ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ  ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2021/7/28
ᠨᠢᠭᠡ᠂ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ     ᠡᠨᠡ ᠵᠢᠯ ᠠᠴᠠ ᠨᠠᠰᠢ᠂ ᠪᠦᠬᠦ ᠬᠤᠰᠢᠭᠤ ᠪᠠᠷ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠳᠡᠮᠵᠢᠯᠭᠡ ᠳᠣᠣᠷ᠎ᠠ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠠᠵᠢᠯᠯᠠᠭᠠᠨ ᠢ ᠲᠣᠭᠲᠠᠪᠤᠷᠢᠵᠢᠭᠤᠯᠵᠤ ᠪᠡᠯᠡ ᠣᠷᠣᠭᠤᠯᠤᠯᠲᠠ ᠶᠢ ᠠᠬᠢᠭᠤᠯᠵᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠡᠭᠡᠷ᠎ᠡ ᠭᠦᠴᠦᠯᠡᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠬᠤᠳᠠ ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠢ ᠪᠠᠶᠢᠩᠭᠤᠵᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠵᠡᠷᠭᠡ ᠪᠠᠷ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠠᠷᠢᠯᠢᠭ ᠣᠨᠣᠪᠴᠢᠲᠠᠢ ᠪᠠᠷ ᠠᠬᠢᠭᠤᠯᠵᠤ᠂ ᠢᠨᠵᠧᠨᠧᠷᠢᠩ ᠤᠨ ᠲᠦᠷᠦᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠪᠦᠬᠦ ᠵᠢᠯ ᠤᠨ ᠲᠥᠯᠥᠪᠯᠡᠭᠡ ᠶᠢ ᠤᠷᠤᠭᠰᠢᠲᠠᠶ ᠬᠡᠷᠡᠭᠵᠢᠭᠦᠯᠬᠦ ᠳᠤ ᠰᠠᠭᠤᠷᠢ ᠲᠠᠯᠪᠢᠪᠠ᠃         ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ ᠠᠳᠠᠯᠢ ᠬᠤᠭᠤᠴᠠᠭᠠᠨ ᠤ ᠬᠢ ᠠᠴᠠ 9.0% ᠣᠷᠴᠢᠮ ᠨᠡᠮᠡᠭᠳᠡᠭᠦᠯᠦᠨ᠎ᠡ︔ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 8.0% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ  ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠬᠰᠠᠨ ᠶᠡᠷᠦᠩᠬᠡᠢ ᠬᠡᠮᠵᠢᠶ᠎ᠠ ᠶᠢ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠭᠦᠯᠦᠨ᠎ᠡ  ︔ ︽ᠡᠨᠧᠷᠭᠢ ᠶᠢᠨ ᠬᠤᠷᠣᠬᠳᠠᠯ ᠤᠨ ᠬᠤᠣᠰ ᠡᠵᠡᠮᠳᠡᠯ ︾ ᠤᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃        ᠳᠡᠭᠡᠷ᠎ᠡ ᠬᠠᠭᠠᠰ ᠵᠢᠯ ᠤᠨ ᠭᠤᠤᠯ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠄ ᠪᠥᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠵᠦ᠂ ᠪᠥᠬᠦ ᠠᠶᠢᠮᠠᠭ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 8.3 ᠵᠠᠭᠤᠨ ᠤ ᠨᠢᠭᠡᠴᠢ ᠥᠨᠳᠥᠷ ᠪᠣᠯᠵᠣ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 1 ᠳᠤ  ᠵᠢᠬᠰᠠᠪᠠ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 2 ᠲᠤ ᠣᠷᠣᠪᠠ︔ ᠬᠤᠶᠠᠳᠤᠭᠠᠷ ᠠᠵᠤ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.0% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 1 ᠳᠤ ᠵᠢᠬᠰᠠᠪᠠ ︵ᠪᠥᠬᠦ ᠠᠵᠤ ᠦᠢᠯᠡᠳᠪᠦᠷᠢᠯᠡᠯ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 55.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 2 ᠲᠤ ᠵᠢᠬᠰᠠᠪᠠ︶︔ ᠭᠤᠷᠪᠠᠳᠤᠭᠠᠷ ᠠᠵᠤ ᠦᠢᠯᠡᠰ  ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠳᠤ ᠵᠢᠬᠰᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7547 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 38.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 2 ᠲᠤ ᠵᠢᠬᠰᠠᠪᠠ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ 21952 ᠲᠥᠭᠦᠷᠢᠭ ᠪᠠ 8010 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.3% ᠪᠠ 16.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠣᠰᠪᠣᠷᠢ ᠪᠥᠬᠦ ᠠᠶᠢᠮᠠᠭ ᠤᠨ 1 ᠪᠠ 3  ᠳᠤ ᠵᠢᠬᠰᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.4%   ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 5 ᠳᠤ ᠵᠢᠬᠰᠠᠪᠠ᠃ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 89.4%   ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 5 ᠳᠤ  ᠣᠷᠣᠪᠠ᠃ ︵ᠨᠢᠭᠡ︶ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠡᠷᠡᠰ ᠪᠣᠳᠠᠲᠠᠶᠢᠵᠢᠭᠤᠯᠵᠤ᠂ ᠬᠥᠮᠦᠨ ᠪᠣᠳᠠᠰ ᠢ ᠬᠠᠮᠲᠤ ᠳᠤᠨᠢ ᠰᠡᠷᠭᠡᠶᠢᠯᠡᠬᠦ᠂  ᠬᠠᠷᠢᠭᠤ ᠲᠣᠰᠬᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ︽1+8+N︾ ︽ᠲᠠᠪᠤ ᠶᠢ ᠨᠢᠭᠡ ᠲᠣᠣᠷᠵᠢᠭᠤᠯᠬᠤ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠦᠷᠢᠵᠢᠭᠤᠯᠪᠠ᠃ ᠡᠨᠡ ᠵᠢᠯ ᠠᠴᠠ ᠨᠠᠰᠢ᠂ ᠭᠤᠤᠯᠳᠠᠯᠭ᠎ᠠ ᠲᠠᠢ ᠭᠠᠵᠠᠷ ᠣᠷᠣᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠨᠠᠷᠢᠨ ᠬᠢᠨᠠᠮᠠᠭᠠᠶ ᠪᠠᠶᠢᠴᠠᠭᠠᠵᠤ ᠂ ᠬᠢᠵᠢᠭ ᠲᠤ ᠬᠤᠯᠪᠣᠭᠳᠠᠭᠰᠠᠨ ᠠᠷᠺᠧᠨ᠋ᠲ᠋ᠧᠨ ᠤ ᠦᠬᠡᠷ ᠤᠨ ᠮᠢᠬ᠎ᠠ ᠶᠢ ᠪᠥᠬᠦ ᠲᠠᠯ᠎ᠠ ᠪᠠᠷ ᠪᠠᠶᠢᠴᠠᠭᠠᠨ ᠰᠢᠢᠳᠪᠦᠷᠢᠯᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ 31289 ᠲᠠᠷᠢᠪᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠳᠣᠬᠠᠨ ᠳᠤ ᠨᠢᠭᠡᠨᠳᠡ 725 ᠲᠡᠭᠰᠢ ᠳᠥᠷᠪᠡᠯᠵᠢᠨ ᠺᠢᠯᠣᠮᠧᠲᠷ ᠬᠤᠯᠤᠭᠠᠨ᠎ᠠ ᠶᠢᠨ ᠬᠢᠵᠢᠭ ᠢ ᠪᠠᠶᠢᠴᠠᠭᠠᠵᠤ ᠬᠢᠨᠠᠨ ᠬᠡᠮᠵᠢᠬᠦ ᠠᠵᠢᠯ ᠢ ᠪᠡᠶᠡᠯᠡᠭᠦᠯᠵᠦ᠂ 5 ᠰᠠᠷ᠎ᠠ ᠶᠢᠨ 5 ᠤ ᠡᠳᠦᠷ ᠠᠷᠭ᠎ᠠ ᠴᠢᠨᠠᠷᠲᠠᠶ ᠵᠢᠱᠢᠶ᠎ᠠ ᠨᠢᠭᠡ ᠶᠢ ᠢᠯᠡᠷᠡᠭᠦᠯᠵᠦ᠂ ᠣᠲᠣ ᠨᠢᠭᠡᠨᠲᠡ ᠬᠢᠵᠢᠭᠲᠦ ᠣᠷᠣᠨ ᠤ ᠡᠷᠬᠢᠨ ᠲᠣᠭᠤᠷᠢᠨ ᠤ 78.5 ᠲᠡᠭᠰᠢ ᠳᠥᠷᠪᠡᠯᠵᠢᠨ ᠺᠢᠯᠣᠮᠧᠲᠷ ᠤᠨ ᠬᠡᠪᠴᠢᠶᠡᠨ ᠳᠤ ᠲᠣᠣᠷ ᠲᠠᠳᠠᠬᠤ ᠬᠡᠯᠪᠡᠷᠢ ᠪᠠᠷ ᠬᠤᠯᠤᠭᠠᠨ᠎ᠠ ᠶᠢ ᠣᠰᠠᠳᠬᠠᠨ ᠰᠢᠢᠳᠪᠦᠷᠢᠯᠡᠵᠦ᠂ ᠡᠷᠬᠢᠨ ᠲᠣᠭᠤᠷᠢᠨ ᠤ 3 ᠬᠤᠲᠠ ᠶᠢᠨ 140 ᠪᠠᠶᠢᠩᠭᠤ ᠰᠠᠭᠤᠭ᠎ᠠ ᠮᠠᠯᠵᠢᠬᠤ ᠡᠷᠦᠬᠡ ᠳᠤ ᠬᠦᠷᠴᠦ ᠤᠬᠠᠭᠤᠯᠬᠤ᠂  ᠦᠢᠯᠡ ᠠᠵᠢᠯᠯᠠᠭ᠎ᠠ ᠪᠠᠷ ᠨᠦᠯᠦᠭᠡᠯᠡᠬᠦ᠂ ᠳᠠᠭᠠᠵᠤ ᠰᠤᠷᠪᠤᠯᠵᠢᠯᠠᠨ ᠠᠵᠢᠭᠯᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠠᠪᠴᠠᠶ︔  72 ᠲᠦᠮᠡᠨ ᠮᠥ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ︵65.2 ᠲᠦᠮᠡᠨ ᠮᠥ ᠨᠤᠲᠤᠭ ᠪᠡᠯᠴᠢᠭᠡᠷ  ᠂ 6.8 ᠲᠦᠮᠡᠨ ᠮᠥ ᠲᠠᠷᠢᠶᠠᠨ ᠭᠠᠵᠠᠷ  ︶ ᠶᠢ ᠪᠡᠶᠡᠯᠡᠭᠦᠯᠵᠦ᠂ ᠤᠯᠤᠰ ᠮᠤᠵᠢ ᠶᠢᠨ ᠭᠤᠤᠯ ᠱᠤᠭᠤᠮ ᠳᠠᠭᠠᠤ ᠬᠤᠯᠤᠭᠠᠨ᠎ᠠ ᠤᠰᠠᠳᠬᠠᠬᠤ ᠠᠵᠢᠯ ᠢ ᠪᠦᠬᠦᠨ ᠢ ᠪᠡᠶᠡᠯᠡᠭᠦᠯᠪᠡ᠃ ︵ᠬᠤᠶᠠᠷ︶ ᠴᠢᠬᠤᠯᠠ ᠶᠡᠭᠡ ᠲᠦᠷᠦᠯ ᠵᠦᠢᠯ ᠢ ᠯᠠᠪᠳᠠᠭᠤᠨ ᠢᠶᠠᠷ ᠠᠬᠢᠭᠤᠯᠪᠠ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠳᠣᠲᠣᠷ᠎ᠠ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 10 ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ  ᠵᠦᠢᠯ ᠪᠠ 38 ᠬᠤᠰᠢᠭᠤ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠳᠭᠡᠭᠰᠡᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠪᠠ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ ᠴᠠᠭ ᠬᠤᠭᠤᠴᠠᠭ᠎ᠠ ᠶᠣᠰᠣᠭᠠᠷ ᠠᠬᠢᠭᠤᠯᠣᠨ᠂ 36.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠣᠳᠣᠬᠠᠨ ᠳᠤ᠂  ᠠᠶᠢᠮᠠᠭ ᠤᠨ ᠲᠠᠰ ᠤᠨ10 ᠭᠤᠤᠯᠳᠠᠯᠭ᠎ᠠ ᠲᠠᠢ ᠲᠥᠷᠥᠯ ᠵᠦᠢᠯ ︵3 ᠵᠦᠢᠯ ᠢ ᠰᠢᠨ᠎ᠡ ᠪᠠᠷ ᠪᠠᠶᠢᠭᠤᠯᠵᠤ᠂ 7 ᠵᠦᠢᠯ ᠢ ᠦᠷᠭᠦᠯᠵᠢᠯᠡᠨ ᠪᠠᠶᠢᠭᠤᠯᠤᠨ᠎ᠠ︶ ᠤᠨ ᠭᠠᠷᠳᠠᠮ ᠢ  ᠭᠦᠢᠴᠡᠳᠭᠡᠭᠰᠡᠨ ᠨᠣᠷᠮ᠎ᠠ 94.2% ᠳᠤ ᠬᠦᠷᠴᠦ᠂ ᠠᠵᠢᠯ ᠡᠬᠢᠯᠡᠭᠦᠯᠵᠦ  ᠰᠡᠷᠭᠦᠭᠡᠭᠰᠡᠨ ᠨᠣᠷᠮ᠎ᠠ 100% ᠪᠣᠯᠵᠦ᠂  ᠬᠤᠰᠢᠭᠤ ᠲᠠᠰ ᠤᠨ 38 ᠭᠤᠤᠯᠳᠠᠯᠭ᠎ᠠ ᠲᠠᠢ ᠲᠥᠷᠥᠯ  ᠵᠦᠢᠯ ᠤᠨ ᠭᠠᠷᠳᠠᠮ ᠢ  ᠭᠦᠢᠴᠡᠳᠭᠡᠭᠰᠡᠨ ᠨᠣᠷᠮ᠎ᠠ 97.8%   ᠳᠤ ᠭᠦᠷᠴᠦ᠂ ᠠᠵᠢᠯ ᠡᠬᠢᠯᠡᠭᠦᠯᠵᠦ ᠰᠡᠷᠭᠦᠭᠡᠭᠰᠡᠨ ᠨᠣᠷᠮ᠎ᠠ 89.5% ᠪᠣᠯᠪᠠ᠃ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠢ ᠲᠣᠭᠲᠠᠪᠤᠷᠢᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ 6 ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠡᠰ ᠲᠡᠪᠰᠢᠭᠦᠯᠬᠦ ᠪᠠᠷ ᠴᠢᠷᠮᠠᠶᠢᠵᠦ᠂ ᠨᠡᠶᠢᠲᠡ 20 ᠠᠵᠣ ᠠᠬᠤᠶᠢᠯᠠᠯ ᠪᠣᠯᠭᠠᠨ᠎ᠠ᠃ ᠣᠳᠣᠬᠠᠨ ᠳᠤ ᠨᠢᠭᠡᠨᠲᠡ 2 ᠠᠵᠤ ᠠᠬᠤᠶᠢᠯᠠᠯ ᠢ ᠲᠡᠰ ᠲᠡᠪᠰᠢᠭᠦᠯᠬᠦ  ᠶᠢ ᠪᠡᠶᠡᠯᠡᠭᠦᠯᠵᠦ᠂ 1 ᠬᠢᠵᠠᠭᠠᠷᠲᠤ ᠬᠤᠭᠤᠴᠠᠭ᠎ᠠ ᠶᠢ ᠳᠡᠭᠡᠭᠰᠢᠯᠡᠭᠦᠯᠬᠦ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠢᠨᠠᠨ ᠬᠠᠷᠭᠤᠭᠤᠯᠵᠤ᠂ 1 ᠠᠵᠤ ᠠᠬᠤᠶᠢᠯᠠᠯ ᠢ 7 ᠰᠠᠷ᠎ᠠ ᠶᠢᠨ ᠰᠡᠭᠦᠯᠴᠢ ᠠᠴᠠ ᠡᠮᠦᠨ᠎ᠡ ᠳᠡᠰ ᠲᠡᠪᠰᠢᠭᠦᠯᠬᠦ  ᠶᠢ ᠪᠡᠶᠡᠯᠡᠭᠦᠯᠬᠦ ᠪᠠᠷ ᠵᠢᠱᠢᠵᠦ᠂ ᠦᠯᠡᠳᠡᠭᠰᠡᠨ 2 ᠠᠵᠤ ᠠᠬᠤᠶᠢᠯᠠᠯ ᠢ 8 ᠰᠠᠷ᠎ᠠ ᠶᠢᠨ ᠰᠡᠭᠦᠯᠴᠢ ᠠᠴᠠ ᠡᠮᠦᠨ᠎ᠡ ᠵᠠᠯᠭᠠᠭ᠎ᠠ ᠪᠠᠷ ᠲᠡᠰ ᠲᠡᠪᠰᠢᠭᠦᠯᠬᠦ ᠪᠠᠷ ᠵᠢᠱᠢᠵᠦ ᠪᠣᠶ᠃ ᠠᠷᠠᠯᠵᠢᠶᠠᠴᠢᠨ ᠤᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 45 ᠠᠷᠠᠯᠵᠢᠶᠠᠴᠢᠨ ᠤᠷᠢᠬᠤ ᠲᠥᠷᠥᠯ  ᠵᠦᠢᠯ ᠢ ᠨᠥᠭᠡᠴᠡᠯᠡᠵᠦ᠂ ᠨᠢᠭᠡᠨᠲᠡ 6 ᠬᠤᠯᠪᠣᠭᠳᠠᠯ ᠪᠥᠬᠦᠶ ᠠᠵᠤ ᠠᠬᠤᠶᠢᠯᠠᠯ ᠲᠠᠢ ᠬᠠᠷᠢᠯᠴᠠᠵᠦ ᠂ ᠡᠭᠦᠨ ᠳᠤ ᠨᠢᠭᠡᠨᠲᠡ 5 ᠠᠵᠤ ᠠᠬᠤᠶᠢᠯᠠᠯ ᠨᠢ ᠪᠠᠯᠠ ᠣᠷᠣᠭᠤᠯᠬᠤ ᠰᠠᠨᠠᠮᠵᠢ ᠲᠠᠢ ᠪᠣᠯᠵᠣ᠂ 8.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃        ︵ᠭᠤᠷᠪᠠ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠᠷ ᠵᠢᠯᠣᠭᠤᠳᠣᠯᠭ᠎ᠠ ᠪᠣᠯᠭᠠᠵᠤ᠂ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ ᠠᠵᠤ ᠠᠬᠤᠶ ᠶᠢ ᠰᠢᠯᠢᠳᠡᠭᠵᠢᠭᠦᠯᠦᠨ ᠪᠣᠷᠳᠤᠭ᠎ᠠ ᠶᠢ ᠥᠷᠭᠡᠳᠬᠡᠬᠦ︾ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠪᠡ᠃ ᠵᠢᠯ ᠳᠤ 500  ᠴᠠᠬᠠᠷ ᠬᠤᠴᠨ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠲᠠᠶᠢᠴᠢᠯᠠᠨ ᠲᠠᠭᠠᠭᠤᠯᠬᠤ ᠴᠢᠳᠠᠪᠤᠷᠢ  ᠪᠠᠨ ᠤᠯᠠᠮ  ᠳᠡᠭᠡᠭᠰᠢᠯᠡᠭᠦᠯᠦᠨ᠂ ᠣᠳᠣᠬᠠᠨ ᠳᠤ ᠨᠢᠭᠡᠨᠲᠡ ᠴᠠᠬᠠᠷ ᠬᠤᠴᠨ 400 ᠶᠢ ᠪᠤᠶᠢᠵᠢᠭᠤᠯᠪᠠ︔ ᠪᠡᠭᠡᠵᠢᠩ ᠤᠨ ᠵᠢᠦ ᠵᠧᠦ ᠳ᠋ᠠ ᠳ᠋ᠢ ᠠᠮᠢᠳᠤ ᠪᠣᠳᠠᠰ ᠤᠨ ᠮᠡᠷᠭᠡᠵᠢᠯ ᠤᠨ ᠪᠦᠯᠦᠭᠯᠡᠯ ᠲᠠᠢ ᠢᠳᠡᠪᠬᠢᠲᠡᠶ ᠬᠤᠯᠪᠣᠭᠠᠯᠠᠵᠦ᠂ ᠪᠥᠬᠦ ᠭᠧᠨ ᠤ ᠪᠦᠯᠦᠭᠯᠡᠯ ᠢ ᠰᠣᠩᠭᠤᠨ ᠪᠤᠶᠢᠵᠢᠭᠤᠯᠬᠤ ᠮᠡᠷᠭᠡᠵᠢᠯ ᠢᠶᠠᠷ ᠳᠠᠮᠵᠢᠭᠤᠯᠤᠨ᠂ ᠲᠠᠯ᠎ᠠ ᠨᠤᠲᠤᠭ ᠤᠨ ᠦᠬᠡᠷ᠂ ᠰᠢᠮᠧᠨ᠋ᠲ᠋ᠠᠷ᠂ ᠠᠩᠭᠦᠰ ᠵᠢᠴᠢ ᠬᠤᠯᠠᠨᠳ᠋ ᠤᠨ ᠡᠭᠦᠯᠳᠡᠷ ᠪᠤᠶᠢᠵᠢᠭᠤᠯᠬᠤ ᠭᠤᠤᠯ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠣᠳᠣᠬᠠᠨ ᠳᠤ ᠨᠢᠭᠡᠨᠲᠡ ᠠᠵᠤ ᠠᠬᠤᠶᠢᠯᠠᠯ ᠲᠠᠢ ᠠᠩᠬ᠎ᠠ ᠠᠯᠬᠤᠮ ᠬᠠᠮᠲᠤᠷᠠᠯᠴᠠᠬᠤ ᠰᠠᠨᠠᠯ ᠨᠢᠭᠡᠳᠪᠡ᠃ ᠵᠣᠬᠢᠬᠤ ᠬᠡᠪᠴᠢᠶᠠᠨ ᠤ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠳᠣᠬᠠᠨ ᠳᠤ ᠮᠢᠩᠭ᠎ᠠ ᠠᠴᠠ ᠳᠡᠭᠡᠭᠰᠢᠬᠢ ᠪᠣᠷᠳᠣᠵᠤ ᠲᠠᠷᠭᠤᠯᠠᠭᠤᠯᠬᠤ  2 ᠲᠠᠯᠠᠪᠠᠶ᠂ 200 — 1000 ᠪᠣᠷᠳᠣᠵᠤ ᠲᠠᠷᠭᠤᠯᠠᠭᠤᠯᠬᠤ ᠲᠠᠯᠠᠪᠠᠶ 5 ᠶᠢ ᠪᠠᠶᠢᠭᠤᠯᠪᠠ᠃ ᠲᠠᠷᠢᠮᠠᠯ ᠤᠨ ᠪᠦᠲᠦᠴᠡ ᠶᠢ ᠤᠯᠠᠮ ᠰᠢᠯᠢᠳᠡᠭᠵᠢᠭᠦᠯᠵᠦ᠂ 25.64 ᠲᠦᠮᠡᠨ ᠮᠥ ᠳᠠᠷᠢᠬᠤ ᠲᠠᠯᠠᠪᠠᠶ ᠶᠢ ᠪᠡᠶᠡᠯᠡᠭᠦᠯᠵᠦ᠂ ᠡᠭᠦᠨ ᠳᠤ 13.59 ᠲᠦᠮᠡᠨ ᠮᠥ ᠠᠮᠤ ᠪᠤᠳᠠᠭᠠᠨ ᠤ ᠲᠠᠷᠢᠮᠠᠯ ︵ᠡᠭᠦᠨ ᠳᠤ ᠠᠮᠤ ᠪᠤᠳᠠᠭ᠎ᠠ ᠪᠣᠷᠳᠣᠭᠠᠨ ᠤ ᠬᠤᠤᠰ ᠬᠡᠷᠡᠭᠯᠡᠭᠡᠨ ᠤ ᠡᠷᠳᠡᠨᠢ ᠰᠢᠰᠢ 1.5 ᠲᠦᠮᠡᠨ ᠮᠥ︶᠂ 1.95 ᠲᠦᠮᠡᠨ ᠮᠥ ᠲᠣᠰᠣᠯᠢᠭ ᠲᠠᠷᠢᠮᠠᠯ᠂ 1.5 ᠲᠦᠮᠡᠨ ᠮᠥ ᠤᠨᠴᠠᠯᠢᠭᠳᠤ ᠢᠳᠡᠰᠢᠨ ᠨᠣᠭᠤᠭ᠎ᠠ ᠭᠤᠸᠠ ᠵᠢᠮᠢᠰ᠂ 8.6 ᠲᠦᠮᠡᠨ ᠮᠥ ᠬᠥᠬᠡ ᠪᠣᠷᠳᠤᠭ᠎ᠠ ᠵᠢᠴᠢ ᠪᠤᠰᠤᠳ ᠲᠠᠷᠢᠮᠠᠯ ᠢ ᠲᠠᠷᠢᠪᠠ᠃ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠳᠤᠯᠠᠭᠠᠨ ᠫᠧᠩ᠂ ᠳᠠᠷᠤᠰᠢᠭᠤᠯᠬᠤ ᠵᠣᠭᠤᠷᠢ᠂ ᠡᠪᠡᠰᠦ ᠬᠠᠳᠠᠭᠠᠯᠠᠬᠤ ᠫᠧᠩ ᠤᠨ ᠲᠥᠷᠥᠯ ᠵᠦᠢᠯ ᠳᠤ ᠭᠠᠷ ᠭᠦᠢᠴᠡᠳᠭᠡᠯ ᠬᠢᠵᠦ ᠪᠣᠶ︔ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠥᠭᠡᠷᠡᠴᠢᠯᠡᠯᠲᠡ ᠶᠢᠨ ᠲᠥᠷᠥᠯ ᠵᠦᠢᠯ ᠢ 8 ᠰᠠᠷ᠎ᠠ ᠶᠢᠨ ᠳᠣᠮᠳᠠᠴᠢ ᠪᠠᠷ ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠬᠡᠷᠡᠭᠵᠢᠭᠦᠯᠦᠨ᠎ᠡ᠃       ︵ᠳᠥᠷᠪᠡ︶ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠠᠰᠤᠷᠠᠯᠲᠠ ᠥᠬᠡᠶ ᠲᠦᠷᠭᠡᠳᠬᠡᠪᠡ᠃ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ 6 ᠰᠠᠷ᠎ᠠ ᠶᠢᠨ ᠰᠡᠭᠦᠯᠴᠢ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠭᠦᠨ ᠤ ᠶᠡᠷᠦᠩᠬᠡᠶ ᠥᠷᠲᠡᠭ 12.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 199.7% ᠪᠠᠷ ᠨᠡᠮᠡᠭᠳᠡᠪᠡ︔ ᠵᠢᠱᠢᠯᠲᠡ ᠪᠠᠷ 2.62 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 195% ᠪᠠᠷ ᠨᠡᠮᠡᠭᠳᠡᠬᠦ ᠪᠣᠯᠤᠨ᠎ᠠ᠃ ᠱᠧᠩ ᠶᠤᠸᠠᠨ ᠰᠠᠯᠬᠢᠨ ᠬᠦᠴᠦᠨ ᠤ ᠴᠠᠬᠢᠯᠭᠠᠨ ᠤ ᠺᠣᠮᠫᠠᠨᠢ᠂ ᠴᠢᠶᠠᠨ ᠶᠢᠨ ᠳ᠋ᠡ ᠠᠭᠤᠷᠬᠠᠶ ᠶᠢᠨ  ᠦᠢᠯᠡᠰ ᠤᠨ ᠺᠣᠮᠫᠠᠨᠢ ᠶᠢᠨ 2 ᠠᠵᠤ ᠠᠬᠤᠶᠢᠯᠠᠯ ᠨᠢ  ᠬᠢᠵᠠᠭᠠᠷᠲᠦ ᠺᠣᠮᠫᠠᠨᠢ ᠶᠢᠨ ᠪᠦᠷᠢᠳᠭᠡᠯ ᠢᠶᠠᠨ ᠪᠡᠶᠡᠯᠡᠭᠦᠯᠪᠡ᠃ ᠴᠡᠪᠡᠷ ᠡᠨᠧᠷᠭᠢ ᠶᠢᠨ ᠠᠵᠤ ᠦᠢᠯᠡᠰ᠂ ᠣᠨᠴᠠ ᠥᠨᠳᠥᠷ ᠬᠦᠴᠦᠳᠡᠯ ᠤᠨ ᠭᠠᠳᠠᠭᠰᠢ ᠬᠦᠷᠭᠡᠬᠦ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠤᠨ ᠡᠯ᠎ᠡ ᠵᠦᠢᠯ ᠤᠨ ᠰᠡᠬᠦᠯ ᠬᠤᠷᠢᠶᠠᠬᠤ ᠢᠨᠵᠧᠨᠧᠷᠢᠩ ᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠴᠠᠬᠢᠯᠭᠠᠨ ᠭᠠᠷᠭᠠᠬᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢᠨ ᠬᠠᠮᠲᠤ ᠬᠡᠮᠵᠢᠶ᠎ᠠ ᠶᠢ ᠲᠡᠭᠡᠭᠰᠢᠯᠡᠭᠦᠯᠦᠨ ᠨᠢᠭᠡᠳᠭᠡᠨ᠎ᠡ᠃  ᠮᠧᠩ ᠳ᠋ᠢᠶᠠᠨ ᠶᠡᠷᠦᠩᠬᠡᠶᠢᠯᠡᠭᠰᠡᠨ ᠡᠨᠧᠷᠭᠢ ᠶᠢᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠨᠢᠭᠡᠳᠦᠭᠡᠷ ᠬᠤᠭᠤᠴᠠᠭᠠᠨ ᠤ 1 ᠲᠦᠮᠡᠨ ᠺᠢᠯᠣᠸᠠᠲ ᠤᠨ ᠲᠥᠷᠥᠯ ᠵᠦᠢᠯ ᠳᠤ ᠵᠠᠯᠭᠠᠨ ᠣᠷᠣᠭᠤᠯᠬᠤ ᠢᠨᠵᠧᠨᠧᠷᠢᠩ ᠤᠨ ᠬᠢᠨᠠᠨ ᠵᠥᠪᠰᠢᠶᠡᠷᠡᠯ ᠪᠠ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠶᠠᠳᠤᠭᠠᠷ ᠬᠤᠭᠤᠴᠠᠭᠠᠨ ᠤ 1 ᠲᠦᠮᠡᠨ ᠺᠢᠯᠣᠸᠠᠲ ᠪᠠ ᠵᠢᠶᠠᠨ ᠠᠨ ᠴᠧᠩ ᠤᠨ 0.2 ᠲᠦᠮᠡᠨ ᠺᠢᠯᠣᠸᠠᠲ ᠤᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠢᠯᠴᠢ ᠬᠠᠩᠭᠠᠬᠤ ᠲᠥᠷᠥᠯ ᠵᠦᠢᠯ ᠳᠤ ᠳᠡᠮᠵᠢᠯᠭᠡ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠭᠦᠢᠴᠡᠳᠭᠡᠬᠦ ᠶᠢ ᠡᠬᠢᠯᠡᠭᠦᠯᠪᠡ᠃ ᠴᠢᠯᠠᠭᠤᠨ ᠲᠣᠰᠣ ᠰᠢᠲᠠᠮᠠᠬᠠᠶ ᠬᠡᠶ ᠶᠢ ᠣᠷᠳᠣ ᠬᠤᠭᠤᠯᠠᠢ ᠪᠠᠷ ᠳᠠᠮᠵᠢᠭᠤᠯᠬᠤ ᠲᠥᠷᠥᠯ ᠵᠦᠢᠯ ᠢ ᠨᠢᠭᠡᠨᠲᠡ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ᠣᠷᠣᠭᠤᠯᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠮᠢ ᠠᠬᠤᠢ ᠶᠢ ᠰᠡᠷᠭᠦᠭᠡᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢ 2021 ᠣᠨ ᠤ ᠥᠪᠡᠷᠲᠡᠭᠡᠨ ᠵᠠᠰᠠᠬᠤ ᠣᠷᠣᠨ ᠤ ᠥᠷᠢᠰᠥᠯᠳᠦᠨ ᠳᠤᠬᠢᠷᠠᠭᠤᠯᠬᠤ ᠲᠦᠷᠦᠯ ᠵᠦᠢᠯ ᠳᠤ ᠣᠷᠣᠭᠤᠯᠬᠤ ᠪᠠᠷ  ᠴᠢᠷᠮᠠᠶᠢᠵᠦ᠂ ᠣᠳᠣᠬᠠᠨ ᠳᠤ ᠨᠢᠭᠡᠨᠲᠡ ᠠᠮᠢ ᠠᠬᠤᠶ ᠶᠢᠨ ᠨᠥᠯᠥᠭᠡ ᠶᠢ ᠦᠨᠡᠯᠡᠨ ᠵᠢᠱᠢᠭᠰᠡᠨ ᠮᠡᠳᠡᠭᠦᠯᠦᠯᠲᠡ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠠᠮᠢ ᠠᠬᠤᠶ ᠶᠢ ᠰᠡᠷᠭᠦᠭᠡᠬᠦ ᠲᠥᠰᠦᠯ᠂ ᠵᠠᠯᠭᠠᠨ ᠣᠷᠣᠭᠤᠯᠬᠤ ᠲᠥᠰᠦᠯ᠂ ᠨᠦᠬᠡᠴᠨ ᠡᠨᠧᠷᠭᠢ ᠶᠢ ᠳᠣᠭᠢᠷᠠᠭᠤᠯᠬᠤ ᠲᠥᠰᠦᠯ ᠪᠠ ᠨᠤᠷᠠᠭᠠᠯᠲᠠ ᠶᠢᠨ ᠴᠢᠨᠠᠷᠲᠠᠶ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠬᠠᠮᠢᠶ᠎ᠠ ᠪᠥᠬᠦᠶ ᠠᠮᠢ ᠠᠬᠤᠶ ᠶᠢ ᠰᠡᠷᠭᠦᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠪᠢᠶᠠᠷᠢ ᠰᠡᠳᠦᠪ ᠢ ᠰᠤᠳᠤᠯᠤᠨ ᠠᠬᠢᠭᠤᠯᠬᠤ ᠠᠵᠢᠯ ᠢ ᠵᠡᠷᠭᠡ ᠪᠠᠷ ᠥᠷᠨᠢᠭᠦᠯᠪᠡ᠃ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ ︽ᠨᠣᠭᠤᠭᠠᠨ ᠴᠠᠬᠢᠯᠭᠠᠨ ᠢ ᠪᠡᠭᠡᠵᠢᠩ ᠳᠤ ᠣᠷᠣᠭᠤᠯᠬᠤ︾ ᠰᠠᠭᠤᠷᠢᠨ ᠭᠠᠵᠠᠷ — ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠡᠯᠡᠰᠦᠷᠬᠡᠭ ᠭᠠᠵᠠᠷ ᠤᠨ ᠬᠡᠷᠡᠯ ᠴᠡᠨᠡᠭ ᠤᠨ ᠠᠮᠢ ᠠᠬᠤᠶ ᠶᠢ ᠰᠡᠷᠭᠦᠭᠡᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠡᠨᠧᠷᠭᠢ ᠶᠢᠨ ᠰᠢᠨ᠎ᠡ ᠪᠠᠷ ᠮᠠᠨᠳᠤᠭᠰᠠᠨ ᠠᠵᠤ  ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠠ ᠴᠡᠪᠡᠷ ᠡᠨᠧᠷᠭᠢ ᠬᠢᠭᠡᠳ ᠠᠮᠢ ᠠᠬᠤᠶ ᠶᠢ ᠰᠡᠷᠭᠦᠭᠡᠨ ᠵᠠᠰᠠᠬᠤ ᠶᠢ ᠠᠭᠤᠰᠤᠯᠴᠠᠭᠤᠯᠬᠤ ᠶᠢ ᠢᠳᠡᠪᠬᠢᠲᠡᠶ ᠪᠠᠷ ᠪᠣᠶ ᠪᠣᠯᠭᠠᠨ᠎ᠠ᠃ ᠭᠡᠷᠡᠯ  ᠴᠡᠨᠡᠭ ᠤᠨ ᠠᠮᠢ ᠠᠬᠤᠢ ᠶᠢ ᠰᠡᠷᠭᠦᠭᠡᠭᠦ᠂  ᠰᠠᠯᠬᠢ ᠭᠡᠷᠡᠯ ᠨᠥᠭᠡᠴᠡᠯᠡᠬᠦ +  ᠴᠡᠪᠡᠷ ᠳᠣᠯᠠᠭᠠᠯᠠᠭ᠎ᠠ ᠬᠠᠩᠭᠠᠬᠤ᠂ ᠡᠬᠢ ᠰᠤᠷᠪᠤᠯᠵᠢ ᠶᠢ ᠲᠣᠤᠷᠵᠢᠭᠤᠯᠤᠨ ᠨᠥᠭᠡᠴᠡᠯᠡᠬᠦ᠂ ᠬᠡᠷᠡᠯ ᠢᠯᠴᠢ ᠶᠢ ᠳᠣᠭᠢᠷᠠᠭᠤᠯᠬᠤ ᠵᠡᠷᠭᠡ ᠲᠥᠷᠥᠯ  ᠵᠦᠢᠯ ᠤᠨ ᠨᠥᠭᠡᠴᠡᠯᠡᠯᠲᠡ ᠨᠢ ᠨᠢᠭᠡᠨᠲᠡ 20 ᠭᠠᠷᠤᠶ ᠠᠵᠤ ᠠᠬᠤᠶᠢᠯᠠᠯ ᠲᠠᠢ ᠬᠠᠷᠢᠯᠴᠠᠵᠤ᠂ ᠡᠭᠦᠨ ᠳᠤ 13 ᠠᠵᠤ ᠠᠬᠤᠶᠢᠯᠠᠯ ᠨᠢ ᠨᠢᠭᠡᠨᠲᠡ ᠬᠠᠮᠢᠶ᠎ᠠ ᠪᠥᠬᠦᠶ ᠲᠥᠯᠥᠪᠵᠢᠭᠦᠯᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠡᠨᠧᠷᠭᠢ ᠪᠠᠷ ᠠᠷᠠᠳ ᠲᠤ ᠠᠰᠢᠭ ᠬᠦᠷᠲᠡᠭᠡᠬᠦ ᠬᠠᠮᠢᠶ᠎ᠠ ᠪᠥᠬᠦᠶ ᠵᠠᠭᠪᠤᠷ ᠤᠨ ᠰᠢᠨ᠎ᠡ ᠶᠢ ᠡᠭᠦᠳᠬᠦ ᠪᠠ ᠰᠤᠳᠤᠯᠭᠠᠨ ᠢ ᠵᠡᠷᠭᠡ ᠪᠠᠷ ᠥᠷᠨᠢᠭᠦᠯᠪᠡ︔ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠡᠯᠡᠰᠦᠷᠬᠡᠭ ᠭᠠᠵᠠᠷ ᠤᠨ ᠬᠡᠷᠡᠯ ᠴᠡᠨᠡᠭ ᠤᠨ ᠠᠮᠢ ᠠᠬᠤᠶ ᠶᠢ ᠰᠡᠷᠭᠦᠭᠡᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ  ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢᠨ ᠭᠠᠵᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠤᠳᠠᠯᠳᠤᠭᠠᠴᠢᠨ ᠤᠷᠢᠬᠤ ᠲᠥᠰᠦᠯ︾ ᠢ ᠭᠠᠷᠲᠠᠨ ᠨᠠᠶᠢᠷᠠᠭᠤᠯᠵᠤ᠂ ᠬᠤᠸᠠ ᠷᠦᠨ ᠪᠦᠯᠦᠭᠯᠡᠯ᠂ ᠳ᠋ᠦᠩ ᠰᠢᠤᠢ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠵᠡᠷᠭᠡ ᠤᠯᠤᠰ ᠤᠨ ᠳᠣᠲᠣᠭᠠᠳᠤ ᠶᠢᠨ ᠤᠯᠠᠨ ᠠᠵᠢᠯ ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ  ᠂ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ᠂ ᠳᠡᠭᠡᠳᠦ ᠰᠢᠨ᠎ᠡ ᠮᠡᠷᠭᠡᠵᠢᠯ᠂ ᠳᠡᠭᠡᠳᠦ ᠲᠡᠰ ᠤᠨ ᠦᠢᠯᠡᠳᠬᠦ ᠦᠢᠯᠡᠰ ᠵᠡᠷᠭᠡ ᠪᠦᠬᠦ ᠠᠵᠤ ᠦᠢᠯᠡᠰ᠂ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠳᠤᠲᠠᠭᠤᠳᠠᠯ ᠢ ᠨᠥᠬᠦᠪᠥᠷᠢᠯᠡᠬᠦ ᠶᠡᠷᠦᠩᠬᠡᠶᠢᠯᠡᠭᠰᠡᠨ ᠨᠡᠭᠡᠭᠡᠨ  ᠬᠦᠭᠵᠢᠭᠦᠯᠬᠦ ᠲᠣᠬᠠᠢ ᠵᠣᠯᠭᠠᠭᠤᠯᠪᠠ︔ 2021 ᠣᠨ ᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠴᠢᠬᠤᠯᠠ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠲᠤᠰᠬᠠᠢ ᠵᠠᠷᠤᠳᠠᠯ 108 ᠲᠦᠮᠡᠨ ᠲᠥᠭᠦᠷᠢᠭ ᠢ ᠭᠤᠶᠤᠴᠢᠯᠠᠨ ᠮᠡᠳᠡᠭᠦᠯᠵᠦ᠂ ᠡᠯ᠎ᠡ ᠲᠦᠷᠦᠯ ᠤᠨ ᠠᠵᠢᠯ ᠢ ᠳᠣᠣᠷ᠎ᠠ ᠬᠠᠭᠠᠰ ᠵᠢᠯ ᠳᠤ ᠪᠦᠬᠦ ᠲᠠᠯ᠎ᠠ ᠪᠠᠷ ᠥᠷᠨᠢᠭᠦᠯᠬᠦ ᠪᠠᠷ ᠲᠦᠯᠦᠪᠯᠡᠵᠦ ᠪᠤᠢ᠃ ᠲᠣᠨᠣᠭᠯᠠᠯ ᠦᠢᠯᠡᠳᠬᠦ ᠠᠵᠤ ᠦᠢᠯᠡᠰ᠂ ᠣᠨᠴᠨ ᠦᠨᠳᠦᠷ ᠬᠦᠴᠦᠳᠡᠯᠳᠦ ᠴᠠᠬᠢᠯᠭᠠᠨ᠂ ᠶᠢᠨ ᠹᠧᠩ ᠰᠢᠨᠵᠢᠯᠡᠭᠡ ᠮᠡᠷᠭᠡᠵᠢᠯ᠂ ᠵᠢᠶᠠᠨ ᠠᠨ ᠴᠧᠩ ᠵᠡᠷᠭᠡ 3 ᠲᠣᠨᠣᠭᠯᠠᠯ ᠦᠢᠯᠡᠳᠬᠦ ᠠᠵᠤ ᠠᠬᠤᠶᠢᠯᠠᠯ ᠢ ᠬᠠᠪᠰᠣᠷᠣᠨ ᠲᠡᠮᠵᠢᠵᠦ ᠤᠯᠠᠨ ᠲᠠᠯ᠎ᠠ  ᠪᠠᠷ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢ ᠤᠯᠬᠤ ᠪᠠᠷ ᠴᠢᠷᠮᠠᠶᠢᠵᠦ᠂ 1 — 6 ᠰᠠᠷ᠎ᠠ ᠳᠤ ᠲᠣᠨᠣᠭᠯᠠᠯ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 5.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 46.7% ᠢ ᠡᠵᠡᠯᠡᠪᠡ᠃ ᠰᠢᠨ᠎ᠡ ᠪᠠᠷ ᠪᠠᠶᠢᠭᠤᠯᠤᠭᠰᠠᠨ ᠣᠨᠴᠨ ᠦᠨᠳᠦᠷ ᠬᠦᠴᠦᠳᠡᠯᠳᠦ ᠴᠠᠬᠢᠯᠭᠠᠨ ᠤ ᠠᠵᠢᠯ ᠤᠨ ᠲᠥᠪᠯᠡᠷᠡᠭᠦᠯᠦᠨ ᠡᠵᠡᠮᠳᠡᠬᠦ ᠲᠥᠪ ᠤᠨ ᠲᠥᠷᠥᠯ ᠵᠦᠢᠯ  ᠤᠨ ᠲᠥᠬᠦᠭᠡᠷᠦᠮᠵᠢ ᠶᠢ ᠤᠭᠰᠠᠷᠠᠵᠤ  ᠲᠠᠭᠤᠰᠬᠠᠨ᠂ ᠡᠬᠢᠯᠡᠨ ᠠᠵᠢᠯᠯᠠᠭᠤᠯᠵᠦ ᠲᠣᠬᠢᠷᠠᠭᠤᠯᠣᠨ ᠳᠣᠷᠰᠢᠪᠡ᠃ ᠠᠭᠤᠷᠬᠠᠶ ᠶᠢᠨ ᠭᠠᠷᠤᠯᠲᠠ ᠶᠢ  ᠮᠠᠯᠳᠠᠬᠤ ᠰᠢᠯᠢᠬᠦ ᠬᠠᠶᠢᠯᠣᠭᠤᠯᠬᠤ᠂ ᠰᠢᠨ᠎ᠡ ᠮᠠᠲ᠋ᠧᠷᠢᠶᠠᠯ ᠪᠠ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ᠂ ᠢ ᠬᠤᠤ ᠠᠭᠤᠷᠬᠠᠶ ᠶᠢᠨ ᠦᠢᠯᠡᠰ ᠤᠨ ᠬᠢᠨ ᠰᠢᠰᠲ᠋ᠧᠮ ᠤᠨ ᠠᠦ᠋ᠲ᠋ᠣᠴᠢᠯᠠᠯᠲᠠ ᠪᠠᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ  ᠢᠶᠠᠨ ᠰᠡᠷᠭᠦᠭᠡᠬᠦ ᠪᠠᠷ ᠴᠢᠷᠮᠠᠶᠢᠵᠤ ᠪᠠᠶᠢᠨ᠎ᠠ︔  ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ  ᠰᠢᠢᠳᠪᠦᠷᠢᠯᠡᠬᠦ ᠲᠥᠷᠥᠯ ᠵᠦᠢᠯ  ᠤᠨ ᠪᠦᠳᠦᠭᠡᠨ ᠪᠠᠶᠢᠭᠤᠯᠣᠯᠳᠠ ᠶᠢ ᠲᠦᠷᠭᠡᠳᠬᠡᠨ ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ︔ ᠨᠥᠸᠧ ᠶᠢᠨ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠬᠡᠲᠦ ᠥᠨᠳᠥᠷ ᠴᠢᠳᠠᠮᠵᠢ ᠶᠢᠨ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ ᠵᠦᠶ᠋ᠯ᠂ ᠭᠦᠸᠧ ᠠᠶ ᠨᠢᠺᠧᠯ ᠤᠨ ᠦᠢᠯᠡᠰ ᠤᠨ ᠵᠢᠪᠡᠷᠡᠬᠦ ᠥᠬᠡᠶ ᠪᠣᠯᠣᠳ ᠰᠠᠭᠤᠷᠢ ᠮᠠᠲ᠋ᠧᠷᠢᠶᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠬᠠᠶ ᠮᠧᠩ ᠪᠠᠯ ᠴᠢᠯᠠᠭᠤᠨ ᠠᠯᠺᠧᠨ ᠤ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ  ᠦᠢᠯᠡᠰ᠂ ᠡᠷᠳᠡᠨᠢ ᠮᠢᠬᠠᠨ ᠤ ᠦᠢᠯᠡᠰ ᠤᠨ ᠪᠦᠷᠢᠨ ᠠᠦ᠋ᠲ᠋ᠣᠴᠢᠯᠠᠭᠰᠠᠨ ᠨᠢᠲᠤᠯᠬᠤ ᠦᠢᠯᠡᠳᠪᠦᠷᠢ ᠨᠢᠭᠡᠨᠲᠡ ᠵᠠᠰᠠᠵᠤ ᠴᠢᠮᠡᠭᠯᠡᠬᠦ ᠪᠠ ᠲᠣᠨᠤᠭ ᠲᠥᠬᠦᠭᠡᠷᠦᠮᠵᠢ ᠤᠭᠰᠠᠷᠠᠬᠤ ᠱᠠᠲᠤᠨ ᠳᠤ ᠣᠷᠣᠵᠤ᠂ ᠵᠢᠱᠢᠯᠲᠡ ᠪᠠᠷ 8 ᠰᠠᠷ᠎ᠠ ᠶᠢᠨ ᠳᠤᠮᠳᠠᠴᠢ ᠪᠠᠷ ᠲᠤᠷᠰᠢᠨ ᠦᠢᠯᠡᠳᠪᠦᠷᠢᠯᠡᠨ᠎ᠡ︔ ᠶᠤᠸᠠᠢ ᠱᠧᠩ  ᡁᠢ ᠮᠢᠬᠠᠨ ᠤ ᠦᠬᠡᠷ ᠬᠤᠨᠢ ᠶᠢ ᠨᠢᠲᠤᠯᠵᠤ ᠡᠳ᠋ᠰᠢᠭᠦᠯᠬᠦ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠲᠥᠷᠥᠯ  ᠵᠦᠢᠯ ᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃  ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂  ᠬᠤᠰᠢᠭᠤ ᠴᠠᠭᠠᠨ ᠢᠳᠡᠭᠡᠨ ᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠵᠤ᠂ ᠣᠳᠣᠬᠠᠨ ᠳᠤ 12  ᠳᠣᠮᠳᠠ  ᠵᠢᠵᠢᠭ ᠰᠠᠭᠠᠯᠢ ᠶᠢᠨ ᠮᠠᠯ ᠤᠨ ᠮᠠᠯᠵᠢᠨ ᠦᠷᠡᠵᠢᠭᠦᠯᠬᠦ ᠲᠠᠯᠠᠪᠠᠶ ᠪᠠ 21 ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ ᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ︔ ᠣᠳᠣᠬᠠᠨ ᠳᠤ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ 2 ᠠᠴᠠ 4 ᠪᠣᠯᠵᠣ ᠨᠡᠮᠡᠭᠳᠡᠨ  ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠳᠠ ᠶᠢᠨ ᠬᠤᠯᠪᠣᠭᠠᠲᠤ ᠴᠣᠭᠴᠠ 2 ᠶᠢ ᠪᠤᠶᠢᠵᠢᠭᠤᠯᠪᠠ︔ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠤᠯᠠᠮ ᠪᠦᠷᠢᠨᠰᠢᠭᠦᠯᠵᠦ᠂ ᠣᠳᠣᠬᠠᠨ ᠳᠤ ᠨᠢᠭᠡᠨᠲᠡ ᠥᠪᠥᠷ ᠮᠣᠩᠭᠤᠯ ᠤᠨ ᠶᠢᠨ ᠢᠦᠶ ᠪᠦᠯᠦᠭᠯᠡᠯ ᠢ ᠣᠷᠣᠭᠤᠯᠤᠨ ᠠᠪᠴᠢᠷᠠᠵᠤ ᠮᠠᠯ ᠠᠵᠤ ᠠᠬᠤᠶ ᠮᠠᠯ ᠡᠮᠨᠡᠯᠭᠡ ᠶᠢᠨ ᠨᠡᠶᠢᠭᠡᠮᠴᠢᠯᠡᠭᠰᠡᠨ  ᠦᠢᠯᠡᠴᠢᠯᠡᠭᠡᠨ ᠤ ᠲᠥᠷᠥᠯ ᠵᠦᠢᠯ ᠢ ᠥᠷᠨᠢᠭᠦᠯᠵᠦ᠂ ᠭᠤᠸᠠᠨ ᠰᠢᠩ ᠬᠤᠷᠰᠢᠶ᠎ᠠ ᠪᠠᠷ ᠳᠠᠮᠵᠢᠭᠤᠯᠤᠨ ᠲᠠᠷᠢᠶᠠᠯᠠᠩ ᠤᠨ ᠨᠡᠶᠢᠭᠡᠮᠴᠢᠯᠡᠭᠰᠡᠨ  ᠦᠢᠯᠡᠴᠢᠯᠡᠭᠡᠨ ᠤ ᠲᠥᠷᠥᠯ  ᠵᠦᠢᠯ ᠢ ᠬᠡᠷᠡᠭᠵᠢᠭᠦᠯᠵᠦ ᠪᠠᠶᠢᠨ᠎ᠠ᠃ ︵ᠲᠠᠪᠤ︶ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠦᠷᠭᠦᠯᠵᠢᠯᠡᠨ ᠰᠢᠯᠢᠳᠡᠭᠵᠢᠪᠡ᠃  ᠳᠡᠭᠡᠷ᠎ᠡ ᠬᠠᠭᠠᠰ ᠵᠢᠯ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 30.43 ᠳ᠋ᠦᠩᠰᠢᠭᠤᠷ ᠲᠥᠭᠦᠷᠢᠭ ᠲᠤ ᠬᠦᠷᠴᠦ᠂ 17.81% ᠪᠠᠷ ᠨᠡᠮᠡᠭᠳᠡᠪᠡ︔ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 17.44 ᠳ᠋ᠦᠩᠰᠢᠭᠤᠷ ᠲᠥᠭᠦᠷᠢᠭ ᠲᠤ ᠬᠦᠷᠴᠦ᠂ 12.41% ᠪᠠᠷ ᠨᠡᠮᠡᠭᠳᠡᠪᠡ᠃ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠥᠬᠦ ᠣᠷᠣᠯᠭ᠎ᠠ 6310 ᠲᠦᠮᠡᠨ ᠲᠥᠭᠦᠷᠢᠭ ᠲᠤ ᠬᠦᠷᠴᠦ᠂ 13.39% ᠪᠠᠷ ᠨᠡᠮᠡᠭᠳᠡᠨ᠂ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠥᠬᠦ ᠵᠠᠷᠤᠯᠭ᠎ᠠ 1953 ᠲᠦᠮᠡᠨ ᠲᠥᠭᠦᠷᠢᠭ ᠲᠤ ᠬᠦᠷᠴᠦ᠂ 32.17% ᠪᠠᠷ ᠨᠡᠮᠡᠭᠳᠡᠪᠡ᠃ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠂ ᠭᠡᠷ ᠠᠬᠤᠶ ᠶᠢᠨ ᠠᠳᠠᠯ ᠠᠬᠤᠶ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂  ᠢᠳᠡᠭᠡᠨ ᠣᠮᠳᠠᠭᠠᠨ ᠬᠤᠨᠤᠭ ᠪᠠᠭᠤᠳᠠᠯ᠂ ᠠᠮᠤ ᠪᠤᠳᠠᠭ᠎ᠠ ᠨᠥᠭᠡᠴᠡᠯᠡᠬᠦ ᠵᠡᠷᠭᠡ ᠦᠢᠯᠡᠴᠢᠯᠡᠭᠡᠨ ᠤ ᠠᠵᠤ ᠦᠢᠯᠡᠰ ᠯᠠᠪᠳᠠᠭᠤᠨ ᠢᠶᠠᠷ ᠬᠥᠭᠵᠢᠪᠡ᠃ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ  ᠦᠢᠯᠡᠴᠢᠯᠡᠭᠡ ᠪᠠ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠳᠡᠭᠡᠷ᠎ᠡ ᠬᠠᠭᠠᠰ ᠵᠢᠯ ᠳᠤ ᠠᠳᠠᠯᠢ ᠬᠤᠭᠤᠴᠠᠭᠠᠨ ᠤ ᠬᠢ ᠠᠴᠠ 157 %  ᠪᠠᠷ ᠨᠡᠮᠡᠭᠳᠡᠵᠦ᠂ ᠪᠥᠬᠦ ᠵᠢᠯ ᠳᠤ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠤᠷ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂1 — 6 ᠰᠠᠷ᠎ᠠ ᠳᠤ᠂ ᠮᠠᠨ ᠤ ᠬᠤᠰᠢᠭᠤᠨ ᠤ ᠵᠢᠭᠤᠯᠴᠢᠯᠠᠯ ᠤᠨ ᠣᠷᠣᠯᠭ᠎ᠠ 4500 ᠲᠦᠮᠡᠨ ᠲᠥᠭᠦᠷᠢᠭ ᠢ ᠪᠡᠶᠡᠯᠡᠭᠦᠯᠪᠡ᠃ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠭᠤᠷᠪᠠᠳᠤᠭᠠᠷ ᠬᠤᠭᠤᠴᠠᠭ᠎ᠠ᠂ ᠣᠷᠣᠨ ᠵᠠᠢ ᠶᠢᠨ ᠣᠷᠴᠢᠨ ᠲᠣᠭᠤᠷᠢᠨ ᠤ ᠰᠠᠭᠤᠷᠢᠨ ᠭᠠᠵᠠᠷ ᠤᠨ ᠬᠢᠨᠠᠨ ᠰᠢᠨᠵᠢᠬᠦ ᠰᠦᠯᠵᠢᠶ᠎ᠡ ᠪᠠ  ᠰᠢᠨᠵᠢᠯᠳᠠ ᠶᠢᠨ ᠢᠨᠵᠧᠨᠧᠷᠢᠩ ᠤᠨ ᠬᠤᠶᠠᠳᠤᠭᠠᠷ ᠬᠤᠭᠤᠴᠠᠭ᠎ᠠ ᠵᠡᠷᠭᠡ ᠤᠯᠤᠰ ᠤᠨ ᠴᠢᠬᠤᠯᠠ ᠶᠡᠭᠡ ᠰᠢᠨᠵᠢᠯᠡᠬᠦ ᠮᠡᠷᠭᠡᠵᠢᠯ ᠤᠨ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠲᠤ ᠰᠠᠭᠤᠷᠢᠯᠠᠨ᠂ ᠤᠯᠤᠰ ᠤᠨ ᠣᠳᠣᠨ ᠣᠭᠲᠠᠷᠭᠤᠢ ᠶᠢᠨ ᠴᠡᠴᠡᠷᠯᠢᠭ ᠤᠨ ᠭᠤᠣᠯ ᠦᠵᠡᠮᠵᠢ ᠶᠢᠨ ᠣᠷᠣᠨ ᠤ ᠲᠥᠷᠥᠯ ᠵᠦᠢᠯ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂  8 ᠰᠠᠷ᠎ᠠ ᠶᠢᠨ 11 ᠤ ᠡᠳᠦᠷ 2021 ᠣᠨ ᠤ ᠪᠦᠬᠦ ᠤᠯᠤᠰ ᠤᠨ ᠤᠳᠤᠨ ᠣᠭᠲᠠᠷᠭᠤᠶ ᠶᠢᠨ ᠶᠡᠭᠡ ᠬᠤᠷᠠᠯ ᠢ ᠡᠷᠬᠢᠯᠡᠬᠦ ᠪᠠᠷ ᠲᠥᠯᠥᠪᠯᠡᠵᠦ ᠪᠠᠶᠢᠨ᠎ᠠ᠃ 2 ᠵᠢᠭᠤᠯᠴᠢᠯᠠᠯ ᠤᠨ ᠣᠳᠣᠨ ᠲᠠᠰ ᠤᠨ ᠵᠣᠷᠯᠣᠩ᠂ 10 ᠵᠢᠭᠤᠯᠴᠢᠯᠠᠯ ᠤᠨ ᠵᠣᠷᠯᠣᠩ ᠢ ᠨᠢᠭᠡᠨᠲᠡ ᠪᠠᠶᠢᠭᠤᠯᠵᠤ ᠳᠠᠭᠤᠰᠬᠠᠪᠠ︔ ᠮᠠᠯᠴᠢᠳ ᠤᠨ ᠬᠡᠷ ᠪᠦᠯᠢ ᠶᠢ ᠵᠢᠯᠣᠭᠤᠳᠣᠨ ᠵᠢᠭᠤᠯᠴᠢᠯᠠᠯ ᠤᠨ ᠭᠥᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ᠂ ᠲᠡᠷᠭᠡᠨ ᠵᠣᠭᠰᠣᠭᠠᠯ᠂ ᠲᠡᠮᠳᠡᠭ ᠫᠠᠶᠢᠰᠠ ᠵᠡᠷᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃         ︵ᠵᠢᠷᠭᠤᠭ᠎ᠠ︶ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ︵ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ︶ ᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠦᠨᠳᠦᠰᠦᠨ ᠱᠠᠲᠤᠨ ᠤ ᠥᠷᠲᠡᠭᠡ ᠭᠠᠵᠠᠷ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠳᠠᠰᠢ  ᠲᠦᠪᠯᠡᠷᠡᠭᠦᠯᠦᠨ ᠣᠷᠣᠭᠤᠯᠵᠦ ᠰᠠᠭᠤᠬᠤ ᠶᠢ ᠠᠬᠢᠭᠤᠯᠤᠨ᠂ ︽ ᠲᠦᠷᠪᠡᠨ ᠭᠦᠢᠴᠡᠳᠭᠡᠬᠦ︾ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃  ᠭᠦᠢᠴᠡᠳᠭᠡᠬᠦ ᠴᠠᠭ ᠤᠨ ᠬᠢᠵᠠᠭᠠᠷ ᠢ ᠤᠯᠠᠮ ᠪᠠᠭᠠᠰᠬᠠᠵᠤ᠂ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠪᠠ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ  ᠭᠦᠢᠴᠡᠳᠭᠡᠬᠦ ᠨᠣᠷᠮ᠎ᠠ ᠨᠢ ᠲᠣᠰ ᠲᠣᠰ 93.13% ᠪᠠ 64.05%  ᠪᠣᠯᠵᠦ᠂ ᠲᠤᠬᠠᠶᠢᠯᠠᠪᠠᠯ ᠭᠦᠢᠴᠡᠳᠭᠡᠬᠦ ᠵᠦᠢᠯ ᠤᠨ ᠡᠵᠡᠯᠡᠬᠦ ᠬᠠᠷᠢᠴᠠᠯ ᠨᠢ 38.73% ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠶᠢᠨ ᠡᠵᠡᠯᠡᠬᠦ ᠬᠠᠷᠢᠴᠠᠯ ᠨᠢ 91.84% ᠳᠤ ᠬᠦᠷᠴᠦ᠂ ᠭᠦᠢᠴᠡᠳᠭᠡᠬᠦ ᠴᠠᠭ ᠤᠨ ᠬᠢᠵᠠᠭᠠᠷ ᠢ ᠪᠠᠭᠠᠰᠬᠠᠬᠤ ᠬᠠᠷᠢᠴᠠᠯ ᠨᠢ 66.04%  ᠪᠣᠯᠪᠠ᠃ ︽ᠰᠦᠯᠵᠢᠶᠡᠨ ᠭᠠᠳᠠᠨᠠᠬᠢ ᠨᠢᠭᠡ  ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ︾ ᠢ ᠡᠬᠢᠯᠡᠨ ᠬᠡᠷᠡᠭᠯᠡᠵᠦ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠦᠷᠨᠢᠭᠦᠯᠵᠦ᠂ ᠣᠳᠣᠬᠠᠨ ᠤ ᠶᠡᠷᠦᠩᠬᠡᠶᠢᠯᠡᠭᠰᠡᠨ ᠴᠣᠩᠬᠤᠨ ᠤ ᠭᠥᠯᠢᠶᠡᠨ ᠠᠪᠴᠤ  ᠰᠢᠢᠳᠪᠦᠷᠢᠯᠡᠬᠦ ᠬᠠᠷᠢᠴᠠᠯ ᠨᠢ 72% ᠪᠣᠯᠪᠠ᠃ ᠰᠦᠢᠳᠬᠡᠯ ᠢ ᠪᠠᠭᠠᠰᠬᠠᠵᠤ ᠭᠠᠶᠢᠯᠢ ᠶᠢ ᠪᠠᠭᠤᠷᠠᠭᠤᠯᠬᠤ ᠠᠷᠭ᠎ᠠ ᠬᠡᠮᠵᠢᠶ᠎ᠡ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠵᠤ᠂ ᠠᠵᠣ ᠠᠬᠤᠶᠢᠯᠠᠯ ᠠᠴᠠ ᠡᠯ᠎ᠡ  ᠵᠦᠢᠯ ᠤᠨ ᠲᠦᠷᠢᠮ ᠢ ᠵᠦᠷᠢᠴᠡᠨ ᠰᠦᠢᠳᠭᠡᠯ ᠬᠤᠷᠢᠶᠠᠬᠤ ᠠᠵᠢᠯᠯᠠᠭ᠎ᠠ ᠶᠢ ᠶᠡᠬᠡᠪᠡᠷ ᠵᠠᠰᠠᠨ ᠴᠡᠭᠴᠡᠯᠡᠵᠦ᠂ ᠪᠠᠩᠬᠢ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠢᠳᠡᠪᠬᠢᠲᠡᠶ ᠪᠠᠶᠢᠭᠤᠯᠵᠤ᠂ 2 ᠠᠵᠤ ᠠᠬᠤᠶᠢᠯᠠᠯ ᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠣᠷᠣᠭᠤᠯᠬᠤ ᠪᠠᠷ ᠴᠢᠷᠮᠠᠶᠢᠨ᠎ᠠ᠃ ︵ᠳᠣᠯᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠭᠤᠤᠯᠳᠠᠯᠭ᠎ᠠ ᠲᠠᠢ ᠠᠭᠠᠷ ᠲᠠᠢ ᠬᠤᠯᠪᠣᠭᠳᠠᠭᠰᠠᠨ ᠪᠣᠬᠢᠷᠲᠤᠯ ᠤᠨ ᠡᠬᠢ ᠶᠢ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ 7 ᠰᠠᠷ᠎ᠠ ᠶᠢᠨ 25 ᠤ ᠡᠳᠦᠷ ᠪᠣᠯᠲᠠᠯ᠎ᠠ᠂  ᠡᠯᠡᠰᠦᠨ ᠰᠢᠭᠤᠷᠭ᠎ᠠ ᠠᠴᠠ ᠭᠠᠳᠠᠨ᠎ᠠ᠂ ᠮᠢᠩᠭᠠᠲᠤ ᠪᠠᠯᠭᠠᠰᠤᠨ ᠤ ᠠᠭᠠᠷ ᠤᠨ ᠰᠢᠯᠢᠳᠡᠭ ᠰᠠᠶᠢᠨ ᠨᠣᠷᠮ᠎ᠠ 98.52% ᠪᠠᠶᠢᠵᠤ᠂ ᠵᠢᠷᠭᠤᠭᠠᠨ ᠵᠦᠢᠯ ᠤᠨ ᠠᠭᠠᠷ ᠮᠠᠨᠳᠠᠯ ᠤᠨ ᠭᠤᠤᠯ ᠪᠣᠯᠬᠤ ᠪᠣᠬᠢᠷᠲᠤᠯ ᠪᠣᠳᠠᠰ ᠤᠨ ᠳᠤᠮᠳᠠᠴᠢ ᠲᠤᠭ᠎ᠠ ᠬᠡᠮᠵᠢᠭᠳᠡᠯ ᠨᠢ ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ︾  ᠳᠤ ᠬᠦᠷᠦᠭᠰᠡᠨ ᠪᠠᠶᠢᠨ᠎ᠠ᠃ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠮᠢᠩᠭᠠᠲᠦ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ  ᠦᠢᠯᠡᠳᠪᠦᠷᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠪᠠ ᠳᠤᠮᠳᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠤᠯᠠᠮ ᠳᠡᠭᠡᠭᠰᠢᠯᠡᠭᠦᠯᠵᠦ᠂ ᠳᠡᠭᠡᠷ᠎ᠡ ᠬᠠᠭᠠᠰ ᠵᠢᠯ ᠳᠤ ᠮᠠᠨ ᠤ ᠬᠤᠰᠢᠭᠤᠨ ᠤ ᠤᠰᠤᠨ ᠤ ᠡᠬᠢ ᠰᠤᠷᠪᠤᠯᠵᠢ ᠶᠢᠨ ᠣᠷᠣᠨ ᠤ ᠤᠰᠤᠨ ᠤ ᠴᠢᠨᠠᠷ ᠲᠣᠭᠲᠠᠭᠤᠨ ᠪᠠᠶᠢᠵᠦ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠣᠷᠮ᠎ᠠ 100% ᠳᠤ ᠬᠦᠷᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠡᠯᠡᠰᠦᠷᠬᠡᠭ ᠭᠠᠵᠠᠷ ᠤᠨ ᠭᠤᠤᠯᠳᠠᠯᠭ᠎ᠠ ᠲᠠᠢ ᠬᠥᠨᠥᠭᠡᠯᠲᠡᠶ ᠣᠷᠣᠨ ᠢ ᠵᠠᠰᠠᠬᠤ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠢ ᠪᠥᠬᠦ ᠲᠠᠯ᠎ᠠ ᠪᠠᠷ ᠦᠷᠨᠢᠭᠦᠯᠪᠡ᠃ ᠵᠢᠯ ᠤᠨ ᠳᠣᠲᠣᠷ᠎ᠠ 4 ᠲᠦᠮᠡᠨ ᠮᠥ ᠣᠶ ᠰᠢᠭᠤᠶ ᠶᠢᠨ ᠦᠢᠯᠡᠰ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠠᠵᠢᠯ ᠢ ᠡᠬᠢᠯᠡᠭᠦᠯᠪᠡ︔ 5 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ ᠣᠳᠣᠬᠠᠨ ᠳᠤ ᠭᠠᠵᠠᠷ ᠰᠢᠷᠣᠶ ᠶᠢ ᠪᠦᠬᠦᠨ ᠢ ᠨᠠᠶᠢᠳᠠᠪᠤᠷᠢᠵᠢᠭᠤᠯᠵᠤ᠂  ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠪᠠᠶᠢᠨ᠎ᠠ᠃ ᠵᠢᠯ ᠤᠨ ᠳᠣᠲᠣᠷ᠎ᠠ 10 ᠵᠠᠳᠠᠭᠠᠶ ᠠᠭᠤᠷᠬᠠᠶ ᠶᠢ ᠵᠠᠰᠠᠵᠤ᠂ 3 ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ ᠪᠠᠶᠢᠭᠤᠯᠵᠤ᠂ ᠣᠳᠣᠬᠠᠨ ᠳᠤ ᠡᠯ᠎ᠡ   ᠲᠦᠷᠦᠯ ᠤᠨ ᠪᠠᠷᠢᠯᠭ᠎ᠠ ᠶᠢ ᠨᠢᠭᠡᠨᠲᠡ ᠪᠦᠬᠦᠨ ᠢ ᠡᠬᠢᠯᠡᠭᠦᠯᠦᠨ ᠪᠠᠶᠢᠭᠤᠯᠪᠠ︔ ᠤᠯᠠᠨ ᠵᠢᠯ ᠦᠢᠯᠡᠳᠪᠦᠷᠢᠯᠡᠯ ᠢᠶᠠᠨ ᠵᠣᠭᠰᠣᠭᠠᠭᠰᠠᠨ 12 ᠦᠢᠯᠡᠳᠪᠦᠷᠢ ᠠᠭᠤᠷᠬᠠᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠪᠡ︔ ᠲᠡᠦᠬᠡᠨ ᠠᠴᠠ ᠦᠯᠡᠳᠡᠭᠳᠡᠵᠦ ᠢᠷᠡᠭᠰᠡᠨ 88 ᠬᠠᠶᠠᠭᠳᠠᠮᠠᠯ ᠨᠦᠬᠡ ᠶᠢ ᠵᠠᠰᠠᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠠᠭᠠᠴᠢᠯᠠᠯᠲᠠ ᠵᠠᠷᠯᠠᠵᠤ᠂ 10 ᠰᠠᠷ᠎ᠠ ᠶᠢᠨ ᠳᠣᠮᠳᠠᠴᠢ ᠪᠠᠷ ᠵᠠᠰᠠᠵᠤ ᠳᠠᠭᠤᠰᠬᠠᠨ᠎ᠠ᠃         ︵ᠨᠠᠢᠮᠠ︶ ᠪᠣᠬᠢᠷᠲᠤᠯ ᠥᠬᠡᠶ ᠲᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢ ᠲᠦᠷᠭᠡᠳᠬᠡᠨ ᠠᠬᠢᠭᠤᠯᠪᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠷᠠᠯᠲᠠ ᠶᠢᠨ ᠬᠠᠲᠠᠭᠤ ᠬᠢᠵᠠᠭᠠᠷᠯᠠᠯ ᠢ ᠪᠦᠬᠦ ᠲᠠᠯ᠎ᠠ ᠪᠠᠷ ᠴᠢᠩᠭᠠᠳᠬᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠭᠤᠯᠤᠯ ᠢ ᠴᠠᠭ ᠲᠤᠬᠠᠶ ᠳᠤᠨᠢ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ ᠬᠤᠷᠣᠬᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠠᠵᠤ ᠦᠢᠯᠡᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠨᠢᠭᠡᠨᠲᠡ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠬᠦ ᠶᠢ  ᠱᠠᠯᠠᠪᠳᠠᠨ ᠱᠠᠭᠠᠷᠳᠠᠵᠤ᠂ ᠡᠨᠧᠷᠭᠢ ᠠᠷᠪᠢᠯᠠᠬᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠡᠨᠧᠷᠭᠢ ᠬᠡᠷᠡᠭᠯᠡᠬᠦ ᠣᠷᠣᠨ ᠵᠠᠶ ᠶᠢ ᠨᠡᠭᠡᠭᠡᠵᠦ᠂ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠬᠦ ᠡᠨᠧᠷᠭᠢ ᠶᠢᠨ ᠬᠤᠷᠣᠬᠳᠠᠯ ᠤᠨ ᠶᠡᠷᠦᠩᠬᠡᠶ ᠬᠡᠮᠵᠢᠶ᠎ᠡ ᠶᠢ 0.8 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠴᠠ ᠬᠡᠳᠦᠷᠡᠭᠦᠯᠬᠦ ᠦᠭᠡᠢ᠂ ᠨᠢᠭᠡᠴᠢ GDP ᠶᠢᠨ ᠡᠨᠧᠷᠭᠢ ᠶᠢᠨ ᠬᠤᠷᠣᠬᠳᠠᠯ ᠢ 2.75%  ᠪᠠᠷ ᠪᠠᠭᠤᠷᠠᠭᠤᠯᠬᠤ ᠬᠠᠷᠠᠯᠲᠠ ᠡᠭᠦᠷᠭᠡ ᠶᠢ ᠦᠨᠡᠨ ᠬᠦ ᠪᠠᠲᠤᠯᠠᠨ᠎ᠠ᠃ ᠨᠢᠭᠡᠳᠦᠭᠡᠷ ᠤᠯᠠᠷᠢᠯ ᠳᠤ ᠪᠦᠬᠦ ᠨᠡᠶᠢᠭᠡᠮ ᠤᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ 6.01 ᠲᠦᠮᠡᠨ ᠲᠣᠨ ᠤ ᠪᠠᠷᠢᠮᠵᠢᠶᠠᠲᠤ ᠨᠡᠭᠦᠷᠡᠰᠦ ᠳᠤ ᠬᠦᠷᠴᠦ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ 22.6% ᠢᠶᠠᠷ ᠪᠠᠭᠤᠷᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ︽ᠤᠯᠠᠭᠠᠨ︾ ᠠᠴᠠ ︽ᠨᠣᠭᠤᠭᠠᠨ︾ ᠪᠣᠯᠭᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠪᠡ᠃ ᠬᠤᠶᠠᠳᠤᠭᠠᠷ ᠤᠯᠠᠷᠢᠯ ᠤᠨ ᠡᠨᠧᠷᠭᠢ ᠬᠡᠷᠡᠭᠯᠡᠬᠦ ᠶᠡᠷᠦᠩᠬᠡᠶ ᠬᠡᠮᠵᠢᠶ᠎ᠡ ᠵᠢᠱᠢᠯᠲᠡ ᠪᠠᠷ ᠳᠡᠭᠡᠳᠦ ᠱᠠᠲᠤᠨ ᠤ ᠪᠠᠭᠤᠯᠭᠠᠭᠰᠠᠨ ᠬᠢᠵᠠᠭᠠᠷᠯᠠᠬᠤ ᠬᠠᠷᠠᠯᠲᠠ 10.3 ᠲᠦᠮᠡᠨ ᠲᠣᠨ ᠪᠠᠷᠢᠮᠵᠢᠶᠠᠲᠤ ᠨᠡᠭᠦᠷᠡᠰᠦᠨ ᠤ ᠬᠡᠪᠴᠢᠶᠡᠨ ᠳᠣᠲᠣᠷ᠎ᠠ ᠪᠠᠶᠢᠵᠤ᠂ ᠨᠢᠭᠡᠴᠢ GDP ᠶᠢᠨ ᠡᠨᠧᠷᠭᠢ ᠶᠢᠨ ᠬᠤᠷᠣᠬᠳᠠᠯ ᠢ 19.89% ᠪᠠᠷ  ᠪᠠᠭᠤᠷᠠᠭᠤᠯᠪᠠ᠃          ︵ᠶᠢᠰᠦ︶ ᠰᠠᠭᠤᠷᠢ ᠲᠦᠭᠦᠭᠡᠷᠦᠮᠵᠢ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠦᠬᠦᠪᠦᠷᠢᠯᠡᠪᠡ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠪᠡ᠃  4 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠳᠣᠬᠠᠨ ᠳᠤ 30% ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ︔ ᠢᠯᠴᠢ ᠬᠠᠩᠭᠠᠬᠤ᠂ ᠪᠣᠬᠢᠷ ᠤᠰᠤ᠂ ᠤᠰᠤ ᠭᠠᠳᠠᠬᠰᠢᠯᠠᠭᠤᠯᠬᠤ ᠬᠤᠭᠤᠯᠠᠶ ᠶᠢᠨ ᠲᠣᠣᠷ ᠢ 6.7 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠪᠠᠷ ᠲᠥᠯᠥᠪᠯᠡᠵᠦ᠂ ᠬᠤᠳᠠ ᠪᠠᠯᠭᠠᠰᠤᠨ ᠤ 3.8 ᠺᠢᠯᠣᠮᠧᠲᠷ ᠵᠠᠮ ᠢ ᠪᠦᠳᠦᠭᠡᠨ ᠪᠠᠶᠢᠭᠤᠯᠵᠦ᠂ 12 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠵᠠᠮ ᠢ ᠬᠠᠲᠠᠭᠤᠷᠠᠭᠤᠯᠤᠨ ᠳᠡᠪᠢᠰᠴᠦ᠂ ᠣᠳᠣᠬᠠᠨ ᠳᠤ ᠴᠥᠮ ᠪᠠᠷᠢᠯᠭ᠎ᠠ ᠶᠢᠨ ᠠᠵᠢᠯ ᠢ ᠡᠬᠢᠯᠡᠭᠦᠯᠪᠡ︔ ᠵᠡᠭᠦᠨ ᠲᠡᠭᠦᠷᠭᠡ ᠶᠢᠨ 110 ᠺᠢᠯᠣᠸᠣᠯᠲ  ᠤᠨ ᠭᠦᠴᠦᠳᠡᠯ ᠦᠭᠡᠷᠡᠴᠢᠯᠡᠬᠦ ᠥᠷᠲᠡᠭᠡ ᠶᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠣᠳᠣᠬᠠᠨ ᠳᠤ ᠨᠢᠭᠡᠨᠲᠡ ᠪᠠᠷᠢᠯᠭ᠎ᠠ ᠡᠬᠢᠯᠡᠭᠦᠯᠪᠡ︔ ᠴᠠᠭᠠᠨ ᠠᠭᠤᠯᠠ ᠶᠢᠨ 110 ᠺᠢᠯᠣᠸᠣᠯᠲ ᠤᠨ ᠭᠦᠴᠦᠳᠡᠯ ᠦᠭᠡᠷᠡᠴᠢᠯᠡᠬᠦ ᠦᠷᠳᠡᠭᠡ ᠶᠢᠨ ᠡᠮᠦᠨᠡᠬᠢ ᠬᠤᠭᠤᠴᠠᠭᠠᠨ ᠤ  ᠭᠠᠷᠳᠠᠮ ᠢ ᠭᠦᠢᠴᠡᠳᠬᠡᠵᠦ  ᠂ ᠵᠢᠱᠢᠯᠲᠡ ᠪᠠᠷ ᠵᠢᠯ ᠤᠨ ᠳᠣᠲᠣᠷ᠎ᠠ ᠠᠵᠢᠯ ᠡᠬᠢᠯᠡᠭᠦᠯᠦᠨ᠎ᠡ᠃ ᠴᠠᠬᠢᠯᠭᠠᠨ ᠬᠠᠩᠭᠠᠬᠤ ᠦᠵᠦᠭᠦᠷ ᠤᠨ ᠲᠥᠬᠦᠭᠡᠷᠦᠮᠵᠢ ᠶᠢ 9977 ᠰᠣᠯᠢᠵᠤ᠂ ᠤᠳᠤ ᠨᠢᠭᠡᠨᠲᠡ 5510 ᠲᠥᠬᠦᠭᠡᠷᠦᠮᠵᠢ ᠶᠢ ᠤᠭᠰᠠᠷᠠᠪᠠ︔ 5G ᠶᠢᠨ ᠰᠠᠭᠤᠷᠢ ᠥᠷᠲᠡᠭᠡ 6 ᠶᠢ ᠰᠢᠨ᠎ᠡ ᠪᠠᠷ ᠪᠠᠶᠢᠭᠤᠯᠵᠤ᠂ ᠣᠳᠣᠬᠠᠨ ᠳᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠵᠦ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ᠂ ᠬᠤᠲᠠ ᠪᠠᠯᠭᠠᠰᠤᠨ ᠤ ᠳᠣᠲᠣᠷᠠᠬᠢ 5G ᠶᠢᠨ ᠰᠦᠯᠵᠢᠶ᠎ᠡ ᠶᠢ ᠪᠦᠬᠦᠨ ᠢ ᠪᠦᠷᠭᠦᠭᠦᠯᠬᠦ ᠶᠢ ᠪᠡᠶᠡᠯᠡᠭᠦᠯᠦᠨ᠎ᠡ︔  ᠬᠤᠰᠢᠭᠤ ᠭᠠᠯᠲᠤ ᠲᠡᠷᠭᠡᠨ ᠤ ᠥᠷᠲᠡᠭᠡ ᠶᠢᠨ ᠦᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠠᠩᠬ᠎ᠠ ᠠᠯᠬᠤᠮ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠢᠭᠡᠨᠲᠡ ᠠᠶᠢᠮᠠᠭ ᠤᠨ ᠵᠠᠬᠢᠷᠭ᠎ᠠ ᠠᠴᠠ ᠬᠢᠨᠠᠨ ᠲᠣᠭᠲᠠᠭᠠᠵᠤ᠂ ᠵᠢᠱᠢᠯᠲᠡ ᠪᠠᠷ 8 ᠰᠠᠷ᠎ᠠ ᠳᠤ ᠲᠥᠯᠥᠪᠯᠡᠭᠡ ᠶᠢᠨ ᠲᠥᠰᠦᠯ ᠤᠨ ᠬᠢᠨᠠᠨ ᠲᠣᠭᠲᠠᠭᠠᠯᠲᠠ ᠶᠢ ᠳᠠᠭᠤᠰᠬᠠᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠬᠤᠲᠠ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠪᠠ᠃ ︽ᠵᠠᠮ ᠤᠨ ᠳᠠᠷᠤᠭ᠎ᠠ ᠶᠢᠨ ᠲᠦᠷᠢᠮ︾ ᠪᠣᠯᠤᠨ ᠰᠠᠭᠤᠭᠠᠯᠢ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠬᠦᠯᠤᠨ᠂ ᠣᠯᠠᠨ ᠨᠡᠶᠢᠲᠡ ᠶᠢᠨ ᠦᠶᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠯᠲᠠ ᠤᠶᠤᠨᠴᠢᠯᠠᠯᠳᠠ ᠶᠢᠨ ᠲᠦᠪᠰᠢᠨ ᠢ  ᠲᠡᠭᠡᠭᠰᠢᠯᠡᠭᠦᠯᠵᠦ  ᠂ ᠬᠤᠲᠠ ᠪᠠᠯᠭᠠᠰᠤᠨ ᠤ ᠲᠦᠭᠦᠭᠡᠷᠦᠮᠵᠢ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤᠨ ᠤ ᠭᠤᠤᠯ ᠳᠡᠳ᠋ ᠵᠠᠮ ᠤᠨ ᠳ᠋ᠧᠩ ᠤᠭᠰᠠᠷᠠᠬᠤ ᠨᠣᠷᠮ᠎ᠠ᠂ ᠬᠡᠷᠡᠯᠳᠦᠭᠦᠯᠭᠡ ᠶᠢᠨ ᠨᠣᠷᠮ᠎ᠠ ᠶᠢ ᠬᠤᠤᠰ ᠪᠠᠷᠢᠮᠵᠢᠶᠠᠨ ᠳᠤ ᠭᠦᠷᠦᠭᠦᠯᠵᠦ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠲᠠᠯᠪᠢᠬᠤ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠳᠤᠷ᠎ᠠ ᠪᠠᠷ  ᠢᠶᠠᠨ ᠬᠤᠭ ᠬᠠᠶᠠᠬᠤ ᠵᠡᠷᠭᠡ ︽ᠵᠢᠷᠭᠤᠭᠠᠨ ᠳᠤᠷ᠎ᠠ ᠪᠠᠷ ᠢᠶᠠᠨ︾ ᠭᠡᠮ ᠢ ᠵᠢᠷᠤᠮᠵᠢᠭᠤᠯᠤᠨ ᠴᠡᠭᠴᠡᠯᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂  ᠣᠳᠣᠬᠠᠨ ᠳᠤ᠂ ︽ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠥᠰᠦᠯ︾ ︽ᠬᠤᠲᠠ ᠪᠠᠯᠭᠠᠰᠤᠨ ᠤ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃  ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ  ᠨᠦᠬᠦᠪᠦᠷᠢᠯᠡᠪᠡ  ᠃ 72.1 ᠺᠢᠯᠣᠮᠧᠲᠷ ᠤᠨ ᠭᠠᠴᠠᠭ᠎ᠠ ᠳᠤᠭᠤᠶᠢᠯᠠᠩ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ᠂ ᠣᠳᠣᠬᠠᠨ ᠳᠤ ᠨᠢᠭᠡᠨᠲᠡ 47.5 ᠺᠢᠯᠣᠮᠧᠲᠷ ᠤᠨ ᠰᠢᠨ᠎ᠡ ᠪᠠᠷ ᠪᠠᠶᠢᠭᠤᠯᠬᠤ ᠡᠭᠦᠷᠭᠡ ᠶᠢ ᠳᠠᠭᠠᠭᠠᠯᠭᠠᠵᠦ᠂ ᠵᠢᠱᠢᠯᠲᠡ ᠪᠠᠷ 8 ᠰᠠᠷ᠎ᠠ ᠳᠤ ᠪᠠᠷᠢᠯᠭ᠎ᠠ ᠡᠬᠢᠯᠡᠭᠦᠯᠵᠦ᠂ 10 ᠰᠠᠷ᠎ᠠ ᠳᠤ ᠪᠦᠬᠦᠨ ᠢ ᠳᠠᠭᠤᠰᠬᠠᠨ᠎ᠠ᠃ ᠬᠤᠯᠤᠰᠤᠲᠠᠢ ᠨᠠᠭᠤᠷ ᠠᠴᠠ ᠵᠢᠭᠠᠰᠣᠲᠠᠢ ᠨᠠᠭᠤᠷ ᠬᠦᠷᠬᠦ ᠵᠤᠭᠠᠴᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ  ᠵᠦᠢᠯ ᠢ ᠬᠠᠮᠲᠤᠪᠠᠷ ᠡᠳ᠋ᠯᠡᠬᠦ ᠵᠠᠮ ᠢ ᠰᠡᠷᠭᠦᠭᠡᠬᠦ ᠳᠤ  ᠪᠠᠲᠤᠯᠠᠭ᠎ᠠ ᠶᠢᠨ ᠮᠥᠩᠭᠦ  ᠶᠢ ᠨᠢᠭᠡᠨᠲᠡ ᠬᠤᠷᠢᠶᠠᠬᠤ   ᠶᠢᠨ ᠬᠠᠮᠲᠤ ᠰᠤᠮᠤ  ᠪᠠᠯᠭᠠᠰᠣᠨ ᠤ ᠰᠠᠨᠠᠯ ᠢ ᠬᠤᠷᠢᠶᠠᠵᠤ᠂  ᠠᠵᠤ ᠠᠬᠤᠶᠢᠯᠠᠯ ᠤᠨ ᠪᠣᠳᠠᠲᠠᠶ ᠲᠤᠭ᠎ᠠ ᠬᠡᠮᠵᠢᠶ᠎ᠡ ᠶᠢ ᠬᠢᠨᠠᠨ ᠬᠠᠷᠭᠤᠭᠤᠯᠬᠤ ᠳᠤ ᠬᠠᠷᠢᠭᠤ ᠲᠤᠰᠬᠠᠪᠠ᠃ 5 ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ  ᠢ ᠰᠢᠨ᠎ᠡ ᠪᠠᠷ ᠪᠠᠶᠢᠭᠤᠯᠵᠤ᠂ ᠳᠠᠭᠠᠭᠠᠴᠢᠯᠠᠯᠲᠠ ᠵᠠᠷᠯᠠᠵᠦ ᠬᠦᠯᠢᠶᠡᠬᠦ ᠶᠢ ᠭᠦᠢᠴᠡᠳᠭᠡᠵᠦ ᠪᠠᠶᠢᠨ᠎ᠠ᠂ ᠵᠢᠱᠢᠯᠲᠡ ᠪᠠᠷ8 ᠰᠠᠷ᠎ᠠ ᠶᠢᠨ ᠡᠬᠢᠨ ᠠᠴᠠ ᠡᠮᠦᠨ᠎ᠡ ᠪᠠᠷᠢᠯᠭ᠎ᠠ ᠡᠬᠢᠯᠡᠭᠦᠯᠦᠨ᠎ᠡ᠃ 120 ᠲᠠᠷᠠᠬᠠᠶ ᠤᠰᠤ ᠬᠠᠩᠭᠠᠬᠤ ᠭᠠᠵᠠᠷ ᠢ ᠰᠢᠨ᠎ᠡ ᠪᠠᠷ ᠪᠠᠶᠢᠭᠤᠯᠵᠤ᠂  ᠨᠢᠭᠡᠨᠲᠡ ᠪᠠᠷᠢᠯᠭ᠎ᠠ ᠡᠬᠢᠯᠡᠭᠦᠯᠦᠨ᠂ 87 ᠶᠢ ᠪᠡᠶᠡᠯᠡᠭᠦᠯᠪᠡ᠃ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠬᠦᠷᠭᠡᠬᠦ ᠱᠤᠭᠤᠮ ᠢ 183 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠣᠳᠣᠬᠠᠨ ᠳᠤ ᠰᠦᠯᠵᠢᠶᠡᠨ ᠳᠤ ᠭᠠᠷᠭᠠᠵᠦ ᠳᠠᠭᠠᠭᠠᠴᠢᠯᠠᠯᠲᠠ ᠵᠠᠷᠯᠠᠬᠤ ᠠᠵᠢᠯ ᠢ ᠥᠷᠨᠢᠭᠦᠯᠵᠦ ᠪᠠᠶᠢᠨ᠎ᠠ︔ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ 1058 ᠵᠣᠷᠯᠣᠩ ᠢ ᠰᠢᠨ᠎ᠡ ᠪᠠᠷ ᠪᠠᠶᠢᠭᠤᠯᠵᠤ᠂ ᠵᠣᠷᠯᠣᠩ ᠢ ᠥᠭᠡᠷᠡᠴᠢᠯᠡᠬᠦ ᠲᠥᠯᠥᠪᠯᠡᠭᠡ ᠪᠠᠨ ᠨᠢᠭᠡᠨᠲᠡ ᠳᠡᠭᠡᠭᠰᠢ ᠮᠡᠳᠡᠭᠦᠯᠪᠡ᠃  ᠭᠠᠳᠠᠬᠰᠢ ᠨᠡᠪᠲᠡᠷᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃  ᠵᠢᠨᠢᠩ — ᠲᠥᠩᠯᠢᠶᠣᠣ ᠲᠡᠮᠦᠷ ᠵᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠡᠰᠡᠭ ᠤᠨ ᠴᠠᠬᠢᠯᠭᠠᠨᠵᠢᠭᠤᠯᠬᠤ ᠥᠭᠡᠷᠡᠴᠢᠯᠡᠯᠲᠡ᠂ ᠮᠤᠵᠢ ᠶᠢᠨ 313 ᠵᠠᠮ ᠤᠨ ᠮᠢᠩᠭᠠᠲᠤ ᠠᠴᠠ ᠰᠢᠨᠡᠪᠤᠯᠠᠭ ᠬᠦᠷᠬᠦ ᠵᠠᠰᠠᠮᠠᠯ ᠵᠠᠮ ᠤᠨ ᠳᠡᠰ ᠳᠡᠪᠰᠢᠭᠦᠯᠬᠦ ᠥᠭᠡᠷᠡᠴᠢᠯᠡᠯᠲᠡ᠂ ᠤᠯᠤᠰ ᠤᠨ 5511 ᠵᠠᠮ ᠤᠨ  ︽ᠨᠢᠭᠡ ᠶᠢ ᠥᠨᠳᠥᠷ ᠪᠣᠯᠭᠠᠬᠤ︾ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠤᠯᠤᠰ ᠤᠨ 5511 ᠵᠠᠮ ᠤᠨ ︽ᠨᠢᠭᠡ ᠶᠢ ᠥᠨᠳᠥᠷ ᠪᠣᠯᠭᠠᠬᠤ︾ ᠮᠢᠩᠭᠠᠲᠤ ᠪᠠᠯᠭᠠᠰᠣᠨ ᠤ ᠬᠤᠯᠪᠣᠬᠤ ᠵᠠᠮ ᠱᠤᠭᠤᠮ ᠢ ᠥᠭᠡᠷᠡᠴᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ︵ᠠᠷᠪᠠ︶ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠠᠬᠢᠭᠤᠯᠪᠠ᠃ ᠳᠡᠭᠡᠳᠦ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠲᠥᠰᠦᠯ︾ ᠢ ᠦᠨᠳᠦᠰᠦᠯᠡᠨ᠂ ᠮᠠᠨ ᠤ ᠬᠤᠰᠢᠭᠤᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠢᠳᠡᠪᠬᠢᠲᠡᠶ ᠠᠬᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠪᠠ ᠪᠠᠭᠠᠰᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠥᠨᠳᠥᠷ ᠪᠦᠲᠦᠮᠵᠢᠲᠡᠶ ᠠᠵᠢᠯᠯᠠᠬᠤ ᠶᠢ ᠠᠬᠢᠭᠤᠯᠤᠨ᠎ᠠ᠃ 6 ᠰᠠᠷ᠎ᠠ ᠶᠢᠨ 30 ᠤ ᠡᠳᠦᠷ ᠪᠣᠯᠲᠠᠯ᠎ᠠ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 9905 ᠲᠦᠮᠡᠨ ᠲᠥᠭᠦᠷᠢᠭ ᠠᠷᠢᠯᠭᠠᠪᠠ᠃ ᠡᠭᠦᠨ ᠳᠤ᠂ 3124 ᠲᠦᠮᠡᠨ ᠲᠥᠭᠦᠷᠢᠭ ᠤᠨ ᠳᠠᠯᠳᠠ ᠥᠭᠴᠡᠭᠡ ᠶᠢ ᠠᠷᠢᠯᠭᠠᠪᠠ︔ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ 6491 ᠲᠦᠮᠡᠨ ᠲᠥᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ 925 ᠲᠦᠮᠡᠨ ᠲᠥᠭᠦᠷᠢᠭ ᠤᠨ ᠥᠷᠢ  ᠦᠭᠴᠡᠭᠡ ᠶᠢ ᠰᠢᠢᠳᠪᠦᠷᠢᠯᠡᠪᠡ᠃         ︵ᠠᠷᠪᠠᠨ ᠨᠢᠭᠡ︶ ᠨᠡᠶᠢᠭᠡᠮ ᠤᠨ ᠦᠢᠯᠡᠰ ᠪᠥᠬᠦ ᠲᠠᠯ᠎ᠠ ᠪᠠᠷ ᠬᠥᠭᠵᠢᠪᠡ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠲᠠᠯ᠎ᠠ ᠪᠠᠷ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠢᠨᠠᠮᠠᠭᠠᠶ ᠰᠠᠶᠢᠲᠤᠷ ᠬᠢᠵᠦ᠂ ᠳᠡᠭᠡᠷ᠎ᠡ ᠬᠠᠭᠠᠰ ᠵᠢᠯ ᠳᠤ ᠬᠤᠲᠠ ᠪᠠᠯᠭᠠᠰᠤᠨ ᠤ 286 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠠ ᠠᠵᠢᠯ ᠠᠯᠳᠠᠯᠲᠠ ᠶᠢᠨ ᠨᠥᠬᠦᠪᠥᠷᠢ ᠮᠥᠩᠭᠦ ᠨᠡᠶᠢᠲᠡ 12.8 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠪᠠ︔ 1230 ᠬᠥᠮᠦᠨ ᠢ ᠰᠢᠯᠵᠢᠭᠦᠯᠦᠨ ᠠᠵᠢᠯ ᠣᠯᠭᠤᠵᠤ᠂ 315 ᠬᠥᠮᠦᠨ ᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠤᠯᠵᠤ᠂ 35 ᠬᠥᠮᠦᠨ ᠢ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠳᠤ ᠣᠷᠣᠯᠴᠠᠭᠤᠯᠪᠠ︔ ᠮᠥᠩᠭᠦᠨ  ᠭᠦᠢᠯᠭᠡᠭᠡᠨ ᠤ ᠪᠠᠶᠢᠭᠤᠯᠤᠮᠵᠢ ᠠᠴᠠ ᠨᠢᠭᠡᠳᠦᠭᠡᠷ ᠪᠦᠯᠦᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠨᠡᠷ᠎ᠡ ᠮᠡᠳᠡᠭᠦᠯᠦᠭᠰᠡᠨ 60 ᠬᠥᠮᠦᠨ ᠢ ᠬᠢᠨᠠᠨ ᠬᠠᠷᠭᠤᠭᠤᠯᠵᠤ᠂ ᠬᠤᠶᠠᠳᠤᠭᠠᠷ ᠪᠦᠯᠦᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠨᠡᠷ᠎ᠡ ᠮᠡᠳᠡᠭᠦᠯᠵᠦ ᠪᠠᠶᠢᠨ᠎ᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠠᠳᠬᠤᠵᠤ᠂  ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠰᠢᠶᠠᠭᠠᠳᠤᠶ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠪᠠᠲᠤᠯᠠᠭ᠎ᠠ ᠶᠢᠨ ᠨᠠᠷᠢᠯᠢᠭ ᠣᠨᠣᠪᠴᠢᠲᠠᠢ ᠪᠠᠷ ᠥᠷᠭᠡᠳᠬᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠥᠨᠳᠥᠷ ᠨᠠᠰᠤᠨ ᠤ ᠨᠥᠬᠦᠪᠥᠷᠢ᠂ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯ ᠲᠠᠢ ᠤᠶᠤᠲᠠᠳ ᠢ ᠲᠣᠰᠠᠯᠠᠨ ᠲᠡᠮᠵᠢᠬᠦ᠂ ᠲᠦᠷ ᠴᠠᠭ  ᠤᠨ ᠲᠣᠰᠠᠯᠠᠨ ᠲᠡᠮᠵᠢᠬᠦ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠵᠠᠭᠠᠷ ᠱᠤᠭᠤᠮ ᠢ ᠪᠠᠳᠣ ᠰᠠᠬᠢᠨ᠎ᠠ᠃ ᠳᠡᠭᠡᠷ᠎ᠡ ᠬᠠᠭᠠᠰ ᠵᠢᠯ ᠳᠤ ᠬᠦᠴᠢᠷᠳᠡᠯᠲᠡᠶ ᠣᠯᠠᠨ ᠲᠦᠮᠡᠨ ᠢ ᠨᠡᠶᠢᠲᠡ 487 ᠬᠥᠮᠦᠨ ᠤᠳᠠᠭ᠎ᠠ ᠠᠪᠤᠷᠠᠨ ᠲᠤᠰᠠᠯᠠᠵᠤ᠂ 93.73 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠵᠤ᠂ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ 2500 ᠭᠠᠷᠤᠶ ᠲᠦᠮᠡᠨ ᠲᠥᠭᠦᠷᠢᠭ ᠲᠠᠷᠬᠠᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 1693 ᠲᠦᠮᠡᠨ ᠲᠥᠭᠦᠷᠢᠭ ᠢ ᠲᠠᠷᠬᠠᠭᠠᠪᠠ︔ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠪᠠ ᠣᠷᠣᠨ ᠪᠦᠰᠡ ᠶᠢᠨ ᠴᠢᠨᠠᠷᠲᠠᠶ ᠨᠠᠰᠤᠲᠠᠨ ᠢ ᠠᠰᠠᠷᠠᠬᠤ ᠬᠦᠷᠢᠶᠡᠯᠡᠩ ᠤᠨ ᠲᠦᠷᠦᠯ ᠵᠦᠢᠯ ᠢ ᠳᠠᠭᠤᠰᠬᠠᠵᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠵᠤ ᠳᠠᠭᠤᠰᠬᠠᠨ᠎ᠠ  ᠃ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯ ᠢ ᠪᠦᠬᠦᠨ  ᠢ ᠲᠠᠭᠤᠰᠬᠠᠵᠦ᠂ ᠬᠢᠨᠠᠨ ᠰᠢᠯᠭᠠᠵᠦ ᠬᠢᠷᠢ ᠲᠡᠩᠴᠡᠭᠰᠡᠨ ᠤ ᠳᠠᠷᠠᠭ᠎ᠠ ᠲᠤᠰᠢᠶᠠᠨ ᠥᠭᠴᠦ ᠬᠡᠷᠡᠭᠯᠡᠭᠦᠯᠦᠨ᠎ᠡ᠃ ᠠᠮᠢ ᠠᠬᠤᠶ ᠶᠢᠨ ᠨᠡᠶᠢᠲᠡ ᠶᠢᠨ ᠣᠩᠭᠤᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠭᠡᠵᠦ ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ  ᠴᠢᠷᠮᠠᠶᠢᠨ᠎ᠠ᠃ ᠰᠤᠷᠭᠠᠨ ᠬᠥᠮᠦᠵᠢᠯ ᠤᠨ ᠲᠠᠯ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠡᠳᠦᠪ ᠪᠣᠯᠭᠠᠵᠤ᠂ ᠭᠤᠷᠪᠠᠨ ᠲᠦᠷᠦᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂   ᠬᠠᠷᠢᠯᠴᠠᠨ ᠬᠠᠪᠰᠣᠷᠣᠯᠴᠠᠨ ᠬᠠᠮᠲᠤ ᠪᠠᠷ ᠪᠠᠶᠢᠭᠤᠯᠬᠤ᠂ ᠳᠠᠭᠠᠭᠠᠴᠢᠯᠠᠨ  ᠬᠤᠯᠪᠣᠭᠠᠯᠠᠵᠦ ᠵᠢᠯᠣᠭᠤᠳᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠬᠢ ᠵᠢᠷᠤᠮ ᠲᠠᠢ ᠪᠠᠷ ᠠᠬᠢᠭᠤᠯᠤᠨ᠎ᠠ᠃ ᠮᠢᠩᠭᠠᠲᠤ ᠪᠠᠭ᠎ᠠ ᠰᠤᠷᠭᠠᠭᠤᠯᠢ ᠶᠢᠨ ᠬᠡᠷ ᠳᠣᠲᠣᠷᠠᠬᠢ ᠬᠥᠯ ᠪᠥᠮᠪᠦᠭᠡ ᠶᠢᠨ ᠣᠷᠳᠣᠨ ᠤ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠪᠠ︔ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠵᠢᠱᠢᠯᠲᠡ ᠪᠠᠷ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠵᠢᠭᠠᠨ ᠰᠤᠷᠭᠠᠯᠲᠠ ᠶᠢᠨ ᠵᠤᠷᠰᠢᠯ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ  ᠃ ᠵᠢᠭᠠᠨ ᠰᠤᠳᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ︽ᠬᠤᠰᠢᠭᠤᠨ ᠤ ᠵᠢᠭᠠᠨ ᠰᠤᠳᠤᠯᠬᠤ ᠲᠠᠰᠤᠭ — ᠰᠤᠷᠭᠠᠭᠤᠯᠢ ᠶᠢᠨ ᠰᠢᠨᠵᠢᠯᠡᠭᠡᠨ ᠤ ᠲᠥᠪ ᠤᠨ ᠵᠢᠭᠠᠨ ᠰᠤᠳᠤᠯᠬᠤ ᠳᠤᠭᠤᠶᠢᠯᠠᠩ — ᠰᠤᠷᠭᠠᠭᠤᠯᠢ ᠶᠢᠨ ᠰᠢᠨᠵᠢᠯᠡᠭᠡᠨ ᠤ ᠵᠢᠭᠠᠨ ᠰᠤᠳᠤᠯᠬᠤ ᠳᠤᠭᠤᠶᠢᠯᠠᠩ ︵ᠣᠨ ᠤ ᠳᠤᠭᠤᠶᠢᠯᠠᠩ︶ — ᠪᠠᠭᠰᠢ︾ ᠶᠢᠨ ᠠᠵᠢᠯ ᠤᠨ ᠰᠢᠰᠲ᠋ᠧᠮ ᠢ ᠪᠠᠶᠢᠭᠤᠯᠪᠠ᠃ ᠡᠷᠡᠭᠦᠯ ᠬᠠᠮᠠᠭᠠᠯᠠᠯ ᠤᠨ ᠲᠠᠯ᠎ᠠ ᠪᠠᠷ᠂ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠡᠮᠨᠡᠯᠭᠡ ᠶᠢᠨ ᠬᠤᠯᠪᠣᠭᠠᠲᠤ ᠴᠣᠭᠴᠠ᠂ ᠡᠮᠨᠡᠯᠭᠡ ᠶᠢᠨ ᠬᠠᠮᠲᠤ ᠶᠢᠨ ᠴᠣᠭᠴᠠ᠂ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ ᠲᠤᠰᠬᠠᠶ ᠮᠡᠷᠭᠡᠵᠢᠯᠲᠡᠨ ᠢ ᠣᠷᠢᠵᠦ ᠣᠨᠣᠰᠢᠯᠠᠬᠤ ᠪᠠ ᠠᠯᠪᠠᠨ ᠵᠢᠷᠤᠮ ᠤᠨ ᠡᠮᠴᠢᠯᠡᠭᠡ ᠵᠡᠷᠭᠡ ᠣᠨᠣᠰᠢᠯᠠᠨ ᠡᠮᠨᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠶᠡᠷᠦᠩᠬᠡᠶ ᠰᠠᠯᠠᠭᠠᠨ ᠤ ᠡᠮᠴᠢ ᠶᠢ ᠬᠥᠮᠦᠵᠢᠭᠦᠯᠬᠦ ᠪᠠ ᠭᠤᠤᠯᠳᠠᠯᠭ᠎ᠠ ᠲᠠᠢ ᠰᠠᠯᠠᠭ᠎ᠠ ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠲᠡᠩᠴᠡᠭᠦᠷᠢᠰᠢᠭᠦᠯᠬᠦ ᠶᠢ ᠦᠷᠭᠦᠯᠵᠢᠯᠡᠨ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠠᠰᠢᠭᠯᠠᠯᠲᠠ ᠳᠤ ᠣᠷᠣᠬᠤ  ᠶᠢ ᠦᠨᠡᠨᠬᠦ ᠪᠠᠳᠣᠯᠠᠪᠠ᠃ ᠰᠣᠶᠣᠯ ᠪᠡᠶ᠎ᠡ ᠲᠠᠮᠢᠷ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 59 ᠤᠳᠠᠭ᠎ᠠ ᠥᠷᠨᠢᠭᠦᠯᠵᠦ᠂ ᠤᠳᠬ᠎ᠠ ᠤᠷᠠᠯᠢᠭ ᠢ ᠬᠥᠳᠡᠭᠡ ᠪᠠᠭᠤᠯᠭᠠᠬᠤ᠂ ᠰᠢ ᠵᠦᠴᠦᠭᠡ ᠶᠢ ᠬᠥᠳᠡᠭᠡ ᠬᠦᠷᠭᠡᠬᠦ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠵᠡᠷᠭᠡ ᠠᠵᠢᠯᠯᠠᠭ᠎ᠠ ᠶᠢ 12 ᠤᠳᠠᠭ᠎ᠠ ᠡᠷᠭᠢᠯᠡᠪᠡ  ᠃ ᠪᠥᠬᠦ ᠬᠤᠰᠢᠭᠤᠨ ᠤ 61 ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ  ᠵᠦᠢᠯᠡᠰ ᠤᠨ ᠪᠠᠭᠤᠷᠢ ᠶᠢ ᠳᠠᠩᠰᠠᠯᠠᠬᠤ ᠵᠢᠴᠢ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠨ  ᠲᠡᠭᠦᠯᠳᠡᠷᠵᠢᠭᠦᠯᠪᠡ᠃ ᠬᠤᠶᠠᠷ᠂ ᠣᠷᠣᠰᠢᠵᠤ ᠪᠠᠶᠢᠭ᠎ᠠ ᠠᠰᠠᠭᠤᠳᠠᠯ        ︵ᠨᠢᠭᠡ︶ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ  ᠴᠢᠩᠭᠠᠳᠬᠠᠬᠤ ᠴᠢᠬᠤᠯᠠᠲᠠᠶ ᠪᠠᠶᠢᠨ᠎ᠠ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ ᠵᠡᠷᠭᠡ ᠠᠷᠭ᠎ᠠ ᠵᠠᠮ ᠢᠶᠠᠷ ᠳᠡᠮᠵᠢᠨ᠂ ᠠᠷᠠᠳ   ᠤᠨ ᠡᠵᠡᠩᠨᠡᠯᠲᠡ ᠶᠢᠨ ᠠᠵᠤ ᠠᠬᠤᠶ ᠨᠢ ᠨᠢᠭᠡᠨᠲᠡ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠠᠬᠢ ᠬᠠᠮᠤᠭ ᠤᠨ ᠠᠮᠢᠵᠢᠷᠠᠯ ᠤᠨ ᠬᠦᠴᠦᠨ ᠲᠠᠢ ᠠᠵᠤ ᠠᠬᠤᠶ ᠶᠢᠨ ᠨᠡᠮᠡᠭᠳᠡᠯ ᠤᠨ ᠴᠡᠭ ᠪᠣᠯᠪᠠ᠃ ᠭᠡᠪᠡᠴᠦ ᠡᠬᠢᠯᠡᠯᠳᠡ ᠨᠢ ᠤᠷᠤᠢ᠂ ᠬᠥᠭᠵᠢᠯᠲᠡ ᠨᠢ ᠭᠦᠢᠴᠡᠳ ᠪᠤᠰᠤ ᠵᠡᠷᠭᠡ ᠰᠢᠯᠲᠠᠭᠠᠨ ᠠᠴᠠ ᠪᠤᠯᠵᠤ᠂ ᠣᠳᠣᠬᠠᠨ ᠳᠤ ᠠᠩᠬᠠᠨ ᠤ ᠬᠤᠷᠠᠮᠳᠤᠭᠤᠯᠤᠯ ᠤᠨ ᠱᠠᠲᠤᠨ ᠳᠤ ᠣᠷᠣᠰᠢᠵᠤ᠂  ᠲᠡᠯᠭᠡᠷᠡᠩᠭᠦᠢ ᠬᠦᠴᠦᠨ᠂ ᠳᠠᠶᠢᠴᠢᠯᠠᠬᠤ ᠬᠦᠴᠦᠨ᠂ ᠨᠥᠯᠥᠭᠡᠯᠡᠬᠦ ᠬᠦᠴᠦᠨ ᠲᠠᠢ ᠲᠠᠭᠠᠭᠤᠯᠤᠭᠴᠢ ᠠᠵᠤ ᠠᠬᠤᠶᠢᠯᠠᠯ ᠪᠣᠯᠤᠨ ᠲᠡᠭᠦᠨ ᠯᠦᠭᠡ ᠲᠣᠬᠢᠷᠠᠯᠴᠠᠭᠰᠠᠨ ᠠᠵᠤ ᠦᠢᠯᠡᠰ ᠤᠨ ᠬᠡᠯᠬᠢᠶ᠎ᠡ ᠪᠣᠯᠤᠨ ᠠᠵᠤ ᠦᠢᠯᠡᠰ ᠤᠨ ᠪᠦᠯᠦᠭᠯᠡᠯ ᠨᠢ  ᠠᠩᠬ᠎ᠠ ᠠᠯᠬᠤᠮ ᠤᠨ ᠱᠠᠲᠤᠨ ᠳᠤ ᠣᠷᠣᠰᠢᠵᠤ᠂ ᠬᠡᠪᠴᠢᠶᠡᠲᠦ ᠦᠷ᠎ᠡ ᠠᠰᠢᠭ ᠨᠢ ᠨᠡᠯᠢᠶᠡᠳ ᠪᠠᠭ᠎ᠠ ᠪᠠᠶᠢᠨ᠎ᠠ᠃ ᠪᠥᠬᠦ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠦᠷ᠎ᠡ ᠠᠰᠢᠭ ᠶᠡᠷᠦᠩᠬᠡᠶ ᠳᠡᠭᠡᠨ ᠨᠡᠯᠢᠶᠡᠳ ᠳᠣᠤᠷ᠎ᠠ᠂ ᠶᠡᠷᠦᠩᠬᠡᠶ ᠬᠡᠮᠵᠢᠶ᠎ᠡ ᠨᠢ ᠪᠠᠭ᠎ᠠ᠂ ᠭᠤᠤᠯᠳᠠᠭᠤ ᠲᠦᠭᠦᠬᠡᠶ ᠮᠠᠲ᠋ᠧᠷᠢᠶᠠᠯ ᠪᠣᠯᠪᠠᠰᠤᠷᠠᠭᠤᠯᠬᠤ ᠪᠠᠷ ᠭᠤᠤᠯ ᠪᠣᠯᠭᠠᠵᠤ᠂ ᠨᠠᠷᠢᠯᠢᠭ  ᠪᠣᠯᠪᠠᠰᠤᠷᠠᠭᠤᠯᠤᠯᠲᠠ ᠪᠠ ᠳᠡᠭᠡᠳᠦ ᠰᠢᠨᠵᠢᠯᠡᠬᠦ  ᠮᠡᠷᠭᠡᠵᠢᠯ ᠤᠨ ᠠᠭᠤᠯᠤᠭᠳᠠᠴᠠ ᠪᠠᠷ ᠳᠤᠲᠠᠮᠠᠭ᠂ ᠨᠠᠷᠠᠲᠤ ᠲᠡᠮᠳᠡᠭ ᠤᠨ ᠦᠢᠯᠡᠳᠦᠯ ᠳᠣᠤᠷ᠎ᠠ᠂ ᠨᠥᠯᠥᠭᠡᠯᠡᠨ ᠳᠠᠶᠢᠴᠢᠯᠠᠬᠤ ᠴᠢᠳᠠᠪᠤᠷᠢ ᠪᠠᠷ ᠪᠠᠭᠤᠷᠠᠶ ᠪᠠᠶᠢᠨ᠎ᠠ᠃        ︵ᠬᠤᠶᠠᠷ︶ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠠᠵᠢᠯ ᠢ ᠤᠯᠠᠮ ᠲᠦᠷᠭᠡᠳᠬᠡᠬᠦ ᠴᠢᠬᠤᠯᠠᠲᠠᠶ ᠪᠠᠶᠢᠨ᠎ᠠ᠃ ᠬᠡᠳᠦ᠋ᠢᠪᠡᠷ ᠮᠠᠨ ᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠣᠶᠢᠷ᠎ᠠ ᠶᠢᠨ ᠵᠢᠯ ᠳᠤ ᠠᠵᠤ ᠠᠬᠤᠶ ᠶᠢᠨ ᠨᠡᠮᠡᠭᠳᠡᠯ ᠠᠴᠠ ᠲᠦᠷᠭᠡᠨ ᠪᠣᠯᠤᠭᠰᠠᠨ ᠪᠣᠯᠪᠠᠴᠤ ᠥᠨᠳᠥᠷ ᠲᠦᠪᠰᠢᠨ ᠢᠶᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ ᠪᠠᠶᠢᠭᠰᠠᠭᠠᠷ᠃ ᠡᠯ᠎ᠡ ᠲᠦᠷᠦᠯ ᠤᠨ ᠨᠡᠶᠢᠭᠡᠮ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠤᠯᠠᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠬᠤᠲᠠ ᠬᠥᠳᠡᠭᠡ ᠶᠢᠨ ᠬᠤᠭᠤᠷᠣᠨᠳᠣᠬᠢ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠤᠯᠠᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠠᠵᠢᠯ ᠤᠯᠬᠤ ᠵᠡᠷᠭᠡ ᠲᠠᠯ᠎ᠠ ᠶᠢᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠮᠥᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃         ᠭᠤᠷᠪᠠ᠂ ᠲᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ       ᠳᠣᠤᠷ᠎ᠠ ᠬᠠᠭᠠᠰ ᠵᠢᠯ ᠳᠤ᠂ ᠪᠢᠳᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠳᠡᠨ᠂ ᠴᠢᠨᠠᠷ ᠰᠠᠶᠢᠲᠠᠶ ᠬᠥᠭᠵᠢᠯᠲᠡ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠬᠳᠠᠪᠣᠷᠢᠵᠢᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠮᠠᠯᠴᠢᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ  ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠮᠠᠯᠴᠢᠳ ᠢ ᠵᠢᠯᠣᠭᠤᠳᠤᠨ ᠮᠠᠯ ᠠᠵᠤ ᠠᠬᠤᠶ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂  ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠶᠡᠬᠡᠪᠡᠷ ᠪᠣᠶᠢᠵᠢᠭᠤᠯᠣᠨ᠎ᠠ᠃ ᠵᠢᠯ ᠳᠤ 500 ᠡᠭᠦᠯᠳᠡᠷ ᠬᠠᠩᠭᠠᠬᠤ ᠴᠢᠳᠠᠪᠤᠷᠢ ᠲᠠᠢ ᠴᠠᠬᠠᠷ ᠬᠤᠴᠨ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠦᠬᠡᠷ᠂ ᠰᠢᠮᠧᠨ᠋ᠲ᠋ᠠᠷ᠂ ᠠᠩᠭᠦᠰ ᠵᠢᠴᠢ ᠬᠤᠯᠠᠨᠳ᠋ ᠤᠨ ᠡᠭᠦᠯᠳᠡᠷ ᠤᠨ ᠦᠬᠡᠷ ᠤᠨ ᠡᠭᠦᠯᠳᠡᠷ ᠪᠤᠶᠢᠵᠢᠭᠤᠯᠬᠤ ᠭᠤᠣᠯ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠲᠡᠵᠢᠭᠡᠨ ᠦᠷᠡᠵᠢᠭᠦᠯᠬᠦ ᠪᠦᠲᠦᠴᠡ ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠰᠢᠮᠧᠨ᠋ᠲ᠋ᠠᠷ ᠵᠡᠷᠭᠡ ᠴᠢᠨᠠᠷ ᠰᠠᠶᠢᠲᠠᠶ ᠮᠢᠬᠠᠨ ᠤ ᠦᠬᠡᠷ ᠪᠣᠯᠤᠨ ᠴᠠᠬᠠᠷ ᠬᠤᠨᠢᠨ ᠤ ᠮᠠᠯᠵᠢᠨ ᠦᠷᠡᠵᠢᠭᠦᠯᠬᠦ  ᠬᠠᠷᠢᠴᠠᠯ ᠢ ᠳᠡᠭᠡᠭᠰᠢᠯᠡᠭᠦᠯᠦᠨ᠎ᠡ᠃ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠲᠠᠷᠢᠮᠠᠯ ᠪᠠ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠵᠦ᠂ ᠢᠳᠡᠰᠢᠨ ᠨᠣᠭᠤᠭ᠎ᠠ ᠭᠤᠸᠠ ᠵᠢᠮᠢᠰ ᠳᠠᠷᠢᠬᠤ ᠠᠵᠤ ᠦᠢᠯᠡᠰ ᠢ ᠰᠠᠶᠢᠲᠤᠷ ᠬᠢᠵᠦ᠂ ᠠᠵᠤ ᠠᠬᠤᠶᠢᠯᠠᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠤ ᠦᠢᠯᠡᠰ ᠤᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠠᠷᠢᠶᠠᠯᠠᠩ ᠤᠨ ᠠᠵᠤ  ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃       ︵ᠬᠤᠶᠠᠷ︶ ᠠᠵᠤ ᠦᠢᠯᠡᠳᠪᠦᠷᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠠᠵᠤ  ᠦᠢᠯᠡᠳᠪᠦᠷᠢ ᠶᠢᠨ ᠨᠡᠮᠡᠭᠳᠡᠯ ᠤᠨ ᠬᠠᠨᠳᠤᠰᠢ ᠶᠢ ᠪᠠᠲᠤᠯᠠᠨ᠎ᠠ᠃ ᠮᠠᠨ ᠤ ᠬᠤᠰᠢᠭᠤᠨ ᠤ ᠡᠬᠢ ᠪᠠᠶᠠᠯᠢᠭ ᠪᠠ ᠣᠷᠣᠨ ᠪᠠᠶᠢᠷᠢ ᠶᠢᠨ ᠳᠠᠪᠠᠭᠤᠯᠢᠭ ᠢ  ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ  ᠦᠢᠯᠡᠰ ᠢ ᠶᠡᠬᠡᠪᠡᠷ ᠬᠥᠭᠵᠢᠭᠦᠯᠦᠨ᠂ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠴᠢᠭᠯᠡᠯ ᠢ ᠡᠵᠡᠮᠳᠡᠵᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠠᠵᠤ  ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠶᠢᠪᠢᠰᠢ ᠥᠬᠡᠶ ᠠᠬᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠠᠯᠬᠤᠴᠠ ᠶᠢ ᠲᠦᠷᠭᠡᠳᠬᠡᠵᠦ᠂ ᠤᠯᠠᠮᠵᠢᠯᠠᠯᠲᠤ ᠠᠵᠤ  ᠦᠢᠯᠡᠰ ᠤᠨ ᠰᠢᠨ᠎ᠡ ᠪᠠᠷ ᠬᠥᠭᠵᠢᠭᠰᠡᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶᠡᠵᠢᠭᠰᠡᠨ᠂ ᠲᠤᠯᠭᠠᠭᠤᠷᠢ ᠠᠵᠤ  ᠦᠢᠯᠡᠰ ᠤᠨ ᠣᠯᠠᠨ ᠡᠰᠢᠵᠢᠯᠲᠡ ᠶᠢ ᠲᠦᠷᠭᠡᠳᠬᠡᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠲᠥᠪᠯᠡᠷᠡᠨ ᠬᠥᠭᠵᠢᠭᠰᠡᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠮᠠᠲ᠋ᠧᠷᠢᠶᠠᠯ᠂ ᠠᠭᠤᠷᠬᠠᠶ ᠶᠢᠨ ᠪᠦᠲᠦᠭᠡᠭᠳᠡᠬᠦᠨ ᠢ ᠰᠣᠩᠭᠤᠨ ᠪᠣᠯᠪᠠᠰᠤᠷᠠᠭᠤᠯᠬᠤ᠂ ᠡᠨᠧᠷᠭᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠲᠣᠭᠤᠷᠢᠨ ᠳᠤ᠂ ᠨᠠᠩ ᠶᠡᠭᠡ ᠬᠡᠪᠴᠢᠶᠡᠨ ᠳᠠᠬᠢ ᠴᠢᠨᠠᠷ ᠰᠠᠶᠢᠲᠠᠶ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠭᠦᠨᠵᠡᠭᠡᠶ ᠡᠳ᠋ᠰᠢᠭᠦᠯᠬᠦ᠂ ᠣᠷᠳᠣ ᠬᠡᠯᠬᠢᠶᠡᠵᠢᠭᠦᠯᠬᠦ᠂ ᠥᠨᠳᠥᠷ ᠨᠡᠮᠡᠯᠲᠡ ᠥᠷᠲᠡᠭ ᠲᠠᠢ ᠲᠥᠷᠥᠯ ᠵᠦᠢᠯ ᠢ ᠲᠥᠪᠯᠡᠷᠡᠭᠦᠯᠦᠨ ᠪᠥᠲᠥᠭᠡᠨ ᠪᠠᠶᠢᠭᠤᠯᠵᠤ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ ᠳ᠋ᠦᠩ ᠹᠠᠩ ᠴᠡᠴᠡᠷᠯᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠢᠳᠪᠦᠷᠢᠯᠡᠬᠦ ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ︔ ᠡᠷᠳᠡᠨᠢ ᠮᠢᠬᠠᠨ ᠤ ᠦᠢᠯᠡᠰ ᠤᠨ ᠪᠦᠷᠢᠨ ᠠᠦ᠋ᠲ᠋ᠣᠴᠢᠯᠠᠭᠰᠠᠨ ᠮᠢᠬᠠᠨ ᠤ  ᠦᠢᠯᠡᠳᠪᠦᠷᠢ ᠶᠢ ᠵᠢᠯ ᠤᠨ ᠳᠣᠲᠣᠷ᠎ᠠ ᠲᠤᠷᠰᠢᠨ ᠦᠢᠯᠡᠳᠪᠦᠷᠢᠯᠡᠨ᠎ᠡ︔ ᠨᠥᠸᠧ ᠶᠢᠨ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠬᠡᠲᠦ ᠥᠨᠳᠥᠷ ᠴᠢᠳᠠᠮᠵᠢᠳᠤ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ ᠵᠦᠢᠯ᠂ ᠭᠦᠸᠧ ᠠᠶ  ᠨᠢᠺᠧᠯ ᠤᠨ ᠦᠢᠯᠡᠰ ᠤᠨ ᠵᠢᠪᠡᠷᠡᠬᠦ ᠥᠬᠡᠶ ᠪᠣᠯᠣᠳ ᠰᠠᠭᠤᠷᠢ ᠮᠠᠲ᠋ᠧᠷᠢᠶᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ  ᠵᠦᠢᠯ᠂  ᠬᠠᠢ ᠮᠧᠩ ᠪᠠᠯ ᠴᠢᠯᠠᠭᠤᠨ ᠠᠯᠺᠤᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠬᠦᠴᠦᠯᠡᠨ ᠠᠬᠢᠭᠤᠯᠤᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠮᠢ ᠠᠬᠤᠶ ᠶᠢ ᠰᠡᠷᠭᠦᠭᠡᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠥᠷᠥᠯ  ᠵᠦᠢᠯ ᠢ 2021 ᠣᠨ ᠤ ᠥᠪᠡᠷᠲᠡᠭᠡᠨ ᠵᠠᠰᠠᠬᠤ ᠣᠷᠣᠨ ᠤ ᠥᠷᠢᠰᠥᠯᠳᠦᠨ ᠳᠣᠭᠢᠷᠠᠭᠤᠯᠬᠤ ᠲᠥᠷᠥᠯ  ᠵᠦᠢᠯ ᠳᠤ ᠣᠷᠣᠭᠤᠯᠬᠤ ᠪᠠᠷ ᠴᠢᠷᠮᠠᠶᠢᠨ᠎ᠠ᠃ ︵ᠭᠤᠷᠪᠠ︶ ᠦᠢᠯᠡᠴᠢᠯᠡᠭᠡᠨ ᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠦᠢᠯᠡᠰ  ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠴᠢᠩᠭᠠᠷᠠᠭᠤᠯᠤᠨ᠎ᠠ᠃ ᠦᠢᠯᠡᠴᠢᠯᠡᠭᠡᠨ ᠤ ᠦᠢᠯᠡᠰ ᠢᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠬᠥᠳᠡᠯᠭᠡᠭᠴᠢ ᠬᠦᠴᠦᠨ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠦᠢᠯᠡᠰ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠡᠪᠴᠢᠶ᠎ᠡ ᠶᠢ ᠲᠡᠳᠬᠦᠨ ᠪᠤᠵᠠᠭᠠᠶᠢᠷᠠᠭᠤᠯᠤᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠲᠣᠭᠲᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠯᠡᠨ᠎ᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠪᠤᠶᠢᠵᠢᠭᠤᠯᠤᠨ ᠬᠢᠵᠠᠭᠠᠷ ᠢ ᠳᠡᠭᠡᠭᠰᠢᠯᠡᠭᠦᠯᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠦᠢᠯᠡᠴᠢᠯᠡᠭᠡᠨ ᠤ ᠦᠢᠯᠡᠰ ᠤᠨ ᠠᠵᠤ  ᠠᠬᠤᠢ ᠶᠢᠨ ᠶᠡᠷᠦᠩᠭᠡᠢ ᠬᠡᠮᠵᠢᠶ᠎ᠡ ᠶᠢ ᠲᠠᠰᠣᠷᠠᠯᠳᠠ ᠦᠭᠡᠢ ᠦᠷᠭᠡᠳᠭᠡᠨ᠎ᠡ᠃       ︵ᠳᠥᠷᠪᠡ︶ ᠭᠤᠤᠯᠳᠠᠯᠭ᠎ᠠ ᠲᠠᠢ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠠᠯᠠ ᠣᠷᠣᠭᠤᠯᠤᠯᠲᠠ ᠶᠢᠨ ᠨᠡᠮᠡᠭᠳᠡᠯ ᠤᠨ ᠪᠠᠶᠢᠳᠠᠯ ᠢ ᠲᠣᠭᠲᠠᠪᠤᠷᠢᠵᠢᠭᠤᠯᠤᠨ᠎ᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠯᠠᠮ  ᠪᠣᠭᠤᠨᠢᠰᠬᠠᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠭᠤᠤᠯᠳᠠᠯᠭ᠎ᠠ ᠲᠠᠢ ᠲᠥᠷᠥᠯ  ᠵᠦᠢᠯ ᠢ ᠪᠠᠶᠢᠩᠭᠤᠵᠢᠭᠤᠯᠤᠨ ᠳᠣᠭᠢᠷᠠᠭᠤᠯᠬᠤ ᠲᠣᠭᠲᠠᠴᠠ ᠶᠢ ᠴᠢᠩᠭ᠎ᠠ ᠬᠡᠷᠡᠭᠵᠢᠭᠦᠯᠦᠨ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠪᠠᠲᠤᠯᠠᠬᠤ ᠪᠠ ᠬᠢᠵᠢᠭ ᠤᠨ ᠪᠥᠬᠦ ᠴᠠᠷᠠᠭ᠎ᠠ ᠪᠠᠷ ᠴᠢᠩᠭ᠎ᠠ ᠰᠡᠷᠭᠡᠶᠢᠯᠡᠨ ᠬᠢᠵᠠᠭᠠᠷᠯᠠᠬᠤ ᠶᠢ ᠰᠠᠶᠢᠲᠤᠷ ᠠᠳᠬᠤᠬᠤ ᠤᠷᠢᠲᠠᠯ ᠳᠣᠤᠷ᠎ᠠ᠂ ᠪᠥᠬᠦ ᠵᠢᠯ ᠤᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠨᠦᠭᠡᠴᠨ ᠶᠢ ᠴᠢᠩᠭᠠᠳᠬᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡ ᠪᠦᠯᠦᠭ ᠪᠠᠭᠤᠷᠠᠶ ᠲᠠᠯ᠎ᠠ ᠪᠠᠨ ᠭᠦᠴᠦᠷᠭᠡᠭᠵᠢᠭᠦᠯᠬᠦ᠂ ᠬᠥᠭᠵᠢᠯᠲᠡ ᠶᠢ ᠠᠬᠢᠭᠤᠯᠬᠤ᠂ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠥᠷᠥᠯ ᠵᠦᠢᠯ ᠢ ᠬᠠᠨᠳᠣᠯᠭᠠᠲᠦ ᠴᠢᠨᠠᠷᠲᠠᠶ ᠪᠠᠷ ᠲᠦᠰᠦᠪᠯᠡᠨ ᠨᠥᠭᠡᠴᠡᠯᠡᠵᠦ᠂ ᠤᠯᠤᠰ ᠤᠨ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠠᠵᠠ ᠲᠣᠬᠢᠶᠠᠯ ᠢ ᠠᠳᠬᠤᠨ᠂ ᠳᠡᠭᠡᠳᠦ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠨ᠎ᠠ᠃ ︵ᠲᠠᠪᠤ︶ ᠴᠢᠨᠠᠷ ᠰᠠᠶᠢᠲᠠᠶ ᠬᠥᠭᠵᠢᠯᠲᠡ ᠶᠢ ᠲᠥᠯᠥᠪᠵᠢᠭᠦᠯᠬᠦ ᠶᠢ ᠴᠢᠬᠤᠯᠠᠴᠢᠯᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠬᠢᠨ᠎ᠠ᠃ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ᠂ ᠬᠦᠴᠦᠨ ᠵᠦᠢᠯ ᠪᠦᠷᠢᠨ᠂ ᠠᠭᠤᠯᠭ᠎ᠠ ᠲᠣᠳᠣᠷᠬᠠᠶ᠂ ᠲᠤᠭ᠎ᠠ ᠪᠠᠷᠢᠮᠲᠠ ᠨᠠᠷᠢᠨ ᠪᠣᠳᠠᠲᠠᠶ᠂ ᠲᠠᠲᠠᠬᠤ ᠬᠦᠴᠦᠨ ᠴᠢᠩᠭ᠎ᠠ ᠪᠠᠶᠢᠬᠤ ᠱᠠᠭᠠᠷᠳᠠᠯᠭ᠎ᠠ ᠶᠣᠰᠣᠭᠠᠷ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠰᠢᠨ᠎ᠡ ᠪᠠᠷ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠭᠡᠷᠡᠯ ᠴᠡᠨᠡᠭ ᠤᠨ ᠠᠮᠢ ᠠᠬᠤᠶ ᠶᠢᠨ ᠰᠡᠷᠭᠦᠭᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠳᠡᠮᠵᠢᠬᠦ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠰᠢᠭᠲᠠᠶ ᠠᠵᠠ ᠲᠣᠬᠢᠶᠠᠯ ᠢ ᠠᠰᠢᠭᠯᠠᠨ᠂ ᠭᠡᠷᠡᠯ ᠸᠣᠯᠲ ᠤᠨ ᠠᠮᠢ ᠠᠬᠤᠶ ᠶᠢᠨ ᠰᠡᠷᠭᠦᠭᠡᠯᠲᠡ ᠪᠠᠷ ᠭᠤᠣᠯ ᠪᠣᠯᠭᠠᠭᠰᠠᠨ ᠪᠦᠬᠦ ᠠᠵᠤ ᠦᠢᠯᠡᠰ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠷᠠᠯᠵᠢᠶᠠᠴᠢᠨ ᠤᠷᠢᠬᠤ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠢᠩᠭᠠᠨ ᠲᠦᠮᠡᠨ ᠺᠢᠯᠣᠸᠠᠲ ᠤᠨ ᠲᠠᠰ ᠤᠨ ᠡᠯᠡᠰᠦᠷᠬᠡᠭ ᠭᠠᠵᠠᠷ ᠤᠨ ᠬᠡᠷᠡᠯ ᠴᠡᠨᠡᠭ ᠤᠨ ᠠᠮᠢ ᠠᠬᠤᠶ ᠶᠢ ᠰᠡᠷᠭᠦᠭᠡᠬᠦ ᠵᠢᠴᠢ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢᠨ ᠭᠠᠵᠠᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠷᠠᠯᠵᠢᠶᠠᠴᠢᠨ ᠤᠷᠢᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠡᠷᠡᠯ ᠴᠡᠨᠡᠭ ᠤᠨ ᠠᠮᠢ ᠠᠬᠤᠶ ᠶᠢ ᠰᠡᠷᠭᠦᠭᠡᠬᠦ᠂ ᠰᠤᠳᠤᠯᠭᠠᠨ ᠤ ᠰᠡᠳᠦᠪ  ᠢ ᠰᠣᠳᠣᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ᠂ ᠠᠷᠢᠭᠤᠨ ᠴᠡᠪᠡᠷ ᠢᠶᠠᠷ ᠢᠯᠴᠢ ᠬᠠᠩᠭᠠᠬᠤ᠂ ᠬᠡᠷᠡᠯ ᠢᠯᠴᠢ ᠶᠢ ᠳᠣᠭᠢᠷᠠᠭᠤᠯᠬᠤ᠂ ᠴᠠᠬᠢᠯᠭᠠᠨ ᠲᠣᠤᠷ ᠢ ᠰᠢᠩᠭᠡᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠪᠡᠰᠦ ᠪᠡᠯᠴᠢᠭᠡᠷ ᠤᠨ ᠦᠢᠯᠡᠰ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ᠂ ᠰᠠᠭᠤᠷᠢ ᠲᠦᠭᠦᠭᠡᠷᠦᠮᠵᠢ᠂ ᠡᠮ ᠡᠮᠨᠡᠯᠭᠡ ᠰᠤᠷᠭᠠᠨ ᠬᠥᠮᠦᠵᠢᠯ᠂ ᠰᠣᠶᠣᠯ ᠪᠡᠶ᠎ᠡ ᠲᠠᠮᠢᠷ ᠵᠢᠭᠤᠯᠴᠢᠯᠠᠯ᠂ ᠭᠠᠵᠠᠷ ᠪᠠᠶᠢᠷᠢᠯᠠᠭᠤᠯᠬᠤ ᠠᠳᠠᠯ ᠠᠬᠤᠶ᠂ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠳᠡᠭᠡᠳᠦ ᠰᠢᠨ᠎ᠡ ᠮᠡᠷᠭᠡᠵᠢᠯ᠂ ᠳᠡᠭᠡᠳᠦ ᠲᠠᠰ ᠤᠨ ᠦᠢᠯᠡᠳᠬᠦ ᠦᠢᠯᠡᠰ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠶᠡᠷᠦᠩᠬᠡᠶᠢᠯᠡᠭᠰᠡᠨ ᠪᠦᠷᠢᠨ ᠲᠣᠨᠣᠭᠯᠠᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠨ ᠳᠤ ᠭᠦᠨᠵᠡᠭᠡᠶ ᠠᠷᠭ᠎ᠠ ᠪᠣᠳᠣᠯᠭ᠎ᠠ ᠰᠦᠪᠡᠭᠴᠢᠯᠡᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号