ᠪᠡᠭᠡᠵᠢᠩ ᠤᠨ ᠡᠪᠦᠯ ᠤᠨ ᠣᠯᠧᠮᠫᠢᠺ ᠪᠣᠯᠤᠨ ᠵᠡᠮᠳᠡᠭᠴᠦᠳ ᠤᠨ ᠣᠯᠠᠮᠫᠢᠺ ᠶᠢᠨ ᠬᠤᠭᠤᠴᠠᠭᠠᠨ ᠳᠠᠬᠢ ᠫᠤᠤᠵᠢᠩ ᠲᠠᠯᠪᠢᠬᠤ ᠪᠠ ᠬᠤᠳᠠᠯᠳᠤᠬᠤ ᠶᠢ ᠴᠠᠭᠠᠵᠠᠯᠠᠬᠤ ᠲᠤᠬᠠᠶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/1/28
      ᠪᠡᠭᠡᠵᠢᠩ ᠤᠨ ᠡᠪᠦᠯ ᠤᠨ ᠣᠯᠧᠮᠫᠢᠺ ᠪᠣᠯᠤᠨ ᠵᠡᠮᠳᠡᠭᠴᠦᠳ ᠤᠨ ᠣᠯᠠᠮᠫᠢᠺ ᠶᠢᠨ ᠬᠤᠭᠤᠴᠠᠭᠠᠨ ᠳᠠᠬᠢ ᠫᠤᠤᠵᠢᠩ ᠲᠠᠯᠪᠢᠬᠤ ᠪᠠ ᠬᠤᠳᠠᠯᠳᠤᠬᠤ ᠶᠢ ᠴᠠᠭᠠᠵᠠᠯᠠᠬᠤ ᠲᠤᠬᠠᠶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ         ᠮᠠᠨ ᠤ ᠬᠤᠰᠢᠭᠤ ᠨᠢ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠪᠠ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠤ ᠬᠤᠭᠤᠴᠠᠭᠠᠨ ᠳᠠᠬᠢ ᠠᠭᠠᠷ ᠤᠨ ᠶᠠᠰᠤ ᠴᠢᠨᠠᠷ ᠢ ᠪᠠᠲᠤᠯᠠᠬᠤ ᠬᠠᠮᠵᠢᠯᠴᠠᠭᠠᠨ ᠤ ᠭᠠᠵᠠᠷ ᠣᠷᠣᠨ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠪᠠ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠡᠷᠭᠢᠯᠡᠬᠦ ᠬᠤᠭᠤᠴᠠᠭᠠᠨ ᠳᠤ ᠫᠤᠤᠵᠢᠩ ᠲᠠᠯᠪᠢᠬᠤ ᠪᠠ ᠬᠤᠳᠠᠯᠳᠤᠬᠤ ᠶᠢ ᠴᠠᠭᠠᠵᠠᠯᠠᠬᠤ ᠳᠣᠬᠠᠢ ᠳᠣᠤᠷᠠᠬᠢ ᠮᠡᠲᠦ ᠵᠠᠷᠯᠠᠶ᠎ᠠ᠃        ᠨᠢᠭᠡ᠂ ᠫᠤᠤᠵᠢᠩ ᠲᠠᠯᠪᠢᠬᠤ ᠪᠠ ᠬᠤᠳᠠᠯᠳᠤᠬᠤ ᠶᠢ ᠴᠠᠭᠠᠵᠠᠯᠠᠬᠤ ᠴᠠᠭ        2022 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ13 ᠤ ᠡᠳᠦᠷ        ᠬᠤᠶᠠᠷ᠂ ᠫᠤᠤᠵᠢᠩ ᠲᠠᠯᠪᠢᠬᠤ ᠪᠠ ᠬᠤᠳᠠᠯᠳᠤᠬᠤ ᠬᠦᠷᠢᠶ᠎ᠠ ᠬᠡᠪᠴᠢᠶ᠎ᠡ        ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠪᠦᠬᠦ ᠴᠠᠷᠠᠭ᠎ᠠ        ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ       ︵ᠨᠢᠭᠡ︶ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠠᠮ ᠤᠨ ᠭᠡᠰᠢᠭᠦᠨ ᠺᠠᠳ᠋ᠷᠴᠤᠳ ᠲᠣᠰ ᠵᠠᠷᠯᠠᠯ ᠤᠨ ᠲᠣᠭᠲᠠᠭᠠᠯ ᠢ ᠳᠠᠭᠠᠭᠤᠯᠣᠨ ᠬᠡᠷᠡᠭᠵᠢᠭᠦᠯᠵᠦ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠤᠯᠠᠨ ᠲᠦᠮᠡᠨ ᠬᠡᠪ ᠵᠠᠩᠰᠢᠯ ᠢᠶᠠᠨ ᠥᠭᠡᠷᠡᠴᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠭᠠᠷ ᠤᠨ ᠴᠢᠨᠠᠷ ᠴᠢᠨᠰᠠᠭ᠎ᠠ ᠶᠢ ᠬᠠᠮᠲᠤ ᠪᠠᠷ ᠬᠠᠮᠠᠭᠠᠯᠠᠬᠤ ᠬᠡᠷᠡᠭᠲᠡᠶ᠃      ︵ᠬᠤᠶᠠᠷ︶ ᠡᠯ᠎ᠡ ᠰᠤᠮᠤ  ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠫᠤᠤᠵᠢᠩ ᠲᠠᠯᠪᠢᠬᠤ ᠶᠢ ᠴᠠᠭᠠᠵᠠᠯᠠᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠳᠣᠲᠣᠭᠠᠳᠤ ᠶᠢ ᠬᠠᠮᠠᠭᠠᠯᠠᠬᠤ  ᠂ ᠪᠠᠴᠢᠮ ᠪᠠᠶᠢᠳᠠᠯ ᠢ ᠠᠷᠭᠠᠴᠠᠭᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠶᠢᠨ ᠣᠷᠴᠢᠨ ᠲᠣᠭᠤᠷᠢᠨ᠂ ᠰᠤᠷᠭᠠᠨ ᠬᠥᠮᠦᠵᠢᠯ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠨᠢ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂  ᠫᠤᠤᠵᠢᠩ ᠬᠤᠳᠠᠯᠳᠣᠬᠤ ᠶᠢ ᠴᠠᠭᠠᠵᠠᠯᠠᠬᠤ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠨ᠎ᠠ᠃ ᠬᠠᠮ ᠵᠠᠭᠤᠴᠢᠯᠠᠭᠤᠷ ᠤᠨ ᠲᠥᠪ ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃        ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ       ︵ᠨᠢᠭᠡ︶ ᠫᠤᠤᠵᠢᠩ ᠢ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ ᠪᠣᠯ ︽ᠫᠤᠤᠵᠢᠩ  ᠤᠨ ᠠᠮᠦᠷ ᠳᠦᠪᠰᠢᠨ ᠤ ᠬᠠᠮᠢᠶᠠᠷᠤᠯᠲᠠ ᠶᠢᠨ ᠲᠥᠷᠢᠮ︾   ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠢᠯᠡᠳᠪᠦᠷᠢᠯᠡᠨ ᠡᠵᠡᠩᠨᠡᠭᠰᠡᠨ ᠡᠳ᠋ ᠪᠠᠷᠠᠭ᠎ᠠ ᠬᠢᠭᠡᠳ ᠬᠠᠤᠯᠢ ᠠᠴᠠ ᠵᠥᠷᠢᠴᠡᠵᠦ ᠣᠯᠤᠭᠰᠠᠨ ᠵᠣᠭᠤᠰ ᠮᠦᠩᠬᠦ ᠶᠢ ᠬᠤᠷᠢᠶᠠᠵᠤ ᠠᠪᠤᠨ᠎ᠠ᠃ ᠫᠤᠤᠵᠢᠩ ᠢ ᠬᠠᠤᠯᠢ ᠪᠤᠰᠤ ᠪᠠᠷ ᠦᠢᠯᠡᠳᠪᠦᠷᠢᠯᠡᠵᠦ᠂ ᠡᠵᠡᠩᠨᠡᠵᠦ᠂   ᠵᠦᠭᠡᠭᠡᠪᠦᠷᠢᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ︔  ᠶᠠᠯᠠᠲᠦ ᠠᠵᠢᠯᠯᠠᠭ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠬᠤᠶᠠᠷ︶ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠫᠤᠤᠵᠢᠩ ᠲᠠᠯᠪᠢᠬᠤ ᠶᠢ ᠵᠠᠷᠯᠢᠭᠳᠠᠨ ᠵᠣᠭᠰᠣᠭᠠᠵᠤ᠂ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠵᠥᠪᠰᠢᠶᠡᠷᠡᠯ ᠦᠭᠡᠢ ᠪᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠫᠤᠤᠵᠢᠩ ᠲᠠᠯᠪᠢᠬᠤ ᠶᠢ ᠵᠠᠷᠯᠢᠭᠳᠠᠨ ᠵᠣᠭᠰᠣᠭᠠᠵᠤ᠂ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭᠠᠲᠤ  ᠨᠢᠭᠡᠴᠨ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠵᠢᠯᠤᠭᠤᠳᠤᠯᠭ᠎ᠠ ᠶᠢ ᠰᠣᠨᠣᠰᠬᠤ ᠦᠭᠡᠢ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠶᠠᠯᠠᠲᠦ ᠠᠵᠢᠯᠯᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠭᠤᠷᠪᠠ︶ ᠶᠠᠮᠠᠷᠪᠠ ᠪᠠᠶᠢᠭᠤᠯᠭ᠎ᠠ ᠨᠢᠭᠡᠴᠡ ᠪᠣᠯᠤᠨ ᠬᠤᠪᠢ ᠬᠥᠮᠦᠨ ᠬᠠᠤᠯᠢ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠬᠤ ᠥᠢᠯᠡ ᠠᠵᠢᠯᠯᠠᠭ᠎ᠠ ᠶᠢ ᠢᠳᠬᠠᠨ ᠬᠤᠷᠢᠬᠯᠠᠵᠦ ᠵᠣᠭᠰᠣᠭᠠᠬᠤ ᠡᠷᠬᠡ ᠪᠠᠶᠢᠬᠤ ᠶᠢᠨ ᠬᠠᠮᠳᠣ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠢᠳᠡᠪᠬᠢᠲᠡᠶ ᠪᠠᠷ ᠳᠡᠮᠵᠢᠬᠦ ᠪᠠ ᠬᠢᠨᠠᠯᠲᠠ ᠲᠠᠯᠪᠢᠬᠤ ᠶᠢ ᠭᠦᠰᠡᠵᠦ᠂ ᠥᠷᠭᠡᠨ ᠤᠯᠠᠨ ᠲᠦᠮᠡᠨ ᠤ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠵᠣᠷᠢᠬᠲᠠᠢ ᠪᠠᠷ ᠢᠯᠡᠴᠢᠯᠡᠨ ᠮᠡᠳᠡᠭᠦᠯᠬᠦ ᠬᠡᠷᠡᠭᠲᠠᠢ᠃          ᠢᠯᠡᠴᠢᠯᠡᠨ ᠮᠡᠳᠡᠭᠦᠯᠬᠦ ᠤᠲᠠᠰᠤ᠄ 110          ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠶᠢ ᠬᠠᠤᠯᠢ ᠪᠠᠷ ᠬᠠᠮᠠᠭᠠᠯᠠᠨ᠎ᠠ᠃                                                                                     ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                                                              2022 ᠣᠨ ᠤ 1 ᠰᠠᠷ᠎ᠠ ᠶᠢᠨ 1 ᠤ ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号