ᠰᠢᠯᠤᠭᠤᠨ ᠬᠥᠪᠡᠭᠡᠲᠦ ᠴᠠᠭᠠᠨ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ︽ᠰᠢᠯᠢᠳᠡᠭ ᠢᠲᠡᠭᠡᠮᠵᠢ ᠶᠢᠨ  ᠵᠢᠱᠢᠶᠡᠴᠢ  ᠡᠷᠦᠬᠡ︾ ᠎ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/7/13
ᠰᠢᠯᠤᠭᠤᠨ ᠬᠥᠪᠡᠭᠡᠲᠦ ᠴᠠᠭᠠᠨ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ︽ᠰᠢᠯᠢᠳᠡᠭ ᠢᠲᠡᠭᠡᠮᠵᠢ ᠶᠢᠨ  ᠵᠢᠱᠢᠶᠡᠴᠢ  ᠡᠷᠦᠬᠡ︾ ᠎ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ    ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ︽ᠢᠲᠡᠭᠡᠮᠵᠢ ᠶᠢᠨ ᠵᠢᠱᠢᠶᠡᠴᠢ ᠡᠷᠦᠬᠡ ᠳᠤ ᠲᠤᠰᠬᠠᠢ ᠵᠢᠭᠡᠯᠡᠯᠭᠡ ᠬᠦᠷᠲᠡᠭᠡᠬᠦ︾ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠳᠡᠮᠵᠢᠬᠦ ᠶᠢᠨ ᠲᠥᠯᠥᠭᠡ᠂ 7 ᠰᠠᠷ᠎ᠠ ᠶᠢᠨ 12᠎ ᠤᠨ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾᠎ ᠶᠢᠨ ᠫᠠᠶᠢᠰᠠ ᠣᠯᠭᠤᠬᠤ ᠶᠣᠰᠣᠯᠠᠯ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠳᠤ ᠶᠠᠪᠤᠭᠳᠠᠪᠠ᠃    ᠠᠷᠠᠳ ᠤᠨ ᠪᠠᠩᠬᠢ ᠶᠢᠨ ᠬᠥᠬᠡᠬᠤᠲᠠ ᠎ ᠶᠢᠨ ᠰᠠᠯᠪᠤᠷᠢ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠶᠠᠩ ᠬᠤᠶ ᠯᠠᠢ᠂ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ  ᠰᠠᠯᠪᠤᠷᠢ ᠪᠠᠩᠬᠢ ᠶᠢᠨ ᠳᠡᠳ᠋ ᠪᠠᠶᠢᠴᠠᠭᠠᠨ ᠰᠤᠳᠤᠯᠤᠭᠴᠢ ᠵᠠᠩ ᠸᠧᠨ ᠪᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠯᠢ ᠳ᠋ᠦᠩ ᠯᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ ᠪᠣᠯᠣᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠠᠮᠲᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 100 ᠡᠷᠦᠬᠡ ᠮᠠᠯᠴᠢᠨ ᠲᠠᠷᠢᠶᠠᠴᠢᠨ ᠡᠷᠦᠬᠡ ᠳᠤ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾᠎ ᠶᠢᠨ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾᠎ ᠶᠢᠨ ᠲᠥᠯᠥᠭᠡᠯᠡᠭᠴᠢᠳ ᠲᠤ ᠢᠷᠠᠭᠤ ᠠᠯᠳᠠᠷ ᠤᠨ ᠫᠠᠶᠢᠰᠠ ᠣᠯᠭᠤᠬᠤ ᠪᠠᠷ ᠲᠣᠭᠲᠠᠪᠠ᠃ ︽ᠰᠢᠯᠢᠳᠡᠭ ᠢᠲᠡᠭᠡᠮᠵᠢ ᠵᠢᠨ‌ᠵᠢᠱᠢᠶᠡᠴᠢ ᠡᠷᠦᠬᠡ︾᠎ ᠪᠠᠷ ᠦᠨᠡᠯᠡᠭᠳᠡᠭᠰᠡᠨ ᠮᠠᠯᠵᠢᠬᠤ ᠲᠠᠷᠢᠶᠠᠯᠠᠬᠤ ᠡᠷᠦᠬᠡ ᠨᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠠᠷᠠᠳ ᠤᠨ ᠪᠠᠩᠬᠢ ᠶᠢᠨ ᠲᠠᠷᠢᠶᠠᠯᠠᠩ ᠢ ᠳᠡᠮᠵᠢᠬᠦ ᠳᠠᠬᠢᠨ ᠵᠢᠭᠡᠯᠡᠯᠭᠡ ᠶᠢ ᠠᠰᠢᠭᠯᠠᠨ ᠰᠢᠨ᠎ᠡ ᠪᠠᠷ ᠡᠬᠦᠳᠦᠨ ᠭᠠᠷᠭᠠᠭᠰᠠᠨ  ︽ᠢᠲᠡᠭᠡᠮᠵᠢ ᠶᠢᠨ ᠵᠢᠱᠢᠶ᠎ᠡ ᠦᠵᠡᠭᠦᠯᠬᠦ ᠡᠷᠦᠬᠡ ᠶᠢᠨ ᠲᠤᠰᠬᠠᠢ ᠡᠳ᠋ᠯᠡᠬᠦ ᠵᠢᠭᠡᠯᠡᠯᠭᠡ︾᠎ ᠶᠢ ᠬᠦᠷᠲᠡᠵᠦ ᠪᠣᠯᠣᠨ᠎ᠠ᠃ ᠲᠣᠰ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ ᠨᠡᠯᠢᠶᠡᠳ ᠥᠨᠳᠥᠷ᠂ ᠬᠦᠦ  ᠨᠣᠷᠮ᠎ᠠ ᠨᠢ ᠨᠡᠯᠢᠶᠡᠳ ᠳᠣᠣᠷ᠎ᠠ᠂ ᠢᠲᠡᠭᠡᠮᠵᠢ ᠎ ᠪᠠᠷ ᠵᠢᠭᠡᠯᠡᠯᠭᠡ ᠲᠠᠯᠪᠢᠬᠤ᠂ ᠭᠠᠷ ᠭᠦᠢᠴᠡᠳᠬᠡᠯ ᠨᠢ ᠲᠥᠬᠦᠮ ᠵᠡᠷᠭᠡ ᠣᠨᠴᠠᠯᠢᠭ ᠲᠠᠢ ᠪᠠᠶᠢᠳᠠᠭ᠃ ᠣᠲᠣ ᠪᠣᠯᠲᠠᠯ᠎ᠠ᠂ ᠨᠢᠭᠡᠨᠲᠡ 1000 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠪᠦᠬᠦᠨ ᠢ 100 ᠡᠷᠦᠬᠡ ︽ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ︾᠎ ᠳᠤ ᠣᠷᠣᠭᠤᠯᠵᠤ᠂ ᠡᠷᠦᠬᠡ ᠪᠦᠷᠢ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ ᠨᠢ 10 ᠲᠦᠮᠡᠨ ᠲᠥᠭᠦᠷᠢᠭ ᠪᠣᠯᠣᠨ᠎ᠠ᠃    ᠬᠤᠷᠠᠯ ᠳᠡᠭᠡᠷ᠎ᠡ ᠪᠠᠰᠠ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠢᠯᠢᠳᠡᠭ ᠢᠲᠡᠭᠡᠮᠵᠢ ᠶᠢᠨ ᠵᠢᠱᠢᠶᠡᠴᠢ ᠡᠷᠦᠬᠡ ᠶᠢ ᠰᠢᠯᠭᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾᠎ ᠢ ᠤᠩᠰᠢᠨ ᠨᠡᠶᠢᠲᠡᠯᠡᠵᠦ᠂ ᠰᠢᠯᠢᠳᠡᠭ ᠢᠲᠡᠭᠡᠮᠵᠢ ᠶᠢᠨ ᠭᠠᠴᠠᠭᠠᠨ ᠤ ᠲᠥᠯᠥᠭᠡᠯᠡᠭᠴᠢ ᠪᠠ ᠰᠢᠯᠢᠳᠡᠭ ᠢᠲᠡᠭᠡᠮᠵᠢ ᠶᠢᠨ  ᠵᠢᠱᠢᠶᠡᠴᠢ ᠡᠷᠦᠬᠡ  ᠶᠠᠷᠢᠶ᠎ᠠ ᠲᠠᠯᠪᠢᠪᠠ᠃    ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠬᠢ᠂ ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠮᠡᠷᠬᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ︽ᠰᠢᠯᠢᠳᠡᠭ ᠢᠲᠡᠭᠡᠮᠵᠢ ᠶᠢᠨ  ᠵᠢᠱᠢᠶᠡᠴᠢ ᠡᠷᠦᠬᠡ︾᠎ ᠶᠢᠨ ᠲᠥᠯᠥᠭᠡᠯᠡᠭᠴᠢ 40 ᠭᠠᠷᠤᠢ ᠬᠥᠮᠥᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ  ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号