ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2021/9/7
  ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠬᠡᠪᠡᠷ ᠡᠬᠢᠯᠡᠪᠡ            9 ᠰᠠᠷ᠎ᠠ ᠶᠢᠨ 3 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤ ᠬᠤᠷᠠᠯ ᠤᠨ ᠲᠥᠪ ᠲᠤ ᠦᠪᠡᠳᠡᠭᠰᠢ ᠶᠡᠬᠡᠪᠡᠷ ᠡᠬᠢᠯᠡᠪᠡ᠃ ᠪᠥᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠤᠨ ᠨᠠᠮ ᠤᠨ ᠭᠡᠰᠢᠭᠦᠨ ᠲᠥᠯᠥᠭᠡᠯᠡᠭᠴᠢᠳ ᠪᠦᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠣᠷᠣᠯᠴᠠᠵᠤ᠂ ᠮᠠᠨ ᠤ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠨᠠᠷᠢᠨ ᠨᠢᠮᠪᠠᠶ ᠲᠥᠯᠥᠪᠯᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ  ᠪᠢᠴᠢᠭᠯᠡᠭᠰᠡᠨ ᠪᠠᠶᠢᠨ᠎ᠠ᠃       ᠪᠥᠬᠦ ᠠᠶᠢᠮᠠᠭ ᠬᠤᠰᠢᠭᠤ ᠰᠢᠶᠠᠨ ᠬᠤᠲᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠷᠭᠤᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠸᠠᠩ ᠴᠢᠩ ᠰᠢᠨ︔ ᠳᠡᠳ᠋ ᠳᠤᠭᠤᠶᠢᠯᠠᠩ ᠤᠨ ᠳᠠᠷᠤᠭ᠎ᠠ ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠬᠤ ᠵᠢᠱᠢᠭᠳᠡᠭᠴᠢ ᠰᠣ᠋ ᠫᠧᠩ ᠂ ᠠᠶᠢᠮᠠᠭ ᠤᠨ ᠨᠠᠮ ᠤᠨ ᠲᠦᠯᠦᠭᠡᠯᠡᠭᠴᠢᠳ ᠤᠨ ᠬᠠᠷᠢᠯᠴᠠᠬᠤ ᠠᠯᠪᠠᠨ ᠬᠡᠷ ᠤᠨ ᠡᠷᠬᠢᠯᠡᠭᠴᠢ ᠶᠠᠩ ᠶᠢᠨ ᠵᠦ︔ ᠪᠥᠬᠦ ᠠᠶᠢᠮᠠᠭ ᠤᠨ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠶᠢᠰᠦᠳᠦᠭᠡᠷ ᠱᠠᠯᠠᠪᠳᠠᠭᠤᠯᠣᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠪᠢᠶᠠᠨ ᡁᠢ ᠵᠥᠩ︔ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠶᠢᠨ ᠨᠠᠷᠢᠨ ᠪᠢᠴᠢᠭ ᠤᠨ ᠰᠠᠯᠠᠭᠠᠨ ᠤ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠴᠦ ᠢ ᠴᠢᠶᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶᠠᠨ ᠤ ᠲᠡᠷᠢᠭᠦᠯᠡᠭᠴᠢ ᠯᠢᠦ ᠴᠠᠩ ᠴᠦᠨ᠂ ᠳᠡᠳ᠋ ᠲᠡᠷᠢᠭᠦᠯᠡᠭᠴᠢ ᠡᠷᠳᠡᠨᠢ᠂ ᠵᠧᠤ ᠰᠢᠶᠠᠨ ᠵᠢᠶᠦ᠋ᠨ᠂ ᠭᠡᠰᠢᠭᠦᠨ ᠵᠠᠩ ᠶᠤᠸᠠᠢ ᠴᠧᠩ᠂ ᠯᠢ ᠪᠦᠦ ᠹᠧᠩ᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠡᠷᠳᠡᠨᠢᠪᠠᠭᠠᠲᠤᠷ᠂ ᠪᠤᠯᠠᠭ ᠵᠢᠴᠢ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠷᠢᠶᠠᠨ ᠤ ᠳᠡᠳ᠋ ᠲᠡᠷᠢᠭᠦᠯᠡᠭᠴᠢ᠂ ᠠᠩᠬᠠᠳᠤᠭᠠᠷ ᠣᠳᠠᠭᠠᠨ ᠤ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠡᠷᠳᠡᠨᠢ ᠶᠡᠭᠡ ᠬᠤᠷᠠᠯ ᠢ ᠡᠷᠬᠢᠯᠡᠪᠡ᠃     ᠲᠤᠰ ᠣᠳᠠᠭᠠᠨ ᠤ ᠶᠡᠭᠡ ᠬᠤᠷᠠᠯ ᠳᠤ ᠣᠷᠣᠯᠴᠠᠬᠤ ᠵᠣᠬᠢᠰᠲᠠᠢ ᠲᠥᠯᠥᠭᠡᠯᠡᠭᠴᠢ 203 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 203 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠭᠰᠡᠨ ᠪᠠᠶᠢᠨ᠎ᠠ᠃      ᠯᠢᠦ ᠴᠠᠩ ᠴᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠦᠭᠡᠯᠡᠨ ︽ᠦᠷᠬᠦᠯᠵᠢᠯᠡᠨ‌‍ᠲ᠋ᠡᠮᠡᠴᠡᠵᠦ ᠠᠯᠤᠰ ᠤᠨ ᠲᠦᠯᠦᠪᠯᠡᠭᠡ ᠶᠢ ᠵᠢᠷᠤᠭᠯᠠᠨ ᠰᠡᠳᠬᠢᠯ ᠬᠦᠴᠦᠨ ᠢᠶᠠᠨ ᠨᠢᠬᠳᠠᠷᠠᠭᠤᠯᠵᠦ ᠰᠢᠨ᠎ᠡ ᠠᠮᠵᠢᠯᠳᠠ ᠶᠢ ᠡᠭᠦᠳᠦᠨ‌ᠨᠡᠶᠢᠭᠡᠮ ᠵᠢᠷᠤᠮᠳᠦ ᠤᠳᠤᠬᠢᠴᠢᠯᠠᠯᠳᠠ ᠶᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠳᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠬᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃      ᠯᠢᠦ ᠴᠠᠩ ᠴᠦᠨ ᠮᠡᠳᠡᠭᠦᠯᠦᠯᠲᠡ ᠳᠡᠭᠡᠨ᠂ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ  ᠤᠨ ᠶᠡᠭᠡ ᠬᠤᠷᠠᠯ ᠠᠴᠠ ᠨᠠᠰᠢ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠠ ᠠᠷᠠᠳ ᠣᠯᠠᠨ ᠢ ᠪᠦᠯᠬᠦᠮᠳᠡᠭᠦᠯᠦᠨ ᠲᠠᠭᠠᠭᠤᠯᠵᠦ᠂ ᠦᠨᠡᠨᠬᠦ ᠠᠳᠬᠤᠨ ᠪᠣᠳᠠᠲᠠᠶ ᠬᠢᠵᠦ᠂ ᠨᠡᠭᠡᠭᠡᠨ ᠤᠷᠤᠭᠰᠢᠯᠠᠨ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠪᠦᠬᠦ ᠲᠠᠯ᠎ᠠ ᠪᠠᠷ ᠲᠠᠪᠰᠢᠵᠦ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠭᠤᠤᠯ ᠬᠠᠷᠠᠯᠲᠠ ᠡᠭᠦᠷᠭᠡ ᠶᠢ ᠠᠮᠵᠢᠯᠲᠠ ᠲᠠᠢ ᠪᠡᠶᠡᠯᠡᠬᠦᠯᠦᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠪᠠᠶᠢᠨ᠎ᠠ ᠭᠡᠵᠦ ᠵᠢᠭᠠᠵᠦ ᠭᠠᠷᠭᠠᠪᠠ᠃        ᠯᠢᠦ ᠴᠠᠩ ᠴᠦᠨ ᠠᠴᠠ᠂ ᠦᠩᠭᠡᠷᠡᠭᠰᠡᠨ ᠲᠠᠪᠤᠨ ᠵᠢᠯ ᠪᠤᠯ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠪᠤᠳᠠᠳᠦ ᠪᠠᠶᠢᠳᠠᠯ ᠲᠠᠢ ᠪᠠᠨ ᠨᠢᠬᠲᠠ ᠤᠶᠠᠯᠳᠤᠭᠤᠯᠤᠭᠰᠠᠨ ᠲᠠᠪᠤᠨ ᠵᠢᠯ ᠪᠤᠯᠤᠨ᠎ᠠ︔ ᠥᠩᠭᠡᠷᠡᠭᠰᠡᠨ ᠲᠠᠪᠤᠨ ᠵᠢᠯ ᠪᠣᠯ ᠠᠵᠤ ᠠᠬᠤᠢ ᠴᠢᠬᠤᠯᠠ ᠶᠡᠭᠡ ᠳᠠᠪᠠᠯᠲᠠ ᠶᠢ ᠪᠡᠶᠡᠯᠡᠭᠦᠯᠵᠦ᠂ ᠠᠷᠠᠳ ᠤᠯᠠᠨ ᠤ ᠬᠦᠷᠳᠡᠭᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢᠯᠡᠳᠲᠡ ᠨᠡᠮᠡᠭᠳᠡᠭᠰᠡᠨ ᠲᠠᠪᠤᠨ ᠵᠢᠯ ᠪᠣᠯᠤᠨ᠎ᠠ︔ ᠥᠩᠭᠡᠷᠡᠭᠰᠡᠨ ᠲᠠᠪᠤᠨ ᠵᠢᠯ ᠪᠣᠯ ᠪᠢᠳᠡᠨ ᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠵᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠦᠭᠰᠡᠨ ᠲᠠᠪᠤᠨ ᠵᠢᠯ ᠪᠣᠯᠤᠨ᠎ᠠ︔ ᠥᠩᠭᠡᠷᠡᠭᠰᠡᠨ ᠲᠠᠪᠤᠨ ᠵᠢᠯ ᠪᠣᠯ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠳᠠ ᠦᠬᠡᠢ ᠰᠠᠶᠢᠵᠢᠷᠠᠵᠦ᠂ ᠬᠤᠳᠠ ᠬᠦᠳᠡᠭᠡ ᠶᠢᠨ ᠲᠦᠷᠢ ᠲᠦᠷᠬᠦ ᠳᠤ ᠮᠡᠳᠡᠭᠳᠡᠮ᠎ᠡ ᠬᠤᠪᠢᠷᠠᠯᠲᠠ ᠭᠠᠷᠤᠭᠰᠠᠨ ᠲᠠᠪᠤᠨ ᠵᠢᠯ ᠪᠣᠯᠤᠨ᠎ᠠ︔ ᠥᠩᠭᠡᠷᠡᠭᠰᠡᠨ ᠲᠠᠪᠤᠨ ᠵᠢᠯ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠭᠦᠨᠵᠡᠭᠡᠶᠢᠷᠡᠨ ᠠᠬᠢᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠭᠰᠠᠨ ᠲᠠᠪᠤᠨ ᠵᠢᠯ ᠮᠥᠨ︔ ᠥᠩᠭᠡᠷᠡᠭᠰᠡᠨ ᠲᠠᠪᠤᠨ ᠵᠢᠯ ᠪᠣᠯ ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠰᠢᠨ᠎ᠡ ᠳᠠᠪᠰᠢᠯᠲᠠ ᠲᠠᠢ ᠪᠣᠯᠤᠭᠰᠠᠨ ᠲᠠᠪᠤᠨ ᠵᠢᠯ ᠪᠣᠯᠤᠨ᠎ᠠ ᠭᠡᠵᠦ  ᠵᠢᠭᠠᠵᠦ ᠭᠠᠷᠭᠠᠪᠠ᠃       ᠯᠢᠦ ᠴᠠᠩ ᠴᠦᠨ ᠠᠴᠠ᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠬᠤᠰᠢᠭᠤᠨ ᠤ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ ᠠᠮᠢ ᠠᠬᠤᠶ ᠶᠢ ᠲᠡᠷᠢᠬᠦᠨ ᠳᠤ ᠲᠠᠯᠪᠢᠵᠦ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠠᠰᠠ ᠴᠤ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠂ ᠶᠡᠷᠦᠩᠬᠡᠶᠢᠯᠡᠭᠰᠡᠨ ᠪᠣᠳᠠᠲᠤ ᠬᠦᠴᠦᠨ ᠤ ᠳᠠᠪᠠᠯᠲᠠ ᠶᠢᠨ ᠮᠠᠶ᠋ᠢᠭ ᠢᠶᠠᠷ ᠳᠡᠭᠡᠭᠰᠢᠯᠡᠬᠦ ᠶᠢ ᠪᠡᠶᠡᠯᠡᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠮᠥᠨ ᠭᠡᠵᠦ ᠵᠢᠭᠠᠵᠦ ᠭᠠᠷᠭᠠᠪᠠ᠃        ᠯᠢᠦ ᠴᠠᠩ ᠴᠦᠨ ᠢᠯᠡᠳᠬᠡᠯ ᠳᠡᠭᠡᠨ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠬᠡᠶ ᠰᠡᠳᠬᠢᠴᠡ ᠶᠢ ᠳᠣᠷᠠᠳᠪᠠ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂  ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠦ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠵᠦ᠂ ᠰᠢᠰᠲ᠋ᠧᠮ ᠤᠨ ᠦᠵᠡᠯᠲᠡ ᠶᠢ ᠪᠠᠷᠢᠮᠳᠠᠯᠠᠨ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠠᠶᠢᠵᠠᠮ ᠢ ᠪᠠᠷᠢᠮᠳᠠᠯᠠᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠦᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠤᠭᠤᠷᠢᠨ  ᠳᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠬᠡᠢ ᠵᠠᠮᠨᠠᠵᠦ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠦ᠂ ᠨᠡᠶᠢᠭᠡᠮ ᠵᠢᠷᠤᠮᠲᠤ ᠤᠳᠤᠬᠢᠴᠢᠯᠠᠯᠳᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠰᠢᠨ᠎ᠡ ᠲᠡᠭᠲᠡᠷ ᠲᠤ ᠭᠠᠷᠤᠨ᠎ᠠ᠃      ᠯᠢᠦ ᠴᠠᠩ ᠴᠦᠨ ᠠᠴᠠ᠂ ᠨᠢᠭᠡ ᠳᠤ᠂ ᠤᠳᠤᠭᠢᠴᠢᠯᠠᠭᠰᠠᠨ ᠠᠵᠦ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠦ᠂ ᠠᠮᠢ ᠠᠬᠤᠢ ᠶᠢ ᠲᠡᠷᠢᠬᠦᠨ ᠳᠤ ᠲᠠᠯᠪᠢᠵᠦ᠂ ᠪᠤᠬᠢᠷᠳᠦᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠪᠦᠬᠦ ᠬᠦᠴᠦᠨ ᠢᠶᠠᠷ ᠵᠠᠮᠨᠠᠵᠦ᠂ ᠠᠵᠦ ᠠᠬᠤᠢ  ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠰᠢᠨ᠎ᠡ ᠬᠦᠭᠵᠢᠯᠳᠡ ᠲᠠᠢ  ᠪᠣᠯᠭᠠᠬᠤ ᠬᠡᠷᠡᠭᠲᠠᠢ᠃  ᠬᠤᠶᠠᠷ ᠲᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠲᠣᠭᠲᠠᠯ ᠬᠦᠴᠦᠨ ᠢ ᠪᠠᠲᠤᠯᠠᠵᠤ᠂ ᠮᠠᠨ ᠤ ᠤᠯᠤᠰ ᠤᠨ ᠤᠮᠠᠷᠠᠲᠤ ᠤᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ  ᠭᠠᠷᠭᠠᠬᠤ ᠬᠡᠷᠡᠭᠲᠡᠢ᠃ ᠭᠤᠷᠪᠠ ᠳᠤ᠂ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠰᠢᠨ᠎ᠡ ᠦᠷ᠎ᠡ ᠪᠦᠲᠦᠭᠡᠯ ᠤᠯᠬᠤ ᠬᠡᠷᠡᠭᠲᠡᠢ᠃ ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠣᠯᠠᠨ ᠤ ᠬᠦᠷᠳᠡᠭᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠬᠦ ᠬᠡᠷᠡᠭᠲᠡᠢ᠃ ᠲᠠᠪᠤ ᠳᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠵᠢᠷᠤᠭ ᠢ ᠵᠢᠷᠤᠭᠯᠠᠬᠤ ᠬᠡᠷᠡᠭᠲᠡᠢ᠃ ᠵᠢᠷᠭᠤᠭ᠎ᠠ ᠳᠤ᠂ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ  ᠪᠣᠯᠭᠠᠬᠤ ᠬᠡᠷᠡᠭᠲᠡᠢ᠃ ᠲᠤᠯᠤᠭ᠎ᠠ ᠳᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷ᠎ᠠ ᠪᠥᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠨᠠᠩ ᠥᠨᠳᠥᠷ ᠬᠢᠷᠢ ᠲᠦᠪᠰᠢᠨ ᠪᠥᠬᠦᠶ ︽ᠠᠮᠤᠭᠤᠯᠠᠩ ᠰᠢᠯᠤᠭᠤᠨ ᠬᠦᠪᠡᠭᠡᠳᠦ ᠴᠠᠭᠠᠨ ᠬᠤᠰᠢᠭᠤ︾ ᠶᠢ ᠪᠠᠶᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ  ᠪᠣᠯᠭᠠᠬᠤ ᠬᠡᠷᠡᠭᠲᠡᠢ ᠭᠡᠵᠦ ᠱᠠᠭᠠᠷᠳᠠᠪᠠ᠃       ᠵᠠᠩ ᠶᠤᠸᠠᠢ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠲᠦᠯᠦᠭᠡᠯᠡᠨ ᠶᠡᠭᠡ ᠬᠤᠷᠠᠯ ᠳᠤ ︽ᠣᠭ ᠰᠠᠨᠠᠭ᠎ᠠ ᠪᠠᠨ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ ᠢᠯᠡᠳᠬᠡᠯ ᠳᠤ ᠮᠠᠨ ᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠥᠩᠭᠡᠷᠡᠭᠰᠡᠨ ᠲᠠᠪᠤᠨ ᠵᠢᠯ ᠤᠨ ᠠᠵᠢᠯ ᠢ ᠪᠥᠬᠦ ᠲᠠᠯ᠎ᠠ ᠪᠠᠷ ᠳ᠋ᠦᠩᠨᠡᠨ ᠡᠷᠭᠢᠴᠡᠭᠦᠯᠦᠭᠰᠡᠨ ᠪᠥᠭᠡᠳ ᠬᠤᠶᠢᠰᠢᠳᠠ ᠶᠢᠨ ᠲᠠᠪᠤᠨ ᠵᠢᠯ ᠤᠨ ᠠᠵᠢᠯ ᠳᠤ ᠪᠣᠳᠠᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃        ᠬᠤᠷᠠᠯ ᠠᠴᠠ ᠨᠠᠮ ᠤᠨ ᠰᠦᠢᠳᠬᠡᠯ ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠢ ᠬᠢᠨᠠᠨ ᠵᠥᠪᠯᠡᠭᠰᠡᠨ ᠮᠡᠳᠡᠭᠦᠯᠦᠯᠲᠡ ᠶᠢ ᠪᠢᠴᠢᠭ ᠢᠶᠠᠷ ᠳᠠᠷᠤᠮᠠᠯᠯᠠᠨ ᠳᠠᠷᠬᠠᠭᠠᠪᠠ᠃       ᠬᠤᠰᠢᠭᠤ ᠳᠥᠷᠪᠡᠨ ᠶᠡᠭᠡ ᠪᠠᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠳᠡᠭᠡᠷ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠡᠭ ᠭᠡᠰᠢᠭᠦᠨ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂  ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂  ᠰᠢᠰᠲ᠋ᠧᠮ ᠢᠶᠠᠷ ᠨᠢ ᠬᠠᠮᠢᠶᠠᠷᠬᠤ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠬᠡᠰᠡᠭ ᠠᠬᠠᠮᠠᠳ ᠨᠠᠮ ᠤᠨ ᠭᠡᠰᠢᠭᠦᠨ ᠬᠤᠷᠠᠯ ᠳᠤ ᠰᠤᠯᠠ ᠣᠷᠣᠯᠴᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号