ᠲᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ ᠲᠠᠢ ᠤᠤ︖
ᠨᠡᠶᠢᠲᠡᠯᠡᠭᠰᠡᠨ ᠴᠠᠭ᠄
2022/11/26
 ᠲᠤᠮᠳᠠᠳᠤ ᠪᠠᠭ᠎ᠠ ᠰᠤᠷᠭᠠᠭᠤᠯᠢ ᠶᠢᠨ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ ᠲᠠᠢ ᠤᠤ︖       ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠲᠤᠮᠳᠠᠳᠤ ᠪᠠᠭ᠎ᠠ ᠰᠤᠷᠭᠠᠭᠤᠯᠢ ᠳᠤ ᠬᠦᠳᠡᠯᠮᠦᠷᠢ ᠶᠢᠨ ᠬᠢᠴᠢᠶᠡᠯ ᠲᠤᠬᠢᠷᠠᠭᠤᠯᠬᠤ ᠪᠠᠷ ᠪᠠᠶᠢᠨ᠎ᠠ᠂ ᠲᠡᠭᠡᠪᠡᠯ ᠬᠦᠳᠡᠯᠮᠦᠷᠢ ᠶᠢᠨ ᠬᠢᠴᠢᠶᠡᠯ ᠳᠤ ᠶᠠᠮᠠᠷ ᠶᠠᠮᠠᠷ ᠠᠭᠤᠯᠭ᠎ᠠ ᠪᠠᠭᠳᠠᠵᠦ ᠪᠠᠶᠢᠭ᠎ᠠ ᠪᠤᠯ︖ ᠬᠦᠳᠡᠯᠮᠦᠷᠢ ᠶᠢᠨ ᠬᠢᠴᠢᠶᠡᠯ ᠨᠢ ᠰᠤᠷᠭᠠᠭᠤᠯᠢ ᠳᠠᠪᠰᠢᠬᠤ ᠲᠠᠢ ᠬᠤᠯᠪᠤᠭ᠎ᠠ  ᠲᠠᠢ ᠤᠤ︖ ᠭᠡᠬᠦ ᠵᠡᠷᠭᠡ ᠠᠰᠠᠭᠤᠳᠠᠯ ᠨᠢ ᠰᠤᠷᠤᠬᠴᠢᠳ ᠪᠠ ᠭᠡᠷ ᠤᠨ ᠠᠬᠠᠮᠠᠳ ᠤᠨ ᠠᠩᠬᠠᠷᠤᠯ ᠢ ᠲᠠᠳᠠᠵᠦ ᠪᠠᠶᠢᠨ᠎ᠠ᠃ ᠬᠦᠳᠡᠯᠮᠦᠷᠢ ᠶᠢᠨ ᠬᠢᠴᠢᠶᠡᠯ ᠳᠤ ᠡᠳᠦᠷ ᠲᠤᠳᠤᠮ ᠤᠨ ᠠᠮᠢᠳᠤᠷᠠᠯ ᠤᠨ ᠬᠦᠳᠡᠯᠮᠦᠷᠢ᠂ ᠦᠢᠯᠡᠳᠪᠦᠷᠢᠯᠡᠯ ᠤᠨ ᠬᠦᠳᠡᠯᠮᠦᠷᠢ ᠪᠠ ᠦᠢᠯᠡᠴᠢᠯᠡᠬᠡᠨ ᠤ ᠴᠢᠨᠠᠷ ᠲᠠᠢ ᠬᠦᠳᠡᠯᠮᠦᠷᠢ ᠵᠡᠷᠭᠡ ᠭᠤᠷᠪᠠᠨ ᠲᠦᠷᠦᠯ ᠪᠠᠭᠳᠠᠵᠦ ᠪᠠᠶᠢᠨ᠎ᠠ᠃ ᠡᠨᠡ  ᠨᠢ ᠲᠤᠰ ᠲᠤᠰ ᠶᠠᠮᠠᠷ ᠶᠠᠮᠠᠷ ᠠᠭᠤᠯᠭ᠎ᠠ ᠲᠠᠢ ᠪᠠᠶᠢᠳᠠᠭ ᠪᠤᠯ︖ ᠡᠨᠡ ᠲᠤᠬᠠᠢ ᠲᠤᠰᠬᠠᠢ ᠮᠡᠷᠭᠡᠵᠢᠯᠳᠡᠨ ᠤ ᠲᠠᠨᠢᠯᠴᠠᠭᠤᠯᠬᠤ ᠶᠢ ᠰᠤᠨᠤᠰᠤᠨ᠎ᠠ ᠤᠤ︕ ᠬᠦᠳᠡᠯᠮᠦᠷᠢ ᠶᠢᠨ ᠬᠢᠴᠢᠶᠡᠯ ᠤᠨ ᠦᠨᠡᠯᠡᠯᠳᠡ ᠶᠢᠨ ᠳ᠋ᠦᠩ ᠨᠢ ᠰᠤᠷᠭᠠᠭᠤᠯᠢ ᠳᠠᠪᠰᠢᠬᠤ ᠲᠠᠢ ᠬᠤᠯᠪᠤᠬᠳᠠᠨ᠎ᠠ ᠤᠤ︖ ᠬᠦᠳᠡᠯᠮᠦᠷᠢ ᠶᠢᠨ ᠬᠢᠴᠢᠶᠡᠯ ᠤᠨ ᠦᠨᠡᠯᠡᠯᠳᠡ ᠨᠢ ᠭᠤᠤᠯᠳᠠᠭᠤ ᠬᠤᠶᠠᠷ ᠠᠭᠤᠯᠭ᠎ᠠ ᠲᠠᠢ ᠶᠤᠮ ᠪᠠᠶᠢᠨ᠎ᠠ᠃ ᠲᠤᠬᠠᠶᠢᠯᠠᠪᠠᠯ ᠨᠢᠭᠡ ᠳᠤ᠂ ᠬᠦᠳᠡᠯᠮᠦᠷᠢ ᠶᠢᠨ ᠬᠢᠴᠢᠶᠡᠯ ᠤᠨ ᠬᠦᠮᠦᠵᠢᠯ ᠬᠢᠬᠦ ᠶᠠᠪᠤᠴᠠ ᠳᠤ ᠶᠡᠷᠦᠩᠬᠡᠶᠢᠯᠡᠨ ᠦᠨᠡᠯᠡᠯᠳᠡ ᠬᠢᠬᠦ ᠶᠢ ᠴᠢᠩᠭᠠᠳᠬᠠᠨ᠎ᠠ᠃ ᠬᠤᠶᠠᠷ ᠲᠤ᠂ ᠬᠦᠳᠡᠯᠮᠦᠷᠢ ᠶᠢᠨ ᠬᠢᠷᠢ ᠪᠤᠯᠪᠠᠰᠤᠷᠠᠯ ᠤᠨ ᠦᠨᠡᠯᠡᠯᠬᠡ ᠶᠢ ᠰᠤᠷᠤᠬᠴᠢ ᠶᠢᠨ ᠶᠡᠷᠦᠩᠬᠡᠶᠢᠯᠡᠭᠰᠡᠨ ᠬᠢᠷᠢ ᠪᠦᠳᠦᠮᠵᠢ ᠶᠢᠨ ᠦᠨᠡᠯᠡᠯᠳᠡ ᠶᠢᠨ ᠰᠢᠰᠲ᠋ᠧᠮ ᠳᠤ ᠤᠷᠤᠭᠤᠯᠵᠦ᠂ ᠡᠭᠦᠨ ᠢ ᠰᠤᠷᠤᠬᠴᠢ ᠶᠢᠨ ᠪᠦᠭᠦ ᠲᠠᠯ᠎ᠠ ᠶᠢᠨ ᠭᠦᠭᠵᠢᠯᠳᠡ ᠶᠢ ᠦᠨᠡᠯᠡᠬᠦ ᠴᠢᠬᠤᠯᠠ ᠠᠭᠤᠯᠭ᠎ᠠ ᠪᠤᠯᠭᠠᠵᠦ᠂ ᠰᠢᠯᠢᠳᠡᠭ ᠪᠠ ᠲᠡᠷᠢᠭᠦᠨ ᠤ ᠰᠤᠷᠤᠬᠴᠢ ᠶᠢ ᠦᠨᠡᠯᠡᠨ ᠰᠢᠯᠭᠠᠬᠤ ᠳᠤ ᠴᠢᠬᠤᠯᠠ ᠯᠠᠪᠯᠠᠯᠳᠠ ᠪᠤᠯᠭᠠᠬᠤ ᠶᠢᠨ ᠬᠠᠮᠳᠤ᠂ ᠰᠤᠷᠭᠠᠭᠤᠯᠢ ᠳᠠᠪᠰᠢᠬᠤ ᠳᠤ ᠴᠤ ᠴᠢᠬᠤᠯᠠ ᠯᠠᠪᠯᠠᠯᠳᠠ ᠪᠠ ᠪᠠᠷᠢᠮᠳᠠ ᠪᠤᠯᠭᠠᠬᠤ ᠶᠤᠮ ᠪᠠᠶᠢᠨ᠎ᠠ᠃    
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号