ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ
ᠨᠡᠶᠢᠲᠡᠯᠡᠭᠰᠡᠨ ᠴᠠᠭ᠄
2021/8/10
ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ︵ᠠᠷᠪᠡᠨ ᠵᠢᠷᠭᠤᠳᠤᠭᠠᠷ ᠨᠤᠮᠧᠷᠲᠦ︶2021 ᠣᠨ ᠤ 8 ᠰᠠᠷᠠᠶᠢᠨ 5 ᠤ ᠡᠳᠦᠷ᠂ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ 1 ᠮᠡᠳᠡᠭᠦᠯᠵᠡᠢ᠃ 2021 ᠣᠨ ᠤ 8 ᠰᠠᠷᠠᠶᠢᠨ 8 ᠤ ᠡᠳᠦᠷ ᠤᠨ 11 ᠴᠠᠭ ᠪᠣᠯᠲᠠᠯ᠎ᠠ᠂ ᠪᠥᠬᠦ ᠤᠯᠤᠰ ᠲᠤ ᠨᠡᠶᠢᠲᠡ 14 ᠦᠨᠳᠤᠷ ᠳᠡᠰ ᠤᠨ ᠳᠥᠭᠰᠢᠭᠦᠷᠢᠲᠡᠢ ᠭᠠᠵᠠᠷ ᠣᠷᠣᠨ᠂ 191ᠳᠤᠮᠳᠠ ᠳᠡᠰ ᠤᠨ ᠳᠥᠭᠰᠢᠭᠦᠷᠢᠲᠡᠢ ᠭᠠᠵᠠᠷ ᠣᠷᠣᠨ ᠪᠠᠶᠢᠨ᠎ᠠ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠤᠨᠤᠪᠴᠢᠲᠠᠢ ᠪᠠᠷ ᠰᠠᠶᠢᠲᠤᠷ ᠬᠢᠬᠦ ᠶᠢᠨ ᠲᠤᠰᠠᠳᠠ ᠂ ᠡᠳᠦᠭᠡ ᠬᠠᠮᠢᠶ᠎ᠠ ᠪᠥᠬᠦᠶ  ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠᠲᠠᠢ ᠪᠢᠰᠢ ᠪᠤᠯ ᠬᠤᠰᠢᠭᠤ ᠠᠴᠠ ᠰᠠᠯᠬᠤ ᠥᠬᠡᠶ᠂ ᠬᠢᠵᠢᠭ ᠡᠬᠦᠰᠦᠭᠰᠡᠨ ᠭᠠᠵᠠᠷ ᠣᠷᠣᠨ ᠳᠤ ᠣᠴᠢᠬᠤ ᠥᠬᠡᠶ᠂ ᠬᠢᠯᠢ ᠠᠴᠠ ᠭᠠᠷᠬᠤ ᠥᠬᠡᠶ ᠪᠠᠶᠢᠬᠤ ᠬᠡᠷᠡᠭᠲᠡᠶ᠂ ᠳᠤᠮᠳᠠ ᠦᠨᠳᠦᠷ ᠲᠡᠰ ᠤᠨ ᠳᠥᠭᠰᠢᠭᠦᠷᠢᠲᠡᠢ ᠭᠠᠵᠠᠷ ᠣᠷᠣᠨ ᠳᠤ ᠣᠴᠢᠵᠤ ᠪᠣᠯᠬᠤ ᠥᠬᠡᠶ ︵ᠤᠯᠤᠰ ᠵᠢᠴᠢ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳᠦᠷ ᠪᠦᠷᠢ ᠶᠢᠨ ᠮᠡᠳᠡᠭᠡ ᠵᠠᠩᠭᠢ ᠨᠡᠶᠢᠲᠡᠯᠡᠬᠦ ᠪᠠᠷ ᠪᠠᠷᠢᠮᠵᠢᠶ᠎ᠠ ᠪᠣᠯᠭᠠᠨ᠎ᠠ︶᠃ ᠭᠠᠳᠠᠷ ᠣᠷᠣᠨ ᠠᠴᠠ ᠪᠤᠴᠠᠵᠤ ᠢᠷᠡᠭᠰᠡᠨ ᠬᠥᠮᠦᠰ ᠨᠢ ᠳᠠᠷᠦ᠋ᠢᠬᠠᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠳᠠᠭᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ᠬᠤᠶᠠᠷ᠂14 ᠡᠳᠦᠷ ᠤᠨ ᠳᠣᠲᠣᠷ᠎ᠠ ᠳᠤᠮᠳᠠ᠂ ᠦᠨᠳᠤᠷ ᠳᠡᠰ ᠤᠨ ᠳᠥᠭᠰᠢᠭᠦᠷᠢᠲᠡᠢ  ᠭᠠᠵᠠᠷ ᠣᠷᠣᠨ ᠳᠤ ᠵᠢᠭᠤᠯᠴᠢᠯᠠᠭᠰᠠᠨ ᠦᠩᠭᠡᠷᠡᠯᠳᠡ ᠲᠠᠢ ᠪᠤᠶᠤ ᠦᠨᠳᠤᠷ ᠳᠡᠰ ᠤᠨ ᠳᠥᠭᠰᠢᠭᠦᠷᠢᠲᠡᠢ ᠲᠠᠯᠠᠪᠤᠷ ᠢᠶᠠᠷ ᠣᠷᠣᠵᠤ ᠭᠠᠷᠤᠭᠰᠠᠨ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠤᠨ ᠶᠠᠪᠤᠵᠦ ᠰᠠᠭᠤᠭᠰᠠᠨ ᠵᠠᠮ ᠢᠶᠠᠷ ᠬᠦᠷᠦᠭᠰᠡᠨ ᠬᠥᠮᠦᠰ ᠪᠠᠶᠢᠪᠠᠯ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠢᠷᠡᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠤᠬᠠᠮᠰᠠᠷ ᠠᠴᠠ ᠪᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠪᠠᠶᠢᠭᠤᠯᠭ᠎ᠠ ᠨᠢᠭᠡᠴᠡ ︵ᠪᠤᠶᠤ ᠰᠠᠭᠤᠭ᠎ᠠ ᠵᠣᠴᠢᠳ ᠤᠨ ᠪᠠᠭᠤᠳᠠᠯ︶ ᠳᠡᠭᠡᠨ ᠮᠡᠳᠡᠭᠦᠯᠬᠦ ᠶᠢᠨ ᠬᠠᠮᠲᠤ᠂ ᠬᠠᠷᠠᠭᠠᠯᠵᠠᠭᠰᠠᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠦᠨᠳᠤᠷ ᠳᠡᠰ ᠤᠨ ᠳᠥᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠵᠦ ᠢᠷᠡᠭᠰᠡᠨ︶ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠳᠡᠰ ᠤᠨ ᠳᠥᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠵᠦ ᠢᠷᠡᠭᠰᠡᠨ︶ ᠬᠥᠮᠦᠰ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠳ᠋ᠡᠬᠡᠨ‌‍ᠲ᠋ᠤᠰᠠᠭᠠᠷᠯᠠᠬᠤ ᠨᠥᠬᠦᠴᠡᠯ ᠥᠬᠡᠶ ᠬᠥᠮᠦᠰ ᠢ ᠴᠥᠮ ᠲᠥᠪᠯᠡᠷᠡᠭᠦᠯᠦᠨ ᠲᠤᠰᠠᠭᠠᠷᠯᠠᠨ᠎ᠠ᠃ ᠠᠵᠢᠭᠯᠠᠯᠲᠠ ᠶᠢᠨ 1᠂ 4᠂ 7᠂ 10᠂ 14  ᠳ᠋ᠦ᠋ᠭᠡᠷ ᠡᠳᠦᠷ ᠲᠤ ᠲᠣᠰ ᠪᠦᠷᠢ ᠨᠢᠭᠡ ᠣᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠭᠤᠷᠪᠠ᠂ ᠳᠤᠮᠳᠠ ᠳᠡᠰ ᠤᠨ ᠳᠥᠭᠰᠢᠭᠦᠷᠢᠲᠡᠢ ᠭᠠᠵᠠᠷ ᠣᠷᠣᠨ ᠤ ᠰᠢᠶᠠᠨ ᠲᠣᠭᠤᠷᠢᠭ ᠤᠨ ᠪᠤᠰᠤᠳ ᠣᠷᠣᠨ ᠲᠤᠭᠤᠷᠢᠭ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠵᠦ ᠢᠷᠡᠭᠰᠡᠨ︶ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠢ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠥᠬᠡᠶ ᠪᠣᠯ ᠳᠠᠷᠤᠶ ᠲᠦᠷᠭᠡᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠳᠤᠮᠳᠠ᠂ ᠦᠨᠳᠤᠷ ᠳᠡᠰ ᠤᠨ ᠳᠥᠭᠰᠢᠭᠦᠷᠢᠲᠡᠢ ᠭᠠᠵᠠᠷ ᠤᠷᠤᠨ ᠤ ᠰᠢᠶᠠᠨ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠣᠯᠵᠤ ᠮᠡᠳᠡᠪᠡᠯ᠂ ᠳᠠᠷᠦ᠋ᠢᠬᠠᠨ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ ᠲᠦᠷᠪᠠ᠂ ᠲᠣᠰ ᠡᠳᠦᠷ ᠠᠴᠠ ᠡᠬᠢᠯᠡᠨ᠂ ᠡᠯ᠎ᠡ ᠲᠦᠷᠦᠯ ᠤᠨ ᠨᠠᠭᠠᠳᠤᠮ᠂ ᠤᠷᠠᠨ ᠰᠠᠶᠢᠬᠠᠨ ᠤ ᠲᠣᠭᠯᠠᠯᠲᠠ ᠵᠡᠷᠭᠡ ᠴᠤᠭᠯᠠᠷᠠᠯ ᠤᠨ ᠠᠵᠢᠯᠯᠠᠭ᠎ᠠ ᠶᠢ ᠦᠭᠡᠶᠢᠰᠬᠡᠵᠦ᠂ ᠮᠠᠵᠢᠶᠠᠩ ᠨᠠᠭᠠᠳᠬᠤ ᠭᠠᠵᠠᠷ᠂ ᠰᠢᠲᠠᠷ᠎ᠠ ᠬᠦᠵᠦᠷ ᠤᠨ ᠥᠷᠥᠭᠡ ᠵᠡᠷᠭᠡ ᠨᠢᠭᠲᠠ ᠪᠢᠲᠡᠭᠦᠮᠵᠢᠯᠡᠭᠰᠡᠨ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠬᠤᠳᠠᠯᠳᠤᠭᠠᠨ ᠤ ᠭᠠᠵᠠᠷ᠂ ᠢᠳᠡᠭᠡᠨ ᠤᠮᠳᠠᠭᠠᠨ ᠬᠤᠨᠤᠭ ᠪᠠᠭᠤᠳᠠᠯ᠂ ᠦᠵᠡᠮᠵᠢ ᠶᠢᠨ ᠤᠷᠤᠨ ᠴᠡᠭ᠂ ᠰᠣᠶᠣᠯ ᠵᠤᠭ᠎ᠠ ᠴᠡᠩᠭᠡᠯ᠂ ᠵᠠᠮ ᠬᠠᠷᠢᠯᠴᠠᠭᠠᠨ ᠤ ᠬᠦᠢᠰᠦ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠠᠷᠠᠳ ᠤᠨ ᠶᠠᠪᠤᠳᠠᠯ ᠤᠨ ᠦᠢᠯᠡᠴᠢᠯᠡᠭᠡ᠂ ᠬᠥᠮᠦᠵᠢᠯ ᠪᠤᠯᠪᠠᠰᠤᠷᠠᠯ ᠵᠡᠷᠭᠡ ᠨᠡᠶᠢᠳᠡ ᠶᠢᠨ ᠲᠠᠯᠠᠪᠤᠷ ᠳᠤ ᠣᠷᠣᠬᠤ ᠳᠤ ᠪᠡᠶ᠎ᠡ ᠶᠢᠨ ᠬᠠᠯᠠᠭᠤᠨ ᠢ ᠬᠡᠮᠵᠢᠬᠦ᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠬᠢᠵᠢᠭ  ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃  ᠪᠢᠲᠡᠬᠦᠮᠵᠢᠲᠦ KTV᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ ᠲᠣᠭᠯᠠᠭᠠᠮ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠲᠠᠯᠠᠪᠤᠷ ᠵᠤᠴᠢᠳ ᠢ ᠬᠦᠯᠢᠶᠡᠨ ᠠᠪᠬᠤ ᠬᠡᠮᠵᠢᠶ᠎ᠡ ᠪᠠᠨ ᠪᠠᠭᠠᠰᠬᠠᠵᠤ᠂ ᠦᠨᠡᠨ ᠨᠡᠷ᠎ᠡ ᠪᠠᠷ ᠳᠠᠩᠰᠠᠯᠠᠭᠤᠯᠬᠤ ᠶᠢ ᠬᠡᠷᠡᠭᠵᠢᠭᠦᠯᠦᠨ᠎ᠡ᠃ ᠡᠵᠡᠩᠨᠡᠭᠴᠢᠳ ᠪᠣᠯᠤᠨ ᠪᠦᠬᠦ ᠠᠵᠢᠯᠲᠠᠳ ᠡᠷᠡᠭᠦᠯ ᠮᠡᠨᠳᠦ ᠶᠢᠨ ᠥᠷᠯᠥᠭᠡ ᠶᠢᠨ ᠪᠠᠶᠢᠴᠠᠭᠠᠯᠲᠠ ᠬᠢᠬᠦ ᠶᠢᠨ ᠬᠠᠮᠲᠤ ᠳᠠᠩᠰᠠ ᠪᠠᠶᠢᠭᠤᠯᠵᠤ ᠲᠡᠮᠳᠡᠭᠯᠡᠨ᠎ᠡ ᠂ ᠬᠠᠯᠠᠭᠤᠷᠠᠬᠤ ᠵᠡᠷᠭᠡ ᠢᠯᠡᠷᠡᠯ ᠭᠠᠷᠪᠠᠯ ᠡᠷᠬᠡᠪᠰᠢ ᠠᠵᠢᠯ ᠤᠨ ᠪᠠᠶᠢᠷᠢ ᠠᠴᠠ ᠪᠠᠨ ᠰᠠᠯᠵᠤ ᠡᠮᠨᠡᠭᠦᠯᠬᠦ ᠬᠡᠷᠡᠭᠲᠡᠶ ᠪᠥᠭᠡᠳ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ᠲᠠᠪᠤ᠂ ︽ᠴᠢᠬᠤᠯᠠ ᠦᠭᠡᠢ ᠪᠣᠯ ᠡᠷᠬᠢᠯᠡᠬᠦ ᠦᠭᠡᠢ᠂ ᠬᠡᠨ ᠡᠷᠬᠢᠯᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠡᠯ᠎ᠡ ᠪᠠᠶᠢᠭᠤᠯᠭ᠎ᠠ ᠨᠢᠭᠡᠴᠡ᠂ ᠨᠡᠶᠢᠭᠡᠮ ᠤᠨ ᠪᠦᠯᠬᠦᠮ ᠵᠡᠷᠭᠡ ᠨᠢ ᠴᠢᠬᠤᠯᠠ ᠦᠭᠡᠢ ᠪᠣᠯ ᠡᠯ᠎ᠡ ᠲᠦᠷᠦᠯ ᠤᠨ ᠲᠤᠮᠤ ᠬᠡᠯᠪᠡᠷᠢ ᠶᠢᠨ ᠬᠤᠷᠠᠯ᠂ ᠠᠵᠢᠯᠯᠠᠭ᠎ᠠ ᠶᠢ ᠡᠷᠬᠢᠯᠡᠬᠦ ᠦᠭᠡᠢ ᠪᠠᠶᠢᠵᠦ᠂ ᠲᠠᠪᠲᠠᠮᠵᠢ ᠤᠳᠠᠭ᠎ᠠ ᠪᠠ ᠬᠡᠪᠴᠢᠶ᠎ᠡ ᠶᠢ ᠬᠢᠵᠠᠭᠠᠷᠯᠠᠬᠤ ᠬᠡᠷᠡᠭᠲᠡᠶ᠃ ᠡᠷᠭᠡᠪᠰᠢ ᠡᠷᠭᠢᠯᠡᠬᠦ ᠴᠢᠬᠤᠯᠠᠲᠠᠢ ᠪᠣᠯ᠂ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠂ ᠡᠷᠭᠢᠯᠡᠬᠦ ᠪᠠᠶᠢᠭᠤᠯᠭ᠎ᠠ ᠨᠢᠭᠡᠴᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠴᠤᠭᠯᠠᠷᠠᠯ ᠤᠨ ᠴᠢᠨᠠᠷᠲᠠᠶ ᠠᠵᠢᠯᠯᠠᠭ᠎ᠠ ᠪᠠᠨ ᠪᠠᠭᠠᠰᠬᠠᠵᠤ᠂ ᠤᠯᠠᠨ ᠨᠡᠶᠢᠲᠡ ᠶᠢᠨ ᠲᠠᠯᠠᠪᠤᠷ ᠲᠤ ᠣᠴᠢᠬᠤ ᠠᠵᠢᠯᠯᠠᠭ᠎ᠠ ᠬᠢᠬᠦ ᠠᠴᠠ ᠵᠠᠶᠢᠯᠠᠰᠬᠢᠵᠦ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠤᠷ ᠳᠡᠰ ᠤᠨ ᠳᠥᠭᠰᠢᠭᠦᠷᠢᠲᠡᠢ ᠭᠠᠵᠠᠷ ᠣᠷᠣᠨ ᠤ ᠬᠥᠮᠦᠰ ᠢ ᠤᠷᠢᠵᠤ ᠴᠤᠭᠯᠠᠭᠠᠨ ᠬᠢᠵᠦ ᠪᠤᠯᠬᠤ ᠦᠭᠡᠢ᠂ ᠬᠤᠷᠢᠮ ᠨᠠᠶᠢᠷ ᠢ ᠬᠤᠶᠢᠰᠢᠯᠠᠭᠤᠯᠬᠤ᠂ ᠴᠠᠭᠠᠨ ᠤ ᠶᠠᠪᠤᠳᠠᠯ ᠢ ᠳᠦᠭᠦᠮ ᠢᠶᠠᠷ ᠶᠠᠪᠤᠭᠳᠠᠭᠤᠯᠵᠤ᠂ ᠳᠠᠶᠢᠯᠠᠯᠭ᠎ᠠ ᠬᠢᠬᠦ ᠦᠭᠡᠢ ᠪᠠᠶᠢᠬᠤ ᠶᠢ ᠰᠠᠨᠠᠭᠠᠴᠢᠯᠠᠵᠤ᠂ ᠠᠯᠪᠠᠨ ᠲᠤᠰᠢᠶᠠᠯᠲᠠᠨ᠂ ᠨᠠᠮ ᠤᠨ ᠭᠡᠰᠢᠭᠦᠨ ᠺᠠᠳ᠋ᠷ ᠳᠠᠶᠢᠯᠠᠯᠭ᠎ᠠ᠂ ᠴᠤᠭᠯᠠᠭᠠᠨ ᠵᠡᠷᠭᠡ ᠴᠤᠭᠯᠠᠷᠠᠯ ᠤᠨ ᠠᠵᠢᠯᠯᠠᠭ᠎ᠠ ᠳᠤ ᠲᠦᠷᠦᠭᠦᠯᠡᠨ ᠣᠷᠣᠯᠴᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠬᠦᠳᠦᠯᠦᠨ ᠵᠢᠯᠣᠭᠤᠳᠬᠤ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ᠃ ᠬᠤᠭᠤᠯᠠ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ 40 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢᠬᠢ ᠳᠠᠶᠢᠯᠠᠯᠭ᠎ᠠ ᠶᠢ 3 ᠡᠳᠦᠷ ᠤᠨ ᠡᠮᠦᠨ᠎ᠡ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠮᠠᠯᠵᠢᠬᠤ ᠣᠷᠣᠨ ᠳᠤ 40 ᠬᠥᠮᠦᠨ ᠠᠴᠠ ᠳᠡᠭᠡᠭᠰᠢᠬᠢ ᠬᠠᠮᠲᠤ ᠶᠢᠨ ᠳᠠᠶᠢᠯᠠᠯᠭ᠎ᠠ ᠶᠢ 3 ᠡᠳᠦᠷ ᠤᠨ ᠡᠮᠦᠨ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠭᠠᠳᠠᠨ᠎ᠠ ᠣᠷᠣᠨ ᠠᠴᠠ ᠮᠠᠨ ᠤ ᠬᠤᠰᠢᠭᠤᠨ ᠳᠤ ᠢᠷᠡᠵᠦ ᠬᠤᠷᠠᠯ ᠪᠤᠶᠤ ᠠᠵᠢᠯᠯᠠᠭ᠎ᠠ ᠳᠤ ᠣᠷᠣᠯᠴᠠᠬᠤ ᠪᠦᠬᠦᠢ ᠬᠥᠮᠦᠰ ᠡᠷᠭᠡᠪᠰᠢ 48 ᠴᠠᠭ ᠤᠨ ᠳᠤᠳᠤᠷᠠᠬᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃ ᠵᠢᠷᠭᠤᠭ᠎ᠠ᠂  ᠪᠦᠭᠦ ᠬᠤᠰᠢᠭᠤᠨ ᠤ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠲᠠᠢ ᠤᠬᠠᠮᠰᠠᠷ ᠠᠴᠠ ᠪᠠᠨ ᠬᠠᠮᠵᠢᠯᠴᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ︽ᠨᠢᠭᠡ ᠮᠧᠲᠷ ᠤᠨ ᠱᠤᠭᠤᠮ ︾ ᠤᠨ ᠵᠠᠶ ᠶᠢ ᠪᠠᠲᠤᠯᠠᠬᠤ ᠵᠡᠷᠭᠡ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠪᠠᠷᠢᠮᠲᠠᠯᠠᠨ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ ᠵᠡᠷᠭᠡ ᠰᠠᠶᠢᠨ ᠰᠠᠶᠢᠬᠠᠨ ᠰᠡᠷᠭᠡᠶᠢᠯᠡᠨ ᠬᠠᠮᠠᠭᠠᠯᠠᠬᠤ ᠳᠠᠳᠬᠠᠯ ᠢ ᠪᠠᠲᠤᠯᠠᠬᠤ ᠬᠡᠷᠡᠭᠲᠡᠶ᠃ ᠣᠳᠣᠬᠠᠨ ᠳᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠬᠤ ᠶᠢ ᠤᠷᠢᠳᠴᠢᠯᠡᠨ ᠰᠡᠷᠭᠡᠶᠢᠯᠡᠬᠦ ᠬᠠᠮᠤᠭ ᠤᠨ ᠠᠮᠤᠷ ᠲᠦᠪᠰᠢᠨ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠤᠯᠤᠨ᠎ᠠ᠂ ᠪᠦᠬᠦᠯᠢ 12 ᠨᠠᠰᠤ ᠵᠢᠴᠢ ᠳᠡᠭᠡᠭᠰᠢᠬᠢ ᠲᠠᠷᠢᠯᠭ᠎ᠠ ᠲᠠᠷᠢᠬᠤ ᠨᠥᠬᠦᠴᠡᠯ ᠳᠤ ᠨᠡᠶᠢᠴᠡᠭᠰᠡᠨ ᠪᠣᠯᠪᠠᠴᠦ ᠲᠠᠷᠢᠯᠭ᠎ᠠ ᠪᠠᠨ ᠲᠠᠷᠢᠭᠤᠯᠣᠭᠠᠳᠣᠢ ᠰᠠᠭᠤᠭᠠᠯᠢ ᠠᠷᠠᠳ ᠨᠢ ᠢᠳᠡᠪᠬᠢᠲᠡᠶ ᠪᠥᠭᠡᠳ ᠤᠬᠠᠮᠰᠠᠷ ᠠᠴᠠ ᠪᠠᠨ ᠲᠠᠷᠢᠯᠭ᠎ᠠ ᠲᠠᠷᠢᠵᠦ᠂ ᠲᠠᠷᠢᠯᠭ᠎ᠠ ᠲᠠᠷᠢᠬᠤ ᠶᠤᠰᠦᠲᠠᠢ ᠨᠢ ᠠᠯᠢ ᠴᠢᠳᠠᠬᠤ ᠪᠠᠷ ᠲᠠᠷᠢᠭᠤᠯᠬᠤ ᠶᠢ ᠪᠡᠶᠡᠯᠡᠬᠦᠯᠵᠦ᠂ ᠪᠥᠬᠦ ᠠᠷᠠᠳ ‍ᠤᠨ‌‍ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠤᠭᠴᠠᠯᠠᠨ ᠪᠠᠶᠢᠭᠤᠯᠤᠨ᠎ᠠ᠃  ᠬᠤᠰᠢᠭᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ᠄ 0479 — 6521530 ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982 ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — 6854969 ᠬᠤᠰᠢᠭᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 — 6522709                ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ       ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ                                                 2021ᠤᠨ ᠤ 8 ᠰᠠᠷᠡᠶᠢᠨ 7 ᠤ ᠡᠲᠦᠷ    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号