ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠤᠷᠳᠤᠨ ᠤ《ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠠᠰᠠᠭ ᠤᠨ ᠤᠷᠳᠤᠨ〔2022〕208 ᠳ᠋ᠤᠭᠠᠷ ᠨᠤᠮᠧᠷ | ᠰᠢᠯᠤᠭᠤᠨ ᠬᠥᠪᠡᠭᠡᠲᠦ ᠴᠠᠭᠠᠨ ᠬᠤᠰᠢᠭᠤᠨ ᠠᠷᠠᠳ ᠤᠨ ᠵᠠᠰᠠᠭ ᠤᠨ ᠣᠷᠳᠣᠨ | ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ | ᠲᠥᠯᠥᠪᠯᠡᠭᠡ ︵2021 ︱ 2025 ᠣᠨ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢ ᠡᠳᠦᠭᠡ ᠲᠠ ᠨᠠᠷ ᠲᠤ ᠳᠠᠷᠤᠮᠠᠯᠯᠠᠨ | ᠲᠠᠷᠬᠠᠭᠠᠶ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠰᠢᠯᠤᠭᠤᠨ ᠬᠥᠪᠡᠭᠡᠲᠦ ᠴᠠᠭᠠᠨ ᠬᠤᠰᠢᠭᠤᠨ ᠠᠷᠠᠳ ᠤᠨ ᠵᠠᠰᠠᠭ ᠤᠨ ᠣᠷᠳᠣᠨ ︵2022 ᠣᠨ ᠤ 11 | ᠰᠠᠷ᠎ᠠ ᠶᠢᠨ 9 ︶ | | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠥᠬᠦ ᠠᠷᠠᠳ ᠤᠨᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ | ᠲᠥᠯᠥᠪᠯᠡᠭᠡ | ︵2021 ︱ 2025 ᠣᠨ︶ | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠣᠯ ᠪᠦᠬᠦ ᠠᠷᠠᠳ ᠲᠦᠮᠡᠨ ᠤ ᠪᠡᠶ᠎ᠡ | ᠮᠠᠬᠠᠪᠤᠳ ᠢᠶᠠᠨ ᠴᠢᠬᠢᠷᠠᠭᠵᠢᠭᠤᠯᠵᠤ᠂ ᠡᠷᠡᠭᠦᠯ ᠴᠢᠭᠢᠷᠠᠭ ᠠᠮᠢᠳᠤᠷᠠᠬᠤ ᠶᠢᠨ ᠰᠠᠭᠤᠷᠢ ᠪᠠ ᠪᠠᠲᠤᠯᠠᠭ᠎ᠠ ᠮᠥᠨ᠃ | 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠬᠤᠰᠢᠭᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ | ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ 2.36 ᠲᠡᠭᠰᠢ ᠳᠥᠷᠪᠡᠯᠵᠢᠨ ᠮᠧᠲᠷ ᠲᠤ ᠬᠦᠷᠴᠦ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠲᠣᠭᠲᠠᠭᠤᠨ ᠢᠶᠠᠷ | ᠨᠡᠮᠡᠭᠳᠡᠵᠦ᠂ ᠣᠯᠠᠨ ᠶᠠᠩᠵᠤ ᠶᠢᠨ᠂ ᠣᠨᠴᠠᠯᠢᠬᠵᠢᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ | ᠬᠤᠲᠠ ᠬᠥᠳᠡᠭᠡ ᠳᠤ ᠲᠦᠭᠡᠭᠰᠡᠨ ᠪᠠᠶᠢᠨ᠎ᠠ᠃ᠡᠭᠦᠨ ᠤ ᠬᠠᠮᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠣᠷᠣᠨ ᠪᠦᠰᠡ ᠶᠢᠨ ᠬᠥᠭᠵᠢᠯᠲᠡ ᠮᠥᠨ ᠬᠦ ᠲᠡᠩᠴᠡᠭᠦᠷᠢ ᠦᠭᠡᠢ ᠪᠠᠶᠢᠵᠤ᠂ ᠬᠥᠮᠥᠨ ᠳᠤᠮᠳᠠᠴᠢ ᠶᠢᠨ ᠪᠡᠶ᠎ᠡ ᠶᠢᠨ | ᠲᠠᠮᠢᠷ ᠤᠨ ᠲᠠᠯᠠᠪᠤᠷ ᠪᠣᠯᠣᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ | ᠪᠥᠬᠦ ᠤᠯᠤᠰ ᠪᠥᠬᠦ ᠣᠷᠣᠨ ᠤ ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠪᠠᠯ ᠮᠥᠨ ᠬᠦ ᠵᠥᠷᠢᠶ᠎ᠡ ᠲᠠᠢ | ᠪᠠᠶᠢᠨ᠎ᠠ᠃ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵ | 2021 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠵᠢᠴᠢ ︽ | ᠰᠢᠯᠢ ᠶᠢᠨ ᠭᠤᠣᠯ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵ | 2021 ︱ 2025 ᠣᠨ︶︾ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ | ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠪᠡᠶ᠎ᠡ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠠᠷᠠᠳ ᠲᠦᠮᠡᠨ ᠤ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠶᠠᠪᠤᠳᠠᠯ ᠢ ᠪᠡᠶ᠎ᠡ ᠲᠠᠮᠢᠷ ᠤᠨ ᠠᠵᠢᠯ ᠤᠨ ᠡᠭᠦᠰᠬᠡᠯ ᠪᠠ ᠲᠡᠭᠦᠰᠬᠡᠯ ᠪᠣᠯᠭᠠᠵᠤ᠂ ᠰᠢᠨ᠎ᠡ ᠬᠥᠭᠵᠢᠯᠲᠡ ᠵᠢᠨᠤᠨᠤᠯ ᠢ | ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ | ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠶᠢ ᠬᠦᠴᠦᠷᠬᠡᠭ ᠪᠤᠯᠠᠭᠠᠨ᠂ ᠨᠠᠩ ᠥᠨᠳᠥᠷ ᠬᠢᠷᠢ ᠲᠦᠪᠰᠢᠨ ᠪᠦᠬᠦᠢ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠠᠷᠠᠳ ᠣᠯᠠᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠲᠠᠮᠢᠷ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃2025 ᠣᠨ ᠪᠣᠯᠬᠤ ᠳᠤ᠂ ᠨᠠᠩ ᠥᠨᠳᠥᠷ ᠬᠢᠷᠢ ᠲᠦᠪᠰᠢᠨ | ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ | ᠲᠤᠭ᠎ᠠ ᠶᠢᠨ ᠬᠠᠷᠢᠴᠠᠯ ᠢ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠵᠦ᠂ ᠡᠯ᠎ᠡ ᠪᠡᠶ᠎ᠡ ᠲᠠᠮᠢᠷ ᠤᠨ | ᠬᠥᠳᠡᠯᠭᠡᠭᠡᠨ ᠤ ᠲᠥᠷᠥᠯ ᠵᠦᠢᠯ ᠳᠤ ᠣᠷᠤᠯᠴᠠᠬᠤ ᠬᠥᠮᠥᠨ ᠤ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ | ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ | ᠪᠡᠶ᠎ᠡ ᠲᠠᠮᠢᠷ ᠤᠨ ᠪᠡᠯᠡᠳᠬᠡᠮᠵᠢ ᠪᠠ ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ | ᠲᠣᠭᠤᠷᠢᠭ︾ ᠤᠨ ᠪᠦᠬᠦᠨ ᠢ ᠪᠦᠷᠬᠦᠬᠦ ᠶᠢ ᠪᠡᠶᠡᠯᠡᠭᠦᠯᠵᠦ᠂ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠲᠠᠯᠠᠪᠠᠶ 2.36 ᠲᠡᠭᠰᠢ ᠳᠥᠷᠪᠡᠯᠵᠢᠨ ᠮᠧᠲᠷ ᠲᠤ ᠬᠦᠷᠦᠨ᠎ᠡ︔ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠵᠢᠭᠠᠨ ᠵᠢᠯᠤᠭᠤᠳᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ | ᠤᠯᠤᠰ ᠠᠷᠠᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ 90% ᠠᠴᠠ | ᠳᠡᠭᠡᠭᠰᠢ ᠳᠤ ᠬᠦᠷᠦᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ 300 ᠬᠦᠮᠦᠨ | ᠬᠦᠷᠴᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ | ᠬᠠᠷᠢᠴᠠᠯ ᠢ ᠨᠡᠮᠡᠭᠳᠡᠬᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠬᠦᠬᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠬᠦᠢᠨᠵᠧᠨᠧᠷᠢᠩ ᠢ ᠬᠡᠷᠡᠭᠵᠢᠭᠦᠯᠦᠨ᠎ᠡ | 1. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠦᠬᠦᠬᠡᠷᠦᠮᠵᠢ ᠶᠢᠨ ᠲᠠᠰ ᠳᠡᠪᠰᠢᠬᠦ ᠶᠢ | ᠠᠬᠢᠭᠤᠯᠤᠨ᠎ᠠ᠃ ᠨᠡᠶᠢᠭᠡᠮ ᠲᠣᠭᠤᠷᠢᠭ ᠤᠨ ᠳᠣᠲᠣᠷ᠎ᠠ ᠨᠡᠶᠢᠭᠡᠮ ᠤᠨ ᠬᠥᠷᠥᠩᠭᠡ ᠶᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠪᠡᠶ᠎ᠡ ᠶᠢᠨ ᠲᠠᠮᠢᠷ ᠤᠨ ᠲᠦᠬᠦᠬᠡᠷᠦᠮᠵᠢ ᠲᠣᠬᠢᠷᠠᠭᠤᠯᠬᠤ ᠶᠢ ᠵᠣᠷᠢᠭᠵᠢᠭᠤᠯᠵᠤ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠰᠢᠶᠠᠩ ᠪᠠᠯᠭᠠᠰᠤ ᠶᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠢ ᠤᠷᠢᠳᠠᠪᠠᠷ ᠲᠥᠯᠥᠪᠵᠢᠭᠦᠯᠵᠦ᠂ | ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠲᠣᠬᠢᠷᠠᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠲᠥᠪ 1᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ 1᠂ ᠰᠤᠮᠤ ᠰᠢᠶᠠᠩ | ᠪᠠᠯᠭᠠᠰᠤ ᠶᠢᠨ ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠪᠠ | ᠭᠠᠴᠠᠭ᠎ᠠ ᠲᠣᠰᠬᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ ᠴᠡᠭ ᠢ ᠪᠦᠬᠦᠨ ᠢ | ᠬᠠᠮᠤᠷᠤᠭᠤᠯᠬᠤ ᠪᠠᠷ ᠴᠢᠷᠮᠠᠶᠢᠨ᠎ᠠ᠃ ᠪᠥᠬᠦ ᠬᠤᠰᠢᠭᠤᠨ ᠤ ᠬᠥᠮᠥᠨ ᠠᠮᠠ ᠶᠢᠨ ᠲᠠᠷᠬᠠᠯᠲᠠ ᠨᠡᠯᠢᠶᠡᠳ ᠲᠥᠪᠯᠡᠷᠡᠭᠰᠡᠨ | ᠨᠡᠶᠢᠭᠡᠮ ᠲᠣᠭᠤᠷᠢᠭ ᠲᠤ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠤᠨ᠎ᠠ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠶᠢᠨ ᠬᠤᠭᠤᠴᠠᠭᠠᠨ ᠳᠤ ᠪᠥᠬᠦ ᠬᠤᠰᠢᠭᠤᠨ ᠤ ᠪᠡᠶ᠎ᠡ ᠶᠢᠨ | ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ ᠪᠥᠬᠦ ᠠᠶᠢᠮᠠᠭ ᠤᠨ | ᠳᠤᠮᠳᠠᠴᠢ ᠬᠢᠷᠢ ᠲᠦᠪᠰᠢᠨ ᠳᠤ ᠬᠦᠷᠭᠡᠵᠦ᠂ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ | ᠬᠢᠷᠢ ᠲᠡᠩᠴᠡᠭᠰᠡᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ ᠶᠢ | ᠨᠡᠶᠢᠳᠡᠮ ᠳᠤᠨᠢ ︽ᠤᠯᠤᠰ ᠤᠨ ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ︾ ᠶᠢᠨ | ᠦᠨᠳᠦᠰᠦᠨ ᠱᠠᠭᠠᠷᠳᠠᠯᠭ᠎ᠠ ᠳᠤ ᠬᠦᠷᠭᠡᠵᠦ᠂ ᠪᠥᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠤᠳ ᠤᠨ ᠬᠡᠪ | ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ | ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠃ | 2᠂ ᠲᠠᠷᠢᠶᠠᠯᠠᠬᠤ ᠮᠠᠯᠵᠢᠬᠤ ᠣᠷᠣᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ | ᠬᠠᠩᠭᠠᠯᠭ᠎ᠠ ᠶᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠠᠯᠠᠪᠤᠷ ᠭᠠᠵᠠᠷ ᠤᠨ ᠪᠡᠯᠡᠳᠬᠡᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠶᠢᠨ ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ | ᠲᠠᠯᠠᠪᠠᠶ᠂ ᠪᠡᠶ᠎ᠡ ᠴᠢᠭᠢᠷᠠᠭᠵᠢᠭᠤᠯᠬᠤ ᠵᠠᠮ ᠱᠤᠭᠤᠮ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠵᠡᠷᠭᠡ ᠶᠢ | ᠲᠣᠬᠢᠷᠠᠭᠤᠯᠤᠨ ᠪᠠᠶᠢᠭᠤᠯᠬᠤ ᠶᠢ ᠳᠡᠮᠵᠢᠨ᠎ᠡ᠃ ᠰᠤᠮᠤ ᠰᠢᠶᠠᠩ ᠪᠠᠯᠭᠠᠰᠤ ᠶᠢᠨ 2 ᠵᠢᠵᠢᠭ ᠬᠡᠯᠪᠡᠷᠢ ᠶᠢᠨ ᠪᠡᠶ᠎ᠡ | ᠴᠢᠭᠢᠷᠠᠭᠵᠢᠭᠤᠯᠬᠤ ᠲᠥᠪ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠳᠡᠮᠵᠢᠵᠦ᠂ ᠰᠤᠮᠤ ᠰᠢᠶᠠᠩ | ᠪᠠᠯᠭᠠᠰᠤ᠂ ᠭᠠᠴᠠᠭ᠎ᠠ ᠳᠤ ᠨᠠᠭᠠᠲᠤ ᠵᠠᠬ᠎ᠠ ᠳᠠᠭᠠᠨ 1 ᠢᠵᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ | ᠬᠡᠷᠡᠭᠰᠡᠯ ᠲᠣᠬᠢᠷᠠᠭᠤᠯᠬᠤ ᠶᠢ ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ | 3. ᠮᠥᠰᠥ ᠴᠠᠰᠤᠨ ᠤ ᠲᠠᠯᠠᠪᠤᠷ ᠤᠨ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢ | ᠠᠬᠢᠭᠤᠯᠤᠨ᠎ᠠ᠃ᠣᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ | ᠳᠦᠬᠦᠬᠡᠷᠦᠮᠵᠢ ᠶᠢ ᠪᠦᠲᠦᠭᠡᠨ ᠪᠠᠶᠢᠭᠤᠯᠵᠤ᠂ ᠬᠤᠲᠠ ᠪᠠᠯᠭᠠᠰᠤ ᠶᠢᠨ ᠰᠤᠯᠠ ᠭᠠᠵᠠᠷ ᠢ ᠠᠰᠢᠭᠯᠠᠨ ᠭᠡᠷ ᠤᠨ | ᠭᠠᠳᠠᠨᠠᠬᠢ ᠲᠡᠰᠢᠯᠲᠡ ᠶᠢᠨ ᠲᠠᠯᠠᠪᠠᠶ ᠪᠠᠶᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ | ᠥᠷᠨᠢᠭᠦᠯᠬᠦ ᠳᠤ ᠬᠠᠩᠭᠠᠨ᠎ᠠ᠃ᠳᠤᠮᠳᠠᠳᠤ ᠪᠠᠭ᠎ᠠ ᠰᠤᠷᠭᠠᠭᠤᠯᠢ ᠶᠢᠨ ᠣᠲᠣ ᠶᠢᠨ ᠪᠠᠶᠢᠭ᠎ᠠ ᠨᠥᠬᠦᠴᠡᠯ ᠢᠶᠠᠨ ᠠᠰᠢᠭᠯᠠᠨ | ᠮᠥᠰᠥᠨ ᠲᠠᠯᠠᠪᠠᠶ ᠪᠠᠶᠢᠭᠤᠯᠵᠤ᠂ ᠮᠥᠰᠥᠨ ᠳᠤ ᠲᠡᠰᠢᠬᠦ ᠬᠢᠴᠢᠶᠡᠯ ᠨᠡᠭᠡᠭᠡᠵᠦ᠂ ᠬᠠᠭᠤᠷᠠᠢ ᠭᠠᠵᠠᠷ ᠤᠨ ᠮᠥᠰᠥ | ᠴᠠᠰᠤᠨ ᠤ ᠵᠢᠵᠢᠭ ᠬᠡᠯᠪᠡᠷᠢ ᠶᠢᠨ ᠣᠯᠠᠨ ᠶᠠᠩᠵᠤ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠨ᠂ ᠰᠤᠷᠭᠠᠭᠤᠯᠢ ᠶᠢᠨ | ᠬᠦᠷᠢᠶᠡᠨ ᠤ ᠮᠥᠰᠥ ᠴᠠᠰᠤᠨ ᠤ ᠠᠵᠢᠯᠯᠠᠭ᠎ᠠ ᠶᠢ ᠳᠥᠷᠪᠡᠨ ᠤᠯᠠᠷᠢᠯ ᠳᠠᠰᠢ ᠥᠷᠭᠡᠳᠬᠡᠬᠦ ᠶᠢ ᠳᠠᠶᠢᠴᠢᠯᠠᠬᠤ ᠶᠢ | ᠳᠡᠮᠵᠢᠨ᠎ᠡ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 4᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ | ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠨᠡᠭᠡᠭᠡᠯᠲᠡᠲᠤ ᠦᠢᠯᠡᠴᠢᠯᠡᠭᠡᠨ ᠢ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨᠣᠷᠳᠣᠨ ᠤ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠢᠷᠤᠮᠵᠢᠯ︾ ᠤᠨ ᠣᠷᠳᠣᠨ ᠤ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ︵ᠳᠠᠭᠠᠳᠬᠠᠯ︶ ᠶᠢᠨ ᠴᠢᠳᠠᠮᠵᠢ ᠶᠢ ᠬᠤᠪᠢᠷᠠᠭᠤᠯᠬᠤ ᠪᠡᠯᠡᠳᠬᠡᠯ ᠲᠥᠰᠥᠯ ᠢ | ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠨᠥᠬᠦᠴᠡᠯ ᠳᠣᠣᠷᠠᠬᠢ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠢ ᠴᠢᠯᠦᠭᠡᠲᠡᠢ ᠨᠡᠭᠡᠭᠡᠬᠦ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨᠣᠷᠳᠣᠨ ᠤ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠲᠠᠯᠠᠪᠤᠷ ᠬᠠᠩᠭᠠᠬᠤ ᠶᠢ ᠵᠣᠷᠢᠭᠵᠢᠭᠤᠯᠤᠨ᠂ ᠲᠠᠯᠠᠪᠤᠷ ᠨᠡᠭᠡᠭᠡᠯᠲᠡ ᠬᠢᠬᠦ ᠨᠥᠬᠦᠴᠡᠯ ᠲᠠᠢ | ᠪᠠᠶᠢᠭᠤᠯᠤᠯᠭ᠎ᠠ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠠᠷ ᠪᠤᠶᠤ ᠳᠣᠣᠷ᠎ᠠ ᠰᠦᠢᠳᠬᠡᠯ ᠢᠶᠠᠷ ᠨᠡᠶᠢᠭᠡᠮ | ᠨᠡᠶᠢᠲᠡ ᠳᠤ ᠨᠡᠭᠡᠭᠡᠯᠲᠡ ᠬᠢᠬᠦ ᠶᠢ ᠵᠣᠷᠢᠭᠵᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ | 5. ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠲᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ | ᠡᠷᠭᠢᠯᠡᠵᠦ᠂ ︽ᠭᠤᠷᠪᠠᠨ ᠲᠣᠮᠣ ᠪᠥᠮᠪᠦᠭᠡ︾᠂ ᠪᠡᠶ᠎ᠡ ᠴᠢᠭᠢᠷᠠᠭᠵᠢᠭᠤᠯᠬᠤ ᠭᠦᠶᠦᠯᠲᠡ᠂ ᠪᠡᠶ᠎ᠡ ᠴᠢᠭᠢᠷᠠᠭᠵᠢᠭᠤᠯᠬᠤ | ᠪᠥᠵᠢᠭ᠂ ᠠᠭᠤᠯᠠ ᠠᠪᠠᠷᠢᠬᠤ ᠵᠡᠷᠭᠡ ᠣᠯᠠᠨ ᠲᠦᠮᠡᠨ ᠤ ᠣᠷᠣᠯᠴᠠᠭᠰᠠᠨ ᠬᠡᠮᠵᠢᠶ᠎ᠡ ᠪᠠᠷ ᠥᠨᠳᠥᠷ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠮᠣᠷᠢ ᠤᠷᠤᠯᠳᠤᠬᠤ᠂ | ᠪᠥᠬᠡ᠂ ᠰᠤᠷ ᠬᠠᠷᠪᠤᠬᠤ᠂ ᠰᠢᠲ᠋ᠠᠷ᠂ ᠱᠠᠭ᠎ᠠ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠲᠡᠮᠵᠢᠨ᠎ᠡ᠃︽ᠨᠢᠭᠡ ᠭᠠᠵᠠᠷ ᠣᠷᠣᠨ ᠨᠢᠭᠡ ᠨᠠᠷᠠᠲᠤ ᠲᠥᠷᠥᠯ ᠲᠡᠮᠳᠡᠭᠲᠦ᠂ ᠨᠢᠭᠡ ᠭᠠᠵᠠᠷ ᠣᠷᠣᠨ ᠨᠢᠭᠡ | ᠣᠨᠴᠠᠯᠢᠭ ᠲᠠᠢ︾ ᠣᠯᠠᠨ ᠲᠦᠮᠡᠨᠴᠢ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠲᠠᠯ᠎ᠠ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠤ ᠠᠵᠢᠯᠯᠠᠭ᠎ᠠ ᠡᠷᠭᠢᠯᠡᠬᠦ ᠶᠢ ᠳᠡᠮᠵᠢᠵᠦ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ ᠬᠠᠮᠵᠢᠯᠴᠠᠨ ᠤᠷᠤᠯᠳᠤᠭᠠᠨ ᠡᠷᠭᠢᠯᠡᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠤᠷᠤᠯᠳᠤᠭᠠᠨ ᠤ | ᠠᠵᠢᠯᠯᠠᠭ᠎ᠠ ᠶᠢᠨ ᠬᠤᠲᠠ ᠬᠥᠳᠡᠭᠡ᠂ ᠣᠷᠣᠨ ᠪᠦᠰᠡ ᠶᠢᠨ ᠬᠤᠭᠤᠷᠣᠨᠳᠤ ᠲᠡᠩᠴᠡᠭᠦᠷᠢᠲᠡᠢ ᠪᠥᠭᠡᠳ | ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ | 6. ᠬᠥᠯ ᠪᠥᠮᠪᠦᠭᠡ ᠶᠢᠨ ᠬᠥᠳᠡᠯᠭᠡᠭᠡᠨ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠤᠨ᠎ᠠ᠃ ᠬᠥᠯ | ᠪᠥᠮᠪᠦᠭᠡ ᠶᠢᠨ ᠠᠵᠢᠯ ᠤᠨ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠬᠥᠯ ᠪᠥᠮᠪᠦᠭᠡ ᠶᠢᠨ ᠦᠢᠯᠡᠰ ᠤᠨ | ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠤᠨ᠋᠃ ᠬᠥᠯ ᠪᠥᠮᠪᠦᠭᠡ ᠶᠢᠨ ᠲᠠᠯᠠᠪᠤᠷ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 11 ᠬᠥᠮᠥᠨ ᠤ ᠳᠦᠷᠢᠮᠲᠦ ᠪᠠᠷᠢᠮᠵᠢᠶᠠᠲᠤ ᠬᠥᠯ ᠪᠥᠮᠪᠦᠭᠡ ᠶᠢᠨ | ᠲᠠᠯᠠᠪᠤᠷ 1 ᠪᠠ 5 ᠬᠥᠮᠥᠨ ᠤ ᠳᠦᠷᠢᠮᠲᠦ ᠮᠠᠶ᠋ᠢᠭ ᠤᠨ ᠬᠥᠯ ᠪᠥᠮᠪᠦᠭᠡ ᠶᠢᠨ ᠲᠠᠯᠠᠪᠤᠷ ᠢ 1 ᠰᠢᠨ᠎ᠡ ᠪᠠᠷ | ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠪᠠᠷ ᠴᠢᠷᠮᠠᠶᠢᠨ᠎ᠠ᠃ ᠬᠥᠯ ᠪᠥᠮᠪᠦᠭᠡ ᠶᠢᠨ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠬᠥᠯ ᠪᠥᠮᠪᠦᠭᠡ ᠶᠢᠨ ᠲᠥᠷᠥᠯ ᠵᠦᠢᠯ ᠤᠨ ᠬᠥᠭᠵᠢᠯᠲᠡ ᠶᠢᠨ ᠲᠤᠷᠰᠢᠯᠭ᠎ᠠ ᠶᠢ | ᠬᠤᠷᠠᠮᠳᠤᠭᠤᠯᠤᠨ᠂ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠢ ᠪᠥᠬᠦ | ᠬᠦᠴᠦᠨ ᠢᠶᠠᠷ ᠳᠡᠮᠵᠢᠨ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠥᠯ | ᠪᠥᠮᠪᠦᠭᠡ ᠶᠢᠨ ᠠᠩᠭᠢ ᠪᠠᠶᠢᠭᠤᠯᠬᠤ ᠶᠢ ᠵᠣᠷᠢᠭᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠨᠤᠭᠤᠳ ᠠᠳᠠᠯᠢ ᠪᠤᠰᠤ | ᠨᠠᠰᠤᠨ ᠤ ᠱᠠᠲᠤᠨ ᠤ ᠬᠥᠯ ᠪᠥᠮᠪᠦᠭᠡ ᠶᠢᠨ ᠠᠩᠭᠢ ᠪᠠᠶᠢᠭᠤᠯᠬᠤ ᠬᠡᠷᠡᠭᠲᠡᠢ ᠃ ᠬᠡᠯᠪᠡᠷᠢ ᠮᠠᠶ᠋ᠢᠭ ᠨᠢ ᠣᠯᠠᠨ | ᠶᠠᠩᠵᠤ ᠶᠢᠨ᠂ ᠠᠳᠠᠯᠢ ᠪᠤᠰᠤ ᠨᠠᠰᠤᠨ ᠤ ᠱᠠᠲᠤᠨ ᠤ ᠬᠥᠮᠥᠰ ᠤᠨ ᠣᠷᠤᠯᠴᠠᠬᠤ ᠳᠤ ᠲᠣᠬᠢᠷᠠᠬᠤ ᠣᠯᠠᠨ ᠲᠦᠮᠡᠨᠴᠢ | ᠴᠢᠨᠠᠷᠲᠠᠢ ᠬᠥᠯ ᠪᠥᠮᠪᠦᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠲᠥᠷᠥᠯ ᠤᠨ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ ᠵᠣᠬᠢᠶᠠᠨ ᠪᠠᠶᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ︵ᠭᠤᠷᠪᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤᠦᠢᠯᠡᠴᠢᠯᠡᠭᠡᠨ ᠤ ᠬᠢᠷᠢ | ᠳᠦᠪᠰᠢᠨ ᠢ ᠲᠡᠬᠡᠭᠰᠢᠯᠡᠬᠦᠯᠦᠨ᠎ᠡ ᠃ | 7. ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠭᠠᠨ ᠵᠢᠯᠤᠭᠤᠳᠤᠮᠵᠢᠶᠢᠨ ᠬᠠᠩᠭᠠᠯᠭ᠎ᠠ ᠶᠢ | ᠪᠠᠶᠠᠯᠢᠭᠵᠢᠭᠤᠯᠤᠨ᠎ᠠ᠃ ᠠᠯᠪᠠᠨ ᠠᠴᠠ ᠪᠠᠭᠤᠭᠰᠠᠨ ᠲᠠᠮᠢᠷᠴᠢᠨ᠂ ᠰᠤᠷᠭᠠᠭᠴᠢ᠂ ᠭᠠᠭᠴᠠ ᠵᠦᠢᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠤᠨ ᠭᠡᠰᠢᠭᠦᠨ᠂ ᠪᠡᠶ᠎ᠡ ᠶᠢᠨ ᠲᠠᠮᠢᠷ ᠤᠨ ᠪᠠᠭᠰᠢ᠂ ᠪᠡᠶ᠎ᠡ ᠴᠢᠭᠢᠷᠠᠭᠵᠢᠭᠤᠯᠬᠤ | ᠴᠢᠳᠠᠪᠤᠷᠢᠲᠠᠨ ᠪᠣᠯᠣᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ︵ᠭᠠᠴᠠᠭ᠎ᠠ︶ ᠤᠨ ᠺᠠᠲᠷ ᠤᠨ | ᠨᠡᠶᠢᠭᠡᠮ ᠤᠨᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡᠨ ᠲᠤ ᠣᠷᠣᠬᠤ ᠶᠢ ᠵᠣᠷᠢᠭᠵᠢᠭᠤᠯᠵᠤ᠂ | ᠰᠤᠮᠤ ᠪᠠᠯᠭᠠᠰᠤ ᠨᠢᠭᠡᠪᠦᠷᠢ ᠲᠤ 1 - 2 ᠨᠡᠷᠡᠰ ᠨᠡᠶᠢᠭᠡᠮ ᠤᠨᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ | ᠲᠣᠬᠢᠷᠠᠭᠤᠯᠵᠤ᠂ ᠵᠢᠯ ᠪᠦᠷᠢ ᠠᠳᠠᠭ ᠲᠠᠭᠠᠨ 1 ᠤᠳᠠᠭ᠎ᠠ ᠪᠣᠯᠪᠠᠰᠤᠷᠠᠭᠤᠯᠤᠯ ᠤᠨᠠᠩᠭᠢ ᠡᠷᠬᠢᠯᠡᠨ᠎ᠡ᠃ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠭᠡᠷ ᠪᠦᠯᠢ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ᠂ | ᠮᠠᠯᠵᠢᠬᠤ ᠣᠷᠣᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠲᠠᠮᠢᠷᠴᠢᠨ᠂ ᠰᠤᠷᠭᠠᠭᠴᠢ ᠶᠢᠨ | ᠦᠢᠯᠡᠳᠦᠯ ᠢ ᠪᠠᠳᠠᠷᠠᠭᠤᠯᠤᠨ᠂ ᠳᠤᠮᠳᠠᠳᠤ ᠪᠠᠭ᠎ᠠ ᠰᠤᠷᠭᠠᠭᠤᠯᠢ ᠪᠤᠶᠤ ᠨᠡᠶᠢᠭᠡᠮ ᠲᠣᠭᠤᠷᠢᠭ ᠲᠤ ᠪᠡᠶ᠎ᠡ | ᠴᠢᠭᠢᠷᠠᠭᠵᠢᠭᠤᠯᠬᠤ ᠶᠢᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠢᠲ᠋ᠠᠶᠢᠴᠢᠯᠠᠨ ᠪᠡᠶ᠎ᠡ | ᠴᠢᠭᠢᠷᠠᠭᠵᠢᠭᠤᠯᠬᠤ ᠳᠤ ᠣᠷᠣᠯᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ | ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠰᠡᠨ ᠢ ᠰᠢᠯᠭᠠᠨ | ᠪᠠᠶᠢᠴᠠᠭᠠᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ᠂ ᠠᠷᠠᠳ | ᠢᠷᠭᠡᠳ ᠤᠨ ᠪᠡᠶ᠎ᠡ ᠮᠠᠬᠠᠪᠤᠳ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ | ︵ᠳᠥᠷᠪᠡ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠴᠢᠩᠭᠠᠷᠠᠭᠤᠯᠬᠤ ᠬᠡᠷᠡᠭᠲᠡᠢ᠃ | 8᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢ ᠬᠠᠮᠤᠷᠤᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ ᠪᠠᠶᠢᠭᠠᠳ ᠵᠢᠷᠤᠮᠵᠢᠭᠰᠠᠨ ᠬᠠᠮᠢᠶᠠᠷᠤᠯᠲᠠ᠂ ᠤᠷᠤᠯᠳᠤᠭᠠᠨ ᠤ ᠶᠠᠪᠤᠳᠠᠯ ᠤᠨ ᠡᠵᠡᠩᠨᠡᠯᠲᠡ᠂ ᠪᠡᠶ᠎ᠡ | ᠴᠢᠭᠢᠷᠠᠭᠵᠢᠭᠤᠯᠬᠤ ᠶᠢ ᠵᠢᠯᠤᠭᠤᠳᠬᠤ᠂ ᠤᠬᠠᠭᠤᠯᠤᠨ ᠳᠡᠯᠭᠡᠷᠡᠭᠦᠯᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠴᠢᠬᠤᠯᠠ ᠲᠤᠯᠭᠠᠭᠤᠷᠢᠯᠠᠯ ᠪᠣᠯᠭᠠᠨ᠎ᠠ᠃ ᠡᠩᠨᠡᠭᠡ ᠨᠢ ᠲᠣᠭᠲᠠᠭᠤᠨ᠂ ᠵᠣᠬᠢᠶᠠᠨ ᠪᠠᠶᠢᠭᠤᠯᠤᠯᠲᠠ ᠨᠢ ᠬᠥᠭᠵᠢᠶᠡᠨᠲᠡᠢ᠂ | ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠷ ᠥᠨᠳᠥᠷ ︽ᠭᠤᠷᠪᠠᠨ ᠲᠣᠮᠣ ᠪᠥᠮᠪᠦᠭᠡ︾᠂ ᠫᠢᠩᠫᠠᠩ ᠪᠥᠮᠪᠦᠭᠡ᠂ | ᠥᠲᠥᠨ ᠪᠥᠮᠪᠦᠭᠡ᠂ ᠭᠦᠶᠦᠯᠲᠡ ᠵᠡᠷᠭᠡ ᠠᠶᠠᠨᠳᠠᠭᠠᠨ ᠡᠭᠦᠰᠬᠦ ᠴᠢᠨᠠᠷᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠠᠯᠠᠪᠤᠷ ᠭᠠᠵᠠᠷ᠂ ᠰᠤᠷᠭᠠᠭᠴᠢ᠂ ᠪᠣᠯᠪᠠᠰᠤᠷᠠᠭᠤᠯᠤᠯ ᠵᠡᠷᠭᠡ ᠳᠤ | ᠳᠡᠮᠵᠢᠯᠭᠡ ᠦᠵᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ | ︵ᠲᠠᠪᠤ︶ ᠭᠤᠣᠯᠳᠠᠯᠭ᠎ᠠ ᠲᠠᠢ ᠬᠥᠮᠥᠰ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢ | ᠠᠬᠢᠭᠤᠯᠤᠨ᠎ᠠ | 9. ᠭᠤᠣᠯᠳᠠᠯᠭ᠎ᠠ ᠲᠠᠢ ᠬᠥᠮᠥᠰ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠬᠠᠩᠭᠠᠯᠭ᠎ᠠ ᠶᠢ | ᠪᠠᠶᠠᠯᠢᠭᠵᠢᠭᠤᠯᠤᠨ᠎ᠠ᠃ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠨ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠠᠵᠢᠯᠲᠠᠨ ᠠᠵᠢᠯᠴᠢᠨ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ | ᠨᠠᠰᠤᠲᠠᠶᠢᠴᠤᠳ ᠪᠠ ᠵᠡᠮᠳᠡᠭᠴᠦᠳ ᠵᠡᠷᠭᠡ ᠬᠥᠮᠥᠰ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠦᠨ ᠥᠷᠨᠢᠭᠦᠯᠦᠨ᠎ᠡ᠃ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ ᠪᠡᠶ᠎ᠡ ᠶᠢᠨ ᠲᠠᠮᠢᠷ ᠤᠨ | ᠬᠠᠮᠢᠶᠠᠷᠤᠯᠲᠠ ᠶᠢ ᠥᠷᠨᠢᠭᠦᠯᠵᠦ᠂ ︽ᠬᠥᠯ ᠪᠥᠮᠪᠦᠭᠡ ᠰᠠᠭᠰᠤᠨ ᠪᠥᠮᠪᠦᠭᠡ ᠠᠯᠠᠭᠠᠳᠠᠬᠤ ᠪᠥᠮᠪᠦᠭᠡ︾᠂ ︽ᠫᠢᠩᠫᠠᠩ | ᠪᠥᠮᠪᠦᠭᠡ ᠦᠳᠦᠨ ᠪᠥᠮᠪᠦᠭᠡ ᠲᠤᠤᠷᠠᠨᠪᠥ᠋ᠮᠪᠦᠭᠡ︾᠂ ᠬᠦᠨᠳᠦ ᠬᠥᠩᠭᠡᠨ ᠪᠡᠶ᠎ᠡ ᠶᠢᠨ ᠲᠠᠮᠢᠷ᠂ ᠪᠥᠬᠡ ᠪᠠᠷᠢᠯᠳᠤᠬᠤ᠂ | ᠵᠡᠪᠰᠡᠭ ᠤᠨ ᠡᠷᠳᠡᠮ ᠤᠨ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠲᠣᠬᠢᠷᠠᠭᠤᠯᠤᠭᠰᠠᠨ ᠨᠡᠶᠢᠭᠡᠮ ᠲᠣᠭᠤᠷᠢᠭ᠂ ᠴᠡᠴᠡᠷᠯᠢᠭ᠂ | ᠲᠠᠯᠠᠪᠠᠶ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠶᠡᠭᠡ | ᠬᠥᠳᠡᠯᠭᠡᠭᠡᠨ ᠤ ᠬᠥᠭᠵᠢᠯᠲᠡ ᠪᠠ ᠪᠡᠶ᠎ᠡ ᠮᠠᠬᠠᠪᠤᠳ ᠤᠨ ᠪᠣᠯᠪᠠᠰᠤᠷᠠᠯ ᠳᠤ ᠲᠣᠬᠢᠷᠠᠬᠤ ᠲᠥᠬᠦᠭᠡᠷᠦᠮᠵᠢ ᠪᠡᠯᠡᠳᠬᠡᠮᠵᠢ ᠶᠢ | ᠨᠡᠮᠡᠵᠦ ᠪᠠᠶᠢᠭᠤᠯᠬᠤ ᠬᠡᠷᠡᠭᠲᠡᠢ᠃ ᠡᠭᠦᠳᠡᠨ ᠪᠥᠮᠪᠦᠭᠡ᠂ ᠲᠠᠢ ᠶᠢ ᠨᠢᠳᠤᠷᠭ᠎ᠠ᠂ ᠡᠷᠡᠭᠦᠯᠵᠢᠯ ᠤᠨ ᠲᠠᠮᠢᠷ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠨᠠᠰᠤᠲᠠᠶᠢᠴᠤᠳ ᠤᠨ ᠣᠷᠤᠯᠴᠠᠬᠤ ᠳᠤ ᠲᠣᠬᠢᠷᠠᠬᠤ ᠪᠡᠶ᠎ᠡ ᠶᠢᠨ | ᠲᠠᠮᠢᠷ ᠤᠨ ᠰᠡᠯᠡᠭᠦᠴᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ᠂ ᠡᠭᠦᠳᠡᠨ ᠪᠥᠮᠪᠦᠭᠡ ᠶᠢᠨ ᠲᠠᠯᠠᠪᠤᠷ ᠭᠠᠵᠠᠷ ᠵᠡᠷᠭᠡ ᠪᠡᠯᠡᠳᠬᠡᠮᠵᠢ ᠶᠢ ᠪᠦᠲᠦᠭᠡᠨ | ᠪᠠᠶᠢᠭᠤᠯᠵᠤ᠂ ᠵᠦᠯᠭᠡ ᠭᠠᠵᠠᠷ᠂ ᠠᠭᠤᠳᠠᠮ ᠲᠠᠯᠠᠪᠠᠶ ᠵᠡᠷᠭᠡ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠠᠯᠠᠪᠤᠷ ᠤᠨ ᠲᠡᠮᠳᠡᠭ ᠢ ᠨᠡᠮᠡᠵᠦ᠂ ᠪᠡᠶ᠎ᠡ ᠶᠢᠨ ᠲᠠᠮᠢᠷ ᠤᠨ ᠣᠷᠳᠣᠨ᠂ ᠪᠡᠶ᠎ᠡ ᠴᠢᠭᠢᠷᠠᠭᠵᠢᠭᠤᠯᠬᠤ | ᠪᠡᠯᠡᠳᠬᠡᠮᠵᠢ ᠵᠡᠷᠭᠡ ᠶᠢᠨ ᠨᠠᠰᠤᠵᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠵᠡᠮᠳᠡᠭᠴᠦᠳ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠡᠷᠭᠢᠯᠡᠬᠦ ᠶᠢ ᠳᠡᠮᠵᠢᠵᠦ᠂ ᠵᠡᠮᠳᠡᠭᠴᠦᠳ ᠤᠨ ᠡᠷᠡᠭᠦᠯᠵᠢᠯ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠦᠨ᠂ ᠣᠯᠠᠨ ᠨᠡᠶᠢᠲᠡ ᠶᠢᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠵᠢᠴᠢ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠬᠠᠷᠰᠢ ᠰᠠᠭᠠᠳ ᠦᠭᠡᠢ ᠣᠷᠴᠢᠨ | ᠲᠣᠭᠤᠷᠢᠨ ᠢ ᠲᠡᠭᠦᠯᠳᠡᠷᠵᠢᠭᠦᠯᠦᠨ᠎ᠡ᠃ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ᠂ ᠮᠠᠯᠴᠢᠳ ᠤᠨ ᠨᠠᠭᠠᠳᠤᠮ ᠵᠡᠷᠭᠡ ᠮᠠᠯᠴᠢᠨ ᠲᠠᠷᠢᠶᠠᠴᠢᠳ ᠤᠨ ᠤᠷᠤᠯᠳᠤᠭᠠᠨ ᠤ | ᠠᠵᠢᠯᠯᠠᠭ᠎ᠠ ᠶᠢ ᠥᠷᠨᠢᠭᠦᠯᠬᠦ ᠶᠢ ᠠᠬᠢᠭᠤᠯᠵᠤ᠂ ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠲᠠᠮᠢᠷ᠂ ᠲᠠᠯᠠᠪᠠᠶ ᠶᠢᠨ | ᠪᠥᠵᠢᠭ ᠵᠡᠷᠭᠡ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ | ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠠᠷᠠᠳ ᠨᠡᠶᠢᠲᠡ ᠶᠢᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ | ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠵᠤ᠂ ᠠᠵᠢᠯ ᠤᠨ ᠬᠤᠭᠤᠷᠣᠨᠳᠣᠬᠢ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠷᠠᠳᠢᠣ᠋ ᠪᠡᠶ᠎ᠡ ᠶᠢᠨ ᠲᠠᠮᠢᠷ ᠢ ᠳᠡᠯᠭᠡᠷᠡᠭᠦᠯᠦᠨ | ᠲᠦᠭᠡᠮᠡᠯᠵᠢᠭᠦᠯᠵᠦ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠬᠤ ᠭᠡᠷ ᠪᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠᠭᠠᠵᠢ ᠬᠡᠷᠡᠭᠰᠡᠯ | ᠲᠣᠬᠢᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ︵ᠵᠢᠷᠭᠤᠭ᠎ᠠ︶ ᠪᠡᠶ᠎ᠡ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠨ | ᠪᠠᠶᠢᠭᠤᠯᠤᠨ᠎ᠠ᠃ | 10. ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠠᠨ᠎ᠠ᠃ ᠪᠡᠶ᠎ᠡ ᠶᠢᠨ ᠲᠠᠮᠢᠷ ᠤᠨ | ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠡᠶ᠎ᠡ ᠵᠢᠨᠲ᠋ᠠᠮᠢᠷ ᠤᠨ ᠬᠡᠷᠡᠭᠯᠡᠭᠡᠨ ᠤ ᠲᠡᠮᠳᠡᠭᠲᠦ ᠶᠢ | ᠲᠠᠷᠬᠠᠭᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠲᠣᠭᠯᠠᠯᠲᠠ᠂ ᠤᠷᠤᠯᠳᠤᠭᠠᠨ ᠦᠵᠡᠬᠦ᠂ ᠤᠯᠠᠮᠵᠢᠯᠠᠬᠤ ᠵᠡᠷᠭᠡ | ᠲᠠᠯ᠎ᠠ ᠶᠢᠨ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠡᠶ᠎ᠡ ᠶᠢᠨ ᠲᠠᠮᠢᠷ ᠤᠨ | ᠬᠡᠷᠡᠭᠯᠡᠭᠡᠨ ᠤ ᠨᠡᠮᠡᠭᠳᠡᠯ ᠤᠨ ᠰᠢᠨ᠎ᠡ ᠠᠷᠭ᠎ᠠ ᠮᠠᠶ᠋ᠢᠭ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠶᠡᠷᠦᠩᠬᠡᠶᠢᠯᠡᠭᠰᠡᠨᠴᠣᠭᠴᠠ ᠵᠢᠨᠪᠦ᠋ᠲᠦᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨᠲ᠋ᠦ᠋ᠮᠡᠨ ᠤ ᠪᠡᠶ᠎ᠡ ᠶᠢᠨ ᠲᠠᠮᠢᠷ ᠤᠨ | ᠬᠡᠷᠡᠭᠯᠡᠭᠡ ᠳᠤ ᠨᠥᠬᠦᠴᠡᠯ ᠬᠠᠩᠭᠠᠨ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠢ ᠮᠠᠯᠵᠢᠬᠤ ᠲᠠᠷᠢᠶᠠᠯᠠᠬᠤ | ᠣᠷᠣᠨ ᠳᠠᠰᠢ ᠤᠷᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠵᠦ᠂ ᠨᠠᠩ ᠣᠯᠠᠨ ᠮᠠᠯᠴᠢᠨ ᠲᠠᠷᠢᠶᠠᠴᠢᠨ ᠳᠤ ᠦᠷ᠎ᠡ ᠠᠰᠢᠭ ᠬᠦᠷᠲᠡᠬᠡᠨᠡ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠳᠣᠯᠤᠭ᠎ᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 11. ᠪᠡᠶ᠎ᠡ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠪᠡᠶ᠎ᠡ ᠶᠢᠨ | ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ | ᠪᠡᠶ᠎ᠡ ᠶᠢᠨ ᠲᠠᠮᠢᠷ ᠤᠨ ᠣᠨᠴᠠᠯᠢᠭᠲᠤ ᠬᠢᠴᠢᠶᠡᠯ ᠢ ᠥᠷᠨᠢᠭᠦᠯᠦᠨ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ | ᠲᠠᠮᠢᠷ ᠤᠨ ᠳᠤᠷ᠎ᠠ ᠰᠣᠨᠢᠷᠬᠠᠯ ᠤᠨ ᠠᠩᠭᠢ᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠵᠡᠷᠭᠡ ᠶᠢ ᠡᠭᠦᠳᠦᠨ | ᠪᠠᠶᠢᠭᠤᠯᠵᠤ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠪᠠᠶᠢᠭᠤᠯᠤᠨ᠂ ᠰᠤᠷᠤᠭᠴᠢᠳ ᠢ | ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠭᠤᠯᠵᠤ᠂ | ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠠᠳᠠᠯᠢ ᠪᠤᠰᠤ ᠨᠠᠰᠤᠨ ᠤ | ᠱᠠᠲᠤ ᠪᠠ ᠲᠥᠷᠥᠯ ᠵᠦᠢᠯ ᠤᠨ ᠣᠨᠴᠠᠯᠢᠭ ᠢ ᠦᠨᠳᠦᠰᠦᠯᠡᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠤᠷᠤᠯᠳᠤᠭᠠᠨ ᠢ ᠰᠢᠯᠢᠳᠡᠭᠵᠢᠭᠦᠯᠵᠦ᠂ ᠵᠠᠯᠠᠭᠤᠴᠤᠳ ᠪᠠᠭᠠᠴᠤᠳ ᠢ ᠳᠠᠶᠢᠴᠢᠯᠠᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠳᠤ ᠬᠥᠯ ᠪᠥᠮᠪᠦᠭᠡ ᠶᠢᠨ ᠲᠥᠷᠥᠯ ᠵᠦᠢᠯ᠂ ᠰᠠᠭᠰᠤᠨ ᠪᠥᠮᠪᠦᠭᠡ ᠶᠢᠨ ᠲᠥᠷᠥᠯ | ᠵᠦᠢᠯ᠂ ᠠᠯᠠᠭᠠᠳᠠᠬᠤ ᠪᠥᠮᠪᠦᠭᠡ ᠶᠢᠨ ᠲᠥᠷᠥᠯ ᠵᠦᠢᠯ᠂ ᠬᠦᠷᠳᠦᠲᠦ ᠲᠡᠰᠢᠯᠲᠡ ᠶᠢᠨ ᠲᠥᠷᠥᠯ ᠵᠦᠢᠯ ᠪᠠ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ | ᠲᠣᠪᠴᠢᠶ᠎ᠠ | 12. ᠪᠡᠶ᠎ᠡᠲ᠋ᠠᠮᠢᠷ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠤᠨ᠎ᠠ᠃ ᠪᠡᠶ᠎ᠡᠲ᠋ᠠᠮᠢᠷ ᠬᠢᠭᠡᠳ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠤᠳᠠᠭᠠᠨ ᠴᠢᠨᠠᠷᠲᠠᠢ | ᠡᠪᠡᠳᠴᠢᠨ ᠤ ᠬᠥᠳᠡᠯᠭᠡᠭᠡᠨ ᠳᠤ ᠨᠦᠯᠦᠬᠡ ᠦᠵᠡᠬᠦᠯᠬᠦ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠢᠴᠢ | ᠡᠷᠡᠭᠦᠯᠵᠢᠭᠦᠯᠬᠦ ᠵᠡᠷᠭᠡ ᠲᠠᠯ᠎ᠠ ᠪᠠᠷ ᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠢᠯᠡᠳᠦᠯ ᠢ ᠪᠠᠳᠠᠷᠠᠭᠤᠯᠤᠨ᠎ᠠ᠃ | ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠲᠣᠣᠷ ᠰᠦᠯᠵᠢᠶ᠎ᠡ ᠶᠢ ᠦᠨᠳᠦᠰᠦᠨ ᠱᠠᠲᠤ ᠳᠠᠰᠢ | ᠤᠷᠲᠤᠳᠬᠠᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠥᠪ ᠪᠠ ᠰᠤᠮᠤ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠳᠤ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠶᠢᠨ ᠴᠡᠭ ᠪᠠᠶᠢᠭᠤᠯᠤᠨ᠂ | ᠨᠡᠶᠢᠭᠡᠮ ᠲᠣᠭᠤᠷᠢᠭ ᠤᠨ ᠡᠮᠴᠢ ᠳᠤ ᠲᠦᠰᠢᠭᠯᠡᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ | ᠵᠢᠯᠣᠭᠤᠳᠤᠯᠭ᠎ᠠ ᠪᠠ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠦᠢᠯᠡᠴᠢᠯᠡᠭᠡ ᠶᠢ ᠥᠷᠨᠢᠭᠦᠯᠵᠦ᠂ ᠡᠷᠡᠭᠦᠯ | ᠮᠡᠨᠳᠦ ᠶᠢᠨ ᠦᠵᠦᠭᠦᠷ ᠢ ᠤᠷᠤᠭᠰᠢ ᠰᠢᠯᠵᠢᠭᠦᠯᠬᠦ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ | ︵ᠨᠠᠢᠮᠠ︶ ᠪᠡᠶ᠎ᠡ ᠶᠢᠨ ᠲᠠᠮᠢᠷ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ | 13. ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠦᠨ᠎ᠡ᠃ ᠰᠤᠷᠭᠠᠭᠤᠯᠢ ᠶᠢᠨ ᠰᠠᠭᠤᠷᠢ | ᠦᠢᠯᠡᠳᠦᠯ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠨᠡᠶᠢᠯᠡᠮᠡᠯ ᠬᠦᠴᠦᠨ ᠤ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠠᠤᠯᠢ ᠶᠣᠰᠣᠭᠠᠷ | ᠵᠠᠯᠠᠭᠤᠴᠤᠳ ᠪᠠᠭᠠᠴᠤᠳ ᠤᠨ ᠠᠵᠢᠯ ᠤᠨ ᠴᠢᠯᠦᠭᠡᠨ ᠤ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠴᠢᠳᠠᠪᠤᠷᠢᠲᠠᠨ ᠬᠦᠷᠭᠡᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠥᠬᠡ ᠪᠠᠷᠢᠯᠳᠤᠬᠤ ᠪᠠᠷ | ᠭᠤᠣᠯ ᠪᠣᠯᠭᠠᠭᠰᠠᠨ ᠬᠦᠨᠳᠦ ᠤᠷᠤᠯᠳᠤᠭᠠᠨ ᠤ ᠲᠥᠷᠥᠯ ᠵᠦᠢᠯ ᠪᠠ ᠰᠤᠷ ᠬᠠᠷᠪᠤᠯᠲᠠ ᠶᠢᠨ ᠲᠥᠷᠥᠯ ᠵᠦᠢᠯ ᠤᠨ | ᠤᠯᠠᠮᠵᠢᠯᠠᠯᠲᠤ ᠳᠠᠪᠠᠭᠤᠯᠢᠭ ᠪᠠᠶᠢᠷᠢ ᠰᠠᠭᠤᠷᠢ ᠶᠢ ᠳᠣᠪᠤᠶᠢᠯᠭᠠᠵᠤ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ | ᠪᠣᠯᠪᠠᠰᠤᠷᠠᠯ ᠪᠠ ᠤᠷᠤᠯᠳᠤᠭᠠᠨ ᠳᠤ ᠣᠷᠤᠯᠴᠠᠬᠤ ᠵᠡᠷᠭᠡ ᠡᠯ᠎ᠡ ᠭᠤᠭᠴᠤᠭ᠎ᠠ ᠶᠢ ᠰᠠᠶᠢᠲᠤᠷ ᠠᠳᠬᠤᠨ᠎ᠠ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ | 14᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮᠵᠢ ᠶᠢ ᠲᠦᠷᠭᠡᠳᠬᠡᠨ | ᠪᠠᠶᠢᠭᠤᠯᠤᠨ᠎ᠠ᠃ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠣᠷᠣᠨ ᠤ ᠪᠡᠶ᠎ᠡ ᠶᠢᠨ ᠲᠠᠮᠢᠷ ᠤᠨ | ᠴᠤᠭᠯᠠᠭᠠᠨ᠂ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠳᠤ ᠢᠳᠡᠪᠬᠢᠲᠡᠢ ᠪᠡᠯᠡᠳᠬᠡᠵᠦ᠂ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠳᠤ ᠲᠠᠯᠠᠪᠤᠷ ᠭᠠᠵᠠᠷ᠂ | ᠪᠡᠯᠡᠳᠬᠡᠮᠵᠢ᠂ ᠰᠤᠷᠭᠠᠭᠴᠢ ᠵᠡᠷᠭᠡ ᠲᠥᠬᠦᠮ ᠨᠥᠬᠦᠴᠡᠯ ᠢ ᠪᠦᠷᠢᠯᠳᠦᠭᠦᠯᠦᠨ ᠥᠭᠴᠦ᠂ ᠰᠤᠷᠭᠠᠭᠤᠯᠢ ᠶᠢᠨ | ᠡᠷᠭᠢᠯᠡᠭᠰᠡᠨ ᠪᠠ ᠨᠡᠶᠢᠭᠡᠮ ᠤᠨ ᠡᠷᠭᠢᠯᠡᠭᠰᠡᠨ ᠪᠡᠶ᠎ᠡ ᠶᠢᠨ ᠲᠠᠮᠢᠷ ᠤᠨ ᠬᠤᠭᠤᠷᠣᠨᠳᠣᠬᠢ ᠬᠦᠴᠦᠨ ᠵᠦᠢᠯ ᠤᠨ | ᠰᠢᠯᠵᠢᠯᠲᠡ ᠪᠠ ᠬᠠᠮᠲᠤᠪᠠᠷ ᠭᠥᠷᠳᠡᠬᠦ ᠶᠢ ᠠᠬᠢᠭᠤᠯᠤᠨ᠂ ᠵᠠᠯᠠᠭᠤᠴᠤᠳ ᠪᠠᠭᠠᠴᠤᠳ ᠤᠨ ᠤᠷᠤᠯᠳᠤᠭᠠᠨ ᠤ | ᠰᠢᠰᠲ᠋ᠧᠮᠵᠢ ᠪᠠ ᠰᠤᠷᠭᠠᠭᠤᠯᠢ ᠶᠢᠨ ᠤᠷᠤᠯᠳᠤᠭᠠᠨ ᠤ ᠰᠢᠰᠲ᠋ᠧᠮᠵᠢ ᠶᠢᠨ ᠣᠷᠭᠠᠨᠢᠭ ᠢᠶᠠᠷ ᠠᠭᠤᠰᠤᠯᠴᠠᠬᠤ ᠶᠢ | ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠳᠠᠪᠠᠭᠤᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ | ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠤᠯᠪᠤᠭᠠᠯᠠᠨ | ᠰᠦᠪᠡᠭᠴᠢᠯᠡᠬᠦ᠂ ᠬᠤᠯᠪᠤᠭᠠᠯᠠᠨ ᠪᠠᠶᠢᠭᠤᠯᠬᠤ᠂ ᠬᠤᠯᠪᠣᠭᠠᠯᠠᠬᠤ᠂ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ | ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ | ᠣᠷᠣᠯᠴᠠᠭᠰᠠᠨ᠂ ᠬᠠᠤᠯᠢ ᠪᠠᠷ ᠵᠠᠰᠠᠬᠤ ᠪᠠᠷ ᠪᠠᠲᠤᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ | ᠪᠠᠶᠢᠷᠢᠰᠢᠯ ᠢ ᠠᠬᠢᠭᠤᠯᠤᠨ ᠲᠡᠭᠦᠯᠳᠡᠷᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠬᠠᠵᠤ᠂ ᠪᠣᠯᠪᠠᠰᠤᠨ ᠬᠤᠲᠠ ᠪᠠᠯᠭᠠᠰᠤ ᠶᠢ ᠡᠭᠦᠳᠦᠨ | ᠪᠠᠶᠢᠭᠤᠯᠬᠤ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ | ᠲᠥᠯᠥᠪᠵᠢᠭᠦᠯᠵᠦ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠤᠯᠴᠠᠬᠤ ᠶᠢ ᠵᠤᠷᠢᠭᠵᠢᠭᠤᠯᠤᠨ᠎ᠠ᠃ | ︵ᠬᠤᠶᠠᠷ︶ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠲᠣᠰ ᠱᠠᠲᠤᠨ ᠤ | ᠡᠳ᠋ ᠤᠨ ᠵᠠᠰᠠᠭ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ᠶᠢᠨ | ᠬᠤᠭᠤᠴᠠᠭᠠᠨ ᠳᠤ ︵2021 ︱ 2025 ᠣᠨ︶ ᠂ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ | ᠵᠣᠬᠢᠰᠲᠠᠢ ᠨᠥᠬᠦᠪᠦᠷᠢ ᠣᠯᠭᠤᠨ᠎ᠠ︔ ᠳᠡᠭᠡᠳᠦ ᠱᠠᠲᠤᠨ ᠤ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠳᠤ ᠳᠡᠮᠵᠢᠯᠭᠡ ᠦᠭᠬᠦ ᠶᠢ | ᠢᠳᠡᠪᠬᠢᠲᠠᠢ ᠤᠯᠤᠨ᠎ᠠ ; ᠣᠷᠣᠨ ᠪᠦᠰᠡ ᠶᠢᠨ ᠲᠥᠯᠦᠪᠵᠢᠭᠦᠯᠭᠡ ᠳᠤ ᠨᠡᠶᠢᠴᠡᠬᠦ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠵᠡᠷᠭᠡ ᠬᠥᠷᠥᠩᠭᠡ ᠶᠢᠨ ᠴᠢᠨᠠᠷᠲᠠᠢ ᠵᠠᠷᠤᠯᠭ᠎ᠠ ᠶᠢ ᠣᠷᠣᠨ | ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ | ᠵᠣᠬᠢᠰᠲᠠᠢ ᠬᠡᠯᠪᠡᠶᠢᠯᠭᠡᠵᠦ ᠲᠣᠬᠢᠷᠠᠭᠤᠯᠤᠨ᠎ᠠ᠃ ᠲᠣᠰ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠠᠳᠠᠯᠢ | ᠲᠡᠭᠰᠢ ᠪᠣᠯᠭᠠᠬᠤ ᠶᠢ ᠠᠬᠢᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨᠬᠦ ᠠᠬᠢᠭᠤᠯᠤᠨ᠎ᠠ᠃ | ︵ᠭᠤᠷᠪᠠ︶ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠴᠢᠳᠠᠪᠤᠷᠢᠲᠠᠨ ᠤ ᠡᠩᠨᠡᠭᠡ ᠬᠢᠭᠡᠳ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ | ᠵᠡᠷᠭᠡ ᠬᠦᠷᠢᠶ᠎ᠡ ᠴᠠᠷᠠᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠤᠬᠠᠭᠤᠯᠤᠨ | ᠳᠡᠯᠭᠡᠷᠡᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ ᠶᠢ | ᠴᠢᠩᠭᠠᠳᠬᠠᠨ᠎ᠠ᠃ ᠢᠨᠲ᠋ᠧᠷ ᠰᠦᠯᠵᠢᠶ᠎ᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ | ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠦᠨ᠎ᠡ᠃ ᠡᠯ᠎ᠡ ᠲᠥᠷᠥᠯ ᠤᠨ ᠬᠥᠮᠥᠵᠢᠭᠦᠯᠬᠦ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠴᠡᠷᠢᠭ ᠤᠨ ᠠᠯᠪᠠ ᠠᠴᠠ ᠪᠠᠭᠤᠭᠰᠠᠨ ᠲᠠᠮᠢᠷᠴᠢᠳ᠂ ᠰᠤᠷᠭᠠᠭᠴᠢ᠂ ᠪᠡᠶ᠎ᠡ ᠶᠢᠨ ᠲᠠᠮᠢᠷ ᠤᠨ | ᠪᠠᠭᠰᠢ᠂ ᠨᠡᠶᠢᠭᠡᠮ ᠲᠣᠭᠤᠷᠢᠭ ᠤᠨ ᠡᠮᠴᠢ᠂ ᠪᠠᠶᠢᠭᠤᠯᠭ᠎ᠠ ᠶᠢᠨ ᠺᠠᠳ᠋ᠷ ᠵᠡᠷᠭᠡ ᠶᠢᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡ ᠡᠷᠭᠢᠯᠡᠬᠦ ᠶᠢ ᠵᠣᠷᠢᠭᠵᠢᠭᠤᠯᠤᠨ᠂ ᠨᠡᠶᠢᠭᠡᠮ ᠤᠨ ᠬᠦᠴᠦᠨ ᠤ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠢ ᠬᠥᠮᠥᠵᠢᠭᠦᠯᠬᠦ ᠳᠤ ᠣᠷᠤᠯᠴᠠᠬᠤ ᠶᠢ ᠬᠥᠲᠥᠯᠥᠨ ᠵᠢᠯᠤᠭᠤᠳᠴᠤ | ᠲᠡᠳᠬᠦᠨ ᠳᠡᠮᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠴᠢᠳᠠᠪᠤᠷᠢᠲᠠᠨ ᠤ ᠪᠠᠲᠤᠯᠠᠭ᠎ᠠ | ᠬᠠᠩᠭᠠᠨ᠎ᠠ᠃ | ︵ᠳᠥᠷᠪᠡ︶ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠰᠡᠷᠭᠡᠶᠢᠯᠡᠨ ᠡᠵᠡᠮᠳᠡᠬᠦ ᠶᠢ ᠲᠡᠷᠢᠭᠦᠨ ᠳᠤ | ᠲᠠᠯᠪᠢᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠶᠢ ᠪᠠᠷᠢᠮᠲᠠᠯᠠᠵᠤ᠂ ᠤᠷᠤᠯᠳᠤᠭᠠᠨ ᠤ ᠠᠵᠢᠯᠯᠠᠭ᠎ᠠ ᠡᠷᠭᠢᠯᠡᠬᠦ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠯᠡᠨ᠎ᠡ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠵᠢᠨᠣᠯᠠᠨ ᠨᠡᠶᠢᠲᠡ ᠶᠢᠨ ᠲᠠᠯᠠᠪᠤᠷ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠪᠠᠶᠢᠭᠤᠯᠬᠤ ᠬᠠᠮᠢᠶᠠᠷᠤᠯᠲᠠ ᠪᠠ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠳᠤ ᠲᠦᠷᠭᠡᠨ | ᠠᠪᠤᠷᠠᠯᠳᠠ ᠶᠢᠨ ᠲᠥᠬᠦᠭᠡᠷᠦᠮᠵᠢ ᠲᠣᠬᠢᠷᠠᠭᠤᠯᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ ᠣᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠨᠡᠭᠡᠭᠡᠯᠲᠡᠲᠤ ᠦᠢᠯᠡᠴᠢᠯᠡᠭᠡᠨ ᠤ ᠬᠢᠵᠢᠭ ᠢ ᠰᠡᠷᠭᠡᠶᠢᠯᠡᠬᠦ᠂ ᠪᠠᠴᠢᠮ ᠪᠠᠶᠢᠳᠠᠯ ᠢ | ᠠᠷᠭᠠᠴᠠᠬᠤ᠂ ᠲᠠᠷᠬᠠᠭᠠᠬᠤ᠂ ᠦᠢᠯᠡᠳᠬᠦᠨ ᠤ ᠶᠠᠰᠤ ᠴᠢᠨᠠᠷ ᠪᠠ ᠭᠠᠯ ᠤᠨᠲᠠᠷᠠᠭᠠᠬᠤ ᠠᠮᠤᠷ ᠲᠦᠪᠰᠢᠨ ᠤ | ᠪᠠᠷᠢᠮᠵᠢᠶ᠎ᠠ ᠳᠤ ᠬᠦᠷᠬᠦ ᠶᠢ ᠪᠠᠳᠤᠯᠠᠨ᠎ᠠ ᠃ |