ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ
ᠨᠡᠶᠢᠲᠡᠯᠡᠭᠰᠡᠨ ᠴᠠᠭ᠄
2021/8/26
ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ︵ᠠᠷᠪᠡᠨ ᠳᠤᠯᠤᠳᠤᠭᠠᠷ ᠨᠤᠮᠧᠷᠲᠦ︶︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠣᠯᠤᠨ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ︽ᠬᠤᠶᠠᠳᠤᠭᠠᠷ ᠲᠦᠷᠤᠯ ᠤᠨ ᠬᠠᠯᠳᠠᠪᠤᠷᠢᠲᠦ ᠡᠪᠡᠳᠴᠢᠨ ᠢ ᠨᠢᠭᠡᠲᠦᠭᠡᠷ ᠲᠦᠷᠤᠯ ᠤᠨ ᠬᠠᠯᠳᠠᠪᠤᠷᠢᠲᠦ ᠡᠪᠡᠳᠴᠢᠨ ᠢᠶᠠᠷ ᠬᠠᠮᠢᠶᠠᠷᠬᠤ︾ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠠᠷᠠᠳ ᠢᠷᠭᠡᠨ ᠨᠢᠭᠡᠪᠦᠷᠢ ᠶᠢᠨ ᠬᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠵᠣᠬᠢᠬᠤ ᠨᠠᠰᠤᠨ ᠤ ᠲᠠᠷᠢᠯᠭ᠎ᠠ ᠶᠢᠨ ᠴᠡᠭᠡᠷᠯᠡᠯ ᠥᠬᠡᠶ ᠬᠥᠮᠦᠰ ᠲᠤ ︽ᠲᠠᠷᠢᠯᠭ᠎ᠠ ᠲᠠᠷᠢᠬᠤ ᠶᠤᠰᠦᠲᠠᠢ ᠨᠢ ᠠᠯᠢ ᠴᠢᠳᠠᠬᠤ ᠪᠠᠷ ᠲᠠᠷᠢᠭᠤᠯᠬᠤ︾ ᠶᠢ ᠪᠡᠶᠡᠯᠡᠭᠦᠯᠬᠦ ᠬᠡᠷᠡᠭᠲᠡᠢ᠃ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ‌ᠦᠷᠪᠢᠰᠦᠯ ᠤᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠪᠠ ᠨᠡᠶᠢᠭᠡᠮ ᠤᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠭᠠᠵᠠᠷ ᠪᠠ ᠣᠯᠠᠨ ᠨᠡᠶᠢᠲᠡ ᠶᠢᠨ ᠲᠠᠯᠠᠪᠤᠷ ᠲᠤ ᠡᠷᠡᠭᠦᠯ ᠮᠡᠨᠳᠦ ᠶᠢᠨ ᠺᠣᠳ᠋ ᠪᠠ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠢ ᠪᠠᠶᠢᠴᠠᠭᠠᠬᠤ ᠠᠵᠢᠯ ᠢ ᠡᠬᠢᠯᠡᠭᠦᠯᠬᠦ ᠪᠠᠷ ᠪᠣᠶ᠃ ᠡᠳᠦᠭᠡ ᠬᠠᠮᠢᠶ᠎ᠠ ᠪᠥᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄ ᠨᠢᠭᠡ᠂ 8 ᠰᠠᠷ᠎ᠠ ᠶᠢᠨ 23 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠡᠯ᠎ᠡ ᠪᠠᠶᠢᠭᠤᠯᠤᠯᠭ᠎ᠠ ᠨᠢᠭᠡᠴᠡ᠂ ᠡᠮᠨᠡᠯᠭᠡ ᠶᠢᠨ ᠬᠤᠷᠢᠶ᠎ᠠ ︵ᠡᠮᠴᠢᠯᠡᠭᠡᠨ ᠤ ᠪᠠᠶᠢᠭᠤᠯᠤᠮᠵᠢ︶᠂  ᠡᠮ ᠤᠨ ᠳᠡᠯᠭᠡᠭᠦᠷ᠂ ᠮᠠᠰᠢᠨ ᠲᠡᠷᠭᠡᠨ ᠤ ᠥᠷᠲᠡᠭᠡ᠂ ᠵᠣᠴᠢᠳ ᠤᠨ ᠪᠠᠭᠤᠳᠠᠯ᠂ ᠤᠬᠢᠶᠠᠯᠭ᠎ᠠ ᠶᠢᠨ ᠭᠠᠵᠠᠷ᠂ ᠬᠤᠳᠠᠯᠳᠤᠭᠠᠨ ᠤ ᠲᠠᠠᠯᠪᠤᠷ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠡ᠂ ᠵᠢᠭᠤᠯᠴᠢᠯᠠᠯ ᠦᠵᠡᠮᠵᠢ ᠶᠢᠨ ᠣᠷᠣᠨ᠂ ᠵᠤᠭ᠎ᠠ ᠴᠡᠩᠭᠡᠯ ᠤᠨ ᠲᠠᠯᠠᠪᠤᠷ᠂ ᠺᠢᠨᠣ᠋ ᠶᠢᠨ ᠣᠷᠳᠣᠨ᠂ ᠰᠣᠶᠣᠯ ᠤᠨ ᠣᠷᠳᠣᠨ᠂ ᠨᠣᠮ ᠤᠨ ᠰᠠᠩ ᠵᠡᠷᠭᠡ ᠭᠤᠤᠯᠳᠠᠯᠭ᠎ᠠ ᠲᠠᠢ ᠲᠠᠯᠠᠪᠤᠷ ᠪᠠ ᠣᠯᠠᠨ ᠨᠡᠶᠢᠲᠡ ᠶᠢᠨ ᠲᠠᠯᠠᠪᠤᠷ ᠲᠤ᠂ ᠲᠤᠰᠬᠠᠶ ᠬᠥᠮᠦᠨ ᠲᠣᠬᠢᠷᠠᠭᠤᠯᠵᠤ ᠣᠷᠣᠵᠤ ᠢᠷᠡᠭᠰᠡᠨ ᠬᠥᠮᠦᠰ ᠲᠤ ᠡᠷᠡᠭᠦᠯ ᠮᠡᠨᠳᠦ ᠶᠢᠨ ᠺᠣᠳ᠋ ᠪᠠ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠤᠨ ︽ᠬᠤᠶᠠᠳᠤᠭᠠᠷ ᠺᠣᠳ᠋︾ ᠤᠨ ᠬᠠᠮᠲᠤᠷᠠᠭᠰᠠᠨ ᠪᠠᠶᠢᠴᠠᠭᠠᠯᠲᠠ ᠬᠢᠨ᠎ᠡ᠃ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠦᠭᠡᠶ ᠬᠥᠮᠦᠰ ᠤᠨ ᠣᠪᠣᠭ ᠨᠡᠷ᠎ᠡ᠂ ᠬᠠᠷᠢᠯᠴᠠᠬᠤ ᠤᠲᠠᠰᠤ᠂ ᠣᠷᠣᠨ ᠰᠠᠭᠤᠴᠠ ᠶᠢᠨ ᠬᠠᠶ᠋ᠢᠭ ᠵᠡᠷᠭᠡ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠶ᠋ᠢ ᠣᠷᠣᠵᠤ ᠪᠣᠯᠤᠨ᠎ᠠ᠃ ᠡᠭᠦᠨ ᠤ ᠬᠠᠮᠲᠤ ᠡᠳᠦᠷ ᠪᠦᠷᠢ ᠶᠢᠨ ᠲᠡᠮᠳᠡᠭᠯᠡᠭᠰᠡᠨ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠥᠬᠡᠶ ᠬᠥᠮᠦᠰ ᠤᠨ ᠨᠡᠷᠡᠰ ᠢ ᠬᠠᠷᠢᠶ᠎ᠠ ᠭᠠᠵᠠᠷ ᠤᠨ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ  ︵ᠡᠯ᠎ᠡ ᠰᠤᠮᠤ ᠪᠠᠯᠭᠠᠰᠤ ᠶᠢᠨ ᠬᠠᠷᠢᠯᠴᠠᠬᠤ ᠤᠲᠠᠰᠤ᠄ ᠮᠢᠩᠭᠠᠨᠲᠤ ᠪᠠᠯᠭᠠᠰᠤ 6522065᠂ ᠰᠢᠩ ᠶᠣᠣ ᠪᠠᠯᠭᠠᠰᠤ 6527060 ᠂ ᠤᠯᠠᠭᠠᠨᠴᠠᠪ ᠰᠤᠮᠤ 6519154᠂ ᠶᠡᠭᠡᠨᠠᠭᠤᠷ ᠰᠤᠮᠤ 6519339᠂ ᠪᠤᠯᠭᠠᠨᠲᠤᠬᠤᠢ ᠰᠤᠮᠤ 6528668︶᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ  ᠺᠠᠳ᠋ᠷ ᠠᠵᠢᠯᠳᠠᠨ ᠢ ᠵᠣᠬᠢᠶᠠᠨ ᠪᠠᠶᠢᠭᠤᠯᠵᠤ᠂ ᠬᠠᠮᠢᠶ᠎ᠠ ᠪᠥᠬᠦᠶ ᠬᠥᠮᠦᠰ ᠤᠨ ᠱᠠᠭᠠᠷᠳᠠᠯᠭ᠎ᠠ ᠶᠣᠰᠣᠭᠠᠷ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠥᠬᠡᠶ ᠰᠢᠯᠲᠠᠭᠠᠨ ᠢ ᠣᠶᠢᠯᠠᠭᠠᠬᠤ ᠶᠢᠨ ᠬᠠᠮᠲᠤ ᠤᠬᠠᠭᠤᠯᠤᠨ ᠳᠠᠶᠢᠴᠢᠯᠠᠬᠤ ᠪᠠ ᠲᠠᠷᠢᠯᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠡᠳᠦᠷ ᠪᠦᠷᠢ ᠬᠥᠮᠦᠨ ᠲᠣᠮᠢᠯᠠᠨ ᠭᠤᠤᠯᠳᠠᠯᠭ᠎ᠠ ᠲᠠᠢ ᠭᠠᠵᠠᠷ ᠪᠠ ᠣᠯᠠᠨ ᠨᠡᠶᠢᠲᠡ ᠶᠢᠨ ᠲᠠᠯᠠᠪᠤᠷ ᠤᠨ ᠲᠤᠰ ᠠᠯᠪᠠᠨ ᠵᠠᠷ ᠤᠨ ᠱᠠᠭᠠᠷᠳᠠᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠲᠣᠰ ᠠᠯᠪᠠᠨ ᠵᠠᠷ ᠤᠨ ᠱᠠᠭᠠᠷᠳᠠᠯᠭ᠎ᠠ ᠶᠢ ᠬᠡᠷᠡᠭᠵᠢᠭᠦᠯᠬᠦ ᠥᠬᠡᠶ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠤᠶᠠᠷ᠂ ᠬᠡᠷᠡᠭᠯᠡᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠡᠵᠡᠩᠨᠡᠯᠲᠡ ᠶᠢᠨ ᠠᠵᠤ ᠠᠬᠤᠶᠢᠯᠠᠯ ᠤᠨ ᠲᠠᠷᠢᠯᠭ᠎ᠠ ᠶᠢᠨ ᠴᠡᠭᠡᠷᠯᠡᠯ ᠥᠬᠡᠶ ᠪᠣᠯᠪᠠᠴᠤ ᠰᠢᠨ᠎ᠡ ᠸᠢᠷᠦ᠋ᠰ ᠤᠨ ᠸᠠᠺᠼᠢᠨ ᠢ ᠳᠠᠷᠢᠭᠰᠠᠨ ᠥᠬᠡᠶ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠶᠢ ᠵᠠᠷᠴᠢᠮ ᠳᠡᠭᠡᠷ᠎ᠡ ᠪᠠᠨ ᠴᠠᠭᠠᠵᠠᠯᠠᠨ᠎ᠠ᠃ ᠡᠯ᠎ᠡ ᠡᠵᠡᠩᠨᠡᠯᠲᠡ ᠶᠢᠨ ᠥᠮᠴᠢᠲᠡᠨ ᠪᠤᠶᠤ ᠬᠠᠮᠢᠶᠠᠷᠤᠭᠴᠢ ᠨᠢ ᠠᠵᠢᠯᠯᠠᠵᠤ ᠪᠠᠶᠢᠭ᠎ᠠ ᠬᠥᠮᠦᠰ ᠤᠨ ︽ᠲᠠᠷᠢᠯᠭ᠎ᠠ ᠲᠠᠷᠢᠬᠤ ᠶᠤᠰᠦᠲᠠᠢ ᠨᠢ ᠠᠯᠢ ᠴᠢᠳᠠᠬᠤ ᠪᠠᠷ ᠲᠠᠷᠢᠭᠤᠯᠬᠤ︾ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ︵ᠴᠡᠭᠡᠷᠯᠡᠬᠦ ᠡᠪᠡᠳᠴᠢᠨ ᠠᠴᠠ ᠪᠤᠰᠤᠳ︶ ᠢ ᠳᠠᠷᠢᠭᠰᠠᠨ ᠥᠬᠡᠶ ᠠᠴᠠ ᠪᠣᠯᠵᠣ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠡᠷᠡᠭ ᠡᠭᠦᠰᠦᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠲᠠᠷᠢᠯᠭ᠎ᠠ ᠶᠢᠨ ᠴᠡᠭᠡᠷᠯᠡᠯ ᠥᠬᠡᠶ ᠪᠣᠯᠪᠠᠴᠤ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠥᠬᠡᠶ ᠬᠥᠮᠦᠰ ᠵᠠᠷᠴᠢᠮ ᠳᠡᠭᠡᠷ᠎ᠡ ᠪᠠᠨ ᠬᠤᠷᠠᠯ᠂  ᠪᠤᠯᠪᠠᠰᠦᠷᠠᠯ ᠳᠤ ᠣᠷᠣᠯᠴᠠᠵᠤ ᠪᠣᠯᠬᠤ ᠥᠬᠡᠶ ᠪᠥᠭᠡᠳ ᠦᠪᠡᠷᠳᠡᠭᠡᠨ ᠵᠠᠰᠠᠭ ᠤᠷᠤᠨ ᠠᠴᠠ ᠭᠠᠳᠠᠭᠰᠢ ᠭᠠᠷᠴᠦ ᠠᠯᠪᠠᠨ ᠶᠠᠪᠤᠳᠠᠯ ᠤᠨ ᠠᠵᠢᠯᠯᠠᠭ᠎ᠠ ᠳᠤ ᠤᠷᠤᠯᠴᠠᠬᠤ ᠶᠢ ᠪᠠᠭᠠᠰᠬᠠᠨ᠎ᠠ᠃ ᠳᠥᠷᠪᠡ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠤ ᠴᠡᠭᠡᠷᠯᠡᠬᠦ ᠭᠡᠷᠡᠴᠢ ᠭᠠᠷᠭᠠᠬᠤ ᠴᠢᠬᠤᠯᠠᠲᠠᠶ ᠬᠥᠮᠦᠰ᠂ ᠪᠡᠶ᠎ᠡ ᠶᠢᠨ ᠦᠨᠡᠮᠯᠡᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠣᠨᠣᠰᠢᠯᠠᠨ ᠡᠮᠨᠡᠭᠰᠡᠨ ᠲᠡᠮᠳᠡᠭᠯᠡᠯ᠂ ᠡᠪᠡᠳᠴᠢᠨ ᠡᠮᠭᠡᠭ ᠤᠨ ᠭᠡᠷᠡᠴᠢ ᠵᠡᠷᠭᠡ ᠪᠠᠨ ᠠᠪᠴᠤ᠂ ᠸᠠᠺᠼᠢᠨ ᠤ ᠲᠠᠷᠢᠯᠭ᠎ᠠ ᠶᠢᠨ ᠴᠡᠭ ᠲᠤ ᠬᠦᠷᠴᠦ ᠲᠤᠰᠬᠠᠶ ᠮᠡᠷᠭᠡᠵᠢᠯᠲᠡᠨ ᠢᠶᠠᠷ ᠶᠡᠷᠦᠩᠬᠡᠶᠢᠯᠡᠨ ᠬᠢᠨᠠᠨ ᠳᠤᠭᠳᠠᠭᠠᠭᠰᠠᠨ ᠤ ᠳᠠᠷᠠᠭ᠎ᠠ ᠲᠠᠷᠢᠯᠭ᠎ᠠ ᠲᠠᠷᠢᠬᠤ ᠳᠤ ᠲᠣᠬᠢᠷᠠᠮᠵᠢ ᠥᠬᠡᠶ ᠪᠠᠶᠢᠬᠤ ᠶᠢ ᠮᠡᠳᠡᠭᠳᠡᠬᠦ ᠪᠢᠴᠢᠭ ᠭᠠᠷᠭᠠᠭᠤᠯᠤᠭᠠᠷᠠᠶ᠃ ᠲᠤᠰᠬᠠᠶ ᠮᠡᠷᠭᠡᠵᠢᠯᠲᠡᠨ ᠢᠶᠠᠷ ᠶᠡᠷᠦᠩᠬᠡᠶᠢᠯᠡᠨ ᠬᠢᠨᠠᠨ ᠳᠤᠭᠳᠠᠭᠠᠭᠰᠠᠨ ᠤ ᠳᠠᠷᠠᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠨ ᠢ ᠠᠯᠢ ᠴᠢᠳᠠᠬᠤ ᠪᠠᠷ ᠲᠠᠷᠢᠯᠭ᠎ᠠ ᠲᠠᠷᠢᠭᠤᠯᠵᠦ᠂ ᠶᠠᠮᠠᠷᠪᠠ ᠰᠢᠯᠲᠠᠭᠠᠨ ᠢᠶᠠᠷ ᠲᠠᠷᠢᠯᠭ᠎ᠠ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠥᠬᠡᠶ᠂ ᠢᠳᠬᠠᠨ ᠬᠤᠷᠢᠭᠯᠠᠬᠤ ᠶᠢ ᠰᠣᠨᠣᠰᠬᠤ ᠥᠬᠡᠶ᠂ ᠬᠦᠨᠳᠦ ᠨᠣᠴᠢᠲᠠᠶ ᠤᠷᠰᠢᠭ ᠲᠠᠲᠠᠭᠰᠠᠳ ᠠᠴᠠ ᠬᠠᠤᠯᠢ ᠶᠣᠰᠣᠭᠠᠷ ᠬᠤᠯᠪᠣᠭᠳᠠᠯ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃ ᠲᠠᠪᠤ᠂ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠸᠠᠺᠼᠢᠨ ᠤ ᠲᠠᠷᠢᠯᠭ᠎ᠠ ᠶᠢᠨ ᠴᠢᠭ ᠨᠢ ᠭᠤᠤᠯᠳᠠᠯᠭ᠎ᠠ ᠲᠠᠢ ᠢᠶᠠᠷ ᠨᠠᠰᠤᠲᠠᠶᠢᠴᠤᠳ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠬᠥᠮᠦᠰ ᠢ ᠬᠠᠯᠠᠮᠵᠢᠯᠠᠨ᠂ ᠸᠠᠺᠼᠢᠨ ᠤ ᠲᠠᠷᠢᠯᠭ᠎ᠠ ᠶᠢ ᠤᠷᠢᠳᠠᠪᠠᠷ ᠳᠣᠭᠢᠷᠠᠭᠤᠯᠵᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠠᠩᠬᠠᠷᠬᠤ ᠵᠤᠶᠢᠯᠡᠰ ᠢ ᠨᠠᠷᠢᠨ ᠲᠠᠶᠢᠯᠪᠤᠷᠢᠯᠠᠵᠤ᠂ ᠤᠤᠭᠤᠬᠤ ᠤᠰᠤ᠂ ᠠᠮᠠᠷᠠᠬᠤ ᠰᠠᠭᠤᠳᠠᠯ᠂ ᠨᠠᠷᠠᠰᠢᠵᠦ ᠨᠤᠷᠠᠬᠤ ᠢ ᠰᠡᠷᠭᠡᠶᠢᠯᠡᠬᠦ ᠬᠡᠷᠡᠭᠰᠡᠯ ᠵᠡᠷᠭᠡ  ᠶᠢ ᠬᠠᠩᠭᠠᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠲᠠᠷᠢᠯᠭ᠎ᠠ ᠶᠢᠨ ᠪᠥᠬᠦ ᠶᠠᠪᠤᠴᠠ ᠳᠤ ᠡᠷᠬᠡᠪᠰᠢ ᠠᠮᠠᠪᠴᠢ ᠵᠡᠭᠦᠵᠦ᠂ ᠨᠢᠭᠡ ᠮᠧᠲᠷ ᠠᠴᠠ ᠳᠡᠭᠡᠭᠰᠢ ᠵᠠᠶ ᠲᠠᠢ ᠪᠠᠶᠢᠬᠤ ᠶᠢ ᠪᠠᠲᠤᠯᠠᠵᠦ᠂ ᠶᠠᠷᠢᠯᠴᠠᠬᠤ ᠥᠬᠡᠶ᠂ ᠤᠪᠤᠭᠠᠷᠠᠬᠤ ᠥᠬᠡᠶ ᠪᠠᠶᠢᠵᠤ᠂ ᠲᠤᠬᠠᠶ ᠶᠢᠨ ᠲᠠᠯᠠᠪᠤᠷ ᠤᠨ ᠠᠵᠢᠯᠲᠠᠨ ᠤ ᠬᠥᠲᠥᠯᠦᠨ ᠵᠢᠯᠣᠭᠤᠳᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠭᠤᠤᠯᠳᠠᠯᠭ᠎ᠠ ᠲᠠᠢ ᠭᠠᠵᠠᠷ ᠪᠠ ᠣᠯᠠᠨ ᠨᠡᠶᠢᠲᠡ ᠶᠢᠨ ᠲᠠᠯᠠᠪᠤᠷ ᠲᠤ ᠤᠷᠤᠬᠤ ᠳᠠᠭᠠᠨ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠨᠢᠭᠡᠴᠡ ᠲᠠᠢ ᠢᠳᠡᠪᠬᠢᠲᠡᠶ ᠬᠠᠮᠵᠢᠯᠴᠠᠵᠤ᠂ ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠢ ᠬᠠᠮᠲᠤᠷᠠᠨ ᠪᠠᠶᠢᠴᠠᠭᠠᠬᠤ ᠱᠠᠭᠠᠷᠳᠠᠯᠭ᠎ᠠ ᠶᠢ ᠬᠡᠷᠡᠭᠵᠢᠭᠦᠯᠦᠨ᠎ᠡ᠃ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠴᠠᠭ ᠲᠤᠬᠠᠶ ᠳᠤᠨᠢ ᠳᠠᠷᠢᠭᠰᠠᠨ ᠥᠬᠡᠶ ᠠᠴᠠ ᠪᠣᠯᠵᠣ ᠭᠠᠳᠠᠭᠰᠢ ᠶᠠᠪᠤᠬᠤ ᠪᠠ ᠠᠵᠢᠯᠯᠠᠬᠤ ᠳᠤ ᠳᠥᠭᠦᠮ ᠦᠭᠡᠢ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠪᠦᠬᠦᠯᠢ 12 ᠨᠠᠰᠤ ᠵᠢᠴᠢ ᠳᠡᠭᠡᠭᠰᠢᠬᠢ ᠴᠡᠭᠡᠷᠯᠡᠬᠦ ᠡᠪᠡᠳᠴᠢᠨ ᠥᠬᠡᠶ ᠪᠣᠯᠪᠠᠴᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠬᠠᠷᠠᠬᠠᠨ ᠳᠠᠷᠢᠭᠠᠳᠤᠶ ᠰᠠᠭᠤᠭᠠᠯᠢ ᠠᠷᠠᠳ ᠨᠢ ᠲᠦᠷᠭᠡᠬᠡᠨ ᠲᠠᠷᠢᠯᠭ᠎ᠠ ᠲᠠᠷᠢᠬᠤ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠲᠠᠷᠢᠯᠭ᠎ᠠ ᠲᠠᠷᠢᠬᠤ ᠶᠤᠰᠦᠲᠠᠢ ᠨᠢ ᠠᠯᠢ ᠴᠢᠳᠠᠬᠤ ᠪᠠᠷ ᠲᠠᠷᠢᠭᠤᠯᠬᠤ ᠶᠢ ᠪᠠᠲᠤᠯᠠᠬᠤ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠤᠨ ᠤᠶᠢᠯᠠᠭᠠᠯᠲᠠ᠂ ᠳᠡᠮᠵᠢᠯᠭᠡ ᠪᠣᠯᠤᠨ ᠬᠠᠮᠵᠢᠯᠴᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠭᠠᠷ ᠭᠠᠷ ᠢᠶᠠᠨ ᠬᠤᠯᠪᠣᠯᠴᠠᠨ ᠬᠠᠮᠲᠤᠪᠠᠷ ᠴᠢᠷᠮᠠᠶᠢᠵᠤ ᠂ ᠪᠦᠭᠦ ᠬᠤᠰᠢᠭᠤᠨ ᠤ ᠬᠢᠯᠪᠠᠷ ᠪᠤᠰᠤ ᠪᠠᠷ ᠢᠷᠡᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ   ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠵᠦ᠂ ᠪᠦᠭᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠡᠷᠲᠡᠬᠡᠨ ᠪᠠᠶᠢᠭᠤᠯᠬᠤ ᠶᠢ ᠬᠦᠰᠡᠵᠦ ᠪᠠᠶᠢᠨ᠎ᠠ᠃ ᠲᠤᠯᠤᠭ᠎ᠠ᠂ ᠲᠠᠷᠢᠯᠭ᠎ᠠ ᠲᠠᠷᠢᠬᠤ ᠭᠠᠵᠠᠷ ︵ᠨᠢᠭᠡ︶ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ︵ᠬᠤᠰᠢᠭᠤ ᠰᠣᠶᠣᠯ ᠲᠠᠮᠢᠷ ᠤᠨ ᠲᠣᠪᠴᠢᠶ᠎ᠠ ᠶᠢᠨ ᠠᠷᠤ ᠳᠤ︶ ᠬᠠᠷᠢᠯᠴᠠᠬᠤ ᠬᠥᠮᠦᠨ᠄  ᠰᠣᠯᠤᠭ᠍ᠭᠤᠸ᠎ᠠ  13604790217︔  ᠰᠠᠷᠠᠭᠤᠯ  18747919209 ︵ᠬᠤᠶᠠᠷ︶ ᠰᠢᠩ ᠶᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠰᠢᠩ ᠶᠣᠣ ᠪᠠᠯᠭᠠᠰᠤᠨ ᠤ ᠪᠠᠶᠢᠭ᠎ᠠ ᠭᠠᠵᠠᠷ︶ ᠬᠠᠷᠢᠯᠴᠠᠬᠤ ᠬᠥᠮᠦᠨ᠄ ᠯᠢ ᠵᠢᠶᠦ᠋ᠨ ᠹᠡᠩ  13847914918 ︵ᠭᠤᠷᠪᠠ︶ ᠤᠯᠠᠭᠠᠨᠴᠠᠪ ᠡᠷᠡᠭᠦᠯ ᠬᠠᠮᠠᠭᠠᠯᠠᠯ ᠤᠨ ᠬᠤᠷᠢᠶ᠎ᠠ ︵ᠤᠯᠠᠭᠠᠨᠴᠠᠪ ᠰᠤᠮᠤ ᠶᠢᠨ ᠪᠠᠶᠢᠭ᠎ᠠ ᠭᠠᠵᠠᠷ︶ ᠬᠠᠷᠢᠯᠴᠠᠬᠤ ᠬᠥᠮᠦᠨ᠄  ᠴᠦ ᠳ᠋ᠧ ᠪᠢᠨ  13947398853   ᠬᠠᠰᠧᠴᠢᠷ  13947397240 ︵ᠲᠥᠷᠪᠡ︶  ᠶᠡᠬᠡᠨᠠᠭᠤᠷ ᠡᠷᠡᠭᠦᠯ ᠬᠠᠮᠠᠭᠠᠯᠠᠯ ᠤᠨ ᠬᠤᠷᠢᠶ᠎ᠠ ︵ᠪᠣᠷᠣ ᠲᠣᠯᠣᠭᠠᠶ ᠭᠠᠴᠠᠭ᠎ᠠ  ᠪᠤᠯᠤᠨ ᠱᠠᠩᠳᠦ ᠡᠷᠡᠭᠦᠯ ᠬᠠᠮᠠᠭᠠᠯᠠᠯ ᠤᠨ ᠬᠤᠷᠢᠶ᠎ᠠ︶ ᠬᠠᠷᠢᠯᠴᠠᠬᠤ ᠬᠥᠮᠦᠨ᠄ ᠵᠠᠯᠭᠠᠮᠵᠢ  13514795198 ︵ᠲᠠᠪᠤ︶   ᠪᠤᠯᠭᠠᠨᠲᠤᠬᠤᠢ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠯᠴᠠᠬᠤ ᠬᠥᠮᠦᠨ᠄ ᠵᠠᠩ  ᠸᠧᠨ ᠴᠢ  13947929409           ᠬᠤᠰᠢᠭᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ᠄ 0479 — 6521530 ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982 ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — 6854969 ᠬᠤᠰᠢᠭᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 — 6522709                ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ       ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ 2021ᠤᠨ ᠤ 8 ᠰᠠᠷᠡᠶᠢᠨ 23 ᠤ ᠡᠲᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号