ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ
ᠨᠡᠶᠢᠲᠡᠯᠡᠭᠰᠡᠨ ᠴᠠᠭ᠄
2022/10/17
ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ    ᠨᠡᠶᠢᠲᠡᠯᠡᠭᠰᠡᠨ ᠴᠠᠭ᠄ 2020/10/13    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 247 ᠳ᠋ᠤᠭᠠᠷ ᠲᠣᠭᠠᠲᠤ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠢ ᠬᠦᠴᠦᠨ ᠥᠬᠡᠶ ᠪᠣᠯᠭᠠᠬᠤ ᠲᠤᠬᠠᠢ ᠲᠣᠭᠲᠠᠭᠠᠯ︾᠎ ᠢ 2020 ᠣᠨ ᠤ 9 ᠳ᠋ᠦ᠋ᠭᠡᠷ ᠰᠠᠷ᠎ᠠ ᠶᠢᠨ 3᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠡᠯ ᠢᠶᠠᠷ ᠬᠢᠨᠡᠨ ᠵᠦᠪᠯᠡᠵᠦ ᠪᠠᠳᠣᠯᠠᠭᠠᠳ ᠡᠳᠣᠬᠡ ᠨᠡᠶᠢᠳᠡᠯᠡᠪᠡ᠂ ᠨᠡᠶᠢᠳᠡᠯᠡᠭᠰᠡᠨ ᠡᠳᠣᠷ ᠠᠴᠠ ᠡᠬᠢᠯᠡᠵᠦ ᠬᠦᠴᠦᠨ ᠲᠠᠢ ᠪᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ 2020 ᠣᠨ ᠤ 9 ᠳ᠋ᠦ᠋ᠭᠡᠷ ᠰᠠᠷ᠎ᠠ ᠶᠢᠨ 27᠎ ᠤ ᠡᠳᠦᠷ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠃ ᠲᠤᠰ ᠲᠣᠭᠲᠠᠭᠠᠯ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠤᠨ᠎ᠠ᠃ ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠠᠭᠠᠯᠳᠤᠭᠤᠯᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠶᠢᠨ ᠠᠷᠭ᠎ᠠ︾ ︵1992 ᠣᠨ ᠤ 6 ᠳ᠋ᠤᠭᠠᠷ ᠰᠠᠷ᠎ᠠ ᠶᠢᠨ 13᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ 11 ᠳ᠋ᠦ᠋ᠭᠡᠷ ᠰᠠᠷ᠎ᠠ ᠶᠢᠨ 26᠎ ᠤ ᠡᠳᠦᠷ ᠤᠨ ︽ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾᠎ ᠢ ᠦᠨᠳᠦᠰᠦᠯᠡᠨ ᠵᠠᠰᠠᠪᠤᠷᠢ ᠣᠷᠣᠭᠤᠯᠪᠠ︶᠃ ᠬᠤᠶᠠᠷ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠲᠦᠷ ᠬᠡᠷᠡᠭᠵᠢᠭᠦᠯᠬᠦ ᠲᠦᠷᠢᠮ﹀᠎ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ︵2013 ᠣᠨ ᠤ 6 ᠳ᠋ᠤᠭᠠᠷ ᠰᠠᠷ᠎ᠠ ᠶᠢᠨ 6᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃ ᠭᠤᠷᠪᠠ᠂ ︽ᠬᠦᠨᠳᠦ ᠶᠡᠭᠡ ᠠᠶᠤᠯ ᠦᠭᠡᠢ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ︾ ︵2001 ᠣᠨ ᠤ 10 ᠳ᠋ᠤᠭᠠᠷ ᠰᠠᠷ᠎ᠠ ᠶᠢᠨ 19᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 114 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃ ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ ᠶᠡᠬᠡᠲᠡᠶ ᠨᠢᠭᠡᠴᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵2014 ᠣᠨ ᠤ 4 ᠳ᠋ᠦ᠋ᠭᠡᠷ ᠰᠠᠷ᠎ᠠ ᠶᠢᠨ 11᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号