ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠵᠠᠷ
ᠨᠡᠶᠢᠲᠡᠯᠡᠭᠰᠡᠨ ᠴᠠᠭ᠄
2022/2/10
 ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠵᠠᠷ      ︵32 ᠳ᠋ᠤᠭᠠᠷ ᠨᠣᠮᠧᠷᠲᠦ︶     ᠣᠶᠢᠷ᠎ᠠ ᠶᠢᠨ ᠬᠤᠶᠠᠷ ᠡᠳᠦᠷ᠂ ᠲᠢᠶᠠᠨᠵᠢᠨ ᠬᠤᠲᠠ ᠠᠴᠠ ᠳᠣᠬᠠᠢ ᠶᠢᠨ ᠭᠠᠵᠠᠷ ᠣᠷᠣᠨ ᠤ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠢ ᠣᠯᠠᠨ ᠤᠳᠠᠭ᠎ᠠ ᠮᠡᠳᠡᠭᠦᠯᠵᠦ᠂ ᠨᠢᠭᠡᠨᠲᠡ ᠨᠠᠶᠢᠳᠠᠨ ᠬᠠᠮᠢᠶᠠᠷᠤᠭᠤᠯᠬᠤ ᠠᠩᠭᠢ ᠪᠠ ᠬᠡᠷ ᠪᠦᠯᠢ ᠶᠢᠨ ᠴᠣᠬᠯᠠᠷᠠᠯ ᠳᠤ ᠢᠯᠡᠷᠡᠵᠦ᠂ ᠡᠭᠦᠨ ᠳᠤ ᠬᠡᠰᠡᠭ ᠬᠠᠯᠳᠠᠪᠤᠷᠢᠯᠠᠭᠰᠠᠳ ᠤᠨ ᠡᠪᠡᠳᠴᠢᠨ ᠤ ᠭᠧᠨ ᠤ ᠳᠡᠰ ᠳᠠᠷᠠᠭᠠᠯᠠᠯ ᠢ ᠬᠡᠮᠵᠢᠭᠰᠡᠨ ᠳᠤ ᠣᠮᠢᠺᠷᠦᠨ ᠣᠨᠳᠣᠣᠰᠢᠭᠰᠠᠨ ᠬᠤᠤᠷᠲᠤ ᠰᠠᠭᠤᠷᠢ ᠪᠠᠶᠢᠵᠦ᠂ ᠲᠣᠰ ᠬᠤᠲᠠ ᠶᠢᠨ ᠨᠢᠭᠡᠨᠲᠡ ᠢᠯᠡᠷᠡᠭᠦᠯᠦᠭᠰᠡᠨ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠡᠪᠡᠳᠴᠢᠨ ᠤ ᠵᠢᠱᠢᠶ᠎ᠡ ᠣᠮᠢᠺᠷᠦᠨ ᠤ ᠣᠨᠳᠣᠣᠰᠢᠭᠰᠠᠨ ᠰᠠᠭᠤᠷᠢ ᠲᠠᠢ ᠠᠳᠠᠯᠢ ᠨᠢᠭᠡᠨ ᠬᠠᠯᠳᠠᠪᠣᠷᠢᠯᠠᠯ ᠤᠨ ᠬᠡᠯᠬᠢᠶ᠎ᠡ ᠮᠦᠨ ᠡᠰᠡᠬᠦ ᠶᠢ ᠮᠠᠭᠠᠳᠯᠠᠵᠤ ᠳᠡᠶᠢᠯᠬᠦ ᠥᠬᠡᠶ ᠪᠠᠶᠢᠬᠤ ᠶᠢ ᠣᠯᠵᠦ ᠮᠡᠳᠡᠪᠡ᠃ ᠲᠣᠰ ᠤᠳᠠᠭᠠᠨ ᠤ ᠬᠢᠵᠢᠭ ᠤᠨ ᠬᠠᠯᠳᠠᠪᠦᠷᠢᠯᠡᠯ ᠨᠢ ᠨᠠᠶᠢᠳᠠᠨ ᠬᠠᠮᠢᠶᠠᠷᠤᠭᠤᠯᠬᠤ ᠠᠩᠭᠢ ᠪᠠ ᠰᠤᠷᠭᠠᠭᠤᠯᠢ ᠳᠤ ᠭᠠᠷᠴᠦ᠂ ᠬᠠᠯᠳᠠᠪᠤᠷᠢᠯᠠᠯ ᠤᠨ ᠢᠷᠡᠯᠲᠡ ᠲᠣᠳᠣᠷᠬᠠᠶ ᠥᠬᠡᠶ᠂ ᠮᠠᠭᠠᠳᠯᠠᠯᠲᠠ ᠪᠠᠷ ᠭᠤᠷᠪᠠᠨ ᠦᠶ᠎ᠡ ᠳᠡᠯᠭᠡᠷᠡᠵᠦ᠂ ᠤᠯᠠᠮ ᠴᠢᠨᠠᠬᠰᠢᠳᠠ ᠳᠠᠷᠬᠠᠨ ᠳᠡᠯᠭᠡᠷᠡᠬᠦ ᠠᠶᠤᠯ ᠣᠷᠣᠰᠢᠵᠤ᠂ ᠬᠢᠵᠢᠭ ᠤᠨ ᠪᠠᠶᠢᠳᠠᠯ ᠮᠠᠨ ᠤ ᠬᠤᠰᠢᠭᠤᠨ ᠳᠤ ᠬᠠᠯᠳᠠᠪᠦᠷᠢᠯᠡᠨ ᠣᠷᠣᠵᠤ ᠢᠷᠡᠬᠦ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠮᠠᠨ ᠤ ᠬᠤᠰᠢᠭᠤᠨ ᠤ ᠭᠠᠳᠠᠨ᠎ᠠ ᠠᠴᠠ ᠰᠡᠷᠭᠡᠶᠢᠯᠡᠨ ᠣᠷᠣᠭᠤᠯᠬᠤ ᠠᠵᠢᠯ ᠢ ᠰᠠᠶᠢᠲᠤᠷ ᠬᠢᠬᠦ ᠶᠢᠨ ᠳᠣᠯᠠᠳᠠ᠂  ᠳᠣᠣᠷᠠᠬᠢ ᠵᠦᠢᠯᠡᠰ ᠢ ᠥᠷᠭᠡᠨ ᠣᠯᠠᠨ ᠰᠠᠭᠤᠭᠠᠯᠢ ᠠᠷᠠᠳ ᠲᠤ ᠪᠠᠴᠢᠮ ᠵᠠᠷᠯᠠᠶ᠎ᠠ᠄       ᠨᠢᠭᠡ᠂ 2022 ᠣᠨ ᠤ 1 ᠰᠠᠷ᠎ᠠ ᠶᠢᠨ 1 ᠤ ᠡᠳᠦᠷ ᠠᠴᠠ ᠨᠠᠰᠢ᠂ ᠲᠢᠶᠠᠨᠵᠢᠨ ᠬᠤᠲᠠ ᠶᠢᠨ ᠵᠢᠨᠨᠠᠨ ᠲᠣᠭᠤᠷᠢᠭ ᠲᠤ ᠵᠢᠭᠤᠯᠴᠢᠯᠠᠨ ᠰᠠᠭᠤᠭᠰᠠᠨ ᠲᠡᠤᠬᠡ ᠲᠠᠢ ᠮᠠᠨ ᠤ ᠬᠤᠰᠢᠭᠤᠨ ᠳᠤ ᠢᠷᠡᠭᠰᠡᠨ ︵ᠪᠣᠴᠠᠬᠰᠠᠳ︶ ᠬᠥᠮᠦᠰ ᠳᠠᠷᠦ᠋ᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂  ᠪᠠᠶᠢᠭᠤᠯᠭ᠎ᠠ ᠨᠢᠭᠡᠴᠡ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠢ ᠬᠠᠮᠵᠢᠯᠴᠠᠨ 14 ᠡᠳᠦᠷ  ᠤᠨ ᠲᠥᠪᠯᠡᠷᠡᠭᠦᠯᠦᠨ ᠲᠤᠰᠠᠭᠠᠷᠯᠠᠬᠤ + 7 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ︵ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ 1᠂ 4᠂ 7᠂ 10᠂ 14 ᠳ᠋ᠣᠭᠡᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠠ︔ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ 2᠂ 7 ᠳ᠋ᠣᠭᠠᠷ ᠡᠳᠦᠷ  ᠲᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠠ︶ ᠨᠠᠶᠢᠳᠠᠪᠣᠷᠢᠵᠢᠭᠤᠯᠬᠤ  ᠬᠡᠷᠡᠭᠲᠠᠢ᠃ ᠨᠢᠭᠤᠵᠤ ᠳᠠᠷᠤᠭᠠᠳ ᠮᠡᠳᠡᠭᠦᠯᠬᠦ ᠦᠭᠡᠢ ᠠᠴᠠ ᠪᠤᠯᠵᠤ ᠬᠦᠨᠳᠦ ᠨᠣᠴᠢᠲᠠᠶ ᠦᠷ᠎ᠡ ᠳ᠋ᠦᠩ ᠭᠠᠷᠭᠠᠬᠰᠠᠨ ᠪᠠᠶᠢᠭᠤᠯᠭ᠎ᠠ ᠨᠢᠭᠡᠴᠨ ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ 2022 ᠣᠨ ᠤ 1 ᠰᠠᠷ᠎ᠠ ᠶᠢᠨ 1 ᠤ ᠡᠳᠦᠷ ᠠᠴᠠ ᠨᠠᠰᠢ ᠲᠢᠶᠠᠨᠵᠢᠨ ᠬᠤᠲᠠ ᠶᠢᠨ ᠪᠤᠰᠤᠳ ᠭᠠᠵᠠᠷ ᠣᠷᠣᠨ ︵ᠵᠢᠨᠨᠠᠨ ᠲᠣᠭᠤᠷᠢᠭ ᠠᠴᠠ ᠪᠣᠰᠣᠳ︶ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠮᠠᠨ ᠤ ᠬᠤᠰᠢᠭᠤᠨ ᠳᠤ ᠢᠷᠡᠭᠰᠡᠨ ︵ ᠪᠣᠴᠠᠬᠰᠠᠳ︶ ᠬᠥᠮᠦᠰ᠂ ᠳᠠᠷᠦ᠋ᠢᠬᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂  ᠪᠠᠶᠢᠭᠤᠯᠭ᠎ᠠ ᠨᠢᠭᠡᠴᠡ ᠪᠤᠶᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠠᠢ ᠬᠠᠮᠵᠢᠯᠴᠠᠨ 7 ᠡᠳᠦᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ︽ᠰᠢᠷ᠎ᠠ ᠺᠣᠳ᠋︾ ᠣᠯᠭᠤᠵᠦ᠂ 2᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠠ︔ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠬᠥᠮᠦᠨ ᠣᠯᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠴᠢᠵᠦ ᠪᠣᠯᠬᠤ ᠦᠭᠡᠢ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂  ᠨᠠᠭᠠᠰᠢ ᠴᠠᠭᠠᠰᠢ ᠶᠠᠪᠣᠬᠤ ᠪᠠᠨ ᠪᠠᠭᠠᠰᠬᠠᠨ᠎ᠠ᠃       ᠭᠤᠷᠪᠠ᠂ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠴᠢᠬᠤᠯᠠ ᠥᠬᠡᠶ ᠪᠣᠯ ᠲᠢᠶᠠᠨᠵᠢᠨ ᠬᠤᠲᠠ ᠵᠡᠷᠭᠡ ᠬᠢᠵᠢᠭ ᠲᠤ ᠬᠤᠯᠪᠣᠭᠳᠠᠬᠤ ᠪᠤᠰᠤᠳ ᠭᠠᠵᠠᠷ ᠣᠷᠣᠨ ᠳᠤ ᠣᠴᠢᠬᠤ ᠥᠬᠡᠶ᠂ ᠬᠡᠷᠪᠡ   ᠵᠠᠪᠠᠯ ᠣᠴᠢᠬᠤ ᠴᠢᠬᠤᠯᠠ ᠲᠠᠢ ᠪᠣᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠪᠠᠶᠢᠭᠤᠯᠭ᠎ᠠ ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃     ᠳᠥᠷᠪᠡ᠂ ᠡᠯ᠎ᠡ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠨᠢ  ᠲᠢᠶᠠᠨᠵᠢᠨ ᠬᠤᠲᠠ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠠᠷᠢᠶᠠᠲᠤ ᠣᠷᠣᠨ ᠤ ᠰᠠᠭᠤᠭᠠᠯᠢ ᠠᠷᠠᠳ ᠢ ᠵᠢᠬᠰᠠᠭᠠᠨ ᠪᠠᠶᠢᠴᠠᠭᠠᠬᠤ ᠠᠵᠢᠯ ᠢ ᠳᠠᠷᠣᠶᠢᠬᠠᠨ ᠦᠷᠨᠢᠭᠦᠯᠵᠦ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ︔ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠨᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠲᠣᠰ ᠪᠠᠶᠢᠭᠤᠯᠭ᠎ᠠ ᠨᠢᠭᠡᠴᠡ ᠶᠢᠨ ᠠᠵᠢᠯᠲᠠᠨ ᠵᠢᠴᠢ ᠬᠡᠷ ᠪᠦᠯᠢ ᠶᠢᠨ ᠪᠦᠷᠢᠯᠳᠦᠬᠦᠨ ᠤ ᠲᠢᠶᠠᠨᠵᠢᠨ ᠬᠤᠲᠠ ᠳᠤ ᠬᠦᠷᠴᠦ ᠥᠩᠭᠡᠷᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃       ᠲᠠᠪᠤ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠭᠡ ᠰᠦᠷᠲᠦ ᠨᠡᠶᠢᠳᠡᠯᠡᠯ ᠪᠠ ᠭᠤᠣᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠠᠴᠠ ᠮᠡᠳᠡᠭᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠵᠤ᠂ ᠡᠷᠡᠭᠦᠯ  ᠳᠠᠶᠢᠪᠣᠩ ᠢᠳᠡᠪᠬᠢᠲᠡᠢ ᠰᠡᠳᠬᠢᠴᠡ ᠶᠢᠨ ᠪᠠᠶᠢᠳᠠᠯ ᠲᠠᠢ ᠪᠠᠶᠢᠵᠤ᠂  ᠰᠣᠴᠢᠵᠦ ᠬᠡᠯᠮᠡᠭᠳᠡᠬᠦ ᠬᠡᠷᠡᠭ ᠦᠭᠡᠢ  ᠃               ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 2022 ᠣᠨ ᠤ 1 ᠰᠠᠷ᠎ᠠ ᠶᠢᠨ 10 ᠤ ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号