︽ᠪᠦᠯᠬᠦᠮ ᠮᠠᠶ᠋ᠢᠭ︾ ᠤᠨ ᠡᠮ ᠡᠮᠨᠡᠯᠭᠡ  ᠶᠢᠨ ᠬᠠᠪᠰᠤᠷᠤᠨ  ᠳᠡᠳᠬᠦᠬᠦ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/12/13
︽ᠪᠦᠯᠬᠦᠮ ᠮᠠᠶ᠋ᠢᠭ︾ ᠤᠨ ᠡᠮ ᠡᠮᠨᠡᠯᠭᠡ  ᠶᠢᠨ ᠬᠠᠪᠰᠤᠷᠤᠨ  ᠳᠡᠳᠬᠦᠬᠦ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠪᠡ    ︽ᠭᠤᠷᠪᠠ ᠳᠤ ᠦᠢᠯᠡᠴᠢᠯᠡᠵᠦ᠂ ᠨᠢᠭᠡ ᠶᠢ ᠠᠬᠢᠭᠤᠯᠬᠤ︾ ᠪᠦᠯᠬᠦᠮ ᠮᠠᠶ᠋ᠢᠭ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠪᠡᠭᠡᠵᠢᠩ ᠤᠨ ᠳ᠋ᠡ ᠰᠢᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳ᠋ᠠ ᠰᠢᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠢ ᠵᠣᠯᠭᠠᠭᠤᠯᠵᠤ᠂ ︽ᠨᠠᠷᠢᠯᠢᠭ ᠣᠨᠣᠴᠠᠲᠠᠢ᠂ ᠪᠡᠶᠡᠯᠡᠭᠦᠯᠵᠦ ᠳᠡᠶᠢᠯᠬᠦ᠂    ᠦᠷᠬᠦᠯᠵᠢᠯᠡᠬᠦᠶᠢᠴᠡ᠂ ᠦᠷ᠎ᠡ ᠪᠦᠲᠦᠮᠵᠢ ᠲᠠᠢ︾ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠴᠢᠩᠭ᠎ᠠ ᠠᠳᠬᠤᠨ᠂ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠵᠦ᠂ ᠬᠤᠰᠢᠭᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠨ᠎ᠠ᠃    ᠮᠠᠰᠢ ᠣᠯᠠᠨ ᠠᠷᠠᠳ ᠶᠡᠭᠡ ᠬᠤᠲᠠ ᠶᠡᠭᠡ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠬᠦ ᠪᠠᠷ ᠭᠠᠳᠠᠭᠰᠢ ᠭᠠᠷᠬᠤ ᠳᠤ ᠴᠥᠮ᠄ ︽ᠶᠡᠭᠡ ᠬᠤᠲᠠ ᠂ ᠶᠡᠭᠡ ᠡᠮᠨᠡᠯᠭᠡ ᠶᠢᠨ ᠬᠤᠷᠢᠶᠠᠨ  ᠲᠤ ᠣᠴᠢᠪᠠᠯ ᠬᠤᠶᠠᠷ ᠨᠢᠳᠦ ᠨᠢ ᠬᠠᠷᠠᠯᠠᠵᠤ᠂  ᠵᠦᠭ  ᠴᠢᠭᠯᠡᠯ  ᠢᠶᠠᠨ ᠤᠯᠬᠤ ᠦᠭᠡᠢ᠂ ᠪᠠᠰᠠ ᠮᠥᠷᠯᠡᠨ ᠳ᠋ᠤᠭᠠᠷᠯᠠᠵᠤ᠂ ᠡᠪᠡᠳᠴᠢᠨ ᠦᠵᠡᠭᠦᠯᠬᠦ ᠳᠤ ᠪᠠᠰᠠ ᠵᠦᠭ ᠴᠢᠭ ᠢᠶᠠᠨ ᠣᠯᠬᠤ  ᠪᠠᠨ ᠪᠠᠶᠢᠴᠢᠬᠠᠨ᠎ᠠ᠂ ᠲᠣᠯᠣᠭᠠᠢ ᠡᠷᠬᠢᠬᠡᠳ ᠦᠨᠡᠬᠡᠷ ᠬᠥᠮᠥᠨ ᠤ ᠰᠡᠳᠬᠢᠯ ᠢ ᠵᠣᠪᠠᠭᠠᠨ᠎ᠠ︾ ᠭᠡᠵᠦ ᠪᠤᠬᠢᠨᠢᠳᠤᠨ ᠵᠣᠪᠠᠵᠤ ᠪᠠᠶᠢᠯ᠎ᠠ᠃ ᠪᠦᠯᠬᠦᠮ ᠮᠠᠶ᠋ᠢᠭ ᠤᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯ ᠪᠦᠬᠦ ᠲᠠᠯ᠎ᠠ ᠪᠠᠷ ᠥᠷᠨᠢᠬᠦ ᠶᠢ ᠳᠠᠭᠠᠯᠳᠤᠨ᠂ ᠰᠢᠯᠤᠭᠤᠨ ᠬᠥᠪᠡᠭᠡᠲᠦ ᠴᠠᠭᠠᠨ ᠬᠤᠰᠢᠭᠤ ᠨᠢ ᠪᠡᠭᠡᠵᠢᠩ ᠤᠨ ᠳ᠋ᠡ ᠰᠢᠩ ᠲᠣᠭᠤᠷᠢᠭ ᠲᠠᠢ ᠨᠢᠭᠲᠠ ᠬᠠᠷᠢᠯᠴᠠᠭ᠎ᠠ ᠪᠠᠶᠢᠭᠤᠯᠵᠤ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠠᠵᠢᠯ ᠠᠯᠬᠤᠮ ᠠᠯᠬᠤᠮ ᠢᠶᠠᠷ ᠡᠮᠬᠢ ᠵᠢᠷᠤᠮ ᠲᠠᠢ ᠶᠠᠪᠤᠭᠳᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮ ᠡᠮᠨᠡᠯᠭᠡ ᠶᠢᠨ ᠠᠵᠢᠯ ᠤᠨ ᠬᠥᠭᠵᠢᠯᠲᠡ ᠪᠣᠯᠣᠨ ᠡᠮᠨᠡᠬᠦ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ᠃    ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭ᠎ᠠ ᠳᠤ᠂ ᠰᠤᠷᠪᠤᠯᠵᠢᠯᠠᠭᠴᠢ ᠨᠡᠷ᠎ᠡ ᠠᠯᠳᠠᠷ ᠢ ᠨᠢ ᠰᠣᠨᠣᠰᠤᠭᠠᠳ ᠢᠷᠡᠭᠰᠡᠨ ᠡᠪᠡᠳᠴᠢᠲᠡᠨ ᠬᠤᠰᠢᠭᠤᠨ ᠤ ᠡᠮᠨᠡᠯᠭᠡ ᠶᠢᠨ ᠬᠤᠷᠢᠶᠠᠨ ᠤ  ᠭᠤᠳᠤᠮᠵᠢᠨ ᠲᠤ ᠮᠥᠷᠯᠡᠨ ᠬᠦᠯᠢᠶᠡᠵᠦ ᠪᠠᠶᠢᠬᠤ ᠶᠢ ᠣᠯᠵᠤ ᠬᠠᠷᠠᠪᠠ᠃ ᠾᠧᠦ ᠵᠧᠨ ᠡᠮᠴᠢ ᠪᠣᠯ ᠪᠡᠭᠡᠵᠢᠩ ᠤᠨ ᠳ᠋ᠡ ᠰᠢᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠰᠣᠩᠭᠤᠨ ᠲᠣᠮᠢᠯᠠᠭᠰᠠᠨ ᠲᠤᠰᠬᠠᠢ ᠮᠡᠷᠭᠡᠵᠢᠯᠲᠡᠨ ᠤ ᠨᠢᠭᠡ ᠪᠣᠯᠣᠨ᠎ᠠ᠂ ᠲᠡᠷᠡ ᠨᠠᠷᠢᠨ ᠣᠨᠣᠴᠠᠲᠠᠢ ᠰᠤᠳᠠᠯ ᠪᠠᠷᠢᠵᠤ᠂ᠦᠨᠲᠦᠷ ᠡᠮᠨᠡᠯᠭᠡ ᠶᠢᠨ ᠮᠡᠷᠭᠡᠵᠢᠯ ᠢᠶᠠᠷ ᠢᠶᠠᠨ ᠥᠷᠭᠡᠨ ᠣᠯᠠᠨ ᠡᠪᠡᠳᠴᠢᠲᠡᠨ ᠤ ᠢᠲᠡᠭᠡᠯ ᠢ ᠣᠯᠵᠤ᠂ ᠡᠳᠦᠷ ᠪᠦᠷᠢ ᠲᠡᠭᠦᠨ  ᠲᠤ ᠦᠵᠡᠬᠦᠯᠬᠦ ᠪᠠᠷ ᠢᠷᠡᠭᠰᠡᠨ ᠡᠪᠡᠳᠴᠢᠲᠡᠨ ᠲᠠᠰᠤᠷᠠᠰᠢ ᠦᠭᠡᠢ ᠣᠯᠠᠰᠢᠷᠠᠵᠤ᠂ ᠾᠧᠦ ᠵᠧᠨ ᠡᠮᠴᠢ ︽ᠪᠦᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠡᠷᠡᠭᠦᠯ ᠮᠡᠨᠳᠦ ᠶᠢ ᠢᠪᠡᠭᠡᠭ᠊ ‍ᠤ᠋︾ᠡᠭᠦᠷᠭᠡ ᠶᠢ ᠭᠦᠢᠴᠡᠳᠬᠡᠵᠦ᠂ ᠠᠵᠢᠯ ᠤᠨ ᠲᠠᠯ᠎ᠠ ᠪᠠᠷ ᠨᠠᠷᠢᠨ ᠬᠢᠨᠠᠮᠠᠭᠠᠢ ᠬᠠᠷᠢᠭᠤᠴᠠᠵᠤ ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠠᠵᠢᠯ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠰᠡᠳᠬᠢᠯ ᠲᠠᠯᠪᠢᠨ ᠣᠨᠣᠰᠢᠯᠠᠨ ᠡᠮᠨᠡᠵᠦ᠂ ᠬᠦᠯᠢᠴᠡᠩᠭᠦᠢ ᠪᠠᠷ ᠡᠪᠡᠳᠴᠢᠲᠡᠨ ᠳᠤ ᠬᠠᠷᠢᠭᠤᠯᠲᠠ ᠥᠭᠴᠦ᠂ ᠪᠦᠲᠦᠮᠵᠢᠲᠡᠢ ᠡᠮᠨᠡᠨ ᠵᠠᠰᠠᠬᠤ ᠲᠥᠰᠥᠯ ᠲᠣᠭᠲᠠᠭᠠᠵᠤ᠂ ᠡᠪᠡᠳᠴᠢᠲᠡᠨ ᠨᠢᠭᠡᠪᠦᠷᠢ ᠳᠤ ᠪᠦᠲᠦᠮᠵᠢᠲᠡᠢ ᠪᠥᠭᠡᠳ ᠬᠠᠨᠤᠮᠵᠢᠲᠠᠢ ᠡᠮᠨᠡᠨ ᠵᠠᠰᠠᠯᠲᠠ ᠬᠦᠷᠲᠡᠭᠡᠬᠦ ᠪᠠᠷ ᠴᠢᠷᠮᠠᠶᠢᠪᠠ᠃ ᠡᠭᠦᠨ ᠤ ᠬᠠᠮᠲᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠳᠠᠭᠠᠭᠤᠯᠤᠨ ᠵᠢᠭᠠᠵᠤ᠂ ᠲᠤᠷᠰᠢᠯᠭ᠎ᠠ ᠪᠠᠨ ᠤᠯᠠᠮᠵᠢᠯᠠᠨ᠎ᠠ᠃    ᠾᠧᠦ ᠵᠧᠨ ︵ᠪᠡᠭᠡᠵᠢᠩ ᠤᠨ ᠳ᠋ᠠᠰᠢᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭᠠᠨ ᠤ ᠡᠷᠬᠢᠯᠡᠭᠴᠢ᠂ ᠳᠡᠳ᠋ ᠡᠷᠬᠢᠯᠡᠬᠦ ᠡᠮᠴᠢ︶   ᠰᠤᠷᠪᠤᠯᠵᠢᠯᠠᠭᠴᠢ ᠳᠤ᠄    ᠣᠳᠣᠬᠠᠨ ᠳᠤ ᠪᠢ ᠭᠤᠣᠯᠳᠠᠭᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭᠠᠨ ᠤ ᠬᠢᠲᠠᠳ ᠡᠮ ᠤᠨ ᠡᠮᠴᠢᠯᠡᠭᠡᠨ ᠤ ᠠᠵᠢᠯ ᠢ ᠬᠠᠷᠢᠭᠤᠴᠠᠵᠤ ᠪᠠᠶᠢᠨ᠎ᠠ᠃ ᠣᠳᠣᠬᠠᠨ ᠳᠤ ᠮᠠᠨ ᠤ ᠬᠤᠰᠢᠭᠤᠨ ᠤ ᠬᠢᠲᠠᠳ ᠡᠮᠨᠡᠯᠭᠡ ᠳᠤ ᠡᠮᠴᠢᠯᠡᠵᠦ ᠪᠠᠶᠢᠭ᠎ᠠ ᠡᠪᠡᠳᠴᠢᠲᠡᠨ ᠨᠡᠯᠢᠶᠡᠳ ᠤᠯᠠᠨ ᠪᠠᠶᠢᠨ᠎ᠠ᠂ ᠡᠳᠦᠷ ᠪᠦᠷᠢ ᠶᠢᠨ ᠡᠭᠦᠳᠡᠨ ᠡᠮᠨᠡᠯᠭᠡ ᠳᠤ ᠵᠢᠷᠠ ᠳᠠᠯᠠᠨ ᠬᠥᠮᠥᠨ ᠲᠠᠢ᠂ ᠪᠢ ᠦᠳᠡ ᠳᠤ ᠦᠷᠭᠦᠯᠵᠢ 1 ᠴᠠᠭ ᠬᠦᠷᠲᠡᠯ᠎ᠡ ᠠᠵᠢᠯᠯᠠᠳᠠᠭ᠂ ᠣᠷᠣᠢ ᠳᠠᠭᠠᠨ 6 ᠴᠠᠭ ᠬᠦᠷᠲᠡᠯ᠎ᠡ ᠠᠵᠢᠯᠯᠠᠳᠠᠭ᠂ ᠡᠶᠢᠮᠦ ᠠᠴᠠ ᠤᠳᠤ ᠪᠠᠰᠠ ᠨᠡᠯᠢᠶᠡᠳ  ᠬᠠᠲᠠᠭᠤᠵᠢᠯᠲᠠᠢ ᠪᠠᠶᠢᠨ᠎ᠠ᠂  ᠭᠡᠪᠡᠴᠦ ᠮᠢᠨᠤ ᠪᠤᠳᠤᠬᠤ ᠪᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠢᠷᠭᠡᠳ ᠲᠤ ᠦᠢᠯᠡᠴᠢᠯᠡᠬᠦ ᠪᠣᠯ ᠡᠮᠴᠢ ᠪᠣᠯᠬᠤ ᠶᠢᠨ ᠵᠣᠷᠢᠯᠲᠠ ᠮᠥᠨ᠂ ᠮᠢᠨᠤ ᠪᠤᠳᠤᠬᠤ ᠪᠠᠷ ᠪᠢ ᠥᠪᠡᠷ ᠤᠨ ᠢᠶᠠᠨ ᠬᠢᠭᠰᠡᠨ ᠠᠵᠢᠯ ᠪᠣᠯ ᠲᠤᠩ ᠦᠨ᠎ᠡ ᠴᠡᠨ᠎ᠡ ᠲᠠᠢ ᠶᠤᠮ᠃ᠷᠦᠩ ᠹᠧᠩ ᠮᠧᠶ (ᠡᠪᠡᠳᠴᠢᠲᠡᠨ) ᠰᠤᠷᠪᠤᠯᠵᠢᠯᠠᠭᠴᠢ ᠳᠤ᠄    ᠥᠩᠭᠡᠷᠡᠭᠰᠡᠨ ᠳᠤ ᠪᠢ ᠡᠪᠡᠳᠴᠢᠨ ᠦᠵᠡᠭᠦᠯᠬᠦ ᠳᠡᠭᠡᠨ ᠶᠡᠷᠦ ᠨᠢ ᠭᠠᠳᠠᠨ᠎ᠠ ᠣᠷᠣᠨ ᠳᠤ ᠣᠴᠢᠳᠠᠭ ᠪᠠᠶᠢᠭᠰᠠᠨ᠂ ᠪᠡᠭᠡᠵᠢᠩ ᠤᠨ ᠾᠧᠦ ᠡᠮᠴᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠢᠷᠡᠭᠰᠡᠨ ᠠᠴᠠ ᠬᠤᠶᠢᠰᠢ᠂ ᠮᠠᠨ ᠤ ᠠᠷᠠᠳ ᠢᠷᠭᠡᠳ ᠤᠨ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠬᠡᠷ ᠰᠢᠢᠳᠪᠦᠷᠢᠯᠡᠵᠦ᠂ ᠪᠢᠳᠡᠨ ᠳᠤ ᠰᠢᠯᠢᠳᠡᠭ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠡᠳ᠋ᠯᠡᠭᠦᠯᠵᠡᠢ᠂ ᠪᠢ ᠤᠷᠢᠳ ᠬᠤᠵᠢᠳ ᠾᠧᠦ ᠡᠮᠴᠢ ᠳᠤ ᠤᠯᠠᠨ ᠤᠳᠠᠭ᠎ᠠ ᠦᠵᠡᠭᠦᠯᠦᠭᠰᠡᠨ ᠪᠥᠭᠡᠳ ᠥᠨᠥᠳᠥᠷ ᠪᠠᠰᠠ ᠾᠧᠦ ᠡᠮᠴᠢ ᠪᠠᠷ ᠰᠤᠳᠠᠯ ᠪᠠᠷᠢᠭᠤᠯᠵᠤ᠂ ᠡᠪᠡᠳᠴᠢᠨ ᠤ ᠪᠠᠶᠢᠳᠠᠯ ᠶᠡᠭᠡ ᠪᠠᠷ ᠰᠠᠶᠢᠵᠢᠷᠠᠵᠠᠢ᠂ ᠠᠳᠡ ᠾᠧᠦ ᠡᠮᠴᠢ ᠳᠤ ᠮᠠᠰᠢ ᠲᠠᠯᠠᠷᠬᠠᠵᠤ ᠪᠠᠶᠢᠨ᠎ᠠ᠃    ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ︽ᠪᠦᠯᠬᠦᠮ ᠮᠠᠶ᠋ᠢᠭ︾ ᠤᠨ ᠨᠢᠭᠲᠠ ᠬᠡᠯᠪᠡᠷᠢ ᠶᠢᠨ ᠬᠠᠪᠰᠤᠷᠤᠨ ᠲᠡᠳᠬᠦᠬᠦ ᠠᠵᠢᠯ ᠤᠨ ᠪᠠᠶᠢᠭᠤᠯᠤᠯᠲᠠ ᠶᠢ ᠥᠷᠨᠢᠭᠦᠯᠦᠭᠰᠡᠨ ᠨᠢ ᠡᠪᠡᠳᠴᠢᠨ ᠦᠵᠡᠭᠦᠯᠬᠦ ᠳᠤ ᠬᠦᠴᠢᠷ ᠡᠪᠡᠳᠴᠢᠨ ᠦᠵᠡᠭᠦᠯᠬᠦ  ᠵᠣᠪᠠᠨᠢᠯ ᠪᠤᠯᠬᠤ ᠡᠨᠡ ᠬᠦ ᠳᠤᠲᠠᠭᠳᠠᠯ ᠪᠠ ᠪᠤᠬᠢᠨᠢᠳᠤᠯ ᠢ ᠶᠡᠭᠡ ᠪᠠᠷ ᠨᠥᠬᠦᠪᠦᠷᠢᠯᠡᠵᠡᠢ᠂ ᠡᠨᠡ ᠪᠣᠯ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠮᠥᠨ᠂ ᠠᠷᠠᠳ ᠣᠯᠠᠨ ᠤ ᠪᠤᠶᠠᠨ ᠬᠡᠰᠢᠭ ᠮᠥᠨ᠂ ᠡᠨᠡ ᠨᠢ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ  ᠲᠤᠷᠤᠭᠰᠢ ᠪᠠᠭᠤᠯᠭᠠᠵᠤ᠂ ᠠᠷᠠᠳ ᠣᠯᠠᠨ‌ᠣᠶᠢᠷ᠎ᠠ ᠬᠠᠪᠢ ᠳᠠᠭᠠᠨ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠶᠢ ᠬᠦᠷᠲᠡᠭᠡᠵᠦ᠂ ᠳᠤᠲᠠᠭᠤ ᠭᠦᠶᠦᠯᠭᠡᠵᠦ᠂ ᠳᠤᠲᠠᠭᠤ ᠵᠣᠭᠤᠰ ᠵᠠᠷᠤᠵᠤ᠂ ᠡᠪᠡᠳᠴᠢᠨ ᠢᠶᠠᠨ ᠰᠠᠶᠢᠨ ᠦᠵᠡᠭᠦᠯᠬᠦ  ᠪᠤᠯᠭᠠᠪᠠ᠃    ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠪᠡᠭᠡᠵᠢᠩ ᠤᠨ ᠳ᠋ᠡ ᠰᠢᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠨᠢᠭᠡᠨᠲᠡ 10 ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠲᠣᠮᠢᠯᠠᠭᠰᠠᠨ ᠪᠠᠶᠢᠨ᠎ᠠ᠃ ᠲᠤᠰᠬᠠᠢ ᠮᠡᠷᠭᠡᠵᠢᠯᠲᠡᠨ ᠤ ᠪᠦᠯᠬᠦᠮ ᠤᠨ ᠲᠤᠰᠬᠠᠢ ᠮᠡᠷᠭᠡᠵᠢᠯ ᠨᠢ ᠲᠦᠷᠭᠡᠨ ᠡᠮᠴᠢᠯᠡᠭᠡᠨ ᠤ ᠳᠣᠲᠣᠷ ᠰᠠᠯᠠᠭ᠎ᠠ᠂ ᠮᠢᠨᠴᠦᠷᠡᠭᠦᠯᠬᠦ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠬᠠᠪᠤᠳᠠᠷ ᠤᠨ ᠳᠣᠲᠣᠷ ᠰᠠᠯᠠᠭ᠎ᠠ᠂ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭᠠᠨ ᠤ ᠰᠤᠪᠢᠯᠠᠯᠲᠠ᠂ ᠬᠡᠲᠦ ᠲᠠᠭᠤᠨ ᠤ ᠰᠠᠯᠠᠭ᠎ᠠ᠂ ᠬᠡᠦᠬᠡᠳ ᠤᠨ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂  ᠡᠮᠡᠭᠲᠠᠢ ᠶᠢᠨ ᠰᠠᠯᠠᠭ᠎ᠠ᠂ ᠵᠢᠷᠦᠬᠡᠨ ᠤ ᠳᠣᠲᠣᠷ ᠰᠠᠯᠠᠭ᠎ᠠ ᠵᠡᠷᠭᠡ ᠳᠤ ᠬᠤᠯᠪᠣᠭᠳᠠᠨ᠎ᠠ᠃ ᠲᠡᠳᠡ  ᠪᠦᠷ ᠳ᠋ᠡ ᠰᠢᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠲᠠᠰᠤᠭ ᠤᠨ ᠲᠤᠰᠬᠠᠢ ᠮᠡᠷᠭᠡᠵᠢᠯ ᠤᠨ ︽  ᠲᠤᠮᠤ ᠬᠦᠮᠦᠰ︾ ᠪᠣᠯᠣᠨ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠬᠦᠷᠦᠮᠡᠭᠴᠡ ᠳᠡᠳᠡ ᠣᠷᠭᠢᠯᠤᠮ᠎ᠠ ᠬᠠᠯᠠᠭᠤᠨ‌‍ᠰᠡᠳᠬᠢᠯᠭᠡ ᠪᠠᠷ ᠬᠠᠪᠰᠤᠷᠤᠨ ᠲᠡᠳᠬᠦᠬᠦ ᠠᠵᠢᠯ ᠳᠤ ᠣᠷᠣᠯᠴᠠᠵᠤ᠂ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ ᠶᠣᠰᠣᠭᠠᠷ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠡᠮᠴᠢᠯᠡᠭᠡᠨ ᠳᠤ ᠳᠠᠭᠠᠭᠤᠯᠤᠨ ᠵᠢᠭᠠᠬᠤ ᠠᠵᠢᠯ ᠢ ᠥᠷᠨᠢᠭᠦᠯᠵᠦ᠂ ᠪᠡᠭᠡᠵᠢᠩ ᠣᠷᠣᠨ ᠤ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠤᠯᠠᠮᠵᠢᠯᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯᠲᠡᠨ ᠤ ᠬᠢᠴᠢᠶᠡᠯ  ᠢ‌‍ᠲ᠋ᠣᠬᠢᠷᠠᠭᠤᠯᠵᠤ᠂ ᠬᠢᠴᠢᠶᠡᠯ ᠤᠨ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠨᠢ ᠲᠠᠶᠢᠯᠪᠤᠷᠢᠯᠠᠪᠠ᠃ ᠤᠳᠤ ᠨᠢᠭᠡᠨᠲᠡ 17 ᠤᠳᠠᠭ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠤᠨ ᠬᠥᠮᠥᠨ ᠤ ᠲᠤᠭ᠎ᠠ 90 ᠭᠠᠷᠤᠢ ᠬᠥᠮᠥᠨ ᠤᠳᠠᠭ᠎ᠠ ᠳᠤ ᠬᠦᠷᠴᠦ᠂ ᠡᠮᠨᠡᠯᠭᠡ ᠶᠢᠨ ᠬᠤᠷᠢᠶᠠᠨ ᠤ ᠵᠠᠯᠠᠭᠤ ᠡᠮᠴᠢ ᠰᠤᠪᠢᠯᠠᠭᠴᠢᠳ ᠤᠨ  ᠲᠤᠬᠠᠶᠢᠯᠠᠭᠰᠠᠨ ᠠᠵᠢᠯ ᠤᠨ ᠲᠦᠪᠰᠢᠨ ᠢ ᠶᠡᠬᠡᠪᠡᠷ ᠳᠡᠭᠡᠭᠰᠢᠯᠡᠭᠦᠯᠪᠡ᠃    ᠡᠯ᠎ᠡ ᠲᠤᠰᠬᠠᠢ ᠮᠡᠷᠭᠡᠵᠢᠯᠲᠡᠨ ᠤ ᠴᠥᠬᠦᠷᠡᠰᠢ ᠦᠭᠡᠢ ᠴᠢᠷᠮᠠᠶᠢᠯᠭ᠎ᠠ  ᠪᠠᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ  ᠬᠦᠮᠦᠨ ᠤ ᠲᠤᠭ᠎ᠠ ᠳᠠᠰᠤᠷᠠᠯᠲᠠ ᠦᠬᠡᠢ ᠨᠡᠮᠡᠭᠳᠡᠵᠦ᠂ ᠡᠪᠡᠳᠴᠢᠨ ᠦᠵᠡᠭᠦᠯᠬᠦ ᠨᠣᠷᠮ᠎ᠠ ᠢᠯᠡᠳᠲᠡ ᠳᠡᠭᠡᠭᠰᠢᠯᠡᠵᠦ᠂  ᠠᠷᠪᠢᠨ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠠᠩᠬᠠᠳᠠᠭᠴᠢ ᠬᠠᠪᠤᠳᠠᠷ ᠤᠨ ᠡᠪᠡᠳᠴᠢᠲᠡᠨ ᠤ ᠬᠢᠮᠢ ᠶᠢᠨ ᠵᠠᠰᠠᠯᠭ᠎ᠠ ᠶᠢᠨ ᠣᠨᠣᠰᠢᠯᠠᠨ ᠡᠮᠨᠡᠬᠦ ᠲᠥᠷᠥᠯ ᠵᠦᠢᠯ ᠢ ᠠᠮᠵᠢᠯᠲᠠ ᠲᠠᠢ ᠪᠡᠶᠡᠯᠡᠭᠦᠯᠵᠦ᠂ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ᠂ ᠰᠤᠪᠢᠯᠠᠯᠲᠠ᠂ ᠡᠮᠨᠡᠯᠭᠡ ᠶᠢᠨ ᠬᠤᠷᠢᠶᠠᠨ ᠤ ᠡᠮᠦᠨᠡᠬᠢ ᠲᠦᠷᠭᠡᠨ ᠠᠪᠤᠷᠠᠯᠳᠠ ᠶᠢᠨ ᠲᠤᠰᠬᠠᠢ ᠮᠡᠷᠭᠡᠵᠢᠯ ᠵᠡᠷᠭᠡ ᠵᠠᠯᠠᠭᠤ ᠡᠮᠴᠢ ᠰᠤᠪᠢᠯᠠᠭᠴᠢᠳ ᠤᠨ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠭᠰᠡᠨ ᠤ ᠬᠠᠮᠲᠤ ᠪᠠᠰᠠ ᠬᠢᠲᠠᠳ ᠡᠮᠨᠡᠯᠭᠡ᠂ ᠲᠦᠷᠭᠡᠨ ᠡᠮᠴᠢᠯᠡᠭᠡ᠂ ᠬᠡᠦᠬᠡᠳ ᠤᠨ ᠰᠠᠯᠠᠭᠠᠨ ᠤ  ᠠᠯᠳᠠᠷᠰᠢᠯ ᠢ ᠨᠡᠮᠡᠭᠳᠡᠭᠦᠯᠵᠦ᠂ ᠡᠮᠨᠡᠯᠭᠡ ᠶᠢᠨ ᠬᠤᠷᠢᠶᠠᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号