ᠰᠢᠷᠭ᠎ᠠ ᠶᠢᠨ ᠨᠠᠭᠤᠷ ᠤᠨ ᠳᠣᠪᠴᠢ ᠲᠠᠨᠢᠯᠴᠠᠭᠤᠯᠭ᠎ᠠ | ᠰᠢᠷᠭ᠎ᠠ ᠶᠢᠨ ᠨᠠᠭᠤᠷ ᠤᠨ ᠨᠤᠭᠤ ᠭᠠᠵᠠᠷ ᠤᠨ ᠴᠡᠴᠡᠷᠯᠢᠭ ᠨᠢ ᠰᠢᠷᠭᠠᠨᠠᠭᠤᠷ ᠭᠠᠴᠠᠭ᠎ᠠ ᠶᠢᠨ ᠬᠢᠯᠢ ᠳᠤ ᠪᠠᠶᠢᠳᠠᠭ᠃ | ᠬᠤᠰᠢᠭᠤ ᠵᠠᠰᠠᠭ ᠤᠨ ᠣᠷᠳᠣᠨ ᠤ ᠪᠠᠶᠢᠭ᠎ᠠ ᠮᠢᠩᠭᠠᠨᠲᠤ ᠪᠠᠯᠭᠠᠰᠤ ᠠᠴᠠ ᠪᠠᠷᠤᠭ 70 ᠺᠢᠯᠣᠮᠧᠲᠷ ᠵᠠᠶᠢᠲᠠᠢ ᠪᠠᠶᠢᠵᠤ᠂ | ᠨᠠᠭᠤᠷ ᠵᠢᠴᠢ ᠡᠷᠬᠢᠨ ᠲᠣᠭᠤᠷᠢᠨ ᠤ ᠨᠤᠭᠤ ᠭᠠᠵᠠᠷ᠂ ᠣᠶᠢᠲᠤ ᠭᠠᠵᠠᠷ᠂ ᠡᠯᠡᠰᠦᠷᠬᠡᠭ ᠭᠠᠵᠠᠷ ᠢ ᠪᠠᠭᠲᠠᠭᠠᠵᠤ᠂ | ᠨᠠᠭᠤᠷ ᠴᠥᠭᠦᠷᠥᠮ ᠨᠤᠭᠤ ᠭᠠᠵᠠᠷ᠂ ᠨᠠᠮᠤᠭ ᠨᠤᠭᠤ ᠭᠠᠵᠠᠷ᠂ ᠭᠤᠣᠯ ᠮᠥᠷᠡᠨ ᠨᠤᠭᠤ ᠭᠠᠵᠠᠷ ᠵᠡᠷᠭᠡ ᠣᠯᠠᠨ ᠨᠤᠭᠤ | ᠭᠠᠵᠠᠷ ᠤᠨ ᠲᠥᠷᠥᠯ ᠵᠦᠢᠯ ᠢ ᠬᠠᠮᠤᠷᠴᠤ᠂ ᠪᠦᠬᠦᠶᠢᠯᠡ ᠨᠤᠭᠤ ᠭᠠᠵᠠᠷ ᠤᠨ ᠴᠡᠴᠡᠷᠯᠢᠭ ᠤᠨ ᠲᠥᠯᠥᠪᠵᠢᠭᠦᠯᠦᠭᠰᠡᠨ | ᠶᠡᠷᠦᠩᠬᠡᠢ ᠲᠠᠯᠠᠪᠠᠶ ᠨᠢ 23768 ᠮᠦ᠂ ᠨᠤᠭᠤ ᠭᠠᠵᠠᠷ ᠤᠨ ᠶᠡᠷᠦᠩᠬᠡᠢ ᠲᠠᠯᠠᠪᠠᠶ ᠨᠢ 13293 ᠮᠦ ᠪᠠᠶᠢᠵᠤ᠂ | ᠡᠭᠦᠨ ᠳᠤ ᠨᠠᠭᠤᠷ ᠤᠨ ᠲᠠᠯᠠᠪᠠᠶ ᠨᠢ 8269 ᠮᠦ᠂ ᠨᠠᠭᠤᠷ ᠤᠨ ᠡᠷᠬᠢᠨ ᠲᠣᠭᠤᠷᠢᠨ ᠤ ᠨᠤᠭᠤ ᠭᠠᠵᠠᠷ ᠤᠨ ᠲᠠᠯᠠᠪᠠᠶ | ᠨᠢ 5023 ᠮᠦ ᠪᠠᠶᠢᠵᠤ᠂ ᠨᠤᠭᠤ ᠭᠠᠵᠠᠷ ᠤᠨ ᠨᠣᠷᠮ᠎ᠠ ᠨᠢ 55.93% ᠪᠣᠯᠣᠨ᠎ᠠ᠃ ᠰᠢᠷᠭ᠎ᠠ ᠶᠢᠨ ᠨᠠᠭᠤᠷ ᠪᠣᠯ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠠᠮᠤᠭ ᠤᠨ ᠶᠡᠭᠡ ᠪᠠᠶᠢᠭᠠᠯᠢ ᠶᠢᠨ ᠨᠠᠭᠤᠷ ᠪᠠᠶᠢᠵᠤ᠂ ᠡᠷᠬᠢᠨ | ᠲᠣᠭᠤᠷᠢᠨ ᠤ ᠬᠠᠮᠤᠭ ᠤᠨ ᠴᠢᠬᠤᠯᠠ ᠤᠰᠤ ᠬᠠᠳᠠᠭᠠᠯᠠᠬᠤ ᠣᠷᠣᠨ ᠪᠠ ᠤᠰᠤᠨ ᠰᠤᠷᠪᠤᠯᠵᠢ ᠶᠢᠨ ᠣᠷᠣᠨ ᠪᠠᠶᠢᠵᠤ᠂ | ᠥᠪᠡᠷᠮᠢᠴᠡ ᠠᠮᠢ ᠠᠬᠤᠢ ᠶᠢᠨ ᠰᠢᠰᠲ᠋ᠧᠮ ᠢ ᠪᠣᠶ ᠪᠣᠯᠭᠠᠵᠠᠢ᠂ ᠡᠶᠢᠮᠦ ᠠᠴᠠ ᠰᠢᠷᠭ᠎ᠠ ᠶᠢᠨ ᠨᠠᠭᠤᠷ ᠵᠢᠴᠢ ᠲᠡᠭᠦᠨ ᠤ | ᠡᠷᠬᠢᠨ ᠲᠣᠭᠤᠷᠢᠨ ᠤ ᠴᠢᠬᠤᠯᠠ ᠴᠢᠭᠢᠭᠯᠢᠭ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠨᠢ ᠭᠠᠵᠠᠷ ᠰᠢᠷᠣᠢ ᠶᠢᠨ | ᠡᠯᠡᠰᠦᠵᠢᠬᠦ ᠶᠢ ᠰᠡᠷᠭᠡᠶᠢᠯᠡᠨ ᠵᠠᠰᠠᠬᠤ᠂ ᠡᠯᠡᠰᠦᠵᠢᠭᠰᠡᠨ ᠭᠠᠵᠠᠷ ᠰᠢᠷᠣᠢ ᠶᠢᠨ ᠤᠷᠭᠤᠮᠠᠯ ᠤᠨ ᠬᠤᠴᠢᠯᠭ᠎ᠠ ᠶᠢ | ᠰᠡᠷᠭᠦᠭᠡᠬᠦ᠂ ᠪᠡᠭᠡᠵᠢᠩ ᠲᠢᠶᠠᠨᠵᠢᠨ ᠤ ᠠᠮᠢ ᠠᠬᠤᠢ ᠶᠢᠨ ᠬᠠᠯᠬᠠᠪᠴᠢ ᠶᠢᠨ ᠲᠣᠭᠲᠠᠭᠤᠨ ᠪᠠᠶᠢᠬᠤ ᠶᠢ ᠪᠠᠲᠤᠯᠠᠬᠤ ᠳᠤ | ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ | | | | | |