ᠰᠢᠯᠤᠭᠤᠨ ᠬᠦᠪᠡᠬᠡᠲᠦ ᠴᠠᠭᠠᠨ ᠬᠤᠰᠢᠭᠤ ᠮᠤᠩᠭᠤᠯ ᠬᠡᠯᠡᠨ ᠤ  ᠵᠠᠭᠤᠴᠢᠯᠠᠭᠤᠷ ᠤᠨ ᠤᠬᠠᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/12/14
 ᠰᠢᠯᠤᠭᠤᠨ ᠬᠦᠪᠡᠬᠡᠲᠦ ᠴᠠᠭᠠᠨ ᠬᠤᠰᠢᠭᠤ ᠮᠤᠩᠭᠤᠯ ᠬᠡᠯᠡᠨ ᠤ  ᠵᠠᠭᠤᠴᠢᠯᠠᠭᠤᠷ ᠤᠨ ᠤᠬᠠᠭᠤᠯᠬᠤ ᠠᠵᠢᠯᠯᠠᠭ᠎ᠠ ᠦᠷᠨᠢᠬᠦᠯᠪᠡ

       ᠮᠤᠩᠭᠤᠯ ᠬᠡᠯᠡᠨ ᠤ  ᠵᠠᠭᠤᠴᠢᠯᠠᠭᠤᠷ ᠪᠤᠯ ᠤᠯᠠᠨ ᠲᠦᠮᠡᠨ ᠲᠤ ᠬᠠᠮᠤᠭ ᠰᠢᠨ᠎ᠡ ᠤᠯᠤᠰ᠂ ᠦᠪᠡᠷᠲᠡᠬᠡᠨ

ᠵᠠᠰᠠᠬᠤ ᠤᠷᠤᠨ᠂ ᠠᠶᠢᠮᠠᠭ᠂ ᠬᠤᠰᠢᠭᠤᠨ ᠤ ᠲᠦᠷᠦ ᠶᠢᠨ ᠪᠤᠳᠤᠯᠭ᠎ᠠ᠂ ᠬᠠᠮᠤᠭ ᠰᠢᠨ᠎ᠡ ᠰᠤᠨᠢᠨ ᠮᠡᠳᠡᠭᠡ᠂ ᠴᠢᠮᠡᠭᠡ

ᠵᠠᠩᠬᠢ ᠶᠢ ᠨᠡᠶᠢᠲᠡᠯᠡᠵᠤ᠂ ᠰᠤᠷᠠᠭ ᠵᠠᠩᠬᠢ ᠶᠢ ᠳᠠᠮᠵᠢᠭᠤᠯᠬᠤ ᠨᠢᠬᠡᠨ ᠮᠤᠩᠭᠤᠯ ᠬᠡᠯᠡᠨ ᠤ  ᠵᠠᠭᠤᠴᠢᠯᠠᠭᠤᠷ ᠤᠨ

ᠳᠠᠪᠴᠠᠩ ᠶᠤᠮ᠃

        2022 ᠤᠨ ᠤ12 ᠰᠠᠷ᠎ᠠ ᠶᠢᠨ13 ᠤ ᠡᠳᠤᠷ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ᠂

ᠮᠤᠩᠭᠤᠯ ᠵᠢᠷᠬᠢᠶᠡᠨ ᠤ ᠳᠠᠪᠴᠠᠩ ᠢ ᠬᠠᠷᠢᠴᠠᠭᠤᠴᠠᠵᠤ ᠪᠠᠶᠢᠭ᠎ᠠ ᠡᠷᠬᠢᠯᠡᠭᠴᠢ᠂ ᠨᠠᠶᠢᠷᠠᠭᠤᠯᠤᠨ  ᠨᠡᠶᠢᠲᠡᠯᠡᠭᠴᠢ ᠡᠯ᠎ᠡ

ᠨᠠᠶᠢᠬᠡᠮ ᠲᠤᠭᠤᠷᠢᠭ᠂ ᠡᠯ᠎ᠡ ᠪᠠᠶᠢᠭᠤᠯᠠᠯᠭ᠎ᠠ ᠨᠢᠬᠡᠴᠡ ᠳᠤ ᠬᠦᠷᠴᠦ᠂ ᠵᠠᠰᠠᠭ ‍ᠤᠨ‌ᠤᠷᠳᠤᠨ ᠤ ᠮᠤᠩᠭᠤᠯ ᠰᠦᠯᠵᠢᠶ᠎ᠡ᠂

ᠮᠤᠩᠭᠤᠯ ᠵᠢᠷᠬᠢᠶᠡᠨ ᠤ ᠳᠠᠪᠴᠠᠩ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ ᠠᠵᠢᠯᠯᠠᠭ᠎ᠠ ᠳᠤ ᠡᠯ᠎ᠡ

ᠨᠠᠶᠢᠬᠡᠮ ᠲᠤᠭᠤᠷᠢᠭ᠂ ᠡᠯ᠎ᠡ ᠪᠠᠶᠢᠭᠤᠯᠠᠯᠭ᠎ᠠ ᠨᠢᠬᠡᠴᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ᠂

ᠮᠡᠨ ᠤ  ᠵᠠᠰᠠᠭ ᠤᠨ ᠤᠷᠳᠤᠨ ᠤ ᠮᠤᠩᠭᠤᠯ ᠰᠦᠯᠵᠢᠶ᠎ᠡ᠂ ᠮᠤᠩᠭᠤᠯ ᠵᠢᠷᠬᠢᠶᠡᠨ ᠤ ᠳᠠᠪᠴᠠᠩ ᠤᠨ ᠭᠤᠤᠯ

ᠠᠭᠤᠯᠭ᠎ᠠ᠂ ᠤᠨᠴᠠᠯᠢᠭ ᠢ ᠲᠠᠶᠢᠯᠪᠤᠷᠢᠯᠠᠵᠤ᠂ ᠨᠠᠰᠤᠲᠠᠶᠢᠴᠤᠳ ᠲᠤ ᠬᠡᠷᠬᠢᠨ ᠮᠤᠩᠭᠤᠯ ᠵᠢᠷᠬᠢᠶᠡᠨ ᠤ ᠳᠠᠪᠴᠠᠩ ᠢ

ᠠᠩᠬᠠᠷᠤᠨ ᠦᠵᠡᠬᠦ ᠶᠢ ᠨᠢᠬᠡ ᠨᠢᠬᠡ ᠪᠠᠷ ᠵᠢᠭᠠᠨ ᠦᠭᠴᠦ᠂ ᠤᠬᠠᠭᠤᠯᠭ᠎ᠠ ᠶᠢᠨ ᠠᠵᠢᠯᠯᠠᠭ᠎ᠠ ᠪᠠᠨ ᠨᠠᠶᠢᠲᠡᠯᠢᠭ

ᠴᠢᠨᠠᠷᠲᠠᠢ ᠪᠦᠬᠡᠳ ᠦᠷᠬᠡᠴᠡ ᠲᠠᠢ ᠤᠬᠠᠭᠤᠯᠪᠠ᠃

      ᠪᠢᠳᠠ ᠤᠭ ᠰᠠᠨᠠᠭ᠎ᠠ ᠪᠠᠨ ᠦᠯᠦ ᠮᠠᠷᠲᠠᠨ᠂ ᠦᠷᠬᠦᠯᠵᠢᠯᠡᠨ ᠴᠢᠷᠮᠠᠶᠢᠵᠦ᠂ ᠬᠤᠶᠢᠰᠢᠲᠠ ᠶᠢᠨ ᠠᠵᠢᠯ ᠢᠶᠠᠨ

ᠨᠡᠩ ᠰᠠᠶᠢᠲᠤᠷ ᠬᠢᠵᠤ᠂ ᠨᠡᠩ ᠤᠯᠠᠨ ᠠᠷᠪᠢᠨ ᠴᠢᠮᠡᠭᠡ ᠵᠠᠩᠬᠢ ᠶᠢ ᠤᠯᠠᠨ ᠲᠦᠮᠡᠨ ᠲᠡᠭᠡᠨ ᠦᠷᠬᠡᠨ ᠳᠡᠪᠰᠢᠬᠦᠯᠬᠦ

 ᠶᠢᠨ ᠬᠠᠮᠲᠤ ᠲᠠ ᠪᠦᠬᠦᠨ ᠤ ᠢᠶᠠᠨ ᠰᠠᠨᠠᠯ ᠵᠦᠪᠯᠡᠯᠬᠡ ᠶᠢ ᠲᠠᠷᠤᠤ ᠬᠢᠴᠢᠶᠡᠩᠬᠦᠢ ᠪᠠᠷ ᠬᠦᠯᠢᠶᠡᠨ ᠠᠪᠴᠣ᠂

ᠲᠠᠰᠤᠷᠠᠯᠲᠠ ᠦᠬᠡᠢ ᠰᠢᠨᠡᠳᠬᠡᠨ ᠬᠦᠭᠵᠢᠬᠦᠯᠦᠨ᠎ᠡ᠃

 

 
ᠢᠷᠡᠯᠲᠡ᠄ ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠵᠠᠰᠠᠭ ᠤᠨ ᠤᠷᠲᠤᠨ ᠤ ᠮᠥᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号