| ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ ᠮᠥᠨ᠂ ᠪᠠᠰᠠ ᠴᠤ ᠠᠵᠤ ᠠᠬᠤᠶ ᠶᠢᠨ ᠬᠥᠭᠵᠢᠯᠲᠡ ᠶᠢᠨ ᠦᠨᠳᠦᠰᠦᠨ ᠲᠤᠯᠭᠠᠭᠤᠷᠢᠯᠠᠯ | ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠴᠢᠬᠤᠯᠠ ᠪᠠᠲᠤᠯᠠᠭ᠎ᠠ ᠮᠥᠨ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ | ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ | ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠣᠯᠭᠤᠯᠲᠠ ᠶᠢᠨ ᠠᠵᠢᠯ ᠢ ᠰᠢᠰᠲ᠋ᠧᠮ ᠲᠠᠢ ᠲᠥᠯᠥᠪᠵᠢᠭᠦᠯᠦᠭᠰᠡᠨ ᠪᠥᠭᠡᠳ ᠢᠷᠡᠭᠡᠳᠦᠶ ᠶᠢᠨ ᠨᠢᠭᠡ ᠬᠡᠰᠡᠭ | ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠭᠰᠠᠨ ᠪᠠᠶᠢᠨ᠎ᠠ᠃ | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠣᠯᠭᠤᠯᠲᠠ ᠶᠢᠨ ᠠᠵᠢᠯ ᠤᠨ ᠦᠷ᠎ᠡ ᠪᠦᠲᠦᠮᠵᠢ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ | ᠣᠯᠭᠤᠯᠲᠠ ᠪᠠᠷ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠨ | ᠡᠷᠡᠮᠡᠬᠡᠶᠢᠯᠡᠨ ᠤᠷᠤᠭᠰᠢᠯᠠᠵᠤ᠂ ᠪᠡᠷᠬᠡ ᠶᠢ ᠳᠠᠪᠠᠨ ᠬᠦᠴᠢᠷ ᠢ ᠰᠢᠢᠳᠪᠦᠷᠢᠯᠡᠵᠦ᠂ ᠠᠵᠢᠯ ᠣᠯᠭᠤᠯᠲᠠ ᠶᠢ ᠠᠬᠢᠭᠤᠯᠬᠤ | ᠠᠵᠢᠯ ᠢᠳᠡᠪᠬᠢᠲᠡᠢ ᠠᠬᠢᠴᠠ ᠲᠠᠢ ᠪᠣᠯᠵᠣ᠂ ᠪᠠᠰᠠ ᠪᠥᠬᠦ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠨᠢᠭᠡ ᠳᠤ᠂ ᠠᠵᠢᠯ | ᠣᠯᠭᠤᠯᠲᠠ ᠶᠢᠨ ᠬᠡᠪᠴᠢᠶ᠎ᠡ ᠲᠣᠭᠲᠠᠭᠤᠨ ᠪᠠᠶᠢᠬᠤ ᠶᠢ ᠪᠠᠲᠤᠯᠠᠪᠠ᠃ ᠬᠤᠲᠠ ᠪᠠᠯᠭᠠᠰᠤᠨ ᠤ 128.4 ᠲᠦᠮᠡᠨ | ᠬᠥᠮᠦᠨ ᠳᠤ ᠰᠢᠨ᠎ᠡ ᠪᠠᠷ ᠠᠵᠢᠯ ᠣᠯᠭᠤᠵᠤ᠂ 125 ᠲᠦᠮᠡᠨ ᠬᠥᠮᠦᠨ ᠳᠤ ᠠᠵᠢᠯ ᠣᠯᠭᠤᠬᠤ ᠬᠠᠷᠠᠯᠲᠠ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 3. | 8% ᠣᠷᠴᠢᠮ ᠪᠠᠶᠢᠵᠤ᠂ 4% ᠠᠴᠠ ᠳᠣᠣᠷ᠎ᠠ ᠪᠠᠶᠢᠯᠭᠠᠬᠤ ᠪᠠᠷ ᠵᠢᠱᠢᠭᠰᠡᠨ ᠬᠢᠵᠠᠭᠠᠷᠯᠠᠬᠤ ᠬᠠᠷᠠᠯᠲᠠ ᠶᠢ | ᠪᠡᠶᠡᠯᠡᠭᠦᠯᠪᠡ᠃ ᠬᠤᠶᠠᠷ ᠲᠤ᠂ ᠭᠤᠤᠯᠳᠠᠯᠭ᠎ᠠ ᠲᠠᠢ ᠬᠦᠮᠦᠰ ᠤᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠨ᠎ᠠ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 72.8 ᠲᠦᠮᠡᠨ ᠬᠥᠮᠥᠨ ᠳᠤ ᠠᠵᠢᠯ ᠣᠯᠭᠤᠵᠤ᠂ ᠠᠵᠢᠯ | ᠣᠯᠭᠤᠯᠲᠠ ᠶᠢᠨ ᠬᠢᠷᠢ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠪᠠ᠃ 1264.3 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 1034.2 ᠲᠦᠮᠡᠨ ᠮᠠᠯᠴᠢᠨ ᠲᠠᠷᠢᠶᠠᠴᠢᠨ ᠢ 6 | ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠪᠠ᠃ ᠬᠦᠴᠢᠷᠳᠡᠯᠲᠡᠢ ᠬᠦᠮᠦᠰ ᠢ ᠪᠦᠲᠦᠮᠵᠢᠲᠡᠶ ᠪᠠᠷ ᠬᠠᠪᠰᠤᠷᠤᠨ | ᠲᠡᠳᠬᠦᠵᠦ᠂ ᠬᠤᠳᠠ ᠪᠠᠯᠭᠠᠰᠤᠨ ᠤ 36.9 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ | ᠤᠯᠬᠤ ᠳᠤ ᠬᠦᠴᠢᠷᠳᠡᠯ ᠲᠠᠢ 31.1 ᠲᠦᠮᠡᠨ ᠬᠥᠮᠦᠨ ᠳᠤ ᠠᠵᠢᠯ ᠣᠯᠭᠤᠪᠠ᠃ ᠭᠤᠷᠪᠠ ᠳᠤ᠂ ᠠᠵᠢᠯ | ᠣᠯᠭᠤᠯᠲᠠ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ ᠬᠥᠳᠡᠯᠮᠦᠷᠢᠴᠢᠳ ᠤᠨ ᠬᠡᠪ ᠴᠢᠨᠠᠷ | ᠨᠡᠶᠢᠳᠡᠮ ᠳᠤ ᠪᠠᠨ ᠳᠡᠭᠡᠭᠰᠢᠯᠡᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 106 ᠲᠦᠮᠡᠨ | ᠬᠥᠮᠦᠨ ᠳᠤ ᠬᠦᠷᠴᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 74.1 ᠲᠦᠮᠡᠨ ᠬᠥᠮᠦᠨ ᠳᠤ | ᠬᠦᠷᠴᠡᠶ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ | ᠪᠦᠲᠦᠴᠡ ᠨᠢ ᠲᠠᠰᠤᠷᠠᠯᠳᠠ ᠦᠭᠡᠢ ᠰᠠᠶᠢᠵᠢᠷᠠᠨ᠂ ᠠᠵᠢᠯᠳᠠᠨ ᠠᠵᠢᠯᠴᠢᠨ ᠤ ᠴᠠᠯᠢᠩ ᠬᠥᠯᠥᠰᠥ ᠵᠦᠢ ᠵᠣᠬᠢᠰᠲᠠᠶ ᠪᠠᠷ | ᠨᠡᠮᠡᠭᠳᠡᠵᠦ᠂ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠴᠢᠩᠭᠠᠷᠠᠵᠤ᠂ ᠨᠡᠶᠢᠭᠡᠮ ᠤᠨ ᠪᠠᠲᠤᠯᠠᠭ᠎ᠠ ᠶᠢᠨ | ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠪᠠᠲᠤᠯᠠᠭ᠎ᠠ ᠶᠢᠨ ᠬᠢᠷᠢ ᠲᠦᠪᠰᠢᠨ ᠠᠯᠬᠤᠮ ᠠᠯᠬᠤᠮ ᠢᠶᠠᠷ | ᠳᠡᠭᠡᠭᠰᠢᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠠᠶ ᠬᠤᠪᠢᠷᠠᠯᠲᠠ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠣᠯᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠶᠢᠨ | ᠡᠮᠦᠨ᠎ᠡ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢ ᠪᠠᠲᠤᠯᠠᠪᠠ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢᠨ ᠣᠨᠴᠠᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠲᠣᠭᠲᠠᠭᠠᠬᠤ ᠳᠤ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠨᠢᠭᠲᠠ ᠤᠶᠠᠯᠳᠤᠭᠤᠯᠤᠨ᠂ ᠳᠣᠤᠷᠠᠬᠢ ᠭᠤᠷᠪᠠᠨ ᠲᠠᠯ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠪᠠ᠄ | | ︵ᠨᠢᠭᠡ︶ ᠠᠵᠢᠯ ᠣᠯᠭᠤᠯᠲᠠ ᠶᠢᠨ ᠠᠵᠢᠯ ᠤᠨ ᠭᠤᠣᠯᠳᠠᠯᠭ᠎ᠠ ᠶᠢ ᠳᠣᠪᠤᠶᠢᠯᠭᠠᠪᠠ᠃ | ᠲᠥᠯᠥᠪᠵᠢᠭᠦᠯᠭᠡ ᠳᠤ ︽ᠶᠡᠷᠦᠩᠬᠡᠶ ᠬᠡᠮᠵᠢᠶ᠎ᠡ ᠶᠢ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ | ᠦᠨᠳᠦᠰᠦᠨ ᠵᠣᠭᠰᠣᠴᠠ ᠪᠣᠯᠭᠠᠵᠤ᠂ ᠨᠠᠩ ᠭᠦᠢᠴᠡᠳ ᠪᠥᠭᠡᠳ ᠨᠠᠩ ᠴᠢᠨᠠᠷᠯᠢᠭ ᠠᠵᠢᠯ ᠣᠯᠭᠤᠯᠲᠠ ᠶᠢ | ᠪᠡᠶᠡᠯᠡᠭᠦᠯᠬᠦ ᠳᠤ ᠭᠤᠷᠪᠠᠨ ᠲᠠᠯ᠎ᠠ ᠶᠢ ᠳᠣᠪᠤᠶᠢᠯᠭᠠᠨ ᠡᠵᠡᠮᠳᠡᠪᠡ᠄ ᠨᠢᠭᠡ ᠳᠤ᠂ ᠲᠥᠷᠥ ᠶᠢᠨ ᠪᠣᠳᠣᠯᠭ᠎ᠠ ᠶᠢᠨ | ᠬᠠᠮᠵᠢᠯᠴᠠᠨ ᠬᠦᠴᠦᠯᠡᠬᠦ ᠶᠢ ᠳᠣᠪᠤᠶᠢᠯᠭᠠᠪᠠ᠃ ᠠᠵᠢᠯ ᠣᠯᠭᠤᠯᠲᠠ ᠶᠢ ᠬᠤᠷᠸ᠎ᠠ ᠲᠦᠷᠦ ᠶᠢᠨ ᠪᠤᠳᠤᠯᠭ᠎ᠠ ᠶᠢᠨ | ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠲᠤᠬᠢᠷᠠᠭᠤᠯᠤᠯ ᠡᠵᠡᠮᠳᠡᠯ ᠤᠨ ᠲᠡᠷᠢᠭᠦᠨ ᠬᠠᠷᠠᠯᠲᠠ ᠪᠠ | ᠠᠵᠤ ᠠᠬᠤᠶ ᠶᠢᠨ ᠠᠵᠢᠯᠯᠠᠭᠠᠨ ᠤ ᠵᠦᠢ ᠵᠣᠬᠢᠰᠲᠠᠶ ᠣᠷᠣᠨ ᠵᠠᠶ ᠶᠢᠨ ᠳᠤᠤᠷᠠᠳᠤ ᠬᠢᠵᠠᠭᠠᠷ ᠪᠣᠯᠭᠠᠵᠤ᠂ ᠡᠯ᠎ᠡ | ᠲᠠᠯ᠎ᠠ ᠶᠢᠨ ᠲᠦᠷᠦ ᠶᠢᠨ ᠪᠤᠳᠤᠯᠭ᠎ᠠ ᠪᠠᠷ ᠠᠵᠢᠯ ᠣᠯᠭᠤᠯᠲᠠ ᠶᠢ ᠳᠡᠮᠵᠢᠬᠦ ᠤᠳᠤᠷᠢᠳᠤᠮᠵᠢ ᠶᠢ ᠴᠢᠩᠭᠠᠳᠬᠠᠪᠠ︔ | ᠬᠤᠶᠠᠷ ᠲᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠳᠣᠪᠤᠶᠢᠯᠭᠠᠨ ᠨᠠᠮᠳᠠᠭᠤᠯᠤᠨ᠎ᠠ᠃ | ᠤᠷ᠎ᠠ ᠴᠢᠳᠠᠪᠤᠷᠢᠲᠠᠨ ᠢ ᠬᠥᠮᠦᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ᠂ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠬᠥᠳᠡᠯᠮᠦᠷᠢ | ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠰᠠᠶᠢᠵᠢᠷᠠᠭᠤᠯᠤᠨ᠎ᠠ︔ ᠭᠤᠷᠪᠠ ᠳᠤ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠶᠢ ᠳᠣᠪᠤᠶᠢᠯᠭᠠᠪᠠ᠃ ᠠᠵᠢᠯ ᠣᠯᠭᠤᠬᠤ ᠪᠠ ᠠᠳᠠᠯ ᠦᠢᠯᠡᠰ | ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ | ᠂ ᠠᠵᠢᠯ ᠣᠯᠭᠤᠬᠤ ᠦᠢᠯᠡᠴᠢᠯᠡᠭᠡ ᠶᠢ ᠰᠠᠶᠢᠵᠢᠷᠠᠭᠤᠯᠬᠤ᠂ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠡᠷᠭᠡ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠪᠣᠳᠠᠲᠠᠶ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ︵ᠬᠤᠶᠠᠷ︶ ᠠᠵᠢᠯ ᠣᠯᠭᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠲᠥᠰᠦᠭᠡᠯᠡᠨ ᠪᠣᠳᠣᠪᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ | ᠦᠨᠳᠦᠰᠦᠯᠡᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ ᠬᠥᠮᠦᠨ ᠠᠮᠠ᠂ ᠬᠤᠳᠠ | ᠬᠥᠳᠡᠭᠡ ᠶᠢᠨ ᠬᠥᠳᠡᠯᠮᠦᠷᠢ ᠶᠢᠨ ᠬᠥᠮᠦᠨ ᠠᠮᠠ ᠶᠢᠨ ᠪᠠᠭᠤᠷᠠᠯᠲᠠ ᠶᠢᠨ ᠬᠠᠨᠳᠤᠰᠢ ᠳᠤ ᠰᠠᠭᠤᠷᠢᠯᠠᠪᠠᠯ᠂ ᠬᠤᠳᠠ | ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠬᠤ ᠵᠡᠷᠭᠡ ᠭᠦᠢᠴᠡᠳᠬᠡᠯ ᠲᠤᠭ᠎ᠠ ᠨᠢ ᠪᠠᠭᠤᠷᠠᠬᠤ ᠬᠠᠨᠳᠤᠰᠢ ᠲᠠᠢ ᠪᠠᠶᠢᠵᠤ᠂ ᠡᠨᠡ ᠨᠢ ᠤᠯᠤᠰ ᠤᠨ | ᠲᠥᠯᠥᠪᠵᠢᠭᠦᠯᠭᠡ ᠳᠤ ᠳᠤᠷᠠᠳᠤᠭᠰᠠᠨ ᠬᠠᠨᠳᠤᠰᠢ ᠲᠠᠢ ᠨᠢᠭᠡᠳᠦᠯᠲᠡᠶ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠶᠢᠨ ᠬᠥᠭᠵᠢᠯᠲᠡ ᠶᠢᠨ ᠠᠵᠢᠯ ᠣᠯᠭᠤᠬᠤ | ᠴᠢᠳᠠᠪᠤᠷᠢ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠵᠡᠷᠭᠡ ᠪᠠᠶᠢᠳᠠᠯ ᠢ ᠦᠨᠳᠦᠰᠦᠯᠡᠪᠡᠯ᠂ | ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠪᠠᠶᠢᠴᠠᠭᠠᠯᠲᠠ ᠬᠢᠭᠰᠡᠨ ᠠᠵᠢᠯ | ᠠᠯᠳᠠᠯᠲᠠ ᠶᠢᠨ ᠨᠣᠷᠮ᠎ᠠ ᠨᠡᠮᠡᠭᠳᠡᠬᠦ ᠬᠠᠨᠳᠤᠰᠢ ᠲᠠᠢ ᠪᠠᠶᠢᠵᠤ᠂ ᠪᠥᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ | ᠨᠣᠷᠮ᠎ᠠ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠥᠪᠡᠷᠲᠡᠭᠡᠨ | ᠵᠠᠰᠠᠬᠤ ᠣᠷᠣᠨ ᠤ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠨᠢᠭᠡᠳᠦᠯᠲᠡᠶ ᠪᠠᠶᠢᠯᠭᠠᠨ᠎ᠠ᠃ | ︵ᠭᠤᠷᠪᠠ︶ ᠲᠥᠷᠥᠯ ᠵᠦᠢᠯ ᠤᠨ ᠲᠤᠯᠭᠠᠭᠤᠷᠢᠯᠠᠯ ᠢᠶᠠᠷ ᠳᠠᠮᠵᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠪᠠ᠃ ᠲᠥᠯᠥᠪᠵᠢᠭᠦᠯᠭᠡ ᠳᠤ 9 ᠲᠥᠯᠥᠪᠯᠡᠭᠡ ᠶᠢᠨ ᠲᠤᠰᠬᠠᠢ ᠪᠤᠯᠤᠩ᠂ 29 ᠪᠣᠳᠠᠲᠠᠢ ᠲᠦᠷᠦᠯ | ᠵᠦᠢᠯ ᠢ ᠲᠤᠬᠢᠷᠠᠭᠤᠯᠵᠤ᠂ ᠲᠦᠷᠦᠯ ᠵᠦᠢᠯ ᠨᠢᠭᠡᠪᠦᠷᠢ ᠳᠤ ᠴᠥᠮ ᠬᠠᠷᠠᠯᠲᠠ ᠡᠭᠦᠷᠭᠡ᠂ ᠪᠣᠳᠠᠲᠠᠢ ᠠᠷᠭ᠎ᠠ ᠬᠡᠮᠵᠢᠶ᠎ᠡ | ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠲᠣᠳᠣᠷᠬᠠᠶᠢᠯᠠᠪᠠ᠃ ᠡᠭᠦᠨ ᠤ ᠵᠣᠷᠢᠯᠭ᠎ᠠ ᠨᠢ ᠳᠠᠷᠤᠢ ᠲᠦᠷᠦᠯ ᠵᠦᠢᠯ ᠢ | ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ | ᠲᠥᠯᠥᠭᠡ ᠶᠤᠮ᠃ ᠵᠢᠱᠢᠶᠡᠯᠡᠪᠡᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠬᠤ ᠳᠤ᠂ | ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠣᠭᠢᠷᠠᠭᠤᠯᠵᠤ᠂ ᠡᠯ᠎ᠡ ᠭᠠᠵᠠᠷ ᠤᠨ ︽ᠪᠠᠶᠢᠷᠢ ᠲᠣᠭᠲᠠᠭᠠᠯᠲᠠ | ᠲᠣᠳᠣᠷᠬᠠᠶ᠂ ᠣᠨᠴᠠᠯᠢᠭ ᠢᠯᠡ ᠲᠣᠳᠣ᠂ ᠦᠢᠯᠡᠴᠢᠯᠡᠭᠡ ᠲᠤᠰᠬᠠᠶ ᠮᠡᠷᠭᠡᠵᠢᠭᠰᠡᠨ᠂ ᠵᠠᠭᠪᠤᠷ ᠰᠢᠨᠡᠴᠢᠯᠡᠭᠰᠡᠨ᠂ ᠢᠵᠢ | ᠪᠦᠷᠢᠳᠦᠭᠰᠡᠨ᠂ ᠴᠢᠳᠠᠮᠵᠢ ᠪᠦᠷᠢᠨ ᠲᠡᠭᠦᠯᠳᠡᠷ︾ ᠪᠠᠶᠢᠬᠤ ᠬᠠᠷᠠᠯᠲᠠ ᠶᠣᠰᠣᠭᠠᠷ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠠᠰ ᠲᠥᠷᠥᠯ ᠬᠤᠪᠢᠶᠠᠨ ᠪᠥᠲᠥᠭᠡᠨ | ᠪᠠᠶᠢᠭᠤᠯᠬᠤ ᠶᠢ ᠳᠡᠮᠵᠢᠬᠦ ᠪᠠᠷ ᠪᠤᠢ᠃ 2022 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 1 — 2 | ᠪᠠᠶᠢᠭᠤᠯᠤᠨ᠎ᠠ︔ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 3 — 4 ᠪᠠᠶᠢᠭᠤᠯᠤᠨ᠎ᠠ᠃ ᠪᠣᠳᠠᠲᠠᠶ | ᠲᠥᠷᠥᠯ ᠵᠦᠢᠯ ᠤᠨ ᠳᠡᠮᠵᠢᠯᠭᠡ ᠪᠠᠶᠢᠮᠠᠨᠵᠢᠨ᠂ ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠲᠣᠭᠲᠠᠯᠴᠠᠭ᠎ᠠ ᠶᠢ ᠰᠠᠶ᠋ᠢ ᠨᠠᠩ ᠰᠠᠶᠢᠨ ᠪᠦᠷᠢᠨᠰᠢᠬᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠠᠷᠭ᠎ᠠ ᠬᠡᠮᠵᠢᠶ᠎ᠡ ᠶᠢ ᠰᠠᠶ᠋ᠢ ᠨᠠᠩ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ᠃ ᠭᠤᠷᠪᠠ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ | ᠠᠬᠢᠭᠤᠯᠬᠤ ᠲᠥᠯᠥᠪᠵᠢᠭᠦᠯᠭᠡ ᠶᠢᠨ ᠭᠤᠣᠯ ᠠᠭᠤᠯᠭ᠎ᠠ ᠲᠥᠯᠥᠪᠵᠢᠭᠦᠯᠭᠡ ᠶᠢ ᠠᠷᠪᠠᠨ ᠨᠢᠭᠡᠨ ᠬᠡᠰᠡᠭ᠂ 40 | ᠵᠦᠢᠯ ᠤᠨ ᠠᠭᠤᠯᠭ᠎ᠠ ᠬᠤᠪᠢᠶᠠᠪᠠ᠃ ᠨᠢᠭᠡ ᠠᠴᠠ ᠬᠤᠶᠠᠳᠤᠭᠠᠷ ᠬᠡᠰᠡᠭ ᠲᠤ ᠡᠭᠦᠨ ᠳᠤ ᠬᠥᠭᠵᠢᠯᠲᠡ ᠶᠢᠨ ᠰᠠᠭᠤᠷᠢ᠂ | ᠲᠤᠯᠭᠠᠷᠠᠵᠤ ᠪᠠᠶᠢᠭ᠎ᠠ ᠠᠰᠠᠭᠤᠳᠠᠯ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ | ᠬᠠᠷᠠᠯᠲᠠ ᠶᠢ ᠪᠠᠭᠲᠠᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭ᠎ᠠ ᠠᠴᠠ ᠨᠠᠭᠠᠰᠢᠬᠢ ᠠᠵᠢᠯ ᠣᠯᠭᠤᠯᠲᠠ ᠶᠢ ᠠᠬᠢᠭᠤᠯᠤᠭᠰᠠᠨ ᠠᠵᠢᠯ ᠤᠨ ᠦᠷ᠎ᠡ ᠪᠦᠲᠦᠮᠵᠢ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠵᠤ ᠮᠡᠳᠡᠬᠦ ᠠᠵᠠ ᠲᠣᠬᠢᠶᠠᠯ | ᠪᠠ ᠥᠷᠢᠰᠥᠯᠳᠦᠭᠡᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ | ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠠᠵᠢᠯ ᠣᠯᠭᠤᠯᠲᠠ ᠶᠢᠨ | ᠪᠠᠶᠢᠳᠠᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢᠨ | ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ 17 ᠵᠦᠢᠯ ᠤᠨ ᠭᠤᠣᠯ ᠭᠦᠢᠴᠡᠳᠬᠡᠯ | ᠲᠤᠭ᠎ᠠ ᠶᠢ ᠲᠣᠳᠣᠷᠬᠠᠶᠢᠯᠠᠪᠠ᠃ ᠭᠤᠷᠪᠠ ᠠᠴᠠ ᠠᠷᠪᠠᠳᠤᠭᠠᠷ ᠬᠡᠰᠡᠭ ᠲᠤ ᠨᠠᠢᠮᠠᠨ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠪᠠᠭᠲᠠᠭᠠᠪᠠ᠂ ᠡᠨᠡ ᠨᠢ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ᠨᠢᠭᠡᠳᠦᠭᠡᠷ ᠵᠦᠢᠯ ᠨᠢ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢᠨ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ | ᠴᠢᠩᠭᠠᠳᠬᠠᠬᠤ᠂ ᠤᠳᠤ ᠦᠶ᠎ᠡ ᠶᠢᠨ ᠠᠵᠤ ᠦᠢᠯᠡᠰ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠬᠦ᠂ | ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠬᠢᠷᠢ ᠲᠦᠪᠰᠢᠨ ᠢ ᠳᠡᠭᠡᠭᠰᠢᠯᠡᠭᠦᠯᠬᠦ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠳᠡᠮᠵᠢᠬᠦ ᠲᠦᠷᠪᠡᠨ | ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠤ ᠠᠬᠤᠶ ᠪᠠᠷ ᠠᠵᠢᠯ ᠣᠯᠭᠤᠯᠲᠠ ᠶᠢ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠳᠠ ᠪᠠᠯᠭᠠᠰᠤᠨ ᠤ 100 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ | 6% ᠣᠷᠴᠢᠮ ᠳᠤ ᠬᠢᠵᠠᠭᠠᠷᠯᠠᠬᠤ ᠪᠠᠷ ᠴᠢᠷᠮᠠᠶᠢᠨ᠎ᠠ᠃ ᠬᠤᠶᠠᠳᠤᠭᠠᠷ ᠵᠦᠢᠯ ᠨᠢ ᠭᠤᠣᠯᠳᠠᠯᠭ᠎ᠠ ᠲᠠᠢ ᠬᠦᠮᠦᠰ ᠤᠨ | ᠠᠵᠢᠯ ᠣᠯᠭᠤᠯᠲᠠ ᠶᠢ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠤᠪᠤᠶᠢᠯᠭᠠᠬᠤ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ᠂ ᠴᠡᠷᠢᠭ ᠠᠴᠠ ᠬᠠᠯᠠᠭᠳᠠᠭᠰᠠᠳ ᠤᠨ | ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠤᠰᠤᠳ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠵᠡᠷᠭᠡ ᠲᠠᠪᠤᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ | ᠡᠭᠦᠨ ᠤ ᠵᠣᠷᠢᠯᠭ᠎ᠠ ᠨᠢ ᠠᠵᠢᠯ ᠣᠯᠭᠤᠯᠲᠠ ᠶᠢᠨ ᠰᠠᠭᠤᠷᠢ ᠶᠢ ᠪᠠᠲᠤᠳᠬᠠᠵᠤ᠂ ᠠᠵᠢᠯ ᠣᠯᠭᠤᠯᠲᠠ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠶᠢᠨ ᠲᠥᠯᠥᠭᠡ ᠶᠤᠮ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠳᠠ | ᠪᠠᠯᠭᠠᠰᠤᠨ ᠤ 25 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ | 25 ᠲᠦᠮᠡᠨ ᠬᠥᠮᠥᠨ ᠳᠤ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 65 ᠲᠦᠮᠡᠨ | ᠬᠥᠮᠥᠨ ᠳᠤ ᠠᠵᠢᠯ ᠣᠯᠭᠤᠵᠤ᠂ 1200 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ | ᠠᠵᠢᠯ ᠣᠯᠭᠤᠨ᠎ᠠ᠃ ᠭᠤᠷᠪᠠᠳᠤᠭᠠᠷ ᠵᠦᠢᠯ ᠨᠢ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠶᠢ ᠬᠥᠭᠵᠢᠭᠡᠵᠦ | ᠠᠵᠢᠯ ᠣᠯᠭᠤᠯᠲᠠ ᠶᠢᠨ ᠠᠮᠢᠵᠢᠷᠠᠯ ᠤᠨ ᠬᠦᠴᠦᠨ ᠢ ᠳᠠᠶᠢᠴᠢᠯᠠᠨ᠎ᠠ᠃ ᠰᠢᠨ᠎ᠡ ᠶᠢ ᠡᠭᠦᠳᠬᠦ ᠪᠠ ᠠᠳᠠᠯ ᠦᠢᠯᠡᠰ | ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ᠂ ᠡᠯ᠎ᠡ ᠲᠦᠷᠦᠯ ᠤᠨ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ | ᠴᠣᠭᠴᠠᠯᠠᠬᠤ ᠳᠤ ᠣᠷᠣᠯᠴᠠᠬᠤ ᠶᠢ ᠳᠡᠮᠵᠢᠬᠦ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ | ᠰᠢᠨ᠎ᠡ ᠶᠢ ᠡᠭᠦᠳᠬᠦ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠶᠢᠨ ᠲᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ | | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠪᠥᠬᠦ | ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠠᠳᠠᠯ ᠦᠢᠯᠡᠰ ᠴᠣᠭᠴᠠᠯᠠᠬᠤ | ᠬᠦᠷᠢᠶᠡᠯᠡᠩ ︵ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠢ 20 ᠪᠠᠶᠢᠭᠤᠯᠤᠨ᠎ᠠ᠃ | ᠳᠥᠷᠪᠡᠳᠦᠭᠡᠷ ᠵᠦᠢᠯ ᠨᠢ ᠤᠯᠠᠨ ᠠᠷᠭ᠎ᠠ ᠵᠠᠮ ᠢᠶᠠᠷ ᠳᠠᠮᠵᠢᠨ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ | ᠬᠠᠨᠳᠤᠰᠢ ᠪᠠᠶᠢᠳᠠᠯ ᠢ ᠲᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠵᠦᠢ ᠵᠣᠬᠢᠰ ᠦᠭᠡᠶ | ᠬᠢᠵᠠᠭᠠᠷᠯᠠᠯ ᠢ ᠡᠪᠳᠡᠵᠦ᠂ ᠠᠮᠢᠳᠤᠯᠢᠭ ᠢᠶᠠᠷ ᠠᠵᠢᠯ ᠣᠯᠭᠤᠬᠤ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠬᠦ ᠲᠠᠢ | ᠤᠶᠠᠯᠳᠤᠭᠤᠯᠤᠨ᠂ ᠬᠤᠪᠢ ᠶᠢᠨ ᠡᠵᠡᠩᠨᠡᠯᠲᠡ ᠶᠢᠨ ᠬᠥᠭᠵᠢᠯᠲᠡ ᠶᠢ ᠵᠣᠷᠢᠭᠵᠢᠭᠤᠯᠬᠤ᠂ ᠪᠦᠬᠦᠯᠢ ᠡᠳᠦᠷ ᠤᠨ ᠪᠤᠰᠤ | ᠳᠦᠷᠢᠮᠲᠦ ᠠᠵᠢᠯ ᠣᠯᠭᠤᠯᠲᠠ ᠶᠢᠨ ᠲᠣᠬᠢᠶᠠᠯ ᠢ ᠨᠡᠮᠡᠭᠳᠡᠭᠦᠯᠬᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ | ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠬᠦ ᠭᠤᠷᠪᠠᠨ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠤᠨ ᠳᠣᠣᠷᠠᠬᠢ ᠠᠮᠢᠳᠤᠯᠢᠭ ᠢᠶᠠᠷ ᠠᠵᠢᠯ ᠣᠯᠭᠤᠬᠤ ᠪᠠᠲᠤᠯᠠᠭ᠎ᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠣᠣᠷᠠᠬᠢ | ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃ ᠲᠠᠪᠤᠳᠤᠭᠠᠷ | ᠵᠦᠢᠯ ᠨᠢ ᠬᠥᠳᠡᠯᠮᠦᠷᠢᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠣᠬᠢᠷᠠᠯᠴᠠᠬᠤ ᠦᠭᠡᠶ᠂ ᠤᠷ᠎ᠠ ᠮᠡᠷᠭᠡᠵᠢᠯ ᠤᠨ ᠴᠢᠳᠠᠪᠤᠷᠢᠲᠠᠨ | ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠥᠮᠦᠨ ᠤ ᠬᠦᠴᠦᠨ ᠤ ᠡᠬᠢ | ᠪᠠᠶᠠᠯᠢᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ | ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠡᠩ ᠤᠨ ᠶᠡᠭᠡ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ᠂ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠠᠵᠢᠯ ᠤᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠠᠯᠲᠠ | ᠪᠣᠯ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 125 ᠲᠦᠮᠡᠨ | ᠬᠥᠮᠦᠨ ᠤᠳᠠᠭ᠎ᠠ ᠥᠷᠨᠢᠭᠦᠯᠦᠨ᠎ᠡ︔ ᠳᠡᠭᠡᠳᠦ ᠮᠡᠷᠭᠡᠵᠢᠯ ᠤᠨ ᠴᠢᠳᠠᠪᠤᠷᠢᠲᠠᠨ ᠢ 14 ᠲᠦᠮᠡ ᠬᠥᠮᠦᠵᠢᠭᠦᠯᠵᠦ᠂ ᠪᠥᠬᠦ | ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠲᠤᠭ᠎ᠠ ᠶᠢ 88 ᠲᠦᠮᠡᠨ ᠬᠥᠮᠦᠨ ᠳᠤ ᠬᠦᠷᠭᠡᠨ᠎ᠡ᠃ | ᠵᠢᠷᠭᠤᠳᠤᠭᠠᠷ ᠵᠦᠢᠯ ᠨᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠶᠢᠨ ᠲᠣᠭᠤᠷᠢᠨ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠥᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ | ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠦᠷᠪᠡᠨ | ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠪᠦᠬᠦ ᠶᠠᠪᠤᠴᠠ ᠶᠢ ᠬᠤᠯᠪᠣᠭᠰᠠᠨ᠂ ᠪᠦᠬᠦ ᠣᠷᠣᠨ ᠪᠦᠰᠡ ᠶᠢ | ᠨᠥᠯᠥᠭᠡᠯᠡᠭᠰᠡᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠶᠢᠨ ᠴᠢᠨᠠᠷᠲᠠᠢ ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠤᠢ | ᠪᠣᠯᠭᠠᠵᠤ᠂ ᠬᠥᠳᠡᠯᠮᠦᠷᠢᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠳᠣᠯᠣᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠨᠡᠩ ᠭᠦᠢᠴᠡᠳ ᠠᠬᠢᠭᠤᠯᠤᠭᠰᠠᠨ | ᠰᠠᠭᠤᠷᠢᠨ ᠳᠡᠭᠡᠷ᠎ᠡ᠂ ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ᠂ ᠬᠥᠳᠡᠯᠮᠦᠷᠢ ᠶᠢᠨ | ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠬᠦ᠂ ᠬᠥᠳᠡᠯᠮᠦᠷᠢᠴᠢᠳ ᠤᠨ ᠡᠷᠬᠡ ᠠᠰᠢᠭ ᠤᠨ | ᠪᠠᠲᠤᠯᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ | ᠬᠥᠳᠡᠯᠮᠦᠷᠢᠴᠢᠳ ᠤᠨ ᠠᠵᠢᠯ ᠤᠯᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠯᠮᠦᠷᠢ ᠶᠢᠨ ᠡᠷᠬᠡ | ᠠᠰᠢᠭ ᠤᠨ ᠬᠠᠮᠠᠭᠠᠯᠠᠯᠲᠠ ᠪᠠ ᠪᠠᠲᠤᠯᠠᠭ᠎ᠠ ᠶᠢ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢᠨ | ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠤᠯᠬᠤ ᠬᠦᠷᠲᠡᠮᠵᠢ ᠶᠢᠨ ᠲᠦᠷᠦᠭᠳᠡᠯ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠴᠢᠨᠠᠷᠯᠢᠭ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ | ᠶᠤᠮ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ | ᠠᠵᠢᠯᠳᠠᠨ ᠤ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ 5% ᠣᠷᠴᠢᠮ ᠨᠡᠮᠡᠭᠳᠡᠭᠦᠯᠬᠦ ᠪᠠᠷ ᠴᠢᠷᠮᠠᠶᠢᠵᠤ᠂ | ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠨᠠᠢᠮᠠᠳᠤᠭᠠᠷ ᠵᠦᠢᠯ ᠨᠢ ᠠᠵᠢᠯ ᠣᠯᠭᠤᠯᠲᠠ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠨᠠᠮᠳᠠᠭᠠᠨ᠎ᠠ᠃ ᠤᠷᠢᠳᠴᠢᠯᠠᠨ ᠪᠡᠯᠡᠳᠬᠡᠬᠦ ᠶᠢ ᠪᠠᠷᠢᠮᠲᠠᠯᠠᠵᠤ᠂ ᠠᠵᠢᠯ ᠣᠯᠭᠤᠯᠲᠠ ᠭᠡᠬᠦ ᠡᠨᠡ ᠬᠦ ᠬᠠᠮᠤᠭ ᠤᠨ ᠶᠡᠭᠡ | ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠪᠠᠶᠢᠳᠠᠯ ᠢ ᠵᠠᠳᠠᠯᠤᠨ ᠰᠤᠳᠤᠯᠬᠤ | ᠪᠠ ᠮᠠᠭᠠᠳᠯᠠᠬᠤ ᠲᠣᠭᠲᠠᠴᠠ ᠶᠢ ᠪᠦᠷᠢᠨᠰᠢᠬᠦᠯᠬᠦ᠂ ᠠᠵᠢᠯ ᠣᠯᠭᠤᠯᠲᠠ ᠪᠠ ᠠᠵᠢᠯ ᠠᠯᠳᠠᠯᠲᠠ ᠶᠢ ᠬᠢᠨᠠᠨ ᠰᠢᠨᠵᠢᠯᠡᠵᠦ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ᠂ ᠠᠵᠢᠯ ᠠᠯᠳᠠᠯᠲᠠ ᠶᠢᠨ ᠲᠦᠭᠰᠢᠭᠦᠷᠢ ᠶᠢ ᠠᠷᠭᠠᠴᠠᠭᠠᠬᠤ ᠶᠢ | ᠪᠦᠬᠦ ᠲᠠᠯ᠎ᠠ ᠪᠠᠷ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠬᠡᠪᠴᠢᠶᠡᠵᠢᠭᠰᠡᠨ | ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠡᠭᠦᠰᠬᠦ ᠦᠭᠡᠢ ᠬᠢᠵᠠᠭᠠᠷ ᠱᠤᠭᠤᠮ ᠢ ᠡᠷᠡᠰ ᠰᠠᠬᠢᠨ᠎ᠠ᠃ ᠠᠷᠪᠠᠨ | ᠨᠢᠭᠡᠳᠦᠭᠡᠷ ᠬᠡᠰᠡᠭ ᠲᠤ ᠭᠤᠣᠯᠳᠠᠭᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠲᠥᠯᠥᠪᠵᠢᠭᠦᠯᠭᠡ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ ᠪᠡᠯᠡ | ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠴᠢᠩᠭᠠᠳᠬᠠᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ | ᠬᠢᠬᠦ ᠵᠡᠷᠭᠡ ᠵᠢᠷᠭᠤᠭᠠᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | |