︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠲᠥᠯᠥᠪᠵᠢᠭᠦᠯᠭᠡ ᠶᠢᠨ ᠬᠤᠭᠤᠴᠠᠭᠠᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︾ ᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/7
   ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠡᠮᠳᠡᠭᠴᠦᠳ ᠢ ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠤ ᠪᠤᠢ᠃ ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠦᠢᠯᠡᠰ ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠶ︾᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ ᠬᠤᠴᠣᠷᠭᠠᠵᠤ ᠪᠣᠯᠬᠤ ᠥᠬᠡᠶ ᠭᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠨᠢᠷ ᠪᠦᠲᠦᠭᠡᠯ ᠦᠯᠡᠮᠵᠢ ᠠᠮᠵᠢᠯᠲᠠ ᠣᠯᠪᠠ᠃ ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠵᠤ᠂ 11.2 ᠲᠦᠮᠡᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠵᠡᠮᠳᠡᠭᠴᠦᠳ ᠢ ᠨᠢᠭᠡ ᠶᠢ ᠴᠦ ᠣᠷᠬᠢᠭᠳᠠᠭᠤᠯᠬᠤ ᠦᠭᠡᠢ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 31 ᠲᠦᠮᠡᠨ ᠬᠦᠴᠢᠷᠳᠡᠯᠲᠡᠢ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ 28.5 ᠲᠦᠮᠡᠨ ᠬᠦᠨᠳᠦ ᠳᠡᠰ ᠤᠨ ᠵᠡᠮᠳᠡᠭᠴᠦᠳ ᠲᠤ ᠰᠤᠪᠢᠯᠠᠯᠲᠠ ᠶᠢᠨ ᠨᠥᠬᠦᠪᠥᠷᠢ ᠣᠯᠭᠤᠵᠤ᠂ 17.5 ᠲᠦᠮᠡᠨ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠵᠤ᠂ ᠵᠡᠮᠳᠡᠭᠴᠦᠳ ᠤᠨ ᠬᠡᠨᠡᠳᠲᠡ ᠶᠢᠨ ᠰᠢᠷᠬᠠᠲᠤᠯ ᠤᠨ ᠳᠠᠭᠠᠳᠬᠠᠯ ᠢ ᠨᠡᠶᠢᠳᠡᠮ ᠳᠤ ᠨᠢ ᠬᠠᠮᠤᠷᠤᠭᠤᠯᠬᠤ ᠶᠢ ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠥᠮᠦᠨ ᠤ ᠲᠤᠭ᠎ᠠ 40.1 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠭᠤᠯᠤᠨ ᠦᠢᠯᠡᠴᠢᠯᠡᠬᠦ ᠬᠥᠮᠦᠨ ᠤ ᠲᠤᠭ᠎ᠠ 20.3 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.3%᠎ ᠳᠤ ᠬᠦᠷᠴᠦ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠲᠣᠭᠲᠠᠪᠤᠷᠢᠲᠠᠶ ᠠᠵᠢᠯ ᠣᠯᠣᠭᠰᠠᠨ ᠬᠥᠮᠦᠨ ᠤ ᠲᠤᠭ᠎ᠠ ᠲᠣᠰ ᠲᠣᠰ 1.5 ᠲᠦᠮᠡ ᠪᠠ 12.8 ᠲᠦᠮᠡ ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠦᠢᠯᠡᠴᠢᠯᠡᠭᠡ ᠬᠦᠷᠲᠡᠭᠰᠡᠨ ᠬᠥᠮᠦᠨ ᠤ ᠲᠤᠭ᠎ᠠ 1.3 ᠲᠦᠮᠡ ᠳᠤ ᠬᠦᠷᠴᠦ᠂ ᠪᠥᠬᠦ ᠣᠷᠣᠨ ᠳᠤ ᠵᠡᠮᠳᠡᠭᠴᠦᠳ ᠤᠨ ᠪᠡᠶ᠎ᠡ ᠴᠢᠬᠢᠷᠠᠭᠵᠢᠭᠤᠯᠵᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 290 ᠪᠠᠶᠢᠭᠤᠯᠵᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠤᠭᠰᠠᠨ ᠬᠥᠮᠦᠨ ᠤ ᠲᠤᠭ᠎ᠠ 3.8 ᠲᠦᠮᠡ ᠳᠤ ᠬᠦᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ        ᠬᠤᠶᠠᠷ᠂ ︽ᠲᠥᠯᠥᠪᠵᠢᠭᠦᠯᠭᠡ︾᠎ ᠶᠢᠨ ᠦᠨᠳᠦᠰᠦᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ ︽ᠲᠥᠯᠥᠪᠵᠢᠭᠦᠯᠭᠡ︾᠎ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠴᠠ ᠡᠭᠦᠰᠴᠦ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠡᠭᠦᠷᠭᠡ ᠶᠢ ᠪᠥᠬᠦ ᠲᠠᠯ᠎ᠠ ᠪᠠᠷ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠶᠡᠷᠦᠩᠬᠡᠶ ᠰᠡᠳᠬᠢᠴᠡ᠂ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ ᠨᠠᠶᠢᠳᠠ ᠲᠦᠷᠪᠡᠨ ᠬᠡᠰᠡᠭ ᠬᠤᠪᠢᠶᠠᠪᠠ᠄ ᠨᠢᠭᠡᠳᠦᠭᠡᠷ ᠬᠡᠰᠡᠭ ᠨᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ᠃ ᠭᠤᠣᠯᠳᠠᠭᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠢ ᠳ᠋ᠦᠩᠨᠡᠨ ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠵᠠᠳᠠᠯᠪᠠ᠃ ᠬᠤᠶᠠᠳᠤᠭᠠᠷ ᠬᠡᠰᠡᠭ ᠨᠢ ᠶᠡᠷᠦᠩᠬᠡᠶ ᠱᠠᠭᠠᠷᠳᠠᠯᠭ᠎ᠠ᠃ ᠡᠭᠦᠨ ᠳᠤ ᠭᠤᠣᠯᠳᠠᠭᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠵᠡᠷᠭᠡ ᠭᠤᠷᠪᠠᠨ ᠲᠠᠯ᠎ᠠ ᠶᠢ ᠪᠠᠭᠲᠠᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠠᠮᠢᠳᠤᠷᠠᠯ ᠢ ᠪᠠᠲᠤᠯᠠᠬᠤ᠂ ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠭᠤᠯᠭ᠎ᠠ ᠶᠢᠨ ᠲᠠᠯ᠎ᠠ ᠪᠠᠷ ᠴᠢᠨᠠᠷᠯᠢᠭ ᠬᠥᠭᠵᠢᠯᠲᠡ ᠶᠢᠨ ᠭᠤᠣᠯ ᠰᠡᠳᠦᠪ ᠢ ᠲᠤᠭᠤᠰᠢᠯᠠᠭᠤᠯᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠣᠯᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠭᠤᠣᠯ ᠱᠤᠭᠤᠮ ᠢ ᠲᠤᠪᠤᠶᠢᠯᠭᠠᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠦᠨᠳᠦᠰᠦᠨ ᠵᠦᠢᠯ ᠢ ᠪᠠᠲᠤᠯᠠᠬᠤ ᠪᠠ ᠬᠤᠷᠢᠭ᠎ᠠ ᠱᠤᠭᠤᠮ ᠢ ᠪᠠᠲᠤᠯᠠᠬᠤ ᠶᠢ ᠪᠠᠷᠢᠮᠲᠠᠯᠠᠬᠤ᠂ ᠰᠠᠭᠤᠷᠢ ᠶᠢ ᠪᠠᠲᠤᠳᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ᠂ ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠪᠠᠷᠢᠮᠲᠠᠯᠠᠬᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠵᠢᠷᠭᠤᠭᠠᠨ ᠵᠠᠷᠴᠢᠮ ᠢ ᠲᠣᠳᠣᠷᠬᠠᠶᠢᠯᠠᠪᠠ᠃ 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠴᠢᠨᠠᠷᠯᠢᠭ ᠬᠥᠭᠵᠢᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠲᠣᠭᠲᠠᠭᠠᠪᠠ᠃ 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠯᠤᠰ ᠬᠡᠲᠦ ᠶᠢᠨ ᠬᠠᠷᠠᠯᠲᠠ ᠯᠤᠭ᠎ᠠ ᠲᠣᠬᠢᠷᠠᠯᠴᠠᠭᠤᠯᠤᠨ᠎ᠠ᠃ ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠠ ᠭᠤᠣᠯ ᠠᠷᠭ᠎ᠠ ᠬᠡᠮᠵᠢᠶ᠎ᠡ᠃ ᠡᠭᠦᠨ ᠳᠤ ᠭᠤᠣᠯᠳᠠᠭᠤ ᠲᠤᠯᠤᠭᠠᠨ ᠲᠠᠯ᠎ᠠ ᠶᠢ ᠪᠠᠭᠲᠠᠭᠠᠨ᠎ᠠ᠄ ᠨᠢᠭᠡ ᠳᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ︔ ᠬᠤᠶᠠᠷ ᠲᠤ᠂ ᠰᠠᠶᠢᠨ ᠰᠠᠶᠢᠬᠠᠨ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠵᠤ ᠂ ᠵᠡᠮᠳᠡᠭᠴᠦᠳ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ︔ ᠲᠦᠷᠪᠡ ᠳᠤ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ︔ ᠲᠠᠪᠤ ᠳᠤ᠂ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ ᠤᠨ ᠠᠳᠠᠯᠢ ᠲᠡᠭᠰᠢ ᠡᠷᠬᠡ ᠡᠳ᠋ᠯᠡᠬᠦ ᠶᠢ ᠪᠠᠲᠤᠯᠠᠨ᠎ᠠ︔ ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ︔ ᠲᠤᠯᠤᠭ᠎ᠠ ᠳᠤ᠂ ᠴᠢᠩᠭ᠎ᠠ ᠬᠦᠴᠦᠲᠡᠢ ᠲᠤᠯᠭᠠᠭᠤᠷᠢᠯᠠᠯ ᠤᠨ ᠲᠣᠭᠲᠠᠴᠯᠠᠭ᠎ᠠ ᠶᠢ ᠪᠠᠶᠢᠭᠤᠯᠵᠤ᠂ ᠵᠡᠮᠳᠡᠭᠴᠦᠳ ᠤᠨ ᠠᠭᠤᠰᠤᠯᠴᠠᠨ ᠪᠦᠬᠦ ᠲᠠᠯ᠎ᠠ ᠪᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ ᠪᠣᠯᠤᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠷᠤᠳᠠᠯ ᠪᠣᠯᠤᠨ ᠪᠤᠰᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠭᠤᠣᠯ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠭᠲᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠢᠨᠠᠨ ᠰᠢᠨᠵᠢᠯᠡᠯᠲᠡ ᠪᠠ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠂ ᠬᠡᠷᠡᠭᠵᠢᠭᠦᠯᠬᠦ ᠲᠥᠰᠦᠯ ᠲᠣᠭᠲᠠᠭᠠᠬᠤ ᠪᠠ ᠡᠯ᠎ᠡ ᠠᠶᠢᠮᠠᠭ ᠬᠤᠳᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠱᠠᠭᠠᠷᠳᠠᠯᠭ᠎ᠠ ᠳᠤᠷᠠᠳᠪᠠ᠃ ᠭᠤᠷᠪᠠ᠂ ︽ᠲᠥᠯᠥᠪᠵᠢᠭᠦᠯᠭᠡ︾᠎ ᠶᠢᠨ ᠭᠤᠣᠯ ᠣᠨᠴᠠᠯᠢᠭ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠣᠨ᠎ᠠ᠃ ᠰᠢᠨ᠎ᠡ ᠠᠶᠠᠨ ᠵᠠᠮ ᠤᠨ ᠠᠩᠬᠠᠳᠤᠭᠠᠷ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠨᠢ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ᠂ ᠵᠡᠮᠳᠡᠭᠴᠦᠳ ᠤᠨ ᠠᠭᠤᠰᠤᠯᠴᠠᠨ ᠬᠥᠭᠵᠢᠬᠦ ᠪᠠ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃       ︽ᠲᠥᠯᠥᠪᠵᠢᠭᠦᠯᠭᠡ︾᠎ ᠨᠢ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠬᠠᠷᠠᠯᠲᠠ ᠲᠣᠳᠣᠷᠬᠠᠶ᠃ ︽ᠲᠥᠯᠥᠪᠵᠢᠭᠦᠯᠭᠡ︾᠎ ᠳᠤ ᠪᠠᠭᠲᠠᠭᠠᠭᠰᠠᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ 6 ᠵᠦᠢᠯ ᠪᠠᠶᠢᠵᠤ᠂ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ 5 ᠵᠦᠢᠯ ᠪᠤᠢ᠃ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠨᠥᠬᠦᠴᠡᠯ ᠳᠤ ᠨᠡᠶᠢᠴᠡᠭᠰᠡᠨ ᠵᠡᠮᠳᠡᠭᠴᠦᠳ ᠢ 100%᠎ ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠨ᠎ᠠ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠬᠠᠮᠤᠷᠤᠭᠤᠯᠬᠤ ᠨᠤᠷᠮ᠎ᠠ ᠎ ᠶᠢ100%᠎ ᠳᠤ ᠬᠦᠷᠦᠭᠦᠯᠦᠨ᠎ᠡ︔ ᠬᠦᠨᠳᠦ ᠳᠡᠰ ᠤᠨ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ ᠬᠠᠮᠤᠷᠤᠭᠤᠯᠬᠤ ᠨᠣᠷᠮ᠎ᠠ ᠶᠢ 100%᠎ ᠳᠤ ᠬᠦᠷᠦᠭᠦᠯᠦᠨ᠎ᠡ︔ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠮᠤᠷᠤᠭᠤᠯᠬᠤ ᠨᠣᠷᠮ᠎ᠠ ᠶᠢ 90%᠎ ᠠᠴᠠ ᠳᠡᠭᠡᠭᠰᠢ ᠪᠠᠶᠢᠯᠭᠠᠨ᠎ᠠ︔ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠬᠠᠩᠭᠠᠬᠤ ᠨᠣᠷᠮ᠎ᠠ ᠶᠢ 90%᠎ ᠠᠴᠠ ᠳᠡᠭᠡᠭᠰᠢ ᠪᠠᠶᠢᠯᠭᠠᠨ᠎ᠠ︔ 3 ᠲᠦᠮᠡᠨ ᠡᠷᠦᠬᠡ ᠠᠴᠠ ᠳᠡᠭᠡᠭᠰᠢ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ ᠥᠬᠡᠶ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠎ᠡ᠃ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠵᠡᠮᠳᠡᠭᠴᠦᠳ ᠤᠨ ᠬᠡᠷ ᠪᠦᠯᠢ ᠶᠢᠨ ᠬᠥᠮᠦᠨ ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 7.5%᠎ ᠠᠴᠠ ᠳᠡᠭᠡᠭᠰᠢ ᠨᠡᠮᠡᠭᠳᠡᠭᠦᠯᠦᠨ᠎ᠡ︔ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ ᠬᠥᠳᠡᠭᠡ ᠶᠢᠨ 4 ᠲᠦᠮᠡ ᠠᠴᠠ ᠳᠡᠭᠡᠭᠰᠢ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠨ᠎ᠡ︔ ᠵᠡᠮᠳᠡᠭᠴᠦᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 90%᠎ ᠠᠴᠠ ᠳᠡᠭᠡᠭᠰᠢ ᠪᠠᠶᠢᠯᠭᠠᠨ᠎ᠠ︔ ᠵᠡᠮᠳᠡᠭᠴᠦᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95%᠎ ᠠᠴᠠ ᠳᠡᠭᠡᠭᠰᠢ ᠪᠠᠶᠢᠯᠭᠠᠨ᠎ᠠ︔ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ 97%᠎ ᠠᠴᠠ ᠳᠡᠭᠡᠭᠰᠢ ᠪᠠᠶᠢᠯᠭᠠᠨ᠎ᠠ᠃ ᠬᠤᠶᠠᠷ ᠲᠤ᠂ ᠠᠭᠤᠯᠭ᠎ᠠ ᠪᠦᠷᠢᠨ᠃ ︽ᠲᠥᠯᠥᠪᠵᠢᠭᠦᠯᠭᠡ︾᠎ ᠨᠢ 7 ᠲᠠᠯ᠎ᠠ᠂ 31 ᠪᠣᠳᠠᠲᠠᠶ ᠡᠭᠦᠷᠭᠡ᠂ 7 ᠲᠤᠰᠬᠠᠶ ᠪᠤᠯᠤᠩ ᠢᠶᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠴᠣᠭᠴᠠᠯᠠᠯᠲᠠ᠂ ᠡᠷᠡᠭᠦᠯᠵᠢᠯ ᠤᠨ ᠬᠡᠷᠡᠭᠴᠡᠭᠡ᠂ ᠰᠣᠶᠣᠯ ᠪᠡᠶ᠎ᠡ ᠶᠢᠨ ᠲᠠᠮᠢᠷ᠂ ᠬᠠᠤᠯᠢᠵᠢᠯᠲᠠ᠂ ᠬᠠᠷᠰᠢ ᠰᠠᠭᠠᠳ ᠥᠬᠡᠶ ᠪᠥᠲᠥᠭᠡᠨ ᠪᠠᠶᠢᠭᠤᠯᠤᠯᠲᠠ᠂ ᠴᠢᠨᠠᠷᠯᠢᠭ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ᠂ ᠠᠷᠭ᠎ᠠ ᠬᠡᠮᠵᠢᠶ᠎ᠡ ᠪᠣᠯᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠣᠳᠣᠷᠬᠠᠶ᠂ ᠪᠣᠳᠠᠲᠠᠶ ᠪᠥᠭᠡᠳ ᠨᠠᠷᠢᠯᠢᠭ ᠪᠠᠶᠢᠵᠤ᠂ ︽ᠬᠠᠭᠤᠷᠠᠶ ᠬᠦᠨᠡᠰᠦ ︾ ᠠᠷᠪᠢᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠬᠠᠮᠤᠷᠴᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠰᠢᠨ᠎ᠡ ᠠᠶᠠᠨ ᠤ ᠠᠩᠬᠠᠳᠤᠭᠠᠷ ᠲᠠᠪᠤᠨ ᠵᠢᠯ ᠤᠨ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠠᠮᠤᠭ ᠤᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ᠂ ᠵᠠᠮ ᠱᠤᠭᠤᠮ ᠤᠨ ᠵᠢᠷᠤᠭ ᠪᠠ ᠬᠠᠮᠲᠤ ᠶᠢᠨ ᠠᠵᠢᠯᠯᠠᠭᠠᠨ ᠤ ᠵᠦᠭᠯᠡᠭᠦᠷ ᠪᠣᠯᠤᠨ᠎ᠠ᠃ ᠭᠤᠷᠪᠠ ᠳᠤ᠂ ᠬᠠᠷᠢᠭᠤᠴᠠᠯᠭ᠎ᠠ ᠲᠣᠳᠣᠷᠬᠠᠢ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ ᠪᠠᠷᠢᠮᠲᠠᠯᠠᠵᠤ᠂ ︽ᠲᠥᠯᠥᠪᠵᠢᠭᠦᠯᠭᠡ︾᠎ ᠳᠠᠬᠢ ᠡᠭᠦᠷᠭᠡ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠴᠢᠩᠭᠠᠷᠠᠭᠤᠯᠤᠭᠰᠠᠨ ᠨᠢ ᠵᠡᠮᠳᠡᠭᠴᠦᠳ ᠤᠨ ᠠᠵᠢᠯ ᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠ ᠬᠠᠷᠠᠯᠲᠠᠲᠤ ᠬᠠᠮᠢᠶᠠᠷᠤᠯᠲᠠ ᠳᠤ ᠣᠷᠣᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠬᠠᠮᠲᠤ ᠪᠠᠷ ᠠᠬᠢᠭᠤᠯᠬᠤ ᠳᠤ ᠠᠰᠢᠭᠲᠠᠶ ᠶᠤᠮ᠃    
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号