ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠩ ᠵᠢᠶ ᠵᠧ ᠨᠡᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/10/14
 ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠩ ᠵᠢᠶ ᠵᠧ ᠨᠡᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ    ᠨᠡᠶᠢᠲᠡᠯᠡᠭᠰᠡᠨ ᠴᠠᠭ᠄ 2021/10/14    ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠩ ᠵᠢᠶ ᠵᠧ ᠨᠡᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ 10 ᠰᠠᠷ᠎ᠠ ᠶᠢᠨ 11 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠪᠥᠭᠡᠳ ᠤᠯᠤᠰ ᠤᠨ ᠲᠤᠭ᠎ᠠ ᠪᠦᠷᠢᠳᠬᠡᠯ ᠤᠨ ᠳᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠩ ᠵᠢᠢ ᠵᠧ ᠨᠡᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠪᠣᠯᠤᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠨᠢᠩ ᠵᠢᠢ ᠵᠧ ᠨᠡᠷ ᠰᠢᠩ ᠶᠣᠣ ᠪᠠᠯᠭᠠᠰᠣᠨ ᠤ ᠨᠠᠨ ᠭᠸᠤ ᠲᠣᠰᠬᠤᠨ ᠳᠤ ᠭᠦᠷᠴᠦ ᠲᠤᠰ ᠲᠣᠰᠬᠤᠨ ᠤ ᠬᠠᠮᠲᠤ ᠶᠢᠨ ᠠᠵᠤ ᠠᠬᠤᠢ ᠶᠢᠨ 230KW ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠣᠷᠣᠯᠭ᠎ᠠ᠂ ᠡᠵᠡᠩᠨᠡᠯᠲᠡ ᠵᠢᠴᠢ ᠬᠠᠮᠢᠶᠠᠷᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠣᠰᠬᠤᠨ ᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠪᠤᠴᠠ ᠳᠠᠬᠢ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠥᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠵᠣᠷᠢᠭᠵᠢᠭᠤᠯᠪᠠ᠃ ᠳᠠᠷᠠᠭ᠎ᠠ ᠳᠤᠨᠢ᠂ ᠲᠠᠩᠰᠠ ᠡᠪᠬᠡᠮᠡᠯ ᠪᠠᠶᠢᠭᠤᠯᠤᠨ ᠺᠠᠷᠳ᠋ᠯᠠᠨ ᠳᠠᠩᠰᠠᠯᠠᠭᠰᠠᠨ ᠡᠷᠦᠬᠡ ᠮᠠ ᠮᠢᠩ ᠦ᠋ ᠶᠢᠨ ᠳᠤ ᠬᠦᠷᠴᠦ᠂ ᠬᠡᠷ ᠪᠦᠯᠢ ᠶᠢᠨ ᠣᠷᠣᠯᠭ᠎ᠠ᠂ ᠦᠷ᠎ᠡ ᠬᠡᠤᠬᠡᠳ ᠤᠨ ᠠᠵᠢᠯ ᠣᠯᠭᠤᠯᠲᠠ᠂ ᠡᠮ ᠡᠮᠨᠡᠯᠭᠡ ᠶᠢᠨ ᠪᠠᠲᠤᠯᠠᠭ᠎ᠠ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠦᠷᠭᠦᠯᠵᠢᠯᠡᠨ ᠪᠠᠶᠠᠵᠢᠬᠤ ᠠᠷᠭ᠎ᠠ ᠵᠠᠮ ᠵᠡᠷᠭᠡ ᠪᠠᠶᠢᠳᠠᠯ ᠢ ᠨᠢᠭᠤᠷᠳᠠᠨ ᠣᠶᠢᠯᠠᠭᠠᠭᠰᠠᠨ ᠪᠥᠭᠡᠳ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠺᠠᠳ᠋ᠷ ᠠᠵᠢᠯᠲᠠᠨ ᠢ ᠲᠥᠯᠥᠭᠡᠯᠡᠨ ᠲᠣᠬᠤᠨᠢᠭᠤᠯᠬᠤ ᠮᠥᠩᠭᠦ ᠬᠦᠷᠭᠡᠭᠰᠡᠨ ᠪᠠᠶᠢᠨ᠎ᠠ᠃ ᠲᠣᠰᠬᠤᠨ ᠤ ᠠᠷᠠᠳ ᠤᠨ ᠠᠮᠢᠳᠤᠷᠠᠯ ᠤᠯᠠᠮ ᠠᠴᠠ ᠤᠯᠠᠮ ᠰᠠᠶᠢᠵᠢᠷᠠᠬᠤ ᠶᠢ ᠬᠠᠷᠠᠭᠠᠳ ᠨᠢᠩ ᠵᠢᠢ ᠵᠧ ᠲᠦᠢᠯ ᠢᠶᠠᠷ ᠪᠠᠶᠠᠷᠯᠠᠵᠤ᠂ ᠤᠯᠠᠨ ᠢᠶᠠᠷ ᠢᠶᠠᠨ ᠡᠷᠡᠰ ᠭᠤᠶᠢᠪᠢᠰᠢ ᠦᠭᠡᠢ ᠪᠠᠷ ᠨᠠᠮ ᠢᠶᠠᠨ ᠲᠠᠭᠠᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠵᠠᠯᠭᠠᠮᠵᠢ ᠲᠦᠷᠦ ᠶᠢᠨ ᠪᠤᠳᠤᠯᠭ᠎ᠠ ᠶᠢ ᠭᠦᠷᠳᠡᠭᠰᠡᠨ ᠰᠠᠭᠤᠷᠢᠨ ᠳᠡᠭᠡᠷ᠎ᠡ᠂ ᠲᠤᠰ ᠪᠡᠶ᠎ᠡ ᠶᠢᠨ ᠢᠶᠠᠨ ︽ᠴᠢᠰᠤ ᠪᠦᠲᠦᠭᠡᠬᠦ︾ ᠴᠢᠳᠠᠪᠬᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ ᠬᠡᠷᠡᠭᠲᠡᠢ ᠭᠡᠵᠦ ᠵᠠᠬᠢᠪᠠ᠃ ᠨᠢᠩ ᠵᠢᠢ ᠵᠧ ᠨᠡᠷ ᠴᠢᠶᠠᠨ ᠶᠢᠨ ᠳ᠋ᠡ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠹᠧᠩ ᠰᠢᠨᠵᠢᠯᠡᠬᠦ ᠮᠡᠷᠭᠡᠵᠢᠯ ᠤᠨ ᠺᠣᠮᠫᠠᠨᠢ ᠳᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ᠂ ᠪᠡᠯᠡ ᠮᠥᠩᠭᠦ ᠶᠢᠨ ᠠᠵᠢᠯᠴᠢᠨ ᠬᠡᠷᠡᠭᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠤᠬᠠᠢ ᠶᠢᠨ ᠭᠠᠵᠠᠷ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤ ᠬᠠᠨᠤᠮᠵᠢᠲᠠᠢ ᠪᠠᠶᠢᠬᠤ ᠡᠰᠡᠬᠦ ᠶᠢ ᠯᠠᠪᠯᠠᠨ ᠠᠰᠠᠭᠤᠪᠠ᠃ ᠨᠢᠩ ᠵᠢᠢ ᠵᠧ ᠠᠴᠠ ᠠᠵᠤ ᠠᠬᠤᠶᠢᠯᠠᠯ ᠤᠨ ᠬᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠲᠦᠰᠢᠭᠯᠡᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ︽ᠪᠠᠴᠢᠮ ᠪᠡᠷᠬᠡ ᠭᠦᠰᠡᠬᠦ︾ ᠠᠰᠠᠭᠤᠳᠠᠯ ᠤᠨ ᠲᠣᠭᠤᠷᠢᠨ ᠳᠤ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠴᠢᠩᠭᠠᠳᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠠᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠠᠭᠠᠳ ᠢ ᠰᠢᠯᠤᠭᠤᠳᠬᠠᠨ᠂ ᠬᠥᠭᠵᠢᠯᠲᠡ ᠶᠢᠨ ᠬᠦᠴᠦᠨ ᠵᠦᠢᠯ ᠢ ᠪᠠᠲᠤᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠫᠠᠨ ᡁᠢ ᠹᠧᠩ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠥᠸᠧ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠯᠢ ᡁᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠡᠷᠳᠡᠨᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠤ ᠰᠢᠶᠠᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠩ ᠶᠣᠣ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠶᠦᠩ ᠴᠧᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠱᠣ᠋ ᠷᠧᠨ ᠨᠡᠷ ᠬᠠᠮᠳᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号