ ᠶᠢᠨ ᠲᠤᠭᠤᠷᠢᠨ ᠳᠤ ᠬᠢᠨᠠᠯᠲᠠ ᠲᠠᠯᠪᠢᠵᠤ᠂ ᠠᠵᠤ ᠠᠬᠤᠶ ᠶᠢᠨ | ᠲᠣᠭᠲᠠᠭᠤᠨ ᠢᠶᠠᠷ ᠬᠥᠭᠵᠢᠬᠦ ᠶᠢ ᠲᠥᠯᠬᠢᠨ ᠠᠬᠢᠭᠤᠯᠪᠠ᠃ ᠲᠥᠯᠥᠪᠯᠡᠭᠡ᠂ ᠡᠳ᠋ ᠤᠨ ᠵᠠᠰᠠᠭ ᠤᠨ ᠲᠥᠰᠦᠪ ᠢ | ᠬᠥᠢᠴᠡᠳᠬᠡᠭᠰᠡᠨ ᠪᠠᠶᠢᠲᠠᠯ ᠢ ᠠᠵᠤ ᠠᠬᠤᠶ ᠶᠢᠨ ᠠᠵᠢᠯ ᠳᠤ ᠬᠢᠨᠠᠯᠲᠠ ᠲᠠᠯᠪᠢᠬᠤ ᠶᠢᠨ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2019 ᠣᠨ ᠤ ᠡᠳ᠋ ᠤᠨ ᠵᠠᠰᠠᠭ ᠤᠨ ᠲᠥᠰᠦᠪ | ᠤᠨ ᠲᠣᠬᠢᠷᠠᠭᠤᠯᠤᠯᠲᠠ᠂ ᠡᠳ᠋ ᠤᠨ ᠵᠠᠰᠠᠭ ᠤᠨ ᠲᠥᠰᠦᠪ ᠤᠨ ᠬᠥᠢᠴᠡᠳᠬᠡᠯ᠂ 2020 ᠣᠨ ᠤ ᠡᠳ᠋ ᠤᠨ ᠵᠠᠰᠠᠭ | ᠤᠨ ᠲᠥᠰᠦᠪ ᠤᠨ ᠲᠣᠬᠢᠷᠠᠭᠤᠯᠤᠯᠲᠠ ᠵᠡᠷᠭᠡ ᠮᠡᠳᠡᠭᠦᠯᠦᠯᠲᠡ ᠶᠢ ᠬᠠᠤᠯᠢ ᠶᠣᠰᠣᠭᠠᠷ ᠬᠢᠨᠠᠨ ᠪᠠᠶᠢᠴᠠᠭᠠᠵᠤ | ᠵᠥᠪᠰᠢᠶᠡᠷᠡᠪᠡ᠃ 2020 ᠣᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠥ᠂ 2019 ᠣᠨ ᠤ ᠬᠤᠰᠢᠭᠤ ᠲᠡᠰ ᠤᠨ ᠡᠳ᠋ ᠤᠨ ᠵᠠᠰᠠᠭ ᠤᠨ | ᠲᠥᠰᠦᠪ ᠤᠨ ᠬᠥᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ | ᠠᠵᠢᠯ ᠤᠨ ᠮᠡᠳᠡᠭᠦᠯᠦᠯᠲᠡ ᠵᠢᠴᠢ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠬᠦ ᠶᠢᠨ ᠬᠠᠮᠲᠤ᠂ ᠵᠠᠰᠠᠭ ᠤᠨ | ᠣᠷᠳᠣᠨ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠠᠷᠤᠯᠭ᠎ᠠ ᠶᠢᠨ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠬᠤ ᠶᠢ ᠱᠠᠭᠠᠷᠲᠠᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠥᠷᠢ ᠥᠭᠴᠡᠬᠡᠨ ᠤ | ᠬᠠᠮᠢᠶᠠᠷᠤᠯᠲᠠ ᠬᠢᠭᠡᠳ ᠠᠶᠥᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠲᠡᠬᠡᠭᠰᠢᠯᠡᠬᠦᠯᠥᠭᠰᠡᠨ ᠪᠠᠶᠢᠨ᠎ᠠ᠃ ᠬᠤᠰᠢᠭᠤ ᠵᠠᠰᠠᠭ ᠤᠨ | ᠣᠷᠳᠣᠨ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠠᠷᠭ᠎ᠠ ᠶᠢ ᠲᠣᠭᠲᠠᠭᠠᠨ | ᠨᠡᠶᠢᠲᠡᠯᠡᠵᠦ᠂ ᠠᠩᠬ᠎ᠠ ᠤᠳᠠᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠶᠡᠷᠦᠩᠬᠡᠶᠢᠯᠡᠭᠰᠡᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠵᠠᠰᠠᠭ ᠤᠨ ᠣᠷᠳᠣᠨ ᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠶᠢ ᠱᠠᠭᠠᠷᠲᠠᠵᠥ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠲᠥᠷᠢᠮᠵᠢᠬᠦᠯᠥᠨ ᠢᠯᠡ | ᠲᠤᠲᠤ ᠪᠤᠯᠭᠠᠬᠤ ᠶᠢ ᠠᠬᠢᠭᠤᠯᠤᠭᠰᠠᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ | ᠤᠨ ᠰᠦᠯᠵᠢᠶᠡᠨ ᠳᠠᠬᠢ ᠬᠢᠨᠠᠯᠲᠠ ᠲᠠᠯᠪᠢᠬᠤ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠲᠥᠰᠦᠪ ᠪᠠ ᠲᠥᠰᠦᠪ ᠤᠨ ᠭᠦᠢᠴᠡᠳᠬᠡᠯ ᠤᠨ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠪᠠ ᠲᠥᠰᠦᠪ ᠢ | ᠭᠦᠢᠴᠡᠳᠬᠡᠭᠰᠡᠨ ᠪᠠᠶᠢᠳᠠᠯ ᠳᠤ ᠴᠠᠭ ᠲᠤᠬᠠᠶ ᠳᠤᠨᠢ ᠬᠢᠨᠠᠯᠲᠠ ᠲᠠᠯᠪᠢᠬᠤ ᠶᠢ ᠴᠢᠩᠭᠠᠳᠬᠠᠪᠠ᠃ ᠣᠷᠣᠨ ᠨᠤᠲᠤᠭ ᠤᠨ | ᠮᠥᠩᠭᠦᠨ ᠭᠥᠢᠯᠬᠡᠬᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠥᠬᠡᠶᠢᠰᠬᠡᠬᠦ ᠪᠠᠶᠢᠳᠠᠯ ᠳᠤ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠣᠷᠳᠣᠨ ᠠᠴᠠ ᠮᠥᠩᠭᠦᠨ ᠬᠥᠢᠯᠬᠡᠬᠡᠨ ᠤ ᠠᠶᠤᠯ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠡᠵᠡᠮᠲᠡᠬᠦ ᠶᠢ ᠰᠠᠨᠠᠭᠤᠯᠵᠥ᠂ ᠪᠣᠳᠠᠲᠤ ᠴᠣᠭᠴᠠ ᠶᠢᠨ ᠠᠵᠤ ᠠᠬᠤᠶ ᠳᠤ ᠤᠶᠢᠯᠡᠴᠢᠯᠡᠨ᠂ | ᠪᠥᠬᠦ ᠬᠤᠰᠢᠭᠤᠨ ᠤ ᠴᠢᠨᠠᠷᠯᠢᠭ ᠬᠥᠭᠵᠢᠯᠲᠡ ᠳᠤ ᠮᠥᠩᠭᠦᠨ ᠬᠥᠢᠯᠬᠡᠬᠡᠨ ᠤ ᠪᠠᠲᠤᠯᠭ᠎ᠠ ᠪᠠ ᠤᠶᠢᠯᠡᠴᠢᠯᠡᠭᠡ | ᠬᠠᠩᠭᠠᠭᠰᠠᠨ ᠪᠠᠶᠢᠨ᠎ᠠ᠃ | ︵ᠬᠤᠶᠠᠷ︶ ᠡᠬᠡ ᠪᠠᠶᠢᠭᠠᠯᠢ ᠶᠢᠨ ᠬᠠᠮᠠᠭᠠᠯᠠᠯᠲᠠ ᠶᠢᠨ ᠲᠣᠭᠤᠷᠢᠨ ᠳᠤ ᠬᠢᠨᠠᠯᠲᠠ ᠲᠠᠯᠪᠢᠵᠥ᠂ ᠠᠮᠢ ᠠᠬᠤᠶ ᠶᠢᠨ | ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠲᠥᠯᠬᠢᠨ ᠠᠬᠢᠭᠤᠯᠬᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠳᠠᠭᠠᠵᠤ᠂ ᠠᠮᠢ ᠠᠬᠤᠶ | ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ᠂ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠬᠤ | ᠪᠠᠷ ᠬᠢᠨᠠᠯᠲᠠ ᠲᠠᠯᠪᠢᠬᠤ ᠭᠤᠣᠯᠳᠠᠯᠭ᠎ᠠ ᠪᠣᠯᠭᠠᠵᠤ᠂ ᠪᠥᠬᠦ ᠬᠤᠰᠢᠭᠤᠨ ᠤ ᠪᠣᠬᠢᠷᠲᠤᠯ ᠥᠬᠡᠶ ᠠᠭᠤᠷᠬᠠᠶ ᠶᠢᠨ | ᠪᠠᠶᠢᠭᠤᠯᠤᠯᠲᠠ᠂ ᠮᠠᠯ ᠪᠡᠯᠴᠢᠭᠡᠷ ᠢ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠪᠠᠶᠢᠳᠠᠯ ᠳᠤ | ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠡᠨᠢᠬᠦᠯᠥᠨ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠ ᠬᠠᠮᠠᠭᠠᠯᠠᠬᠤ ᠪᠥᠬᠦ ᠶᠠᠪᠤᠴᠠ ᠳᠤ ᠦᠨᠡᠨᠬᠦ ᠲᠤᠤᠱᠯᠠᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠴᠢᠳᠠᠮᠵᠢ ᠪᠠ ᠤᠶᠢᠯᠡᠳᠪᠥᠷᠢᠯᠡᠯ ᠤᠨ ᠴᠢᠳᠠᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠪᠣᠬᠢᠷᠲᠤᠯ ᠥᠬᠡᠶ ᠬᠥᠭᠵᠢᠯᠲᠡ ᠶᠢᠨ ᠬᠢᠷᠢ ᠬᠡᠮᠵᠢᠶ᠎ᠡ ᠶᠢ ᠴᠢᠷᠮᠠᠶᠢᠨ ᠲᠡᠬᠡᠭᠰᠢᠯᠡᠬᠦᠯᠬᠦ ᠶᠢ ᠱᠠᠭᠠᠷᠲᠠᠪᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ | ᠬᠠᠮᠵᠢᠯᠴᠠᠨ ᠨᠤᠲᠤᠭ ᠪᠡᠯᠴᠢᠭᠡᠷ ᠤᠨ ᠬᠠᠤᠯᠢ᠂ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠮᠠᠯ ᠪᠡᠯᠴᠢᠭᠡᠷ ᠢ ᠲᠡᠩᠴᠡᠭᠦᠷᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠤᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠶᠢ | ᠥᠷᠨᠢᠭᠦᠯᠵᠦ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠪᠣᠳᠠᠲᠠᠶ ᠰᠠᠨᠠᠯ ᠰᠠᠨᠠᠭᠤᠯᠭ᠎ᠠ | ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠥᠨᠲᠥᠷ ᠥᠨᠡᠯᠡᠯᠯᠲᠠ ᠶᠢ ᠣᠯᠵᠤ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠠᠵᠢᠯ ᠳᠤ | ᠠᠰᠢᠭᠲᠠᠶ ᠥᠨᠲᠥᠰᠥᠯᠡᠯ ᠬᠠᠩᠭᠠᠭᠰᠠᠨ ᠪᠠᠶᠢᠨ᠎ᠠ᠃ | ︵ᠭᠤᠷᠪᠠ︶ ᠠᠷᠠᠳ ᠤᠨ ᠠᠮᠢᠳᠤᠷᠠᠯ ᠤᠨ ᠲᠤᠭᠤᠷᠢᠨ ᠳᠤ ᠬᠢᠨᠠᠯᠲᠠ ᠲᠠᠯᠪᠢᠵᠥ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠠᠩᠬᠠᠷᠤᠨ᠂ ᠲᠤᠰ ᠵᠢᠯ ᠤᠨ ᠲᠤᠷᠰᠢ᠂ ᠬᠤᠰᠢᠭᠤ᠂ ᠰᠤᠮᠤ | ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠬᠡᠯᠡᠭᠴᠢ ᠶᠢ ᠵᠣᠬᠢᠶᠠᠨ ᠪᠠᠶᠢᠭᠤᠯᠤᠨ1.2 ᠲᠦᠮᠡᠨ ᠰᠣᠩᠭᠤᠭᠤᠯᠢ | ᠶᠢᠨ ᠠᠷᠠᠳ ᠢ ᠰᠤᠷᠪᠤᠯᠵᠢᠯᠠᠵᠤ᠂ 2.2 ᠲᠦᠮᠡᠨ ᠵᠤᠷᠪᠤᠰ ᠰᠠᠨᠠᠭᠤᠯᠭ᠎ᠠ ᠶᠢ ᠴᠤᠭᠯᠠᠭᠤᠯᠤᠨ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠳᠡᠬᠦ ᠠᠴᠠ ᠡᠮᠦᠨ᠎ᠡ ᠲᠤᠰ ᠵᠢᠯ ᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠰᠠᠨᠠᠭᠤᠯᠭ᠎ᠠ ᠶᠢ ᠴᠤᠭᠯᠠᠭᠤᠯᠬᠤ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠡᠵᠡᠮᠰᠢᠵᠥ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠤᠶᠢᠯᠭᠠᠨ᠂ ᠵᠠᠰᠠᠭ ᠤᠨ ᠣᠷᠳᠣᠨ ᠤ | ᠲᠣᠰ ᠵᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ | ᠲᠣᠭᠲᠠᠭᠠᠬᠤ ᠳᠤ ᠪᠥᠬᠦ ᠲᠠᠯ᠎ᠠ ᠶᠢᠨ ᠰᠠᠭᠤᠷᠢ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃ ᠬᠤᠰᠢᠭᠤ ᠠᠷᠪᠠᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠲᠠᠭᠠᠨ ᠤ | ᠬᠤᠷᠠᠯ ᠠᠴᠠ ᠪᠢᠯᠧᠲ ᠥᠭᠴᠦ ᠲᠣᠭᠲᠠᠭᠠᠭᠰᠠᠨ 5 ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠪᠠᠶᠢᠩᠭᠤ | ᠶᠢᠨ ᠬᠤᠷᠢᠶ᠎ᠠ ᠠᠴᠠ ︽1+3︾ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠵᠦ᠂ ᠲᠥᠯᠥᠬᠡᠯᠡᠭᠴᠢ | ᠵᠣᠬᠢᠶᠠᠨ ᠪᠠᠶᠢᠭᠤᠯᠤᠨ 6 ᠤᠲᠠᠭᠠᠨ ᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ 5 ᠤᠲᠠᠭᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠦᠷᠦᠯ ᠵᠦᠢᠯ ᠤᠨ ᠥᠨᠳᠥᠷ ᠥᠷᠢ ᠪᠥᠲᠥᠮᠵᠢᠲᠤ ᠠᠵᠢᠯ ᠤᠨ ᠠᠬᠢᠴᠠ ᠶᠢ ᠪᠠᠲᠤᠯᠠᠵᠠᠢ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠤᠯᠤᠨ ᠬᠥᠳᠡᠭᠡ ᠲᠣᠰᠬᠤᠨ ᠢ | ᠭᠥᠭᠵᠢᠬᠦᠯᠥᠨ ᠮᠠᠨᠲᠤᠭᠤᠯᠬᠤ ᠠᠵᠢᠯ ᠢ ᠪᠦᠲᠦᠮᠵᠢᠲᠡᠶ ᠵᠠᠯᠭᠠᠬᠤ᠂ ᠠᠵᠢᠯ ᠣᠯᠭᠤᠯᠲᠠ ᠬᠢᠭᠡᠳ ᠨᠡᠶᠢᠭᠡᠮ ᠤᠨ | ᠪᠠᠲᠤᠯᠠᠭ᠎ᠠ᠂ ᠮᠣᠩᠭᠤᠯ ᠡᠮ ᠡᠮᠨᠡᠯᠭᠡ ᠶᠢᠨ ᠤᠶᠢᠯᠡᠰ ᠤᠨ ᠬᠥᠭᠵᠢᠯᠲᠡ ᠶᠢᠨ ᠪᠠᠶᠢᠳᠠᠯ ᠳᠤ ᠲᠤᠰᠬᠠᠶ ᠰᠡᠳᠦᠪᠲᠦ | ᠪᠠᠶᠢᠴᠠᠭᠠᠨ ᠰᠤᠳᠤᠯᠤᠯᠲᠠ ᠬᠢᠵᠦ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠬᠥᠳᠡᠯᠮᠦᠷᠢ ᠨᠡᠶᠢᠭᠡᠮ ᠤᠨ | ᠪᠠᠲᠤᠯᠠᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠢᠴᠢ | ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ | ᠰᠠᠶᠢᠵᠢᠷᠠᠭᠤᠯᠬᠤ ᠰᠠᠨᠠᠯ ᠵᠥᠪᠯᠡᠯᠯᠬᠡ ᠶᠢ ᠳᠤᠷᠠᠳᠪᠠ᠃ ᠤᠯᠠᠨ ᠲᠦᠮᠡᠨ ᠤ ᠨᠥᠯᠥᠬᠡ ᠶᠡᠭᠡ ᠲᠠᠢ ᠶᠡᠷᠢᠶ᠎ᠠ ᠬᠡᠯᠡᠯᠴᠡᠬᠡᠨ | ᠤ ᠠᠰᠠᠭᠤᠲᠠᠯ ᠳᠤ ᠲᠥᠪᠯᠡᠷᠡᠭᠦᠯᠵᠦ᠂ ᠬᠡᠰᠡᠭ ᠲᠥᠯᠥᠬᠡᠯᠡᠭᠴᠢ ᠶᠢ ᠵᠤᠬᠢᠶᠠᠨ ᠪᠠᠶᠢᠭᠤᠯᠵᠤ ᠮᠢᠩᠭᠠᠨᠲᠤ ᠪᠠᠯᠭᠠᠰᠤᠨ ᠤ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠤᠶᠢᠯ ᠳᠤ ᠲᠤᠰᠬᠠᠶ | ᠰᠡᠲᠤᠪᠲᠤ ᠯᠠᠪᠯᠠᠨ ᠠᠰᠠᠭᠤᠯᠲᠠ ᠶᠢ ᠥᠷᠨᠢᠬᠦᠵᠥ᠂ ᠨᠡᠶᠢᠬᠡᠮ ᠨᠡᠶᠢᠲᠠ ᠶᠢᠨ ᠬᠠᠯᠠᠮᠰᠢᠯ ᠢ ᠢᠲᠡᠪᠬᠢᠲᠠᠢ ᠲᠤᠰᠬᠠᠪᠠ᠃ | ︵ᠳᠥᠷᠪᠡ︶ ᠬᠠᠤᠯᠢ ᠬᠡᠷᠡᠭᠵᠢᠭᠦᠯᠬᠦ ᠶᠢᠨ ᠲᠣᠭᠤᠷᠢᠨ ᠳᠤ ᠬᠢᠨᠠᠯᠲᠠ ᠲᠠᠯᠪᠢᠵᠥ᠂ ᠬᠠᠤᠯᠢᠵᠢᠯ ᠤᠨ ᠰᠢᠯᠥᠭᠤᠨ | ᠬᠥᠪᠡᠬᠡᠲᠤ ᠴᠠᠭᠠᠨ ᠬᠤᠰᠢᠭᠤᠨ ᠤ ᠪᠠᠶᠢᠭᠤᠯᠤᠯᠲᠠ ᠶᠢ ᠠᠬᠢᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ | ᠮᠡᠳᠡᠭᠦᠯᠦᠯᠲᠡ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠤᠨ ᠬᠢᠨᠠᠨ ᠵᠥᠪᠯᠡᠵᠦ᠂ ᠬᠠᠤᠯᠢᠵᠢᠯ ᠤᠨ ᠰᠢᠯᠥᠭᠤᠨ ᠬᠥᠪᠡᠬᠡᠲᠤ | ᠴᠠᠭᠠᠨ ᠬᠤᠰᠢᠭᠤᠨ ᠤ ᠪᠠᠶᠢᠭᠤᠯᠤᠯᠲᠠ ᠶᠢᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠶ ᠲᠤᠤᠱᠯᠠᠭᠤᠯᠤᠨ ᠨᠠᠶᠢᠲᠠᠪᠥᠷᠢᠵᠢᠭᠤᠯᠬᠤ ᠶᠢ ᠱᠠᠭᠠᠷᠲᠠᠨ᠂ ᠬᠠᠤᠯᠢ ᠪᠠᠷ | ᠵᠠᠰᠠᠬᠤ ᠤᠬᠠᠭᠤᠯᠭ᠎ᠠ ᠶᠢᠨ ᠠᠵᠢᠯ ᠢ ᠲᠠᠰᠤᠷᠠᠯᠲᠠ ᠥᠬᠡᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠵᠥ᠂ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠠᠶᠢᠨ᠎ᠠ᠃ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠵᠢᠴᠢ ᠮᠠᠨ ᠤ ᠣᠷᠣᠨ ᠳᠤ | ᠬᠡᠷᠡᠭᠵᠢᠬᠦᠯᠵᠥ ᠠᠷᠭ᠎ᠠ ᠶᠢᠨ ᠬᠠᠤᠯᠢ ᠬᠡᠷᠡᠭᠵᠢᠭᠦᠯᠥᠭᠰᠡᠨ ᠪᠠᠶᠢᠴᠠᠭᠠᠯᠲᠠ ᠶᠢ ᠥᠷᠨᠢᠭᠦᠯᠵᠦ᠂ ᠬᠠᠮᠢᠶ᠎ᠠ ᠪᠥᠬᠦᠶ ᠬᠠᠤᠯᠢ | ᠬᠡᠷᠡᠭᠵᠢᠭᠦᠯᠬᠦ ᠨᠢᠭᠡᠴᠡ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠬᠠᠮᠢᠶᠠᠷᠬᠤ ᠠᠵᠢᠯ ᠢ ᠲᠠᠰᠤᠷᠠᠯᠲᠠ | ᠥᠬᠡᠶ ᠴᠢᠩᠭᠠᠳᠬᠠᠵᠥ᠂ ᠪᠥᠬᠦ ᠬᠤᠰᠢᠭᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ | ᠢ ᠶᠡᠷᠦᠩᠬᠡᠶᠢᠯᠡᠨ ᠰᠡᠷᠬᠡᠶᠢᠯᠡᠵᠥ ᠡᠵᠡᠮᠳᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠷᠠᠳ | ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠱᠠᠭᠠᠷᠲᠠᠪᠠ᠃ ᠪᠢᠴᠢᠭ ᠮᠠᠲ᠋ᠧᠷᠢᠶᠠᠯ ᠢ | ᠲᠠᠩᠰᠠᠯᠠᠨ ᠬᠢᠨᠠᠬᠤ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 1 ᠬᠤᠪᠢ ᠲᠥᠷᠢᠮᠵᠢᠭᠰᠡᠨ ᠪᠢᠴᠢᠭ ᠮᠠᠲ᠋ᠧᠷᠢᠶᠠᠯ ᠢ ᠲᠠᠩᠰᠠᠯᠠᠭᠤᠯᠪᠠ | ᠃ | ᠭᠤᠷᠪᠠ᠂ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠲᠥᠯᠥᠬᠡᠯᠡᠭᠴᠢ ᠶᠢᠨ ᠠᠵᠢᠯ ᠤᠨ ᠠᠮᠢᠳᠤᠯᠢᠭ | ᠬᠦᠴᠦᠨ ᠢ ᠥᠨᠡᠨᠬᠦ ᠴᠢᠩᠭᠠᠳᠬᠠᠪᠠ | ᠲᠥᠯᠥᠬᠡᠯᠡᠭᠴᠢ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠲᠥᠯᠥᠬᠡᠯᠡᠭᠴᠢ ᠶᠢᠨ ᠠᠵᠢᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠠᠭᠤᠷᠢ ᠪᠣᠯᠭᠠᠨ ᠠᠳᠬᠤᠬᠤ ᠶᠢ ᠪᠠᠷᠢᠮᠲᠠᠯᠠᠵᠤ᠂ | ᠠᠵᠢᠯ ᠤᠨ ᠲᠤᠭᠲᠠᠴᠠ ᠶᠢ ᠲᠠᠰᠤᠷᠠᠯᠲᠠ ᠥᠬᠡᠢ ᠲᠡᠬᠦᠯᠲᠡᠷᠵᠢᠬᠦᠯᠥᠨ᠂ ᠲᠥᠯᠥᠬᠡᠯᠡᠭᠴᠢ ᠶᠢᠨ ᠠᠵᠢᠯᠯᠠᠭᠠᠨ ᠤ | ᠪᠣᠳᠠᠲᠤ ᠦᠷ᠎ᠡ ᠪᠦᠲᠦᠮᠵᠢ ᠶᠢ ᠲᠡᠬᠡᠭᠰᠢᠯᠡᠬᠦᠵᠥ᠂ ᠲᠥᠯᠥᠬᠡᠯᠡᠭᠴᠢ ᠶᠢᠨ ᠬᠠᠤᠯᠢ ᠶᠣᠰᠣᠭᠠᠷ ᠡᠬᠦᠷᠬᠡ ᠲᠤᠰᠢᠶᠠᠯ ᠢᠶᠠᠨ | ᠭᠦᠢᠴᠡᠳᠬᠡᠬᠦ ᠶᠢ ᠲᠡᠮᠵᠢᠨ ᠪᠠᠲᠤᠯᠠᠪᠠ᠃ | ︵ᠨᠢᠭᠡ︶ ᠤᠯᠤᠰ ᠲᠦᠷᠦ ᠥᠵᠡᠯ ᠰᠠᠨᠠᠭᠠᠨ ᠤ ᠬᠥᠮᠦᠵᠢᠯ ᠪᠠ ᠡᠬᠦᠷᠬᠡ ᠲᠤᠰᠢᠶᠠᠯ ᠢᠶᠠᠨ ᠭᠦᠢᠴᠡᠳᠬᠡᠬᠦ ᠪᠤᠯᠪᠠᠰᠤᠷᠠᠯ | ᠢ ᠴᠢᠩᠭᠠᠳᠬᠠᠵᠤ᠂ ᠲᠥᠯᠥᠬᠡᠯᠡᠭᠴᠢ ᠶᠢᠨ ᠡᠬᠦᠷᠬᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠲᠡᠬᠡᠭᠰᠢᠯᠡᠬᠦᠯᠪᠡ᠃ | ︽ᠤᠷᠢᠵᠤ ᠠᠪᠴᠢᠷᠠᠬᠤ︾᠂ ︽ᠭᠠᠳᠠᠭᠰᠢ ᠭᠠᠷᠬᠤ︾ ᠶᠢ ᠤᠶᠠᠯᠲᠤᠭᠤᠯᠤᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠢ ᠤᠷᠢᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠣᠨᠣᠯ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠮᠡᠳᠡᠭᠡ ᠵᠠᠩᠭᠢ ᠪᠠ ︽ᠢᠷᠭᠡᠨ ᠤ ᠬᠠᠤᠯᠢ ᠶᠢᠨ ᠪᠢᠴᠢᠭ︾ ᠤᠨ ᠬᠠᠮᠢᠶ᠎ᠠ ᠪᠥᠬᠦᠶ ᠮᠡᠳᠡᠯᠭᠡ ᠶᠢᠨ | ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠪᠠᠶᠢᠭᠤᠯᠭ᠎ᠠ ᠪᠡ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠥᠯᠥᠬᠡᠯᠡᠭᠴᠢ ᠶᠢᠨ ᠡᠭᠦᠷᠭᠡ ᠲᠤᠰᠢᠶᠠᠯ ᠢᠶᠠᠨ ᠬᠥᠢᠴᠡᠳᠬᠡᠬᠦ ᠴᠢᠳᠠᠪᠤᠷᠢ᠂ ᠶᠡᠷᠦᠩᠬᠡᠶ ᠬᠡᠪ ᠪᠣᠯᠪᠠᠰᠤᠷᠠᠯ ᠪᠠ ᠠᠵᠢᠯ | ᠤᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠬᠦᠨ ᠪᠠ ᠬᠡᠰᠡᠭ | ᠲᠥᠯᠥᠬᠡᠯᠡᠭᠴᠢ ᠶᠢ ᠵᠣᠬᠢᠶᠠᠨ ᠪᠠᠶᠢᠭᠤᠯᠤᠨ ᠭᠦᠢᠵᠧᠦ ᠮᠤᠵᠢ ᠶᠢᠨ ᠽᠦᠨ ᠢ ᠬᠤᠲᠠ ᠳᠤ ︽ᠤᠭ ᠰᠠᠨᠠᠭ᠎ᠠ ᠪᠠᠨ | ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠰᠡᠲᠤᠪᠲᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠩᠭᠢ ᠶᠢ ᠡᠷᠬᠢᠯᠡᠵᠥ᠂ ᠨᠠᠮ ᠤᠨ ᠭᠡᠷᠡᠯ ᠰᠠᠴᠤᠷᠠᠩᠭᠤᠶ ᠲᠡᠦᠬᠡ᠂ ᠠᠭᠤᠤ ᠶᠡᠭᠡ | ᠠᠮᠵᠢᠯᠲᠠ ᠪᠦᠲᠦᠮᠵᠢ ᠪᠠ ᠰᠢᠯᠢᠳᠡᠭ ᠰᠤᠷᠲᠠᠯ ᠢ ᠭᠦᠨᠵᠡᠭᠡᠶ ᠤᠢᠢᠯᠠᠭᠠᠨ ᠵᠥᠪ ᠢᠶᠠᠷ ᠲᠠᠨᠢᠵᠤ᠂ ᠳᠤᠮᠳᠠᠳᠤ ᠤᠯᠤᠰ | ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠢᠲᠡᠭᠡᠯ᠂ ᠵᠠᠮ ᠤᠨ ᠢᠲᠡᠭᠡᠯ᠂ ᠪᠠᠶᠢᠭᠤᠯᠤᠯ ᠤᠨ ᠢᠲᠡᠭᠡᠯ | ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠦᠨ᠂ ᠽᠦᠨ ᠢ ᠶᠢᠨ ᠬᠤᠷᠠᠯᠳᠤᠭᠠᠨ ᠤ ᠵᠣᠷᠢᠭ ᠰᠠᠨᠠᠭ᠎ᠠ ᠶᠢ | ᠪᠠᠳᠠᠷᠠᠭᠤᠯᠤᠨ ᠳᠡᠯᠭᠡᠷᠡᠭᠦᠯᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ | ᠤᠷᠬᠢᠯᠥᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ 2020 ᠤᠨ ᠤ ᠤᠯᠤᠰ ᠤᠨ ᠨᠢᠬᠡᠲᠤᠯᠲᠠᠢ | ᠨᠠᠶᠢᠷᠠᠭᠤᠯᠤᠭᠰᠠᠨ ᠵᠢᠭᠠᠬᠤ ᠮᠠᠲ᠋ᠧᠷᠢᠢᠶᠠᠯ ᠢ ᠬᠡᠷᠡᠭᠯᠡᠬᠦ ᠡᠬᠢᠨ ᠤ ᠬᠤᠭᠤᠴᠠᠭᠠᠨ ᠳᠤ ᠡᠷᠬᠢᠯᠡᠵᠥ ᠶᠠᠪᠤᠭᠲᠠᠭᠤᠯᠤᠭᠰᠠᠨ | ᠲᠥᠯᠥᠬᠡᠯᠡᠭᠴᠢ ᠶᠢᠨ ᠪᠤᠯᠪᠠᠰᠤᠷᠠᠯ ᠳᠤ ᠤᠷᠤᠯᠴᠠᠭᠰᠠᠨ ᠬᠡᠰᠡᠭ ᠬᠤᠰᠢᠭᠤ ᠲᠡᠰ ᠤᠨ ᠠᠷᠠᠳ ᠤᠨ ᠲᠥᠯᠥᠬᠡᠯᠡᠭᠴᠢ | ᠨᠡᠷ᠎ᠡ ᠬᠤᠯᠪᠤᠭᠠᠯᠠᠭᠰᠠᠨ ᠵᠠᠬᠢᠲᠠᠯ ᠢᠶᠠᠨ ᠬᠤᠰᠢᠭᠤ ᠨᠠᠮ ᠤᠨ ᠬᠤᠷᠢᠶ᠎ᠠ ᠪᠠ ᠬᠤᠰᠢᠭᠤ ᠠᠷᠠᠳ ᠤᠨ ᠲᠥᠯᠥᠬᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠡᠪᠰᠢᠯᠡᠬᠦᠯᠬᠦ ᠶᠢᠨ ᠬᠠᠮᠲᠤ ᠸᠢᠴᠠᠲ ᠤᠨ ᠴᠤᠭᠯᠠᠷᠠᠯ ᠳᠤ | ᠲᠠᠷᠬᠠᠭᠰᠠᠨ ᠪᠠᠶᠢᠨ᠎ᠠ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠠᠴᠠ ᠴᠢᠬᠤᠴᠢᠯᠠᠨ ᠥᠵᠡᠵᠥ᠂ ᠲᠠᠷᠤᠶᠢᠬᠠᠨ | ᠪᠤᠯᠪᠠᠰᠤᠷᠠᠯ ᠤᠨ ᠠᠩᠬᠢ ᠳᠤ ︽ᠪᠥᠬᠦ ᠤᠷᠤᠨ ᠤ ᠥᠨᠲᠥᠰᠥᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ | ᠨᠢᠬᠡᠲᠤᠭᠡᠷ ᠤᠨ ᠪᠠ ᠠᠩᠬ᠎ᠠ ᠵᠡᠷᠬᠡ ᠶᠢᠨ ᠲᠤᠮᠲᠠᠲᠤ ᠰᠤᠷᠭᠠᠭᠤᠯᠢ ᠶᠢᠨ ᠨᠢᠬᠡᠲᠥᠬᠡᠷ ᠤᠨ ᠳᠤ ᠤᠯᠤᠰ ᠤᠨ | ᠨᠢᠬᠡᠲᠤᠯᠲᠠᠢ ᠨᠠᠶᠢᠷᠡᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ᠬᠡᠷᠡᠭᠵᠢᠬᠦᠯᠬᠦ | ᠲᠥᠰᠤᠯ︾ ᠢ ᠤᠯᠠᠮᠵᠢᠯᠡᠨ ᠰᠤᠷᠤᠯᠴᠠᠭᠤᠯᠬᠤ ᠬᠠᠮᠲᠤ ᠨᠡᠷ᠎ᠡ ᠬᠤᠯᠪᠤᠭᠠᠯᠠᠭᠰᠠᠨ ᠲᠥᠯᠥᠬᠡᠯᠡᠭᠴᠢ ᠨᠢᠬᠡᠪᠤᠷᠢ ᠲᠠᠢ | ᠭᠥᠮᠥᠵᠢᠯ ᠢᠳᠬᠠᠯ ᠬᠢᠵᠥ᠂ ᠰᠠᠭᠤᠲᠠᠯ ᠤᠨ ᠬᠤᠷᠠᠯ ᠡᠷᠬᠢᠯᠡᠨ ᠲᠠᠬᠢᠨᠲᠠ ᠥᠵᠡᠯ ᠰᠠᠨᠠᠭᠠᠨ ᠤ ᠬᠥᠮᠥᠵᠢᠯ | ᠬᠥᠷᠲᠡᠬᠡᠵᠥ᠂ ᠪᠥᠬᠦ ᠬᠤᠰᠢᠭᠤᠨ ᠤ ᠬᠤᠶᠠᠷ ᠱᠠᠲᠤᠨ ᠤ ᠠᠷᠠᠳ ᠤᠨ ᠲᠥᠯᠥᠬᠡᠯᠡᠭᠴᠢ ᠳᠤ ᠲᠥᠷᠥ ᠶᠢᠨ ᠪᠤᠲᠤᠯᠭ᠎ᠠ | ᠶᠢ ᠤᠬᠠᠭᠤᠯᠤᠨ ᠲᠠᠶᠢᠯᠪᠤᠷᠢᠯᠠᠬᠤ ᠪᠡ ᠥᠵᠡᠯ ᠰᠠᠨᠠᠭᠠᠨ ᠤ ᠬᠥᠮᠥᠵᠢᠯ ᠤᠨ ᠠᠵᠢᠯ ᠢ ᠥᠷᠨᠢᠬᠦᠯᠬᠦ ᠪᠠᠷ ᠲᠠᠮᠵᠢᠨ᠂ | ᠤᠯᠠᠨ ᠢᠶᠠᠷ ᠢᠶᠠᠨ ᠤᠯᠠᠮ ᠨᠢᠬᠡ ᠠᠯᠬᠤᠮ ᠥᠵᠡᠯ ᠰᠠᠨᠠᠭ᠎ᠠ ᠪᠠᠨ ᠨᠢᠬᠡᠳᠬᠡᠨ ᠬᠠᠮᠲᠤ ᠶᠢᠨ ᠲᠠᠨᠢᠯᠲᠠ ᠲᠠᠢ ᠪᠤᠯᠵᠥ᠂ | ᠬᠤᠰᠢᠭᠤ ᠨᠠᠮ ᠤᠨ ᠬᠤᠷᠢᠶᠠᠨ ᠤ ᠤᠷᠢᠶᠠᠯᠠᠭ᠎ᠠ ᠶᠢ ᠢᠲᠡᠪᠬᠢᠲᠠᠢ ᠪᠠᠷ ᠲᠠᠭᠠᠵᠥ᠂ ᠥᠷ᠎ᠡ ᠬᠡᠤᠬᠡᠳ ᠢᠶᠠᠨ ᠴᠠᠭ ᠲᠤᠨᠢ | ᠰᠤᠷᠭᠠᠭᠤᠯᠢ ᠳᠤ ᠬᠥᠷᠬᠡᠨ ᠬᠢᠴᠢᠶᠠᠯ ᠤᠷᠤᠭᠤᠯᠵᠥ᠂ ᠲᠥᠯᠥᠬᠡᠯᠡᠭᠴᠢ ᠶᠢᠨ ᠥᠵᠡᠬᠦᠯᠪᠡᠰᠤ ᠵᠤᠬᠢᠬᠤ ᠵᠢᠱᠢᠶᠡᠴᠢ | ᠤᠶᠢᠯᠡᠲᠤᠯ ᠢᠶᠠᠨ ᠪᠠᠲᠠᠷᠠᠭᠤᠯᠵᠥ ᠴᠢᠲᠠᠭᠰᠨ ᠪᠠᠶᠢᠨ᠎ᠠ᠃ | ︵ᠬᠤᠶᠠᠷ︶ ᠲᠥᠯᠥᠬᠡᠯᠡᠭᠴᠢ ᠶᠢᠨ ︽ᠬᠤᠣᠰ ᠬᠠᠷᠢᠯᠴᠠᠭ᠎ᠠ︾ ᠶᠢᠨ ᠠᠵᠢᠯ ᠢ ᠭᠦᠨᠵᠡᠭᠡᠶᠢᠷᠡᠭᠦᠯᠵᠦ᠂ ᠲᠥᠯᠥᠬᠡᠯᠡᠭᠴᠢ | ᠶᠢᠨ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠪᠠ᠃ ᠪᠠᠶᠢᠩᠭᠤ ᠶᠢᠨ | ᠬᠤᠷᠢᠶᠠᠨ ᠤ ᠪᠦᠷᠢᠯᠳᠦᠬᠦᠨ ᠬᠡᠰᠢᠭᠦᠳ ᠤᠨ ᠲᠥᠯᠥᠬᠡᠯᠡᠭᠴᠢ ᠲᠠᠢ ᠬᠠᠷᠢᠯᠴᠠᠬᠤ᠂ ᠲᠥᠯᠥᠬᠡᠯᠡᠭᠴᠢ ᠶᠢᠨ ᠤᠯᠠᠨ | ᠲᠦᠮᠡᠨ ᠲᠠᠢ ᠬᠠᠷᠢᠯᠴᠠᠬᠤ ᠠᠵᠢᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠯᠥᠭᠡᠯᠡᠭᠴᠢᠳ ᠤᠨ | ᠡᠬᠦᠷᠬᠡ ᠲᠤᠰᠢᠶᠠᠯ ᠪᠠᠨ ᠢᠳᠡᠪᠬᠢᠲᠡᠶ ᠭᠦᠢᠴᠡᠳᠬᠡᠬᠦ ᠶᠢ ᠲᠠᠶᠢᠴᠢᠯᠠᠨ᠂ ᠪᠥᠬᠦ ᠵᠢᠯ ᠳᠤ150 ᠭᠠᠷᠤᠢ ᠲᠥᠯᠥᠬᠡᠯᠡᠭᠴᠢ | ᠶᠢ ᠤᠷᠢᠵᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠰᠤᠯᠠ ᠤᠷᠤᠯᠴᠠᠭᠤᠯᠬᠤ᠂ ᠪᠠᠶᠢᠴᠠᠭᠠᠨ | ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠪᠠ᠃ | ᠲᠥᠯᠥᠬᠡᠯᠡᠭᠴᠢ ᠶᠢ ᠵᠣᠬᠢᠶᠠᠨ ᠪᠠᠶᠢᠭᠤᠯᠤᠨ ᠰᠢᠭᠦᠬᠦ ᠬᠤᠷᠢᠶᠠᠨ ᠤ ᠲᠤᠮᠤ ᠶᠡᠭᠡ ᠬᠡᠷᠡᠭ ᠤᠨ ᠰᠢᠭᠦᠯᠲᠡ ᠪᠠ ᠵᠠᠰᠠᠭ | ᠤᠨ ᠣᠷᠳᠣᠨ ᠤ ᠴᠢᠬᠤᠯᠠ ᠬᠡᠷᠡᠭ ᠶᠠᠪᠤᠳᠠᠯ ᠤᠨ ᠰᠤᠨᠤᠰᠤᠨ ᠭᠡᠷᠡᠴᠢᠯᠡᠭᠡ ᠬᠤᠷᠠᠯ ᠳᠤ ᠰᠤᠯᠠ ᠤᠷᠤᠯᠴᠠᠭᠤᠯᠬᠤ ᠶᠢ | ᠪᠠᠷᠢᠮᠲᠠᠯᠠᠵᠤ᠂ ᠲᠥᠯᠥᠬᠡᠯᠡᠭᠴᠢ ᠶᠢᠨ ᠡᠬᠦᠷᠬᠡ ᠲᠤᠰᠢᠶᠠᠯ ᠬᠠ᠊ ᠢᠶᠠᠨ ᠭᠦᠢᠴᠡᠳᠬᠡᠬᠦ ᠠᠷᠭ᠎ᠠ ᠵᠠᠮ ᠢ ᠢᠳᠡᠪᠬᠢᠲᠡᠶ ᠪᠠᠷ | ᠥᠷᠭᠡᠳᠬᠡᠵᠦ᠂ ᠲᠦᠷᠦ ᠶᠢᠨ ᠪᠠᠶᠢᠭᠤᠯᠭ᠎ᠠ ᠶᠢᠨ ᠬᠡᠷᠡᠭ ᠢ ᠭᠤᠣᠯᠴᠢ ᠪᠠᠷ ᠰᠢᠢᠳᠪᠥᠷᠢᠯᠡᠬᠦ᠂ ᠬᠠᠤᠯᠢ ᠶᠢ ᠴᠢᠩᠭ᠎ᠠ | ᠬᠡᠷᠡᠭᠵᠢᠭᠦᠯᠬᠦ ᠶᠢ ᠠᠬᠢᠭᠤᠯᠪᠠ᠃ ︽ᠲᠥᠯᠥᠬᠡᠯᠡᠭᠴᠢ ᠶᠢᠨ ᠠᠵᠢᠯᠯᠠᠭᠠᠨ ᠤ ᠥᠷᠥᠬᠡ︾᠂ ︽ᠲᠥᠯᠥᠬᠡᠯᠡᠭᠴᠢ ᠲᠠᠢ | ᠬᠠᠷᠢᠯᠴᠠᠬᠤ ᠦᠷᠳᠡᠭᠡ︾ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠥᠷᠢᠮᠵᠢᠬᠦᠯᠵᠥ᠂ ᠲᠥᠯᠥᠬᠡᠯᠡᠭᠴᠢ | ᠶᠢᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ᠂ ᠰᠣᠩᠭᠤᠭᠤᠯᠢ ᠶᠢᠨ ᠠᠷᠠᠳ ᠲᠤ ᠦᠢᠯᠡᠴᠢᠯᠡᠬᠦ ᠠᠵᠢᠯ ᠢ | ᠲᠠᠰᠤᠷᠠᠯᠳᠠ ᠦᠭᠡᠢ ᠴᠢᠩᠭᠠᠳᠬᠠᠵᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ | ᠪᠠᠶᠢᠭᠤᠯᠪᠠ᠃ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠬᠠᠪᠰᠤᠷᠤᠨ ᠥᠷᠭᠡᠨ ᠬᠡᠪᠴᠢᠶ᠎ᠡ ᠪᠠᠷ ᠰᠤᠷᠪᠤᠯᠵᠢᠯᠠᠨ ᠪᠠᠶᠢᠴᠠᠭᠠᠨ ᠰᠤᠳᠤᠯᠤᠯᠲᠠ | ᠬᠢᠵᠦ᠂ ᠰᠠᠨᠠᠯ ᠵᠥᠪᠯᠡᠯᠬᠡ ᠴᠤᠭᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠲᠠᠭᠠᠨ ᠤ ᠬᠤᠷᠠᠯᠲᠤᠭᠠᠨᠳᠤ ᠦᠨᠳᠦᠰᠦ | ᠪᠠᠷᠢᠮᠲᠠ ᠲᠠᠢ ᠴᠢᠨᠠᠷᠯᠢᠭ ᠰᠠᠨᠠᠭᠤᠯᠭ᠎ᠠ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠬᠥᠢᠴᠡᠳᠬᠡᠬᠦ ᠳᠤ | ᠥᠨᠳᠥᠷ ᠪᠦᠲᠦᠮᠵᠢᠲᠡᠶ ᠣᠶᠢᠯᠡᠴᠢᠯᠡᠬᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠰᠢᠨ᠎ᠡ ᠲᠢᠲᠡᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠬᠤᠭᠤᠴᠠᠭᠠᠨ ᠳᠤ᠂ ᠲᠥᠯᠥᠭᠡᠯᠡᠭᠴᠢᠳ | ᠵᠢᠵᠢᠬᠦᠷᠯᠡᠬᠦ᠂ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠵᠥ᠂ ᠠᠷᠠᠳ | ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠥᠯᠥᠬᠡᠯᠡᠭᠴᠢ ᠶᠢᠨ ᠨᠠᠮ ᠤᠨ ᠬᠤᠷᠢᠶᠠᠨ ᠤ ᠴᠢᠬᠤᠯᠠ ᠶᠡᠭᠡ | ᠰᠢᠢᠳᠪᠥᠷᠢᠲᠤ ᠪᠤᠲᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠬᠤᠯᠬᠤ ᠡᠬᠦᠷᠬᠡ ᠬᠠᠷᠢᠭᠤᠴᠠᠯᠭ᠎ᠠ ᠪᠠᠨ | ᠬᠥᠢᠴᠡᠳᠬᠡᠬᠦ ᠵᠤᠷᠢᠭ ᠰᠠᠨᠠᠭ᠎ᠠ ᠶᠢ ᠬᠠᠷᠠᠭᠤᠯᠤᠭᠰᠠᠨ ᠪᠠᠶᠢᠨ᠎ᠠ᠃ | ︵ᠭᠤᠷᠪᠠ︶ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠥᠯᠥᠭᠡᠯᠡᠭᠴᠢᠳ ᠤᠨ ᠰᠠᠨᠠᠯ ᠵᠥᠪᠯᠡᠯᠬᠡ ᠶᠢ ᠴᠢᠨᠠᠷ | ᠰᠠᠶᠢᠲᠠᠶ ᠰᠢᠢᠳᠪᠤᠷᠢᠯᠡᠪᠠ᠃ ᠲᠥᠯᠥᠬᠡᠯᠡᠭᠴᠢ ᠶᠢᠨ ᠰᠠᠨᠠᠯ ᠵᠥᠪᠯᠡᠯᠬᠡ ᠶᠢ ᠰᠢᠢᠳᠪᠤᠷᠢᠯᠡᠬᠦ ᠠᠵᠢᠯ ᠢ ᠢᠮᠠᠭᠲᠠ | ᠲᠥᠯᠥᠬᠡᠯᠡᠭᠴᠢ ᠤᠨ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ ᠪᠦᠲᠦᠮᠵᠢᠲᠡᠶ ᠠᠷᠭ᠎ᠠ ᠬᠡᠮᠵᠢᠶ᠎ᠡ | ᠪᠣᠯᠭᠠᠵᠤ᠂ ᠬᠠᠷᠢᠯᠴᠠᠨ ᠬᠠᠷᠢᠯᠴᠠᠬᠤ ᠲᠣᠭᠲᠠᠴᠠ ᠶᠢ ᠢᠳᠡᠪᠬᠢᠲᠡᠶ ᠲᠡᠭᠦᠯᠳᠡᠷᠵᠢᠭᠦᠯᠵᠦ᠂ ᠪᠠᠶᠢᠩᠭᠤ ᠶᠢᠨ ᠬᠤᠷᠢᠶᠠᠨ | ᠤ ᠡᠯ᠎ᠡ ᠡᠷᠬᠢᠯᠡᠭᠴᠢ ᠠᠴᠠ ᠠᠵᠢᠯ ᠢᠶᠠᠨ ᠬᠤᠪᠢᠶᠠᠷᠢᠯᠠᠨ ᠬᠠᠷᠢᠭᠤᠴᠠᠵᠥ᠂ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠠᠶᠢᠭ᠎ᠠ ᠬᠤᠰᠢᠭᠤ ᠳᠠᠷᠤᠭ᠎ᠠ ᠬᠢᠨᠠᠨ ᠪᠠᠶᠢᠴᠠᠭᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯᠲᠠᠨ ᠤ ᠶᠠᠪᠤᠳᠠᠯ ᠤᠨ ᠵᠥᠪᠯᠡᠯ ᠠᠴᠠ ᠱᠠᠯᠠᠪᠲᠡᠨ ᠱᠠᠭᠠᠷᠲᠠᠵᠥ᠂ ᠵᠠᠰᠠᠭ ᠤᠨ ᠣᠷᠳᠣᠨ ᠤ | ᠡᠯ᠎ᠡ ᠡᠷᠬᠡ ᠲᠤᠰᠢᠶᠠᠯᠲᠤ ᠰᠠᠯᠠᠭ᠎ᠠ ᠮᠥᠴᠢᠷ ᠪᠣᠳᠠᠲᠠᠶ ᠰᠢᠢᠳᠪᠥᠷᠢᠯᠡᠨ᠂ ᠰᠢᠢᠳᠪᠥᠷᠢᠯᠡᠭᠰᠡᠨ ᠦᠷ᠎ᠡ ᠳ᠋ᠦᠩ ᠢ ᠰᠠᠯᠠᠭ᠎ᠠ | ᠮᠥᠴᠢᠷ ᠤᠨ ᠲᠤᠰ ᠵᠢᠯ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠲᠣᠭᠲᠠᠴᠠ ᠳᠤ | ᠣᠷᠣᠭᠤᠯᠵᠤ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠭᠤᠷᠪᠠᠳᠤᠭᠠᠷ ᠬᠤᠷᠠᠯᠳᠤᠭᠠᠨ ᠤ ᠬᠤᠭᠤᠴᠠᠭᠠᠨ ᠳᠠᠬᠢ ᠲᠥᠯᠥᠬᠡᠯᠡᠭᠴᠢ ᠤᠨ ᠳᠤᠷᠠᠳᠤᠭᠰᠠᠨ 91 ᠰᠠᠨᠠᠯ | ᠵᠥᠪᠯᠡᠯᠬᠡ ᠳᠤ ᠲᠣᠭᠲᠠᠭᠰᠠᠨ ᠬᠤᠭᠤᠴᠠᠭᠠᠨ ᠳᠤ ᠬᠠᠷᠢᠭᠤᠯᠲᠠ ᠥᠭᠴᠦ᠂ ᠬᠡᠰᠡᠭ ᠠᠷᠠᠳ ᠣᠯᠠᠨ ᠤ ᠠᠩᠬᠠᠷᠤᠯ | ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠲᠦᠪᠡᠭᠲᠡᠶ ᠠᠰᠠᠭᠤᠳᠠᠯ ᠢ ᠪᠦᠲᠦᠮᠵᠢᠲᠡᠶ ᠰᠢᠢᠳᠪᠥᠷᠢᠯᠡᠵᠥ | ᠴᠢᠲᠠᠭᠰᠠᠨ ᠪᠠᠶᠢᠨ᠎ᠠ᠃ | ︵ᠲᠦᠷᠪᠡ︶ ᠲᠤᠰᠢᠶᠠᠯ ᠤᠨ ᠲᠤᠭᠠᠴᠢᠯᠠᠯᠲᠠ ᠶᠢᠨ ᠥᠨᠡᠯᠡᠯᠲᠡ ᠶᠢᠨ ᠠᠵᠢᠯ ᠢ ᠰᠠᠶᠢᠲᠤᠷ ᠠᠳᠬᠤᠵᠤ᠂ | ᠲᠥᠯᠥᠬᠡᠯᠡᠭᠴᠢ ᠶᠢᠨ ᠡᠬᠦᠷᠬᠡ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠬᠡᠯᠡᠭᠴᠢ ᠶᠢᠨ ᠡᠭᠦᠷᠭᠡ ᠲᠤᠰᠢᠶᠠᠯ ᠢᠶᠠᠨ ᠬᠥᠢᠴᠡᠳᠬᠡᠬᠦ | ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠬᠡᠯᠡᠭᠴᠢ ᠪᠠ ᠶᠢᠨ ᠰᠣᠩᠭᠤᠭᠤᠯᠢ ᠶᠢᠨ | ᠠᠷᠠᠳ ᠤᠨ ᠬᠠᠷᠢᠯᠴᠠᠭ᠎ᠠ ᠶᠢ ᠨᠢᠭᠲᠠᠷᠠᠭᠤᠯᠬᠤ ᠶᠢ ᠵᠣᠷᠢᠭᠵᠢᠭᠤᠯᠤᠨ᠂ ᠠᠷᠠᠳ ᠲᠦᠮᠡᠨ ᠳᠤ ᠤᠶᠢᠯᠡᠴᠢᠯᠡᠬᠦ | ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠬᠦ ᠶᠢᠨ ᠲᠥᠯᠥᠭᠡ᠂ ᠪᠥᠬᠦ ᠬᠤᠰᠢᠭᠤᠨ ᠤ ᠬᠤᠶᠠᠷ ᠱᠠᠲᠤᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠬᠡᠯᠡᠭᠴᠢ ᠶᠢ ᠵᠣᠬᠢᠶᠠᠨ ᠪᠠᠶᠢᠭᠤᠯᠵᠤ ᠪᠢᠴᠢᠭᠯᠡᠭᠰᠡᠨ ᠲᠤᠰᠢᠶᠠᠯ | ᠤᠨ ᠮᠡᠳᠡᠭᠦᠯᠦᠯᠲᠡ ᠪᠠ ᠨᠢᠭᠤᠷᠲᠠᠨ ᠰᠠᠭᠤᠬᠤ ᠲᠤᠰᠢᠶᠠᠯ ᠤᠨ ᠮᠡᠲᠡᠬᠦᠯᠥᠯᠲᠡ ᠶᠢ ᠬᠠᠷᠢᠯᠴᠠᠨ ᠤᠶᠠᠯᠲᠤᠭᠤᠯᠵᠥ᠂ | ᠲᠥᠯᠥᠬᠡᠯᠡᠭᠴᠢ ᠶᠢᠨ ᠲᠤᠰᠢᠶᠠᠯ ᠤᠨᠲ᠋ᠤᠭᠠᠴᠢᠯᠠᠯᠲᠠ ᠶᠢᠨ ᠥᠨᠡᠯᠡᠯᠲᠡ ᠶᠢ ᠦᠨᠡᠯᠡᠬᠦ ᠠᠵᠢᠯᠯᠠᠭ᠎ᠠ ᠶᠢ ᠥᠷᠨᠢᠭᠦᠯᠪᠡ᠃ | ᠪᠥᠬᠦ ᠬᠤᠰᠢᠭᠤᠨ ᠤ ᠬᠡᠪᠴᠢᠶᠠᠨ ᠳᠤ ᠨᠡᠶᠢᠲᠡ 83 ᠬᠤᠰᠢᠭᠤ ᠲᠠᠰ ᠤᠨ ᠰᠣᠩᠭᠤᠭᠤᠯᠢ ᠶᠢᠨ ᠲᠣᠭᠤᠷᠢᠭ ᠤᠨ | 107 ᠨᠡᠷ᠎ᠡ ᠲᠥᠯᠥᠬᠡᠯᠡᠭᠴᠢ᠂ 86 ᠰᠤᠮᠤ ᠪᠠᠯᠭᠠᠰᠤᠨ ᠤ ᠲᠡᠰ ᠤᠨ ᠰᠤᠩᠭᠤᠭᠤᠯᠢ ᠶᠢᠨ ᠲᠤᠭᠤᠷᠢᠭ ᠤᠨ 210 | ᠨᠡᠷ᠎ᠡ ᠲᠥᠯᠥᠬᠡᠯᠡᠭᠴᠢ ᠲᠤᠰᠢᠶᠠᠯ ᠤᠨ ᠮᠡᠲᠡᠬᠦᠯᠥᠯᠲᠡ ᠬᠢᠵᠥ᠂᠂ ᠰᠣᠩᠭᠤᠭᠤᠯᠢ ᠶᠢᠨ ᠠᠷᠠᠳ ᠤᠨ ᠠᠰᠠᠭᠤᠯᠲᠠ ᠶᠢ | ᠬᠠᠷᠢᠭᠤᠯᠵᠤ᠂ ᠰᠣᠩᠭᠤᠭᠤᠯᠢ ᠶᠢᠨ ᠠᠷᠠᠳ ᠤᠨ ᠬᠢᠨᠠᠯᠲᠠ ᠶᠢ ᠬᠦᠯᠢᠶᠡᠵᠦ᠂ ᠬᠠᠨᠤᠮᠵᠢ ᠶᠢᠨ ᠬᠡᠮᠵᠢᠶ᠎ᠡ 90% ᠠᠴᠠ | ᠳᠡᠭᠡᠭᠰᠢ ᠭᠦᠷᠦᠭᠰᠡᠨ ᠪᠠᠶᠢᠨ᠎ᠠ᠃ | ᠲᠦᠷᠪᠡ᠂ ᠠᠵᠢᠯᠲᠡᠨ ᠢ ᠴᠢᠩᠭ᠎ᠠ ᠱᠠᠭᠠᠷᠳᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠤᠰ ᠪᠡᠶ᠎ᠡ ᠶᠢᠨ ᠪᠠᠶᠢᠭᠤᠯᠤᠯᠲᠠ ᠶᠢ ᠥᠨᠡᠨᠬᠦ ᠴᠢᠩᠭᠠᠳᠬᠠᠪᠠ | ᠴᠢᠩᠭ᠎ᠠ ᠪᠥᠭᠡᠳ ᠪᠣᠳᠠᠲᠠᠶ ᠪᠠᠷ ᠱᠠᠭᠠᠷᠳᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢ ᠠᠳᠬᠤᠨ ᠬᠡᠪ ᠴᠢᠨᠠᠷ ᠢ | ᠴᠢᠩᠭᠠᠳᠬᠠᠬᠤ᠂ ᠰᠤᠷᠲᠠᠯ ᠢ ᠬᠤᠪᠢᠷᠠᠭᠤᠯᠤᠨ ᠲᠦᠷᠢ ᠲᠥᠷᠬᠦ ᠶᠢ ᠪᠤᠢ ᠪᠣᠯᠭᠠᠬᠤ᠂ ᠦᠢᠯᠡᠴᠢᠯᠡᠭᠡ ᠶᠢ ᠴᠢᠩᠭᠠᠳᠬᠠᠨ | ᠪᠠᠲᠤᠯᠠᠭ᠎ᠠ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠪᠦᠲᠦᠮᠵᠢᠲᠡᠶ ᠪᠠᠷ ᠡᠬᠦᠷᠬᠡ ᠲᠤᠰᠢᠶᠠᠯ ᠢᠶᠠᠨ | ᠭᠦᠢᠴᠡᠳᠬᠡᠬᠦ ᠶᠢ ᠠᠬᠢᠭᠤᠯᠬᠤ ᠳᠤ ᠰᠠᠭᠤᠷᠢ ᠪᠠᠲᠤᠯᠠᠭ᠎ᠠ ᠬᠠᠩᠭᠠᠪᠠ᠃ | ︵ᠨᠢᠭᠡ︶ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠳᠠ ᠦᠭᠡᠢ | ᠭᠦᠨᠵᠡᠭᠡᠶᠢᠷᠡᠬᠦ ᠶᠢ ᠲᠦᠯᠬᠢᠨ ᠠᠬᠢᠭᠤᠯᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠢᠮᠠᠭᠲᠠ ᠪᠠᠶᠢᠷᠢᠨ | ᠳᠤ ᠲᠠᠯᠪᠢᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠬᠡᠯᠪᠡᠷᠢᠴᠢ ᠦᠵᠡᠯ | ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭᠠᠲᠤ | ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠵᠤ᠂ ᠭᠤᠣᠯᠳᠠᠯᠭ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ | ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠲᠠᠮᠵᠢᠨ ᠲᠤᠬᠠᠶᠢᠯᠠᠭᠰᠠᠨ ᠠᠵᠢᠯ ᠢ | ᠠᠬᠢᠭᠤᠯᠬᠤ ᠪᠣᠳᠠᠲᠤ ᠦᠷ᠎ᠡ ᠪᠦᠲᠦᠮᠵᠢ ᠪᠠᠷ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ | ︾ ᠢ ᠪᠠᠲᠤᠳᠬᠠᠬᠤ ᠪᠡ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠥᠭᠰᠡᠨ ᠪᠠᠶᠢᠨ᠎ᠠ᠃ ︽ᠰᠤᠷᠤᠯᠴᠠᠯᠭ᠎ᠠ ᠶᠢ | ᠪᠠᠷᠢᠮᠲᠠᠯᠠᠬᠤ ᠪᠠᠶᠢᠭᠤᠯᠭ᠎ᠠ︾ ᠶᠢᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠲᠦᠷᠦ ᠶᠢᠨ | ᠤᠨᠤᠯ ᠤᠨ ᠰᠤᠷᠤᠯᠴᠠᠯᠭ᠎ᠠ ᠶᠢ ᠲᠤᠪᠤᠶᠢᠯᠭᠠᠨ᠂ ᠣᠯᠤᠯᠲᠠ ᠣᠶᠢᠯᠠᠭᠠᠯᠲᠠ ᠪᠠᠨ ᠰᠣᠯᠢᠯᠴᠠᠬᠤ ᠶᠢ ᠭᠦᠨᠵᠡᠭᠡᠶ | ᠥᠷᠨᠢᠭᠦᠯᠵᠦ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠬᠦᠨ ᠵᠢᠴᠢ ᠪᠠᠶᠢᠭᠤᠯᠭ᠎ᠠ ᠶᠢᠨ ᠺᠠᠳ᠋ᠷᠴᠤᠳ ᠤᠨ | ᠦᠵᠡᠯ ᠰᠠᠨᠠᠭ᠎ᠠ ᠤᠯᠤᠰ ᠲᠦᠷᠦ ᠶᠢᠨ ᠬᠢᠷᠢ ᠬᠡᠮᠵᠢᠶ᠎ᠡ ᠪᠠ ᠡᠬᠦᠷᠬᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠲᠠᠰᠤᠷᠠᠯᠳᠠ ᠦᠭᠡᠢ ᠳᠡᠭᠡᠭᠰᠢᠯᠡᠭᠦᠯᠪᠡ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ | ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠪᠦᠬᠦ ᠲᠠᠯ᠎ᠠ ᠪᠠᠷ ᠭᠦᠨᠵᠡᠭᠡᠶ | ᠰᠤᠷᠤᠯᠴᠠᠨ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠭᠠᠷᠭᠠᠵᠥ᠂ ᠠᠵᠢᠯ ᠤᠨ ᠠᠷᠭ᠎ᠠ ᠬᠡᠯᠪᠡᠷᠢ ᠪᠠᠨ | ᠰᠠᠶᠢᠵᠢᠷᠠᠭᠤᠯᠬᠤ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠥᠨᠡᠨᠬᠦ ᠪᠠᠲᠤᠳᠬᠠᠪᠠ᠃ | ︵ᠬᠤᠶᠠᠷ︶ ᠬᠠᠤᠯᠢ ᠶᠣᠰᠣᠭᠠᠷ ᠡᠬᠦᠷᠬᠡ ᠲᠤᠰᠢᠶᠠᠯ ᠢᠶᠠᠨ ᠭᠦᠢᠴᠡᠳᠬᠡᠬᠦ ᠬᠢᠷᠢ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠪᠡ᠃ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠲᠦᠷᠢᠮ︾ ︽ᠰᠢᠯᠤᠭᠤᠨ ᠬᠥᠪᠡᠭᠡᠲᠦ ᠴᠠᠭᠠᠨ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠲᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠲᠥᠷᠢᠮᠵᠢᠬᠦᠯᠥᠨ᠂ ᠬᠤᠷᠠᠯ | ᠤᠨ ᠦᠷ᠎ᠡ ᠪᠦᠲᠦᠮᠵᠢ ᠪᠠ ᠶᠠᠰᠤ ᠴᠢᠨᠠᠷ ᠢ ᠲᠡᠬᠡᠭᠰᠢᠯᠡᠬᠦᠯᠥᠨ᠂ ᠪᠠᠶᠢᠩᠭᠤ ᠶᠢᠨ ᠬᠤᠷᠢᠶᠠᠨ ᠤ ᠠᠵᠢᠯ ᠢ ᠨᠠᠩ | ᠲᠥᠷᠢᠮᠵᠢᠬᠦᠨ ᠪᠥᠭᠡᠳ ᠥᠨᠳᠥᠷ ᠪᠦᠲᠦᠮᠵᠢᠲᠡᠶ ᠪᠤᠯᠭᠠᠪᠠ᠃ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠭᠦᠳ | ᠤᠨ ᠡᠬᠦᠷᠬᠡ ᠲᠤᠰᠢᠶᠠᠯ ᠢᠶᠠᠨ ᠭᠦᠢᠴᠡᠳᠬᠡᠭᠰᠡᠨ ᠪᠠᠶᠢᠲᠠᠯ ᠤᠨ ᠲᠠᠩᠰᠠᠯᠠᠬᠤ ᠠᠵᠢᠯ ᠤᠨ ᠲᠠᠯ᠎ᠠ ᠲᠡᠬᠡᠷ᠎ᠡ ᠰᠢᠨ᠎ᠡ ᠶᠢ | ᠡᠭᠦᠳᠴᠦ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠬᠦᠳ ᠢ ᠪᠠᠶᠢᠴᠠᠭᠠᠨ ᠰᠤᠳᠤᠯᠤᠯᠲᠠ ᠶᠢᠨ ᠠᠵᠢᠯ ᠢᠶᠠᠨ | ᠭᠦᠢᠴᠡᠳ ᠬᠢᠭᠰᠡᠨ ᠰᠠᠭᠤᠷᠢᠨ ᠳᠡᠭᠡᠷ᠎ᠡ᠂ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠮᠡᠳᠡᠭᠦᠯᠦᠯᠲᠡ ᠶᠢ | ᠬᠢᠨᠠᠮᠠᠭᠠᠶ ᠬᠢᠨᠠᠨ ᠵᠥᠪᠯᠡᠵᠥ᠂ ︽ᠬᠢᠨᠠᠨ ᠵᠥᠪᠯᠡᠭᠰᠡᠨ ᠰᠠᠨᠠᠯ ᠤᠨ ᠬᠦᠰᠦᠨᠦᠭᠲᠦ︾ ᠶᠢ ᠲᠠᠭᠯᠠᠵᠤ᠂ ᠪᠠᠶᠢᠩᠭᠤ ᠶᠢᠨ | ᠬᠤᠷᠢᠶᠠᠨ ᠤ ᠪᠦᠷᠢᠯᠳᠦᠬᠦᠨ ᠬᠡᠰᠢᠬᠦᠳ ᠤᠨ ᠬᠢᠨᠠᠨ ᠵᠥᠪᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠲᠦᠮᠵᠢᠲᠡᠶ | ᠪᠠᠷ ᠳᠡᠭᠡᠭᠰᠢᠯᠡᠭᠦᠯᠬᠦ ᠶᠢ ᠱᠠᠭᠠᠷᠳᠠᠪᠠ᠃ | ︵ᠭᠤᠷᠪᠠ︶ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠲᠠᠪᠬᠢ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠯᠭᠠᠵᠤ᠂ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠳᠡᠮᠵᠢᠬᠦ ᠪᠠ ᠵᠢᠯᠣᠭᠤᠳᠬᠤ ᠠᠵᠢᠯ | ᠢ ᠴᠢᠩᠭᠠᠳᠬᠠᠪᠠ᠃ ᠨᠢᠭᠡ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠠᠴᠠ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠠᠵᠢᠯ ᠢ ᠬᠤᠪᠢᠲᠠᠨ ᠬᠠᠷᠢᠯᠴᠠᠵᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠠ ᠴᠢᠬᠤᠯᠠ ᠶᠡᠭᠡ ᠠᠵᠢᠯᠯᠠᠭ᠎ᠠ ᠶᠢᠨ ᠪᠥᠬᠦ ᠶᠠᠪᠤᠴᠠ ᠳᠤ ᠣᠷᠣᠯᠴᠠᠨ ᠵᠢᠯᠣᠭᠤᠳᠴᠤ᠂ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠥᠷᠢᠯᠡᠵᠥ᠂ ᠦᠨᠳᠦᠰᠦᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠪᠰᠢᠯᠲᠠᠶᠢ ᠠᠬᠢᠭᠤᠯᠪᠠ᠃ ᠬᠤᠶᠠᠷ ᠲᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠠᠶᠢᠴᠠᠭᠠᠨ ᠰᠤᠳᠤᠯᠤᠯᠲᠠ ᠵᠡᠷᠭᠡ ᠠᠵᠢᠯ ᠤᠨ ᠳᠤᠮᠳᠠ᠂ ᠰᠤᠮᠤ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠵᠡᠷᠬᠡᠪᠡᠷ ᠥᠷᠨᠢᠭᠦᠯᠬᠦ ᠶᠢ ᠱᠠᠭᠠᠷᠳᠠᠵᠤ᠂ ᠬᠤᠶᠠᠷ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠬᠤᠮ ᠨᠢᠭᠡᠲᠡᠶ ᠶᠠᠪᠤᠭᠲᠠᠬᠤ ᠶᠢ ᠠᠬᠢᠭᠤᠯᠵᠤ᠂ | ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠵᠢᠱᠢᠶᠡᠯᠡᠪᠡᠯ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠤᠶᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ | ᠪᠠᠷ ᠰᠢᠢᠳᠬᠦ ᠲᠦᠷᠢᠮ ᠤᠨ ᠲᠤᠷᠰᠢᠯᠲᠠ ᠶᠢᠨ ᠠᠵᠢᠯ ᠤᠨ ᠳᠤᠮᠳᠠ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠰᠣᠩᠭᠤᠭᠤᠯᠢ | ᠶᠢᠨ ᠲᠣᠭᠤᠷᠢᠭ ᠲᠤ ᠭᠦᠨᠵᠡᠭᠡᠶᠢᠷᠡᠭᠦᠯᠦᠨ᠂ ᠡᠷᠦᠬᠡ ᠳᠠᠷᠠᠭᠠᠯᠠᠨ ᠠᠷᠠᠳ ᠲᠥᠮᠡᠨ ᠢ ᠰᠤᠷᠪᠤᠯᠵᠢᠯᠠᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠰᠠᠨᠠᠭᠤᠯᠭ᠎ᠠ ᠶᠢ ᠴᠤᠭᠯᠠᠭᠤᠯᠵᠤ᠂ ᠬᠤᠶᠠᠷ ᠱᠠᠲᠤᠨ ᠤ | ᠲᠥᠯᠥᠭᠡᠯᠡᠭᠴᠢ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠰᠠᠨᠠᠭᠤᠯᠭ᠎ᠠ | ᠴᠤᠭᠯᠠᠭᠤᠯᠬᠤ ᠠᠵᠢᠯ ᠳᠤ ᠤᠷᠤᠯᠴᠠᠬᠤ ᠶᠢᠨ ᠬᠠᠮᠲᠤ ᠮᠢᠩᠭᠠᠨᠲᠤ ᠪᠠᠯᠭᠠᠰᠤᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠶᠢᠨ ᠪᠢᠯᠧᠲ ᠪᠠᠷ ᠰᠢᠢᠳᠬᠦ ᠲᠦᠷᠢᠮ ᠤᠨ ᠲᠤᠷᠰᠢᠯᠲᠠ ᠶᠢᠨ ᠠᠵᠢᠯ ᠢ ᠡᠬᠢᠯᠡᠭᠦᠯᠬᠦ᠂ ᠤᠬᠠᠭᠤᠯᠬᠤ ᠵᠢᠴᠢ ᠲᠥᠷᠥᠯ | ᠵᠤᠶᠢᠯ ᠤᠨ ᠰᠠᠨᠠᠭᠤᠯᠭ᠎ᠠ ᠢ ᠴᠤᠭᠯᠠᠭᠤᠯᠬᠤ ᠪᠠ ᠠᠩᠬᠠᠨ ᠤᠨ ᠰᠢᠭ᠍ᠰᠢᠯᠲᠠ ᠵᠡᠷᠭᠡ ᠠᠵᠢᠯ ᠤᠨ ᠪᠥᠬᠦ ᠶᠠᠪᠤᠴᠠ ᠳᠤ | ᠣᠷᠣᠯᠴᠠᠵᠤ᠂ ᠮᠠᠨ ᠤ ᠬᠤᠰᠢᠭᠤᠨ ᠤ ᠠᠩᠬᠠᠳᠠᠭᠴᠢ ᠰᠤᠮᠤ ᠪᠠᠯᠭᠠᠰᠤᠨ ᠤ ᠲᠠᠰ ᠤᠨᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠷᠠᠳ ᠤᠨ ᠲᠥᠯᠥᠭᠡᠯᠡᠭᠴᠢ ᠶᠢᠨ ᠪᠢᠯᠧᠲ ᠪᠠᠷ ᠰᠢᠢᠳᠬᠦ ᠲᠦᠷᠢᠮ ᠤᠨ | ᠲᠤᠷᠰᠢᠯᠲᠠ ᠶᠢᠨ ᠠᠵᠢᠯ ᠤᠨ ᠯᠠᠪᠳᠠᠭᠤᠨ ᠪᠠᠲᠤᠲᠠᠶ ᠶᠠᠪᠤᠭᠲᠠᠬᠤ ᠶᠢ ᠠᠬᠢᠭᠤᠯᠪᠠ᠃ | ︵ᠳᠥᠷᠪᠡ︶ ᠪᠠᠶᠢᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠪᠡ᠃ ᠬᠤᠰᠢᠭᠤ ᠨᠠᠮ | ᠤᠨ ᠬᠤᠷᠢᠶᠠᠨ ᠤ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠵᠠᠰᠠᠬᠤ ᠠᠵᠢᠯ ᠳᠤ ᠵᠤᠬᠢᠴᠠᠭᠤᠯᠤᠨ᠂ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠠᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠥᠨᠲᠤᠰᠤᠨ ᠠᠴᠠ ᠨᠢ ᠵᠠᠰᠠᠬᠤ ᠶᠢ | ᠪᠠᠷᠢᠮᠲᠠᠯᠠᠵᠤ᠂ ᠪᠠᠶᠢᠭᠤᠯᠤᠯᠭ᠎ᠠ ᠶᠢᠨ ᠪᠦᠬᠦ᠋ᠢᠯᠡ ᠠᠵᠢᠯ ᠤᠨ ᠳᠡᠭᠡᠭᠰᠢᠯᠡᠯᠲᠡ ᠶᠢ ᠠᠬᠢᠭᠤᠯᠪᠠ᠃ ᠦᠵᠡᠯ ᠤᠬᠠᠮᠰᠠᠷ | ᠤᠨ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠰᠢᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠤᠬᠠᠭᠤᠯᠬᠤ ᠲᠤᠭᠤᠷᠢᠨ ᠳᠤ᠂ ᠬᠠᠤᠯᠢ ᠶᠣᠰᠣᠭᠠᠷ ᠤᠯᠤᠰ | ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠶᠢ ᠲᠤᠤᠱᠯᠠᠭᠤᠯᠤᠨ᠂ ᠦᠨᠳᠦᠰᠦᠨ ᠱᠠᠲᠤᠨ ᠤ ᠠᠷᠠᠳᠴᠢᠯᠠᠯ᠂ | ᠬᠠᠤᠯᠢ ᠪᠠᠷ ᠵᠠᠰᠠᠬᠤ ᠪᠠᠶᠢᠭᠤᠯᠤᠯᠲᠠ ᠪᠠ ᠡᠲᠤᠷ ᠲᠤᠲᠤᠮ ᠤᠨ ᠬᠢᠨᠠᠯᠲᠠ ᠲᠠᠯᠪᠢᠬᠤ ᠶ᠋᠊ ᠠᠵᠢᠯ ᠢ ᠲᠦᠯᠬᠢᠨ | ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠡᠯ᠎ᠡ ᠲᠠᠯ᠎ᠠ | ᠠᠴᠠ ᠤᠬᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠥᠯᠥᠭᠡᠯᠡᠬᠦ ᠬᠦᠴᠦᠨ ᠢ | ᠲᠠᠰᠤᠷᠠᠯᠳᠠ ᠦᠭᠡᠢ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠳᠣᠤᠷ᠎ᠠ᠂ ᠬᠤᠰᠢᠭᠤ ᠨᠠᠮ ᠤᠨ ᠬᠤᠷᠢᠶᠠᠨ ᠤ ᠴᠢᠩᠭ᠎ᠠ ᠬᠦᠴᠦᠲᠡᠶ ᠤᠳᠤᠷᠢᠳᠤᠯᠭ᠎ᠠ ᠳᠣᠤᠷ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠥᠬᠦ ᠲᠥᠯᠥᠭᠡᠯᠡᠭᠴᠢ ᠡᠭᠦᠷᠭᠡ ᠬᠠᠷᠢᠭᠤᠴᠠᠯᠭ᠎ᠠ ᠪᠠᠨ | ᠭᠦᠶ᠋ᠴᠡᠳᠬᠡᠵᠦ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ᠂ ︽ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ | ︾ ᠪᠣᠯᠤᠨ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠬᠠᠮᠵᠢᠯᠴᠠᠨ᠂ | ᠬᠦᠴᠦ ᠪᠠᠨ ᠬᠠᠮᠲᠤᠳᠬᠠᠨ ᠠᠵᠢᠯᠯᠠᠭᠰᠠᠨ ᠤ ᠦᠷ᠎ᠡ ᠳ᠋ᠦᠩ᠂ ᠨᠡᠶᠢᠭᠡᠮ ᠤᠨ ᠡᠯ᠎ᠡ ᠡᠲᠡᠭᠡᠳ ᠪᠣᠯᠤᠨ ᠪᠥᠬᠦ | ᠬᠤᠰᠢᠭᠤᠨ ᠤ ᠠᠷᠠᠳ ᠲᠦᠮᠡᠨ ᠤ ᠬᠥᠢᠴᠡᠳ ᠢᠲᠡᠭᠡᠵᠦ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠪᠣᠯᠤᠨ᠎ᠠ᠃ | ᠠᠳᠡ ᠪᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠮᠦᠨ᠎ᠡ | ᠠᠴᠠ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠪᠢᠲᠡᠠᠮᠵᠢᠯᠲᠠ ᠪᠠᠨ ᠳ᠋ᠦᠩᠨᠡᠬᠦ ᠶᠢᠨ ᠲᠠᠭᠤ᠂ ᠮᠠᠨ ᠤ ᠪᠠᠶᠢᠩᠭᠤ ᠶᠢᠨ ᠬᠤᠷᠢᠶᠠᠨ ᠤ ᠠᠵᠢᠯ ᠨᠢ ᠰᠢᠨ᠎ᠡ ᠴᠠᠭ ᠦᠶ᠎ᠡ | ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠪᠠ ᠠᠷᠠᠳ ᠤᠯᠠᠨ ᠤ | ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ | ᠭᠤᠣᠯᠳᠠᠭᠤ ᠬᠢᠨᠠᠯᠲᠠ ᠲᠠᠯᠪᠢᠬᠤ ᠠᠰᠠᠭᠤᠳᠠᠯ ᠤᠨ ᠤᠳᠤᠷᠢᠳᠤᠮᠵᠢ ᠢᠯᠡ ᠲᠣᠳᠣ ᠪᠤᠰᠤ᠂ ᠬᠢᠨᠠᠯᠲᠠ ᠲᠠᠯᠪᠢᠬᠤ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠᠲᠠᠢ᠂ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠲᠠᠢ | ᠬᠠᠷᠢᠯᠴᠠᠬᠤ ᠠᠷᠭ᠎ᠠ ᠵᠠᠮ ᠪᠡ ᠠᠭᠤᠯᠭ᠎ᠠ ᠶᠢ ᠪᠠᠶᠠᠯᠢᠭᠵᠢᠭᠤᠯᠤᠨ ᠥᠷᠭᠡᠳᠬᠡᠬᠦ ᠴᠢᠬᠤᠯᠠᠲᠠᠶ᠂ ᠲᠥᠯᠥᠭᠡᠯᠡᠭᠴᠢ ᠶᠢᠨ | ᠥᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠤᠨ ᠠᠵᠢᠯ ᠤᠨ ᠲᠠᠯ᠎ᠠ ᠪᠠᠷ ᠲᠤᠲᠠᠮᠠᠭ᠂ ᠲᠥᠯᠥᠭᠡᠯᠡᠭᠴᠢ ᠶᠢᠨ | ᠭᠤᠤᠯ ᠴᠣᠭᠴᠠ ᠶᠢᠨ ᠦᠢᠯᠡᠳᠦᠯ ᠢ ᠪᠠᠰᠠ ᠭᠦᠢᠴᠡᠳ ᠪᠠᠲᠠᠷᠠᠭᠤᠯᠵᠥ ᠴᠢᠲᠠᠭᠠᠲᠤᠢ ᠵᠡᠷᠭᠡ ᠪᠣᠯᠤᠨ᠎ᠠ᠃ ᠬᠤᠶᠢᠰᠢᠳᠠ | ᠶᠢᠨ ᠠᠵᠢᠯ ᠤᠨ ᠳᠤᠮᠳᠠ ᠪᠠᠨ ᠪᠢᠳᠡ ᠡᠳᠡᠭᠡᠷ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠯᠥᠭᠡᠯᠡᠭᠴᠢᠳ ᠪᠠ ᠡᠯ᠎ᠡ ᠲᠠᠯ᠎ᠠ ᠶᠢᠨ ᠬᠢᠨ | ᠤ ᠰᠠᠨᠠᠯ ᠵᠥᠪᠯᠡᠯᠬᠡ ᠶᠢ ᠳᠠᠷᠤᠤ ᠬᠢᠴᠢᠶᠡᠩᠭᠦᠶ ᠪᠠᠷ ᠰᠣᠨᠣᠰᠴᠤ᠂ ᠬᠢᠨᠠᠮᠠᠭᠠᠶ ᠰᠤᠳᠤᠯᠵᠤ ᠬᠠᠯᠠᠨ ᠰᠠᠶᠢᠵᠢᠷᠠᠭᠤᠯᠤᠨ᠎ᠠ᠃ | | 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ᠂ ᠨᠡᠶᠢᠭᠡᠮ | ᠵᠢᠷᠥᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠠᠩᠬᠠᠨ ᠤ ᠵᠢᠯ ᠪᠤᠯᠤᠨ᠎ᠠ᠂ ᠮᠥᠨ ᠴᠦ | ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠬᠢᠯᠡᠯᠲᠡ ᠶᠢᠨ ᠵᠢᠯ ᠪᠤᠯᠤᠨ᠎ᠠ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ | ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠲᠠᠯᠠᠵᠥ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ | ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠵᠡᠨ | ᠰᠠᠭᠤᠵᠥ ᠡᠷᠬᠡ ᠮᠡᠲᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠥ᠂ ᠬᠤᠰᠢᠭᠤ ᠨᠠᠮ | ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠥᠬᠦᠳᠡ ᠬᠤᠷᠠᠯ | ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠥᠷᠢᠵᠢᠭᠤᠯᠵᠥ᠂ ᠴᠢᠨᠠᠷ ᠰᠠᠶᠢᠲᠠᠶ ᠬᠥᠭᠵᠢᠯᠲᠡ | ᠶᠢᠨ ᠭᠤᠤᠯ ᠰᠡᠳᠦᠪ ᠤᠨ ᠲᠣᠭᠤᠷᠢᠨ ᠳᠤ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ | ᠰᠢᠨ᠎ᠡ ᠬᠥᠭᠵᠢᠯᠲᠡ ᠶᠢᠨ ᠤᠨᠤᠯᠵᠢᠬᠤᠨ ᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠶ ᠠᠭᠤᠰᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠤᠶᠢᠯ ᠤᠨ ᠬᠠᠤᠯᠢ ᠳᠤ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠥᠢᠴᠡᠳᠬᠡᠵᠥ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠬᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ᠃ | ᠨᠢᠭᠡ᠂ ︽ᠰᠢᠨ᠎ᠡ ᠱᠠᠲᠤ ᠥᠶ᠎ᠡ︾ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ᠎ᠠ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ | ᠪᠠᠷᠢᠮᠲᠠᠯᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶ᠎ᠠ ᠶᠢᠨ | ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠪᠠᠶᠢᠷᠢ ᠰᠠᠭᠤᠷᠢ ᠶᠢ | ᠤᠬᠠᠮᠰᠠᠷ ᠠᠴᠠ ᠪᠠᠨ ᠬᠠᠮᠠᠭᠠᠯᠠᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠥᠷᠢᠲᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠬᠡᠷᠡᠭ ᠶᠠᠪᠤᠳᠠᠯ ᠳᠤ ᠮᠡᠲᠡᠬᠦᠯᠥᠨ | ᠵᠢᠭᠠᠪᠤᠷᠢ ᠠᠪᠬᠤ ᠶᠢ ᠪᠠᠷᠢᠮᠲᠠᠯᠠᠵᠤ᠂ ᠠᠵᠢᠯᠲᠠᠨ ᠤ ᠲᠣᠮᠢᠯᠠᠵᠤ ᠪᠠᠭᠤᠯᠭᠠᠬᠤ ᠡᠷᠬᠡ ᠪᠠ ᠴᠢᠬᠤᠯᠠ ᠶᠡᠭᠡ ᠬᠡᠷᠡᠭ | ᠶᠠᠪᠤᠳᠠᠯ ᠢ ᠲᠣᠭᠲᠠᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠥᠢᠴᠡᠳᠬᠡᠬᠦ ᠪᠥᠬᠦ | ᠶᠠᠪᠤᠴᠠ ᠳᠤ ᠲᠤᠤᠱᠯᠠᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ | ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠬᠠᠷᠢᠭᠤ ᠥᠭᠴᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ᠂ | ᠲᠥᠪ ᠭᠤᠣᠯᠴᠢ ᠰᠢᠳᠤᠷᠭᠤ ᠶᠣᠰᠣ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠶᠢᠨ ᠬᠡᠷᠡᠭᠴᠡᠭᠡ ᠶᠢ | ᠰᠢᠢᠳᠪᠥᠷᠢᠯᠡᠬᠦ ᠶᠢ ᠲᠦᠯᠬᠢᠨ ᠠᠬᠢᠭᠤᠯᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠥᠨᠡᠨᠬᠦ | ᠬᠠᠮᠠᠭᠠᠯᠠᠵᠤ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠤᠯᠤᠰ ᠲᠦᠷᠦ ᠶᠢᠨ ᠠᠮᠢᠳᠤᠷᠠᠯ ᠪᠠ | ᠨᠡᠶᠢᠭᠡᠮ ᠤᠨ ᠠᠮᠢᠳᠤᠷᠠᠯ ᠳᠤ ᠠᠭᠤᠰᠬᠠᠨ ᠣᠷᠣᠭᠤᠯᠤᠨ᠎ᠠ᠃ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ᠂ ᠬᠠᠤᠯᠢ ᠪᠠᠷ ᠲᠦᠷᠦ ᠪᠠᠷᠢᠬᠤ᠂ | ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠳᠤᠨᠢ ᠠᠬᠢᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠬᠡ | ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠪᠠᠲᠤᠯᠠᠵᠤ᠂ ᠨᠡᠩ ᠥᠨᠳᠥᠷ ᠲᠦᠪᠰᠢᠨ ᠪᠦᠬᠦᠢ | ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠪᠠᠶᠢᠭᠤᠯᠤᠨ᠎ᠠ᠃ ᠰᠢᠨ᠎ᠠ ᠬᠥᠭᠵᠢᠯᠲᠡ ᠶᠢᠨ ᠱᠠᠲᠤᠨ ᠳᠤ ᠤᠷᠤᠭᠰᠠᠨ ᠤ | ᠲᠠᠷᠠᠭ᠎ᠠ᠂ ᠪᠢᠲᠡ ᠡᠷᠬᠡᠪᠰᠢ ᠬᠠᠷᠢᠭᠤᠴᠠᠯᠭᠠᠲᠤ ᠰᠡᠳᠬᠢᠯᠬᠡ ᠪᠡ ᠪᠠᠴᠢᠮ ᠲᠤᠯᠭᠠᠮ᠎ᠠ ᠰᠡᠳᠬᠢᠯᠬᠡ ᠪᠠᠨ ᠴᠢᠩᠭᠠᠳᠬᠠᠵᠥ | ᠂ ᠰᠢᠨ᠎ᠠ ᠴᠠᠭ ᠰᠢᠨ᠎ᠠ ᠠᠶᠠᠨ ᠳᠠᠭᠠᠨ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠳᠤ ᠲᠤᠷᠠᠲᠤᠭᠰᠠᠨ ᠰᠢᠨ᠎ᠡ | ᠡᠬᠦᠷᠬᠡ ᠰᠢᠨ᠎ᠠ ᠱᠠᠭᠠᠷᠲᠠᠯᠭ᠎ᠠ ᠶᠢ ᠤᠬᠠᠮᠰᠡᠷ ᠠᠴᠠ ᠪᠠᠨ ᠡᠬᠦᠷᠬᠡᠯᠡᠨ᠎ᠡ᠃ | ᠬᠤᠶᠠᠷ᠂ ︽ᠰᠢᠨ᠎ᠡ ᠲᠤᠭᠲᠠᠮᠵᠢ︾ ᠤᠨ ᠲᠣᠭᠤᠷᠢᠨ ᠳᠤ᠂ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠤᠨ᠎ᠠ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ | ᠪᠠ ᠤᠯᠠᠨ ᠤᠯᠤᠰ ᠤᠨ ᠬᠤᠣᠰ ᠣᠷᠴᠢᠯ ᠢ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠲᠤᠭᠤᠷᠢᠨ ᠳᠤ᠂ ᠨᠠᠷᠢᠯᠢᠭ ᠤᠨᠤᠪᠴᠢᠲᠠᠢ ᠪᠥᠭᠡᠳ ᠪᠦᠲᠦᠮᠵᠢᠲᠡᠶ ᠬᠢᠨᠠᠯᠲᠠ ᠶᠢ ᠥᠷᠨᠢᠭᠦᠯᠦᠨ᠎ᠡ᠃ | ᠲᠤᠯᠤᠭᠠᠨ ᠰᠠᠷ᠎ᠠ ᠶᠢᠨ ᠲᠤᠮᠲᠠᠴᠢ ᠪᠠᠷ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠬᠡᠷᠡᠭᠵᠢᠭᠦᠯᠦᠯᠲᠡ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ᠂ ᠤᠯᠤᠰ | ᠤᠨ ᠥᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ᠂ ᠬᠢᠨᠠᠨ ᠪᠤᠳᠤᠯᠳᠠ ᠶᠢᠨ ᠠᠵᠢᠯ ᠪᠠ ᠬᠢᠨᠠᠨ ᠪᠤᠳᠤᠯᠳᠠ ᠶᠢᠨ | ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠥ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠳᠤ ᠥᠷᠬᠦᠯᠵᠢ ᠶᠢᠨ ᠴᠢᠨᠠᠷᠲᠠᠢ ᠬᠢᠨᠠᠯᠲᠠ ᠲᠠᠯᠪᠢᠵᠤ᠂ | ᠠᠵᠤ ᠠᠬᠤᠶ ᠶᠢᠨ ᠡᠷᠬᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠬᠦ ᠶᠢ | ᠠᠬᠢᠭᠤᠯᠤᠨ᠎ᠠ᠃ ᠶᠢᠰᠥᠨ ᠰᠠᠷ᠎ᠠ ᠶᠢᠨ ᠲᠤᠮᠲᠠᠴᠢ ᠪᠠᠷ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | ᠂ ᠴᠢᠬᠤᠯᠠ ᠶᠡᠭᠡ ᠠᠵᠤ ᠤᠶᠢᠯᠡᠰ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯᠳᠠᠯᠭ᠎ᠠ | ᠲᠠᠢ ᠲᠥᠷᠥᠯ ᠵᠤᠶᠢᠯ ᠤᠨ ᠠᠵᠢᠯ ᠡᠬᠢᠯᠡᠭᠰᠡᠨ ᠪᠠ ᠠᠰᠢᠭᠯᠠᠯᠲᠠ ᠳᠤ ᠣᠷᠣᠭᠤᠯᠵᠤ ᠠᠵᠢᠯᠯᠠᠭᠰᠠᠨ ᠪᠠᠶᠢᠳᠠᠯ ᠢ | ᠲᠤᠭᠤᠷᠢᠨ ᠪᠠᠶᠢᠴᠠᠭᠠᠨ ᠰᠤᠳᠤᠯᠵᠤ᠂ ᠲᠥᠷᠥᠯ ᠵᠤᠶᠢᠯ ᠤᠨ ᠬᠥᠢᠯᠬᠡᠬᠡᠨ ᠤ ᠪᠡᠯᠡ ᠮᠥᠩᠬᠦᠨ ᠤ ᠪᠠᠲᠤᠯᠭ᠎ᠠ᠂ | ᠤᠶᠢᠯᠡᠳᠪᠥᠷᠢᠯᠡᠯ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠱᠠᠭᠠᠷᠲᠠᠨ | ᠰᠢᠢᠳᠪᠥᠷᠢᠯᠡᠬᠦᠯᠵᠥ᠂ ᠮᠠᠨ ᠤ ᠬᠤᠰᠢᠭᠤᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ | ᠪᠠᠷ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠪᠥᠬᠦ ᠠᠶᠢᠮᠠᠭ ᠤᠨ ᠰᠢᠨ᠎ᠡ ᠬᠥᠭᠵᠢᠯᠲᠡ | ᠶᠢᠨ ᠲᠤᠭᠲᠠᠮᠵᠢ ᠶᠢ ᠪᠠᠶᠢᠭᠤᠯᠬᠤ ᠳᠤᠮᠳᠠ᠂ ᠬᠢᠨᠠᠯᠲᠠ ᠲᠠᠯᠪᠢᠬᠤ ᠪᠠ ᠤᠶᠢᠯᠡᠴᠢᠯᠡᠭᠡ ᠪᠠᠨ ᠴᠢᠩᠭᠠᠳᠬᠠᠵᠥ᠂ ᠮᠠᠨ ᠤ | ᠬᠤᠰᠢᠭᠤᠨ ᠤ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠭᠤᠤᠯᠳᠠᠯᠭ᠎ᠠ ᠲᠠᠢ ᠠᠵᠤ ᠤᠶᠢᠯᠡᠰ ᠪᠠ ᠭᠤᠤᠯ | ᠰᠢᠪᠲᠤᠯᠤᠯᠲᠠ ᠶᠢᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠲᠤᠬᠢᠴᠢᠯᠠᠭᠰᠠᠨ ᠠᠵᠤ ᠤᠶᠢᠯᠡᠰ | ᠤᠨ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ | ᠠᠬᠢᠭᠤᠯᠤᠨ᠎ᠠ᠃ | ᠭᠤᠷᠪᠠ᠂ ︽ᠰᠢᠨ᠎ᠡ ᠬᠦᠰᠡᠯ ᠡᠷᠡᠮᠡᠯᠵᠡᠯ︾ ᠢ ᠠᠩᠬᠠᠷᠴᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠥᠮᠡᠨ ᠤ | ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠨᠢᠭᠲᠠ | ᠠᠩᠬᠠᠷᠬᠤ ᠬᠡᠷᠡᠭᠲᠡᠢ᠃ ᠲᠠᠪᠤᠲᠤᠭᠠᠷ ᠰᠠᠷ᠎ᠠ ᠶᠢᠨ ᠡᠬᠢ ᠪᠠᠷ᠂ ᠬᠤᠰᠢᠭᠤ ᠵᠠᠰᠠᠭ ᠤᠨ ᠣᠷᠳᠣᠨ ᠤ 2020 ᠣᠨ ᠤ | ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠮᠠᠯ ᠠᠵᠤ ᠠᠬᠤᠶ ᠶᠢᠨ ᠬᠠᠤᠯᠢ᠂ ᠠᠮᠢᠲᠠᠨ | ᠤ ᠬᠡᠵᠢᠭ ᠢ ᠰᠡᠷᠬᠡᠶᠢᠯᠡᠬᠦ ᠬᠠᠤᠯᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ᠂ ᠨᠤᠲᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠥᠷᠢ ᠱᠠᠩᠨᠠᠯ ᠤᠨ ᠲᠥᠷᠥ ᠶᠢᠨ ᠪᠤᠲᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ | ᠶᠢᠨ ᠪᠠᠶᠢᠴᠠᠭᠠᠯᠲᠠ ᠬᠢᠵᠦ᠂ ᠠᠮᠢ ᠠᠬᠤᠢ ᠢ ᠰᠢᠯᠢᠭᠲᠡᠬᠦᠯᠵᠥ᠂ ᠪᠤᠬᠢᠷᠲᠤᠯ ᠥᠬᠡᠢ ᠭᠥᠭᠵᠢᠯᠲᠡ ᠶᠢᠨ ᠵᠠᠮ ᠢᠶᠠᠷ | ᠭᠤᠶᠢᠪᠠᠰᠢ ᠥᠬᠡᠢ ᠤᠷᠤᠭᠰᠢᠯᠠᠵᠥ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠤᠷᠮ᠎ᠠ ᠶᠢ ᠲᠣᠭᠲᠠᠭᠤᠨ ᠢᠶᠠᠷ | ᠲᠡᠬᠡᠭᠰᠢᠯᠡᠬᠦᠯᠥᠨ᠎ᠡ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠨ | ᠠᠰᠢᠭᠯᠠᠯᠲᠠ ᠪᠠ ᠬᠠᠮᠠᠭᠠᠯᠠᠯᠲᠠ ᠶᠢᠨ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ | ᠨᠠᠩ ᠦᠷᠭᠦᠯᠵᠢᠯᠡᠬᠦ᠋ᠢᠴᠡ ᠪᠠᠶᠢᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠬᠦ ᠪᠤᠯᠤᠨ ᠬᠥᠳᠡᠭᠡ ᠲᠣᠰᠬᠤᠨ ᠢ ᠬᠥᠭᠵᠢᠬᠦᠯᠥᠨ ᠮᠠᠨᠲᠤᠭᠤᠯᠬᠤ | ᠪᠦᠲᠦᠮᠵᠢᠲᠡᠶ ᠵᠠᠯᠭᠠᠬᠤ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠤᠶᠢᠯᠡᠰ᠂ ᠴᠢᠳᠠᠪᠤᠷᠢᠲᠠᠨ᠂ | ᠰᠣᠶᠣᠯ᠂ ᠠᠮᠢ ᠠᠬᠤᠶ ᠪᠠ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯᠳᠠᠯᠭ᠎ᠠ ᠲᠠᠢ | ᠬᠦᠷᠢᠶ᠎ᠡ ᠬᠡᠪᠴᠢᠶ᠎ᠡ ᠳᠤ ᠴᠢᠭᠯᠡᠬᠦᠯᠵᠥ᠂ ᠲᠥᠯᠥᠬᠡᠯᠡᠭᠴᠢ ᠶᠢ ᠵᠣᠬᠢᠶᠠᠨ ᠪᠠᠶᠢᠭᠤᠯᠤᠨ ᠪᠠᠶᠢᠴᠠᠭᠠᠨ ᠦᠵᠡᠬᠦ ᠪᠠ | ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ᠂ ᠠᠵᠢᠯ | ᠣᠯᠭᠤᠯᠲᠠ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠦᠷᠭᠦᠯᠵᠢᠯᠡᠨ | ᠠᠩᠬᠠᠷᠴᠤ᠂ ᠲᠠᠪᠤᠲᠤᠭᠠᠷ ᠰᠠᠷ᠎ᠠ ᠶᠢᠨ ᠰᠡᠬᠦᠯᠴᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠲᠡᠬᠦ ᠠᠵᠢᠯ ᠤᠨ | ᠪᠠᠶᠢᠳᠠᠯ ᠤᠨ ᠲᠤᠬᠠᠶ ᠮᠡᠳᠡᠭᠦᠯᠦᠯᠲᠡ᠂ ᠭᠤᠣᠯᠳᠠᠯᠭ᠎ᠠ ᠲᠠᠢ ᠤᠯᠠᠨ ᠲᠥᠮᠡᠨ ᠤ ᠠᠵᠢᠯ ᠣᠯᠭᠤᠯᠲᠠ ᠶᠢ ᠠᠬᠢᠭᠤᠯᠤᠨ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ | ᠬᠢᠨᠠᠨ ᠵᠥᠪᠯᠡᠨ᠎ᠡ᠃ ᠨᠠᠢᠮᠠᠲᠤᠭᠠᠷ ᠰᠠᠷ᠎ᠠ ᠶᠢᠨ ᠲᠤᠮᠲᠠᠴᠢ ᠪᠠᠷ᠂ ᠬᠠᠭᠤᠴᠢᠨ ᠰᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠰᠡᠯᠡᠭᠦᠴᠡᠯ ᠤᠨ ᠲᠥᠬᠦᠭᠡᠷᠦᠮᠵᠢ ᠪᠣᠯᠤᠨ ᠬᠤᠳᠠ ᠪᠠᠯᠭᠠᠰᠤᠨ ᠤ | ᠨᠣᠭᠤᠭᠠᠷᠠᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠤᠳᠠ ᠪᠠᠯᠭᠠᠰᠤᠨ | ᠤ ᠰᠢᠨᠡᠴᠢᠯᠡᠯᠲᠡ ᠶᠢ ᠠᠬᠢᠭᠤᠯᠵᠤ᠂ ᠬᠤᠳᠠ ᠪᠠᠯᠭᠠᠰᠤᠨ ᠤ ᠴᠢᠨᠠᠷ ᠴᠢᠰᠠᠭ᠎ᠠ ᠶᠢ ᠳᠡᠭᠡᠭᠰᠢᠯᠡᠭᠦᠯᠵᠦ᠂ ᠠᠷᠠᠳ ᠤᠯᠠᠨ | ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠢ ᠪᠤᠢ ᠪᠣᠯᠭᠠᠵᠤ᠂ ᠠᠮᠢᠳᠤᠷᠠᠯ ᠢ ᠨᠢ ᠨᠡᠩ ᠰᠠᠶᠢᠨ ᠰᠠᠶᠢᠬᠠᠨ ᠪᠣᠯᠭᠠᠨ᠎ᠠ | ᠃ ᠪᠥᠬᠦ ᠬᠤᠰᠢᠭᠤᠨ ᠤ ᠬᠡᠪᠴᠢᠶᠡᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠪᠠᠷ ᠰᠢᠢᠳᠬᠦ ᠲᠦᠷᠢᠮ ᠤᠨ | ᠠᠵᠢᠯ ᠢ ᠪᠥᠬᠦ ᠲᠠᠯ᠎ᠠ ᠪᠠᠷ ᠥᠷᠬᠡᠳᠬᠡᠵᠥ᠂ ᠮᠠᠨ ᠤ ᠬᠤᠰᠢᠭᠤᠨ ᠤ ᠲᠥᠯᠥᠭᠡᠯᠡᠭᠴᠢ ᠶᠢᠨ ᠪᠢᠯᠧᠲ ᠥᠭᠬᠦ ᠲᠦᠷᠢᠮ | ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠨ᠎ᠠ᠃ | ᠲᠦᠷᠪᠡ᠂ ︽ᠬᠠᠷᠢᠯᠴᠠᠨ ᠬᠦᠴᠦ ᠨᠡᠮᠡᠬᠦ︾ ᠶᠢ ᠴᠢᠩᠭᠠᠳᠬᠠᠵᠤ᠂ ᠠᠷᠠᠳᠴᠢᠯᠠᠯ ᠪᠠ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠢᠨᠠᠯᠲᠠ | ᠲᠠᠯᠪᠢᠬᠤ᠂ ᠳᠡᠮᠵᠢᠯᠭᠡ ᠥᠵᠡᠬᠦᠯᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢ ᠶᠣᠰᠣᠭᠠᠷ ᠬᠤᠰᠢᠭᠤ ᠪᠠᠨ | ᠵᠠᠰᠠᠬᠤ ᠶᠢ ᠠᠬᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠬᠢᠲᠠᠳ ᠦᠨᠳᠦᠰᠦᠲᠡᠨ | ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠠᠷᠢᠯᠴᠠᠨ | ᠰᠠᠯᠵᠤ ᠴᠢᠳᠠᠬᠤ ᠦᠭᠡᠢ ᠭᠡᠬᠦ ᠦᠵᠡᠯ ᠰᠠᠨᠠᠭ᠎ᠠ ᠶᠢ ᠪᠣᠢ ᠪᠣᠯᠭᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ | ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ | ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ | ᠨᠡᠮᠡᠭᠳᠡᠭᠦᠯᠦᠨ᠎ᠡ᠃ ᠨᠠᠢᠮᠠᠲᠤᠭᠠᠷ ᠰᠠᠷ᠎ᠠ ᠶᠢᠨ ᠰᠡᠬᠦᠯᠴᠢ ᠪᠠᠷ᠂ ᠬᠤᠰᠢᠭᠤ ᠵᠠᠰᠠᠭ ᠤᠨ ᠣᠷᠳᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠪᠠ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ | ᠴᠢᠬᠤᠯᠠ ᠥᠭᠦᠯᠡᠯᠲᠡ ᠪᠣᠯᠤᠨ ︽ᠪᠥᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ | ᠨᠤᠭᠤᠳ ᠭᠤᠷᠪᠠᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ | ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ | ᠠᠵᠢᠯ ᠢ ᠪᠥᠬᠦ ᠲᠠᠯ᠎ᠠ ᠪᠠᠷ ᠴᠢᠩᠭᠠᠳᠬᠠᠨ ᠬᠡᠷᠡᠭᠵᠢᠭᠦᠯᠬᠦ ᠲᠥᠰᠦᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠨ᠎ᠠ᠃ ᠠᠷᠪᠠᠲᠤᠭᠠᠷ ᠰᠠᠷ᠎ᠠ ᠶᠢᠨ ᠰᠡᠬᠦᠯᠴᠢ ᠪᠠᠷ᠂ ᠵᠠᠰᠠᠭ ᠤᠨ ᠣᠷᠳᠣᠨ ᠤ ᠬᠠᠮᠢᠶ᠎ᠠ ᠪᠥᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠤ ᠡᠬᠦᠷᠬᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ᠂ ᠡᠬᠦᠷᠬᠡ ᠲᠤᠰᠢᠶᠠᠯ ᠢᠶᠠᠨ ᠭᠦᠢᠴᠡᠳᠬᠡᠭᠰᠡᠨ ᠬᠠᠨᠤᠮᠵᠢ ᠶᠢᠨ ᠬᠡᠮᠵᠢᠶ᠎ᠡ ᠶᠢ ᠰᠢᠯᠭᠠᠨ | ᠦᠨᠡᠯᠡᠬᠦ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ | ᠶᠠᠪᠤᠭᠤᠯᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠲᠥᠯᠥᠭᠡ ᠲᠦᠷᠦ ᠪᠠᠷᠢᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠬᠥᠲᠥᠯᠪᠦᠷᠢ ︵2015 — 2020︶ ᠶᠢ | ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ | ᠰᠢᠭᠦᠨ ᠲᠠᠰᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠤᠨ ᠬᠢᠨᠠᠨ ᠵᠥᠪᠯᠡᠵᠦ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠬᠠᠤᠯᠢ ᠪᠠᠷᠢᠬᠤ ᠪᠠᠶᠢᠭᠤᠯᠭ᠎ᠠ | ᠶᠢᠨ ᠲᠥᠪ ᠭᠤᠤᠯᠴᠢ ᠪᠠᠷ ᠬᠠᠤᠯᠢ ᠪᠠᠷᠢᠬᠤ ᠬᠢᠷᠢ ᠲᠦᠪᠰᠢᠨ ᠢ ᠠᠬᠢᠭᠤᠯᠤᠨ᠎ᠠ᠃ | ᠲᠠᠪᠤ᠂ ︽ᠬᠤᠣᠰ ᠬᠠᠷᠢᠯᠴᠠᠭ᠎ᠠ︾ ᠶᠢ ᠴᠢᠩᠭᠠᠳᠬᠠᠵᠤ᠂ ᠲᠥᠯᠥᠬᠡᠯᠡᠭᠴᠢ ᠶᠢᠨ ᠦᠢᠯᠡᠳᠦᠯ ᠢ ᠤᠯᠠᠮ ᠨᠢᠭᠡ ᠠᠯᠬᠤᠮ | ᠪᠠᠲᠠᠷᠠᠭᠤᠯᠤᠨ᠎ᠠ | ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠡᠰᠢᠬᠦᠨ ᠪᠣᠯᠤᠨ ᠲᠥᠯᠥᠬᠡᠯᠡᠭᠴᠢ ᠶᠢᠨ ᠬᠠᠷᠢᠯᠴᠠᠭ᠎ᠠ᠂ ᠲᠥᠯᠥᠭᠡᠯᠡᠭᠴᠢ | ᠪᠣᠯᠤᠨ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠬᠡᠯᠡᠭᠴᠢ | ᠶᠢᠨ ᠡᠬᠦᠷᠬᠡ ᠲᠤᠰᠢᠶᠠᠯ ᠢᠶᠠᠨ ᠭᠦᠢᠴᠡᠳᠬᠡᠬᠦ ᠳᠤ ᠲᠤᠬᠢᠷᠠᠭᠰᠠ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | ︽ᠲᠥᠯᠥᠬᠡᠯᠡᠭᠴᠢ ᠲᠠᠢ ᠬᠠᠷᠢᠯᠴᠠᠬᠤ ᠥᠷᠲᠡᠭᠡ︾ ᠶᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ︽ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭᠠᠨ ᠤ ᠥᠷᠥᠬᠡ︾ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ︽ᠰᠢᠯᠢ ᠶᠢᠨ ᠭᠤᠤᠯ ᠠᠶᠢᠮᠠᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ︿ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠭᠠᠨ ᠤ ᠥᠷᠥᠬᠡ﹀ ᠤᠨ ᠣᠳᠣᠨ ᠲᠠᠰ ᠤᠨ ᠦᠨᠡᠯᠡᠨ | ᠲᠣᠭᠲᠠᠭᠠᠬᠤ ᠠᠷᠭ᠎ᠠ︾ ᠶᠣᠰᠣᠭᠠᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠠᠵᠢᠯᠯᠠᠭᠠᠨ ᠤ ᠥᠷᠥᠬᠡ︾ ᠶᠢᠨ ᠦᠨᠡᠯᠡᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠰᠠᠨᠠᠯ | ᠵᠥᠪᠯᠡᠯᠬᠡᠠ ᠶᠢ ᠱᠠᠭᠠᠷᠲᠠᠨ ᠰᠢᠢᠳᠪᠥᠷᠢᠯᠡᠬᠦᠯᠬᠦ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ | ᠡᠭᠦᠳᠴᠦ᠂ ᠰᠠᠨᠠᠯ ᠵᠥᠪᠯᠡᠯᠬᠡᠠ ᠶᠢᠨ ︽ᠰᠢᠢᠳᠪᠥᠷᠢᠯᠡᠬᠦᠯᠬᠦ ᠨᠣᠷᠮ᠎ᠠ︾ ᠶᠢ ᠳᠡᠭᠡᠭᠰᠢᠯᠡᠭᠦᠯᠦᠨ᠂ ᠣᠯᠠᠨ ᠲᠦᠮᠡᠨ ᠤ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠲᠦᠪᠡᠭᠲᠡᠶ ᠠᠰᠠᠭᠤᠳᠠᠯ ᠢ ᠥᠨᠡᠨᠬᠦ ᠰᠢᠢᠳᠪᠥᠷᠢᠯᠡᠬᠦᠯᠬᠦ ᠶᠢ ᠳᠥᠯᠭᠢᠨ | ᠠᠬᠢᠭᠤᠯᠤᠨ᠎ᠠ᠃ ᠬᠤᠰᠢᠭᠤ᠂ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠤᠷᠲᠠᠯ ᠴᠢᠬᠡᠴᠢ ᠣᠪᠣᠷ ᠲᠥᠪ᠂ ᠲᠡᠭᠦᠰ ᠠᠮᠵᠢᠯᠲᠠ ᠲᠠᠢ ᠶᠠᠪᠤᠭᠳᠠᠬᠤ | ᠶᠢ ᠪᠠᠲᠤᠯᠠᠨ᠎ᠠ᠃ ︽ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠬᠡᠯᠡᠭᠴᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠲᠤᠳᠬᠠᠬᠤ ᠬᠥᠮᠦᠵᠢᠯ ᠢ ᠥᠷᠨᠢᠭᠦᠯᠬᠦ ᠰᠠᠨᠠᠯ︾ ᠶᠤᠰᠤᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠬᠡᠯᠡᠭᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ | ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠰᠤᠷᠤᠯᠴᠠᠯᠭ᠎ᠠ ᠬᠥᠮᠦᠵᠢᠯ ᠤᠨ ᠪᠣᠯᠪᠠᠰᠤᠷᠠᠯ ᠤᠨ | ᠠᠩᠭᠢ ᠶᠢ 3 ᠤᠲᠠᠭ᠎ᠠ ᠡᠷᠬᠢᠯᠡᠵᠥ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ ᠶᠢ | ᠬᠠᠮᠤᠷᠠᠵᠥ᠂ ᠲᠥᠯᠥᠭᠡᠯᠡᠭᠴᠢᠳ ᠢ ᠬᠥᠲᠥᠯᠥᠨ ᠵᠢᠯᠣᠭᠤᠳᠴᠤ ᠢᠮᠠᠭᠲᠠ ᠨᠠᠮ ᠤᠨ ᠲᠥᠪ ᠬᠤᠷᠢᠶᠠᠨ ᠤ ᠴᠢᠬᠤᠯᠠ | ᠶᠡᠭᠡ ᠰᠢᠢᠳᠪᠥᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠷᠦᠭᠦᠯᠡᠨ ᠨᠠᠶᠢᠳᠠᠪᠤᠷᠢᠵᠢᠭᠤᠯᠬᠤ ᠲᠠᠯ᠎ᠠ ᠪᠠᠷ | ᠵᠢᠱᠢᠶ᠎ᠡ ᠳᠠᠭᠤᠷᠢᠶᠠᠯ ᠦᠵᠡᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠲᠦᠷᠦᠭᠦᠯᠡᠨ ᠬᠡᠷᠡᠭᠵᠢᠭᠦᠯᠬᠦ | ᠲᠠᠯ᠎ᠠ ᠪᠠᠷ ᠵᠢᠱᠢᠶ᠎ᠡ ᠳᠠᠭᠤᠷᠢᠶᠠᠯ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠲᠠᠯ᠎ᠠ ᠪᠠᠷ ᠵᠢᠱᠢᠶ᠎ᠡ | ᠳᠠᠭᠤᠷᠢᠶᠠᠯ ᠦᠵᠡᠭᠦᠯᠵᠦ᠂ ᠰᠢᠨ᠎ᠡ ᠴᠠᠭ ᠦᠶ᠎ᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠦᠷᠭᠦᠯᠵᠢᠯᠡᠨ ᠢᠯᠡᠷᠡᠭᠦᠯᠬᠦ ᠪᠣᠯᠭᠠᠨ᠎ᠠ᠃ | | ᠵᠢᠷᠭᠤᠭ᠎ᠠ᠂ ︽ᠬᠤᠶᠠᠷ ᠲᠠᠯ᠎ᠠ ᠶᠢ ᠳᠡᠭᠡᠭᠰᠢᠯᠡᠭᠦᠯᠬᠦ︾ ᠲᠠᠢ ᠤᠶᠠᠯᠳᠤᠭᠤᠯᠤᠨ᠂ ᠲᠣᠰ ᠪᠡᠶ᠎ᠡ ᠶᠢᠨ ᠪᠠᠶᠢᠭᠤᠯᠤᠯᠲᠠ | ᠪᠠᠨ ᠤᠯᠠᠮ ᠨᠢᠭᠡ ᠠᠯᠬᠤᠮ ᠴᠢᠩᠭᠠᠳᠬᠠᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠥᠵᠢᠯ ᠢ ᠨᠠᠷᠢᠨ ᠬᠢᠨᠠᠮᠠᠭᠠᠢ ᠥᠷᠨᠢᠬᠦᠯᠵᠥ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶ | ᠰᠠᠶᠢᠲᠤᠷ ᠠᠳᠬᠤᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠰᠡᠲᠤᠪᠲᠤ ᠬᠠᠷᠢᠭᠤᠴᠠᠯᠭ᠎ᠠ ᠶᠢ ᠴᠢᠩᠭ᠎ᠠ | ᠭᠥᠢᠴᠡᠳᠬᠡᠵᠥ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ︾ ᠶᠢᠨ ᠱᠠᠭᠠᠷᠳᠠᠯᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠭᠦᠨᠵᠡᠭᠡᠶ | ᠠᠪᠴᠢᠯᠲᠤᠯ ᠢ ᠲᠦᠯᠬᠢᠨ ᠠᠬᠢᠭᠤᠯᠵᠤ᠂ ᠥᠵᠡᠯ ᠰᠠᠨᠠᠭ᠎ᠠ ᠤᠯᠤᠰ ᠲᠥᠷᠥ᠂ ᠠᠷᠢᠭᠤᠨ ᠴᠡᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠡ ᠢᠯᠵᠠᠷᠠᠯ ᠢ ᠡᠰᠡᠷᠬᠦᠴᠡᠬᠦ ᠵᠡᠷᠬᠡ ᠠᠵᠢᠯ ᠢ ᠨᠢᠬᠡᠲᠤᠯᠲᠠᠢ ᠲᠥᠯᠥᠪᠯᠡᠨ ᠰᠠᠶᠢᠲᠤᠷ ᠬᠢᠨ᠎ᠠ᠃ ︽ | ᠠᠷᠪᠠᠨ ᠲᠥᠷᠪᠡᠲᠥᠬᠡᠷ ᠲᠠᠪᠤᠨ ᠵᠢᠯ︾ ᠤᠨ ᠲᠥᠯᠥᠪᠵᠢᠬᠦᠯᠬᠡ ᠪᠡ 2035 ᠤᠨ ᠤ ᠠᠯᠤᠰ ᠤᠨ ᠬᠠᠷᠠᠯᠲᠠ ᠲᠠᠢ | ᠨᠢᠬᠲᠠ ᠤᠶᠠᠯᠲᠤᠭᠤᠯᠤᠨ ᠭᠤᠤᠯ ᠡᠬᠦᠷᠬᠡ ᠪᠤᠯᠤᠨ ᠠᠵᠢᠯ ᠤᠨ ᠭᠤᠤᠯᠲᠠᠯᠭ᠎ᠠ ᠶᠢ ᠤᠨᠤᠪᠴᠢᠲᠠᠢ ᠡᠵᠡᠮᠲᠡᠵᠥ᠂ | ᠬᠢᠨᠠᠯᠲᠠ ᠲᠠᠯᠪᠢᠬᠤ ᠡᠷᠬᠡ᠂ ᠲᠤᠭᠲᠠᠭᠠᠬᠤ ᠡᠷᠬᠡ᠂ ᠲᠤᠮᠢᠯᠠᠵᠥ ᠪᠠᠭᠤᠯᠭᠠᠬᠤ ᠡᠷᠬᠡ ᠶᠢ ᠬᠠᠤᠯᠢ ᠶᠤᠰᠤᠭᠠᠷ | ᠬᠡᠷᠡᠭᠵᠢᠬᠦᠯᠵᠥ᠂ ᠥᠬᠡᠷᠡᠴᠢᠯᠡᠯᠲᠡ ᠬᠥᠭᠵᠢᠯᠲᠡ ᠶᠢᠨ ᠡᠯ᠎ᠡ ᠲᠥᠷᠥᠯ ᠤᠨ ᠬᠠᠷᠠᠯᠲᠠ ᠡᠬᠦᠷᠬᠡ ᠶᠢ ᠤᠷᠤᠭᠰᠢᠲᠠᠢ | ᠪᠡᠶᠡᠯᠡᠬᠦᠬᠦ ᠳᠤ ᠡᠬᠦᠷᠬᠡ ᠴᠢᠲᠠᠪᠬᠢ ᠶᠢᠨ ᠤᠶᠢᠯᠡᠲᠤᠯ ᠢᠶᠠᠨ ᠰᠠᠶᠢᠲᠤᠷ ᠪᠠᠲᠠᠷᠠᠭᠤᠯᠤᠨ᠎ᠠ᠃ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠪᠠᠲᠤᠯᠠᠭ᠎ᠠ ᠶᠢ ᠴᠢᠩᠭᠠᠳᠬᠠᠬᠤ ᠪᠠᠷ ᠭᠤᠣᠯ | ᠵᠣᠷᠢᠯᠲᠠ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠳᠤ ᠤᠯᠤᠰ ᠲᠦᠷᠦ ᠶᠢ | ᠡᠷᠬᠢᠮᠯᠡᠬᠦ᠂ ᠰᠤᠷᠤᠯᠴᠠᠯᠭ᠎ᠠ ᠶᠢ ᠴᠢᠬᠤᠯᠠᠴᠢᠯᠠᠬᠤ᠂ ᠬᠠᠤᠯᠢ ᠲᠣᠭᠲᠠᠭᠠᠯ ᠢ ᠵᠢᠷᠤᠮᠯᠠᠬᠤ᠂ ᠠᠷᠠᠳ ᠲᠦᠮᠡᠨ ᠤ | ᠲᠥᠯᠥᠭᠡ ᠦᠢᠯᠡᠴᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠠᠶᠢᠭᠤᠯᠭ᠎ᠠ ᠶᠢᠨ ᠺᠠᠳ᠋ᠷᠴᠤᠳ ᠤᠨ | ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠤᠯᠲᠠ ᠬᠢᠬᠦ ᠴᠢᠳᠠᠪᠤᠷᠢ᠂ ᠤᠯᠠᠨ ᠲᠥᠮᠡᠨ ᠳᠤ ᠤᠶᠢᠯᠡᠴᠢᠯᠡᠬᠦ | ᠠᠵᠢᠯ ᠤᠨ ᠴᠢᠳᠠᠪᠤᠷᠢ ᠪᠠ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ | ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠠᠶᠢᠭᠤᠯᠤᠯᠲᠠ ᠶᠢᠨ ᠥᠨᠳᠥᠷ | ᠲᠦᠪᠰᠢᠨ ᠳᠤ ᠬᠦᠷᠬᠦ ᠶᠢ ᠠᠬᠢᠭᠤᠯᠤᠨ᠎ᠠ᠃ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ ᠤᠶᠤᠨᠴᠢ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠲᠠ ᠶᠢ ᠠᠬᠢᠭᠤᠯᠤᠨ᠎ᠠ | ᠃᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠢᠯᠠ ᠠᠵᠢᠯᠯᠠᠭ᠋ ᠵᠢᠰᠠᠶᠢᠲᠤᠷ | ᠤᠬᠠᠭᠤᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠷᠠᠭᠤ ᠠᠯᠲᠠᠷ ᠢ ᠤᠯᠠᠮᠵᠢᠯᠠᠨ᠎ᠠ᠃ ᠰᠢᠨ᠎ᠡ | ᠴᠠᠭ ᠦᠶ᠎ᠡ ᠶᠢᠨ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠠᠵᠢᠯ ᠤᠨ ᠬᠠᠷᠢᠯᠴᠠᠭ᠎ᠠ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠠᠰᠢᠭ ᠢ | ᠤᠯᠠᠮ ᠨᠢᠬᠡ ᠠᠯᠬᠤᠮ ᠲᠡᠬᠡᠭᠰᠢᠯᠡᠬᠦᠯᠥᠨ᠎ᠡ᠃ | ᠲᠥᠯᠥᠭᠡᠯᠡᠭᠴᠢᠳ ᠡ︕ | ᠡᠬᠦᠷᠬᠡ ᠬᠠᠷᠢᠭᠤᠴᠠᠯᠭ᠎ᠠ ᠪᠠᠨ ᠰᠠᠶᠢᠲᠤᠷ ᠬᠥᠢᠴᠡᠳᠬᠡᠵᠥ᠂ ᠠᠮᠵᠢᠯᠲᠠ ᠪᠥᠲᠥᠬᠡᠯ ᠢ ᠲᠡᠮᠡᠴᠡᠨ ᠤᠯᠬᠤ ᠪᠠᠷ | ᠴᠢᠷᠮᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ | ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠨ᠎ᠡ ᠶᠢ ᠡᠭᠦᠳᠴᠦ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠨ᠂ ᠪᠣᠳᠠᠲᠠᠶ ᠪᠠᠷ ᠭᠠᠪᠰᠠᠶᠢᠭᠠᠶᠢᠯᠠᠨ ᠠᠵᠢᠯᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠯᠤᠭᠤᠨ | ᠬᠥᠪᠡᠭᠡᠲᠦ ᠴᠠᠭᠠᠨ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠨᠠᠩ ᠶᠡᠭᠡ ᠬᠤᠪᠢ | ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ︕ | |