ᠬᠤᠰᠢᠭᠤ ᠠᠷᠠᠳ ᠤᠨ ᠵᠠᠰᠠᠭ ᠤᠨ ᠣᠷᠳᠣᠨ ᠤ ᠦᠩᠭᠡᠷᠡᠭᠰᠡᠨ ᠵᠢᠯ ᠤᠳ ᠤᠨ ᠠᠷᠠᠳ ᠤᠨ ᠠᠮᠢᠳᠤᠷᠠᠯ ᠎ ᠤᠨ ᠪᠣᠳᠠᠲᠤ  ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2022 ᠣᠨ ᠤ ᠠᠷᠠᠳ ᠤᠨ ᠠᠮᠢᠳᠤᠷᠠᠯ ‍ᠤᠨ‌‍ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠎ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2022/1/28
ᠬᠤᠰᠢᠭᠤ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠣᠭᠡᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠭᠤᠷᠪᠠ︶ ᠬᠤᠰᠢᠭᠤ ᠠᠷᠠᠳ ᠤᠨ ᠵᠠᠰᠠᠭ ᠤᠨ ᠣᠷᠳᠣᠨ ᠤ ᠦᠩᠭᠡᠷᠡᠭᠰᠡᠨ ᠵᠢᠯ ᠤᠳ ᠤᠨ ᠠᠷᠠᠳ ᠤᠨ ᠠᠮᠢᠳᠤᠷᠠᠯ ᠤᠨ ᠪᠣᠳᠠᠲᠤ  ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠤᠨ ᠲᠤᠬᠠᠶ ᠮᠡᠳᠡᠭᠦᠯᠦᠯᠲᠡ                                        — —2022 ᠣᠨ ᠤ 1 ᠰᠠᠷ᠎ᠠ ᠶᠢᠨ 5᠎ ᠤ ᠡᠳᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠵᠢᠷᠭᠤᠳᠣᠭᠠᠷ                                                  ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠣᠭᠡᠷ ᠤᠳᠠᠭᠠᠨ ᠤ ᠬᠤᠷᠠᠯ ᠲᠡᠭᠡᠷ᠎ᠡ                                                                    ᠵᠠᠰᠠᠭ ᠤᠨ ᠤᠷᠳᠤᠨ ᠤ ᠪᠠᠶᠢᠩᠭᠤ ᠶᠢᠨ ᠲᠠᠳ᠋ ᠲᠠᠷᠤᠭ᠎ᠠ       ᠯᠢ ᠳ᠋ᠦᠩ ᠯᠢᠨᠲᠥᠯᠥᠭᠡᠯᠡᠭᠴᠢᠳ ᠡ᠄ ᠣᠲᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠦᠩᠭᠡᠷᠡᠭᠰᠡᠨ ᠵᠢᠯ ᠎ ᠤᠳ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2022 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠣᠳᠠᠯ ᠤᠨ ᠰᠣᠩᠭᠤᠬᠳᠠᠬᠰᠠᠨ ᠲᠥᠷᠥᠯ ᠵᠦᠶᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃         ᠨᠢᠭᠡ᠂ ᠥᠩᠭᠡᠷᠡᠭᠰᠡᠨ ᠵᠢᠯ ᠤᠳ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠢᠶᠠᠷ ᠲᠣᠭᠲᠠᠭᠠᠭᠰᠠᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠬᠦᠴᠦᠲᠡᠶ ᠭᠠᠷᠳᠠᠴᠠ ᠮᠥᠨ᠃ ᠮᠥᠨ ᠴᠦ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ 2019 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠥᠭᠬᠦ ᠳᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠠᠷᠠᠳ ᠢᠶᠠᠷ ᠦᠨᠳᠦᠰᠦ ᠪᠣᠯᠭᠠᠵᠤ ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠬᠠᠳᠠᠩᠰᠢᠭᠤᠯᠵᠦ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠪᠠᠷ ᠡᠬᠢᠯᠡᠯᠲᠡ ᠪᠣᠯᠭᠠᠵᠤ᠂ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠵᠣᠭᠰᠣᠴᠠ ᠪᠣᠯᠭᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠬᠢᠵᠢᠭᠦᠯᠵᠦ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠭᠰᠠᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠤᠷᠤᠭᠰᠢᠲᠠᠢ ᠬᠡᠷᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠴᠢᠨᠠᠷᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠢᠯᠡᠳᠲᠡ ᠨᠡᠮᠡᠭᠳᠡᠭᠦᠯᠪᠡ᠃ ᠭᠤᠷᠪᠠᠨ ᠵᠢᠯ ᠤᠨ ᠲᠤᠷᠰᠢ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠢᠮᠠᠭᠲᠠ ᠪᠦᠬᠦ ᠲᠠᠯ᠎ᠠ ᠶᠢᠨ ᠠᠵᠢᠯ ᠤᠨ ᠳᠤᠪᠤᠶᠢᠮ᠎ᠠ ᠪᠠᠶᠢᠷᠢᠨ ᠳᠤ ᠲᠠᠯᠪᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠪᠠ ᠳᠡᠮᠵᠢᠯᠭᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠳᠬᠤᠨ᠂ ᠬᠠᠷᠠᠯᠲᠠ ᠪᠠᠨ ᠨᠠᠷᠢᠯᠢᠬᠵᠢᠭᠤᠯᠤᠨ ᠵᠠᠳᠠᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠠᠵᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠬᠠᠶ ᠶᠢᠨ ᠲᠠᠯᠠᠪᠤᠷ ᠲᠤ ᠠᠵᠢᠯᠯᠠᠬᠤ᠂ ᠬᠢᠨᠠᠨ ᠵᠢᠯᠣᠭᠤᠳᠴᠤ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠷᠥᠯ ᠵᠦᠢᠯ ᠤᠨ ᠠᠬᠢᠴᠠ ᠶᠢ ᠴᠠᠭ ᠲᠤᠬᠠᠶ ᠳᠤᠨᠢ ᠳᠣᠭᠢᠷᠠᠭᠤᠯᠤᠨ᠂ ᠬᠠᠮᠢᠶ᠎ᠠ ᠪᠥᠬᠦᠶ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠵᠦ᠂ ᠡᠯ᠎ᠡ  ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠶ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠵᠡᠷᠭᠡᠪᠡᠷ ᠠᠬᠢᠭᠤᠯᠪᠠ᠃ ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠬᠡᠷᠡᠭᠵᠢᠭᠦᠯᠦᠭᠰᠡᠨ 13 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠧᠯᠧᠲ ᠢᠶᠠᠷ ᠲᠣᠬᠳᠠᠭᠠᠬᠤ ᠲᠥᠷᠥᠯ ᠵᠦᠶᠯ ᠠᠴᠠ ᠨᠢᠭᠡᠨᠲᠡ 10᠎ ᠶᠢ ᠪᠡᠶᠡᠯᠡᠭᠦᠯᠵᠦ᠂ ᠱᠠᠳᠣᠴᠢ ᠴᠢᠨᠠᠷ ᠤᠨ ᠠᠬᠢᠴᠠ ᠲᠠᠢ ᠪᠣᠯᠣᠬᠰᠠᠨ ᠲᠦᠷᠦᠯ ᠵᠦᠢᠯ 2 ᠪᠠᠶᠢᠵᠦ  ᠂ 1 ᠲᠦᠷᠦᠯ ᠵᠦᠢᠯ ᠳᠤ ᠲᠣᠬᠢᠷᠠᠭᠤᠯᠤᠯᠲᠠ ᠬᠢᠵᠦ ᠬᠡᠷᠡᠭᠵᠢᠭᠦᠯᠬᠦ ᠪᠠᠷ ᠪᠠᠶᠢᠨ᠎ᠠ᠃ ︵ᠨᠢᠭᠡ︶ ᠨᠢᠭᠡᠨᠲᠡ ᠪᠡᠶᠡᠯᠡᠭᠦᠯᠦᠭᠰᠡᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ         ᠨᠢᠭᠡ ᠳᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠣᠳᠬᠠᠨ ᠳᠡᠭᠡᠭᠰᠢᠯᠡᠭᠦᠯᠬᠦ ᠵᠢᠴᠢ ᠶᠠᠳᠠᠭᠤ ᠭᠦᠴᠢᠷᠲᠠᠢ ᠬᠥᠮᠦᠨ ᠠᠮᠠ ᠶᠢᠨ ᠣᠣᠭᠤᠬᠤ ᠣᠰᠣᠨ ᠤ ᠶᠠᠰᠣ ᠴᠢᠨᠠᠷ ᠢ ᠰᠢᠯᠭᠠᠨ ᠬᠡᠮᠵᠢᠬᠦ ᠲᠥᠷᠥᠯ ᠵᠦᠢᠯ᠃ 2285.7 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 3 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠂ 3 ᠲᠥᠪᠯᠡᠷᠡᠭᠦᠯᠦᠨ ᠤᠰᠤ  ᠰᠢᠢᠳᠪᠦᠷᠢᠯᠡᠬᠦ ᠢᠨᠵᠧᠨᠧᠷᠢᠩ᠂ 151 ᠲᠠᠷᠠᠬᠠᠶ ᠪᠠᠷ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 3992 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠣᠬᠰᠠᠷᠠᠵᠦ᠂ 58 ᠲᠦᠭᠡᠭᠡᠯ ᠤᠰᠤᠨ ᠤ ᠲᠦᠭᠦᠭᠡᠷᠦᠮᠵᠢ ᠶᠢ ᠵᠠᠰᠠᠵᠤ ᠥᠭᠡᠷᠡᠴᠢᠯᠡᠨ᠂ 3300 ᠭᠠᠷᠤᠶ ᠬᠤᠪᠢ ᠤᠰᠤᠨ ᠤ ᠶᠠᠰᠣ ᠴᠢᠨᠠᠷ ᠢ ᠰᠢᠯᠭᠠᠭᠰᠠᠨ ᠮᠡᠳᠡᠭᠦᠯᠦᠯᠲᠡ ᠶᠢᠨ ᠬᠠᠭᠤᠳᠠᠰᠤ ᠶᠢ ᠭᠠᠷᠭᠠᠵᠤ᠂ 6448 ᠡᠷᠦᠬᠡ ᠶᠢᠨ 17373 ᠬᠥᠮᠦᠨ ᠤ ᠤᠤᠭᠤᠬᠤ ᠤᠰᠤᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠬᠤᠶᠠᠷ ᠲᠤ᠂ ᠣᠨᠴᠨ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠵᠠᠰᠠᠮᠠᠯ ᠵᠠᠮ ᠤᠨ ᠪᠠᠶᠢᠭᠤᠯᠤᠯᠲᠠ ᠶᠢᠨ ᠲᠥᠷᠥᠯ ᠵᠦᠢᠯ᠃ 1192.8 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠣᠨᠴᠠ ᠶᠠᠳᠠᠭᠤ ᠬᠦᠴᠢᠷᠳᠡᠯᠲᠡᠢ 3 ᠭᠠᠴᠠᠭᠠᠨ ︵ᠮᠢᠩᠭᠠᠲᠤ ᠪᠠᠯᠭᠠᠰᠣᠨ ᠤ ᠭᠤᠷᠪᠠᠨ ᠬᠤᠳᠳᠤᠭ ᠭᠠᠴᠠᠭ᠎ᠠ᠂ ᠪᠣᠯᠠᠭᠠᠨᠳᠣᠬᠤᠢ ᠰᠤᠮᠤᠨ ᠤ ᠰᠡᠨᠵᠢᠨᠪᠣᠯᠠᠭ ᠭᠠᠴᠠᠭ᠎ᠠ᠂ ᠤᠯᠠᠭᠠᠨᠴᠠᠪ ᠰᠤᠮᠤᠨ ᠤ ᠰᠠᠶᠢᠨᠪᠤᠯᠠᠭ ᠭᠠᠴᠠᠭ᠎ᠠ︶᠎ ᠳᠤ 18.8 ᠺᠢᠯᠣᠮᠧᠲᠷ ᠤᠨ ᠵᠠᠰᠠᠮᠠᠯ ᠵᠠᠮ ᠵᠠᠰᠠᠪᠠ᠃ ᠵᠠᠮ ᠳᠠᠭᠠᠤ 922 ᠡᠷᠦᠬᠡ ᠶᠢᠨ 2004 ᠬᠥᠮᠦᠨ ᠤ ᠶᠠᠪᠤᠵᠤ ᠰᠠᠭᠤᠬᠤ ᠨᠥᠬᠦᠴᠡᠯ ᠢ ᠤᠯᠠᠮ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭᠠᠨ ᠤ  ᠮᠠᠯᠴᠢᠳ ᠤᠨ ᠬᠡᠷ ᠤᠨ ᠣᠶᠢᠷᠠᠯᠴᠠᠭ᠎ᠠ ᠠᠵᠢᠯ ᠤᠯᠬᠤ ᠪᠠ ᠣᠷᠣᠯᠭ᠎ᠠ ᠪᠠᠨ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠬᠤ ᠴᠢᠬᠤᠯᠠ ︽ ᠵᠠᠮ︾᠎ ᠢ ᠨᠡᠪᠲᠡᠷᠡᠭᠦᠯᠵᠦ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠬᠦᠴᠦᠲᠡᠶ ᠵᠠᠮ ᠲᠡᠭᠡᠭᠡᠪᠦᠷᠢ ᠶᠢᠨ ᠨᠥᠬᠦᠴᠡᠯ ᠢ ᠬᠠᠩᠭᠠᠪᠠ᠃         ᠭᠤᠷᠪᠠ ᠳᠤ᠂ ᠴᠠᠬᠢᠯᠭᠠᠨ ᠬᠦᠴᠦᠨ ᠤ ᠥᠭᠡᠷᠡᠴᠢᠯᠡᠯᠲᠡ ᠶᠢᠨ ᠢᠨᠵᠧᠨᠧᠷᠢᠩ᠃ 7784.3 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ᠂ ᠬᠠᠭᠤᠴᠢᠷᠬᠠᠰᠠᠨ ᠬᠡᠮᠵᠢᠯᠲᠡ ᠶᠢᠨ ᠳᠡᠰ ᠳᠡᠪᠰᠢᠬᠦ ᠥᠭᠡᠷᠡᠴᠢᠯᠡᠯᠲᠡ ᠵᠢᠴᠢ ᠴᠠᠬᠢᠯᠭᠠᠨ ᠦᠭᠡᠶ ᠡᠷᠦᠬᠡ ᠳᠤ ᠴᠠᠬᠢᠯᠭᠠᠨ ᠨᠡᠪᠲᠡᠷᠡᠭᠦᠯᠬᠦ᠂ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ︽ᠪᠦᠬᠦᠨ ᠢ ᠪᠠᠷᠢᠮᠵᠢᠶ᠎ᠠ ᠳᠤ ᠬᠦᠷᠭᠡᠬᠦ︾ ᠢᠨᠵᠧᠨᠧᠷᠢᠩ ᠢ ᠬᠡᠷᠡᠭᠵᠢᠭᠦᠯᠵᠦ᠂ 259.2 ᠺᠢᠯᠣᠮᠧᠲᠷ ᠤᠨ ᠵᠠᠮ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 85 ᠬᠦᠴᠦᠳᠡᠯ ᠥᠭᠡᠷᠡᠴᠢᠯᠡᠭᠴᠢ ᠤᠭᠰᠠᠷᠠᠵᠤ᠂ 7062 ᠣᠶᠤᠨᠴᠢ ᠬᠡᠮᠵᠢᠯᠲᠡ ᠶᠢᠨ ᠲᠥᠬᠦᠭᠡᠷᠦᠮᠵᠢ ᠶᠢ ᠰᠣᠯᠢᠵᠤ᠂ ᠴᠠᠬᠢᠯᠭᠠᠨ ᠥᠬᠡᠶ ᠮᠠᠯᠴᠢᠨ ᠲᠠᠷᠢᠶᠠᠴᠢᠨ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 5 ᠰᠤᠮᠤ ᠪᠠᠯᠭᠠᠰᠣᠨ ᠤ 48 ᠭᠠᠴᠠᠭ᠎ᠠ ᠲᠣᠰᠬᠤᠨ ᠤ ᠴᠠᠬᠢᠯᠭᠠᠨ ᠬᠠᠩᠭᠠᠬᠤ ᠲᠣᠤᠷ ᠤᠨ ᠪᠦᠲᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ 10013 ᠡᠷᠦᠬᠡ ᠶᠢᠨ 26033 ᠬᠥᠮᠦᠨ ᠤ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠬᠡᠷᠡᠭᠯᠡᠬᠦ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠣᠯᠠᠨ ᠲᠦᠮᠡᠨ ᠤ ︽ᠴᠠᠬᠢᠯᠭᠠᠨ ᠬᠡᠷᠡᠭᠯᠡᠬᠦ︾ ᠪᠠᠶᠢᠭᠰᠠᠨ ᠠᠴᠠ ︽ᠴᠠᠬᠢᠯᠭᠠᠨ ᠰᠠᠶᠢᠨ ᠬᠡᠷᠡᠭᠯᠡᠬᠦ︾ ᠬᠤᠪᠢᠷᠠᠯᠲᠠ ᠶᠢ ᠪᠡᠶᠡᠯᠡᠭᠦᠯᠪᠡ᠃ ᠲᠦᠷᠪᠡ ᠳᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠃ 6000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠮᠢᠩᠭᠠᠲᠤ ᠪᠠᠯᠭᠠᠰᠣᠨ ᠤ ᠬᠡᠪᠴᠢᠶᠡᠨ ᠳᠠᠬᠢ 200 ᠢᠵᠢ ᠲᠦᠬᠦᠮ ᠪᠦᠳᠦᠴᠡᠳᠦ ᠣᠷᠣᠨ ᠰᠠᠭᠤᠴᠨ ᠶᠢᠨ ᠲᠣᠭᠤᠷᠢᠭ ᠤᠨ ᠬᠡᠷ ᠪᠠᠶᠢᠰᠢᠩ ᠢ ᠲᠠᠲᠠᠪᠤᠷᠢᠯᠠᠨ᠂ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ  ᠥᠭᠡᠷᠡᠴᠢᠯᠡᠨ ᠵᠠᠰᠠᠵᠤ᠂ ᠳᠥᠭᠦᠮ ᠪᠦᠳᠦᠴᠡᠳᠦ ᠣᠷᠣᠨ ᠰᠠᠭᠤᠴᠨ ᠶᠢᠨ ᠲᠣᠭᠤᠷᠢᠭ ᠤᠨ ᠲᠦᠷᠢ ᠳᠦᠷᠭᠦ ᠶᠢ ᠴᠡᠪᠡᠷ ᠲᠡᠭᠰᠢ ᠡᠮᠬᠢ ᠳᠢᠭᠯᠢᠮ ᠲᠠᠢ ᠪᠣᠯᠭᠠᠨ᠂ ᠣᠯᠠᠨ ᠲᠦᠮᠡᠨ ᠢ ᠲᠠᠭᠠᠯᠠᠮᠵᠢᠲᠠᠶ ᠪᠥᠭᠡᠳ ᠳᠥᠭᠦᠮ ᠳᠥᠲᠡ ︽ᠳᠤᠯᠠᠭᠠᠨ ᠬᠡᠷ︾᠎ ᠲᠤ  ᠰᠠᠭᠤᠯᠭᠠᠵᠦ᠂ ᠬᠤᠲᠠ ᠪᠠᠯᠭᠠᠰᠣᠨ ᠤ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠪᠡ᠃         ᠲᠠᠪᠤ ᠳᠤ᠂ ᠵᠠᠮ ᠱᠣᠭᠤᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ᠃ 318.6 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ S222 ᠱᠤᠭᠤᠮ ᠤᠨ ᠮᠢᠩᠭᠠᠲᠤ —  ᠦᠨᠡᠨᠪᠠᠲᠦ ᠬᠦᠷᠬᠦ ᠵᠠᠰᠠᠮᠠᠯ ᠵᠠᠮ ᠪᠠ ᠤᠯᠠᠭᠠᠨᠴᠠᠪ — ᠱᠠᠩᠳᠠ ᠬᠦᠷᠬᠦ ᠵᠠᠰᠠᠮᠠᠯ ᠵᠠᠮ ᠤᠨ 35.2 ᠺᠢᠯᠣᠮᠧᠲᠷ ᠣᠷᠳᠣ ᠭᠡᠰᠡᠭ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ᠬᠤᠶᠠᠷ ᠬᠡᠰᠡᠭ ᠵᠠᠰᠠᠮᠠᠯ ᠵᠠᠮ ᠢ ᠤᠯᠠᠮ ᠰᠠᠶᠢᠵᠢᠷᠠᠭᠤᠯᠵᠤ᠂ ᠵᠠᠮ ᠨᠡᠪᠲᠡᠷᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠠᠩ ᠠᠮᠤᠷ ᠲᠦᠪᠰᠢᠨ ᠳᠥᠭᠦᠮ ᠳᠥᠲᠡ ᠵᠠᠮ ᠲᠡᠭᠡᠭᠡᠪᠦᠷᠢ ᠶᠢᠨ ᠨᠥᠬᠦᠴᠡᠯ ᠢ ᠬᠠᠩᠭᠠᠪᠠ᠃ ᠵᠢᠷᠭᠤᠭ᠎ᠠ ᠳᠤ᠂ C016 ᠴᠣᠬᠠᠦ᠋ᠨᠳᠦᠷ — ᠴᠧᠨ ᠭᠤᠸᠠᠩ ︵ᠣᠪᠣᠭᠠᠨ ᠵᠠᠮ︶ ᠬᠦᠷᠬᠦ ᠵᠠᠮ ᠤᠨ ᠭᠠᠳᠠᠷᠭᠤ ᠶᠢᠨ ᠴᠢᠨᠠᠷ ᠢ ᠦᠭᠡᠷᠡᠴᠢᠯᠡᠨ ᠪᠠᠷᠤᠭᠰᠢᠨ ᠭᠠᠳᠠᠷᠭᠤ ᠪᠣᠯᠭᠠᠬᠤ  ﹇1﹈ ᠲᠥᠷᠥᠯ ᠵᠦᠢᠯ᠃ 120 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠮᠢᠩᠭᠠᠲᠦ ᠪᠠᠯᠭᠠᠰᠣᠨ ᠤ C016 ᠴᠣᠬᠠᠦ᠋ᠨᠳᠦᠷ — ᠴᠧᠨ ᠭᠤᠸᠠᠩ ︵ᠣᠪᠣᠭᠠᠨ ᠵᠠᠮ︶ ᠬᠦᠷᠬᠦ 8.2 ᠺᠢᠯᠣᠮᠧᠲᠷ ᠵᠠᠮ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠠᠴᠢᠯᠠᠯᠳᠠ ᠬᠢᠵᠦ᠂ ᠵᠠᠮ ᠨᠡᠪᠲᠡᠷᠡᠯᠭᠡ ᠶᠢᠨ ᠲᠠᠭᠠᠯᠠᠮᠵᠢᠲᠠᠶ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠠᠷᠢᠯᠭᠠᠬᠤ ᠶᠢᠨ ᠬᠠᠮᠲᠤ᠂ ᠬᠤᠰᠢᠭᠤ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠶ ᠬᠢᠭᠡᠳ ᠮᠤᠵᠢ ᠶᠢᠨ ᠵᠠᠮ ᠱᠣᠭᠤᠮ ᠤᠨ ᠬᠤᠭᠤᠷᠣᠨᠳᠦᠬᠢ ᠨᠡᠪᠳᠡᠷᠡᠴᠨ ᠶᠢ ᠰᠢᠯᠢᠳᠡᠭᠵᠢᠭᠦᠯᠦᠨ᠂ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠠᠰᠢᠭᠲᠠᠶ ᠨᠥᠬᠦᠴᠡᠯ ᠢ ᠬᠠᠩᠭᠠᠪᠠ᠃        ᠳᠣᠯᠤᠭ᠎ᠠ ᠳᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ᠃ 180 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 5 ᠰᠤᠮᠤ ᠪᠠᠯᠭᠠᠰᠤᠨ ᠳᠤ 36 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠢ ᠰᠢᠨ᠎ᠡ ᠪᠠᠷ ᠪᠠᠶᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠰᠠᠭᠤᠷᠢ ᠲᠦᠭᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠢ ᠪᠦᠬᠦ ᠭᠠᠴᠠᠭ᠎ᠠ ᠲᠣᠰᠬᠤᠨ ᠳᠤ ᠳᠦᠭᠡᠮᠡᠯᠵᠢᠬᠦ ᠶᠢ ᠪᠡᠶᠡᠯᠡᠭᠦᠯᠦᠨ᠂ ᠮᠠᠯᠴᠢᠨ ᠲᠠᠷᠢᠶᠠᠴᠢᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠪᠠ ᠠᠮᠢᠳᠤᠷᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ᠨᠠᠢᠮᠠ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠨᠦᠬᠡ ᠶᠢ ᠵᠠᠰᠠᠬᠤ ᠲᠦᠷᠦᠯ ᠵᠦᠢᠯ᠃ 350 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 35 ᠡᠵᠡᠨ ᠥᠬᠡᠶ ᠬᠠᠶᠢᠷ ᠴᠢᠯᠠᠭᠤ ᠮᠠᠯᠲᠠᠭᠰᠠᠨ ᠬᠠᠶᠠᠭᠳᠠᠮᠠᠯ ᠨᠦᠬᠡ ᠶᠢ ᠵᠠᠰᠠᠵᠤ᠂ 474 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠬᠥᠷᠥᠰᠥ ᠰᠢᠷᠣᠶ ᠶᠢᠨ ᠢᠳᠡᠭᠳᠡᠯ ᠵᠡᠷᠭᠡ ᠭᠠᠮᠰᠢᠭ ᠤᠨ ᠬᠡᠮ ᠰᠣᠭᠤᠭ ᠢ ᠪᠦᠲᠦᠮᠵᠢᠲᠡᠶ ᠠᠷᠢᠯᠭᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠵᠤ᠂ ᠣᠯᠠᠨ ᠵᠢᠯ  ᠬᠠᠶᠠᠬᠳᠠᠬᠰᠠᠨ ᠨᠦᠬᠡ ᠶᠢ  ᠪᠣᠯᠠᠵᠦ ᠲᠡᠭᠰᠢᠯᠡᠨ ᠳᠠᠬᠢᠨᠲᠠ ᠨᠣᠭᠤᠭᠠᠷᠠᠭᠤᠯᠪᠠ᠃         ᠶᠢᠰᠦ ᠳᠤ᠂ ᠯᠦᠩ ᠸᠠᠩ ᠮᠢᠶᠣᠣ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠲᠦᠷᠦᠯ ᠵᠦᠢᠯ᠃ 560 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠰᠢᠩ ᠶᠣᠣ ᠪᠠᠯᠭᠠᠰᠤᠨ ᠤ ᠯᠦᠩ ᠸᠠᠩ ᠮᠢᠶᠣᠣ ᠲᠣᠰᠬᠤᠨ ᠳᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠳᠣᠯᠠᠭᠠᠨ ᠬᠥᠮᠥᠷᠭᠡ᠂ ᠲᠡᠷᠭᠡᠨ ᠵᠣᠭᠰᠣᠭᠠᠯ ᠵᠢᠴᠢ ᠬᠤᠭ ᠨᠣᠪᠰᠢ ᠰᠢᠢᠳᠪᠦᠷᠢᠯᠡᠬᠦ ᠥᠷᠲᠡᠭᠡ ᠵᠡᠷᠭᠡ ᠬᠠᠮᠢᠶ᠎ᠠ ᠪᠥᠬᠦᠶ ᠢᠵᠢ ᠪᠦᠷᠢᠳᠦᠭᠰᠡᠨ ᠲᠦᠭᠦᠭᠡᠷᠦᠮᠵᠢ ᠶᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠳᠤ 100 ᠳᠡᠯᠭᠡᠭᠦᠷ ᠎ ᠤᠨ ᠪᠠᠶᠢᠷᠢ ᠬᠠᠩᠭᠠᠵᠤ᠂ ᠲᠠᠷᠢᠶᠠᠯᠠᠩ ᠠᠷᠠᠯᠵᠢᠶ᠎ᠠ ᠪᠠᠷ ᠳᠠᠮᠵᠢᠭᠤᠯᠤᠨ ᠡᠷᠬᠢᠨ ᠲᠣᠭᠤᠷᠢᠨ ᠤ 3066 ᠡᠷᠦᠬᠡ ᠶᠢᠨ 5818 ᠬᠥᠮᠦᠨ ᠳᠤ ᠠᠰᠢᠭ ᠬᠦᠷᠲᠡᠭᠡᠪᠡ᠃ ᠬᠠᠭᠤᠴᠢᠨ ᠴᠤᠭᠯᠠᠭ᠎ᠠ ᠮᠠᠶᠢᠮᠠᠶ ᠶᠢᠨ ᠵᠠᠮ ᠡᠵᠡᠯᠡᠨ ᠡᠵᠡᠩᠨᠡᠵᠦ᠂ ᠵᠠᠮ ᠬᠠᠷᠢᠯᠴᠠᠭ᠎ᠠ ᠡᠮᠬᠢ ᠳᠢᠭᠯᠢᠮ ᠥᠬᠡᠶ ᠪᠠᠶᠢᠬᠤ ᠵᠡᠷᠭᠡ ᠦᠵᠡᠭᠳᠡᠯ ᠢ ᠪᠦᠲᠦᠮᠵᠢᠲᠡᠶ ᠴᠡᠭᠴᠡᠯᠡᠨ ᠵᠠᠰᠠᠵᠤ᠂ ᠠᠷᠠᠳ ᠢᠷᠭᠡᠳ ᠤᠨ ᠵᠠᠮ ᠵᠠᠭᠤᠷ᠎ᠠ ᠶᠢᠨ ᠠᠮᠤᠷ ᠲᠦᠪᠰᠢᠨ᠂ ᠢᠳᠡᠭᠡᠨ ᠣᠮᠳᠠᠭᠠᠨ ᠤ ᠠᠮᠤᠷ ᠲᠦᠪᠰᠢᠨ ᠢ ᠬᠦᠴᠦᠲᠡᠶ ᠪᠠᠲᠤᠯᠠᠪᠠ᠃ ᠠᠷᠪᠠ ᠳᠤ᠂ ᠬᠤᠯᠤᠰᠤᠲᠠᠶ ᠨᠠᠭᠤᠷ — ᠵᠢᠭᠠᠰᠣᠲᠠᠢ ᠨᠠᠭᠤᠷ ᠬᠦᠷᠬᠦ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ 5765 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠬᠤᠯᠤᠰᠤᠲᠠᠶ ᠨᠠᠭᠤᠷ — ᠵᠢᠭᠠᠰᠣᠲᠠᠢ ᠨᠠᠭᠤᠷ ᠬᠦᠷᠬᠦ ᠪᠠᠷᠤᠭᠰᠢᠨ ᠵᠠᠰᠠᠮᠠᠯ ᠵᠠᠮ ︵ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠡᠰᠡᠭ︶᠎ ᠢ 37.8 ᠺᠢᠯᠣᠮᠧᠲᠷ ᠰᠢᠨ᠎ᠡ ᠪᠠᠷ ᠪᠠᠶᠢᠭᠤᠯᠵᠤ᠂ ᠮᠠᠨ ᠤ ᠬᠤᠰᠢᠭᠤᠨ ᠤ ᠵᠠᠰᠠᠮᠠᠯ ᠵᠠᠮ ᠤᠨ ᠲᠣᠤᠷ ᠤᠨ ᠨᠡᠪᠳᠡᠷᠡᠴᠨ ᠶᠢ ᠤᠯᠠᠮ ᠳᠡᠭᠡᠭᠰᠢᠯᠡᠭᠦᠯᠦᠨ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠵᠠᠮ ᠳᠠᠭᠠᠤ 6866 ᠡᠷᠦᠬᠡ ᠶᠢᠨ 13984 ᠬᠥᠮᠦᠨ ᠤ ᠠᠮᠤᠷ ᠲᠦᠪᠰᠢᠨ ᠳᠥᠭᠦᠮ ᠳᠥᠲᠡ ᠪᠠᠷ ᠠᠶᠠᠯᠠᠬᠤ ᠶᠢ ᠪᠠᠲᠤᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠬᠤᠯᠠ ᠶᠡᠭᠡ ᠦᠢᠯᠡᠳᠦᠯ ᠦᠵᠡᠭᠦᠯᠪᠡ᠃ ︵ᠬᠤᠶᠠᠷ︶  ᠱᠠᠳᠣᠴᠢ ᠴᠢᠨᠠᠷ ᠤᠨ ᠠᠬᠢᠴᠠ ᠲᠠᠢ ᠪᠣᠯᠣᠬᠰᠠᠨ ᠲᠥᠷᠥᠯ ᠵᠦᠢᠯ        ᠨᠢᠭᠡ ᠳᠤ᠂ ᠴᠠᠬᠢᠯᠭᠠᠨ ᠬᠠᠩᠭᠠᠬᠤ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ᠃ ᠨᠡᠶᠢᠲᠡ 4760 ᠲᠦᠮᠡᠨ ᠲᠥᠭᠦᠷᠢᠭ ᠤᠨ ᠪᠠᠯᠠ  ᠣᠷᠣᠭᠤᠯᠬᠤ ᠪᠠᠷ ᠲᠦᠯᠦᠪᠯᠡᠵᠦ᠂  ᠬᠥᠳᠡᠭᠡ ᠳᠣᠰᠬᠤᠨ᠂ ᠬᠤᠳᠠ ᠪᠠᠯᠭᠠᠰᠣᠨ ᠤ ᠴᠠᠬᠢᠯᠭᠠᠨ ᠬᠠᠩᠭᠠᠬᠤ ᠲᠣᠤᠷ ᠵᠢᠴᠢ ᠬᠠᠭᠤᠴᠢᠨ ᠰᠠᠭᠤᠭᠠᠯᠢ ᠲᠣᠭᠤᠷᠢᠭ ᠤᠨ ᠢᠵᠢ ᠪᠦᠷᠢᠳᠦᠭᠰᠡᠨ ᠴᠠᠬᠢᠯᠭᠠᠨ ᠬᠦᠴᠦᠨ ᠤ ᠲᠦᠭᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠣᠲᠣ ᠪᠣᠯᠲᠠᠯ᠎ᠠ ᠬᠠᠭᠤᠴᠢᠨ ᠰᠠᠭᠤᠭᠠᠯᠢ ᠲᠣᠭᠤᠷᠢᠭ ᠤᠨ ᠢᠵᠢ ᠪᠥᠷᠢᠳᠦᠭᠰᠡᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠨᠢᠭᠡᠨᠲᠡ ᠳᠠᠭᠤᠰᠬᠠᠵᠤ᠂ ᠬᠤᠲᠠ ᠶᠢᠨ ᠲᠣᠤᠷ ᠤᠨ ᠥᠭᠡᠷᠡᠴᠢᠯᠡᠯᠲᠡ ᠶᠢᠨ 90%᠎ ᠶᠢ ᠨᠢᠭᠡᠨᠲᠡ ᠪᠡᠶᠡᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠤᠷ ᠪᠠ ᠦᠯᠡᠳᠡᠵᠦ ᠪᠠᠶᠢᠭ᠎ᠠ ᠬᠤᠲᠠ ᠶᠢᠨ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ 2022 ᠣᠨ ᠤ 5 ᠰᠠᠷ᠎ᠠ ᠳᠤ ᠠᠵᠢᠯ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠴᠠᠬᠢᠯᠭᠠᠨ ᠡᠨᠧᠷᠭᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠴᠠᠬᠢᠯᠭᠠᠨ ᠲᠣᠤᠷ ᠤᠨ ᠪᠦᠲᠦᠴᠡ ᠶᠢ ᠰᠢᠯᠢᠳᠡᠭᠵᠢᠭᠦᠯᠦᠨ᠂ ᠣᠳᠠᠰᠣᠨ ᠵᠠᠮ ᠤᠨ ᠴᠠᠬᠢᠯᠭᠠᠨ ᠬᠠᠩᠭᠠᠬᠤ ᠳᠤᠮᠳᠠᠴᠢ ᠷᠠᠳᠢᠦ᠋ᠰ ᠢ ᠪᠣᠭᠤᠨᠢᠰᠬᠠᠵᠦ᠂ ᠠᠳᠠᠯ ᠠᠬᠤᠶ ᠶᠢᠨ ᠬᠠᠮᠢᠶᠠᠷᠣᠯᠳᠠ ᠥᠬᠡᠶ ᠬᠠᠭᠤᠴᠢᠨ ᠲᠣᠭᠤᠷᠢᠭ ᠤᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠬᠠᠮᠠᠭᠠᠯᠠᠬᠤ ᠬᠦᠴᠢᠷ ᠠᠰᠠᠭᠤᠳᠠᠯ ᠢ  ᠰᠢᠢᠳᠪᠦᠷᠢᠯᠡᠵᠦ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠬᠤᠶᠠᠷ ᠲᠤ᠂ ᠱᠤᠸᠠᠩ ᠱᠠᠨ ᠲᠣᠰᠬᠤᠨ ᠤ ᠯᠢᠶᠠᠩ ᠵᠢᠶᠠᠨ ᠹᠠᠩ ᠳᠤᠭᠤᠶᠢᠯᠠᠩ —᠎  ᠳ᠋ᠧ ᠱᠧᠩ ᠲᠣᠰᠬᠤᠨ ᠤ ᠹᠧᠩ ᠢ ᠳᠤᠭᠤᠶᠢᠯᠠᠩ  ᠬᠦᠷᠬᠦ ᠵᠠᠮ ᠤᠨ ᠭᠠᠳᠠᠷᠭᠤ ᠵᠠᠰᠠᠬᠤ ᠢᠨᠵᠧᠨᠧᠷᠢᠩ᠃ ᠨᠡᠶᠢᠲᠡ 260 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ᠂ ᠱᠤᠸᠠᠩ ᠱᠠᠨ ᠲᠣᠰᠬᠤᠨ ᠤ ᠯᠢᠶᠠᠩ ᠵᠢᠶᠠᠨ ᠹᠠᠩ ᠳᠤᠭᠤᠶᠢᠯᠠᠩ —᠎  ᠳ᠋ᠧ ᠱᠧᠩ ᠲᠣᠰᠬᠤᠨ ᠤ ᠹᠧᠩ ᠢ ᠳᠤᠭᠤᠶᠢᠯᠠᠩ ᠬᠦᠷᠬᠦ 13.3 ᠺᠢᠯᠣᠮᠧᠲᠷ ᠣᠷᠳᠣ ᠱᠦᠢᠨᠢ ᠵᠠᠮ ᠤᠨ ᠭᠠᠳᠠᠷᠭᠤ ᠳᠤ 4cm᠎ ᠤᠨ ᠪᠠᠷᠤᠭᠰᠢᠨ ᠳᠡᠪᠢᠰᠦᠨ᠎ᠡ᠃  ᠣᠳᠣᠬᠠᠨ ᠳᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠭᠡᠷ᠎ᠡ ᠲᠣᠭᠲᠠᠵᠤ᠂ 2022 ᠣᠨ ᠤ 5 ᠰᠠᠷ᠎ᠠ ᠳᠤ ᠠᠵᠢᠯ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠵᠠᠮ ᠨᠡᠪᠲᠡᠷᠡᠯᠭᠡ ᠶᠢᠨ ᠴᠢᠳᠠᠮᠵᠢ ᠶᠢ ᠤᠯᠠᠮ ᠳᠡᠭᠡᠭᠰᠢᠯᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠨ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠥᠷᠲᠡᠭ ᠢ ᠪᠠᠭᠤᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠭᠦᠢᠯᠭᠡᠭᠡᠨ ᠳᠤ ᠲᠥᠬᠦᠮ ᠨᠥᠬᠦᠴᠡᠯ ᠬᠠᠩᠭᠠᠨ᠎ᠠ᠃       ︵ᠭᠤᠷᠪᠠ︶ ᠲᠣᠬᠢᠷᠠᠭᠤᠯᠤᠯᠲᠠ ᠬᠢᠬᠦ ᠪᠠᠷ ᠲᠦᠯᠦᠪᠯᠡᠵᠦ ᠪᠠᠶᠢᠭ᠎ᠠ ᠲᠥᠷᠥᠯ ᠵᠦᠢᠯ      ᠮᠢᠩᠭᠠᠲᠦ ᠪᠠᠯᠭᠠᠰᠣᠨ ᠤ ᠪᠠᠷᠠᠭᠤᠨᠳᠠᠬᠢ ᠭᠠᠷᠣᠴᠠ ᠶᠢᠨ ᠮᠤᠵᠢ ᠶᠢᠨ 313 ᠵᠠᠮ ᠤᠨ ᠬᠤᠶᠢᠲᠤ ᠲᠠᠯ᠎ᠠ ᠶᠢ ᠨᠣᠭᠤᠭᠠᠷᠠᠭᠤᠯᠬᠤ ᠲᠦᠷᠦᠯ ᠵᠦᠢᠯ᠃ ᠤᠤᠯ ᠨᠢ ᠨᠡᠶᠢᠲᠡ 202 ᠲᠦᠮᠡᠨ ᠲᠥᠭᠦᠷᠢᠭ ᠤᠨ ᠪᠡᠯᠡ ᠣᠷᠣᠭᠤᠯᠵᠦ᠂ ᠮᠢᠩᠭᠠᠨᠲᠤ ᠪᠠᠯᠭᠠᠰᠤᠨ ᠤ ᠪᠠᠷᠠᠭᠤᠨᠳᠠᠬᠢ ᠭᠠᠷᠣᠴᠠ ᠶᠢᠨ ᠮᠤᠵᠢ ᠶᠢᠨ 313 ᠵᠠᠮ ᠤᠨ ᠬᠤᠶᠢᠲᠤ ᠲᠠᠯ᠎ᠠ ᠳᠤ ᠮᠥᠩᠭᠦᠨ ᠤᠯᠢᠶᠠᠰᠤ᠂ ᠭᠠᠴᠤᠷ᠎ᠠ᠂ ᠭᠤᠣᠯᠲᠤ ᠪᠣᠷᠣ᠂ ᠡᠯᠪᠡᠭᠡᠲᠦ ᠴᠡᠴᠡᠭ᠂ ᠵᠡᠷᠯᠢᠭ ᠳᠣᠭᠤᠷ ᠵᠡᠷᠭᠡ ᠲᠦᠷᠦᠯ ᠤᠨ ᠮᠣᠳᠣ ᠶᠢ 4599 ᠰᠠᠭᠤᠷᠢ ᠳᠠᠷᠢᠵᠤ᠂ 63 ᠮᠥ ᠨᠣᠭᠤᠭᠠᠷᠠᠭᠤᠯᠬᠤ ᠪᠠᠷ ᠳᠦᠯᠦᠪᠯᠡᠭᠰᠡᠨ ᠪᠠᠶᠢᠨ᠎ᠠ᠃ ᠳᠠᠭᠠᠭᠠᠴᠢᠯᠠᠯᠲᠠ ᠣᠯᠤᠭᠰᠠᠨ ᠨᠢᠭᠡᠴᠨ ᠭᠡᠷ᠎ᠡ ᠪᠠᠨ ᠭᠦᠢᠴᠡᠳᠬᠡᠬᠦ ᠶᠢᠨ ᠠᠷᠭ᠎ᠠ ᠦᠭᠡᠢ ᠪᠣᠯᠣᠬᠰᠠᠨ ᠠᠴᠠ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ ᠲᠤᠰ ᠲᠦᠷᠦᠯ ᠵᠦᠢᠯ ᠲᠤ ᠲᠤᠬᠢᠷᠠᠭᠤᠯᠤᠯᠳᠡ ᠬᠢᠬᠦ ᠪᠠᠷ ᠲᠥᠯᠥᠪᠯᠡᠵᠦ᠂ ᠲᠥᠷᠥᠯ ᠵᠦᠢᠯ ᠤᠨ ᠪᠠᠯᠠ ᠮᠥᠩᠭᠦ ᠶᠢ ᠮᠢᠩᠭᠠᠲᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠡᠷᠡᠭᠯᠡᠬᠦ ᠪᠠᠷ ᠲᠥᠯᠥᠪᠯᠡᠵᠦ ᠪᠣᠶ᠃        ᠬᠤᠶᠠᠷ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠣᠩᠭᠤᠬᠳᠠᠬᠰᠠᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ      ᠠᠷᠠᠳ ᠤᠨ ᠠᠮᠢᠳᠤᠷᠠᠯ ᠪᠣᠯ ᠠᠷᠠᠳ ᠲᠦᠮᠡᠨ ᠤ ᠵᠣᠯ ᠵᠢᠷᠭᠠᠯ ᠤᠨ ᠰᠠᠭᠤᠷᠢ᠂ ᠨᠡᠶᠢᠭᠡᠮ ᠤᠨ ᠡᠶ᠎ᠡ ᠵᠣᠬᠢᠴᠠᠯ ᠤᠨ ᠦᠨᠳᠦᠰᠦ ᠮᠥᠨ᠃ ᠠᠷᠠᠳ ᠲᠦᠮᠡᠨ ᠢ ᠳᠠᠭᠠᠭᠤᠯᠤᠨ ᠵᠣᠯ ᠵᠢᠷᠭᠠᠯᠲᠤ ᠠᠮᠢᠳᠤᠷᠠᠯ ᠢ ᠡᠭᠦᠳᠦᠨ ᠪᠦᠲᠦᠭᠡᠵᠦ᠂ ᠰᠠᠶᠢᠨ ᠰᠠᠶᠢᠬᠠᠨ ᠠᠮᠢᠳᠤᠷᠠᠭᠤᠯᠬᠤ ᠪᠣᠯ ᠰᠢᠨ᠎ᠡ ᠨᠢᠭᠡ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠲᠡᠮᠡᠴᠡᠯ ᠤᠨ ᠬᠠᠷᠠᠯᠲᠠ᠂ ᠮᠦᠨᠴᠦ ᠰᠢᠨ᠎ᠡ ᠨᠢᠭᠡ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠵᠣᠷᠢᠯᠲᠠ ᠪᠠ ᠵᠣᠬᠰᠣᠴᠨ ᠮᠥᠨ᠃ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠬᠢᠬᠦ ᠶᠢᠨ ᠲᠥᠯᠥᠭᠡ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠦᠯᠦᠭᠡᠯᠡᠭᠴᠢᠳ ᠤᠨ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠠᠵᠢᠯ ᠤᠨ ᠱᠠᠭᠠᠷᠳᠠᠯᠭ᠎ᠠ ᠪᠠᠷ᠂ ᠡᠷᠲᠡ ᠠᠴᠠ ᠲᠥᠯᠥᠪᠯᠡᠬᠦ᠂ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠲᠣᠬᠢᠷᠠᠭᠤᠯᠬᠤ ᠶᠢ ᠪᠠᠷᠢᠮᠲᠠᠯᠠᠵᠤ᠂ 2021 ᠣᠨ ᠤ 12 ᠰᠠᠷ᠎ᠠ ᠶᠢᠨ ᠡᠬᠢ ᠪᠠᠷ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠡᠯᠰᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠬᠤᠰᠢᠭᠤ ᠱᠠᠲᠤᠨ ᠤ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠰᠠᠨᠠᠯ ᠪᠠ ᠰᠠᠨᠠᠭᠤᠯᠭ᠎ᠠ ᠶᠢ ᠵᠡᠷᠭᠡᠪᠡᠷ ᠬᠤᠷᠢᠶᠠᠵᠦ᠂ ᠬᠤᠷᠢᠶᠠᠬᠰᠠᠨ ᠲᠥᠷᠥᠯ ᠵᠦᠢᠯ ᠢ ᠲᠥᠷᠥᠯ ᠬᠤᠪᠢᠶᠠᠨ ᠬᠤᠷᠢᠶᠠᠩᠭᠤᠶᠢᠯᠠᠬᠤ ᠪᠠ ᠳᠠᠬᠢᠨ ᠳᠠᠪᠲᠠᠨ ᠰᠤᠳᠤᠯᠤᠨ ᠨᠤᠲᠠᠯᠠᠵᠤ᠂ ᠲᠥᠷᠥᠯ ᠵᠦᠢᠯ ᠤᠨ ᠬᠡᠷᠡᠭᠵᠢᠭᠦᠯᠵᠦ ᠨᠠᠶᠢᠳᠠᠪᠤᠷᠢᠵᠢᠭᠤᠯᠬᠤ ᠪᠣᠯᠣᠮᠵᠢ ᠶᠢ ᠪᠠᠳᠣᠯᠠᠪᠠ᠃ ᠡᠭᠦᠨ ᠤ ᠰᠠᠭᠤᠷᠢᠨ ᠳᠡᠭᠡᠷ᠎ᠡ᠂ ︽ᠠᠷᠠᠳ ᠤᠨ ᠠᠮᠢᠳᠤᠷᠠᠯ ᠢ ᠳᠣᠪᠤᠶᠢᠯᠭᠠᠬᠤ᠂ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ᠂ ᠴᠢᠳᠠᠯ ᠤᠨ ᠢᠶᠠᠨ ᠬᠢᠷᠢ ᠪᠠᠷ ᠬᠢᠬᠦ︾ ᠵᠡᠷᠭᠡ ᠭᠦᠴᠦᠨ ᠵᠦᠢᠯ ᠢ ᠶᠡᠷᠦᠩᠬᠡᠶᠢᠯᠡᠵᠦ᠂ 8 ᠲᠥᠷᠥᠯ ᠵᠦᠢᠯ ᠢ ᠠᠩᠬ᠎ᠠ ᠰᠣᠩᠭᠤᠪᠠ᠃ 12 ᠰᠠᠷ᠎ᠠ ᠶᠢᠨ 28᠎ ᠤ ᠡᠳᠦᠷ ᠠᠴᠠ 29᠎ ᠤ ᠡᠳᠦᠷ ᠪᠣᠯᠲᠠᠯ᠎ᠠ᠂ ᠤᠷᠢᠳ ᠬᠤᠵᠢᠳ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢᠶᠠᠷ ᠬᠢᠨᠠᠨ ᠪᠠᠲᠤᠯᠠᠭᠤᠯᠵᠤ᠂ 5 ᠲᠦᠷᠦᠯ ᠵᠦᠢᠯ ᠢ ᠲᠣᠭᠲᠠᠭᠠᠵᠤ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠪᠢᠯᠧᠲ ᠥᠭᠴᠦ ᠰᠢᠢᠳᠪᠦᠷᠢ ᠭᠠᠷᠭᠠᠬᠤ ᠪᠣᠯᠣᠨ᠎ᠠ᠃         ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠣᠩᠭᠤᠬᠤ ᠶᠠᠪᠤᠴᠠ ᠳᠤ᠂ ᠪᠢᠳᠡ ᠳᠥᠷᠪᠡᠨ ᠵᠠᠷᠴᠢᠮ ᠢ ᠵᠢᠷᠣᠮᠯᠠᠪᠠ᠄ ᠨᠢᠭᠡ ᠳᠤ᠂ ᠬᠤᠰᠢᠭᠤ ᠨᠠᠮ ᠤᠨ ᠬᠤᠷᠢᠶ᠎ᠠ ᠤᠳᠤᠷᠢᠳᠴᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ ᠶᠢ ᠪᠠᠷᠢᠮᠳᠠᠯᠠᠪᠠ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠬᠤ ᠶᠢ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠬᠤᠰᠢᠭᠤ ᠨᠠᠮ ᠤᠨ ᠬᠤᠷᠢᠶ᠎ᠠ ᠣᠳᠣᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠢᠯᠧᠲ ᠢᠶᠠᠷ ᠲᠣᠭᠲᠠᠭᠠᠬᠤ᠂ ᠵᠠᠰᠠᠭ ᠤᠨ ᠣᠷᠳᠣᠨ ᠬᠡᠷᠡᠭᠵᠢᠭᠦᠯᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠷᠭᠢᠯᠡᠬᠦ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠪᠡ︔ ᠬᠤᠶᠠᠷ ᠲᠤ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ ᠠᠩᠬᠠᠷᠬᠤ ᠶᠢ ᠪᠠᠷᠢᠮᠳᠠᠯᠠᠪᠠ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠤᠯᠠᠨ ᠤ ᠣᠷᠣᠯᠴᠠᠯᠭ᠎ᠠ ᠶᠢ ᠥᠷᠭᠡᠳᠬᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠴᠢᠬᠤᠯᠠ ᠦᠨᠳᠦᠰᠦᠯᠡᠯ ᠪᠣᠯᠭᠠᠵᠤ᠂ ᠲᠦᠷᠦᠯ ᠵᠦᠢᠯ ᠨᠢᠭᠡᠪᠦᠷᠢ ᠶᠢ ᠴᠥᠮ ︽ᠠᠷᠠᠳ ᠤᠨ ᠠᠮᠢᠳᠣᠷᠠᠯ ᠳᠤ ᠣᠶᠢᠷᠠᠳᠣᠬᠰᠠᠨ᠂ ᠠᠷᠠᠳ ᠤᠨ ᠰᠠᠨᠠᠭᠠᠨ ᠳᠤ ᠨᠢ ᠨᠡᠶᠢᠴᠡᠭᠰᠡᠨ ᠪᠠᠶᠢᠯᠭᠠᠬᠤ︾᠎ ᠪᠠᠷ ᠴᠢᠷᠮᠠᠶᠢᠪᠠ︔ ᠭᠤᠷᠪᠠ ᠳᠤ᠂ ᠴᠢᠳᠠᠯ ᠤᠨ ᠬᠢᠷᠢ ᠪᠠᠷ ᠴᠢᠷᠮᠠᠶᠢᠵᠤ᠂ ᠴᠢᠳᠠᠯ ᠤᠨ ᠬᠢᠷᠢ ᠪᠠᠷ ᠬᠢᠬᠦ ᠶᠢ ᠪᠠᠷᠢᠮᠳᠠᠯᠠᠪᠠ᠃ ᠲᠦᠭᠡᠮᠡᠯ ᠬᠠᠷᠠᠭᠠᠯᠵᠠᠯ ᠤᠨ ᠴᠢᠨᠠᠷ᠂ ᠨᠡᠶᠢᠲᠡ ᠶᠢᠨ ᠠᠰᠠᠷᠠᠮᠵᠢ ᠶᠢᠨ ᠴᠢᠨᠠᠷ᠂ ᠦᠨᠳᠦᠰᠦᠨ ᠵᠦᠢᠯ ᠢ ᠪᠠᠲᠤᠯᠠᠬᠤ ᠴᠢᠨᠠᠷ ᠢ ᠲᠤᠪᠤᠶᠢᠯᠭᠠᠨ᠂ ᠤᠯᠠᠨ ᠲᠦᠮᠡᠨ ᠤ ᠬᠡᠷᠡᠭᠴᠡᠭᠡ ᠪᠠ ᠡᠳ᠋ ᠤᠨ ᠵᠠᠰᠠᠭ ᠤᠨ ᠪᠣᠳᠠᠳᠣ ᠬᠦᠴᠦᠨ ᠤ ᠪᠠᠶᠢᠳᠠᠯ ᠢ ᠦᠨᠳᠦᠰᠦᠯᠡᠨ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢ ᠨᠦᠬᠦᠪᠦᠷᠢᠯᠡᠵᠦ᠂ ᠪᠠᠭᠤᠷᠠᠶ ᠶᠢ ᠴᠢᠩᠭᠠᠳᠬᠠᠪᠠ︔ ᠲᠦᠷᠪᠡ ᠳᠤ᠂ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠨ ᠠᠬᠢᠭᠤᠯᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠲᠦᠮᠵᠢᠲᠡᠢ ᠵᠣᠯᠭᠠᠭᠤᠯᠬᠤ ᠶᠢ ᠴᠢᠬᠤᠯᠠᠴᠢᠯᠠᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠴᠢᠬᠤᠯᠠᠴᠢᠯᠠᠯ ᠢ ᠦᠨᠳᠦᠰᠦᠯᠡᠨ᠂ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠪᠡ᠃ 2022 ᠣᠨ ᠳᠤ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠬᠡᠷᠡᠭᠵᠢᠭᠦᠯᠬᠦ ᠪᠠᠷ ᠪᠠᠶᠢᠭ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 5 ᠲᠥᠷᠥᠯ ᠵᠦᠢᠯ᠄        ᠨᠢᠭᠡ ᠳᠤ᠂ ᠮᠢᠩᠭᠠᠲᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ᠃  ᠨᠡᠶᠢᠲᠡ 2537 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ ᠂ ᠮᠢᠩᠭᠠᠲᠦ ᠪᠠᠭ᠎ᠠ ᠰᠤᠷᠭᠠᠭᠤᠯᠢ ᠶᠢᠨ ᠬᠦᠷᠢᠶᠡᠨ ᠳᠤ 7250 ᠲᠡᠭᠰᠢ ᠳᠥᠷᠪᠡᠯᠵᠢᠨ ᠮᠧᠲᠷ ᠤᠨ ᠲᠠᠪᠤᠨ ᠳᠠᠪᠬᠤᠷ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠵᠤ᠂ ᠬᠢᠴᠢᠶᠡᠯ ᠤᠨ ᠬᠡᠷ᠂ ᠠᠯᠪᠠᠨ ᠬᠡᠷ᠂ ᠬᠦᠳᠡᠯᠭᠡᠭᠡᠨ ᠤ ᠬᠡᠷ᠂ ᠦᠢᠯᠡᠳᠦᠯᠲᠦ ᠬᠡᠷ᠂ ᠪᠠᠭᠰᠢ ᠰᠣᠷᠣᠭᠴᠢ ᠶᠢᠨ ᠤᠩᠰᠢᠯᠭ᠎ᠠ ᠶᠢᠨ ᠬᠡᠷ ᠵᠡᠷᠭᠡ ᠶᠢ ᠪᠠᠭᠲᠠᠭᠠᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠵᠢᠭᠠᠨ ᠰᠤᠷᠭᠠᠯᠲᠠ ᠶᠢᠨ ᠠᠰᠠᠷ ᠬᠠᠭᠤᠴᠢᠷᠬᠠᠰᠠᠨ᠂ ᠦᠢᠯᠡᠳᠦᠯᠲᠦ ᠲᠠᠰᠤᠭ ᠳᠤᠲᠠᠮᠠᠭ᠂ ᠠᠩᠭᠢ ᠶᠢᠨ ᠭᠡᠷ ᠤᠨ ᠪᠠᠭᠲᠠᠭᠠᠮᠵᠢ ᠪᠠᠭ᠎ᠠ ᠵᠡᠷᠭᠡ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠪᠠᠳᠣᠳᠬᠠᠨ ᠳᠡᠭᠡᠭᠰᠢᠯᠡᠭᠦᠯᠵᠦ᠂ 850 ᠭᠠᠷᠤᠶ ᠪᠠᠭᠰᠢ ᠰᠤᠷᠤᠭᠴᠢᠳ ᠲᠤ ᠰᠢᠯᠢᠳᠡᠭ ᠰᠠᠶᠢᠨ ᠰᠣᠷᠣᠯᠭ᠎ᠠ ᠠᠮᠢᠳᠤᠷᠠᠯ ᠤᠨ ᠣᠷᠴᠢᠨ ᠨᠥᠬᠦᠴᠡᠯ ᠢ ᠪᠦᠷᠢᠯᠳᠦᠭᠦᠯᠵᠦ᠂ ᠮᠠᠨ ᠤ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ᠂  ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠬᠤᠶᠠᠷ ᠲᠤ᠂ ᠳᠣᠬᠢᠷᠠᠮᠵᠢᠲᠠᠢ ᠭᠠᠵᠠᠷ ᠲᠤ ᠨᠡᠭᠦᠯᠭᠡᠨ ᠰᠢᠯᠵᠢᠭᠦᠯᠦᠭᠰᠡᠨ ᠤ ᠳᠠᠷᠠᠭᠠᠬᠢ ᠦᠷᠭᠦᠯᠵᠢᠯᠡᠯ ᠠᠵᠤ ᠦᠢᠯᠡᠰ ᠤᠨ ᠶᠡᠷᠦᠩᠬᠡᠶᠢᠯᠡᠭᠰᠡᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ 787.5 ᠲᠦᠮᠡᠨ ᠲᠥᠭᠦᠷᠢᠭ ᠤᠨ ᠶᠡᠷᠦᠩᠬᠡᠶ ᠪᠠᠯᠠ ᠣᠷᠣᠭᠤᠯᠵᠤ᠂ ᠨᠠᠮ ᠤᠨ ᠰᠤᠷᠭᠠᠭᠤᠯᠢ ᠶᠢᠨ ᠰᠠᠭᠤᠭᠠᠯᠢ ᠲᠣᠭᠤᠷᠢᠭ ᠤᠨ ᠪᠠᠷᠠᠭᠤᠨ ᠲᠠᠯ᠎ᠠ ᠳᠤ 2568 ᠲᠡᠭᠰᠢ ᠳᠥᠷᠪᠡᠯᠵᠢᠨ ᠮᠧᠲᠷ ᠤᠨ ᠶᠡᠷᠦᠩᠬᠡᠶᠢᠯᠡᠭᠰᠡᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠠᠭᠤᠴᠢᠨ ᠲᠣᠭᠤᠷᠢᠭ ᠤᠨ ᠨᠡᠭᠦᠳᠡᠯ ᠳᠡᠯᠭᠡᠭᠡ ᠬᠤᠳᠠᠯᠳᠤᠭ᠎ᠠ ᠪᠠ ᠵᠠᠮ ᠡᠵᠡᠯᠡᠨ ᠡᠵᠡᠩᠨᠡᠬᠦ ᠠᠰᠠᠭᠤᠳᠠᠯ ᠢ ᠪᠦᠲᠦᠮᠵᠢᠲᠡᠶ ᠰᠠᠶᠢᠵᠢᠷᠠᠭᠤᠯᠵᠤ᠂ ᠮᠢᠩᠭᠠᠲᠦ ᠪᠠᠯᠭᠠᠰᠤᠨ ᠤ ᠰᠠᠭᠤᠭᠠᠯᠢ ᠠᠷᠠᠳ ᠲᠤ ᠴᠡᠪᠡᠷ ᠲᠡᠭᠰᠢ ᠡᠮᠬᠢ ᠳᠢᠭᠯᠢᠮ ᠲᠠᠢ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠵᠦ᠂ ᠰᠠᠭᠤᠭᠠᠯᠢ ᠠᠷᠠᠳ ᠤᠨ ᠢᠳᠡᠰᠢᠨ ᠨᠣᠭᠤᠭ᠎ᠠ ᠶᠢᠨ ᠬᠡᠷᠡᠭᠴᠡᠭᠡ ᠶᠢ ᠬᠠᠩᠭᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠨ᠎ᠡ᠃ ᠡᠭᠦᠨ ᠤ ᠬᠠᠮᠳᠣ᠂ ᠦᠨ᠎ᠡ ᠲᠥᠯᠥᠪᠦᠷᠢ ᠥᠬᠡᠶ ᠪᠠᠷ ᠳᠡᠯᠭᠡᠭᠦᠷ ᠤᠨ ᠪᠠᠶᠢᠷᠢ ᠬᠠᠩᠭᠠᠬᠤ ᠂ ᠴᠡᠪᠡᠷᠯᠡᠭᠴᠢ ᠤᠷᠢᠵᠤ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠣᠬᠢᠷᠠᠮᠵᠢᠲᠠᠢ ᠭᠠᠵᠠᠷ ᠲᠤ ᠨᠡᠭᠦᠯᠭᠡᠨ ᠰᠢᠯᠵᠢᠭᠦᠯᠬᠦ ᠡᠷᠦᠬᠡ ᠶᠢᠨ ᠥᠪᠡᠷ ᠤᠨ ᠬᠥᠭᠵᠢᠯᠲᠡ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠨᠡᠭᠦᠭᠰᠡᠨ ᠣᠯᠠᠨ ᠲᠦᠮᠡᠨ ᠤ ᠠᠵᠢᠯ ᠤᠯᠬᠤ᠂ ᠳᠣᠬᠳᠠᠪᠦᠷᠢᠵᠢᠬᠤ᠂  ᠪᠠᠶᠠᠵᠢᠬᠤ ᠶᠢ ᠦᠨᠡᠨᠬᠦ ᠪᠠᠳᠣᠯᠠᠨ᠎ᠠ  ᠃ ᠭᠤᠷᠪᠠ ᠳᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ ᠲᠥᠷᠥᠯ ᠵᠦᠢᠯ᠃ ᠨᠡᠶᠢᠲᠡ 400 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ᠂ ᠡᠳᠦᠷ ᠲᠤ 30 ᠲᠣᠨ ᠪᠣᠬᠢᠷ ᠤᠰᠤ ᠰᠢᠢᠳᠪᠦᠷᠢᠯᠡᠬᠦ 4 ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ 15 ᠲᠣᠨ ᠤ ᠢᠯᠭᠠᠳᠠᠰᠣᠨ ᠤ ᠲᠡᠷᠭᠡ 5᠎ ᠶᠢ ᠬᠤᠳᠠᠯᠳᠤᠨ ᠠᠪᠴᠤ᠂ 400 ᠲᠡᠭᠰᠢ ᠳᠥᠷᠪᠡᠯᠵᠢᠨ ᠮᠧᠲᠷ ᠭᠠᠵᠠᠷ ᠤᠨ ᠭᠠᠳᠠᠷᠭᠤ ᠶᠢ ᠬᠠᠲᠠᠭᠤᠷᠠᠭᠤᠯᠤᠨ᠎ᠠ᠃ ᠲᠥᠷᠥᠯ ᠵᠦᠢᠯ ᠢ ᠭᠡᠷᠡᠭᠵᠢᠭᠦᠯᠦᠭᠰᠡᠨ ᠤ ᠳᠠᠷᠠᠭ᠎ᠠ᠂ 5 ᠰᠤᠮᠤ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ᠂ ᠵᠣᠷᠯᠣᠩ ᠤᠨ ᠢᠯᠭᠠᠳᠠᠰᠣ ᠪᠣᠬᠢᠷᠲᠤᠯ ᠢ ᠬᠤᠣᠷᠳᠠᠯ ᠥᠬᠡᠶ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠳᠡᠮᠵᠢᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠵᠦ ᠠᠰᠢᠭᠯᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠳᠣᠳᠬᠠᠨᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ  ᠠᠯᠬᠤᠴᠠ ᠶᠢ ᠲᠦᠷᠭᠡᠳᠭᠡᠨ᠎ᠡ᠃        ᠳᠥᠷᠪᠡ ᠳᠤ᠂ ᠴᠠᠬᠠᠷ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ᠃ ᠨᠡᠶᠢᠲᠡ 720 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ᠂ ᠴᠡᠪᠡᠷ ᠡᠭᠦᠯᠳᠡᠷ ᠤᠨ ᠭᠧᠷᠮᠠᠨ ᠤ ᠮᠢᠷᠨᠣᠰ ᠬᠤᠨᠢ 200᠎ ᠶᠢ ᠣᠷᠣᠭᠤᠯᠵᠦ᠂ 500 ᠬᠦᠪᠦᠷᠡᠯ ᠢ ᠰᠢᠯᠵᠢᠭᠦᠯᠦᠨ ᠲᠠᠷᠢᠵᠦ᠂ ᠲᠦᠪᠯᠡᠷᠡᠭᠦᠯᠦᠭᠰᠡᠨ ᠬᠡᠭᠡᠯᠲᠦᠭᠦᠯᠭᠡ 5000᠎ ᠶᠢ ᠬᠢᠵᠦ᠂ 3000 ᠡᠮ᠎ᠡ ᠬᠤᠨᠢᠨ ᠳᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠨᠥᠬᠦᠪᠥᠷᠢ ᠦᠭᠭᠦᠨ᠎ᠡ᠃ ᠲᠦᠷᠦᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠴᠠᠬᠠᠷ ᠬᠤᠨᠢᠨ ᠤ ᠡᠭᠦᠯᠳᠡᠷ ᠮᠠᠭᠤᠳᠠᠭᠰᠠᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠴᠠᠬᠠᠷ ᠬᠤᠨᠢᠨ ᠤ ᠡᠭᠦᠯᠳᠡᠷ ᠰᠠᠶᠢᠵᠢᠷᠠᠭᠤᠯᠬᠤ ᠶᠢ ᠠᠬᠢᠭᠤᠯᠵᠤ᠂ ᠴᠠᠬᠠᠷ ᠬᠤᠨᠢ ᠮᠠᠯᠵᠢᠬᠤ ᠡᠷᠦᠬᠡ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠶᠢ ᠣᠷᠢᠶᠠᠯᠠᠨ ᠳᠠᠶᠢᠴᠢᠯᠠᠵᠤ᠂ ᠮᠢᠬᠠᠨ ᠤ ᠬᠤᠨᠢ ᠦᠷᠡᠵᠢᠭᠦᠯᠦᠨ ᠪᠤᠶᠢᠵᠢᠭᠤᠯᠬᠤ ᠣᠳᠣᠬᠢᠴᠢᠯᠠᠭᠰᠠᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠨᠤᠲᠤᠭ ᠤᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠵᠢᠴᠢ ᠶᠠᠳᠠᠭᠤ ᠠᠴᠠ ᠠᠩᠬᠢᠵᠢᠷᠠᠬᠰᠠᠨ 1000 ᠭᠠᠷᠤᠢ ᠡᠷᠦᠬᠡ ᠶᠢ ᠲᠡᠳᠬᠦᠨ ᠳᠠᠶᠢᠴᠢᠯᠠᠵᠤ᠂ ᠡᠷᠦᠬᠡ ᠶᠢᠨ ᠳᠤᠮᠳᠠᠴᠢ ᠣᠷᠣᠯᠭ᠎ᠠ ᠶᠢᠨ ᠨᠡᠮᠡᠭᠳᠡᠯ ᠢ 3000 ᠲᠥᠭᠦᠷᠢᠭ ᠪᠣᠯᠭᠠᠨ᠎ᠠ᠃        ᠲᠠᠪᠤ ᠳᠤ᠂ ᠠᠯᠳ᠋ᠬᠠᠣᠪᠣᠭ᠎ᠠ ᠭᠠᠴᠠᠭᠠᠨ ᠤ ᠱᠦᠢᠨᠢ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠃  ᠨᠡᠶᠢᠳᠡ 630 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠦᠯᠦᠪᠯᠡᠵᠦ᠂ ᠤᠯᠠᠭᠠᠨᠴᠠᠪ ᠰᠣᠮᠣᠨ ᠎ ᠤ ᠠᠯᠳ᠋ᠬᠠᠣᠪᠣᠭ᠎ᠠ ᠭᠠᠴᠠᠭᠠᠨ ᠳᠤ 9 ᠺᠢᠯᠣᠮᠧᠲᠷ ᠱᠦᠢᠨᠢ ᠵᠠᠮ ᠢ ᠰᠢᠨ᠎ᠡ ᠪᠠᠷ ᠪᠠᠶᠢᠭᠤᠯᠵᠤ᠂ ᠳᠥᠷᠪᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠠᠮ ᠤᠨ ᠰᠠᠭᠤᠷᠢ ᠶᠢ 6.5 ᠮᠧᠲᠷ ᠥᠷᠭᠡᠨ᠂ ᠵᠠᠮ ᠤᠨ ᠭᠠᠳᠠᠷᠭᠤ ᠶᠢ 4.5 ᠮᠧᠲᠷ ᠥᠷᠭᠡᠨ ᠪᠠᠶᠢᠯᠭᠠᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂  ᠵᠠᠮ ᠳᠠᠭᠠᠤ 1280 ᠡᠷᠦᠬᠡ ᠶᠢᠨ 2759 ᠬᠥᠮᠦᠨ ᠤ ᠶᠠᠪᠤᠵᠤ ᠰᠠᠭᠤᠬᠤ ᠨᠥᠬᠦᠴᠡᠯ ᠢ ᠪᠦᠲᠦᠮᠵᠢᠲᠡᠶ ᠳᠡᠭᠡᠭᠰᠢᠯᠡᠭᠦᠯᠦᠨ ᠂ ᠵᠠᠮ ᠤᠨ ᠲᠣᠤᠷ ᠤᠨ ᠬᠤᠯᠪᠣᠭᠠᠰᠣ ᠶᠢ ᠬᠦᠴᠦᠲᠡᠶ ᠠᠬᠢᠭᠤᠯᠵᠤ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠲᠥᠯᠥᠭᠡᠯᠡᠭᠴᠢᠳ ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠯᠠᠨ ᠤ ᠠᠵᠨ ᠵᠢᠷᠭᠠᠯ ᠲᠠᠢ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠣᠯᠠᠨ ᠲᠦᠮᠡᠨ ᠤ ᠬᠦᠴᠢᠷ ᠵᠣᠪᠠᠯᠠᠩ ᠵᠢᠴᠢ ᠠᠮᠤᠷ ᠲᠠᠶᠢᠪᠤᠩ ᠠᠵᠤ ᠲᠦᠷᠦᠭᠦ ᠶᠢ ᠰᠡᠳᠬᠢᠯ ᠳᠡᠭᠡᠨ ᠲᠠᠯᠪᠢᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠦᠭᠭᠦᠨ᠎ᠡ᠃        ᠲᠠᠶᠢᠯᠪᠤᠷᠢ        ﹇1﹈᠄ ᠴᠢᠳᠢᠮᠯᠢᠭ ᠪᠠᠷᠣᠬᠰᠢᠨ᠂ ᠨᠡᠶᠢᠯᠡᠮᠡᠯ ᠮᠠᠲ᠋ᠧᠷᠢᠶᠠᠯ᠂ ᠨᠡᠮᠡᠯᠳᠡ ᠮᠠᠲ᠋ᠧᠷᠢᠶᠠᠯ᠂ ᠤᠰᠤ ᠪᠠ ᠨᠡᠮᠡᠯᠲᠡ ᠡᠳ᠋ ᠵᠡᠷᠭᠡ ᠶᠢ ᠬᠠᠷᠢᠴᠠᠯ ᠶᠣᠰᠣᠭᠠᠷ ᠰᠢᠩᠭᠡᠨ ᠡᠭᠡᠳᠡᠩ  ᠪᠣᠯᠭᠠᠨ ᠬᠤᠯᠢᠵᠦ᠂ ᠤᠤᠯ ᠤᠨ ᠵᠠᠮ ᠳᠡᠭᠡᠷ᠎ᠡ ᠨᠢ ᠲᠦᠷᠭᠡᠨ ᠨᠦᠬᠦᠨ ᠲᠡᠪᠢᠰᠴᠦ᠂ ᠨᠢᠮᠭᠡᠨ ᠳᠠᠪᠬᠤᠷᠭ᠎ᠠ ᠪᠣᠯᠭᠠᠨ ᠪᠦᠳᠡᠭᠡᠭᠰᠡᠨ ᠤ ᠲᠠᠷᠠᠭ᠎ᠠ᠂ ᠣᠬᠤᠷ ᠬᠤᠭᠤᠴᠠᠭᠠᠨ ᠳᠣᠲᠣᠷ᠎ᠠ ᠲᠡᠷᠭᠡ ᠨᠡᠪᠳᠡᠷᠡᠭᠦᠯᠵᠦ ᠪᠣᠯᠬᠤ ᠵᠠᠮ ᠤᠨ ᠭᠠᠳᠠᠷᠭᠤ ᠶᠢ ᠠᠷᠠᠴᠢᠯᠠᠨ ᠬᠠᠮᠠᠭᠠᠯᠠᠬᠤ ᠮᠡᠷᠭᠡᠵᠢᠯ ᠢ ᠵᠢᠭᠠᠵᠦ ᠪᠠᠶᠢᠨ᠎ᠠ᠃         ﹇2﹈᠄ ᠦᠷᠡᠵᠢᠭᠦᠯᠦᠨ ᠪᠤᠶᠢᠵᠢᠭᠤᠯᠬᠤ ᠶᠠᠪᠤᠴᠠ ᠳᠤ ᠵᠣᠷᠢᠯᠭ᠎ᠠ ᠲᠠᠢ ᠪᠠᠷ᠂ ᠲᠥᠯᠥᠪᠯᠡᠭᠡ ᠲᠠᠢ ᠪᠠᠷ ᠰᠢᠯᠢᠳᠡᠭ ᠢ ᠨᠢ ᠰᠣᠩᠭᠤᠵᠦ ᠰᠢᠭᠠᠷᠤ ᠶᠢ ᠨᠢ ᠲᠠᠶᠠᠭᠳᠠᠵᠤ᠂ ᠲᠦᠷᠦᠯ ᠵᠦᠢᠯ ᠤᠨ ᠮᠠᠭᠤᠳᠠᠬᠤ ᠶᠢ ᠰᠡᠷᠭᠡᠶᠢᠯᠡᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号