ᠪᠥᠬᠦ ᠬᠤᠰᠢᠭᠤᠨ ᠤ ᠠᠷᠠᠳ ᠲᠦᠮᠡᠨ ᠳᠤ ᠢᠯᠡᠭᠡᠬᠦ ᠨᠢᠭᠡᠨ ᠬᠤᠪᠢ ᠵᠠᠬᠢᠳᠠᠯ | ᠪᠥᠬᠦ ᠬᠤᠰᠢᠭᠤᠨ ᠤ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠨᠦᠬᠦᠳ ᠡ᠄ | ᠭᠡᠰᠢᠭ ᠲᠦᠭᠦᠷᠡᠩ ᠲᠡᠮᠦᠷ ᠦᠬᠡᠷ ᠵᠢᠯ ᠢᠶᠠᠨ ᠦᠳᠡᠵᠦ᠂ ᠬᠡᠶᠢᠮᠦᠷᠢ ᠴᠤᠭ ᠲᠠᠢ ᠣᠰᠣᠨ ᠪᠠᠷᠰ ᠵᠢᠯ ᠢᠶᠠᠨ | ᠣᠬᠳᠣᠬᠤ ᠦᠯᠵᠡᠢ ᠲᠠᠢ ᠳᠠᠰᠢᠷᠠᠮ ᠢᠶᠠᠷ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠠᠴᠠ | ᠪᠥᠬᠦ ᠬᠤᠰᠢᠭᠤᠨ ᠤ ᠠᠷᠠᠳ ᠲᠦᠮᠡᠨ ᠳᠡᠭᠡᠨ ᠪᠠᠶᠠᠷ ᠤᠨ ᠡᠳᠦᠷ ᠤᠨ ᠮᠡᠨᠳᠦ ᠳᠡᠪᠰᠢᠭᠦᠯᠵᠦ᠂ ᠮᠦᠨᠴᠦ ᠥᠩᠭᠡᠷᠡᠭᠰᠡᠨ | ᠨᠢᠭᠡ ᠵᠢᠯ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠮᠠᠨ ᠤ ᠬᠤᠰᠢᠭᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠭᠰᠡᠨ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠣᠳᠣᠬᠠᠨ ᠳᠤ᠂ | ᠪᠦᠭᠦ ᠤᠯᠤᠰ ᠤᠨ ᠣᠯᠠᠨ ᠭᠠᠵᠠᠷ ᠲᠤ ᠲᠠᠷᠠᠬᠠᠢ ᠪᠣᠳᠠᠷᠬᠠᠢ ᠡᠪᠡᠳᠴᠢᠨ ᠤ ᠵᠢᠱᠢᠶ᠎ᠡ ᠢᠯᠡᠷᠡᠵᠦ᠂ ᠮᠠᠨ ᠤ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ | ᠪᠢᠳᠡᠨ ᠤ ᠬᠢᠯᠪᠠᠷ ᠪᠤᠰᠤ ᠪᠠᠷ ᠣᠯᠣᠬᠰᠠᠨ ᠬᠢᠵᠢᠭ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠰᠠᠬᠢᠵᠦ᠂ | ᠦᠪᠡᠷ ᠤᠨ ᠪᠣᠯᠣᠨ ᠭᠡᠷ ᠪᠦᠯᠢ ᠶᠢᠨ ᠬᠦᠮᠦᠰ ᠤᠨ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ | ᠲᠠᠨᠠᠷ ᠲᠤ ᠳᠣᠲᠣᠨᠣ ᠪᠠᠷ ᠰᠠᠨᠠᠭᠤᠯᠬᠤ ᠨᠢ᠄ | ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠲᠤᠬᠠᠢ ᠶᠢᠨ ᠭᠠᠵᠠᠷ ᠲᠠᠭᠠᠨ ᠰᠢᠨᠡᠯᠡᠨ᠎ᠡ᠃ ᠬᠡᠷᠪᠡ ᠲᠠ | ᠭᠠᠳᠠᠨ᠎ᠠ ᠭᠠᠵᠠᠷ ᠠᠵᠢᠯᠯᠠᠵᠦ᠂ ᠦᠢᠯᠡᠰ ᠪᠦᠳᠦᠭᠡᠵᠦ᠂ ᠰᠣᠷᠣᠯᠴᠠᠵᠦ ᠪᠠᠶᠢᠪᠠᠯ᠂ ᠦᠪᠡᠷ ᠤᠨ ᠪᠣᠯᠣᠨ ᠲᠠᠨ ᠤ | ᠭᠡᠷ ᠤᠨ ᠬᠥᠮᠥᠰ ᠤᠨ ᠡᠷᠡᠭᠦᠯ ᠮᠡᠨᠳᠦ ᠠᠮᠤᠷ ᠲᠦᠪᠰᠢᠨ ᠤ ᠲᠥᠯᠥᠭᠡ᠂ ᠨᠤᠲᠤᠭ ᠲᠠᠭᠠᠨ ᠪᠣᠴᠠᠬᠤ ᠠᠴᠠ 3 | ᠡᠳᠦᠷ ᠤᠨ ᠡᠮᠦᠨ᠎ᠡ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠮᠡᠳᠡᠭᠦᠯᠬᠦ | ᠶᠢᠨ ᠬᠠᠮᠲᠤ 48 ᠴᠠᠭ ᠤᠨ ᠲᠣᠳᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ | ᠬᠠᠩᠭᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠠᠢ ᠬᠠᠮᠵᠢᠯᠴᠠᠨ ᠬᠠᠮᠢᠶ᠎ᠠ ᠪᠦᠬᠦᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠤᠴᠠᠬᠤ ᠵᠠᠮ ᠳᠠᠭᠠᠨ ᠠᠮᠠᠪᠴᠢ ᠵᠡᠭᠦᠬᠦ᠂ ᠵᠠᠢ ᠪᠠᠨ | ᠪᠠᠲᠤᠯᠠᠬᠤ᠂ ᠭᠠᠷ ᠢᠶᠠᠨ ᠤᠬᠢᠶᠠᠬᠤ ᠵᠡᠷᠭᠡ ᠬᠤᠪᠢ ᠬᠥᠮᠥᠨ ᠤ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠲᠤᠷ ᠬᠢᠵᠦ᠂ | ᠪᠤᠴᠠᠵᠤ ᠢᠷᠡᠮᠡᠭᠴᠨ ᠪᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠠᠭᠠᠨ ᠮᠡᠳᠡᠭᠦᠯᠵᠦ᠂ ᠣᠶᠢᠷ᠎ᠠ ᠶᠢᠨ 14 | ᠡᠳᠦᠷ ᠤᠨ ᠶᠠᠪᠣᠵᠦ ᠰᠠᠭᠤᠬᠰᠠᠨ ᠵᠠᠮ ᠮᠦᠷ ᠢᠶᠠᠨ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠢ᠃ ᠬᠤᠰᠢᠭᠤᠨ ᠤ | ᠰᠠᠭᠤᠭᠠᠯᠢ ᠠᠷᠠᠳ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠵᠦ᠂ ᠲᠤᠬᠠᠢ ᠶᠢᠨ ᠭᠠᠵᠠᠷ ᠲᠠᠭᠠᠨ | ᠰᠢᠨᠡᠯᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠦᠨᠳᠦᠷ ᠳᠣᠮᠳᠠ ᠵᠡᠷᠭᠡ ᠶᠢᠨ ᠠᠶᠣᠯ ᠲᠦᠭᠰᠢᠭᠦᠷᠢᠲᠦ | ᠭᠠᠵᠠᠷ ᠣᠷᠣᠨ ᠢᠶᠠᠷ ᠵᠣᠭᠠᠴᠠᠬᠤ ᠦᠭᠡᠢ ᠪᠠᠶᠢᠬᠤ ᠶᠢ ᠰᠠᠨᠠᠭᠠᠴᠢᠯᠠᠵᠦ᠂ ᠵᠠᠪᠠᠯ ᠣᠴᠢᠬᠤ ᠴᠢᠬᠤᠯᠠ ᠲᠠᠢ ᠪᠣᠯ ᠪᠠᠶᠢᠭ᠎ᠠ | ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠤ ᠮᠡᠳᠡᠭᠦᠯᠵᠦ | ᠵᠥᠪᠰᠢᠶᠡᠷᠡᠭᠦᠯᠬᠦ ᠶᠢᠨ ᠬᠠᠮᠲᠤ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ | ᠠᠵᠢᠯᠲᠠᠨ ᠬᠤᠰᠢᠭᠤᠨ ᠠᠴᠠ ᠪᠠᠨ ᠰᠠᠯᠵᠤ ᠪᠤᠴᠠᠬᠤ ᠳᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠲᠦᠷᠦᠭᠦᠯᠡᠨ | ᠨᠠᠶᠢᠳᠠᠪᠤᠷᠢᠵᠢᠭᠤᠯᠬᠤ ᠬᠡᠷᠡᠭᠲᠡᠢ᠃ | ᠬᠠᠮᠠᠭᠠᠯᠠᠯᠲᠠ ᠪᠠᠨ ᠰᠠᠢᠲᠤᠷ ᠬᠢᠵᠦ᠂ ᠣᠶᠢᠷᠠᠲᠤᠯᠴᠠᠬᠤ ᠪᠠᠨ ᠪᠠᠭᠠᠰᠬᠠᠨ᠎ᠠ᠃ ᠭᠠᠷ ᠢᠶᠠᠨ ᠦᠷᠭᠦᠯᠵᠢ | ᠤᠬᠢᠶᠠᠬᠤ᠂ ᠠᠷᠢᠭᠤᠳᠬᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠠᠪᠴᠢ ᠵᠡᠭᠦᠬᠦ᠂ ᠨᠡᠶᠢᠲᠡ ᠶᠢᠨ ᠰᠠᠪᠬ᠎ᠠ | ᠬᠡᠷᠡᠭᠯᠡᠬᠦ᠂ ᠠᠰᠳᠠᠭᠠᠨ ᠬᠤᠭᠤᠯᠠᠯᠠᠬᠤ᠂ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠰᠠᠶᠢᠨ ᠰᠠᠶᠢᠬᠠᠨ | ᠡᠷᠡᠭᠦᠯ ᠬᠠᠮᠠᠭᠠᠯᠠᠯ ᠪᠠ ᠠᠮᠢᠳᠤᠷᠠᠯ ᠤᠨ ᠳᠠᠳᠬᠠᠯ ᠢ ᠪᠠᠷᠢᠮᠲᠠᠯᠠᠬᠤ ᠬᠡᠷᠡᠭᠲᠡᠢ᠃ ᠬᠠᠮᠲᠤ ᠬᠤᠭᠤᠯᠠᠯᠠᠬᠤ ᠦᠭᠡᠢ᠂ | ᠴᠤᠭᠯᠠᠬᠤ ᠦᠭᠡᠢ᠂ ᠰᠠᠳᠤᠨ ᠲᠦᠷᠦᠯ ᠨᠠᠶᠢᠵᠠ ᠨᠥᠬᠦᠳ ᠤᠨ ᠬᠢ ᠪᠠᠷ ᠢᠶᠠᠨ ᠠᠶᠢᠯᠴᠢᠯᠠᠬᠤ ᠦᠭᠡᠢ ᠪᠠᠶᠢᠬᠤ ᠶᠢ | ᠰᠠᠨᠠᠭᠠᠴᠢᠯᠠᠵᠤ᠂ ᠴᠢᠬᠤᠯᠠ ᠦᠭᠡᠢ ᠪᠣᠯ ᠬᠥᠮᠥᠨ ᠤᠯᠠᠨ ᠭᠠᠵᠠᠷ ᠣᠴᠢᠬᠤ ᠦᠭᠡᠢ ᠪᠠᠶᠢᠬᠤ ᠬᠡᠷᠡᠭᠲᠡᠢ᠃ | ᠰᠦᠯᠵᠢᠶ᠎ᠡ ᠪᠠᠷ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠤ᠂ ᠴᠢᠬᠤᠯᠠ ᠦᠭᠡᠢ ᠪᠣᠯ ᠬᠤᠳᠠᠯᠳᠤᠨ | ᠠᠪᠬᠤ ᠦᠭᠡᠢ ᠪᠠᠶᠢᠵᠦ᠂ ᠢᠷᠡᠯᠲᠡ ᠨᠢ ᠲᠣᠳᠣᠷᠬᠠᠢ ᠦᠭᠡᠢ ᠭᠠᠳᠠᠭᠠᠳᠤ ᠠᠴᠠ ᠣᠷᠣᠭᠤᠯᠤᠭᠰᠠᠨ ᠬᠦᠯᠳᠡᠭᠦᠦ | ᠢᠳᠡᠭᠡᠨ ᠣᠮᠳᠠᠭᠠᠨ ᠪᠠ ᠬᠦᠯᠳᠡᠭᠦᠦ ᠪᠤᠰᠤ ᠡᠳ᠋ ᠪᠣᠳᠠᠰ ᠢ ᠬᠤᠳᠠᠯᠳᠤᠨ ᠠᠪᠬᠤ ᠦᠭᠡᠢ ᠪᠠᠶᠢᠵᠤ᠂ ᠭᠠᠷ ᠢᠶᠠᠷ ᠢᠶᠠᠨ | ᠰᠢᠭᠤᠳ ᠬᠦᠷᠦᠯᠴᠡᠬᠦ ᠶᠢ ᠵᠠᠶᠢᠯᠠᠰᠬᠢᠬᠦ ᠬᠡᠷᠡᠭᠲᠡᠢ︔ ᠬᠢᠯᠢ ᠶᠢᠨ ᠭᠠᠳᠠᠨᠠᠬᠢ ᠪᠤᠶᠤ ᠤᠯᠤᠰ ᠤᠨ ᠳᠣᠲᠣᠭᠠᠳᠤ ᠶᠢᠨ | ᠦᠨᠳᠦᠷ ᠳᠣᠮᠳᠠ ᠵᠡᠷᠭᠡ ᠶᠢᠨ ᠠᠶᠣᠯ ᠲᠦᠭᠰᠢᠭᠦᠷᠢᠲᠦ ᠭᠠᠵᠠᠷ ᠣᠷᠣᠨ ᠤ ᠰᠦᠯᠵᠢᠶᠡᠨ ᠳᠡᠭᠡᠷ᠎ᠡ ᠠᠴᠠ ᠪᠠᠷᠠᠭ᠎ᠠ | ᠬᠤᠳᠠᠯᠳᠤᠨ ᠠᠪᠬᠤ ᠦᠭᠡᠢ ᠪᠠᠶᠢᠵᠦ᠂ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠳᠣᠰᠴᠦ ᠠᠪᠬᠤ ᠳᠠᠭᠠᠨ | ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠬᠤ ᠬᠡᠷᠡᠭᠲᠡᠢ᠃ | ᠬᠠᠮᠢᠶᠠᠷᠤᠨ ᠡᠵᠡᠮᠳᠡᠬᠦ ᠠᠵᠢᠯ ᠳᠤ ᠬᠠᠮᠵᠢᠯᠴᠠᠵᠤ᠂ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠨ᠎ᠡ᠃ | ᠥᠷᠭᠡᠨ ᠤᠯᠠᠨ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠬᠥᠮᠥᠨ ᠪᠦᠬᠦᠨ ᠴᠥᠮ ᠥᠪᠡᠷ ᠤᠨ ᠡᠷᠡᠭᠦᠯ | ᠮᠡᠨᠳᠦ ᠶᠢᠨ ᠢᠶᠠᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠪᠠᠲᠤ ᠴᠡᠭᠡᠵᠢᠯᠡᠵᠦ᠂ ᠴᠠᠭ ᠢᠮᠠᠭᠲᠠ ᠬᠢᠵᠢᠭ ᠢ | ᠰᠡᠷᠭᠡᠶᠢᠯᠡᠨ ᠡᠵᠡᠮᠳᠡᠬᠦ ᠬᠥᠪᠴᠢ ᠪᠠᠨ ᠴᠢᠩᠭᠠᠯᠠᠬᠤ ᠬᠡᠷᠡᠭᠲᠠᠢ᠃ ᠬᠡᠷᠪᠡ ᠬᠠᠮᠢᠶ᠎ᠠ ᠪᠦᠬᠦᠢ ᠬᠢᠨᠠᠨ ᠪᠠᠶᠢᠴᠠᠭᠠᠬᠤ | ᠮᠡᠳᠡᠭᠳᠡᠯ ᠢ ᠣᠯᠪᠠᠯ᠂ ᠲᠣᠰ ᠬᠥᠮᠥᠨ ᠪᠣᠯᠣᠨ ᠬᠠᠮᠲᠤ ᠰᠠᠭᠤᠭ᠎ᠠ ᠬᠥᠮᠥᠰ ᠨᠢ ᠭᠠᠳᠠᠭᠰᠢ ᠭᠠᠷᠬᠤ ᠦᠭᠡᠢ᠂ | ᠠᠶᠢᠯᠴᠢᠯᠠᠬᠤ ᠪᠠᠷ ᠢᠷᠡᠭᠰᠡᠳ ᠲᠠᠢ ᠠᠭᠤᠯᠵᠠᠬᠤ ᠦᠭᠡᠢ᠂ ᠲᠦᠷᠭᠡᠨ ᠬᠦᠷᠭᠡᠯᠲᠡ ᠶᠢ ᠳᠣᠰᠴᠦ ᠭᠤᠪᠢᠭᠤᠯᠬᠤ ᠦᠭᠡᠢ | ᠪᠠᠶᠢᠵᠤ᠂ ᠬᠠᠷᠢᠶ᠎ᠠ ᠭᠠᠵᠠᠷ ᠤᠨ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠠᠢ ᠬᠠᠮᠵᠢᠯᠴᠠᠨ ᠪᠥᠭᠡᠮ ᠬᠦᠴᠢᠯ ᠤᠨ | ᠪᠠᠶᠢᠴᠠᠭᠠᠯᠳᠠ᠂ ᠲᠠᠬᠤᠯ ᠡᠪᠡᠳᠴᠢᠨ ᠤ ᠪᠠᠶᠢᠴᠠᠭᠠᠯᠲᠠ᠂ ᠠᠨᠠᠭᠠᠬᠤ ᠤᠬᠠᠭᠠᠨ ᠤ ᠰᠢᠭᠰᠢᠨ ᠪᠠᠶᠢᠴᠠᠭᠠᠯᠲᠠ ᠪᠤᠶᠤ | ᠲᠤᠰᠠᠭᠠᠷᠯᠠᠨ ᠬᠠᠮᠢᠶᠠᠷᠴᠤ ᠡᠵᠡᠮᠳᠡᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ | ᠲᠥᠪᠯᠡᠷᠡᠭᠦᠯᠦᠨ ᠳᠣᠰᠠᠭᠠᠷᠯᠠᠵᠦ ᠠᠨᠠᠭᠠᠬᠤ ᠤᠬᠠᠭᠠᠨ ᠤ ᠠᠵᠢᠭᠯᠠᠯᠲᠠ ᠬᠢᠬᠦ ᠴᠢᠬᠤᠯᠠ ᠲᠠᠢ ᠪᠣᠯ ᠬᠠᠤᠯᠢ ᠶᠣᠰᠣᠭᠠᠷ | ᠬᠠᠮᠵᠢᠯᠴᠠᠵᠦ᠂ ᠳᠤᠷ᠎ᠠ ᠪᠠᠷ ᠢᠶᠠᠨ ᠬᠠᠮᠢᠶᠠᠷᠣᠯᠳᠠ ᠶᠢ ᠬᠦᠯᠢᠶᠡᠬᠦ ᠦᠭᠡᠢ ᠪᠠᠶᠢᠵᠦ ᠪᠣᠯᠬᠤ ᠦᠭᠡᠢ︔ ᠭᠡᠷ ᠲᠡᠭᠡᠨ | ᠲᠤᠰᠠᠭᠠᠷᠯᠠᠬᠤ ᠴᠢᠬᠤᠯᠠ ᠲᠠᠢ ᠪᠣᠯ ᠭᠡᠷ ᠠᠴᠠ ᠪᠠᠨ ᠳᠣᠷ᠎ᠠ ᠪᠠᠷ ᠢᠶᠠᠨ ᠭᠠᠷᠴᠦ ᠪᠣᠯᠬᠤ ᠦᠭᠡᠢ︔ ᠭᠡᠷ ᠲᠡᠭᠡᠨ | ᠲᠤᠰᠠᠭᠠᠷᠯᠠᠬᠤ ᠴᠢᠬᠤᠯᠠ ᠦᠭᠡᠢ ᠪᠣᠯ ᠭᠠᠳᠠᠭᠰᠢ ᠭᠠᠷᠬᠤ ᠪᠠᠨ ᠪᠠᠭᠠᠰᠬᠠᠬᠤ ᠬᠡᠷᠡᠭᠲᠠᠢ᠃ ᠵᠢᠭᠤᠯᠴᠢᠯᠠᠨ ᠰᠠᠭᠤᠭᠰᠠᠨ | ᠦᠩᠭᠡᠷᠡᠯᠳᠡ᠂ ᠣᠶᠢᠷᠠᠲᠤᠭᠰᠠᠨ ᠦᠩᠭᠡᠷᠡᠯᠳᠡ ᠪᠠ ᠡᠷᠡᠭᠦᠯ ᠮᠡᠨᠳᠤ ᠶᠢᠨ ᠪᠠᠶᠢᠳᠠᠯ ᠢᠶᠠᠨ ᠵᠣᠷᠢᠭᠤᠳᠠ ᠨᠢᠭᠤᠨ | ᠳᠠᠯᠳᠠᠯᠠᠵᠤ᠂ ᠬᠢᠵᠢᠭ ᠢ ᠰᠡᠷᠭᠡᠶᠢᠯᠡᠬᠦ ᠲᠣᠭᠲᠠᠭᠠᠯ ᠢ ᠬᠡᠷᠡᠭᠵᠢᠭᠦᠯᠬᠦ ᠦᠭᠡᠢ ᠬᠥᠮᠥᠰ ᠠᠴᠠ ᠬᠠᠤᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠨ᠎ᠡ᠃ | ᠡᠷᠡᠭᠦᠯ ᠴᠢᠬᠢᠷᠠᠭ ᠢᠶᠠᠨ ᠠᠩᠬᠠᠷᠴᠤ᠂ ᠬᠢᠨᠠᠨ ᠬᠡᠮᠵᠢᠯᠳᠠ ᠪᠠᠨ ᠰᠠᠶᠢᠲᠤᠷ ᠬᠢᠨ᠎ᠡ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨᠠᠨ ᠬᠡᠮᠵᠢᠯᠳᠠ ᠶᠢ ᠦᠨᠳᠦᠰᠦᠯᠡᠪᠡᠯ ᠡᠨᠡ ᠵᠢᠯ ᠤᠨ ᠬᠠᠯᠳᠠᠪᠤᠷᠢᠲᠤ | ᠲᠠᠭᠰᠢᠭᠤᠷ ᠤᠨ ᠬᠠᠯᠳᠠᠪᠣᠷᠢᠯᠡᠯ ᠤᠨ ᠰᠠᠭᠤᠷᠢ ᠨᠢ ᠬᠥᠬᠡᠭᠴᠢᠨ ᠬᠡᠯᠪᠡᠷᠢ ᠶᠢᠨ ᠬᠠᠯᠳᠠᠪᠤᠷᠢᠲᠤ ᠲᠠᠭᠰᠢᠭᠤᠷ ᠢᠶᠠᠷ | ᠭᠤᠣᠯ ᠪᠣᠯᠭᠠᠵᠤ᠂ ᠬᠥᠮᠥᠰ ᠠᠮᠠᠷᠬᠠᠨ ᠬᠠᠯᠳᠠᠪᠦᠷᠢᠯᠠᠬᠳᠠᠵᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠬᠦᠴᠢᠷᠳᠡᠯ ᠢ ᠣᠯᠠᠮ ᠨᠡᠮᠡᠭᠳᠡᠭᠦᠯᠦᠭᠰᠡᠨ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ | ᠪᠣᠯᠣᠨ ᠮᠠᠯᠴᠢᠨ ᠲᠠᠷᠢᠶᠠᠴᠢᠨ ᠨᠦᠬᠦᠳ ᠥᠪᠡᠷ ᠤᠨ ᠪᠡᠶ᠎ᠡ ᠪᠣᠯᠣᠨ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ | ᠪᠠᠶᠢᠳᠠᠯ ᠢ ᠴᠠᠭ ᠢᠮᠠᠭᠲᠠ ᠠᠩᠬᠠᠷᠴᠤ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ | ᠬᠢᠵᠦ᠂ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠴᠢᠷ ᠭᠠᠷᠬᠤ᠂ ᠬᠤᠭᠤᠯᠠᠢ ᠡᠪᠡᠳᠬᠦ᠂ ᠲᠠᠮᠢᠷᠳᠠᠬᠤ᠂ | ᠰᠠᠭᠤᠯᠭᠠᠬᠤ᠂ ᠠᠮᠳᠠᠯᠠᠬᠤ ᠰᠡᠷᠡᠯ᠂ ᠦᠨᠦᠷ ᠤᠨ ᠰᠡᠷᠡᠯ ᠬᠡᠪ ᠤᠨ ᠪᠤᠰᠤ ᠪᠣᠯᠬᠤ ᠵᠡᠷᠭᠡ ᠡᠪᠡᠳᠴᠢᠨ ᠤ ᠪᠠᠶᠢᠳᠠᠯ | ᠢᠯᠡᠷᠡᠪᠡᠯ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠴᠠᠭ ᠲᠤᠬᠠᠢ ᠳᠤᠨᠢ | ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ | ᠬᠦᠷᠴᠦ ᠰᠢᠭᠰᠢᠨ ᠪᠠᠶᠢᠴᠠᠭᠠᠬᠤ ᠪᠠ ᠡᠮᠨᠡᠭᠦᠯᠬᠦ ᠶᠢᠨ ᠬᠠᠮᠲᠤ ᠬᠤᠪᠢ ᠬᠥᠮᠥᠨ ᠤ ᠶᠠᠪᠣᠵᠦ ᠰᠠᠭᠤᠭᠰᠠᠨ ᠦᠩᠭᠡᠷᠡᠯᠳᠡ | ᠪᠠᠨ ᠦᠨᠡᠨ ᠮᠥᠨ ᠢᠶᠠᠷ ᠨᠢ ᠮᠡᠳᠡᠭᠳᠡᠵᠦ᠂ ᠡᠮᠨᠡᠯᠭᠡ ᠳᠤ ᠣᠴᠢᠬᠤ ᠳᠠᠭᠠᠨ ᠠᠯᠢ ᠴᠢᠳᠠᠬᠤ ᠪᠠᠷ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠢ᠃ | ᠵᠠᠩ ᠵᠠᠩᠰᠢᠯ ᠢᠶᠠᠨ ᠥᠭᠡᠷᠡᠴᠢᠯᠡᠵᠦ᠂ ᠴᠤᠭᠯᠠᠷᠠᠬᠤ ᠠᠴᠠ ᠵᠠᠶᠢᠯᠠᠰᠬᠢᠨ᠎ᠠ᠃ ︽ᠬᠤᠷᠢᠮ ᠨᠠᠶᠢᠷ ᠢ | ᠬᠤᠶᠢᠰᠢᠯᠠᠭᠤᠯᠬᠤ᠂ ᠴᠠᠭᠠᠨ ᠤ ᠶᠠᠪᠤᠳᠠᠯ ᠢ ᠳᠥᠭᠦᠮᠴᠢᠯᠡᠬᠦ᠂ ᠳᠠᠶᠢᠯᠠᠯᠭ᠎ᠠ ᠴᠠᠶᠢᠯᠠᠯᠭ᠎ᠠ ᠶᠢ ᠦᠭᠡᠶᠢᠰᠭᠡᠬᠦ︾ ᠶᠢ | ᠰᠠᠨᠠᠭᠠᠴᠢᠯᠠᠵᠤ᠂ ᠪᠠᠶᠠᠷ ᠳᠤᠷᠠᠰᠬᠠᠯ ᠤᠨ ᠡᠳᠦᠷ ᠤᠨ ᠪᠣᠯᠪᠠᠰᠤᠨ ᠰᠢᠨ᠎ᠡ ᠰᠤᠷᠲᠠᠯ ᠢ ᠪᠤᠶ ᠪᠣᠯᠭᠠᠨ᠎ᠠ᠃ ᠰᠦᠯᠵᠢᠶᠡᠨ | ᠳᠡᠭᠡᠷ᠎ᠡ ᠰᠢᠨ᠎ᠡ ᠶᠢᠨ ᠵᠣᠯᠭᠠᠯᠲᠠ ᠬᠢᠬᠦ᠂ ᠣᠬᠤᠷ ᠴᠢᠮᠡᠭᠡ ᠪᠠᠷ ᠮᠡᠨᠳᠦᠴᠢᠯᠡᠬᠦ ᠶᠢ ᠰᠠᠨᠠᠭᠠᠴᠢᠯᠠᠵᠤ᠂ ᠰᠠᠳᠤᠨ ᠲᠦᠷᠦᠯ | ᠨᠠᠶᠢᠵᠠ ᠨᠥᠬᠦᠳ ᠢᠶᠠᠷ ᠢᠶᠠᠨ ᠳᠣᠭᠤᠷᠢᠬᠤ᠂ ᠭᠡᠷ ᠪᠦᠯᠢ ᠶᠢᠨ ᠨᠠᠶᠢᠷ᠂ ᠨᠠᠶᠢᠵᠠ ᠨᠥᠬᠦᠳ ᠤᠨ ᠴᠣᠬᠯᠠᠭᠠᠨ ᠢ | ᠪᠠᠭᠠᠰᠬᠠᠵᠤ᠂ ᠴᠢᠳᠠᠬᠤ ᠶᠢᠨ ᠳᠣᠲᠣᠷ᠎ᠠ ᠶᠡᠭᠡ ᠬᠡᠪᠴᠢᠶᠡᠨ ᠤ ᠴᠤᠭᠯᠠᠭᠠᠨ ᠢ ᠡᠷᠬᠢᠯᠡᠬᠦ ᠦᠭᠡᠢ ᠪᠠᠶᠢᠵᠤ᠂ ᠬᠡᠷᠪᠡ | ᠡᠷᠬᠢᠯᠡᠬᠦ ᠴᠢᠬᠤᠯᠠ ᠲᠠᠢ ᠪᠣᠯ ᠠᠵᠢᠯᠯᠠᠭ᠎ᠠ ᠶᠢᠨ ᠬᠡᠪᠴᠢᠶ᠎ᠡ ᠶᠢ ᠴᠢᠳᠠᠬᠤ ᠶᠢᠨ ᠳᠣᠳᠣᠷ᠎ᠠ ᠪᠠᠭᠠᠰᠬᠠᠵᠤ᠂ ᠭᠡᠷ | ᠪᠦᠯᠢ ᠶᠢᠨ ᠴᠤᠭᠯᠠᠭᠠᠨ ᠵᠡᠷᠭᠡ ᠶᠢ 10 ᠬᠥᠮᠥᠨ ᠤ ᠳᠣᠳᠣᠷ᠎ᠠ ᠬᠢᠵᠠᠭᠠᠷᠯᠠᠵᠤ᠂ ᠴᠢᠬᠤᠯᠠ ᠪᠦᠬᠦᠢ ᠰᠡᠷᠭᠡᠶᠢᠯᠡᠯᠳᠡ | ᠬᠠᠮᠠᠭᠠᠯᠠᠯᠳᠠ ᠪᠠ ᠠᠷᠢᠭᠤᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠬᠢᠵᠢᠭ ᠤᠨ ᠲᠠᠷᠬᠠᠯᠳᠠ ᠪᠠ ᠰᠣᠯᠪᠢᠴᠠᠨ | ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠨ᠎ᠠ᠃ | ᠰᠠᠶᠢᠨ ᠳᠤᠷ᠎ᠠ ᠠᠴᠠ ᠪᠠᠨ ᠬᠤᠪᠢ ᠨᠡᠮᠡᠷᠢ ᠦᠵᠡᠭᠦᠯᠵᠦ᠂ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠨ᠎ᠡ᠃ | ᠠᠷᠠᠳ ᠣᠯᠠᠨ ᠪᠣᠯ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ ᠭᠤᠣᠯ ᠬᠦᠴᠦᠨ | ᠮᠥᠨ᠃ ᠥᠷᠭᠡᠨ ᠣᠯᠠᠨ ᠲᠦᠮᠡᠨ ᠬᠢᠵᠢᠭ ᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ | ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠬᠢᠵᠢᠭ ᠢ ᠰᠡᠷᠭᠡᠶᠢᠯᠡᠨ ᠡᠵᠡᠮᠳᠡᠬᠦ ᠬᠠᠤᠯᠢ ᠪᠠᠷ | ᠲᠣᠭᠲᠠᠭᠠᠭᠰᠠᠨ ᠡᠭᠦᠷᠭᠡ ᠪᠠᠨ ᠢᠳᠡᠪᠬᠢᠲᠡᠢ ᠭᠦᠢᠴᠡᠳᠬᠡᠵᠦ᠂ ᠨᠥᠬᠦᠷᠰᠡᠭ ᠢᠶᠠᠷ ᠬᠠᠪᠰᠤᠷᠤᠯᠴᠠᠨ ᠲᠠᠪᠰᠢᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠲᠣᠭᠤᠷᠢᠭ ᠲᠤ ᠬᠦᠷᠴᠦ᠂ ᠭᠠᠴᠠᠭ᠎ᠠ | ᠲᠣᠰᠬᠤᠨ ᠳᠤ ᠬᠦᠷᠴᠦ᠂ ᠦᠨᠳᠦᠰᠦᠨ ᠱᠠᠲᠤᠨ ᠳᠤ ᠬᠦᠷᠴᠦ᠂ ᠬᠢᠯᠢ ᠶᠢᠨ ᠭᠠᠳᠠᠨᠠᠬᠢ᠂ ᠤᠯᠤᠰ ᠤᠨ | ᠳᠣᠳᠣᠭᠠᠳᠣᠬᠢ ᠳᠤᠮᠳᠠ ᠦᠨᠳᠦᠷ ᠵᠡᠷᠭᠡ ᠶᠢᠨ ᠠᠶᠤᠯ ᠳᠦᠭᠰᠢᠭᠦᠷᠢᠲᠦ ᠭᠠᠵᠠᠷ ᠣᠷᠣᠨ ᠢᠶᠠᠷ ᠵᠤᠭᠠᠴᠠᠨ ᠰᠠᠭᠤᠭᠰᠠᠨ | ᠬᠥᠮᠥᠰ ᠢ ᠵᠢᠭᠰᠠᠭᠠᠨ ᠪᠠᠶᠢᠴᠠᠭᠠᠬᠤ ᠵᠢᠴᠢ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠬᠦ ᠳᠤ | ᠬᠠᠮᠲᠤᠪᠠᠷ ᠣᠷᠣᠯᠴᠠᠨ᠎ᠠ᠃ ᠡᠷᠬᠢᠨ ᠲᠣᠭᠤᠷᠢᠨ ᠳᠤ ᠴᠢᠨᠢ ᠬᠢᠯᠢ ᠶᠢᠨ ᠭᠠᠳᠠᠨᠠᠬᠢ᠂ ᠤᠯᠤᠰ ᠤᠨ ᠳᠣᠳᠣᠭᠠᠳᠦᠬᠢ | ᠳᠤᠮᠳᠠ ᠦᠨᠳᠦᠷ ᠵᠡᠷᠭᠡ ᠶᠢᠨ ᠠᠶᠤᠯ ᠳᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠡᠳ | ᠮᠡᠳᠡᠭᠦᠯᠦᠭᠰᠡᠨ ᠦᠭᠡᠢ ᠬᠦᠮᠦᠨ ᠪᠠᠶᠢᠪᠠᠯ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠬᠤᠰᠢᠭᠤᠨ ᠤ | ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠪᠠᠨ ᠲᠦᠷᠭᠡᠨ ᠮᠡᠳᠡᠭᠦᠯᠦᠭᠡᠷᠠᠢ᠃ | ᠸᠠᠺᠼᠢᠨ ᠤ ᠲᠠᠷᠢᠯᠭ᠎ᠠ ᠲᠠᠷᠢᠵᠦ᠂ ᠰᠡᠷᠭᠡᠶᠢᠯᠡᠯᠳᠡ ᠶᠢᠨ ᠬᠠᠯᠬᠠᠪᠴᠢ ᠶᠢ ᠪᠠᠶᠢᠭᠤᠯᠤᠨ᠎ᠠ᠃ ᠰᠢᠨ᠎ᠡ | ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠳᠠᠷᠢᠬᠤ ᠪᠣᠯ ᠬᠠᠮᠤᠭ ᠤᠨ ᠪᠦᠲᠦᠮᠵᠢᠲᠡᠶ᠂ | ᠬᠠᠮᠤᠭ ᠤᠨ ᠬᠢᠮᠳᠠ ᠰᠡᠷᠭᠡᠶᠢᠯᠡᠬᠦ ᠠᠷᠭ᠎ᠠ ᠪᠠᠷᠢᠯ ᠪᠣᠯᠣᠨ᠎ᠠ᠃ ᠮᠦᠨᠴᠦ ᠠᠷᠠᠳ ᠢᠷᠭᠡᠨ ᠨᠢᠭᠡᠪᠦᠷᠢ ᠶᠢᠨ ᠨᠡᠶᠢᠭᠡᠮ ᠤᠨ | ᠬᠠᠷᠢᠭᠤᠴᠠᠯᠭ᠎ᠠ ᠮᠥᠨ᠃ ᠲᠠᠷᠢᠯᠭ᠎ᠠ ᠲᠠᠷᠢᠭᠤᠯᠬᠤ ᠨᠥᠬᠦᠴᠡᠯ ᠳᠤ ᠨᠡᠶᠢᠴᠡᠭᠰᠡᠨ ᠪᠠ ᠲᠠᠷᠢᠯᠭ᠎ᠠ ᠲᠠᠷᠢᠭᠤᠯᠬᠤ | ᠬᠤᠭᠤᠴᠠᠭ᠎ᠠ ᠳᠣᠯᠣᠬᠰᠠᠨ ᠥᠷᠭᠡᠨ ᠣᠯᠠᠨ ᠠᠷᠠᠳ ᠬᠠᠷᠢᠶ᠎ᠠ ᠣᠷᠣᠨ ᠤ ᠪᠠᠨ ᠲᠠᠷᠢᠯᠭ᠎ᠠ ᠲᠠᠷᠢᠬᠤ ᠭᠠᠵᠠᠷ ᠲᠤ | ᠲᠦᠷᠭᠡᠨ ᠣᠴᠢᠵᠦ ᠸᠠᠺᠼᠢᠨ ᠤ ᠲᠠᠷᠢᠯᠭ᠎ᠠ ᠶᠢ ᠲᠠᠷᠢᠭᠤᠯᠵᠦ᠂ ᠦᠪᠡᠷ ᠤᠨ ᠬᠠᠯᠳᠠᠪᠤᠷᠢᠯᠠᠯ ᠪᠠ ᠡᠪᠡᠳᠴᠢᠨ ᠬᠢᠵᠢᠭ | ᠤᠨ ᠲᠦᠭᠰᠢᠭᠦᠷᠢ ᠶᠢ ᠪᠠᠭᠠᠰᠬᠠᠨ᠂ ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ | ᠲᠠᠨ ᠤ ᠣᠶᠢᠯᠠᠭᠠᠯᠲᠠ ᠪᠣᠯᠣᠨ ᠳᠡᠮᠵᠢᠯᠭᠡ ᠪᠣᠯ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ | ᠬᠠᠮᠤᠭ ᠤᠨ ᠶᠡᠭᠡ ᠬᠥᠳᠡᠯᠭᠡᠭᠦ ᠬᠦᠴᠦᠨ ᠪᠣᠯᠣᠨ᠎ᠠ᠃ ᠤᠯᠠᠨ ᠲᠦᠮᠡᠨ ᠬᠠᠷᠢᠯᠴᠠᠨ ᠳᠠᠮᠵᠢᠭᠤᠯᠵᠤ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠬᠠᠮᠲᠤᠪᠠᠷ ᠴᠢᠷᠮᠠᠶᠢᠵᠤ ᠬᠢᠯᠪᠡᠷ ᠪᠤᠰᠤ ᠪᠠᠷ ᠣᠯᠣᠬᠰᠠᠨ ᠬᠢᠵᠢᠭ ᠢ ᠰᠡᠷᠭᠡᠶᠢᠯᠡᠨ | ᠡᠵᠡᠮᠳᠡᠭᠰᠡᠨ ᠦᠷ᠎ᠡ ᠪᠦᠲᠦᠭᠡᠯ ᠢ ᠰᠠᠬᠢᠨ ᠬᠠᠮᠠᠭᠠᠯᠠᠶ᠎ᠠ︕ | ᠲᠠ ᠪᠦᠬᠦᠨ ᠤ ᠰᠢᠨ᠎ᠡ ᠨᠢᠭᠡᠨ ᠵᠢᠯ ᠳᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠬᠤᠲᠠᠯᠠᠭᠠᠷ ᠢᠶᠠᠷ ᠢᠶᠠᠨ | ᠪᠠᠶᠠᠷ ᠬᠦᠷ ᠲᠠᠢ᠂ ᠠᠯᠢᠪᠠ ᠪᠦᠬᠦᠨ ᠴᠢᠨᠢ ᠰᠡᠳᠬᠢᠯᠴᠢᠯᠡᠨ ᠪᠦᠳᠦᠬᠦ ᠶᠢ ᠵᠦᠩᠨᠡᠶ᠎ᠡ︕ | | ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | 2022 ᠣᠨ ᠤ 1 | ᠰᠠᠷ᠎ᠠ ᠶᠢᠨ 19 ᠤ ᠡᠳᠦᠷ | | |