ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 18 ᠳ᠋ᠤᠭᠠᠷ  ᠣᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/20
       ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ 18 ᠳ᠋ᠤᠭᠠᠷ  ᠣᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ      9 ᠰᠠᠷ᠎ᠠ ᠶᠢᠨ 17 ᠤ ᠡᠳᠦᠷ᠂  ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ 2021 ᠣᠨ ᠤ 18 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ  ᠃  ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ  ᠭᠤᠣᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠧᠨ ᠬᠠᠶ ᠯᠢᠩ ᠶᠡᠷᠦᠩᠬᠡᠶ ᠱᠦᠵᠢ ᠰᠢ ᠶᠢᠨ ᠫᠢᠩ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ   ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠪᠠ᠃       ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢᠨ ᠲᠠᠶᠢᠯᠤᠮᠵᠢ ᠶᠢᠨ ᠭᠤᠣᠯᠳᠠᠯᠭ᠎ᠠ ᠪᠠ ᠲᠥᠪ ᠤᠨ ᠤᠯᠤᠰ ᠳᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠬᠠᠨ ᠵᠧᠩ ᠨᠥᠬᠦᠷ ᠤᠨ ︽ᠬᠤᠶᠠᠷ ᠳᠡᠭᠡᠳᠦ︾ ᠶᠢᠨ ᠳᠦᠷᠦᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠲᠧᠯᠸᠢᠰ ᠤᠲᠠᠰᠤ ᠲᠠᠮᠵᠢᠯᠭᠠᠲᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠠᠶ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠯᠢ ᠮᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠨᠥᠬᠦᠷ ᠤᠨ ᠶᠡᠭᠡ ᠬᠡᠮᠵᠢᠶᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠵᠢᠴᠢ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠨᠥᠬᠦᠷ ᠤᠨ ᠨᠡᠭᠦᠷᠡᠰᠦᠲᠥ᠋ᠷᠥᠭᠴᠢ ᠶᠢᠨ ᠣᠷᠭᠢᠯ᠂ ᠨᠡᠭᠦᠷᠡᠰᠦᠲᠥ᠋ᠷᠥᠭᠴᠢ ᠶᠢᠨ ᠬᠠᠨᠣᠮᠠᠯ ᠠᠬᠤᠢ ᠪᠠᠶᠢᠳᠠᠯ ᠳᠣᠣᠷᠠᠬᠢ ᠰᠢᠨ᠎ᠡ ᠡᠨᠧᠷᠭᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ   ᠶᠢ ᠳᠠᠭᠠᠭᠤᠯᠣᠨ ᠰᠣᠷᠣᠯᠴᠠᠪᠠ᠃      ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠳᠠᠷᠤᠭ᠎ᠠ ᠳᠦᠭᠦᠷᠡᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠲᠤᠬᠠᠶ ᠰᠢᠯᠢ ᠶᠢᠨ ᠭᠤᠤᠯ ᠠᠶᠢᠮᠠᠭ ᠤᠨ ᠬᠡᠷᠡᠭᠵᠢᠭᠦᠯᠬᠦ ᠲᠥᠰᠦᠯ︾ ᠢ ᠳᠠᠭᠠᠭᠤᠯᠤᠨ ᠰᠤᠷᠤᠯᠴᠠᠪᠠ᠃      ᠬᠤᠷᠠᠯ ᠠᠴᠠ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠤᠨ ᠲᠠᠶᠢᠯᠤᠮᠵᠢ ᠶᠢᠨ ᠭᠤᠣᠯᠳᠠᠯᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠠᠩᠬᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠣᠷᠣᠯᠴᠠᠬᠤ ᠶᠢᠨ ᠬᠠᠮᠲᠤ ᠲᠤᠰᠬᠠᠢ ᠰᠡᠳᠦᠪᠲᠦ ᠹᠢᠯᠢᠮ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ — ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠶ᠎ᠠ︾ ᠭᠡᠬᠦ ᠺᠢᠨᠣ᠋ ᠶᠢ ᠦᠵᠡᠪᠡ᠃      ᠬᠤᠷᠠᠯ ᠤᠨ ᠲᠣᠬᠢᠷᠠᠭᠤᠯᠤᠯᠲᠠ ᠪᠠᠷ᠂ ᠣᠷᠣᠶ ᠶᠢᠨ 7 ᠴᠠᠭ ᠲᠤ ᠬᠤᠷᠠᠯ ᠳᠤ ᠣᠷᠣᠯᠴᠠᠭᠰᠠᠳ ︽ᠤᠯᠤᠰ ᠣᠷᠣᠨ ᠢᠶᠠᠨ ᠬᠠᠮᠠᠭᠠᠯᠠᠬᠤ — ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠭᠡᠷᠡᠯ ᠰᠡᠭᠦᠳᠡᠷ ᠤᠨ ᠪᠣᠳᠠᠲᠤ ᠲᠡᠮᠳᠡᠭᠯᠡᠯ︾ ᠢ ᠬᠠᠮᠲᠤ ᠪᠠᠷ ᠦᠵᠡᠪᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号