ᠤᠯᠠᠭᠠᠨᠴᠠᠪ ᠰᠤᠮᠤ 2022 ᠣᠨ ᠤ ᠨᠠᠮ ᠤᠨ ᠡᠭᠦᠷ ᠤᠨ ᠱᠦᠵᠢ ᠵᠢᠨ‌ᠦᠨᠳᠦᠰᠦᠨ‌‍ᠱᠠᠲᠤᠨ ‍ᠤ‌ᠨᠠᠮ ᠤᠨ ᠪᠠᠶᠢᠭᠤᠯᠤᠯᠲᠠ ᠶᠢᠨ ᠠᠵᠢᠯ ᠢ‌ᠠᠳᠬᠤᠭᠰᠠᠨ ᠲᠤᠰᠢᠶᠠᠯ ‍ᠤᠨ‌ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/19
ᠤᠯᠠᠭᠠᠨᠴᠠᠪ ᠰᠤᠮᠤ 2022 ᠣᠨ ᠤ ᠨᠠᠮ ᠤᠨ ᠡᠭᠦᠷ ᠤᠨ ᠱᠦᠵᠢ ᠵᠢᠨ‌ᠦᠨᠳᠦᠰᠦᠨ‌‍ᠱᠠᠲᠤᠨ ‍ᠤ‌ᠨᠠᠮ ᠤᠨ ᠪᠠᠶᠢᠭᠤᠯᠤᠯᠲᠠ ᠶᠢᠨ ᠠᠵᠢᠯ ᠢ‌ᠠᠳᠬᠤᠭᠰᠠᠨ ᠲᠤᠰᠢᠶᠠᠯ ‍ᠤᠨ‌ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ    ᠪᠥᠬᠦ ᠰᠤᠮᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠰᠤᠮᠤ 2022 ᠣᠨ ᠤ ᠨᠠᠮ ᠤᠨ ᠡᠭᠦᠷ ᠤᠨ ᠱᠦᠵᠢ ᠶᠢᠨ ᠦᠨᠳᠦᠰᠦᠨ ᠱᠠᠲᠤᠨ ᠤ ᠨᠠᠮ  ᠤᠨ ᠪᠠᠶᠢᠭᠤᠯᠤᠯᠲᠠ  ᠶᠢ ᠠᠳᠬᠤᠭᠰᠠᠨ ᠠᠵᠢᠯ ᠤᠨ ᠲᠤᠰᠢᠶᠠᠯ  ᠤᠨ ᠮᠡᠳᠡᠭᠦᠯᠦᠯᠲᠡ  ᠶᠢ ᠦᠨᠡᠯᠡᠬᠦ ᠬᠤᠷᠠᠯ ᠬᠤᠷᠠᠯᠳᠤᠭᠤᠯᠪᠠ᠃ ᠰᠤᠮᠤᠨ ᠤ ᠨᠠᠮ ᠤᠨ ᠬᠤᠷᠢᠶ᠎ᠠ ᠵᠢᠴᠢ ᠤᠳᠤᠷᠢᠳᠬᠤ ᠪᠠᠭ ᠤᠨ ᠬᠡᠰᠡᠭ ᠪᠦᠷᠢᠯᠳᠦᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃   ᠬᠤᠷᠠᠯ  ᠢ ᠰᠤᠮᠤ  ᠶᠢᠨ ᠨᠠᠮ ᠤᠨ ᠬᠤᠷᠢᠶᠠᠨ ᠤ ᠳᠡᠳ᠋ ᠱᠦᠵᠢ ᠨᠡᠷᠡᠨ᠎ᠡ ᠡᠷᠭᠢᠯᠡᠵᠡᠶ᠃    ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠢᠭᠡ ᠵᠢᠯ ᠤᠨ ᠲᠤᠷᠰᠢᠬᠢ ᠠᠵᠢᠯ ᠤᠨ ᠦᠷ᠎ᠡ ᠪᠦᠲᠦᠮᠵᠢ ᠵᠢᠴᠢ ᠬᠢᠯᠠᠰ ᠴᠡᠭ ᠣᠨᠴᠠᠯᠢᠭ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠪᠡ᠃    ᠰᠤᠮᠤᠨ ᠤ ᠨᠠᠮ ᠤᠨ ᠬᠤᠷᠢᠶᠠᠨ ᠤ ᠱᠦᠵᠢ ᠬᠥᠭᠵᠢᠯᠲᠦ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠲᠠᠢ ᠤᠶᠠᠯᠳᠤᠭᠤᠯᠤᠨ ᠲᠤᠬᠠᠢ ᠶᠢᠨ ᠲᠠᠯᠠᠪᠤᠷ ᠲᠤ ᠦᠨᠡᠯᠡᠯᠲᠡ ᠬᠢᠵᠦ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ  ᠤ ᠨᠠᠮ  ᠤᠨ ᠪᠠᠶᠢᠭᠤᠯᠤᠯᠲᠠ  ᠶᠢ ᠠᠳᠬᠤᠭᠠᠳ ᠣᠯᠣᠭᠰᠠᠨ ᠠᠮᠵᠢᠯᠲᠠ ᠶᠢ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠵᠢᠭᠠᠨ ᠭᠠᠷᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠡᠰᠡᠭ ᠤᠳᠤᠷᠢᠳᠬᠤ ᠪᠠᠭ ᠲᠤᠰ ᠲᠤᠰ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶᠡᠨ ᠠᠴᠠ ᠪᠠᠨ ᠰᠠᠨᠠᠯ ᠰᠠᠨᠠᠭᠤᠯᠭ᠎ᠠ ᠳᠤᠷᠠᠳᠪᠠ᠃    ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ‌‍ᠲ᠋ᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ  ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠠᠮ ᠤᠨ ᠳᠦᠷᠢᠮ ᠢ ᠰᠤᠷᠤᠯᠴᠠᠬᠤ ᠶᠢ ᠣᠶᠢᠷ᠎ᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠨ᠎ᠡ ᠴᠠᠭ ᠦᠶ᠎ᠡ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠯᠤᠰ ᠲᠦᠷᠦ ᠶᠢᠨ ᠤᠬᠠᠮᠰᠠᠷ  ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ︔  ᠬᠤᠶᠠᠷ ᠲᠤ᠂ ᠨᠠᠮ ᠤᠨ ᠡᠭᠦᠷ ᠤᠨ ᠱᠦᠵᠢ ᠲᠤᠰ ᠪᠡᠶ᠎ᠡ ᠶᠢᠨ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠵᠢᠨ‌‍ᠬᠦ᠋ᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠢ ᠦᠨᠡᠨ ᠬᠦ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠢ ᠨᠢᠭᠲᠠᠷᠠᠭᠤᠯᠤᠨ᠂ ᠦᠨᠳᠦᠰᠦᠨ ᠱᠠᠲᠤᠨ ᠤ ᠤᠯᠠᠨ ᠲᠦᠮᠡᠨ ᠢ ᠲᠠᠶᠢᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠬᠤᠷᠠᠮᠳᠤᠭᠤᠯᠬᠤ ᠬᠡᠷᠡᠭᠲᠡᠢ᠃ ᠭᠤᠷᠪᠠ ᠳᠤ᠂  ᠨᠠᠮ ᠤᠨ ᠡᠭᠦᠷ ᠤᠨ ᠱᠦᠵᠢ ᠬᠠᠷᠢᠭᠤᠴᠠᠯᠭ᠎ᠠ  ᠶᠢ ᠮᠡᠳᠡᠵᠤ ᠬᠠᠷᠢᠭᠤᠴᠠᠯᠭ᠎ᠠ ᠶᠢ ᠲᠣᠳᠣᠷᠬᠠᠶᠢᠯᠠᠵᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠂ ᠨᠠᠮ ᠤᠨ ᠪᠠᠶᠢᠭᠤᠯᠤᠯᠲᠠ ᠶᠢ ᠠᠳᠬᠤᠬᠤ ᠳᠤ ᠡᠷᠬᠡᠪᠰᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠡᠯ᠎ᠡ ᠨᠠᠮ ᠤᠨ ᠡᠭᠦᠷ ᠤᠨ ᠱᠦᠵᠢ ︽ᠨᠢᠭᠡᠳᠦᠭᠡᠷ‌ᠬᠠᠷᠢᠭᠤᠴᠠᠯᠭᠠᠲᠠᠨ︾︾ ‍ᠤ‌ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠲᠤᠰ ᠡᠭᠦᠷ ᠤᠨ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠰᠠᠭᠤᠵᠤ᠂ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠵᠦ᠂ ᠡᠭᠦᠷᠭᠡ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠪᠠᠲᠤᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃  
 
ᠢᠷᠡᠯᠲᠡ᠄ ᠣᠯᠠᠭᠠᠨᠴᠠᠪ ᠰᠣᠮᠣᠨ ᠤ ᠵᠢᠷᠬᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号