ᠡᠷᠳᠡᠨᠢ ᠳᠤᠭᠤᠶᠢᠯᠠᠩ ᠢᠶᠠᠨ ᠳᠠᠭᠠᠭᠤᠯᠤᠨ ᠪᠡᠭᠡᠵᠢᠩ ᠲᠢᠶᠠᠨᠵᠢᠨ ᠾᠧᠪᠧᠢ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠵᠤᠯᠭᠠᠯᠴᠠᠨ  ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/12
 ᠡᠷᠳᠡᠨᠢ ᠳᠤᠭᠤᠶᠢᠯᠠᠩ ᠢᠶᠠᠨ ᠳᠠᠭᠠᠭᠤᠯᠤᠨ ᠪᠡᠭᠡᠵᠢᠩ ᠲᠢᠶᠠᠨᠵᠢᠨ ᠾᠧᠪᠧᠢ ᠣᠷᠣᠨ ᠳᠤ ᠬᠦᠷᠴᠦ ᠬᠤᠳᠠᠯᠳᠤᠭᠠᠴᠢᠨ ᠤᠷᠢᠵᠤ ᠵᠤᠯᠭᠠᠯᠴᠠᠨ  ᠪᠠᠶᠢᠴᠠᠭᠠᠬᠤ ᠠᠵᠢᠯᠯᠠᠭ᠎ᠠ ᠥᠷᠨᠢᠭᠦᠯᠪᠡ    7 ᠰᠠᠷ᠎ᠠ ᠶᠢᠨ 7 ᠤ ᠡᠳᠦᠷ ᠠᠴᠠ 10 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠡᠷᠳᠡᠨᠢ ᠳᠤᠭᠤᠶᠢᠯᠠᠩ ᠢᠶᠠᠨ ᠳᠠᠭᠠᠭᠤᠯᠤᠨ ᠪᠡᠭᠡᠵᠢᠩ ᠲᠢᠶᠠᠨᠵᠢᠨ ᠾᠧᠪᠧᠢ ᠣᠷᠣᠨ ᠳᠤ ᠬᠦᠷᠴᠦ᠂ ᠤᠷᠢᠳ ᠬᠤᠵᠢᠳ  ᠬᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠦᠶᠯᠡᠳᠬᠦ᠂ ᠴᠢᠨᠠᠷ ᠰᠠᠶᠢᠲᠠᠢ ᠡᠭᠦᠯᠳᠡᠷ ᠤᠨ ᠦᠬᠡᠷ ᠪᠠ ᠣᠳᠣᠨ ᠣᠭᠲᠠᠷᠭᠤᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ  ᠵᠢᠭᠤᠯᠴᠢᠯᠠᠯ ᠵᠡᠷᠭᠡ ᠠᠵᠤ ᠦᠢᠯᠡᠰ ᠤᠨ ᠬᠦᠷᠢᠶᠡᠨ ᠳᠤ ᠬᠤᠳᠠᠯᠳᠤᠭᠠᠴᠢᠨ ᠤᠷᠢᠵᠤ ᠵᠤᠯᠭᠠᠯᠴᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠳᠤ ᠡᠷᠳᠡᠨᠢ  ᠵᠡᠷᠭᠡ ᠬᠥᠮᠥᠰ ᠤᠷᠢᠳ ᠬᠤᠵᠢᠳ  ᠨᠢᠩ ᠶᠢᠨ ᠪᠣᠯᠣᠨ ᠰᠢᠩ  ᠲᠠᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ᠂ ᠠᠵᠤ ᠠᠬᠤᠶᠢᠯᠠᠯ ᠤᠨ ᠰᠣᠶᠣᠯ ᠤᠨ ᠦᠵᠡᠭᠦᠯᠦᠯᠭᠡ ᠶᠢᠨ ᠲᠢᠩᠬᠢᠮ ᠵᠢᠴᠢ ᠬᠥᠭᠵᠢᠯᠲᠡ ᠶᠢᠨ ᠠᠮᠵᠢᠯᠲᠠ ᠶᠢ ᠨᠠᠷᠢᠨ ᠣᠶᠢᠯᠠᠭᠠᠵᠤ᠂ ᠨᠡᠷᠡᠨ ᠤ ᠡᠨᠧᠷᠭᠢ ᠶᠢᠨ ᠳ᠋ᠢᠶᠠᠨ ᡂᠢ ᠶᠢᠨ ᠲᠣᠨᠣᠭᠯᠠᠯ ᠤᠨ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠵᠢᠴᠢ ᠴᠠᠬᠢᠭᠤᠷ ᠮᠠᠲ᠋ᠧᠷᠢᠶᠠᠯ ᠤᠨ ᠲᠠᠯᠠᠰᠲᠤ᠂  ᠬᠡᠷᠡᠯᠴᠢ ᠴᠡᠨᠡᠭ ᠤᠨ ᠲᠣᠨᠣᠭᠯᠠᠯ ᠵᠡᠷᠭᠡ ᠬᠡᠷᠡᠯᠴᠢ ᠴᠡᠨᠡᠭ ᠤᠨ ᠲᠣᠨᠣᠭᠯᠠᠯ ᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ᠂ ᠦᠢᠯᠡᠳᠬᠦᠨ ᠤ ᠲᠦᠷᠦᠯ  ᠵᠦᠢᠯ᠂ ᠭᠠᠷ ᠤᠷᠠᠯᠠᠯ ᠤᠨ ᠶᠠᠪᠤᠴᠠ ᠵᠢᠴᠢ ᠴᠢᠳᠠᠮᠵᠢ᠂ ᠵᠠᠬ᠎ᠠ ᠳᠡᠯᠭᠡᠭᠦᠷ ᠤᠨ ᠡᠵᠡᠯᠡᠯᠲᠡ ᠶᠢᠨ ᠬᠡᠮᠵᠢᠶ᠎ᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠡᠷᠳᠡᠨᠢ ᠵᠡᠷᠭᠡ ᠬᠥᠮᠥᠰ ᠵᠢᠩ ᠤᠣ ᠪᠦᠯᠦᠭᠯᠡᠯ ᠤᠨ ᠽᠠᠩ ᠸᠧᠨ ᠴᠤᠤ ᠳᠡᠳ᠋ ᠶᠡᠷᠦᠩᠬᠡᠢ ᠵᠠᠬᠢᠷᠤᠯ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ᠂ ᠴᠡᠪᠡᠷ ᠡᠨᠧᠷᠭᠢ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠴᠢ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠪᠠ᠃ ᠬᠤᠶᠠᠷ ᠲᠠᠯ᠎ᠠ ᠪᠠᠷ ᠢᠶᠠᠨ᠂ ᠪᠦᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ  ᠴᠡᠨᠡᠭ  ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠠᠵᠠ ᠲᠣᠬᠢᠶᠠᠯ ᠪᠣᠯᠭᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠷᠣᠨ ᠪᠠᠶᠢᠷᠢ  ᠵᠠᠮ ᠬᠠᠷᠢᠯᠴᠠᠭ᠎ᠠ᠂ ᠥᠩᠭᠡ ᠦᠵᠡᠮᠵᠢ ᠡᠬᠢ ᠪᠠᠶᠠᠯᠢᠭ ᠵᠡᠷᠭᠡ ᠳᠠᠪᠠᠭᠤᠯᠢᠭ ᠨᠥᠬᠦᠴᠡᠯ ᠳᠤ ᠲᠦᠰᠢᠭᠯᠡᠨ᠂ ᠨᠢᠭᠡᠨᠲᠡ ᠲᠣᠭᠲᠠᠭᠰᠠᠨ ᠠᠵᠤ ᠦᠢᠯᠡᠰ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠶᠣᠰᠣᠭᠠᠷ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠭᠡᠯ ᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ ᠭᠡᠵᠦ ᠢᠯᠡᠳᠬᠡᠵᠡᠢ᠃   ᠾᠧᠪᠧᠢ ᠶᠢᠨ ᠲᠢᠶᠠᠨ ᠡᡁᠸ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠡᠷᠳᠡᠨᠢ ᠨᠠᠷ ᠬᠡᠷᠡᠭ ᠮᠡᠳᠡᠭᠴᠢᠳ ᠤᠨ ᠳᠠᠷᠤᠭ᠎ᠠ ᠯᠢ ᠱᠦ ᠵᠢᠩ ᠲᠠᠢ ᠶᠠᠷᠢᠯᠴᠠᠪᠠ᠃ ᠠᠵᠤ ᠠᠬᠤᠶᠢᠯᠠᠯ ᠤᠨ ᠰᠣᠶᠣᠯ ᠵᠢᠴᠢ ᠺᠣᠮᠫᠠᠨᠢ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠮᠢᠬᠠᠨ  ᠤ ᠦᠬᠡᠷ ᠤᠨ ᠬᠦᠪᠦᠷᠡᠯ ᠢ ᠰᠢᠯᠵᠢᠭᠦᠯᠦᠨ ᠤᠷᠭᠤᠭᠤᠯᠬᠤ᠂ ᠦᠷ᠎ᠡ ᠶᠢᠨ ᠡᠬᠢ ᠪᠠᠶᠠᠯᠢᠭ ᠢ ᠪᠣᠶᠢᠵᠢᠭᠤᠯᠬᠤ᠂ ᠮᠢᠬᠠᠨ  ᠤ ᠦᠬᠡᠷ ᠤᠨ ᠭᠤᠤᠯᠳᠠᠯᠭᠠᠲᠤ ᠰᠦᠷᠦᠭ ᠢ ᠪᠦᠲᠦᠭᠡᠨ ᠪᠠᠶᠢᠭᠤᠯᠬᠤ᠂ ᠮᠢᠬᠠᠨ ᠤ  ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠥᠨᠳᠥᠷ ᠦᠷ᠎ᠡ ᠠᠰᠢᠭ ᠲᠠᠢ ᠲᠡᠵᠢᠭᠡᠨ ᠠᠷᠠᠴᠢᠯᠠᠬᠤ᠂ ᠡᠭᠦᠯᠳᠡᠷ ᠤᠨ ᠦᠢᠯᠡᠰ ᠢ ᠬᠥᠭᠵᠢᠭᠦᠯᠬᠦ ᠵᠢᠴᠢ ᠡᠭᠦᠯᠳᠡᠷ  ᠤᠨ ᠦᠬᠡᠷ ᠤᠨ ᠲᠠᠯᠠᠪᠠᠶ  ᠶᠢᠨ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠪᠤᠳᠤᠯ ᠢᠶᠠᠨ ᠭᠦᠨᠵᠡᠭᠡᠢ ᠰᠣᠯᠢᠯᠴᠠᠪᠠ᠃ ᠬᠤᠷᠠᠯ ᠤᠨ ᠳᠠᠷᠠᠭ᠎ᠠ᠂ ᠬᠦᠪᠦᠷᠡᠯ ᠤᠨ ᠲᠤᠷᠰᠢᠯᠲᠠ ᠶᠢᠨ ᠲᠠᠰᠤᠭ᠂ ᠣᠳᠣᠬᠢᠴᠢᠯᠠᠭᠰᠠᠨ ᠮᠢᠬᠠᠨ ᠤ ᠦᠬᠡᠷ ᠤᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠪᠠ ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠲᠣᠭᠤᠷᠢᠨ ᠦᠵᠡᠪᠡ᠃ ᠮᠢᠬᠠᠨ ᠤ ᠦᠬᠡᠷ ᠤᠨ ᠡᠭᠦᠯᠳᠡᠷ ᠢ  ᠰᠠᠶᠢᠵᠢᠷᠠᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ ᠬᠤᠰᠢᠭᠤ ᠣᠲᠣ ᠶᠠᠭ ᠮᠢᠩᠭᠠᠨ ᠴᠡᠪᠡᠷ ᠡᠭᠦᠯᠳᠡᠷ ᠤᠨ ᠮᠢᠬᠠᠨ ᠤ ᠦᠬᠡᠷ ᠤᠨ ᠬᠦᠪᠦᠷᠡᠯ ᠢ ᠰᠢᠯᠵᠢᠭᠦᠯᠦᠨ ᠤᠷᠭᠤᠭᠤᠯᠬᠤ ᠠᠵᠢᠯ ᠢ ᠲᠦᠷᠭᠡᠳᠬᠡᠨ ᠠᠬᠢᠭᠤᠯᠵᠤ ᠪᠠᠶᠢᠬᠤ ᠪᠥᠭᠡᠳ 500 ᠡᠭᠦᠯᠳᠡᠷ ᠤᠨ ᠬᠡᠪᠴᠢᠶᠡᠲᠦ ᠡᠭᠦᠯᠳᠡᠷ ᠤᠨ ᠦᠬᠡᠷ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ ᠪᠠᠶᠢᠨ᠎ᠠ᠃ ᠲᠣᠰ ᠤᠳᠠᠭᠠᠨ ᠤ ᠪᠠᠶᠢᠴᠠᠭᠠᠯᠲᠠ ᠰᠣᠯᠢᠯᠴᠠᠭ᠎ᠠ ᠪᠠᠷ ᠳᠡᠮᠵᠢᠨ᠂ ᠮᠠᠨ ᠤ ᠬᠤᠰᠢᠭᠤᠨ ᠤ ᠬᠢᠨ ᠲᠣᠰ ᠠᠵᠤ ᠠᠬᠤᠶᠢᠯᠠᠯ ᠲᠠᠢ ᠨᠢᠭᠡᠨᠲᠡ ᠲᠣᠭᠲᠠᠭᠰᠠᠨ ᠮᠢᠬᠠᠯᠢᠭ ᠦᠬᠡᠷ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠤᠨ ᠰᠠᠭᠤᠷᠢᠨ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠠᠶᠢᠨ ᠡᠭᠦᠯᠳᠡᠷ ᠤᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ᠂ ᠮᠡᠷᠭᠡᠵᠢᠯ ᠤᠨ ᠳᠡᠮᠵᠢᠯᠭᠡ ᠶᠢᠨ ᠲᠠᠯ᠎ᠠ ᠪᠠᠷ ᠤᠯᠠᠮ ᠨᠢᠭᠡ ᠠᠯᠬᠤᠮ ᠤᠨ  ᠬᠠᠮᠲᠤᠷᠠᠯᠴᠠᠬᠤ  ᠰᠠᠨᠠᠯ ᠨᠢᠬᠡᠳᠪᠡ᠃    ᠪᠡᠭᠡᠵᠢᠩ ᠤᠨ ᠤᠳᠤᠨ ᠣᠷᠣᠨ ᠤ ᠰᠤᠳᠤᠯᠤᠯ ᠤᠨ ᠣᠷᠳᠣᠨ ᠳᠤ   ᠵᠤᠯᠭᠠᠯᠴᠠᠬᠤ ᠬᠤᠭᠤᠴᠠᠭᠠᠨ ᠳᠤ᠂ ᠡᠷᠳᠡᠨᠢ ᠵᠡᠷᠭᠡ ᠬᠥᠮᠥᠰ ᠤᠳᠤᠨ ᠣᠷᠣᠨ ᠤ ᠰᠤᠳᠤᠯᠤᠯ ᠤᠨ ᠣᠷᠳᠣᠨ ᠤ ᠨᠠᠮ ᠤᠨ ᠬᠤᠷᠢᠶᠠᠨ ᠤ ᠱᠦᠵᠢ ᠽᠠᠩ ᠵᠧᠨ ᠶᠤᠸᠠᠨ ᠲᠠᠢ ᠶᠠᠷᠢᠯᠴᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠤᠬᠠᠭᠠᠨ᠂ ᠰᠣᠶᠣᠯ ᠵᠤᠭᠠᠴᠠᠯ ᠤᠨ ᠦᠢᠯᠡᠰ ᠢ ᠨᠡᠭᠡᠭᠡᠨ ᠬᠥᠭᠵᠢᠭᠦᠯᠬᠦ᠂ ᠨᠡᠷᠡᠳᠤ ᠲᠡᠮᠳᠡᠭ ᠤᠨ ᠪᠠᠶᠢᠭᠤᠯᠤᠯᠲᠠ ᠪᠣᠶᠢᠵᠢᠭᠤᠯᠤᠯᠲᠠ ᠵᠡᠷᠭᠡ ᠲᠠᠯ᠎ᠠ ᠪᠠᠷ ᠰᠢᠨᠵᠢᠯᠡᠨ ᠰᠤᠳᠤᠯᠵᠤ᠂ ᠲᠠᠯ᠎ᠠ ᠨᠤᠲᠤᠭ ᠤᠨ ᠤᠳᠤᠨ ᠣᠭᠲᠠᠷᠭᠤᠢ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠭᠦᠢᠴᠡᠳ ᠰᠣᠯᠢᠯᠴᠠᠵᠠᠢ᠃ ᠬᠤᠶᠠᠷ ᠲᠠᠯ᠎ᠠ ᠪᠠᠷ ᠢᠶᠠᠨ᠂ ᠥᠪᠡᠷ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠤᠯᠤᠰ ᠤᠨ ᠣᠳᠣᠨ ᠣᠷᠣᠨ ᠤ  ᠦᠷᠲᠡᠬᠡᠨ  ᠤ ᠮᠢᠩᠭᠠᠨᠲᠤ ᠶᠢᠨ ᠠᠵᠢᠭᠯᠠᠯᠲᠠ ᠶᠢᠨ ᠦᠷᠲᠡᠭᠡ ᠵᠢᠴᠢ ᠰᠣᠶᠣᠯ  ᠲᠡᠦᠬᠡ᠂ ᠠᠷᠠᠳ ᠤᠨ ᠵᠠᠩ ᠦᠢᠯᠡ ᠂ ᠲᠠᠯ᠎ᠠ ᠨᠤᠲᠤᠭ ᠤᠨ ᠡᠯᠡᠰᠦᠷᠬᠡᠭ ᠭᠠᠵᠠᠷ ᠵᠡᠷᠭᠡ ᠡᠬᠢ ᠪᠠᠶᠠᠯᠢᠭ ᠢ ᠭᠦᠨᠵᠡᠭᠡᠢ ᠠᠭᠤᠳᠠᠯᠤᠨ ᠠᠰᠢᠭᠯᠠᠵᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃    ᠬᠤᠰᠢᠭᠤᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠶᠣᠣ ᠮᠧᠶ᠂ ᠼᠦᠢ ᠮᠣᠣ ᠱᠧᠩ ᠵᠢᠴᠢ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ  ᠮᠡᠷᠬᠡᠵᠢᠯ ᠤᠨ ᠲᠣᠪᠴᠢᠶ᠎ᠠ᠂ ᠰᠣᠶᠣᠯ ᠪᠡᠶ᠎ᠡ  ᠲᠠᠮᠢᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ  ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号