ᠰᠢᠷᠭ᠎ᠠ ᠶᠢᠨ ᠨᠠᠭᠤᠷ ᠤᠨ ᠳᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/30
          ᠰᠢᠷᠭ᠎ᠠ ᠶᠢᠨ ᠨᠠᠭᠤᠷ ᠤᠨ ᠳᠣᠪᠴᠢ ᠲᠠᠨᠢᠯᠴᠠᠭᠤᠯᠭ᠎ᠠᠰᠢᠷᠭ᠎ᠠ ᠶᠢᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠨᠢ ᠰᠢᠷᠭᠠᠨᠠᠭᠤᠷ ᠭᠠᠴᠠᠭ᠎ᠠ ᠶᠢᠨ ᠬᠢᠯᠢ ᠳᠤ ᠪᠠᠶᠢᠳᠠᠭ᠃  ᠬᠤᠰᠢᠭᠤ ᠵᠠᠰᠠᠭ ᠤᠨ ᠣᠷᠳᠣᠨ ᠤ ᠪᠠᠶᠢᠭ᠎ᠠ ᠮᠢᠩᠭᠠᠨᠲᠤ ᠪᠠᠯᠭᠠᠰᠤ ᠠᠴᠠ ᠪᠠᠷᠤᠭ 70 ᠺᠢᠯᠣᠮᠧᠲᠷ ᠵᠠᠶᠢᠲᠠᠢ ᠪᠠᠶᠢᠵᠤ᠂ ᠨᠠᠭᠤᠷ ᠵᠢᠴᠢ ᠡᠷᠬᠢᠨ ᠲᠣᠭᠤᠷᠢᠨ ᠤ ᠨᠤᠭᠤ ᠭᠠᠵᠠᠷ᠂ ᠣᠶᠢᠲᠤ ᠭᠠᠵᠠᠷ᠂ ᠡᠯᠡᠰᠦᠷᠬᠡᠭ ᠭᠠᠵᠠᠷ ᠢ ᠪᠠᠭᠲᠠᠭᠠᠵᠤ᠂ ᠨᠠᠭᠤᠷ ᠴᠥᠭᠦᠷᠥᠮ ᠨᠤᠭᠤ ᠭᠠᠵᠠᠷ᠂ ᠨᠠᠮᠤᠭ ᠨᠤᠭᠤ ᠭᠠᠵᠠᠷ᠂ ᠭᠤᠣᠯ ᠮᠥᠷᠡᠨ ᠨᠤᠭᠤ ᠭᠠᠵᠠᠷ ᠵᠡᠷᠭᠡ ᠣᠯᠠᠨ ᠨᠤᠭᠤ ᠭᠠᠵᠠᠷ ᠤᠨ ᠲᠥᠷᠥᠯ ᠵᠦᠢᠯ ᠢ ᠬᠠᠮᠤᠷᠴᠤ᠂ ᠪᠦᠬᠦᠶᠢᠯᠡ ᠨᠤᠭᠤ ᠭᠠᠵᠠᠷ ᠤᠨ ᠴᠡᠴᠡᠷᠯᠢᠭ ᠤᠨ ᠲᠥᠯᠥᠪᠵᠢᠭᠦᠯᠦᠭᠰᠡᠨ ᠶᠡᠷᠦᠩᠬᠡᠢ ᠲᠠᠯᠠᠪᠠᠶ ᠨᠢ 23768 ᠮᠦ᠂ ᠨᠤᠭᠤ ᠭᠠᠵᠠᠷ ᠤᠨ ᠶᠡᠷᠦᠩᠬᠡᠢ ᠲᠠᠯᠠᠪᠠᠶ ᠨᠢ 13293 ᠮᠦ ᠪᠠᠶᠢᠵᠤ᠂ ᠡᠭᠦᠨ ᠳᠤ ᠨᠠᠭᠤᠷ ᠤᠨ ᠲᠠᠯᠠᠪᠠᠶ ᠨᠢ 8269 ᠮᠦ᠂ ᠨᠠᠭᠤᠷ ᠤᠨ ᠡᠷᠬᠢᠨ ᠲᠣᠭᠤᠷᠢᠨ ᠤ ᠨᠤᠭᠤ ᠭᠠᠵᠠᠷ ᠤᠨ ᠲᠠᠯᠠᠪᠠᠶ ᠎ ᠨᠢ 5023 ᠮᠦ ᠪᠠᠶᠢᠵᠤ᠂ ᠨᠤᠭᠤ ᠭᠠᠵᠠᠷ ᠤᠨ ᠨᠣᠷᠮ᠎ᠠ ᠨᠢ 55.93% ᠪᠣᠯᠣᠨ᠎ᠠ᠃ ᠰᠢᠷᠭ᠎ᠠ ᠶᠢᠨ ᠨᠠᠭᠤᠷ ᠪᠣᠯ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠮᠤᠭ ᠤᠨ ᠶᠡᠭᠡ ᠪᠠᠶᠢᠭᠠᠯᠢ ᠶᠢᠨ ᠨᠠᠭᠤᠷ ᠪᠠᠶᠢᠵᠤ᠂ ᠡᠷᠬᠢᠨ ᠲᠣᠭᠤᠷᠢᠨ ᠤ ᠬᠠᠮᠤᠭ ᠤᠨ ᠴᠢᠬᠤᠯᠠ ᠤᠰᠤ ᠬᠠᠳᠠᠭᠠᠯᠠᠬᠤ ᠣᠷᠣᠨ ᠪᠠ ᠤᠰᠤᠨ ᠰᠤᠷᠪᠤᠯᠵᠢ ᠶᠢᠨ ᠣᠷᠣᠨ ᠪᠠᠶᠢᠵᠤ᠂ ᠥᠪᠡᠷᠮᠢᠴᠡ ᠠᠮᠢ ᠠᠬᠤᠢ ᠶᠢᠨ ᠰᠢᠰᠲ᠋ᠧᠮ ᠢ ᠪᠣᠶ ᠪᠣᠯᠭᠠᠵᠠᠢ᠂ ᠡᠶᠢᠮᠦ ᠠᠴᠠ ᠰᠢᠷᠭ᠎ᠠ ᠶᠢᠨ  ᠨᠠᠭᠤᠷ ᠵᠢᠴᠢ ᠲᠡᠭᠦᠨ ᠤ ᠡᠷᠬᠢᠨ ᠲᠣᠭᠤᠷᠢᠨ ᠤ ᠴᠢᠬᠤᠯᠠ ᠴᠢᠭᠢᠭᠯᠢᠭ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠨᠢ ᠭᠠᠵᠠᠷ ᠰᠢᠷᠣᠢ ᠶᠢᠨ ᠡᠯᠡᠰᠦᠵᠢᠬᠦ ᠶᠢ ᠰᠡᠷᠭᠡᠶᠢᠯᠡᠨ ᠵᠠᠰᠠᠬᠤ᠂ ᠡᠯᠡᠰᠦᠵᠢᠭᠰᠡᠨ ᠭᠠᠵᠠᠷ ᠰᠢᠷᠣᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠪᠡᠭᠡᠵᠢᠩ ᠲᠢᠶᠠᠨᠵᠢᠨ ᠤ ᠠᠮᠢ ᠠᠬᠤᠢ ᠶᠢᠨ ᠬᠠᠯᠬᠠᠪᠴᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃
 
 
ᠢᠷᠡᠯᠲᠡ᠄ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠰᠠᠭ ᠤᠨ ᠤᠷᠲᠤᠨ ᠤ ᠮᠥᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号