ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ  ᠵᠠᠩ ᠶᠤᠸᠠᠢ ᠴᠧᠩ
ᠨᠡᠶᠢᠲᠡᠯᠡᠭᠰᠡᠨ ᠴᠠᠭ᠄
2021/8/10

    ᠵᠠᠩ ᠶᠤᠸᠠᠢ ᠴᠧᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 11 ᠰᠠᠷ᠎ᠠ ᠳᠤ ᠳᠦᠷᠦᠵᠡᠶ᠂

ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ᠂ ᠣᠲᠣ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂

ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠃

ᠰᠢᠯᠢ ᠶᠢᠨ ᠭᠤᠣᠯ ᠠᠶᠢᠮᠠᠭ ᠤᠨ ᠤᠯᠠᠭᠠᠢ ᠨᠡᠭᠡᠭᠡᠨ ᠬᠥᠭᠵᠢᠭᠦᠯᠬᠦ ᠣᠷᠣᠨ ᠤ ᠨᠠᠮ ᠵᠠᠰᠠᠭ ᠤᠨ ᠠᠯᠪᠠᠨ ᠭᠡᠷ ᠤᠨ

ᠨᠠᠷᠢᠨ ᠪᠢᠴᠢᠭᠡᠴᠢ ᠂ ᠰᠢᠯᠢ ᠶᠢᠨ ᠭᠤᠣᠯ ᠠᠶᠢᠮᠠᠭ ᠤᠨ ᠤᠯᠠᠭᠠᠢ ᠨᠡᠭᠡᠭᠡᠨ ᠬᠥᠭᠵᠢᠭᠦᠯᠬᠦ ᠣᠷᠣᠨ ᠤ ᠠᠵᠤ ᠠᠬᠤᠢ

ᠠᠷᠠᠯᠵᠢᠶᠠᠨ ᠤ ᠵᠥᠪᠯᠡᠯ ᠤᠨ ᠨᠠᠷᠢᠨ ᠪᠢᠴᠢᠭᠡᠴᠢ᠂ ᠰᠢᠯᠢ ᠶᠢᠨ ᠭᠤᠣᠯ ᠠᠶᠢᠮᠠᠭ ᠤᠨ ᠤᠯᠠᠭᠠᠢ ᠨᠡᠭᠡᠭᠡᠨ ᠬᠥᠭᠵᠢᠭᠦᠯᠬᠦ

ᠣᠷᠣᠨ ᠤ ᠨᠠᠮ ᠵᠠᠰᠠᠭ ᠤᠨ ᠠᠯᠪᠠᠨ ᠭᠡᠷ ᠤᠨ ᠳᠡᠳ᠋ ᠡᠷᠬᠢᠯᠡᠭᠴᠢ ᠂ ᠰᠢᠯᠢ ᠶᠢᠨ ᠭᠤᠣᠯ ᠠᠶᠢᠮᠠᠭ ᠤᠨ ᠤᠯᠠᠭᠠᠢ

ᠨᠡᠭᠡᠭᠡᠨ ᠬᠥᠭᠵᠢᠭᠦᠯᠬᠦ ᠣᠷᠣᠨ ᠤ ᠨᠠᠮ ᠵᠠᠰᠠᠭ ᠤᠨ ᠠᠯᠪᠠᠨ ᠭᠡᠷ ᠤᠨ ᠡᠷᠬᠢᠯᠡᠭᠴᠢ  ᠬᠡᠰᠢᠬᠦᠨ ᠂ ᠰᠢᠯᠢ ᠶᠢᠨ ᠭᠤᠣᠯ

ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠡᠷᠬᠢᠯᠡᠭᠴᠢ‌‍ᠬᠡᠰᠢᠬᠦᠨ᠂ ᠰᠢᠯᠢ ᠶᠢᠨ ᠭᠤᠣᠯ ᠠᠶᠢᠮᠠᠭ ᠤᠨ

ᠰᠣᠶᠣᠯ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠠᠬᠢᠯᠭ᠎ᠠ ᠪᠠᠲᠤ

ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠂ ᠰᠢᠯᠢ ᠶᠢᠨ ᠭᠤᠣᠯ ᠠᠶᠢᠮᠠᠭ ᠤᠨ ᠰᠣᠶᠣᠯ   ᠪᠡᠶ᠎ᠡ ᠲᠠᠮᠢᠷ ᠷᠠᠳᠢᠣ᠋ 

ᠲᠧᠯᠸᠢᠰ ᠤᠨ ᠲᠣᠪᠴᠢᠶ᠎ᠠ ︵ᠰᠣᠨᠢᠨ ᠮᠡᠳᠡᠭᠡ ᠬᠡᠪᠯᠡᠯ ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ

ᠲᠣᠪᠴᠢᠶ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠠᠬᠢᠯᠭ᠎ᠠ ᠪᠠᠲᠤ ᠪᠠᠶᠢᠴᠠᠭᠠᠬᠤ

ᠳᠤᠭᠤᠶᠢᠯᠠᠩ ᠤᠨ ᠳᠠᠷᠤᠭ᠎ᠠ︔ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠲᠠᠮᠢᠷ ᠰᠣᠨᠢᠨ ᠮᠡᠳᠡᠭᠡ ᠬᠡᠪᠯᠡᠯ

ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠶᠢᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︔

ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠱᠦᠵᠢ︔ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠷᠪᠠᠳᠤᠭᠠᠷ ᠳᠡᠰ ᠤᠨ

ᠪᠠᠶᠢᠴᠠᠭᠠᠨ ᠰᠤᠳᠤᠯᠤᠭᠴᠢ᠃

ᠠᠵᠢᠯ ᠤᠨ ᠬᠤᠪᠢᠶᠠᠷᠢᠯᠠᠯ

ᠯᠢᠦ ᠴᠠᠩ ᠴᠦᠨ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠤ

ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔  ᠪᠦᠬᠦ ᠨᠡᠶᠢᠬᠡᠮ

 ᠤᠨ ᠠᠮᠤᠷ ᠳᠤᠭᠳᠠᠭᠤᠨ᠂  ᠣᠯᠠᠨ ᠲᠦᠮᠡᠨ ᠤ ᠪᠦᠯᠬᠦᠮ᠂ ᠮᠠᠯᠵᠢᠬᠤ ᠲᠠᠷᠢᠶᠠᠯᠠᠬᠤ ᠣᠷᠣᠨ᠂ ᠭᠠᠳᠠᠭᠠᠳᠤ

ᠨᠡᠭᠡᠭᠡᠯᠲᠡ ᠶᠢᠨ ᠬᠠᠮᠲᠤᠷᠠᠯᠴᠠᠭ᠎ᠠ᠂ ᠴᠡᠷᠢᠭ ᠠᠴᠠ ᠬᠠᠯᠠᠭᠳᠠᠭᠰᠠᠳ᠂ ᠭᠠᠳᠠᠭᠠᠳᠤ ᠶᠠᠪᠤᠳᠠᠯ᠂ ᠰᠤᠷᠭᠠᠨ ᠬᠥᠮᠦᠵᠢᠯ᠂

ᠨᠠᠮ ᠤᠨ ᠲᠡᠦᠬᠡ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠣᠯᠭᠠᠭᠤᠯᠬᠤ ᠵᠡᠷᠭᠡ

ᠠᠵᠢᠯ ᠢ ᠬᠠᠷᠢᠭᠤᠴᠠᠨ᠎ᠠ︔ᠬᠤᠰᠢᠭᠤᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ

ᠠᠯᠪᠠᠨ ᠭᠡᠷ ᠂ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂

ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂

ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠬᠡᠴᠢ ᠵᠢᠨ‌ᠠᠯᠪᠠᠨ ᠭᠡᠷ᠂

ᠬᠤᠰᠢᠭᠤᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ

ᠨᠡᠶᠢᠭᠡᠮᠯᠢᠭ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠲᠠᠢ

ᠬᠠᠷᠢᠯᠴᠠᠨ᠎ᠠ

 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号