ᠮᠢᠩᠭᠠᠨᠲᠤ ᠪᠠᠯᠭᠠᠰᠤ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/19
  ᠮᠢᠩᠭᠠᠨᠲᠤ ᠪᠠᠯᠭᠠᠰᠤ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ  ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 12 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠮᠢᠩᠭᠠᠨᠲᠤ ᠪᠠᠯᠭᠠᠰᠤᠨ ᠤ ᠨᠠᠮ ᠤᠨ ᠬᠤᠷᠢᠶ᠎ᠠ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷᠠᠩᠭᠤᠸ᠎ᠠ ᠬᠤᠷᠠᠯ  ᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ︵ᠶᠡᠷᠦᠩᠬᠡᠢ ᠡᠭᠦᠷ︶ ᠤᠨ ᠱᠦᠵᠢ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ 13 ᠭᠠᠴᠠᠭ᠎ᠠ ᠲᠣᠰᠬᠤᠨ ᠤ ᠨᠠᠮ ᠤᠨ  ᠡᠭᠦᠷ ᠤᠨ ᠱᠦᠵᠢ ᠪᠣᠯᠣᠨ 7 ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠲᠤᠬᠠᠢ ᠲᠤᠰᠢᠶᠠᠯ ᠤᠨ ᠮᠡᠳᠡᠭᠦᠯᠦᠯᠲᠡ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠤᠨ ᠰᠢᠨᠵᠢᠯᠡᠵ᠊ ᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ ᠳᠤᠷᠠᠳᠴᠠᠢ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠷᠠᠨᠭᠤᠸᠠ‌ᠨᠠᠷᠠᠩᠭᠤᠸ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ︵ᠶᠡᠷᠦᠩᠬᠡᠢ ᠡᠭᠦᠷ︶ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠳᠤ ᠲᠤᠬᠠᠢ ᠶᠢᠨ ᠲᠠᠯᠠᠪᠤᠷ ᠤᠨ ᠦᠨᠡᠯᠡᠯᠲᠡ ᠬᠢᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠠᠯᠳᠤᠭᠤᠯᠤᠨ ᠲᠣᠰ ᠲᠣᠰ ᠦᠨᠡᠯᠡᠯᠲᠡ ᠬᠢᠵᠡᠢ᠃    ᠬᠤᠷᠠᠯ ᠠᠴᠠ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠪᠣᠯᠣᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ︽ᠱᠦᠵᠢ ᠨᠠᠮ ᠤᠨ ᠪᠠᠶᠢᠭᠤᠯᠤᠯᠲᠠ ᠶᠢ ᠠᠳᠬᠤᠬᠤ︾ ᠬᠠᠷᠢᠭᠤᠴᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠬᠢᠭᠤᠯᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠡᠯ᠎ᠡ ᠨᠠᠮ ᠤᠨ ᠡᠭᠦᠷ︵ᠶᠡᠷᠦᠩᠬᠡᠢ ᠡᠭᠦᠷ︶ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤ ᠶᠢ ᠶᠡᠬᠡᠪᠡᠷ ᠠᠳᠬᠤᠵᠤ᠂ ᠰᠠᠭᠤᠷᠢ ᠶᠢ ᠶᠡᠬᠡᠪᠡᠷ ᠠᠳᠬᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠴᠦᠰ ᠲᠤᠨᠢ ᠲᠤᠯᠲᠠᠯ᠎ᠠ ᠲᠤᠤᠱᠯᠠᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠲᠠᠯᠠᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ︽ᠲᠦᠷᠪᠡᠨ ᠰᠤᠷᠲᠠᠯ︾  ᠢ ᠤᠷᠳᠤ ᠬᠤᠭᠤᠴᠠᠭ᠎ᠠ ᠪᠠᠷ ᠵᠠᠯᠠᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨᠬᠦ ᠪᠠᠲᠤ ᠴᠢᠩᠭ᠎ᠠ  ᠪᠠᠬᠢᠯᠡᠯᠲᠡ ᠪᠣᠯᠭᠠᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ 
 
ᠢᠷᠡᠯᠲᠡ᠄ ᠮᠢᠩᠭᠠᠨᠲᠤ ᠪᠠᠯᠭᠠᠰᠤᠨ ᠤ ᠵᠢᠷᠬᠢᠶ᠎ᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号