ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ | ᠰᠠᠨᠠᠭᠠᠴᠢᠯᠠᠭ᠎ᠠ ᠶᠢᠨ ᠪᠢᠴᠢᠭ | | ᠣᠳᠣᠬᠠᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠮᠦᠨᠴᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ | ᠪᠠᠶᠢᠨ ᠳᠠᠬᠢᠨ ᠡᠭᠦᠰᠴᠦ᠂ 8 ᠰᠠᠷ᠎ᠠ ᠶᠢᠨ 1 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 4 ᠦᠨᠳᠤᠷ | ᠳᠡᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ᠂ 91 ᠳᠤᠮᠳᠠ ᠳᠡᠰ ᠤᠨ ᠠᠶᠤᠯ ᠲᠦᠭᠰᠢᠭᠦᠷᠢ ᠲᠠᠢ ᠭᠠᠵᠠᠷ | ᠣᠷᠣᠨ ᠪᠠᠶᠢᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠠᠴᠠ ᠳᠠᠬᠢᠨ ᠰᠡᠷᠭᠦᠬᠦ ᠶᠢ | ᠰᠡᠷᠭᠡᠶᠢᠯᠡᠬᠦ︾ ᠡᠭᠦᠷᠭᠡ ᠮᠦᠨᠴᠦ ᠬᠠᠲᠠᠭᠤ ᠪᠡᠷᠬᠡ ᠪᠠᠶᠢᠨ᠎ᠠ᠃ 7 ᠰᠠᠷ᠎ᠠ ᠶᠢᠨ 31 ᠤ ᠡᠳᠦᠷ ᠲᠥᠷᠥ ᠶᠢᠨ | ᠶᠠᠪᠤᠳᠠᠯ ᠤᠨ ᠬᠤᠷᠢᠶ᠎ᠠ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠲᠤᠬᠠᠶ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠵᠦ᠂ ᠣᠳᠣᠬᠠᠨ ᠳᠤ ᠤᠯᠠᠮᠵᠢᠯᠠᠭᠳᠠᠵᠤ ᠪᠠᠶᠢᠭ᠎ᠠ ᠳ᠋ᠤᠯᠲ᠋ᠠ ᠶᠢᠨ ᠣᠨᠳᠣᠣᠰᠢᠭᠰᠠᠨ | ᠬᠤᠣᠷᠲᠤ ᠰᠠᠭᠤᠷᠢ ᠪᠣᠯ ᠲᠠᠷᠬᠠᠬᠤ ᠬᠤᠷᠳᠤᠴᠠ ᠨᠢ ᠲᠦᠷᠭᠡᠨ᠂ ᠪᠡᠶ᠎ᠡ ᠶᠢᠨ ᠳᠣᠲᠣᠭᠠᠳᠤ ᠳᠤ ᠳᠠᠬᠢᠨ ᠦᠢᠯᠡᠳᠬᠦ ᠨᠢ | ᠲᠦᠷᠭᠡᠨ᠂ ᠡᠳᠡᠭᠡᠷᠡᠬᠦ ᠴᠠᠭ ᠨᠢ ᠤᠷᠲᠤ ᠵᠡᠷᠭᠡ ᠣᠨᠴᠠᠯᠢᠭ ᠲᠠᠢ ᠪᠥᠭᠡᠳ ᠨᠠᠨᠵᠢᠩ ᠤᠨ ᠬᠢᠵᠢᠭ ᠤᠨ ᠪᠠᠶᠢᠳᠠᠯ | ᠣᠬᠤᠷᠬᠠᠨ ᠬᠤᠭᠤᠴᠠᠭᠠᠨ ᠳᠤ ᠪᠤᠰᠤᠳ ᠭᠠᠵᠠᠷ ᠣᠷᠣᠨ ᠳᠤ ᠦᠷᠭᠦᠯᠵᠢᠯᠡᠨ ᠳᠡᠯᠭᠡᠷᠡᠬᠦ ᠠᠶᠤᠯ ᠲᠠᠢ ᠭᠡᠵᠦ | ᠴᠢᠬᠤᠯᠠᠴᠢᠯᠠᠵᠠᠶ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ | ᠲᠥᠪ ᠤᠨ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠰᠢᠨ᠎ᠡ ᠸᠢᠷᠦ᠋ᠰ ᠤᠨ ᠸᠠᠺᠼᠢᠨ ᠨᠢ ᠳ᠋ᠤᠯᠲᠨ ᠸᠢᠷᠦ᠋ᠰ ᠢ | ᠰᠡᠷᠭᠡᠶᠢᠯᠡᠬᠦ ᠪᠠ ᠬᠠᠮᠠᠭᠠᠯᠠᠬᠤ ᠮᠠᠰᠢ ᠰᠠᠶᠢᠨ ᠦᠢᠯᠡᠳᠣᠯ ᠲᠠᠢ ᠭᠡᠵᠡᠶ᠃ | ᠰᠢᠨ᠎ᠡ ᠸᠢᠷᠦ᠋ᠰ ᠤᠨ ᠬᠢᠵᠢᠭ ᠤᠨ ᠪᠠᠶᠢᠳᠠᠯ ᠤᠨ ᠨᠥᠯᠥᠭᠡ ᠪᠠᠷ᠂ ᠣᠶᠢᠷ᠎ᠠ ᠶᠢᠨ ᠬᠤᠭᠤᠴᠠᠭᠠᠨ ᠳᠤ ᠣᠯᠠᠨ ᠮᠤᠵᠢ | ᠬᠤᠲᠠ ᠣᠯᠠᠨ ᠭᠠᠵᠠᠷ ᠣᠷᠣᠨ ᠠᠯᠪᠠᠨ ᠵᠠᠷ ᠪᠠ ᠬᠢᠵᠢᠭ ᠢ ᠰᠡᠷᠭᠡᠶᠢᠯᠡᠨ ᠬᠠᠮᠢᠶᠠᠷᠤᠵᠦ ᠡᠵᠡᠮᠳᠡᠬᠦ ᠠᠷᠭ᠎ᠠ ᠬᠡᠮᠵᠢᠶ᠎ᠡ | ᠨᠡᠶᠢᠲᠡᠯᠡᠵᠦ᠂ ᠡᠯ᠎ᠡ ᠲᠥᠷᠥᠯ ᠤᠨ ᠠᠵᠢᠯᠯᠠᠭ᠎ᠠ ᠶᠢ ᠬᠤᠶᠢᠰᠢᠯᠠᠭᠤᠯᠬᠤ ᠪᠤᠶᠤ ᠬᠦᠴᠦᠨ ᠥᠬᠡᠶ ᠪᠣᠯᠭᠠᠵᠤ᠂ ᠮᠠᠨ ᠤ | ᠣᠷᠣᠨ ᠤ ᠥᠪᠥᠷ ᠮᠣᠩᠭᠤᠯ ᠤᠨ 31ᠳ᠋ᠦ᠋ᠭᠡᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠤᠨ ᠬᠤᠷᠠᠯ ᠵᠢᠴᠢ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 8 ᠳ᠋ᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ᠂ | ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ᠂ ᠬᠥᠬᠡᠬᠤᠲᠠ ᠶᠢᠨ ᠵᠢᠯᠣᠭᠤᠴᠢ ᠥᠬᠡᠶ ᠨᠢᠰᠬᠡᠯ ᠤᠨ ᠲᠣᠭᠯᠠᠯᠲᠠ | ᠵᠡᠷᠭᠡ ᠠᠵᠢᠯᠯᠠᠭ᠎ᠠ ᠶᠢ ᠴᠤ ᠵᠠᠯᠭᠠᠭ᠎ᠠ ᠪᠠᠷ ᠬᠦᠴᠦᠨ ᠥᠬᠡᠶ ᠪᠣᠯᠭᠠᠪᠠ᠃ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠮᠠᠨ ᠤ ᠬᠤᠰᠢᠭᠤᠨ ᠤ ᠸᠠᠺᠼᠢᠨ ᠤ ᠲᠠᠷᠢᠯᠭ᠎ᠠ ᠶᠢᠨ ᠠᠵᠢᠯ ᠢ | ᠰᠠᠶᠢᠲᠤᠷ ᠬᠢᠬᠦ ᠲᠤᠬᠠᠶ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | 1. ᠸᠠᠺᠼᠢᠨ ᠤ ᠲᠠᠷᠢᠯᠭ᠎ᠠ ᠪᠣᠯ ᠬᠠᠯᠳᠠᠪᠤᠷᠢᠯᠠᠬᠤ ᠶᠢ ᠰᠡᠷᠭᠡᠶᠢᠯᠡᠬᠦ᠂ ᠪᠥᠬᠦ ᠠᠷᠠᠳ ᠤᠨ ᠡᠷᠡᠭᠦᠯ ᠮᠡᠨᠳᠦ ᠶᠢ | ᠪᠠᠲᠤᠯᠠᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ | 2.ᠰᠢᠨ᠎ᠡ ᠸᠢᠷᠦ᠋ᠰ ᠤᠨ ᠸᠠᠺᠼᠢᠨ ᠪᠣᠯ ᠠᠶᠤᠯᠭᠦᠶ᠂ ᠨᠠᠶᠢᠳᠠᠪᠤᠷᠢᠲᠠᠶ᠂ ᠪᠦᠲᠦᠮᠵᠢᠲᠡᠶ ᠪᠠᠶᠢᠳᠠᠭ᠂ ᠸᠠᠺᠼᠢᠨ ᠤ | ᠲᠠᠷᠢᠯᠭ᠎ᠠ ᠨᠢ ᠬᠥᠮᠦᠨ ᠤ ᠪᠡᠶ᠎ᠡ ᠳᠤ ᠰᠢᠨ᠎ᠡ ᠸᠢᠷᠦ᠋ᠰ ᠤᠨ ᠡᠰᠡᠷᠭᠦᠴᠡᠭᠴᠢ ᠶᠢ ᠪᠣᠶ ᠪᠣᠯᠭᠠᠳᠠᠭ︔ ᠰᠢᠨ᠎ᠡ ᠸᠢᠷᠦ᠋ᠰ ᠤᠨ | ᠸᠠᠺᠼᠢᠨ ᠨᠢ ᠳ᠋ᠤᠯᠲᠨ ᠸᠢᠷᠦ᠋ᠰ ᠢ ᠰᠡᠷᠭᠡᠶᠢᠯᠡᠬᠦ ᠪᠠ ᠬᠠᠮᠠᠭᠠᠯᠠᠬᠤ ᠮᠠᠰᠢ ᠰᠠᠶᠢᠨ ᠦᠢᠯᠡᠳᠤᠯ ᠲᠠᠢ᠃ | 3. ᠪᠥᠬᠦ ᠬᠤᠰᠢᠭᠤᠨ ᠤ ᠥᠷᠭᠡᠨ ᠣᠯᠠᠨ ᠲᠦᠮᠡᠨ ᠪᠠ ᠡᠯ᠎ᠡ ᠪᠠᠶᠢᠭᠤᠯᠭ᠎ᠠ ᠶᠢᠨ ᠺᠠᠳ᠋ᠷ ᠠᠵᠢᠯᠲᠠᠨ ᠤᠯᠤᠰ ᠤᠨ | ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠬᠡᠷᠡᠭᠲᠡᠶ︔ ᠮᠠᠨ ᠤ ᠬᠤᠰᠢᠭᠤ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠩ ᠶᠣᠣ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢᠨ 2 ᠲᠣᠭᠲᠠᠮᠠᠯ ᠲᠠᠷᠢᠯᠭ᠎ᠠ ᠶᠢᠨ ᠴᠡᠭ᠂ ᠬᠤᠰᠢᠭᠤ ᠬᠤᠶᠠᠳᠤᠭᠠᠷ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ 1 ᠲᠦᠷ ᠴᠠᠭ ᠤᠨ ᠲᠠᠷᠢᠯᠭ᠎ᠠ ᠶᠢᠨ ᠴᠡᠭ ᠢ ᠭᠠᠷᠭᠠᠵᠤ᠂ | ᠮᠢᠩᠭᠠᠲᠤ ᠪᠠᠯᠭᠠᠰᠤ᠂ ᠰᠢᠩ ᠶᠣᠣ ᠪᠠᠯᠭᠠᠰᠤ᠂ ᠪᠤᠯᠭᠠᠨᠲᠤᠬᠠᠢ ᠰᠤᠮᠤᠨ ᠤ ᠣᠯᠠᠨ ᠲᠦᠮᠡᠨ ᠵᠢᠴᠢ 15 — 17 | ᠪᠦᠬᠦᠯᠢ ᠨᠠᠰᠤ᠂ 60 ᠪᠦᠬᠦᠯᠢ ᠨᠠᠰᠤᠨ ᠠᠴᠠ ᠳᠡᠭᠡᠭᠰᠢᠬᠢ ᠬᠥᠮᠦᠰ ᠲᠤ ᠲᠠᠷᠢᠯᠭ᠎ᠠ ᠶᠢᠨ ᠦᠢᠯᠡᠴᠢᠯᠡᠭᠡ ᠬᠠᠩᠭᠠᠨ᠎ᠠ᠃ | ᠤᠯᠠᠭᠠᠨᠴᠠᠪ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠪᠦᠷᠳᠦ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ | ᠶᠡᠬᠡᠨᠠᠭᠤᠷ ᠡᠷᠡᠭᠦᠯ ᠬᠠᠮᠠᠭᠠᠯᠠᠯ ᠤᠨ ᠬᠤᠷᠢᠶ᠎ᠠ᠂ ᠱᠠᠨᠳᠠ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 4 ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠭᠦᠳᠡᠯ ᠲᠠᠷᠢᠯᠭ᠎ᠠ ᠶᠢᠨ ᠴᠡᠭ ᠪᠣᠯᠭᠠᠵᠤ᠂ ᠤᠯᠠᠭᠠᠨᠴᠠᠪ ᠰᠤᠮᠤ᠂ | ᠶᠡᠬᠡᠨᠠᠭᠤᠷ ᠰᠤᠮᠤᠨ ᠤ ᠤᠯᠠᠨ ᠲᠦᠮᠡᠨ ᠳᠤ ᠲᠠᠷᠢᠯᠭ᠎ᠠ ᠶᠢᠨ ᠦᠢᠯᠡᠴᠢᠯᠡᠭᠡ ᠬᠠᠩᠭᠠᠨ᠎ᠠ᠃ | 4. ᠬᠤᠶᠠᠳᠠᠬᠢ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢ ᠬᠠᠷᠠᠬᠠᠨ ᠲᠠᠷᠢᠭ᠎ᠠ ᠦᠭᠡᠢ ᠣᠯᠠᠨ ᠲᠦᠮᠡᠨ | ᠲᠣᠭᠲᠠᠭᠰᠠᠨ ᠠᠯᠤᠰᠯᠠᠬᠤ ᠴᠠᠭ ︵21 ᠡᠳᠤᠷ︶ ᠤᠨ ᠳᠣᠲᠣᠷ᠎ᠠ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ | ᠪᠡᠶᠡᠯᠡᠭᠦᠯᠵᠦ᠂ ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠳ᠋ᠦᠩ ᠢ ᠤᠯᠬᠤ ᠬᠡᠷᠡᠭᠲᠡᠶ᠃ | ᠪᠥᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ | ᠲᠦᠪᠰᠢᠨ᠂ ᠬᠤᠪᠢ ᠬᠥᠮᠦᠨ ᠤ ᠠᠮᠤᠷ ᠲᠦᠪᠰᠢᠨ ᠤ ᠲᠥᠯᠥᠭᠡ᠂ ᠰᠢᠨ᠎ᠡ ᠸᠢᠷᠦ᠋ᠰ ᠤᠨ ᠸᠠᠺᠼᠢᠨ ᠢ ᠢᠳᠡᠪᠬᠢᠲᠡᠶ | ᠳᠠᠷᠢᠵᠤ᠂ ᠪᠥᠬᠦ ᠠᠷᠠᠳ ᠤᠨ ᠭᠢᠵᠢᠭ ᠢ ᠰᠡᠷᠭᠡᠶᠢᠯᠡᠬᠦ ᠬᠠᠯᠬᠠᠪᠴᠢ ᠶᠢ ᠬᠠᠮᠲᠤ ᠪᠠᠷ ᠴᠣᠭᠴᠠᠯᠠᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠦᠴᠦᠨ | ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︕ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ | 2021ᠤᠨ ᠤ 8 ᠰᠠᠷᠡᠶᠢᠨ 1 ᠤ ᠡᠲᠦᠷ |