ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ
ᠨᠡᠶᠢᠲᠡᠯᠡᠭᠰᠡᠨ ᠴᠠᠭ᠄
2021/8/9
ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠵᠠᠷᠯᠠᠯ︵ᠠᠷᠪᠡᠨ ᠲᠠᠪᠤᠳᠤᠭᠠᠷ ᠨᠤᠮᠧᠷᠲᠦ︶2021 ᠣᠨ ᠤ 8 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ ᠳᠤᠬᠠᠢ ᠶᠢᠨ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ 1 ᠶᠢ ᠮᠡᠳᠡᠭᠦᠯᠵᠦ᠂ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ Ⅲ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠵᠠᠷᠯᠠᠯ ᠢ ᠨᠡᠶᠢᠲᠡᠯᠡᠪᠡ᠃ 2021 ᠣᠨ ᠤ 8  ᠰᠠᠷᠡᠶᠢᠨ 7 ᠤ ᠡᠳᠦᠷ ᠤᠨ 6 ᠴᠠᠭ ᠪᠣᠯᠲᠠᠯ᠎ᠠ᠂ ᠪᠥᠬᠦ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠣᠯᠤᠨ ᠰᠢᠨᠵᠢᠶᠠᠩ ᠤᠨ ᠦᠢᠯᠡᠳᠪᠤᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠨᠡᠶᠢᠲᠡ 7 ᠦᠨᠳᠤᠷ ᠳᠡᠰ ᠤᠨ ᠳᠥᠭᠰᠢᠭᠦᠷᠢᠲᠡᠢ ᠭᠠᠵᠠᠷ ᠣᠷᠣᠨ᠂ 192 ᠳᠤᠮᠳᠠ ᠳᠡᠰ ᠤᠨ ᠳᠥᠭᠰᠢᠭᠦᠷᠢᠲᠡᠢ ᠭᠠᠵᠠᠷ ᠣᠷᠣᠨ ︵ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠹᠧᠨ ᠳ᠋ᠧᠦ ᠪᠠᠯᠭᠠᠰᠤᠨ ᠤ ᠱᠧᠨ ᠪᠦᠦ ᠰᠠᠭᠤᠭᠠᠯᠢ ᠲᠣᠭᠤᠷᠢᠭ ᠢ ᠳᠤᠮᠳᠠ ᠳᠡᠰ ᠤᠨ ᠳᠥᠭᠰᠢᠭᠦᠷᠢᠲᠡᠢ ᠭᠠᠵᠠᠷ ᠣᠷᠣᠨ ᠪᠤᠯᠭᠠᠵᠠᠢ︶ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠤᠷᠤᠬᠤ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ  ᠤᠨᠤᠪᠴᠢᠲᠠᠢ ᠪᠠᠷ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ ᠨᠢᠭᠡ᠂ 2021 ᠣᠨ ᠤ 7 ᠰᠠᠷᠠᠶᠢᠨ 29 ᠤ ᠡᠳᠦᠷ ᠠᠴᠠ ᠨᠠᠰᠢ ᠬᠠᠶᠢᠯᠠᠷ ᠲᠣᠭᠤᠷᠢᠭ ᠲᠤ ᠵᠢᠭᠤᠯᠴᠢᠯᠠᠨ ᠰᠠᠭᠤᠭᠰᠠᠨ ᠦᠩᠭᠡᠷᠡᠯᠳᠡ ᠲᠠᠢ ᠪᠤᠶᠤ ᠲᠣᠰ ᠬᠥᠮᠦᠨ ᠨᠢ ᠬᠡᠳᠦ᠋ᠢᠪᠡᠷ ᠣᠴᠢᠵᠤ ᠥᠩᠭᠡᠷᠡᠭᠰᠡᠨ ᠥᠬᠡᠶ ᠪᠣᠯᠪᠠᠴᠤ ᠬᠠᠶᠢᠯᠠᠷ ᠤᠨ ᠬᠥᠮᠦᠰ ᠲᠠᠢ ᠣᠶᠢᠷᠠᠲᠤᠭᠰᠠᠨ ᠦᠩᠭᠡᠷᠡᠯᠳᠡ ᠲᠠᠢ ᠬᠥᠮᠦᠰ ᠴᠠᠭ ᠲᠤᠬᠠᠶ ᠳᠤᠨᠢ ᠰᠠᠨᠠᠭᠠᠴᠢᠯᠠᠭ᠎ᠠ ᠲᠠᠢ ᠪᠠᠷ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠳᠠᠭᠠᠨ ᠮᠡᠳᠡᠭᠦᠯᠦᠨ ᠳᠠᠩᠰᠠᠯᠠᠭᠤᠯᠵᠤ᠂ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢ ᠬᠤᠷᠢᠶᠠᠩᠭᠤᠶᠢᠯᠠᠭᠰᠠᠨ ᠤ ᠪᠠᠨ ᠳᠠᠷᠠᠭ᠎ᠠ ᠬᠤᠰᠢᠭᠤ ᠰᠢᠨ᠎ᠡ ᠲᠢᠳᠢᠮᠯᠢᠭ ᠠᠭᠤᠰᠭᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠭᠡᠪ ᠤᠨ ᠪᠤᠰᠤ ᠢᠯᠡᠷᠡᠯ ᠭᠠᠷᠪᠠᠯ᠂ ᠳᠠᠷᠦ᠋ᠢᠬᠠᠨ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠵᠦ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠴᠠᠭ ᠲᠤᠬᠠᠶ ᠳᠤᠨᠢ ᠬᠤᠰᠢᠭᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠪᠠᠶᠢᠴᠠᠭᠠᠨ᠎ᠠ᠃ ᠳᠤᠮᠳᠠ᠂ ᠦᠨᠳᠤᠷ ᠳᠡᠰ ᠤᠨ ᠳᠥᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠬᠥᠮᠦᠰ ᠡᠷᠬᠡᠪᠰᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠬᠤᠪᠢ ᠬᠥᠮᠦᠨ ᠤ ᠡᠷᠡᠭᠦᠯ ᠮᠡᠨᠳᠦ ᠶᠢᠨ ᠺᠣᠳ᠋ ᠮᠡᠳᠡᠭᠦᠯᠬᠦ ᠮᠡᠳᠡᠭᠡ ᠵᠠᠩᠭᠢ ᠢ ᠬᠠᠩᠭᠠᠭᠰᠠᠨ ᠪᠠ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠭᠡᠷᠡᠴᠢ ᠨᠢ ᠡᠷᠬᠡᠪᠰᠢ ᠦᠨᠡᠨ ᠪᠣᠳᠠᠲᠠᠶ ᠪᠥᠭᠡᠳ ᠢᠲᠡᠭᠡᠮᠵᠢᠲᠡᠶ ᠪᠠᠶᠢᠵᠤ᠂ ᠮᠡᠳᠡᠭᠦᠯᠬᠦ ᠥᠬᠡᠶ ᠪᠤᠶᠤ ᠬᠤᠳᠠᠯ ᠢᠶᠠᠷ ᠮᠡᠳᠡᠭᠦᠯᠦᠭᠰᠡᠨ ᠬᠥᠮᠦᠰ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠶᠠᠷ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠶᠢᠨ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠢ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂  ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷ ᠵᠠᠷᠯᠠᠯ ᠪᠤᠯᠤᠨ ᠪᠠᠶᠢᠩᠭᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠪᠠ ᠠᠩᠬᠠᠨ ᠤ ᠣᠨᠣᠰᠢᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠢᠯᠠᠩᠭᠤᠶ᠎ᠠ ᠬᠠᠯᠠᠭᠤᠷᠠᠵᠤ ᠪᠠᠶᠢᠭ᠎ᠠ ᠡᠪᠡᠳᠴᠢᠲᠡᠨ ᠤ ᠶᠠᠪᠤᠵᠦ ᠰᠠᠭᠤᠭᠰᠠᠨ ᠦᠩᠭᠡᠷᠡᠯᠳᠡ ᠪᠠ ᠤᠶᠢᠷᠠᠲᠤᠭᠰᠠᠳ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠴᠠᠭ ᠲᠤᠬᠠᠶ ᠳᠤᠨᠢ ᠰᠢᠨ᠎ᠡ ᠳᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ ᠶᠠᠪᠣᠭᠳᠠᠭᠤᠯᠵᠤ᠂ ᠪᠠᠶᠢᠴᠠᠭᠠᠪᠠᠯ ᠵᠣᠬᠢᠬᠤ ᠶᠢ ᠨᠢ ᠴᠥᠮ ᠪᠠᠶᠢᠴᠠᠭᠠᠵᠤ᠂ ᠲᠤᠰᠠᠭᠠᠷᠯᠠᠪᠠᠯ ᠵᠣᠬᠢᠬᠤ ᠶᠢ ᠨᠢ ᠴᠥᠮ ᠲᠤᠰᠠᠭᠠᠷᠯᠠᠨ᠂  ᠭᠡᠭᠡᠭᠳᠡᠭᠦᠯᠦᠨ ᠤᠷᠬᠢᠭᠳᠠᠭᠤᠯᠬᠤ ᠦᠭᠡᠢ ᠪᠠᠶᠢᠬᠤ ᠶᠢ ᠪᠠᠳᠤᠯᠠᠨ᠂  ᠰᠡᠵᠢᠭᠯᠡᠯᠲᠡᠢ ᠡᠪᠡᠳᠴᠢᠳᠡᠨ ᠢ ᠪᠦᠬᠦᠨ ᠢ ᠬᠠᠮᠢᠶᠠᠷᠤᠨ ᠡᠵᠡᠮᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ᠂ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠬᠠᠮᠰᠠᠷ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠶᠢ ᠰᠠᠨᠠᠭᠠᠴᠢᠯᠠᠨ᠎ᠠ᠃ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠥᠬᠦ ᠶᠠᠪᠤᠴᠠ ᠳᠤ ᠠᠮᠠᠪᠴᠢ ᠵᠡᠭᠦᠵᠦ᠂  ᠣᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠢᠳᠡᠭᠡᠨ ᠢᠳᠡᠬᠦ ᠪᠠ ᠤᠰᠣ ᠤᠤᠭᠤᠬᠤ ᠤᠳᠠᠭ᠎ᠠ ᠪᠠᠨ ᠪᠠᠭᠠᠰᠬᠠᠨ᠎ᠠ᠃ ᠭᠠᠷ ᠢᠶᠠᠨ ᠦᠷᠭᠦᠯᠵᠢ ᠤᠬᠢᠶᠠᠬᠤ᠂  ᠪᠠᠶᠢᠩᠭᠤ ᠰᠠᠯᠬᠢ ᠨᠡᠪᠲᠡᠷᠡᠭᠦᠯᠬᠦ᠂ ᠤᠯᠠᠨ ᠢᠶᠠᠷ ᠢᠶᠠᠨ ᠬᠠᠮᠲᠦ ᠬᠤᠭᠤᠯᠠᠯᠯᠠᠬᠤ ᠦᠭᠡᠢ᠂ ᠨᠡᠶᠢᠲᠡ ᠶᠢᠨ ᠰᠠᠪᠬ᠎ᠠ ᠬᠡᠷᠡᠭᠯᠡᠬᠦ᠂ ᠦᠷᠭᠦᠯᠵᠢ ᠠᠷᠢᠭᠤᠳᠬᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠲᠣᠯᠣᠭᠠᠶ ᠡᠪᠡᠳᠴᠦ ᠬᠠᠯᠠᠭᠤᠷᠠᠬᠤ᠂ ᠬᠠᠨᠢᠶᠠᠯᠭᠠᠵᠤ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ ᠪᠠ ᠰᠠᠭᠤᠯᠭᠠᠬᠤ ᠵᠡᠷᠭᠡ ᠬᠡᠪ ᠤᠨ ᠪᠤᠰᠤ ᠢᠯᠡᠷᠡᠯ ᠲᠠᠢ ᠪᠠᠶᠢᠪᠠᠯ᠂ ᠳᠠᠷᠦ᠋ᠢᠬᠠᠨ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠤᠷᠢᠳᠠᠯ ᠳᠤᠤᠷ᠎ᠠ ᠬᠤᠰᠢᠭᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ  ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠎ᠡ᠂ ᠵᠠᠮ ᠵᠠᠭᠤᠷ᠎ᠠ ᠪᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ ᠳᠥᠷᠪᠡ᠂ ᠪᠥᠬᠦ ᠤᠯᠤᠰ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠶᠠᠪᠤᠵᠦ ᠰᠠᠭᠤᠬᠤ ᠪᠠᠨ ᠵᠦᠢ ᠵᠤᠬᠢᠰᠲᠠᠢ ᠲᠤᠬᠢᠷᠠᠭᠤᠯᠤᠨ᠂ ᠡᠷᠭᠡᠪᠰᠢ ᠤᠴᠢᠬᠤ ᠴᠢᠬᠤᠯᠡ ᠦᠭᠡᠢ ᠪᠤᠯ ᠳᠤᠮᠳᠠ ᠦᠨᠳᠦᠷ ᠳᠡᠰ ᠤᠨ ᠳᠦᠭᠰᠢᠭᠦᠷᠢᠲᠡᠢ ᠭᠠᠵᠠᠷ ᠣᠷᠣᠨ ᠳᠤ ᠣᠴᠢᠬᠤ ᠥᠬᠡᠶ ᠪᠠᠶᠢᠬᠤ ᠬᠡᠷᠡᠭᠲᠡᠶ᠃ ᠬᠡᠷᠪᠡ ᠦᠨᠡᠨᠬᠦ ᠣᠴᠢᠬᠤ ᠴᠢᠬᠤᠯᠠ ᠲᠠᠢ ᠪᠣᠯ ᠶᠠᠪᠤᠬᠤ ᠠᠴᠠ ᠪᠠᠨ ᠡᠮᠦᠨ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ  ᠪᠠᠶᠢᠭᠤᠯᠭ᠎ᠠ ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠳᠡ ᠶᠢ ᠰᠠᠶᠢᠲᠤᠷ ᠬᠢᠵᠦ᠂ ᠥᠪᠡᠷ ᠤᠨ ᠠᠵᠢᠯᠯᠠᠭᠠᠨ ᠤ ᠵᠠᠮ ᠮᠥᠷ ᠢᠶᠠᠨ ᠣᠨᠣᠪᠴᠢᠲᠠᠶ ᠲᠡᠮᠳᠡᠭᠯᠡᠨ᠎ᠡ︔ ᠬᠤᠰᠢᠭᠤᠨ ᠳᠠᠭᠠᠨ ᠪᠤᠴᠠᠬᠤ ᠠᠴᠠ ᠪᠠᠨ ᠡᠮᠦᠨ᠎ᠡ ᠰᠠᠭᠤᠭ᠎ᠠ ᠭᠠᠵᠠᠷ ᠤᠨ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠳᠠᠭᠠᠨ ᠤᠬᠠᠮᠰᠠᠷ ᠠᠴᠠ ᠪᠠᠨ ᠮᠡᠳᠡᠭᠦᠯᠬᠦ ᠬᠡᠷᠡᠭᠲᠡᠶ︔ ᠬᠤᠰᠢᠭᠤᠨ ᠳᠠᠭᠠᠨ ᠪᠤᠴᠠᠭᠰᠠᠨ ᠤ ᠲᠠᠷᠠᠭ᠎ᠠ ᠮᠠᠨ ᠤ ᠬᠤᠰᠢᠭᠤᠨ ᠤ ᠬᠤᠯᠪᠣᠭᠳᠠᠯ ᠪᠦᠭᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠬᠡᠷᠡᠭᠵᠢᠭᠦᠯᠬᠦ  ᠬᠡᠷᠡᠭᠲᠡᠢ᠃ ᠲᠠᠪᠤ᠂ ᠥᠷᠭᠡᠨ ᠣᠯᠠᠨ ᠰᠠᠭᠤᠭᠠᠯᠢ ᠠᠷᠠᠳ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠬᠥᠮᠦᠨ ᠬᠠᠷ᠎ᠠ ᠨᠢᠭᠲᠠᠷᠠᠭᠰᠠᠨ ᠪᠠ ᠰᠠᠯᠬᠢ ᠨᠡᠪᠲᠡᠷᠡᠬᠦ ᠪᠠᠷ ᠠᠨᠠᠢ ᠣᠯᠠᠨ ᠨᠡᠶᠢᠲᠡ ᠶᠢᠨ ᠲᠠᠯᠠᠪᠤᠷ ᠲᠤ ᠣᠴᠢᠵᠤ ᠠᠵᠢᠯᠯᠠᠭ᠎ᠠ ᠬᠢᠬᠦ ᠠᠴᠠ ᠵᠠᠶᠢᠯᠠᠰᠬᠢᠵᠦ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠤᠷ ᠲᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠢ ᠤᠷᠢᠵᠤ  ᠴᠤᠭᠯᠠᠭᠠᠨ ᠭᠢᠬᠦ ᠥᠬᠡᠶ ᠪᠠᠶᠢᠵᠤ᠂ ᠬᠡᠷ ᠪᠦᠯᠢ ᠶᠢᠨ ᠴᠤᠭᠯᠠᠭᠠᠨ ᠪᠠ ᠬᠠᠮᠲᠤ ᠶᠢᠨ ᠳᠠᠶᠢᠯᠠᠯᠭ᠎ᠠ ᠶᠢ ᠴᠢᠳᠠᠬᠤ ᠶᠢᠨ ᠬᠢᠷᠢ ᠪᠠᠷ 10 ᠬᠥᠮᠦᠨ ᠠᠴᠠ ᠳᠣᠷᠣᠭᠰᠢ ᠪᠠᠶᠢᠯᠭᠠᠬᠤ ᠪᠠᠷ ᠬᠢᠵᠠᠭᠠᠷᠯᠠᠬᠤ ᠬᠡᠷᠡᠭᠲᠡᠶ᠃  ᠬᠤᠷᠢᠮ ᠨᠠᠶᠢᠷ ᠢ ᠬᠤᠶᠢᠰᠢᠯᠠᠭᠤᠯᠬᠤ᠂ ᠪᠡᠯᠪᠡᠰᠤᠷᠡᠯ ᠴᠠᠭᠠᠨ ᠤ ᠶᠠᠪᠤᠳᠠᠯ ᠢ ᠳᠦᠭᠦᠮ ᠢᠶᠠᠷ ᠶᠠᠪᠤᠭᠳᠠᠭᠤᠯᠵᠤ᠂ ᠳᠠᠶᠢᠯᠠᠯᠭ᠎ᠠ ᠬᠢᠬᠦ ᠦᠭᠡᠢ ᠪᠠᠶᠢᠬᠤ ᠶᠢ ᠰᠠᠨᠠᠭᠠᠴᠢᠯᠠᠵᠤ᠂ ᠠᠯᠪᠠᠨ ᠲᠤᠰᠢᠶᠠᠯᠲᠠᠨ᠂ ᠨᠠᠮ ᠤᠨ ᠭᠡᠰᠢᠭᠦᠨ ᠺᠠᠳ᠋ᠷᠴᠤᠳ ᠳᠠᠶᠢᠯᠠᠯᠭ᠎ᠠ᠂ ᠴᠤᠭᠯᠠᠭᠠᠨ ᠵᠡᠷᠭᠡ ᠴᠤᠭᠯᠠᠷᠠᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠬᠥᠲᠥᠯᠦᠨ ᠵᠢᠯᠣᠭᠤᠳᠬᠤ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃ ᠵᠢᠷᠭᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠤᠯ ᠬᠠᠯᠳᠠᠪᠤᠷᠢᠯᠠᠬᠤ ᠶᠢ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠶ ᠠᠷᠭ᠎ᠠ ᠬᠡᠮᠵᠢᠶ᠎ᠡ ᠪᠦᠭᠡᠳ ᠠᠷᠠᠳ ᠢᠷᠭᠡᠳ ᠤᠨ ᠬᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠂ ᠲᠠᠷᠢᠯᠭ᠎ᠠ ᠬᠢᠯᠭᠡᠬᠦ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ︵12 — 17 ᠪᠦᠬᠦᠯᠢ ᠨᠠᠰᠤᠨ ᠤ ᠬᠥᠮᠦᠰ ᠪᠠᠭᠲᠠᠨ᠎ᠠ︶ ᠤᠬᠠᠮᠰᠠᠷ ᠠᠴᠠ ᠪᠠᠨ ᠢᠳᠡᠪᠬᠢᠲᠡᠶ ᠪᠠᠷ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠲᠥᠪᠯᠡᠷᠡᠭᠦᠯᠦᠨ ᠲᠠᠷᠢᠯᠭ᠎ᠠ ᠬᠢᠬᠦ ᠴᠡᠭ ᠲᠤ ᠬᠦᠷᠴᠦ ᠲᠠᠷᠢᠯᠭ᠎ᠠ ᠬᠢᠯᠭᠡᠵᠦ᠂《ᠳᠠᠷᠢᠭᠤᠯᠬᠤ ᠵᠤᠬᠢᠰᠲᠠᠢ ᠨᠢ ᠴᠦᠮ ᠲᠠᠷᠢᠭᠤᠯᠬᠤ》 ᠶᠢ ᠪᠡᠶᠡᠯᠡᠬᠦᠯᠤᠨ᠎ᠡ᠃ ᠡᠬᠦᠨ ᠤ ᠬᠠᠮᠲᠦ᠂ ᠨᠢᠭᠡᠨᠲᠡ ᠬᠤᠶᠠᠳᠤᠭᠠᠷ ᠲᠠᠷᠢᠯᠭ᠎ᠠ ᠪᠠᠨ ᠲᠠᠷᠢᠬᠤ ᠬᠤᠭᠤᠴᠠᠭᠠᠨ ᠳᠤ ︵ᠨᠢᠭᠡᠳᠦᠭᠡᠷ ᠲᠠᠷᠢᠯᠭ᠎ᠠ ᠶᠢᠨ ᠬᠤᠭᠤᠴᠠᠭ᠎ᠠ ᠨᠢ ᠪᠦᠲᠦᠨ 21 ᠡᠳᠦᠷ ᠪᠤᠯᠤᠭᠰᠠᠨ︶ ᠪᠠᠶᠢᠭ᠎ᠠ ᠰᠠᠭᠤᠭᠠᠯᠢ ᠠᠷᠠᠳ ᠦᠯᠡᠳᠡᠭᠰᠡᠨ ᠲᠠᠷᠢᠯᠭ᠎ᠠ  ᠪᠠᠨ ᠲᠦᠷᠭᠡᠬᠡᠨ ᠲᠠᠷᠢᠭᠤᠯᠵᠦ᠂ ᠦᠯᠦ ᠬᠠᠯᠳᠠᠭᠠᠬᠤ ᠬᠠᠯᠬᠠᠪᠴᠢ ᠶᠢ ᠬᠠᠮᠲᠤ ᠪᠠᠷ ᠪᠠᠶᠢᠭᠤᠯᠤᠨ᠎ᠠ᠃ ᠬᠤᠰᠢᠭᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠤᠲᠠᠰᠤ᠄ 0479 — 6521530 ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982 ᠬᠤᠰᠢᠭᠤ  ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — 6854969 ᠬᠤᠰᠢᠭᠤ  ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0479 — 6522709               ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ             ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ           2021ᠤᠨ ᠤ 8 ᠰᠠᠷᠡᠶᠢᠨ 7 ᠤ ᠡᠲᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号