ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ 
ᠨᠡᠶᠢᠲᠡᠯᠡᠭᠰᠡᠨ ᠴᠠᠭ᠄
2022/11/29
ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ        ᠨᠢᠭᠡ᠂ ᠶᠡᠷᠦᠩᠬᠡᠶᠢᠯᠡᠯ    ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠬᠠᠷᠢᠭᠤ ᠲᠤᠰᠬᠠᠭᠰᠠᠨ ᠦᠷ᠎ᠡ ᠳ᠋ᠦᠩ ᠢ ᠦᠨᠳᠦᠰᠦᠯᠡᠪᠡᠯ᠂ 2021 ᠣᠨ ᠤ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 364883 ᠲᠦᠮᠡᠨ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ 19.3%᠎ ᠪᠠᠷ ᠨᠡᠮᠡᠭᠳᠡᠵᠡᠢ᠃ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 73741 ᠲᠦᠮᠡᠨ ᠲᠥᠭᠦᠷᠢᠭ ᠲᠤ ᠬᠦᠷᠴᠦ᠂ 5.2%᠎ ᠢᠶᠠᠷ ᠨᠡᠮᠡᠭᠳᠡᠪᠡ︔ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 152354 ᠲᠦᠮᠡᠨ ᠲᠥᠭᠦᠷᠢᠭ ᠲᠤ ᠬᠦᠷᠴᠦ᠂ 42.8%᠎ ᠪᠠᠷ ᠨᠡᠮᠡᠭᠳᠡᠪᠡ︔ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 138787 ᠲᠦᠮᠡᠨ ᠲᠥᠭᠦᠷᠢᠭ ᠲᠤ ᠬᠦᠷᠴᠦ᠂ 6.5%᠎ ᠪᠠᠷ ᠨᠡᠮᠡᠭᠳᠡᠪᠡ᠃ᠭᠤᠷᠪᠠᠨ ᠠᠵᠤ ᠦᠢᠯᠡᠰ ᠤᠨ ᠬᠠᠷᠢᠴᠠᠯ ᠨᠢ 20.2᠄ 41.8᠄ 38.0 ᠪᠣᠯᠣᠨ᠎ᠠ᠃ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠪᠦᠬᠦ ᠦᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠲᠤᠰ ᠲᠤᠰ 5.9%᠂ 79.8% ᠪᠠ 14.2% ᠪᠣᠯᠣᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠦᠢᠯᠡᠳᠪᠦᠷᠢᠯᠡᠯ ᠤᠨ ᠪᠦᠬᠦ ᠦᠷᠳᠡᠭ 85054 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 21.4%᠎ ᠪᠠᠷ ᠨᠡᠮᠡᠭᠳᠡᠪᠡ᠃    ᠵᠢᠯ ᠤᠨ ᠡᠴᠦᠰ ᠲᠤ ᠪᠥᠬᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 4.28 ᠲᠦᠮᠡ ᠪᠠᠶᠢᠵᠤ᠂ ᠳᠡᠭᠡᠷ᠎ᠡ ᠵᠢᠯ ᠤᠨ ᠡᠴᠦᠰ ᠤᠨ ᠬᠢ ᠠᠴᠠ 0.02 ᠲᠦᠮᠡ ᠪᠠᠭᠠᠰᠪᠠ᠃ ᠡᠭᠦᠨ ᠳᠤ ᠬᠤᠲᠠ ᠪᠠᠯᠭᠠᠰᠤᠨ ᠤ ᠬᠥᠮᠥᠨ ᠠᠮᠠ 2.35 ᠲᠦᠮᠡ᠂ ᠬᠥᠳᠡᠭᠡ ᠲᠣᠰᠬᠤᠨ ᠤ ᠬᠥᠮᠥᠨ ᠠᠮᠠ 1.93 ᠲᠦᠮᠡ ᠪᠠᠶᠢᠨ᠎ᠠ︔ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 54.9%᠎ ᠳᠤ ᠬᠦᠷᠴᠦ᠂ ᠲᠦᠷᠦᠭᠦᠸ ᠵᠢᠯ ᠤᠨ ᠎ ᠬᠢ ᠠᠴᠠ 0.37 ᠵᠠᠭᠤᠨ ᠤ ᠨᠢᠭᠡᠴᠢ ᠳᠡᠭᠡᠭᠰᠢᠯᠡᠪᠡ᠃    ᠵᠢᠯ ᠤᠨ ᠡᠴᠦᠰ ᠤᠨ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 69303 ᠪᠠᠶᠢᠵᠤ᠂ ᠲᠦᠷᠦᠭᠦᠸ ᠵᠢᠯ ᠤᠨ ᠡᠴᠦᠰ ᠤᠨ ᠬᠢ ᠠᠴᠠ 733 ᠬᠠᠰᠤᠭᠳᠠᠵᠠᠢ᠃ᠡᠭᠦᠨ ᠤ ᠳᠣᠲᠣᠷ᠎ᠠ ᠬᠤᠲᠠ ᠪᠠᠯᠭᠠᠰᠤᠨ ᠤ ᠬᠥᠮᠥᠨ ᠠᠮᠠ 15048᠂ ᠬᠥᠳᠡᠭᠡ ᠲᠣᠰᠬᠤᠨ ᠤ ᠬᠥᠮᠥᠨ ᠠᠮᠠ 54255 ᠪᠠᠶᠢᠨ᠎ᠠ᠃ᠡᠷᠡᠭᠲᠡᠢ ᠬᠥᠮᠥᠨ ᠠᠮᠠ 34928᠂ ᠡᠮᠡᠭᠲᠡᠢ ᠬᠥᠮᠥᠨ ᠠᠮᠠ 34375 ᠪᠠᠶᠢᠨ᠎ᠠ᠃ ᠪᠥᠬᠦ ᠵᠢᠯ ᠳᠤ ᠲᠥᠷᠥᠭᠰᠡᠨ ᠬᠥᠮᠥᠨ ᠠᠮᠠ 376 ᠪᠠᠶᠢᠵᠤ᠂ ᠲᠥᠷᠥᠭᠰᠡᠨ ᠨᠣᠷᠮ᠎ᠠ ᠨᠢ 5.43‰ ᠪᠣᠯᠣᠨ᠎ᠠ︔ᠦᠬᠦᠭᠰᠡᠨ ᠬᠥᠮᠥᠨ ᠠᠮᠠ 641 ᠪᠠᠶᠢᠵᠤ᠂ ᠦᠬᠦᠭᠰᠡᠨ ᠨᠣᠷᠮ᠎ᠠ ᠎ ᠨᠢ 9.25‰᠎ ᠳᠤ ᠬᠦᠷᠴᠡᠢ︔ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ 1.29‰ ᠪᠣᠯᠵᠠᠢ᠃    ᠪᠦᠬᠦ ᠵᠢᠯ ᠳᠤ ᠬᠤᠳᠠ ᠪᠠᠯᠭᠠᠰᠤᠨ ᠤ 808 ᠬᠥᠮᠥᠨ  ᠰᠢᠨ᠎ᠡ ᠪᠠᠷ ᠠᠵᠢᠯ  ᠤᠯᠵᠤ᠂ ᠲᠦᠷᠦᠭᠦᠦ ᠵᠢᠯ ᠤᠨ ᠎ ᠬᠢ ᠠᠴᠠ 115 ᠬᠥᠮᠥᠨ ᠬᠠᠰᠤᠭᠳᠠᠪᠠ᠃ 786ᠠᠵᠢᠯ ᠠᠯᠳᠠᠭᠰᠠᠳ ᠲᠠᠬᠢᠨ ᠠᠵᠢᠯ ᠣᠯᠭᠤᠪᠠ᠃ ᠵᠢᠯ ᠤᠨ ᠡᠴᠦᠰ ᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.38%᠃    ᠬᠤᠶᠠᠷ᠂ ᠲᠠᠷᠢᠶᠠᠯᠠᠩ ᠮᠠᠯ ᠠᠵᠤ ᠠᠬᠤᠢ    ᠪᠥᠬᠦ ᠵᠢᠯ ᠳᠤ ᠪᠥᠬᠦ ᠬᠤᠰᠢᠭᠤᠨ ᠤ ᠠᠮᠤ ᠪᠤᠳᠠᠭ᠎ᠠ ᠳᠠᠷᠢᠬᠤ ᠲᠠᠯᠠᠪᠠᠶ 8146 ᠾᠧᠺᠲ᠋ᠠᠷ ᠪᠠᠶᠢᠵᠤ᠂ ᠳᠡᠭᠡᠷ᠎ᠡ ᠵᠢᠯ ᠤᠨ ᠬᠢ ᠠᠴᠠ 1.7%᠎ ᠪᠠᠷ ᠨᠡᠮᠡᠭᠳᠡᠪᠡ᠃ᠡᠭᠦᠨ ᠤ ᠳᠣᠲᠣᠷ᠎ᠠ᠂ ᠠᠮᠤ ᠪᠤᠳᠠᠭ᠎ᠠ ᠲᠠᠷᠢᠬᠤ ᠲᠠᠯᠠᠪᠠᠢ 7229 ᠾᠧᠺᠲ᠋ᠠᠷ ᠲᠤ ᠬᠦᠷᠴᠦ᠂ 1. 8%᠎ ᠪᠠᠷ ᠨᠡᠮᠡᠭᠳᠡᠪᠡ ᠃ ᠪᠤᠷᠴᠠᠭ ᠤᠨ ᠲᠥᠷᠥᠯ ᠤᠨ ᠳᠠᠷᠢᠬᠤ ᠲᠠᠯᠠᠪᠠᠶ 45 ᠾᠧᠺᠲ᠋ᠠᠷ ᠪᠠᠶᠢᠵᠤ᠂ 25.5%᠎ ᠪᠠᠷ ᠪᠠᠭᠤᠷᠠᠪᠠ︔ ᠲᠥᠮᠥᠰᠥᠨ ᠤ ᠲᠥᠷᠥᠯ ᠤᠨ ᠳᠠᠷᠢᠬᠤ ᠲᠠᠯᠠᠪᠠᠶ 873 ᠾᠧᠺᠲ᠋ᠠᠷ ᠪᠠᠶᠢᠵᠤ᠂ 2.8%᠎ ᠪᠠᠷ ᠨᠡᠮᠡᠭᠳᠡᠪᠡ᠃    ᠠᠮᠤ ᠪᠤᠳᠠᠭᠠᠨ ᠤ ᠶᠡᠷᠦᠩᠬᠡᠢ ᠤᠨᠠᠯᠲᠠ 6742 ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 1.5% ᠎ ᠪᠠᠷ ᠨᠡᠮᠡᠭᠳᠡᠵᠡᠢ᠃ᠡᠭᠦᠨ ᠤ ᠳᠣᠲᠣᠷ᠎ᠠ᠂ ᠠᠮᠤ ᠪᠤᠳᠠᠭᠠᠨ ᠤ ᠶᠡᠷᠦᠩᠬᠡᠢ ᠤᠨᠠᠯᠲᠠ 4303 ᠲᠣᠨ ᠳᠤ ᠬᠦᠷᠴᠦ᠂ 25.2%᠎ ᠢᠶᠠᠷ ᠪᠠᠭᠤᠷᠠᠪᠠ᠃ ᠪᠤᠷᠴᠠᠭ ᠤᠨ ᠵᠦᠢᠯ ᠤᠨ ᠶᠡᠷᠦᠩᠬᠡᠢ ᠤᠨᠠᠯᠲᠠ 105 ᠲᠣᠨ᡽᠂ᠲᠥᠮᠥᠰᠥᠨ ᠤ ᠲᠦᠷᠦᠯ ᠤᠨ ᠶᠡᠷᠦᠩᠬᠡᠢ ᠤᠨᠠᠯᠲᠠ 2334 ᠲᠣᠨ ᠳᠤ ᠬᠦᠷᠴᠦ᠂ 161. 9%᠎ ᠪᠠᠷ ᠨᠡᠮᠡᠭᠳᠡᠵᠡᠢ᠃    ᠮᠠᠯᠵᠢᠯ ᠤᠨ ᠣᠨ ᠤ ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ 442393 ᠪᠠᠶᠢᠵᠤ᠂ ᠡᠭᠦᠨ ᠳᠤ ᠪᠤᠳᠠ ᠮᠠᠯ 143343 ᠪᠠᠶᠢᠨ᠎ᠠ︔  ᠪᠤᠭ ᠮᠠᠯ ᠤᠨ ᠲᠤᠭ᠎ᠠ 295715 ᠲᠣᠯᠣᠭᠠᠢ︔3335ᠲᠣᠯᠣᠭᠠᠢ ᠭᠠᠭ᠋ᠠᠢ ᠲᠡᠵᠢᠭᠡᠵᠦ ᠪᠠᠶᠢᠨ᠎ᠠ᠃    ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ    ᠪᠦᠬᠦ ᠵᠢᠯ ᠤᠨ ᠠᠵᠤ ᠦᠢᠯᠡᠳᠪᠦᠷᠢ ᠶᠢᠨ ᠪᠦᠬᠦ ᠨᠡᠮᠡᠭᠳᠡᠯ ᠦᠷᠲᠡᠭ ᠲᠦᠷᠦᠭᠦᠦ ᠵᠢᠯ ᠤᠨ ᠬᠢ ᠠᠴᠠ 72.1% ᠎ ᠪᠠᠷ ᠨᠡᠮᠡᠭᠳᠡᠪᠡ᠃ ᠡᠭᠦᠨ ᠤ ᠳᠣᠲᠣᠷ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 148.2%᠎ ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 71.4% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠠᠵᠤ ᠠᠬᠤᠢ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 16.0% ᠨᠡᠮᠡᠭᠳᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 81.7% ᠨᠡᠮᠡᠭᠳᠡᠵᠡᠢ᠃ᠠᠵᠢᠯ ᠲᠥᠷᠥᠯ ᠤᠨ ᠲᠥᠷᠥᠯ ᠬᠡᠯᠪᠡᠷᠢ ᠪᠠᠷ ᠨᠢ ᠦᠵᠡᠪᠡᠯ᠂ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠎ ᠨᠢ ᠠᠳᠠᠯᠢ ᠬᠤᠭᠤᠴᠠᠭᠠᠨ ᠤ ᠬᠢ ᠠᠴᠠ 87.1%᠎ ᠪᠠᠷ ᠨᠡᠮᠡᠭᠳᠡᠵᠦ᠂ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 70.7%᠎ ᠪᠠᠷ ᠨᠡᠮᠡᠭᠳᠡᠵᠡᠢ᠃ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠴᠠᠬᠢᠯᠭᠠᠨ ᠢᠯᠴᠢ ᠶᠢᠨ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 90.5%᠎ ᠪᠠᠷ ᠨᠡᠮᠡᠭᠳᠡᠪᠡ︔ᠲᠡᠮᠦᠷᠯᠢᠭ ᠤᠨ ᠠᠭᠤᠷᠬᠠᠢ ᠶᠢᠨ  ᠰᠢᠯᠢᠯᠲᠡ ᠵᠢᠴᠢ ᠲᠡᠮᠦᠷᠯᠢᠭ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠎ ᠬᠢ ᠠᠴᠠ 183.8%᠎ ᠪᠠᠷ ᠨᠡᠮᠡᠭᠳᠡᠪᠡ︔ ᠲᠣᠨᠣᠭᠯᠠᠯ ᠦᠢᠯᠡᠳᠬᠦ ᠦᠢᠯᠡᠰ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 32.9%᠎ ᠢᠶᠠᠷ ᠨᠡᠮᠡᠭᠳᠡᠪᠡ᠃    ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 301812 ᠲᠦᠮᠡᠨ ᠲᠥᠭᠦᠷᠢᠭ ᠲᠤ ᠬᠦᠷᠴᠦ᠂  ᠳᠡᠬᠡᠷ᠎ᠡ ᠵᠢᠯ ᠤᠨ ᠎ ᠬᠢ ᠠᠴᠠ 41.5% ᠨᠡᠮᠡᠭᠳᠡᠪᠡ︔ᠡᠵᠡᠩᠨᠡᠯᠲᠡ ᠶᠢᠨ ᠠᠰᠢᠭ ᠬᠤᠨᠵᠢᠪᠤᠷᠢ 42706 ᠲᠦᠮᠡᠨ ᠲᠥᠭᠦᠷᠢᠭ ᠲᠤ ᠬᠦᠷᠴᠦ᠂ 183.7%᠎ ᠪᠠᠷ ᠨᠡᠮᠡᠭᠳᠡᠪᠡ᠃ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 98.8% ᠪᠠᠶᠢᠵᠤ᠂ 1.0 ᠵᠠᠭᠤᠨ ᠤ  ᠬᠤᠪᠢ ᠶᠢᠨ ᠴᠡᠭ ᠨᠡᠮᠡᠭᠳᠡᠪᠡ᠃ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 81.7% ᠪᠠᠶᠢᠵᠤ᠂ ᠲᠦᠷᠦᠭᠦᠸ ᠵᠢᠯ ᠤᠨ ᠡᠴᠦᠰ ᠤᠨ ᠬᠢ ᠠᠴᠠ 2.5 ᠵᠠᠭᠤᠨ ᠤ  ᠬᠤᠪᠢ ᠶᠢᠨ ᠴᠡᠭ ᠨᠡᠮᠡᠭᠳᠡᠪᠡ᠃ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠥᠪᠡᠷ ᠤᠨ ᠥᠷᠲᠡᠭ ᠨᠢ 72.0 ᠲᠥᠭᠦᠷᠢᠭ ᠪᠣᠯᠣᠨ᠎ᠠ᠃    ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠲᠡᠭ ᠳᠡᠭᠡᠷ᠎ᠡ ᠵᠢᠯ ᠤᠨ ᠬᠢ ᠠᠴᠠ 38.1%᠎ ᠪᠠᠷ ᠪᠠᠭᠤᠷᠠᠪᠠ᠃ ᠵᠢᠯ ᠤᠨ ᠡᠴᠦᠰ ᠲᠤ ᠪᠥᠬᠦ ᠬᠤᠰᠢᠭᠤᠨ ᠤ ᠪᠠᠷᠢᠯᠭ᠎ᠠ ᠶᠢᠨ ᠦᠢᠯᠡᠰ ᠤᠨ ᠬᠢᠷᠢ ᠬᠡᠮ ᠤᠨ ᠲᠠᠰ ᠪᠦᠬᠦᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠥᠬᠦ ᠵᠢᠯ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 67 ᠲᠦᠮᠡᠨ ᠲᠥᠭᠦᠷᠢᠭ ᠬᠦᠷᠴᠦ᠂ 68.5%᠎ ᠪᠠᠷ ᠪᠠᠭᠤᠷᠠᠪᠠ︔ᠡᠵᠡᠩᠨᠡᠯᠲᠡ ᠶᠢᠨ ᠭᠠᠶᠢᠯᠢ ᠶᠢᠨ ᠮᠥᠩᠭᠦ ᠵᠢᠴᠢ ᠨᠡᠮᠡᠯᠲᠡ 5 ᠲᠦᠮᠡᠨ ᠲᠥᠭᠦᠷᠢᠭ ᠪᠠᠶᠢᠵᠤ᠂ 42.2%᠎ ᠢᠶᠠᠷ ᠪᠠᠭᠤᠷᠠᠪᠠ᠃    ᠳᠥᠷᠪᠡ᠂ ᠦᠢᠯᠡᠴᠢᠯᠡᠭᠡᠨ ᠤ ᠦᠢᠯᠡᠰ    ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 11915 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 5.4%᠎ ᠪᠠᠷ ᠨᠡᠮᠡᠭᠳᠡᠪᠡ︔ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ 26131 ᠲᠦᠮᠡᠨ ᠲᠥᠭᠦᠷᠢᠭ ᠲᠤ ᠬᠦᠷᠴᠦ᠂ 6.9%᠎ ᠪᠠᠷ ᠨᠡᠮᠡᠭᠳᠡᠪᠡ︔ ᠬᠤᠨᠤᠬᠤ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 5878 ᠲᠦᠮᠡᠨ ᠲᠥᠭᠦᠷᠢᠭ ᠲᠤ ᠬᠦᠷᠴᠦ᠂ 10.7%᠎ ᠪᠠᠷ ᠨᠡᠮᠡᠭᠳᠡᠪᠡ︔ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ 10947 ᠲᠦᠮᠡᠨ ᠲᠥᠭᠦᠷᠢᠭ ᠲᠤ ᠬᠦᠷᠴᠦ᠂ 1.6%᠎ ᠢᠶᠠᠷ ᠪᠠᠭᠤᠷᠠᠪᠠ︔ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 8773 ᠲᠦᠮᠡᠨ ᠲᠥᠭᠦᠷᠢᠭ ᠲᠤ ᠬᠦᠷᠴᠦ᠂ 1.4%᠎ ᠪᠠᠷ ᠨᠡᠮᠡᠭᠳᠡᠪᠡ︔ᠪᠤᠰᠤᠳ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 73800 ᠲᠦᠮᠡᠨ ᠲᠥᠭᠦᠷᠢᠭ ᠲᠤ ᠬᠦᠷᠴᠦ᠂ 8.0% ᠨᠡᠮᠡᠭᠳᠡᠪᠡ᠃     ᠪᠥᠬᠦ ᠵᠢᠯ ᠳᠤ ᠪᠥᠬᠦ ᠬᠤᠰᠢᠭᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 702 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠵᠦ᠂ ᠵᠠᠰᠠᠮᠠᠯ ᠵᠠᠮ ᠤᠨ ᠪᠠᠷᠠᠭᠠᠨ ᠤ ᠡᠷᠭᠢᠯᠲᠡ ᠶᠢᠨ ᠬᠡᠮᠵᠢᠶ᠎ᠡ ᠨᠡᠶᠢᠲᠡ 208357 ᠲᠦᠮᠡᠨ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.7% ᠨᠡᠮᠡᠭᠳᠡᠪᠡ︔ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 23 ᠲᠦᠮᠡᠨ ᠬᠥᠮᠥᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠨ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ 3916 ᠲᠦᠮᠡᠨ ᠬᠥᠮᠥᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0%᠎ ᠪᠠᠷ ᠨᠡᠮᠡᠭᠳᠡᠪᠡ᠃     ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ    ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 52204 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 6.7%᠎ ᠪᠠᠷ ᠨᠡᠮᠡᠭᠳᠡᠪᠡ᠃ᠡᠵᠡᠩᠨᠡᠯᠲᠡ ᠶᠢᠨ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 45263 ᠲᠦᠮᠡᠨ ᠲᠥᠭᠦᠷᠢᠭ ᠲᠤ ᠬᠦᠷᠴᠦ᠂ 5.7%᠎ ᠪᠠᠷ ᠨᠡᠮᠡᠭᠳᠡᠪᠡ︔ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6941 ᠲᠦᠮᠡᠨ ᠲᠥᠭᠦᠷᠢᠭ ᠲᠤ ᠬᠦᠷᠴᠦ᠂ 13.8%᠎ ᠪᠠᠷ ᠨᠡᠮᠡᠭᠳᠡᠪᠡ᠃ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 45668 ᠲᠦᠮᠡᠨ ᠲᠥᠭᠦᠷᠢᠭ ᠲᠤ ᠬᠦᠷᠴᠦ᠂ 4.9%᠎ ᠪᠠᠷ ᠨᠡᠮᠡᠭᠳᠡᠪᠡ;ᠢᠳᠡᠭᠡᠨ ᠤᠮᠳᠠᠭᠠᠨ ᠤ ᠣᠷᠣᠯᠭ᠎ᠠ 6536 ᠲᠦᠮᠡᠨ ᠲᠥᠭᠦᠷᠢᠭ ᠲᠤ ᠬᠦᠷᠴᠦ᠂ 21.7%᠎ ᠪᠠᠷ ᠨᠡᠮᠡᠭᠳᠡᠪᠡ᠃    ᠵᠢᠷᠤᠭ ᠵᠢᠷᠭᠤᠭ᠎ᠠ᠂ ᠲᠣᠭᠲᠠᠮᠠᠯ  ᠬᠦᠷᠦᠩᠬᠡ ᠶᠢᠨ ᠪᠡᠯᠡ ᠣᠷᠣᠭᠤᠯᠤᠯᠲᠠ    ᠪᠦᠭᠦ ᠵᠢᠯ ᠳᠤ ᠪᠦᠭᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠤᠭᠡ ᠶᠢ ᠪᠠᠭᠲᠠᠭᠠᠬᠤ ᠦᠭᠡᠢ︶ ᠲᠦᠷᠦᠭᠦᠦ ᠵᠢᠯ ᠤᠨ ᠬᠢ ᠠᠴᠠ 9.1%᠎ ᠪᠠᠷ ᠨᠡᠮᠡᠭᠳᠡᠪᠡ᠃ᠡᠭᠦᠨ ᠳᠤ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 39 ᠳᠠᠬᠢᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 15.4% ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 3.8 ᠳᠠᠬᠢᠨ ᠨᠡᠮᠡᠭᠳᠡᠪᠡ᠃ᠠᠷᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠦᠭᠦᠦ ᠵᠢᠯ ᠤᠨ ᠬᠢ ᠠᠴᠠ 32.0%᠎ ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 57.6%᠎ ᠳᠤ ᠬᠦᠷᠴᠡᠢ᠃ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠲᠦᠷᠦᠭᠦᠦ ᠵᠢᠯ ᠤᠨ ᠬᠢ ᠠᠴᠠ 6.3%᠎ ᠪᠠᠷ ᠨᠡᠮᠡᠭᠳᠡᠪᠡ᠃    ᠪᠥᠬᠦ ᠵᠢᠯ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 3422 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 25.8% ᠪᠠᠭᠤᠷᠠᠪᠠ᠃ ᠡᠭᠦᠨ ᠳᠤ᠂ ᠣᠷᠣᠨ ᠰᠠᠭᠤᠴᠠ ᠶᠢᠨ ᠪᠡᠯᠡ ᠣᠷᠣᠭᠤᠯᠤᠯᠲᠠ ᠶᠢ 3001 ᠲᠦᠮᠡᠨ ᠲᠥᠭᠦᠷᠢᠭ ᠲᠣᠬᠢᠷᠠᠭᠤᠯᠵᠤ᠂ 29.7%᠎ ᠪᠠᠷ  ᠪᠠᠭᠤᠷᠠᠪᠠ︔ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠭᠡᠷ ᠪᠠᠶᠢᠰᠢᠩ ᠤᠨ ᠪᠡᠯᠡ ᠣᠷᠣᠭᠤᠯᠤᠯᠲᠠ 418 ᠲᠦᠮᠡᠨ ᠲᠥᠭᠦᠷᠢᠭ ᠲᠤ ᠬᠦᠷᠴᠦ᠂ 39.3%᠎ ᠪᠠᠷ ᠨᠡᠮᠡᠭᠳᠡᠪᠡ᠃ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 21432 ᠲᠡᠭᠰᠢ ᠳᠥᠷᠪᠡᠯᠵᠢᠨ ᠮᠧᠲᠷ ᠲᠤ ᠬᠦᠷᠴᠦ᠂ 44.8%᠎ ᠪᠠᠷ ᠪᠠᠭᠤᠷᠠᠪᠠ︔ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠤᠭ᠎ᠠ 4343 ᠲᠦᠮᠡᠨ ᠲᠥᠭᠦᠷᠢᠭ ᠲᠤ ᠬᠦᠷᠴᠦ᠂ 56.1%᠎ ᠪᠠᠷ ᠪᠠᠭᠤᠷᠠᠪᠠ᠃     ᠲᠤᠯᠤᠭ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠳᠠᠭᠠᠳᠬᠠᠯ    ᠪᠥᠬᠦ ᠵᠢᠯ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 14738 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.5% ᠨᠡᠮᠡᠭᠳᠡᠪᠡ᠃ᠡᠭᠦᠨ ᠤ ᠳᠣᠲᠣᠷ᠎ᠠ ᠭᠠᠶᠢᠯᠢ  ᠎ ᠶᠢᠨ ᠣᠷᠣᠯᠭ᠎ᠠ 9460 ᠲᠦᠮᠡᠨ ᠲᠥᠭᠦᠷᠢᠭ ᠲᠤ ᠬᠦᠷᠴᠦ᠂ 6.6%᠎ ᠪᠠᠷ ᠨᠡᠮᠡᠭᠳᠡᠨ᠂ ᠡᠩ ᠤᠨ ᠣᠯᠠᠨ ᠨᠡᠶᠢᠲᠡ  ᠎ ᠶᠢᠨ ᠲᠥᠰᠥᠪ ᠤᠨ ᠣᠷᠣᠯᠭ᠎ᠠ ᠳᠤ ᠡᠵᠡᠯᠡᠬᠦ ᠬᠤᠪᠢ ᠎ ᠶᠢᠨ ᠵᠢᠩ ᠨᠢ 64.2%᠎ ᠲᠤ ᠬᠦᠷᠴᠡᠢ᠃ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 126022 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠎ ᠬᠢ ᠠᠴᠠ 16.0%᠎ ᠪᠠᠷ ᠪᠠᠭᠤᠷᠠᠪᠠ᠃    ᠵᠢᠯ ᠤᠨ ᠡᠴᠦᠰ ᠤᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 269108 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠡᠴᠦᠰ ᠤᠨ ᠬᠢ ᠠᠴᠠ 2.2% ᠨᠡᠮᠡᠭᠳᠡᠪᠡ᠂ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 194357 ᠲᠦᠮᠡᠨ ᠲᠥᠭᠦᠷᠢᠭ ᠲᠤ ᠬᠦᠷᠴᠦ᠂ 0.4% ᠨᠡᠮᠡᠭᠳᠡᠪᠡ︔ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 58672 ᠲᠦᠮᠡᠨ ᠲᠥᠭᠦᠷᠢᠭ ᠲᠤ ᠬᠦᠷᠴᠦ᠂ 26.4%᠎ ᠪᠠᠷ ᠨᠡᠮᠡᠭᠳᠡᠪᠡ᠃    ᠵᠢᠯ ᠤᠨ ᠡᠴᠦᠰ ᠤᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 198949 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠡᠴᠦᠰ ᠤᠨ ᠬᠢ ᠠᠴᠠ 27.8% ᠨᠡᠮᠡᠭᠳᠡᠵᠡᠢ᠃ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 132228 ᠲᠦᠮᠡᠨ ᠲᠥᠭᠦᠷᠢᠭ ᠲᠤ ᠬᠦᠷᠴᠦ᠂ 23.3%᠎ ᠪᠠᠷ ᠨᠡᠮᠡᠭᠳᠡᠪᠡ︔ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 66721 ᠲᠦᠮᠡᠨ ᠲᠥᠭᠦᠷᠢᠭ ᠲᠤ ᠬᠦᠷᠴᠦ᠂ 37.7%᠎ ᠪᠠᠷ ᠨᠡᠮᠡᠭᠳᠡᠪᠡ᠃    ᠵᠢᠯ ᠤᠨ ᠡᠴᠦᠰ ᠲᠤ ᠪᠥᠬᠦ ᠬᠤᠰᠢᠭᠤᠨ ᠤ ᠳᠠᠭᠠᠳᠬᠠᠯ ᠤᠨ ᠪᠠᠶᠢᠭᠤᠯᠤᠮᠵᠢ ᠨᠡᠶᠢᠲᠡ 6 ᠪᠠᠶᠢᠨ᠎ᠠ᠃ᠪᠥᠬᠦ ᠵᠢᠯ ᠳᠤ ᠳᠠᠭᠠᠳᠬᠠᠯ ᠤᠨ ᠦᠢᠯᠡᠰ ᠤᠨ ᠪᠡᠶᠡᠯᠡᠭᠦᠯᠦᠭᠰᠡᠨ ᠳᠠᠭᠠᠳᠬᠠᠯ ᠤᠨ ᠰᠦᠢᠳᠬᠡᠯ ᠤᠨ ᠣᠷᠣᠯᠭ᠎ᠠ 6756 ᠲᠦᠮᠡᠨ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 6.7%᠎ ᠪᠠᠷ ᠨᠡᠮᠡᠭᠳᠡᠪᠡ᠃ᠪᠥᠬᠦ ᠵᠢᠯ ᠤᠨ ᠳᠠᠭᠠᠳᠬᠠᠯ ᠤᠨ ᠵᠠᠷᠤᠳᠠᠯ ᠤᠨ ᠵᠠᠷᠤᠯᠭ᠎ᠠ 2603 ᠲᠦᠮᠡᠨ ᠲᠥᠭᠦᠷᠢᠭ ᠲᠤ ᠬᠦᠷᠴᠦ᠂ 5.5%᠎ ᠪᠠᠷ ᠨᠡᠮᠡᠭᠳᠡᠪᠡ᠃    ᠨᠠᠢᠮᠠ᠂ ᠰᠠᠭᠤᠭᠠᠯᠢ ᠠᠷᠠᠳ ᠤᠨ ᠣᠷᠣᠯᠭ᠎ᠠ ᠶᠢᠨ ᠬᠡᠷᠡᠭᠯᠡᠭᠡ ᠪᠠ ᠨᠡᠶᠢᠭᠡᠮ ᠎ ᠤᠨ ᠪᠠᠲᠤᠯᠠᠭ᠎ᠠ    ᠪᠦᠬᠦ ᠵᠢᠯ ᠳᠤ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ  ᠳᠤᠬᠢᠷᠠᠭᠤᠯᠵᠤ ᠪᠤᠯᠬᠤᠶᠢᠴᠠ ᠣᠷᠣᠯᠭ᠎ᠠ 27066 ᠲᠥᠭᠦᠷᠢᠭ ᠲᠤ ᠬᠦᠷᠴᠦ᠂  ᠲᠦᠷᠦᠭᠦᠦ ᠵᠢᠯ ᠤᠨ ᠬᠢ ᠠᠴᠠ 9.1%᠎ ᠪᠠᠷ ᠨᠡᠮᠡᠭᠳᠡᠪᠡ᠃ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠳᠤᠬᠢᠷᠠᠭᠤᠯᠵᠤ ᠪᠤᠯᠬᠤᠶᠢᠴᠠ ᠣᠷᠣᠯᠭ᠎ᠠ 41507 ᠲᠥᠭᠦᠷᠢᠭ ᠲᠤ ᠬᠦᠷᠴᠦ᠂ 8.2%᠎ ᠢᠶᠠᠷ ᠨᠡᠮᠡᠭᠳᠡᠪᠡ ︔ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠳᠤᠬᠢᠷᠠᠭᠤᠯᠵᠤ ᠪᠤᠯᠬᠤᠶᠢᠴᠠ ᠣᠷᠣᠯᠭ᠎ᠠ 15241 ᠲᠥᠭᠦᠷᠢᠭ ᠲᠤ ᠬᠦᠷᠴᠦ᠂ 11.2%᠎ ᠢᠶᠠᠷ ᠨᠡᠮᠡᠭᠳᠡᠪᠡ᠃    ᠪᠦᠬᠦ ᠵᠢᠯ ᠤᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ ᠵᠠᠷᠤᠯᠭ᠎ᠠ 17783 ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 14.4%᠎ ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 25811 ᠲᠥᠭᠦᠷᠢᠭ ᠲᠤ ᠬᠦᠷᠴᠦ᠂ 12.4%᠎ ᠪᠠᠷ ᠨᠡᠮᠡᠭᠳᠡᠪᠡ;ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠶᠢ 11470 ᠲᠥᠭᠦᠷᠢᠭ ᠲᠣᠬᠢᠷᠠᠭᠤᠯᠵᠤ ᠂ 18.0%᠎ ᠪᠠᠷ ᠨᠡᠮᠡᠭᠳᠡᠭᠦᠯᠦᠨ᠎ᠡ᠃    ᠵᠢᠯ ᠤᠨ ᠡᠴᠦᠰ ᠲᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠲᠤᠭ᠎ᠠ 37.2% ᠪᠠᠶᠢᠵᠤ᠂ ᠲᠦᠷᠦᠭᠦᠸ ᠵᠢᠯ ᠤᠨ ᠬᠢ ᠠᠴᠠ 0.2 ᠵᠠᠭᠤᠨ ᠤ  ᠬᠤᠪᠢ ᠎ ᠶᠢᠨ ᠴᠡᠭ ᠪᠠᠭᠤᠷᠠᠪᠠ︔ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠲᠤᠭ᠎ᠠ 31.8% ᠪᠠᠶᠢᠵᠤ᠂ ᠳᠡᠭᠡᠷ᠎ᠡ ᠵᠢᠯ ᠤᠨ ᠬᠢ ᠠᠴᠠ 3.2 ᠵᠠᠭᠤᠨ ᠤ  ᠬᠤᠪᠢ ᠶᠢᠨ ᠴᠡᠭ  ᠪᠠᠭᠤᠷᠠᠪᠠ᠃    ᠵᠢᠯ ᠤᠨ ᠡᠴᠦᠰ ‍ᠦᠨ‌ᠦᠨᠳᠦᠰᠦᠨ‌ᠡᠮᠨᠡᠯᠭᠡ ᠶᠢᠨ ᠳᠠᠭᠠᠳᠬᠠᠯ ᠲᠤ᠋‌ᠣᠷᠣᠯᠴᠠᠭᠰᠠᠨ ᠬᠥᠮᠥᠨ ᠤ ᠲᠤᠭ᠎ᠠ 60703 ᠪᠣᠯᠵᠤ᠂ ᠲᠦᠷᠦᠭᠦᠸ ᠵᠢᠯ ᠤᠨ ᠬᠢ ᠠᠴᠠ 717 ᠬᠥᠮᠥᠨ ᠬᠠᠰᠤᠭᠳᠠᠵᠤ᠂ 1.2%᠎ ᠢᠶᠠᠷ ᠪᠠᠭᠤᠷᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 87.6%᠎ ᠳᠤ ᠬᠥᠷᠪᠡ᠃ᠡᠭᠦᠨ ᠤ ᠳᠣᠲᠣᠷ᠎ᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ‌ᠡᠮᠨᠡᠯᠭᠡ ᠶᠢᠨ ᠳᠠᠭᠠᠳᠬᠠᠯ ᠲᠤ 6837 ᠬᠥᠮᠥᠨ ᠣᠷᠣᠯᠴᠠᠵᠤ᠂ ᠲᠦᠷᠦᠭᠦᠦ ᠵᠢᠯ ᠤᠨ ᠬᠢ ᠠᠴᠠ 202 ᠬᠥᠮᠥᠨ ᠨᠡᠮᠡᠭᠳᠡᠨ᠂ 3.0% ᠨᠡᠮᠡᠭᠳᠡᠵᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ‌ᠡᠮᠨᠡᠯᠭᠡ ᠶᠢᠨ ᠳᠠᠭᠠᠳᠬᠠᠯ ᠲᠤ 53866 ᠬᠥᠮᠥᠨ ᠣᠷᠣᠯᠴᠠᠵᠤ᠂ ᠲᠦᠷᠦᠭᠦᠦ ᠵᠢᠯ ᠤᠨ ᠎ ᠬᠢ ᠠᠴᠠ 919 ᠬᠥᠮᠥᠨ ᠬᠠᠰᠤᠭᠳᠠᠵᠤ᠂ 1.7%᠎ ᠪᠠᠷ ᠪᠠᠭᠤᠷᠠᠪᠠ᠃    ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ  ᠳᠠᠭᠠᠳᠬᠠᠯ ᠲᠤ ᠣᠷᠣᠯᠴᠠᠭᠰᠠᠨ ᠬᠥᠮᠥᠨ ᠤ ᠲᠤᠭ᠎ᠠ 11498 ᠪᠣᠯᠵᠤ᠂ ᠲᠦᠷᠦᠭᠦᠦ ᠵᠢᠯ ᠤᠨ ᠬᠢ ᠠᠴᠠ 2.6%᠎ ᠪᠠᠷ ᠨᠡᠮᠡᠭᠳᠡᠵᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ  ᠳᠠᠭᠠᠳᠬᠠᠯ ᠲᠤ  ᠣᠷᠣᠯᠴᠠᠭᠰᠠᠨ ᠬᠥᠮᠥᠨ ᠤ ᠲᠤᠭ᠎ᠠ 32930 ᠪᠣᠯᠵᠤ᠂ ᠲᠦᠷᠦᠭᠦᠦ ᠵᠢᠯ ᠤᠨ ᠬᠢ ᠠᠴᠠ 5.4%᠎ ᠪᠠᠷ ᠨᠡᠮᠡᠭᠳᠡᠪᠡ᠃ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 2487 ᠬᠥᠮᠥᠨ ᠪᠠᠶᠢᠵᠤ᠂ ᠲᠦᠷᠦᠭᠦᠦ ᠵᠢᠯ ᠤᠨ ᠬᠢ ᠠᠴᠠ 15.1%᠎ ᠪᠠᠷ ᠨᠡᠮᠡᠭᠳᠡᠪᠡ;ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠤᠭᠰᠠᠨ ᠬᠥᠮᠥᠨ ᠤ ᠲᠤᠭ᠎ᠠ 64 ᠬᠥᠮᠥᠨ ᠪᠠᠶᠢᠵᠤ᠂ 56.1%᠎ ᠪᠠᠷ ᠨᠡᠮᠡᠭᠳᠡᠪᠡ᠃    ᠶᠢᠰᠦ᠂ ᠰᠤᠷᠭᠠᠨ ᠬᠥᠮᠦᠵᠢᠯ    ᠵᠢᠯ ᠤᠨ ᠡᠴᠦᠰ ᠲᠤ ᠪᠥᠬᠦ ᠬᠤᠰᠢᠭᠤᠨ ᠤ ᠡᠩ ᠤᠨ ᠪᠠᠭ᠎ᠠ ᠰᠤᠷᠭᠠᠭᠤᠯᠢ 3 ᠪᠠᠶᠢᠵᠤ᠂ 293 ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 1533᠂ ᠲᠡᠭᠦᠰᠬᠦ ᠰᠣᠷᠣᠭᠴᠢ 273 ᠪᠠᠶᠢᠨ᠎ᠠ᠃ᠡᠩ ᠤᠨ ᠳᠤᠮᠳᠠᠳᠤ ᠰᠤᠷᠭᠠᠭᠤᠯᠢ 2 ᠪᠠᠶᠢᠵᠤ᠂ 354 ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 1021᠂ ᠲᠡᠭᠦᠰᠦᠭᠰᠡᠨ ᠰᠣᠷᠣᠭᠴᠢ 382 ᠪᠣᠶ᠃ᠬᠡᠦᠬᠡᠳ ᠤᠨ ᠴᠡᠴᠡᠷᠯᠢᠭ 6 ᠪᠠᠶᠢᠵᠤ᠂ 280 ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 946᠂ ᠲᠡᠭᠦᠰᠬᠦ ᠰᠣᠷᠣᠭᠴᠢ 311 ᠪᠣᠶ᠃    ᠠᠷᠪᠠ᠂ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠤ    ᠵᠢᠯ ᠤᠨ ᠡᠴᠦᠰ ᠲᠤ ᠪᠦᠭᠦ ᠬᠤᠰᠢᠭᠤᠨ ᠳᠤ ᠤᠯᠠᠭᠠᠨᠮᠥ᠋ᠴᠢᠷ 1  ᠂ ᠰᠣᠶᠣᠯ ᠤᠨ ᠣᠷᠳᠣᠨ ᠳᠤ 1᠂ ᠨᠣᠮ ᠤᠨ ᠰᠠᠩ ᠳᠤ 1 ᠪᠤᠢ᠃ ᠵᠢᠯ ᠤᠨ ᠡᠴᠦᠰ ᠤᠨ ᠪᠥᠬᠦ ᠬᠤᠰᠢᠭᠤᠨ ᠤ ᠷᠠᠳᠢᠣ᠋ ᠨᠡᠪᠲᠡᠷᠡᠭᠦᠯᠭᠡ ᠶᠢᠨ ᠫᠷᠣᠭ᠍ᠷᠠᠮ ᠤᠨ ᠶᠡᠷᠦᠩᠬᠡᠶᠢᠯᠡᠭᠰᠡᠨ ᠬᠥᠮᠥᠨ ᠠᠮᠠ ᠶᠢᠨ ᠪᠦᠷᠬᠦᠴᠡ ᠶᠢᠨ ᠨᠣᠷᠮ᠎ᠠ 99.7% ᠪᠣᠯᠣᠨ᠎ᠠ᠃ᠵᠢᠯ ᠤᠨ ᠡᠴᠦᠰ ᠲᠤ ᠪᠥᠬᠦ ᠬᠤᠰᠢᠭᠤᠨ ᠤ ᠤᠲᠠᠰᠤᠲᠤ ᠲᠧᠯᠸᠢᠰ ᠤᠨ ᠬᠡᠷᠡᠭᠯᠡᠭᠴᠢ 6531 ᠡᠷᠦᠬᠡ ᠪᠣᠯᠪᠠ᠃    ᠵᠢᠯ ᠤᠨ ᠡᠴᠦᠰ ᠲᠤ ᠪᠦᠭᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 13 ᠪᠤᠢ᠂ ᠡᠭᠦᠨ ᠳᠤ ᠡᠮᠨᠡᠯᠭᠡ ᠶᠢᠨ ᠬᠤᠷᠢᠶ᠎ᠠ 2᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 7᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ 1᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠭᠠᠵᠠᠷ 1᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ 1 ᠪᠤᠢ᠃    ᠵᠢᠯ ᠤᠨ ᠡᠴᠦᠰ ᠲᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 302 ᠬᠥᠮᠥᠨ ᠪᠠᠶᠢᠵᠤ᠂ ᠡᠭᠦᠨ ᠤ ᠳᠣᠲᠣᠷ᠎ᠠ ᠠᠵᠢᠯ ᠡᠷᠭᠢᠯᠡᠬᠦ ᠡᠮᠴᠢ 100 ᠬᠥᠮᠥᠨ᠂ ᠠᠵᠢᠯ ᠡᠷᠭᠢᠯᠡᠬᠦ ᠲᠤᠰᠠᠯᠠᠬᠤ ᠡᠮᠴᠢ 39 ᠬᠥᠮᠥᠨ᠂ ᠳᠠᠩᠰᠠᠯᠠᠭᠤᠯᠤᠭᠰᠠᠨ ᠰᠤᠪᠢᠯᠠᠭᠴᠢ 147 ᠬᠥᠮᠥᠨ ᠪᠠᠶᠢᠨ᠎ᠠ᠃    ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ 199 ᠪᠤᠢ᠂ ᠡᠭᠦᠨ ᠳᠤ ᠡᠮᠨᠡᠯᠭᠡ ᠶᠢᠨ ᠬᠤᠷᠢᠶ᠎ᠠ 160᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 39 ᠪᠤᠢ᠃
微信图片_20221129113547.jpg
 
ᠢᠷᠡᠯᠲᠡ᠄ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠰᠠᠭ ᠤᠨ ᠤᠷᠲᠤᠨ ᠤ ᠮᠥᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号