ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠬᠤᠰᠢᠭᠤ ᠳᠠᠷᠤᠭ᠎ᠠ᠄ ᠯᠢ ᠳ᠋ᠦᠩ ᠯᠢᠨ
ᠨᠡᠶᠢᠲᠡᠯᠡᠭᠰᠡᠨ ᠴᠠᠭ᠄
2021/8/10
 ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋  ᠬᠤᠰᠢᠭᠤ ᠳᠠᠷᠤᠭ᠎ᠠ᠄ ᠯᠢ ᠳ᠋ᠦᠩ ᠯᠢᠨ    ᠯᠢ ᠳ᠋ᠦᠩ ᠯᠢᠨ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠃    ᠰᠢᠯᠢ ᠶᠢᠨ ᠭᠤᠣᠯ ᠠᠶᠢᠮᠠᠭ ᠤᠨ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠶᠢᠨ ᠤᠬᠠᠭᠤᠯᠭ᠎ᠠ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠪᠠᠶᠢᠪᠠ ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠰᠤᠳᠤᠯᠭᠠᠨ ᠤ ᠲᠠᠰᠤᠭ ᠤᠨ ᠨᠠᠮ ᠤᠨ ᠪᠠᠶᠢᠭᠤᠯᠤᠯᠲᠠ ᠪᠠ ᠰᠣᠶᠣᠯ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠰᠠᠯᠠᠭᠠᠨ ᠤ ᠳᠠᠷᠤᠭ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠰᠢᠭᠤᠨ ᠳᠠᠷᠤᠭ᠎ᠠ᠃ᠠᠵᠢᠯ ᠤᠨ ᠬᠤᠪᠢᠶᠠᠷᠢᠯᠠᠯ      ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤᠨ ᠤ ᠳᠠᠷᠤᠭ᠎ᠠ ᠶᠢ ᠬᠠᠪᠰᠤᠷᠤᠨ ᠶᠡᠷᠦᠩᠬᠡᠶᠢᠯᠡᠭᠰᠡᠨ ᠠᠵᠤ ᠠᠬᠤᠢ ᠶᠢᠨ ᠬᠦᠷᠢᠶ᠎ᠡ ᠴᠠᠷᠠᠭ᠎ᠠ ᠪᠠ ᠬᠥᠭᠵᠢᠭᠦᠯᠦᠯᠲᠡ ᠥᠭᠡᠷᠡᠴᠢᠯᠡᠯᠲᠡ᠂  ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠤᠯᠤᠯᠭ᠎ᠠ ᠶᠢᠨ ᠶᠠᠪᠤᠳᠠᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ᠎ᠡ᠃    ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭᠠᠨ ᠤ ᠠᠯᠪᠠᠨ ᠭᠡᠷ ︶ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠮᠳᠤᠷᠠᠨ ᠰᠣᠯᠢᠯᠴᠠᠬᠤ ᠲᠥᠪ᠂ ᠪᠠᠶᠢᠭᠤᠯᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠳᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠴᠡᠷᠢᠭ ᠤᠨ ᠠᠮᠤ ᠪᠤᠳᠠᠭ᠎ᠠ ᠬᠠᠩᠭᠠᠬᠤ ᠥᠷᠳᠡᠭᠡ᠂ ᠷᠦᠢ ᠯᠢᠶᠠᠩ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠾᠧᠩ ᠶᠤᠸᠠᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃  ᠬᠤᠰᠢᠭᠤ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠨᠠᠮ ᠤᠨ ᠰᠤᠷᠭᠠᠭᠤᠯᠢ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠤᠭᠤᠨ ᠬᠥᠪᠡᠭᠡᠲᠦ ᠴᠠᠭᠠᠨ ᠪᠠᠶᠢᠴᠠᠭᠠᠯᠲᠠ ᠶᠢᠨ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠂ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠮᠢᠶᠠᠷᠤᠯᠲᠠ ᠶᠢᠨ ᠬᠡᠯᠲᠡᠰ᠂  ᠰᠢᠯᠤᠭᠤᠨ ᠴᠠᠭᠠᠨ ᠳᠤ ᠰᠠᠭᠤᠭ᠎ᠠ ᠡᠯ᠎ᠡ ᠮᠥᠩᠭᠦᠨ ᠭᠦᠢᠯᠭᠡᠭᠡᠨ ᠤ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ     ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号