︽ᠬᠢᠵᠢᠭ︾ ᠤᠨ ᠳᠠᠶᠢᠨ ᠢᠶᠠᠷ ᠵᠢᠩᠬᠢᠨᠢ  ᠠᠯᠲᠠ ᠶᠢ ᠪᠤᠯᠪᠠᠰᠤᠷᠠᠭᠤᠯᠬᠤ  — —  ᠬᠠᠢ ᠬᠡᠷᠡᠯᠲᠦ᠄ ᠤᠴᠢᠷ  ᠶᠠᠪᠤᠳᠠᠯ  ᠳᠤ ᠨᠠᠷᠢᠨ ᠬᠢᠨᠠᠮᠠᠭᠠᠢ ᠬᠠᠨᠳᠤᠬᠤ ᠰᠠᠶᠢᠨ ᠺᠠᠳ᠋ᠷ ᠢ  ᠢᠯᠭᠠᠨ ᠲᠠᠨᠢᠬᠤ 
ᠨᠡᠶᠢᠲᠡᠯᠡᠭᠰᠡᠨ ᠴᠠᠭ᠄
2022/12/14
 ︽ᠬᠢᠵᠢᠭ︾ ᠤᠨ ᠳᠠᠶᠢᠨ ᠢᠶᠠᠷ ᠵᠢᠩᠬᠢᠨᠢ  ᠠᠯᠲᠠ ᠶᠢ ᠪᠤᠯᠪᠠᠰᠤᠷᠠᠭᠤᠯᠬᠤ  — —  ᠬᠠᠢ ᠬᠡᠷᠡᠯᠲᠦ᠄ ᠤᠴᠢᠷ  ᠶᠠᠪᠤᠳᠠᠯ  ᠳᠤ ᠨᠠᠷᠢᠨ ᠬᠢᠨᠠᠮᠠᠭᠠᠢ ᠬᠠᠨᠳᠤᠬᠤ ᠰᠠᠶᠢᠨ ᠺᠠᠳ᠋ᠷ ᠢ  ᠢᠯᠭᠠᠨ ᠲᠠᠨᠢᠬᠤ               ︽ᠬᠢᠵᠢᠭ︾ ᠢᠶᠠᠷ ᠵᠢᠩᠬᠢᠨᠢ ᠠᠯᠲᠠ ᠶᠢ ᠪᠣᠯᠪᠠᠰᠤᠷᠠᠭᠤᠯᠬᠤ    — ᠤᠴᠢᠷ  ᠶᠠᠪᠤᠳᠠᠯ  ᠳᠤ ᠨᠠᠷᠢᠨ ᠬᠢᠨᠠᠮᠠᠭᠠᠢ ᠬᠠᠨᠳᠤᠬᠤ ᠰᠠᠶᠢᠨ ᠺᠠᠳ᠋ᠷ ᠢ  ᠢᠯᠭᠠᠨ ᠲᠠᠨᠢᠬᠤ     ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ                         ᠬᠠᠢ ᠬᠡᠷᠡᠯᠲᠦ        ᠶᠡᠷᠦᠩᠬᠡᠶ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠄ ︽ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠵᠤ᠂ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠺᠠᠳ᠋ᠷᠴᠤᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃ ᠬᠡᠳᠦᠢ ᠴᠢᠬᠤᠯᠠ ᠵᠠᠩᠭᠢᠯᠠᠭ᠎ᠠ ᠶᠢᠨ ᠴᠠᠭ ᠦᠶ᠎ᠡ ᠪᠠ ᠵᠠᠩᠭᠢᠯᠠᠭ᠎ᠠ ᠶᠢᠨ ᠴᠠᠭ ᠮᠥᠴᠡ ᠪᠣᠯᠬᠤ ᠲᠤᠳᠤᠮ᠂ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠲᠡᠳᠦᠢ ᠰᠢᠯᠭᠠᠨ ᠪᠠᠶᠢᠴᠠᠭᠠᠵᠤ ᠴᠢᠳᠠᠨ᠎ᠠ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠤᠬ ᠰᠠᠨᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ᠂ ᠬᠠᠷᠢᠭᠤᠴᠠᠯᠭ᠎ᠠ ᠡᠭᠦᠷᠭᠡᠯᠡᠬᠦ᠂ ᠰᠤᠷᠲᠠᠯ ᠴᠢᠳᠠᠪᠤᠷᠢ ᠪᠣᠯᠤᠨ ᠲᠡᠮᠡᠴᠡᠬᠦ ᠴᠢᠳᠠᠪᠤᠷᠢ ᠶᠢ ᠰᠢᠯᠭᠠᠬᠤ ︽ᠰᠢᠯᠭᠠᠭᠤᠷ︾ ᠪᠣᠯᠭᠠᠵᠤ᠂ ᠪᠠᠭ᠎ᠠ ᠲᠠᠯ᠎ᠠ ᠠᠴᠠ ᠪᠣᠳᠣᠯᠬᠢᠯᠠᠨ᠂ ᠨᠢᠬᠡ ᠵᠡᠭᠦᠦ ᠨᠢᠬᠡ ᠤᠳᠠᠰᠤ  ᠪᠠᠷ ︽ᠡᠷᠳᠡᠮ ᠴᠢᠳᠠᠪᠤᠷᠢ︾ ᠶᠢ ᠰᠠᠶᠢᠲᠤᠷ ᠬᠠᠳᠬᠤᠵᠤ᠂ ᠨᠢᠭᠡ ᠠᠷᠭ᠎ᠠ ᠨᠢᠭᠡ ᠬᠡᠯᠪᠡᠷᠢ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠥᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠪᠣᠯᠪᠠᠰᠤᠷᠠᠭᠤᠯᠵᠤ᠂ ᠴᠢᠳᠠᠪᠤᠷᠢᠲᠠᠨ ᠪᠣᠯᠭᠠᠨ ᠬᠥᠮᠦᠵᠢᠭᠦᠯᠵᠡᠢ᠃    ᠨᠢᠭᠤᠷ  ᠢ ᠬᠥᠩᠭᠡᠪᠴᠢᠯᠡᠵᠦ᠂ ᠰᠡᠳᠬᠢᠯ  ᠢ ᠴᠢᠬᠤᠯᠠᠴᠢᠯᠠᠵᠤ᠂ ᠢᠲᠡᠭᠡᠯ ᠵᠣᠷᠢᠭ ᠪᠠᠲᠤ ᠴᠢᠩᠭ᠎ᠠ ᠰᠠᠶᠢᠨ ᠺᠠᠳ᠋ᠷ ᠢ ᠢᠯᠭᠠᠨ ᠲᠠᠨᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠥᠪᠡᠷ ᠤᠨ ᠨᠢᠭᠤᠷ ᠲᠠᠯ᠎ᠠ ᠪᠠᠨ ᠬᠥᠩᠭᠡᠪᠴᠢᠯᠡᠪᠡᠯ ᠰᠠᠶ᠋ᠢ ᠠᠷᠠᠳ ᠤᠯᠠᠨ ᠤ ᠨᠢᠭᠤᠷ ᠲᠠᠯ᠎ᠠ ᠶᠢ ᠬᠦᠨᠳᠦᠳᠬᠡᠵᠦ᠂ ᠰᠠᠶ᠋ᠢ ᠪᠣᠳᠠᠲᠤ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠬᠠᠳᠠᠭᠰᠢᠭᠤᠯᠤᠨ᠎ᠠ᠂ ᠤᠯᠠᠨ ᠲᠦᠮᠡᠨ ᠤ ᠰᠡᠳᠬᠢᠯ ᠳᠤ ᠭᠦᠨ ᠰᠠᠭᠤᠭᠳᠠᠭᠰᠠᠨ ᠨᠠᠮ ᠤᠨ ᠭᠡᠰᠢᠭᠦᠨ ᠺᠠᠳ᠋ᠷ ᠪᠤᠯᠵᠤ ᠴᠢᠳᠠᠨ᠎ᠠ᠃ ᠠᠶᠤᠯ ᠲᠦᠭᠰᠢᠭᠦᠷᠢ ᠲᠤᠯᠭᠠᠷᠠᠬᠤ ᠲᠤᠲᠤᠮ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠪᠣᠯᠤᠨ ᠶᠡᠭᠡ ᠲᠠᠯ᠎ᠠ ᠶᠢᠨ ᠦᠵᠡᠯᠲᠡ ᠶᠢ ᠤᠯᠠᠮ ᠰᠠᠶᠢᠨ ᠰᠢᠯᠭᠠᠵᠤ ᠴᠢᠳᠠᠨ᠎ᠠ᠂ ᠬᠢᠵᠢᠭ ᠤᠨ ᠪᠠᠶᠢᠳᠠᠯ ᠤᠨ ᠡᠮᠦᠨ᠎ᠡ᠂ ᠡᠯ᠎ᠡ ᠱᠠᠲᠤᠨ ᠤ ᠺᠠᠳ᠋ᠷᠴᠤᠳ ᠤᠨ ᠶᠡᠭᠡ ᠲᠠᠯ᠎ᠠ ᠶᠢ ᠳᠠᠭᠠᠬᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠣᠬᠢᠷᠠᠭᠤᠯᠬᠤ ᠬᠡᠷᠡᠭᠵᠢᠭᠦᠯᠬᠦ ᠬᠦᠴᠦᠨ ᠠᠴᠠ ᠰᠠᠯᠵᠤ ᠴᠢᠳᠠᠬᠤ ᠥᠬᠡᠶ᠂ ᠡᠯ᠎ᠡ ᠱᠠᠲᠤᠨ ᠤ ᠺᠠᠳ᠋ᠷᠴᠤᠳ ᠤᠨ ᠴᠢᠩᠭ᠎ᠠ ᠨᠢᠮᠪᠠᠶ ᠤᠯᠤᠰ ᠲᠥᠷᠥ ᠶᠢᠨ ᠤᠬᠠᠮᠰᠠᠷ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠠᠴᠠ ᠰᠠᠯᠵᠤ ᠴᠢᠳᠠᠬᠤ ᠥᠬᠡᠶ᠂ ᠡᠯ᠎ᠡ ᠱᠠᠲᠤᠨ ᠤ ᠺᠠᠳ᠋ᠷᠴᠤᠳ ᠤᠨ ᠰᠡᠳᠬᠢᠯ ᠳᠡᠭᠡᠨ ᠨᠠᠮ ᠢᠶᠠᠨ ᠪᠤᠳᠤᠵᠤ᠂ ᠰᠡᠳᠬᠢᠯ ᠳᠡᠭᠡᠨ ᠠᠷᠠᠳ ᠢᠶᠠᠨ ᠪᠤᠳᠤᠵᠤ᠂ ᠰᠡᠳᠬᠢᠯ ᠳᠡᠭᠡᠨ ᠬᠠᠷᠢᠭᠤᠴᠠᠯᠭ᠎ᠠ ᠲᠠᠢ ᠪᠠᠶᠢᠬᠤ ᠪᠠᠲᠤ ᠴᠢᠩᠭ᠎ᠠ ᠢᠲᠡᠭᠡᠯ ᠵᠣᠷᠢᠭ ᠠᠴᠠ ᠰᠠᠯᠵᠤ ᠴᠢᠳᠠᠬᠤ ᠥᠬᠡᠶ ᠶᠤᠮ᠃ ᠲᠤᠰ ᠭᠠᠵᠠᠷ ᠣᠷᠣᠨ ᠤ ᠬᠢᠵᠢᠭ ᠡᠭᠦᠰᠦᠭᠰᠡᠨ ᠠᠴᠠ ᠨᠠᠰᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠡᠯ᠎ᠡ ᠭᠠᠵᠠᠷ ᠤᠨ ᠳᠡᠰ ᠤᠨ ᠤᠳᠤᠷᠢᠳᠤᠯᠭ᠎ᠠ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ 80 ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 2000 ᠭᠠᠷᠤᠢ ᠺᠠᠳ᠋ᠷ ᠠᠵᠢᠯᠳᠠᠨ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠪᠠᠭᠤᠵᠤ᠂ ᠰᠢᠨ᠎ᠡ ᠪᠠᠷ ᠳᠡᠪᠰᠢᠭᠦᠯᠦᠭᠰᠡᠨ᠂ ᠲᠤᠰᠢᠶᠠᠯ ᠤᠨ ᠳᠡᠰ ᠲᠤ ᠳᠡᠪᠰᠢᠭᠰᠡᠨ ᠪᠠ ᠪᠡᠯᠡᠳᠬᠡᠯ ᠺᠠᠳ᠋ᠷ ᠤᠨ ᠳᠤᠮᠳᠠ ᠠᠴᠠ 300 ᠭᠠᠷᠤᠢ ᠵᠠᠯᠠᠭᠤ ᠬᠦᠴᠦᠨ ᠢ  ᠪᠦᠬᠡᠮ ᠬᠦᠴᠢᠯ ᠢ ᠰᠢᠯᠭᠠᠨ ᠪᠠᠶᠢᠴᠠᠭᠠᠬᠤ ᠪᠠ ᠪᠣᠭᠤᠮᠲᠠ ᠶᠢ ᠰᠠᠬᠢᠨ ᠬᠠᠮᠠᠭᠠᠯᠠᠬᠤ ᠠᠵᠢᠯ ᠳᠤ ᠣᠷᠣᠯᠴᠠᠭᠤᠯᠵᠤ᠂ ᠪᠠᠴᠢᠮ ᠪᠠᠶᠢᠳᠠᠯ ᠳᠣᠣᠷ᠎ᠠ ᠠᠵᠢᠯ  ᠬᠢᠬᠦ ᠬᠥᠮᠦᠨ ᠲᠠᠢ᠂ ᠠᠵᠢᠯ ᠶᠠᠪᠤᠳᠠᠯ ᠪᠦᠲᠦᠭᠡᠵᠦ ᠳᠡᠶᠢᠯᠬᠦ ᠶᠢ ᠪᠦᠲᠦᠮᠵᠢᠲᠡᠢ ᠪᠠᠲᠤᠯᠠᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠦᠢᠯᠡ ᠠᠵᠢᠯᠯᠠᠭ᠎ᠠ ᠪᠠᠨ ᠢᠯᠡᠷᠡᠭᠦᠯᠵᠦ᠂ ᠦᠯᠢᠭᠡᠷ ᠳᠠᠭᠤᠷᠢᠶᠠᠯ ᠪᠤᠯᠵᠤ᠂ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠣᠷᠣᠵᠤ᠂ ᠬᠠᠮᠤᠭ ᠤᠨ ᠡᠮᠦᠨ᠎ᠡ ᠹᠷᠣᠨᠲ ᠲᠤ ᠪᠠᠶᠢᠯᠳᠤᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠨᠢᠭᠡᠳᠦᠭᠡᠷ ᠹᠷᠣᠨᠲ ᠲᠤ ᠥᠨᠳᠥᠷ ᠨᠠᠮᠢᠷᠠᠭᠤᠯᠤᠨ᠎ᠠ᠃     ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠺᠠᠳ᠋ᠷ ᠢ ᠢᠯᠭᠠᠨ ᠲᠠᠨᠢᠬᠤ ᠬᠡᠷᠡᠭᠲᠡᠶ᠃ ᠵᠢᠵᠢᠭᠬᠡᠨ ᠬᠥᠪᠥᠩᠲᠦ ᠰᠢᠪᠠᠭ᠎ᠠ ᠳᠡᠭᠡᠭᠰᠢ ᠳᠣᠷᠣᠭᠰᠢ ᠦᠰᠦᠷᠦᠭᠡᠳ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠡᠭᠦᠷᠭᠡᠯᠡᠵᠦ᠂ ᠬᠦᠨᠲᠦ ᠳᠠᠮᠨᠠᠭᠤᠷ ᠢᠶᠠᠷ ᠮᠢᠩᠭᠠᠨ ᠵᠢᠩ  ᠢ   ᠡᠷᠬᠦᠵᠦ᠂ ᠨᠢᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠵᠦ᠂ ᠨᠦᠬᠦᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠳᠡᠭ᠃ ︽ᠤᠷᠤᠭᠰᠢ ᠦᠭᠡᠶ ᠦᠶ᠎ᠡ ᠳᠤ ᠬᠡᠬᠦᠳᠡᠭ ᠴᠡᠭᠡᠵᠢ ᠶᠢ ᠬᠠᠷᠠᠵᠤ᠂ ᠶᠡᠭᠡ ᠶᠠᠪᠤᠳᠠᠯ ᠪᠡᠷᠬᠡ ᠶᠠᠪᠤᠳᠠᠯ ᠳᠤ ᠬᠠᠷᠢᠭᠤᠴᠠᠯᠭ᠎ᠠ ᠡᠭᠦᠷᠭᠡᠯᠡᠬᠦ ᠶᠢ ᠦᠵᠡᠬᠦ ᠬᠡᠷᠡᠭᠲᠡᠶ︾᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠡᠭᠦᠷᠭᠡ ᠪᠠᠴᠢᠮ ᠪᠡᠷᠬᠡ ᠠᠶᠤᠯ ᠲᠦᠭᠰᠢᠭᠦᠷᠢ ᠲᠠᠢ ᠪᠠᠶᠢᠵᠤ᠂ ᠬᠦᠴᠢᠷᠳᠡᠯ ᠪᠡᠷᠬᠡ ᠪᠣᠭᠤᠮᠲᠠ ᠶᠢ ᠳᠠᠪᠠᠵᠤ ᠳᠡᠶᠢᠯᠬᠦ ᠡᠰᠡᠬᠦ᠂ ᠭᠡᠨᠡᠳᠲᠡ ᠶᠢᠨ ᠬᠡᠷᠡᠭ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ ᠳᠡᠶᠢᠯᠬᠦ ᠡᠰᠡᠬᠦ᠂ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ ᠪᠡᠶ᠎ᠡ ᠪᠠᠨ ᠪᠠᠷᠢᠵᠤ ᠳᠡᠶᠢᠯᠬᠦ ᠡᠰᠡᠬᠦ ᠶᠢ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ ᠶᠢᠨ ᠭᠤᠣᠯᠳᠠᠯᠭ᠎ᠠ ᠪᠠ ᠵᠠᠩᠭᠢᠯᠠᠭ᠎ᠠ ᠪᠣᠯᠭᠠᠬᠤ ᠬᠡᠷᠡᠭᠲᠡᠢ᠃  ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ︽ᠥᠷᠭᠡᠨ ᠮᠥᠷᠥ︾ ᠲᠠᠢ᠂ ᠬᠦᠨᠳᠦ ᠠᠵᠢᠯ ᠢ ᠡᠭᠦᠷᠭᠡᠯᠡᠵᠦ ᠪᠠᠶᠢᠭ᠎ᠠ ︽ᠲᠡᠮᠦᠷ ᠮᠥᠷᠥ︾ ᠲᠠᠢ᠂ ᠵᠣᠷᠢᠭᠲᠠᠶ ᠪᠠᠷ ᠲᠦᠷᠦᠭᠦᠯᠡᠨ  ᠠᠶᠤᠯᠲᠤ ᠵᠢᠭᠰᠠᠭᠠᠯ ᠢ ᠲᠤᠭᠤᠯᠵᠦ᠂ ᠭᠦᠨ  ᠤᠰᠤ    ᠶᠢ ᠲᠤᠭᠤᠯᠵᠤ᠂ ᠪᠡᠷᠬᠡ ᠠᠰᠠᠭᠤᠳᠠᠯ ᠢ  ᠰᠢᠢᠳᠪᠦᠷᠢᠯᠡᠬᠦ ᠬᠡᠷᠡᠭᠲᠡᠶ᠂ ᠡᠶᠢᠮᠦ ᠺᠠᠳ᠋ᠷ ᠰᠠᠶ᠋ᠢ ᠬᠦᠨᠳᠦ ᠶᠢ ᠡᠭᠦᠷᠭᠡᠯᠡᠨ ᠤᠯᠠᠨ ᠢ ᠪᠢᠰᠢᠷᠡᠭᠦᠯᠵᠦ ᠴᠢᠳᠠᠨ᠎ᠠ᠃ ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠡᠷᠡᠰ ᠰᠢᠭᠤᠷᠬᠠᠶ ᠪᠠᠷ ︽ᠪᠢᠷ ᠢᠶᠠᠨ ᠬᠠᠶᠠᠵᠤ ᠡᠮᠨᠡᠯᠭᠡ ᠶᠢᠨ ᠠᠵᠢᠯ ᠬᠢᠵᠦ︾᠂ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠬᠦᠷᠴᠦ᠂ ᠭᠠᠪᠰᠢᠭᠠᠶᠢᠯᠠᠨ ᠡᠮᠦᠨ᠎ᠡ ᠨᠢ ᠳᠠᠭᠠᠷᠢᠵᠤ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ ᠪᠠᠶᠢᠭᠰᠠᠨ ᠨᠠᠮ ᠤᠨ ᠭᠡᠰᠢᠭᠦᠨ ᠺᠠᠳ᠋ᠷᠴᠤᠳ ᠠᠴᠠ ᠴᠠᠭᠠᠨ ᠬᠤᠶᠠᠭ ᠡᠮᠦᠰᠴᠦ᠂ ᠰᠥᠷᠭᠡᠦ ᠳᠠᠶᠢᠯᠠᠯᠳᠤᠭᠠᠨ ᠳᠤ   ᠮᠤᠷᠳᠠᠵᠤ᠂ ᠵᠠᠷᠯᠢᠭ ᠢ ᠰᠣᠨᠣᠰᠤᠮᠠᠭᠴᠠ ᠬᠥᠳᠡᠯᠵᠦ᠂ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭᠰᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠠᠴᠠ ᠬᠠᠷᠠᠮ ᠦᠭᠡᠢ ᠵᠣᠷᠢᠭᠤᠯᠤᠭᠰᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠳᠡᠭ ᠰᠠᠶᠢᠨ ᠳᠤᠷ᠎ᠠ ᠶᠢᠨ ᠠᠵᠢᠯᠯᠠᠭᠴᠢ ᠬᠦᠷᠲᠡᠯ᠎ᠡ ᠁ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠠᠶᠢᠯᠠᠯᠳᠤᠭᠠᠨ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠳᠡᠭᠡᠷ᠎ᠡ ᠨᠢ  ᠳᠤᠰᠴᠤ ᠢᠯᠡᠷᠡᠭᠰᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠳᠤᠷᠠᠲᠠᠶ᠎ᠠ ᠬᠠᠷᠠᠮ ᠦᠭᠡᠢ ᠵᠣᠷᠢᠭᠤᠯᠬᠤ ᠦᠨᠳᠦᠰᠦᠲᠡᠨ ᠤ ᠵᠣᠷᠢᠭ ᠰᠠᠨᠠᠭ᠎ᠠ  ᠨᠢ ᠶᠠᠭ ᠮᠠᠨ ᠤ ᠨᠠᠮ ᠪᠣᠯᠤᠨ ᠠᠷᠠᠳ ᠲᠦᠮᠡᠨ ᠤ ᠬᠦᠴᠢᠷ ᠵᠣᠪᠠᠯᠠᠩ ᠢ ᠣᠯᠠᠨᠲᠠ ᠲᠤᠭᠤᠯᠤᠭᠰᠠᠨ ᠴᠤ ᠪᠠᠭᠤᠷᠠᠰᠢ ᠦᠭᠡᠢ᠂ ᠳᠠᠪᠲᠠᠭᠳᠠᠨ ᠪᠣᠯᠪᠠᠰᠤᠷᠠᠵᠤ ᠨᠡᠩ ᠪᠠᠲᠤ ᠴᠢᠩᠭ᠎ᠠ ᠬᠦᠴᠦᠨ ᠴᠢᠳᠠᠯ ᠤᠨ ᠡᠬᠢ ᠪᠤᠯᠠᠭ ᠪᠣᠯᠤᠨ᠎ᠠ᠃    ᠦᠭᠡ ᠶᠠᠷᠢᠶ᠎ᠠ ᠶᠢ ᠬᠥᠩᠭᠡᠪᠴᠢᠯᠡᠵᠦ᠂ ᠠᠯᠬᠤᠮ ᠢ ᠴᠢᠬᠤᠯᠠᠴᠢᠯᠠᠵᠤ᠂ ᠠᠷᠠᠳ ᠤᠨ ᠲᠥᠯᠥᠭᠡ ᠪᠣᠳᠠᠲᠠᠢ ᠠᠵᠢᠯᠯᠠᠳᠠᠭ ᠰᠠᠶᠢᠨ ᠺᠠᠳ᠋ᠷ ᠢ ᠢᠯᠭᠠᠨ ᠲᠠᠨᠢᠬᠤ ᠬᠡᠷᠡᠭᠲᠡᠢ᠃ ︽ᠰᠠᠶᠢᠨ ᠦᠭᠡᠨ ᠳᠤ ᠭᠤᠷᠪᠠᠨ ᠡᠪᠦᠯ ᠳᠤᠯᠠᠭᠠᠴᠠᠵᠤ᠂ ᠮᠠᠭᠤ ᠦᠭᠡ ᠪᠠᠷ ᠬᠥᠮᠦᠨ ᠢ  ᠵᠢᠷᠭᠤᠭᠠᠨ ᠰᠠᠷ᠎ᠠ  ᠳᠤ  ᠬᠦᠯᠳᠡᠬᠡᠮᠤᠢ᠃︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠣᠷᠠᠬᠢ ᠤᠯᠠᠨ ᠲᠦᠮᠡᠨ ᠤ ᠠᠵᠢᠯ ᠨᠢ ᠨᠠᠮ ᠤᠨ ᠭᠡᠰᠢᠭᠦᠨ ᠺᠠᠳ᠋ᠷᠴᠤᠳ ᠢ ᠬᠦᠩᠭᠡᠨ  ᠵᠦᠬᠡᠯᠡᠨ ︽ᠤᠯᠠᠨ ᠲᠦᠮᠡᠨ ᠤ ᠦᠭᠡ ᠬᠡᠯᠡ︾ ᠪᠠᠷ ᠤᠯᠠᠨ ᠲᠦᠮᠡᠨ ᠳᠤ ᠬᠠᠷᠢᠭᠤᠯᠲᠠ ᠥᠭᠬᠦ ᠳᠡᠭᠡᠨ ᠴᠢᠳᠠᠮᠠᠭᠠᠢ ᠪᠠᠶᠢᠬᠤ ᠪᠠᠷ ᠪᠠᠷᠠᠬᠤ ᠦᠭᠡᠢ ᠪᠠᠰᠠ ᠡᠮᠦᠨ᠎ᠡ ᠹᠷᠣᠨᠲ ᠤᠨ ᠤᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠴᠡᠭ ᠲᠤ ᠬᠦᠷᠴᠦ ᠦᠢᠯᠡᠴᠢᠯᠡᠵᠦ᠂ ᠬᠦᠨᠳᠦ ᠨᠦᠰᠡᠷ ︽ᠬᠦᠯ ᠤᠨ ᠴᠢᠮᠡᠭᠡ︾  ᠪᠠᠷ ᠯᠠᠪᠳᠠᠭᠤᠨ ᠪᠠᠲᠤᠲᠠᠢ ᠠᠵᠢᠯᠯᠠᠭ᠎ᠠ  ᠶᠢ ᠳᠠᠭᠠᠭᠤᠯᠵᠤ᠂ ᠤᠯᠠᠨ ᠲᠦᠮᠡᠨ ᠳᠤ ᠬᠠᠶᠢᠷ᠎ᠠ ᠬᠠᠯᠠᠮᠵᠢ ᠪᠠ ᠢᠲᠡᠭᠡᠯ ᠢ ᠣᠯᠭᠤᠬᠤ ᠬᠡᠷᠡᠭᠲᠡᠢ ᠭᠡᠵᠦ ᠱᠠᠭᠠᠷᠳᠠᠵᠠᠢ᠃ ︽ᠬᠥᠯ ᠳᠣᠣᠷ᠎ᠠ ᠪᠠᠨ ᠬᠡᠳᠦᠶ ᠰᠢᠪᠠᠷ ᠰᠢᠷᠣᠶ ᠨᠠᠭᠠᠯᠳᠤᠪᠠᠯ᠂ ᠰᠡᠳᠬᠢᠯ ᠳᠣᠲᠣᠷ᠎ᠠ ᠪᠠᠨ ᠲᠡᠳᠦᠶ ᠣᠯᠠᠨ ᠦᠨᠡᠨ ᠰᠡᠳᠬᠢᠯᠭᠡ ᠲᠤᠩᠬᠤ ᠪᠣᠯᠤᠨ᠎ᠠ︾᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠲᠤ ᠺᠠᠳ᠋ᠷᠴᠤᠳ ᠤᠨ ᠠᠷᠠᠳ ᠤᠨ ᠲᠥᠯᠥᠭᠡ ᠪᠠᠶᠢᠬᠤ ᠰᠡᠳᠬᠢᠯᠭᠡ ᠶᠢ ᠪᠠᠶᠢᠴᠠᠭᠠᠨ ᠳᠤᠳᠤᠯᠠᠵᠤ᠂ ᠡᠷᠬᠡᠪᠰᠢ ᠠᠷᠠᠳ ᠤᠯᠠᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ ᠪᠠᠷ ᠠᠵᠢᠯ ᠤᠨ ᠠᠮᠵᠢᠯᠲᠠ ᠪᠦᠲᠦᠮᠵᠢ ᠣᠯᠵᠤ ᠠᠯᠳᠠᠬᠤ ᠶᠢ ᠬᠡᠮᠵᠢᠬᠦ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠪᠠᠶᠢᠯᠳᠤᠭᠠᠨ ᠪᠣᠯ ᠨᠢᠭᠡ ᠤᠳᠠᠭᠠᠨ ᠤ ᠪᠡᠷᠬᠡ ᠬᠠᠲᠠᠭᠤᠵᠢᠯᠲᠠᠶ ᠪᠠᠶᠢᠯᠳᠤᠭᠠᠨ ᠮᠥᠨ᠂ ᠡᠷᠬᠡᠪᠰᠢ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠤᠯᠠᠨ ᠲᠦᠮᠡᠨ ᠲᠠᠢ ᠣᠨᠴᠠᠭᠠᠶ ᠣᠶᠢᠷᠠᠳᠴᠤ᠂ ᠤᠯᠠᠨ ᠲᠦᠮᠡᠨ ᠢ ᠣᠨᠴᠠᠭᠠᠶ ᠬᠠᠯᠠᠮᠵᠢᠯᠠᠵᠤ᠂ ︽ᠠᠮᠠᠪᠴᠢ ᠬᠤᠳᠠᠯᠳᠤᠨ ᠠᠪᠴᠤ ᠳᠡᠶᠢᠯᠬᠦ ᠡᠰᠡᠬᠦ᠂ ᠢᠳᠡᠭᠡᠨ ᠭᠦᠢᠴᠡᠳ ᠪᠠᠶᠢᠬᠤ ᠡᠰᠡᠬᠦ᠂ ᠡᠪᠡᠳᠴᠢᠨ ᠦᠵᠡᠭᠦᠯᠬᠦ ᠳᠤ ᠲᠦᠬᠦᠮ ᠪᠠᠶᠢᠬᠤ ᠡᠰᠡᠬᠦ︾ ᠵᠡᠷᠭᠡ ᠤᠯᠠᠨ ᠲᠦᠮᠡᠨ ᠤ ᠬᠠᠮᠤᠭ ᠤᠨ ᠪᠣᠳᠠᠲᠠᠶ ᠠᠰᠠᠭᠤᠳᠠᠯ ᠠᠴᠠ ᠡᠭᠦᠰᠴᠦ᠂ ᠺᠠᠳ᠋ᠷᠴᠤᠳ ᠤᠨ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠠᠩᠬᠠᠷᠤᠨ ᠬᠠᠯᠠᠮᠵᠢᠯᠠᠵᠤ ᠪᠠᠶᠢᠬᠤ ᠡᠰᠡᠬᠦ᠂ ᠤᠯᠠᠨ ᠲᠦᠮᠡᠨ ᠤ ᠬᠦᠰᠡᠯ ᠰᠠᠨᠠᠭ᠎ᠠ ᠶᠢ ᠰᠣᠨᠣᠰᠴᠤ ᠪᠠᠶᠢᠬᠤ ᠡᠰᠡᠬᠦ᠂ ᠤᠯᠠᠨ ᠲᠦᠮᠡᠨ ᠤ ᠬᠡᠷᠡᠭᠴᠡᠭᠡ ᠳᠤ ᠦᠨᠡᠨ ᠬᠦ ᠪᠠᠴᠢᠮᠳᠠᠵᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠰᠢᠯᠭᠠᠨ ᠪᠠᠶᠢᠴᠠᠭᠠᠵᠤ ᠢᠯᠭᠠᠨ ᠲᠠᠨᠢᠬᠤ ᠬᠡᠷᠡᠭᠲᠡᠶ᠃ ᠲᠤᠰ ᠭᠠᠵᠠᠷ ᠣᠷᠣᠨ ᠤ ᠬᠢᠵᠢᠭ ᠡᠭᠦᠰᠦᠭᠰᠡᠨ ᠤ ᠳᠠᠷᠠᠭ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠲᠠᠶᠢᠨ ᠤ ᠲᠠᠯᠠᠪᠤᠷ ᠢ ︽ᠰᠢᠯᠭᠠᠯᠲᠠ ᠶᠢᠨ ᠲᠠᠯᠠᠪᠤᠷ︾ ᠪᠣᠯᠭᠠᠵᠤ᠂ ᠺᠠᠳ᠋ᠷ  ᠢ ᠬᠢᠨᠠᠨ ᠪᠠᠶᠢᠴᠠᠭᠠᠬᠤ ︽ᠬᠠᠶᠢᠭᠤᠷ︾ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠵᠠᠬ᠎ᠠ ᠳᠤ ᠬᠦᠷᠲᠡᠯ᠎ᠡ ᠤᠷᠲᠤᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠠᠪᠤᠴᠠ ᠳᠤ ︽  ᠵᠠᠢ ᠵᠠᠪᠰᠠᠷ ᠦᠬᠡᠢ︾ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠤᠨ ᠲᠥᠯᠥᠭᠡ ᠪᠣᠳᠠᠲᠠᠢ ᠠᠵᠢᠯᠯᠠᠳᠠᠭ ᠰᠢᠯᠢᠳᠡᠭ ᠨᠠᠮ ᠤᠨ ᠭᠡᠰᠢᠭᠦᠨ ᠺᠠᠳ᠋ᠷ ᠢ ᠢᠯᠭᠠᠨ ᠲᠠᠨᠢᠵᠤ᠂ ᠨᠠᠮ ᠤᠨ ᠦᠢᠯᠡᠰ ᠲᠤ ᠬᠠᠷᠢᠭᠤᠴᠠᠯᠭ᠎ᠠ ᠲᠠᠢ᠂ ᠠᠷᠠᠳ ᠤᠯᠠᠨ ᠳᠤ ᠬᠠᠶᠢᠷ᠎ᠠ ᠰᠡᠳᠬᠢᠯᠭᠡ ᠲᠠᠢ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠠᠶᠢᠨ ᠺᠠᠳ᠋ᠷ ᠢ ᠦᠨᠡᠨᠬᠦ ᠰᠣᠩᠭᠤᠨ ᠭᠠᠷᠭᠠᠵᠤ ᠬᠡᠷᠡᠭᠯᠡᠬᠦ ᠬᠡᠷᠡᠭᠲᠡᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号