ᠰᠢᠯᠤᠭᠤᠨ ᠬᠥᠪᠡᠭᠡᠲᠦ ᠴᠠᠭᠠᠨ ᠬᠤᠰᠢᠭᠤ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/2
       ᠰᠢᠯᠤᠭᠤᠨ ᠬᠥᠪᠡᠭᠡᠲᠦ ᠴᠠᠭᠠᠨ ᠬᠤᠰᠢᠭᠤ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠪᠠ       8 ᠰᠠᠷ᠎ᠠ ᠶᠢᠨ 31 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠡᠷᠳᠡᠨᠢ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠣᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠲᠡᠷᠡᠭᠠᠴᠢ ᠶᠢᠨ ᠱᠠᠳᠣᠨ ᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠰᠢᠭᠤ ᠤᠳᠤᠷᠢᠳᠤᠯᠭ᠎ᠠ ᠵᠧᠦ ᠰᠢᠶᠠᠨ ᠵᠢᠶᠦ᠋ᠨ᠂ ᠵᠠᠩ ᠶᠤᠸᠠᠢ ᠴᠧᠩ᠂ ᠴᠧᠨ ᠬᠠᠢ ᠯᠢᠩ᠂ ᠯᠢ ᠳ᠋ᠦᠩ ᠯᠢᠨ᠂ ᠰᠢᠶᠧ ᠴᠢᠩ ᠬᠤᠸᠠ᠂ ᠠᠯᠳ᠋ᠬᠠᠠᠭᠤᠯᠠ᠂ ᠴᠡᠩᠭᠡᠯ᠂ ᠦᠯᠵᠡᠶᠢᠮᠡᠨᠳᠦ᠂ ᠸᠠᠩ ᠰᠢᠶᠤᠤ ᠮᠧᠢ ᠬᠤᠷᠠᠯ ᠳᠤ ᠣᠷᠣᠯᠴᠠᠪᠠ᠃      ᠡᠷᠳᠡᠨᠢ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠪᠣᠯ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠡᠭᠦᠷᠭᠡ ᠮᠥᠨ᠃ ᠣᠳᠣᠬᠠᠨ ᠳᠤ᠂ ᠮᠠᠨ ᠤ ᠬᠤᠰᠢᠭᠤ ᠪᠥᠬᠦ ᠣᠷᠣᠨ ᠤ ᠠᠷᠪᠠᠨ ᠤ ᠨᠢᠭᠡ᠂ ᠪᠥᠬᠦ ᠠᠶᠢᠮᠠᠭ ᠤᠨ ᠴᠣᠷ ᠤᠨ ᠭᠠᠭᠴᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤᠨ ᠳᠤ ᠵᠢᠭᠰᠠᠭᠠᠭᠳᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠭᠦᠨᠳᠦ᠂ ᠡᠭᠦᠷᠭᠡ ᠢᠷᠠᠭᠤ ᠠᠯᠳᠠᠷᠲᠠᠶ ᠶᠤᠮ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠢᠨ᠎ᠡ ᠲᠡᠦᠬᠡᠨ ᠣᠷᠣᠨ ᠪᠠᠶᠢᠷᠢ ᠶᠢ ᠣᠨᠣᠪᠴᠢᠲᠠᠶ ᠡᠵᠡᠮᠰᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠠᠯᠢᠭ ᠠᠭᠤᠯᠤᠭᠳᠠᠬᠤᠨ ᠢ ᠪᠦᠬᠦ ᠲᠠᠯ᠎ᠠ ᠪᠠᠷ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠲᠠᠢ ᠦᠨᠡᠨᠬᠦ ᠨᠢᠭᠡᠳᠬᠡᠵᠦ᠂ ᠤᠬᠠᠮᠰᠠᠷ ᠠᠴᠠ ᠪᠠᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠡᠭᠦᠷᠭᠡ ᠶᠢ ᠴᠢᠩᠭ᠎ᠠ ᠭᠦᠢᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠤᠮᠤ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠦ ᠭᠠᠷᠭᠠᠪᠠ᠃       ᠡᠷᠳᠡᠨᠢ ᠠᠴᠠ ᠪᠠᠰᠠ᠂ ︽ᠳᠥᠷᠪᠡ ᠶᠢ ᠲᠠᠶᠠᠬᠳᠠᠬᠤ ᠦᠭᠡᠶ︾ ᠪᠠᠶᠢᠬᠤ ᠱᠠᠭᠠᠷᠳᠠᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠳᠡᠭᠡᠳᠦ ᠱᠠᠲᠤᠨ ᠤ ᠲᠣᠬᠢᠷᠠᠭᠤᠯᠤᠭᠰᠠᠨ ᠵᠣᠯᠭᠠᠭᠤᠯᠬᠤ ᠪᠡᠯᠡ ᠮᠥᠩᠭᠦ ᠶᠢ ᠡᠷᠡᠰ ᠬᠡᠷᠡᠭᠯᠡᠵᠦ᠂ ᠲᠣᠰᠬᠤᠨ ᠳᠤ ᠰᠠᠭᠤᠬᠤ ᠠᠵᠢᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠷᠢᠮᠵᠢᠶ᠎ᠠ ᠬᠦᠰᠦᠨᠦᠭᠲᠦ ᠶᠢ ᠬᠢᠨᠠᠮᠠᠭᠠᠶ ᠬᠠᠷᠭᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠵᠢᠯ ᠤᠨ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠡᠮᠬᠢᠯᠡᠨ ᠵᠣᠯᠭᠠᠭᠤᠯᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠯᠭᠠᠭᠤᠯᠬᠤ ᠶᠢ ᠠᠬᠢᠭᠤᠯᠬᠤ᠂ ᠠᠵᠢᠯ ᠤᠨ ᠲᠣᠭᠲᠠᠴᠠ ᠶᠢ ᠵᠣᠯᠭᠠᠭᠤᠯᠬᠤ ᠶᠢ ᠴᠢᠩᠭᠠᠳᠬᠠᠬᠤ᠂ ᠠᠵᠤ ᠦᠢᠯᠡᠰ ᠤᠨ ᠬᠥᠭᠵᠢᠯᠲᠡ ᠶᠢ ᠵᠣᠯᠭᠠᠭᠤᠯᠬᠤ ᠶᠢ ᠭᠦᠨᠵᠡᠭᠡᠶᠢᠷᠡᠭᠦᠯᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠵᠣᠯᠭᠠᠭᠤᠯᠬᠤ ᠶᠢ ᠠᠬᠢᠭᠤᠯᠬᠤ ᠵᠡᠷᠭᠡ ᠳᠥᠷᠪᠡᠨ ᠲᠠᠯ᠎ᠠ ᠠᠴᠠ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ  ᠠᠳᠬᠤᠬᠤ ᠬᠡᠷᠡᠭᠲᠠᠢ ᠭᠡᠵᠦ ᠱᠠᠭᠠᠷᠳᠠᠪᠠ᠃      ᠡᠯ᠎ᠡ ᠰᠤᠮᠤ ᠪᠠᠯᠭᠠᠰᠤ᠂  ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号