ᠮᠥᠩᠭᠦᠨ ᠭᠦᠢᠯᠭᠡᠭᠡᠨ ᠤ ︽ᠠᠮᠢᠳᠤ ᠤᠰᠤ︾᠎ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/7/13
ᠰᠢᠯᠤᠭᠤᠨ ᠬᠥᠪᠡᠭᠡᠲᠦ ᠴᠠᠭᠠᠨ ᠬᠤᠰᠢᠭᠤ᠄ ᠮᠥᠩᠭᠦᠨ ᠭᠦᠢᠯᠭᠡᠭᠡᠨ ᠤ ︽ᠠᠮᠢᠳᠤ ᠤᠰᠤ︾᠎ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ    ᠣᠶᠢᠷ᠎ᠠ ᠶᠢᠨ ᠵᠢᠯ ᠠᠴᠠ᠂ ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ ᠲᠤᠰ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠪᠣᠳᠠᠲᠤ ᠪᠠᠶᠢᠳᠠᠯ ᠤᠨ ᠲᠣᠭᠤᠷᠢᠨ ᠳᠤ᠂ ᠠᠵᠢᠯ ᠤᠨ ᠬᠦᠴᠦᠯᠡᠬᠦ ᠴᠡᠭ ᠢᠶᠠᠨ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠵᠠᠮ ᠢ ᠨᠡᠪᠲᠡᠷᠡᠭᠦᠯᠬᠦ᠂ ᠮᠥᠩᠭᠦᠨ ᠭᠦᠢᠯᠭᠡᠭᠡᠨ ᠤ ᠠᠵᠤ ᠠᠬᠤᠢ ᠶᠢᠨ ᠣᠷᠴᠢᠯ ᠢ ᠰᠢᠯᠤᠭᠤᠳᠬᠠᠬᠤ ᠳᠡᠭᠡᠷ᠎ᠡ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠴᠢᠨᠠᠷ ᠰᠠᠶᠢᠲᠠᠢ ᠬᠥᠭᠵᠢᠯᠲᠡ ᠶᠢ ᠳᠡᠮᠵᠢᠭᠦᠯᠵᠦ᠂  ᠪᠦᠬᠦ ᠲᠠᠯ᠎ᠠ ᠪᠠᠷ ᠠᠵᠤ ᠠᠬᠤᠢ ᠶᠢᠨ ᠪᠣᠬᠢᠷᠳᠤᠯ ᠦᠭᠡᠢ  ᠳᠤᠤᠷ᠎ᠠ ᠨᠡᠭᠦᠷᠡᠰᠦᠲᠦᠷᠦᠭᠴᠢᠲᠤ ᠬᠡᠯᠪᠡᠷᠢ  ᠵᠦᠭ ᠬᠤᠪᠢᠷᠠᠭᠤᠯᠬᠤ ᠶᠢ ᠠᠬᠢᠭᠤᠯᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠵᠠᠢ᠃    ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠠᠷᠭ᠎ᠠ ᠵᠠᠮ ᠢ ᠨᠡᠪᠲᠡᠷᠡᠬᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠬᠢᠨᠠᠨ ᠬᠡᠮᠵᠢᠵᠦ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠯᠠᠪᠲᠠᠭᠤᠨ ᠶᠢ ᠪᠠᠲᠤᠯᠠᠨ᠎ᠠ᠃ 6 ᠰᠠᠷ᠎ᠠ ᠶᠢᠨ ᠡᠴᠦᠰ ᠪᠣᠯᠲᠠᠯ᠎ᠠ᠂ ᠪᠦᠭᠦ ᠬᠤᠰᠢᠭᠤᠨ ᠤ ᠡᠯ᠎ᠡ ᠲᠦᠷᠦᠯ ᠤᠨ ᠵᠢᠭᠡᠯᠡᠯᠭᠡ ᠶᠢᠨ ᠦᠯᠡᠳᠡᠪᠦᠷᠢ 21.77  ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.33 ᠳ᠋ᠦᠩᠰᠢᠭᠤᠷ ᠲᠥᠭᠦᠷᠢᠭ ᠥᠰᠴᠦ᠂ ᠥᠰᠦᠯᠲᠡ ᠶᠢᠨ ᠨᠤᠷᠮ᠎ᠡ ᠨᠢ 24.83 % ᠎ ᠳᠤ ᠬᠦᠷᠴᠡᠢ᠃ ᠲᠦᠷᠦᠭᠦᠦ ᠬᠡᠳᠦᠨ ᠵᠢᠯ ᠤᠨ ᠵᠢᠭᠡᠯᠡᠯᠭᠡ ᠶᠢᠨ ᠪᠠᠭᠠᠰᠤᠭᠰᠠᠨ ᠪᠠᠶᠢᠳᠠᠯ ᠢ ᠪᠤᠳᠤᠪᠠᠯ ᠨᠡᠯᠢᠶᠡᠳ ᠶᠡᠭᠡ ᠬᠤᠪᠢᠷᠠᠯᠲᠠ ᠲᠠᠢ ᠪᠣᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ  ᠲᠡᠦᠬᠡᠨ ᠤ ᠬᠠᠮᠤᠭ ᠤᠨ ᠥᠨᠳᠥᠷ ᠲᠦᠪᠰᠢᠨ ᠳᠤ ᠬᠦᠷᠴᠡᠢ᠃   ᠮᠥᠩᠭᠦᠨ ᠭᠦᠢᠯᠭᠡᠭᠡ ᠪᠠᠷ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠨᠵᠡᠬᠡᠶᠢᠷᠡᠬᠦᠯᠦᠨ᠎ᠡ᠃ ᠴᠠᠭ ᠲᠤᠬᠠᠢ ᠳᠤᠨᠢ  ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠠᠵᠢᠯ ᠲᠥᠷᠥᠯ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠮᠠᠯᠵᠢᠬᠤ ᠲᠠᠷᠢᠶᠠᠯᠠᠬᠤ ᠣᠷᠣᠨ᠂ ᠠᠵᠤ ᠦᠢᠯᠡᠳᠪᠦᠷᠢ ᠲᠠᠷᠢᠶᠠᠯᠠᠩ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠮᠥᠩᠭᠦᠨ ᠭᠦᠢᠯᠭᠡᠭᠡᠨ ᠢᠶᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠥᠯ ᠲᠤᠰᠴᠤ ᠪᠣᠶᠢᠵᠢᠭᠤᠯᠬᠤ ᠪᠠ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯ᠂ ᠪᠣᠬᠢᠷᠳᠤᠯ ᠦᠭᠡᠢ  ᠳᠤᠤᠷ᠎ᠠ ᠨᠡᠬᠦᠷᠡᠰᠦᠲᠦᠷᠦᠭᠴᠢᠲᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠡ ᠪᠠ ᠪᠠᠶᠢᠴᠠᠭᠠᠨ ᠰᠤᠳᠤᠯᠵᠤ ᠬᠢᠨᠠᠨ  ᠵᠢᠯᠤᠭᠤᠳᠨ᠎ᠠ᠃ ᠠᠶᠢᠮᠠᠭ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠪᠠ ᠠᠶᠢᠮᠠᠭ ᠤᠨ ᠲᠠᠷᠢᠶᠠᠯᠠᠩ ᠤᠨ ᠪᠠᠩᠬᠢ ᠲᠠᠢ ᠬᠠᠮᠵᠢᠯᠴᠠᠨ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠵᠠᠭᠤᠨ ᠲᠣᠰᠬᠤᠨ ᠲᠦᠮᠡᠨ ᠡᠷᠦᠬᠡ ᠶᠢᠨ ᠵᠢᠱᠢᠶ᠎ᠡ ᠦᠵᠡᠭᠦᠯᠬᠦ ᠢᠨᠵᠧᠨᠧᠷᠢᠩ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠲᠠᠷᠢᠶᠠᠯᠠᠩ ᠤᠨ ᠵᠢᠭᠡᠯᠡᠯᠭᠡ ᠶᠢ ᠳᠡᠮᠵᠢᠬᠦ︾ ᠡᠬᠢᠯᠡᠯᠲᠡ ᠶᠢᠨ ᠬᠤᠷᠠᠯ ᠪᠠ ᠮᠥᠩᠭᠦᠨ ᠭᠦᠢᠯᠭᠡᠭᠡᠨ ᠢᠶᠠᠷ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠎ ᠶᠢ ᠳᠡᠮᠵᠢᠬᠦ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠬᠤᠷᠠᠯᠳᠤᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ 7 ᠺᠠᠳ᠋ᠷ ᠢ ᠰᠣᠩᠭᠤᠨ ᠲᠣᠮᠢᠯᠠᠵᠤ 5 ᠰᠤᠮᠤ ︵ᠪᠠᠯᠭᠠᠰᠤ︶ ᠪᠠ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠮᠡᠷᠬᠡᠵᠢᠯ ᠎ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠲᠤᠰᠢᠶᠠᠯ ᠡᠭᠦᠷᠭᠡᠯᠡᠭᠦᠯᠦᠨ ᠳᠡᠳ᠋ ᠲᠤᠰᠢᠶᠠᠯ ᠡᠭᠦᠷᠭᠡᠯᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ︽ᠨᠢᠭᠡ ᠰᠢᠶᠠᠨ ᠨᠢᠭᠡ ᠠᠵᠤ ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾᠎ ᠤ ᠲᠤᠰᠬᠠᠢ ᠠᠵᠢᠯᠯᠠᠭ᠎ᠠ ᠵᠢᠴᠢ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ 1+N ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ︾᠂ ︽ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠵᠢᠭᠡᠯᠡᠯᠭᠡ︾᠂ ︽ᠬᠦᠴᠢᠷᠳᠡᠯ ᠢ ᠲᠠᠶᠢᠯᠬᠤ ᠵᠢᠭᠡᠯᠡᠯᠭᠡ︾ ᠵᠡᠷᠭᠡ ᠰᠢᠷᠢᠰ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠰᠢᠨ᠎ᠡ ᠶᠢ ᠡᠭᠦᠳᠦᠨ ᠭᠠᠷᠭᠠᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠲᠠᠷᠢᠶᠠᠯᠠᠩ ᠳᠤ ᠬᠤᠯᠪᠣᠭᠳᠠᠭᠰᠠᠨ ᠵᠢᠴᠢ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ 16.62 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 11.39% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.47 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 26.39% ᠨᠡᠮᠡᠭᠳᠡᠵᠡᠢ᠃    ᠪᠣᠬᠢᠷᠳᠤᠯ ᠦᠭᠡᠢ ᠳᠤᠤᠷ᠎ᠠ ᠨᠡᠭᠦᠷᠡᠰᠦᠲᠦᠷᠦᠭᠴᠢᠲᠤ ᠬᠡᠯᠪᠡᠷᠢ ᠎ ᠶᠢᠨ ᠬᠦᠭᠵᠢᠯᠲᠡ ᠎ ᠶᠢ ᠬᠦᠴᠤᠯᠡᠨ ᠨᠡᠮᠡᠷᠢᠯᠡᠨ᠎ᠡ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠤᠨ ᠪᠠᠩᠬᠢ  ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠤᠸᠠ ᠷᠦᠨ ᠰᠢᠯᠤᠭᠤᠨ ᠬᠦᠪᠡᠬᠡᠲᠤ ᠴᠠᠭᠠᠨ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠳᠤ 9 ᠳ᠋ᠦᠩᠰᠢᠭᠤᠷ ᠲᠥᠭᠦᠷᠢᠭ ᠤᠨ  ᠮᠦᠩᠬᠦᠨ ᠬᠦᠢᠯᠬᠡᠬᠡᠨ ᠤ ᠳᠡᠮᠵᠢᠯᠬᠡ ᠤᠯᠵᠤ᠂ ᠨᠡᠶᠢᠲᠡ 3.698 ᠳ᠋ᠦᠩᠰᠢᠭᠤᠷ ᠲᠥᠭᠦᠷᠢᠭ ᠤᠨ ᠳᠡᠮᠵᠢᠯᠬᠡ ᠂ 1.02 ᠳ᠋ᠦᠩᠰᠢᠭᠤᠷ ᠲᠥᠭᠦᠷᠢᠭ ᠤᠨ ᠦᠯᠡᠳᠡᠪᠦᠷᠢ ᠲᠠᠢ ᠪᠣᠯᠭᠠᠪᠠ᠃ ᠡᠨᠡ ᠵᠢᠯ ᠠᠴᠠ ᠨᠠᠰᠢ᠂ ᠲᠣᠰ ᠪᠠᠩᠬᠢ ᠶᠢᠨ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ 100MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠵᠣᠯᠭᠠᠭᠤᠯᠬᠤ ᠶᠢ ᠢᠳᠡᠪᠬᠢᠲᠡᠢ ᠪᠠᠷ ᠰᠢᠪᠠᠳᠠᠨ ᠱᠠᠭᠠᠷᠳᠠᠵᠤ᠂ ᠵᠢᠱᠢᠯᠲᠡ ᠪᠠᠷ 5 ᠳ᠋ᠦᠩᠰᠢᠭᠤᠷ ᠲᠥᠭᠦᠷᠢᠭ ᠎ ᠤ ᠪᠡᠯᠡ  ᠬᠡᠷᠡᠭᠰᠡᠬᠦ ᠪᠣᠯᠣᠨ᠎ᠠ᠂ ᠣᠳᠣᠬᠠᠨ ᠳᠤ ᠶᠠᠭ ᠲᠣᠰ ᠪᠠᠩᠬᠢ ᠶᠢᠨ ᠲᠥᠷᠥᠯ ᠵᠦᠢᠯ ᠤᠨ ᠵᠢᠭᠡᠯᠡᠯᠭᠡ ᠭᠤᠶᠤᠴᠢᠯᠠᠬᠤ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠭᠳᠡᠯ ᠠᠴᠠ ᠨᠢ ᠪᠠᠭᠤᠷᠠᠭᠤᠯᠬᠤ ᠶᠢ ᠳᠡᠮᠵᠢᠬᠦ ᠪᠠᠭᠠᠵᠢ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠶᠢ ᠲᠦᠯᠬᠢᠨ ᠠᠬᠢᠭᠤᠯᠵᠤ ᠪᠠᠶᠢᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ  ᠬᠤᠷᠰᠢᠶᠠᠨ ᠤ ᠣᠷᠭᠠᠨᠢᠭ ᠢᠳᠡᠰᠢᠨ ᠨᠣᠭᠤᠭ᠎ᠠ ᠳᠠᠷᠢᠬᠤ᠂ ᠣᠷᠭᠠᠨᠢᠭ ᠪᠣᠷᠳᠣᠭᠤᠷ ᠦᠢᠯᠡᠳᠪᠦᠷᠢᠯᠡᠬᠦ ᠶᠢ ᠳᠡᠮᠵᠢᠭᠰᠡᠨ ᠰᠠᠭᠤᠷᠢᠨ ᠳᠡᠭᠡᠷ᠎ᠡ᠂ ᠰᠠᠨᠠᠭᠠᠴᠢᠯᠠᠭ᠎ᠠ ᠎ ᠠᠴᠠ ᠪᠠᠨ ᠬᠠᠷᠢᠶᠠᠲᠤ ᠣᠷᠣᠨ ᠤ ᠠᠶᠤᠯ ᠲᠦᠭᠰᠢᠭᠦᠷᠢᠲᠡᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠵᠤ ᠠᠬᠤᠶᠢᠯᠠᠯ ᠳᠤ 2021 ᠣᠨ ᠳᠤ ᠠᠩᠬ᠎ᠠ ᠵᠢᠭᠡᠯᠡᠯᠭᠡ ᠲᠠᠯᠪᠢᠭᠴᠢ ᠡᠷᠦᠬᠡ ᠪᠣᠯᠤᠭᠰᠠᠨ ᠤ ᠬᠤᠪᠢ ᠳᠤ 500 ᠲᠦᠮᠡᠨ ᠲᠥᠭᠦᠷᠢᠭ ᠤᠨ ᠵᠢᠭᠡᠯᠡᠯᠭᠡ ᠬᠠᠩᠭᠠᠭᠰᠠᠨ ᠤᠷᠢᠲᠠᠯ ᠳᠣᠣᠷ᠎ᠠ᠂ ᠡᠨᠡ ᠵᠢᠯ ᠪᠠᠰᠠ 1000 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠪᠡᠯᠡ  ᠬᠤᠷᠠᠮᠳᠤᠯᠭ᠎ᠠ ᠶᠢᠨ ᠳᠡᠮᠵᠢᠯᠭᠡ ᠶᠢ ᠴᠠᠭ ᠲᠤᠬᠠᠢ ᠳᠤᠨᠢ ᠬᠠᠩᠭᠠᠨ᠎ᠠ᠃ 6 ᠰᠠᠷ᠎ᠠ ᠶᠢᠨ ᠡᠴᠦᠰ ᠪᠣᠯᠲᠠᠯ᠎ᠠ᠂ ᠲᠣᠰ ᠬᠤᠷᠰᠢᠶᠠᠨ ᠤ  ᠪᠤᠬᠢᠷᠳᠤᠯ ᠦᠬᠡᠢ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ 6000 ᠲᠦᠮᠡᠨ ᠲᠥᠭᠦᠷᠢᠭ ᠲᠤ ᠬᠦᠷᠴᠡᠢ᠃    ᠲᠠᠬᠢᠨ ᠵᠢᠭᠡᠯᠡᠯᠭᠡ ᠲᠠᠯᠪᠢᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ 2021 ᠣᠨ ᠤ ᠡᠴᠦᠰ ᠲᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠣᠶᠢᠷ᠎ᠠ ᠶᠢᠨ 2 ᠵᠢᠯ ᠤᠨ ᠲᠤᠷᠰᠢ ᠠᠩᠬ᠎ᠠ ᠤᠳᠠᠭ᠎ᠠ ᠳᠠᠬᠢᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠣᠯᠬᠤ ᠶᠢ ᠲᠦᠯᠬᠢᠨ ᠠᠬᠢᠭᠤᠯᠤᠭᠰᠠᠨ ᠰᠠᠭᠤᠷᠢᠨ ᠳᠡᠭᠡᠷ᠎ᠡ᠂ ᠲᠡᠳᠡᠨ ᠤ ᠣᠷᠣᠭᠤᠯᠤᠯᠲᠠ ᠶᠢᠨ ᠬᠠᠨᠳᠤᠰᠢ ᠪᠠᠨ ᠰᠢᠯᠢᠳᠡᠭᠵᠢᠭᠦᠯᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠪᠠ᠃ ᠡᠨᠡ ᠵᠢᠯ ᠠᠴᠠ ᠨᠠᠰᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢ ᠰᠢᠪᠠᠳᠠᠨ ᠵᠢᠯᠤᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠡᠮᠵᠢᠬᠦ ᠪᠠᠷ ᠬᠠᠷᠠᠯᠲᠠ ᠪᠣᠯᠭᠠᠵᠤ᠂ ᠰᠢᠨ᠎ᠡ ᠪᠠᠷ 2000 ᠲᠦᠮᠡᠨ ᠲᠥᠭᠦᠷᠢᠭ ᠤᠨ ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ ᠲᠠᠯᠪᠢᠵᠤ᠂ ᠬᠠᠮᠤᠭ ᠤᠨ ᠳᠣᠣᠷ᠎ᠠ ᠬᠦᠦ ᠮᠥᠩᠭᠦ ᠶᠢᠨ ᠨᠣᠷᠮ᠎ᠠ ᠨᠢ ᠵᠥᠪᠬᠡᠨ 3.7% ᠪᠠᠶᠢᠵᠤ᠂ ᠬᠠᠮᠤᠭ ᠤᠨ ᠥᠨᠳᠥᠷ ᠬᠦᠦ ᠮᠥᠩᠭᠦ ᠶᠢᠨ ᠨᠣᠷᠮ᠎ᠠ ᠨᠢ 5.5%᠎ ᠶᠢ ᠳᠠᠪᠠᠭᠰᠠᠨ ᠦᠭᠡᠢ ᠪᠠᠶᠢᠵᠤ᠂ 183 ᠡᠷᠦᠬᠡ ᠲᠠᠷᠢᠶᠠᠯᠠᠩ ᠮᠠᠯᠵᠢᠬᠤ ᠡᠷᠦᠬᠡ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠳᠡᠮᠵᠢᠪᠡ᠃ ᠳᠠᠬᠢᠨ ᠵᠢᠭᠡᠯᠡᠯᠭᠡ ᠲᠠᠯᠪᠢᠬᠤ ᠶᠢ ᠪᠦᠲᠦᠮᠵᠢᠲᠡᠶ ᠪᠠᠷ ᠬᠥᠲᠥᠯᠥᠨ ᠵᠢᠯᠤᠭᠤᠳᠬᠤ ᠪᠠᠷ ᠳᠠᠮᠵᠢᠨ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠲᠠᠷᠢᠶᠠᠯᠠᠩ ᠮᠠᠯ ᠠᠵᠤ ᠠᠬᠤᠢ ᠂ ᠵᠢᠵᠢᠭ ᠪᠢᠴᠢᠯ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠢᠵᠢᠭ ᠤᠨ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠳᠡᠳᠬᠦᠵᠦ ᠪᠡᠯᠡ ᠮᠥᠩᠬᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ  ᠦᠭᠴᠠᠢ᠃ 6 ᠰᠠᠷ᠎ᠠ ᠶᠢᠨ ᠡᠴᠦᠰ ᠪᠣᠯᠲᠠᠯ᠎ᠠ᠂ ᠲᠣᠰ ᠬᠤᠷᠰᠢᠶᠠᠨ ᠤ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 14.29  ᠳ᠋ᠦᠩᠰᠢᠭᠤᠷ ᠲᠥᠭᠦᠷᠢᠭ  ᠬᠦᠷᠴᠦ᠂ ᠵᠢᠯ ᠤᠨ ᠡᠬᠢᠨ ᠤ ᠬᠢ ᠠᠴᠠ 1.08 ᠳ᠋ᠦᠩᠰᠢᠭᠤᠷ ᠲᠥᠭᠦᠷᠢᠭ ᠨᠡᠮᠡᠭᠳᠡᠨ᠂ 8.18%᠎ ᠪᠠᠷ ᠨᠡᠮᠡᠭᠳᠡᠪᠡ ᠃ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.23 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 29.20% ᠨᠡᠮᠡᠭᠳᠡᠵᠡᠢ᠃ᠡᠭᠦᠨ ᠳᠤ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠵᠢᠴᠢ ᠵᠢᠵᠢᠭ ᠪᠢᠴᠢᠯ ᠠᠵᠤ ᠠᠬᠤᠶᠢᠯᠠᠯ ᠤᠨ ᠨᠡᠶᠢᠳᠡᠮ ᠠᠰᠢᠭ ᠬᠦᠷᠲᠡᠭᠡᠬᠦ ᠵᠢᠭᠡᠯᠡᠯᠭᠡ ᠶᠢᠨ ᠦᠯᠡᠳᠡᠪᠦᠷᠢ ᠲᠤᠭ᠎ᠠ 9.87 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 7.64% ᠎ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 30.96%᠎ ᠪᠠᠷ ᠨᠡᠮᠡᠭᠳᠡᠵᠡᠢ᠃ ᠡᠨᠡ ᠵᠢᠯ ᠤᠨ ᠲᠦᠷᠦᠭᠦᠸ 6 ᠰᠠᠷ᠎ᠠ ᠳᠤ ᠡᠯ᠎ᠡ ᠵᠦᠢᠯ ᠤᠨ ᠵᠢᠭᠡᠯᠡᠯᠭᠡ ᠶᠢ ᠨᠡᠶᠢᠲᠡ 8.4 ᠳ᠋ᠦᠩᠰᠢᠭᠤᠷ ᠲᠥᠭᠦᠷᠢᠭ ᠲᠠᠯᠪᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.5 ᠳ᠋ᠦᠩᠰᠢᠭᠤᠷ ᠲᠥᠭᠦᠷᠢᠭ ᠨᠡᠮᠡᠭᠳᠡᠨ᠂ 42.37%᠎ ᠪᠠᠷ ᠨᠡᠮᠡᠭᠳᠡᠵᠡᠢ᠃ 
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号