ᠤᠯᠠᠭᠠᠨᠴᠠᠪ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ  ᠪᠤᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2022/12/12
ᠤᠯᠠᠭᠠᠨᠴᠠᠪ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠲᠤᠰᠬᠠᠢ ᠰᠡᠳᠦᠪᠲᠦ  ᠪᠤᠯᠪᠠᠰᠤᠷᠠᠯ ᠢ ᠥᠷᠨᠢᠭᠦᠯᠪᠡ    ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 11 ᠳ᠋ᠦᠭᠡᠷ ᠰᠠᠷ᠎ᠠ ᠶᠢᠨ 23᠎ ᠤ ᠡᠳᠦᠷ᠂ ᠤᠯᠠᠭᠠᠨᠴᠠᠪ ᠰᠤᠮᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢᠵᠢᠭᠦᠯᠬᠦ ᠲᠤᠰᠬᠠᠢ ᠰᠡᠳᠦᠪᠲᠦ  ᠪᠤᠯᠪᠠᠰᠤᠷᠠᠯ ᠢ ᠥᠷᠨᠢᠭᠦᠯᠵᠦ᠂ ᠰᠤᠮᠤ ᠶᠢᠨ ᠨᠠᠮ ᠤᠨ ᠭᠡᠰᠢᠭᠦᠨ ᠺᠠᠳ᠋ᠷ ᠵᠢᠴᠢ ᠡᠯ᠎ᠡ ᠭᠠᠴᠠᠭᠠᠨ ᠤ ᠬᠤᠶᠠᠷ ᠵᠥᠪᠯᠡᠯ ᠤᠨ ᠪᠦᠷᠢᠯᠳᠦᠭᠦᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠪᠠᠰᠤᠷᠠᠭᠤᠯᠤᠯ ᠳᠤ ᠣᠷᠣᠯᠴᠠᠵᠠᠢ᠃   ᠪᠤᠯᠪᠠᠰᠤᠷᠠᠯ ᠎ ᠲᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠢ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠧᠰᠰᠤᠷ ᠸᠠᠩ · ᠴᠠᠭᠠᠨ ᠪᠠᠭᠰᠢ ᠶᠢ ᠤᠷᠢᠵᠤ ᠬᠢᠴᠢᠶᠡᠯ ᠣᠷᠣᠭᠤᠯᠪᠠ᠃    ᠸᠠᠩ ᠪᠠᠭᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠡᠳᠦᠪ ᠭᠤᠣᠯ ᠰᠢᠵᠢᠮ ᠤᠨ ᠲᠣᠭᠤᠷᠢᠨ ᠳᠤ᠂ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠬᠦ᠂  ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ ᠵᠡᠷᠭᠡ ᠠᠭᠤᠯᠭ᠎ᠠ ᠠᠴᠠ ᠨᠠᠷᠢᠨ ᠨᠢᠭᠲᠠ ᠶᠠᠷᠢᠶ᠎ᠠ ᠢᠯᠡᠳᠬᠡᠯ ᠬᠢᠵᠡᠢ᠃    ᠳᠠᠷᠠᠭᠠᠴᠢ ᠶᠢᠨ ᠠᠯᠬᠤᠮ ᠳᠤ᠂ ᠪᠦᠬᠦ ᠰᠤᠮᠤᠨ ᠤ ᠨᠠᠮ ᠤᠨ ᠭᠡᠰᠢᠭᠦᠨ ᠺᠠᠳ᠋ᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂  ᠦᠨᠳᠦᠰᠦᠨ ᠴᠢᠭᠯᠡᠯ ᠢ ᠪᠠᠲᠤ ᠡᠵᠡᠮᠳᠡᠵᠦ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠣᠯᠠᠭᠠᠨᠴᠠᠪ ᠰᠣᠮᠣᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号