| ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ | ᠡᠷᠭᠢᠴᠡᠭᠦᠯᠦᠯ ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠡᠮᠳᠡᠭᠴᠦᠳ ᠢ | ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠤ ᠪᠤᠢ᠃ ᠶᠡᠷᠦᠩᠬᠡᠶ ᠱᠦᠵᠢ ᠰᠢ ᠶᠢᠨ ᠫᠢᠩ | ᠴᠢᠬᠤᠯᠠᠴᠢᠯᠠᠬᠤ ᠳᠤ ᠪᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ | ᠦᠢᠯᠡᠰ ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠶ︾᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ | ᠬᠤᠴᠣᠷᠭᠠᠵᠤ ᠪᠣᠯᠬᠤ ᠥᠬᠡᠶ ᠭᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠵᠡᠮᠳᠡᠭᠴᠦᠳ ᠤᠨ | ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠨᠢᠷ ᠪᠦᠲᠦᠭᠡᠯ ᠦᠯᠡᠮᠵᠢ ᠠᠮᠵᠢᠯᠲᠠ ᠣᠯᠪᠠ᠃ | ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠲᠠ ᠶᠢ ᠣᠯᠵᠤ᠂ 11.2 ᠲᠦᠮᠡᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠵᠡᠮᠳᠡᠭᠴᠦᠳ ᠢ | ᠨᠢᠭᠡ ᠶᠢ ᠴᠦ ᠣᠷᠬᠢᠭᠳᠠᠭᠤᠯᠬᠤ ᠦᠭᠡᠢ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ 31 ᠲᠦᠮᠡᠨ ᠬᠦᠴᠢᠷᠳᠡᠯᠲᠡᠢ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ | ᠣᠯᠭᠤᠵᠤ᠂ 28.5 ᠲᠦᠮᠡᠨ ᠬᠦᠨᠳᠦ ᠳᠡᠰ ᠤᠨ ᠵᠡᠮᠳᠡᠭᠴᠦᠳ ᠲᠤ ᠰᠤᠪᠢᠯᠠᠯᠲᠠ ᠶᠢᠨ ᠨᠥᠬᠦᠪᠥᠷᠢ ᠣᠯᠭᠤᠵᠤ᠂ | 17.5 ᠲᠦᠮᠡᠨ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ | ᠲᠤᠰᠢᠶᠠᠵᠤ᠂ ᠵᠡᠮᠳᠡᠭᠴᠦᠳ ᠤᠨ ᠬᠡᠨᠡᠳᠲᠡ ᠶᠢᠨ ᠰᠢᠷᠬᠠᠲᠤᠯ ᠤᠨ ᠳᠠᠭᠠᠳᠬᠠᠯ ᠢ ᠨᠡᠶᠢᠳᠡᠮ ᠳᠤ ᠨᠢ ᠬᠠᠮᠤᠷᠤᠭᠤᠯᠬᠤ ᠶᠢ | ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠥᠮᠦᠨ ᠤ ᠲᠤᠭ᠎ᠠ 40.1 | ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠭᠤᠯᠤᠨ | ᠦᠢᠯᠡᠴᠢᠯᠡᠬᠦ ᠬᠥᠮᠦᠨ ᠤ ᠲᠤᠭ᠎ᠠ 20.3 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭ ᠬᠡᠤᠬᠡᠳ | ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.3% ᠳᠤ ᠬᠦᠷᠴᠦ᠂ ᠬᠤᠲᠠ | ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠲᠣᠭᠲᠠᠪᠤᠷᠢᠲᠠᠶ ᠠᠵᠢᠯ ᠣᠯᠣᠭᠰᠠᠨ ᠬᠥᠮᠦᠨ ᠤ | ᠲᠤᠭ᠎ᠠ ᠲᠣᠰ ᠲᠣᠰ 1.5 ᠲᠦᠮᠡ ᠪᠠ 12.8 ᠲᠦᠮᠡ ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠦᠢᠯᠡᠴᠢᠯᠡᠭᠡ ᠬᠦᠷᠲᠡᠭᠰᠡᠨ ᠬᠥᠮᠦᠨ ᠤ ᠲᠤᠭ᠎ᠠ 1.3 ᠲᠦᠮᠡ ᠳᠤ ᠬᠦᠷᠴᠦ᠂ ᠪᠥᠬᠦ ᠣᠷᠣᠨ ᠳᠤ ᠵᠡᠮᠳᠡᠭᠴᠦᠳ ᠤᠨ | ᠪᠡᠶ᠎ᠡ ᠴᠢᠬᠢᠷᠠᠭᠵᠢᠭᠤᠯᠵᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 290 ᠪᠠᠶᠢᠭᠤᠯᠵᠤ᠂ ᠵᠡᠮᠳᠡᠭᠴᠦᠳ ᠢ | ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠤᠭᠰᠠᠨ ᠬᠥᠮᠦᠨ ᠤ ᠲᠤᠭ᠎ᠠ 3.8 ᠲᠦᠮᠡ ᠳᠤ | ᠬᠦᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ | ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ | ᠃ | ᠬᠤᠶᠠᠷ᠂ ︽ᠲᠥᠯᠥᠪᠵᠢᠭᠦᠯᠭᠡ︾ ᠶᠢᠨ ᠦᠨᠳᠦᠰᠦᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ ︽ | ᠲᠥᠯᠥᠪᠵᠢᠭᠦᠯᠭᠡ︾ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠴᠠ ᠡᠭᠦᠰᠴᠦ᠂ ᠮᠠᠨ ᠤ ᠣᠷᠣᠨ ᠤ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠡᠭᠦᠷᠭᠡ ᠶᠢ ᠪᠥᠬᠦ ᠲᠠᠯ᠎ᠠ ᠪᠠᠷ ᠵᠠᠳᠠᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠶᠡᠷᠦᠩᠬᠡᠶ ᠰᠡᠳᠬᠢᠴᠡ᠂ | ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ ᠨᠠᠶᠢᠳᠠ ᠲᠦᠷᠪᠡᠨ | ᠬᠡᠰᠡᠭ ᠬᠤᠪᠢᠶᠠᠪᠠ᠄ ᠨᠢᠭᠡᠳᠦᠭᠡᠷ ᠬᠡᠰᠡᠭ ᠨᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ᠃ ᠭᠤᠣᠯᠳᠠᠭᠤ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠢ ᠳ᠋ᠦᠩᠨᠡᠨ | ᠡᠷᠭᠢᠴᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠵᠠᠳᠠᠯᠪᠠ᠃ | ᠬᠤᠶᠠᠳᠤᠭᠠᠷ ᠬᠡᠰᠡᠭ ᠨᠢ ᠶᠡᠷᠦᠩᠬᠡᠶ ᠱᠠᠭᠠᠷᠳᠠᠯᠭ᠎ᠠ᠃ ᠡᠭᠦᠨ ᠳᠤ ᠭᠤᠣᠯᠳᠠᠭᠤ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ ᠪᠠ ᠭᠤᠣᠯ ᠬᠠᠷᠠᠯᠲᠠ ᠵᠡᠷᠭᠡ ᠭᠤᠷᠪᠠᠨ ᠲᠠᠯ᠎ᠠ ᠶᠢ ᠪᠠᠭᠲᠠᠭᠠᠪᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠠᠮᠢᠳᠤᠷᠠᠯ ᠢ ᠪᠠᠲᠤᠯᠠᠬᠤ᠂ | ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ | ᠠᠭᠤᠯᠭ᠎ᠠ ᠶᠢᠨ ᠲᠠᠯ᠎ᠠ ᠪᠠᠷ ᠴᠢᠨᠠᠷᠯᠢᠭ ᠬᠥᠭᠵᠢᠯᠲᠡ ᠶᠢᠨ ᠭᠤᠣᠯ ᠰᠡᠳᠦᠪ ᠢ ᠲᠤᠭᠤᠰᠢᠯᠠᠭᠤᠯᠵᠤ᠂ ᠵᠡᠮᠳᠡᠭᠴᠦᠳ ᠤᠨ | ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠵᠡᠮᠳᠡᠭᠴᠦᠳ ᠤᠨ ᠪᠦᠬᠦ | ᠲᠠᠯ᠎ᠠ ᠶᠢᠨ ᠬᠥᠭᠵᠢᠯᠲᠡ ᠪᠣᠯᠤᠨ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠭᠤᠣᠯ ᠱᠤᠭᠤᠮ ᠢ ᠲᠤᠪᠤᠶᠢᠯᠭᠠᠵᠦ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠬᠤ᠂ ᠦᠨᠳᠦᠰᠦᠨ ᠵᠦᠢᠯ ᠢ ᠪᠠᠲᠤᠯᠠᠬᠤ ᠪᠠ ᠬᠤᠷᠢᠭ᠎ᠠ ᠱᠤᠭᠤᠮ ᠢ ᠪᠠᠲᠤᠯᠠᠬᠤ ᠶᠢ ᠪᠠᠷᠢᠮᠲᠠᠯᠠᠬᠤ᠂ | ᠰᠠᠭᠤᠷᠢ ᠶᠢ ᠪᠠᠲᠤᠳᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ᠂ ᠬᠠᠤᠯᠢ ᠶᠣᠰᠣᠭᠠᠷ | ᠬᠥᠭᠵᠢᠭᠦᠯᠬᠦ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠪᠠᠷᠢᠮᠲᠠᠯᠠᠬᠤ᠂ ᠬᠠᠮᠲᠤᠷᠠᠯ | ᠬᠦᠴᠦᠨ ᠢ ᠪᠦᠷᠢᠯᠳᠦᠭᠦᠯᠬᠦ ᠵᠢᠷᠭᠤᠭᠠᠨ ᠵᠠᠷᠴᠢᠮ ᠢ ᠲᠣᠳᠣᠷᠬᠠᠶᠢᠯᠠᠪᠠ᠃ 2025 ᠣᠨ ᠪᠣᠯᠬᠤ ᠳᠤ᠂ | ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ | ᠵᠡᠮᠳᠡᠭᠴᠦᠳ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠴᠢᠨᠠᠷᠯᠢᠭ ᠬᠥᠭᠵᠢᠭᠦᠯᠬᠦ ᠬᠠᠷᠠᠯᠲᠠ ᠶᠢ | ᠪᠡᠶᠡᠯᠡᠭᠦᠯᠬᠦ ᠪᠠᠷ ᠲᠣᠭᠲᠠᠭᠠᠪᠠ᠃ 2035 ᠣᠨ ᠪᠣᠯᠬᠤ ᠳᠤ᠂ ᠵᠡᠮᠳᠡᠭᠴᠦᠳ ᠤᠨ ᠦᠢᠯᠡᠰ ᠬᠢᠭᠡᠳ ᠠᠵᠤ ᠠᠬᠤᠶ | ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠠᠯᠤᠰ ᠬᠡᠲᠦ ᠶᠢᠨ ᠬᠠᠷᠠᠯᠲᠠ ᠯᠤᠭ᠎ᠠ ᠲᠣᠬᠢᠷᠠᠯᠴᠠᠭᠤᠯᠤᠨ᠎ᠠ᠃ ᠭᠤᠷᠪᠠᠳᠤᠭᠠᠷ ᠬᠡᠰᠡᠭ ᠨᠢ | ᠭᠤᠣᠯᠳᠠᠯᠭ᠎ᠠ ᠲᠠᠢ ᠡᠭᠦᠷᠭᠡ ᠪᠠ ᠭᠤᠣᠯ ᠠᠷᠭ᠎ᠠ ᠬᠡᠮᠵᠢᠶ᠎ᠡ᠃ ᠡᠭᠦᠨ ᠳᠤ ᠭᠤᠣᠯᠳᠠᠭᠤ ᠲᠤᠯᠤᠭᠠᠨ ᠲᠠᠯ᠎ᠠ ᠶᠢ | ᠪᠠᠭᠲᠠᠭᠠᠨ᠎ᠠ᠄ ᠨᠢᠭᠡ ᠳᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠭᠤᠨ ᠪᠥᠭᠡᠳ ᠨᠠᠶᠢᠳᠠᠪᠤᠷᠢᠲᠠᠶ | ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ | ᠨᠡᠮᠡᠭᠳᠡᠭᠦᠯᠦᠨ᠎ᠡ︔ ᠬᠤᠶᠠᠷ ᠲᠤ᠂ ᠰᠠᠶᠢᠨ ᠰᠠᠶᠢᠬᠠᠨ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠵᠤ | ᠂ ᠵᠡᠮᠳᠡᠭᠴᠦᠳ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠵᠤ᠂ ᠵᠡᠮᠳᠡᠭᠴᠦᠳ ᠤᠨ ᠡᠷᠡᠭᠦᠯ | ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ︔ ᠲᠦᠷᠪᠡ ᠳᠤ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ | ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ | ᠳᠡᠭᠡᠭᠰᠢᠯᠡᠭᠦᠯᠦᠨ᠎ᠡ︔ ᠲᠠᠪᠤ ᠳᠤ᠂ ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠵᠡᠮᠳᠡᠭᠴᠦᠳ ᠤᠨ ᠠᠳᠠᠯᠢ ᠲᠡᠭᠰᠢ ᠡᠷᠬᠡ ᠡᠳ᠋ᠯᠡᠬᠦ ᠶᠢ ᠪᠠᠲᠤᠯᠠᠨ᠎ᠠ︔ ᠵᠢᠷᠭᠤᠭ᠎ᠠ ᠳᠤ᠂ ᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷᠯᠢᠭ | ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ︔ ᠲᠤᠯᠤᠭ᠎ᠠ ᠳᠤ᠂ ᠴᠢᠩᠭ᠎ᠠ ᠬᠦᠴᠦᠲᠡᠢ | ᠲᠤᠯᠭᠠᠭᠤᠷᠢᠯᠠᠯ ᠤᠨ ᠲᠣᠭᠲᠠᠴᠯᠠᠭᠠ ᠶᠢ ᠪᠠᠶᠢᠭᠤᠯᠵᠤ᠂ ᠵᠡᠮᠳᠡᠭᠴᠦᠳ ᠤᠨ ᠠᠭᠤᠰᠤᠯᠴᠠᠨ ᠪᠦᠬᠦ ᠲᠠᠯ᠎ᠠ ᠪᠠᠷ | ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ | ᠪᠣᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ ᠪᠣᠯᠤᠨ ᠡᠯ᠎ᠡ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠷᠤᠳᠠᠯ ᠪᠣᠯᠤᠨ ᠪᠤᠰᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠭᠤᠣᠯ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠭᠲᠠᠭᠠᠵᠤ᠂ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠢᠨᠠᠨ ᠰᠢᠨᠵᠢᠯᠡᠯᠲᠡ ᠪᠠ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ | ᠂ ᠬᠡᠷᠡᠭᠵᠢᠭᠦᠯᠬᠦ ᠲᠥᠰᠦᠯ ᠲᠣᠭᠲᠠᠭᠠᠬᠤ ᠪᠠ ᠡᠯ᠎ᠡ ᠠᠶᠢᠮᠠᠭ ᠬᠤᠳᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ | ᠱᠠᠭᠠᠷᠳᠠᠯᠭ᠎ᠠ ᠳᠤᠷᠠᠳᠪᠠ᠃ ᠭᠤᠷᠪᠠ᠂ ︽ᠲᠥᠯᠥᠪᠵᠢᠭᠦᠯᠭᠡ︾ ᠶᠢᠨ ᠭᠤᠣᠯ ᠣᠨᠴᠠᠯᠢᠭ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ | ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠣᠨ᠎ᠠ᠃ ᠰᠢᠨ᠎ᠡ ᠠᠶᠠᠨ | ᠵᠠᠮ ᠤᠨ ᠠᠩᠬᠠᠳᠤᠭᠠᠷ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠨᠢ ᠮᠠᠨ ᠤ | ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ᠂ ᠵᠡᠮᠳᠡᠭᠴᠦᠳ ᠤᠨ ᠠᠭᠤᠰᠤᠯᠴᠠᠨ ᠬᠥᠭᠵᠢᠬᠦ ᠪᠠ | ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ︽ᠲᠥᠯᠥᠪᠵᠢᠭᠦᠯᠭᠡ︾ ᠨᠢ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠬᠠᠷᠠᠯᠲᠠ | ᠲᠣᠳᠣᠷᠬᠠᠶ᠃ ︽ᠲᠥᠯᠥᠪᠵᠢᠭᠦᠯᠭᠡ︾ ᠳᠤ ᠪᠠᠭᠲᠠᠭᠠᠭᠰᠠᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ 6 ᠵᠦᠢᠯ | ᠪᠠᠶᠢᠵᠤ᠂ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ 5 ᠵᠦᠢᠯ ᠪᠤᠢ᠃ ᠬᠢᠵᠠᠭᠠᠷᠯᠠᠬᠤ ᠴᠢᠨᠠᠷᠲᠠᠶ ᠭᠦᠢᠴᠡᠳᠬᠡᠯ | ᠲᠤᠭ᠎ᠠ ᠳᠤ ᠭᠤᠤᠯᠳᠠᠭᠤ ᠨᠥᠬᠦᠴᠡᠯ ᠳᠤ ᠨᠡᠶᠢᠴᠡᠭᠰᠡᠨ ᠵᠡᠮᠳᠡᠭᠴᠦᠳ ᠢ 100% ᠪᠠᠷ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠨ᠎ᠠ︔ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ | ᠬᠠᠮᠤᠷᠤᠭᠤᠯᠬᠤ ᠨᠤᠷᠮ᠎ᠠ ᠶᠢ100% ᠳᠤ ᠬᠦᠷᠦᠭᠦᠯᠦᠨ᠎ᠡ︔ ᠬᠦᠨᠳᠦ ᠳᠡᠰ ᠤᠨ ᠵᠡᠮᠳᠡᠭᠴᠦᠳ ᠢ ᠠᠰᠠᠷᠠᠨ | ᠰᠤᠪᠢᠯᠠᠬᠤ ᠨᠥᠬᠦᠪᠥᠷᠢ ᠶᠢᠨ ᠬᠠᠮᠤᠷᠤᠭᠤᠯᠬᠤ ᠨᠣᠷᠮ᠎ᠠ ᠶᠢ 100% ᠳᠤ ᠬᠦᠷᠦᠭᠦᠯᠦᠨ᠎ᠡ︔ ᠵᠡᠮᠳᠡᠭᠴᠦᠳ ᠤᠨ | ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠮᠤᠷᠤᠭᠤᠯᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ︔ | ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠬᠠᠩᠭᠠᠬᠤ ᠨᠣᠷᠮ᠎ᠠ ᠶᠢ 90% ᠠᠴᠠ ᠳᠡᠭᠡᠭᠰᠢ | ᠪᠠᠶᠢᠯᠭᠠᠨ᠎ᠠ︔ 3 ᠲᠦᠮᠡᠨ ᠡᠷᠦᠬᠡ ᠠᠴᠠ ᠳᠡᠭᠡᠭᠰᠢ ᠬᠦᠴᠢᠷᠳᠡᠯᠲᠡᠶ ᠬᠦᠨᠳᠦ ᠳᠡᠰ ᠤᠨ ᠵᠡᠮᠳᠡᠭᠴᠦᠳ ᠤᠨ ᠬᠡᠷ | ᠪᠦᠯᠢ ᠳᠤ ᠬᠠᠷᠰᠢ ᠰᠠᠭᠠᠳ ᠥᠬᠡᠶ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠨ᠎ᠡ᠃ ᠵᠢᠱᠢᠯᠲᠡ ᠶᠢᠨ ᠴᠢᠨᠠᠷᠲᠠᠶ | ᠭᠦᠢᠴᠡᠳᠬᠡᠯ ᠲᠤᠭ᠎ᠠ ᠳᠤ ᠭᠤᠤᠯᠳᠠᠭᠤ ᠵᠡᠮᠳᠡᠭᠴᠦᠳ ᠤᠨ ᠬᠡᠷ ᠪᠦᠯᠢ ᠶᠢᠨ ᠬᠥᠮᠦᠨ ᠳᠤᠮᠳᠠᠴᠢ ᠣᠷᠣᠯᠭ᠎ᠠ ᠶᠢ ᠵᠢᠯ | ᠪᠦᠷᠢ ᠳᠤᠮᠳᠠᠴᠢ ᠪᠠᠷ 7.5% ᠠᠴᠠ ᠳᠡᠭᠡᠭᠰᠢ ᠨᠡᠮᠡᠭᠳᠡᠭᠦᠯᠦᠨ᠎ᠡ︔ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ ᠬᠥᠳᠡᠭᠡ ᠶᠢᠨ 4 ᠲᠦᠮᠡ ᠠᠴᠠ ᠳᠡᠭᠡᠭᠰᠢ ᠵᠡᠮᠳᠡᠭᠴᠦᠳ ᠲᠤ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠨ᠎ᠡ︔ ᠵᠡᠮᠳᠡᠭᠴᠦᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ︔ ᠵᠡᠮᠳᠡᠭᠴᠦᠳ ᠤᠨ | ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ︔ | ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ | ᠨᠤᠷᠮ᠎ᠠ ᠶᠢ 97% ᠠᠴᠠ ᠳᠡᠭᠡᠭᠰᠢ ᠪᠠᠶᠢᠯᠭᠠᠨ᠎ᠠ᠃ ᠬᠤᠶᠠᠷ ᠲᠤ᠂ ᠠᠭᠤᠯᠭ᠎ᠠ ᠪᠦᠷᠢᠨ᠃ ︽ᠲᠥᠯᠥᠪᠵᠢᠭᠦᠯᠭᠡ︾ | ᠨᠢ 7 ᠲᠠᠯ᠎ᠠ᠂ 31 ᠪᠣᠳᠠᠲᠠᠶ ᠡᠭᠦᠷᠭᠡ᠂ 7 ᠲᠤᠰᠬᠠᠶ ᠪᠤᠯᠤᠩ ᠢᠶᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ | ᠠᠵᠢᠯ ᠣᠯᠭᠤᠯᠲᠠ ᠦᠢᠯᠡᠰ ᠴᠣᠭᠴᠠᠯᠠᠯᠲᠠ᠂ ᠡᠷᠡᠭᠦᠯᠵᠢᠯ ᠤᠨ ᠬᠡᠷᠡᠭᠴᠡᠭᠡ᠂ ᠰᠣᠶᠣᠯ ᠪᠡᠶ᠎ᠡ ᠶᠢᠨ ᠲᠠᠮᠢᠷ᠂ | ᠬᠠᠤᠯᠢᠵᠢᠯᠲᠠ᠂ ᠬᠠᠷᠰᠢ ᠰᠠᠭᠠᠳ ᠥᠬᠡᠶ ᠪᠥᠲᠥᠭᠡᠨ ᠪᠠᠶᠢᠭᠤᠯᠤᠯᠲᠠ᠂ ᠴᠢᠨᠠᠷᠯᠢᠭ ᠬᠥᠭᠵᠢᠯᠲᠡ ᠵᠡᠷᠭᠡ ᠲᠠᠯ᠎ᠠ ᠶᠢᠨ | ᠠᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ᠂ ᠠᠷᠭ᠎ᠠ ᠬᠡᠮᠵᠢᠶ᠎ᠡ ᠪᠣᠯᠤᠨ ᠪᠥᠳᠥᠭᠡᠨ | ᠪᠠᠶᠢᠭᠤᠯᠤᠯᠲᠠ ᠶᠢᠨ ᠲᠥᠷᠥᠯ ᠵᠦᠢᠯ ᠨᠢ ᠲᠣᠳᠣᠷᠬᠠᠶ᠂ ᠪᠣᠳᠠᠲᠠᠶ ᠪᠥᠭᠡᠳ ᠨᠠᠷᠢᠯᠢᠭ ᠪᠠᠶᠢᠵᠤ᠂ ︽ᠬᠠᠭᠤᠷᠠᠶ ᠬᠦᠨᠡᠰᠦ | ︾ ᠠᠷᠪᠢᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠵᠡᠮᠳᠡᠭᠴᠦᠳ ᠤᠨ ᠨᠡᠶᠢᠭᠡᠮ ᠤᠨ | ᠠᠰᠠᠷᠠᠮᠵᠢ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠬᠠᠮᠤᠷᠴᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠰᠢᠨ᠎ᠡ ᠠᠶᠠᠨ ᠤ | ᠠᠩᠬᠠᠳᠤᠭᠠᠷ ᠲᠠᠪᠤᠨ ᠵᠢᠯ ᠤᠨ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠠᠮᠤᠭ ᠤᠨ | ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ᠂ ᠵᠠᠮ ᠱᠤᠭᠤᠮ ᠤᠨ ᠵᠢᠷᠤᠭ ᠪᠠ ᠬᠠᠮᠲᠤ ᠶᠢᠨ ᠠᠵᠢᠯᠯᠠᠭᠠᠨ ᠤ | ᠵᠦᠭᠯᠡᠭᠦᠷ ᠪᠣᠯᠤᠨ᠎ᠠ᠃ ᠭᠤᠷᠪᠠ ᠳᠤ᠂ ᠬᠠᠷᠢᠭᠤᠴᠠᠯᠭ᠎ᠠ ᠲᠣᠳᠣᠷᠬᠠᠢ᠃ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ | ᠳᠡᠯᠭᠡᠭᠦᠷ ᠢᠶᠠᠷ ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ | ᠪᠠᠷᠢᠮᠲᠠᠯᠠᠵᠤ᠂ ︽ᠲᠥᠯᠥᠪᠵᠢᠭᠦᠯᠭᠡ︾ ᠳᠠᠬᠢ ᠡᠭᠦᠷᠭᠡ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ | ᠬᠤᠪᠢᠶᠠᠷᠢᠯᠠᠯ ᠢ ᠴᠢᠩᠭᠠᠷᠠᠭᠤᠯᠤᠭᠰᠠᠨ ᠨᠢ ᠵᠡᠮᠳᠡᠭᠴᠦᠳ ᠤᠨ ᠠᠵᠢᠯ ᠢ ᠡᠯ᠎ᠡ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠ ᠬᠠᠷᠠᠯᠲᠠᠲᠤ ᠬᠠᠮᠢᠶᠠᠷᠤᠯᠲᠠ ᠳᠤ ᠣᠷᠣᠭᠤᠯᠵᠤ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠬᠠᠮᠲᠤ ᠪᠠᠷ | ᠠᠬᠢᠭᠤᠯᠬᠤ ᠳᠤ ᠠᠰᠢᠭᠲᠠᠶ ᠶᠤᠮ᠃ | |